《ᠠᠭᠤᠷᠬᠠᠶ ᠵᠢᠨ ᠦᠢ᠍ᠯᠡᠰ᠎ᠤᠨ ᠡᠷᠬᠡ ᠵᠢ ᠰᠢᠯᠵᠢᠭᠦᠯᠦᠨ ᠥᠭᠬᠦ ᠠᠵᠢᠯ᠎ᠢ ᠤᠯᠠᠮ ᠨᠢᠭᠡ ᠠᠯᠬᠤᠮ ᠵᠢᠷᠤᠮᠵᠢᠭᠤᠯᠬᠤ ᠲᠤᠬᠠᠶ ᠮᠡᠳᠡᠭᠳᠡᠯ》᠎ᠤᠨ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ
2024-10-31

   ᠣᠶ᠋ᠢᠷ᠎ᠠ᠎ᠳᠤ᠂ ᠮᠠᠨ᠎ᠤ ᠲᠢᠩᠬᠢᠮ 《ᠠᠭᠤᠷᠬᠠᠶ ᠵᠢᠨ ᠦᠢ᠍ᠯᠡᠰ᠎ᠤᠨ ᠡᠷᠬᠡ ᠵᠢ ᠰᠢᠯᠵᠢᠭᠦᠯᠦᠨ ᠥᠭᠬᠦ ᠠᠵᠢᠯ᠎ᠢ ᠤᠯᠠᠮ ᠨᠢᠭᠡ ᠠᠯᠬᠤᠮ ᠵᠢᠷᠤᠮᠵᠢᠭᠤᠯᠬᠤ ᠲᠤᠬᠠᠶ ᠮᠡᠳᠡᠭᠳᠡᠯ》 (ᠥᠪᠥᠷ ᠪᠠᠶ᠋ᠢᠭ᠋ᠠᠯᠢ ᠵᠢᠨ ᠡᠬᠢ ᠪᠠᠶᠠᠯᠢᠭ ᠥᠰᠥᠭ [2024] 512 ᠳ᠋ᠤᠭ᠋ᠠᠷ ᠲᠣᠭ᠋ᠠᠲᠤ᠂ ᠳᠣᠷᠣᠭᠰᠢ 《ᠮᠡᠳᠡᠭᠳᠡᠯ》 ᠭᠡᠵᠦ ᠲᠣᠪᠴᠢᠯᠠᠨ᠎ᠠ)᠎ᠢ ᠳᠠᠷᠤᠮᠠᠯᠯᠠᠨ ᠲᠠᠷᠬᠠᠭ᠋ᠠᠪᠠ᠃ ᠡᠳᠦᠭᠡ ᠬᠤᠯᠪᠣᠭᠳᠠᠯ ᠪᠥᠬᠦᠶ ᠭᠤᠤᠯᠳᠠᠯᠭ᠎ᠠ᠎ᠨᠢ ᠳᠣᠤᠷᠠᠬᠢ ᠮᠡᠲᠦ ᠲᠠᠶ᠋ᠢᠯᠤᠮᠵᠢ ᠬᠢᠪᠡ᠄

   ᠨᠢᠭᠡ᠂ ᠲᠣᠭᠲᠠᠭ᠋ᠠᠭᠰᠠᠨ ᠠᠬᠤᠶ ᠪᠠᠶ᠋ᠢᠳᠠᠯ ᠪᠠ ᠵᠣᠷᠢᠯᠭ᠎ᠠ

   ᠠᠭᠤᠷᠬᠠᠶ ᠵᠢᠨ ᠦᠢ᠍ᠯᠡᠰ᠎ᠤᠨ ᠡᠷᠬᠡ ᠵᠢ ᠬᠢᠮᠳᠠ᠎ᠪᠠᠷ ᠬᠤᠳᠠᠯᠳᠤᠬᠤ ᠣᠷᠣᠨ᠎ᠤ ᠬᠡᠰᠡᠭ᠎ᠤᠨ ᠭᠠᠵᠠᠷ ᠰᠢᠨᠵᠢᠯᠡᠭᠡᠨ᠎ᠤ ᠨᠥᠬᠦᠴᠡᠯ᠎ᠢ ᠲᠦᠷᠭᠡᠨ ᠦᠨᠡᠯᠡᠵᠦ᠂ ᠣᠷᠣᠨ᠎ᠤ ᠬᠡᠰᠡᠭ᠎ᠤᠨ ᠬᠢᠮᠳᠠ᠎ᠪᠠᠷ ᠬᠤᠳᠠᠯᠳᠤᠬᠤ ᠲᠤᠭ᠎ᠠ ᠬᠡᠮᠵᠢᠶ᠎ᠡ ᠵᠢ ᠶᠡᠭᠡ᠎ᠪᠠᠷ ᠨᠡᠮᠡᠭᠳᠡᠭᠦᠯᠦᠨ᠂ ᠠᠭᠤᠷᠬᠠᠶ ᠵᠢᠨ ᠦᠢ᠍ᠯᠡᠰ᠎ᠤᠨ ᠵᠠᠬ᠎ᠠ ᠳᠡᠯᠭᠡᠭᠦᠷᠴᠢᠯᠡᠨ ᠬᠤᠳᠠᠯᠳᠤᠬᠤ ᠠᠵᠢᠯ᠎ᠢ ᠤᠯᠠᠮ ᠨᠢᠭᠡ ᠠᠯᠬᠤᠮ ᠵᠢᠷᠤᠮᠵᠢᠭᠤᠯᠵᠤ᠂ ᠠᠭᠤᠷᠬᠠᠶ ᠵᠢᠨ ᠦᠢ᠍ᠯᠡᠰ᠎ᠤᠨ ᠵᠠᠬ᠎ᠠ ᠳᠡᠯᠭᠡᠭᠦᠷ᠎ᠢ ᠤᠯᠠᠮ ᠨᠢᠭᠡ ᠠᠯᠬᠤᠮ ᠴᠡᠴᠡᠭᠯᠡᠬᠦ ᠵᠢᠨ ᠲᠤᠰᠠᠳᠠ᠂ ᠤᠯᠤᠰ᠎ᠤᠨ ᠬᠤᠯᠪᠣᠭᠳᠠᠯ ᠪᠥᠬᠦᠶ ᠶᠠᠮᠤᠨ ᠵᠥᠪᠯᠡᠯ᠎ᠠᠴᠠ ᠤᠷᠢᠳ ᠬᠤᠵᠢᠳ 《ᠠᠭᠤᠷᠬᠠᠶ ᠵᠢᠨ ᠦᠢ᠍ᠯᠡᠰ᠎ᠤᠨ ᠡᠷᠬᠡ ᠵᠢ ᠬᠢᠮᠳᠠ᠎ᠪᠠᠷ ᠬᠤᠳᠠᠯᠳᠤᠬᠤ ᠠᠷᠠᠯᠵᠢᠶᠠᠨ᠎ᠤ ᠲᠦᠷᠢᠮ》 (ᠪᠠᠶ᠋ᠢᠭ᠋ᠠᠯᠢ ᠵᠢᠨ ᠡᠬᠢ ᠪᠠᠶᠠᠯᠢᠭ ᠲᠣᠭᠲᠠᠭ᠋ᠠᠯ [2023] 1  ᠳ᠋ᠦ᠍ᠭᠡᠷ ᠲᠣᠭ᠋ᠠᠲᠤ)᠂ 《ᠬᠢᠮᠳᠠ᠎ᠪᠠᠷ ᠬᠤᠳᠠᠯᠳᠤᠬᠤ ᠣᠷᠣᠨ᠎ᠤ ᠢᠷᠡᠯᠲᠡ ᠵᠢ ᠥᠷᠭᠡᠳᠬᠡᠨ ᠰᠢᠨ᠎ᠡ ᠨᠢᠭᠡ ᠡᠭᠡᠯᠵᠢ ᠵᠢᠨ ᠠᠭᠤᠷᠬᠠᠶ ᠡᠷᠢᠬᠦ ᠰᠢᠪᠲᠤᠯᠤᠯᠲᠠ ᠵᠢ ᠠᠬᠢᠭᠤᠯᠬᠤ ᠲᠤᠬᠠᠶ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ᠎ᠤ ᠠᠯᠪᠠᠨ ᠲᠢᠩᠬᠢᠮ᠎ᠤᠨ ᠮᠡᠳᠡᠭᠳᠡᠯ》 (ᠪᠠᠶ᠋ᠢᠭ᠋ᠠᠯᠢ ᠵᠢᠨ ᠡᠬᠢ ᠪᠠᠶᠠᠯᠢᠭ ᠠᠯᠪᠠᠨ ᠲᠢᠩᠬᠢᠮ᠎ᠤᠨ ᠲᠠᠷᠬᠠᠭ᠋ᠠᠭᠰᠠᠨ [ 2024 ] 49 ᠳ᠋ᠦ᠍ᠭᠡᠷ ᠲᠣᠭ᠋ᠠᠲᠤ)᠂ 《ᠠᠭᠤᠷᠬᠠᠶ ᠵᠢᠨ ᠦᠢ᠍ᠯᠡᠰ᠎ᠤᠨ ᠡᠷᠬᠡ ᠵᠢ ᠬᠢᠮᠳᠠ᠎ᠪᠠᠷ ᠬᠤᠳᠠᠯᠳᠤᠬᠤ ᠠᠵᠢᠯ᠎ᠢ ᠬᠠᠮᠵᠢᠯᠴᠠᠨ ᠰᠠᠶ᠋ᠢᠲᠤᠷ ᠬᠢᠬᠦ ᠲᠤᠬᠠᠶ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ᠎ᠤ ᠠᠯᠪᠠᠨ ᠲᠢᠩᠬᠢᠮ᠎ᠤᠨ ᠮᠡᠳᠡᠭᠳᠡᠯ (ᠲᠤᠷᠰᠢᠨ ᠬᠡᠷᠡᠭᠵᠢᠭᠦᠯᠬᠦ)》 (ᠪᠠᠶ᠋ᠢᠭ᠋ᠠᠯᠢ ᠵᠢᠨ ᠡᠬᠢ ᠪᠠᠶᠠᠯᠢᠭ᠎ᠤᠨ ᠠᠯᠪᠠᠨ ᠲᠢᠩᠬᠢᠮ᠎ᠤᠨ ᠲᠠᠷᠬᠠᠭ᠋ᠠᠭᠰᠠᠨ [2024] 8 ᠳ᠋ᠤᠭ᠋ᠠᠷ ᠲᠣᠭ᠋ᠠᠲᠤ)᠎ᠢ ᠳᠠᠷᠤᠮᠠᠯᠯᠠᠨ ᠲᠠᠷᠬᠠᠭ᠋ᠠᠪᠠ᠃  ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶᠠᠨ᠎ᠤ ᠭᠤᠷᠪᠠᠳᠤᠭ᠋ᠠᠷ ᠪᠥᠬᠦᠳᠡ ᠬᠤᠷᠠᠯ᠎ᠤᠨ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠬᠦ ᠲᠤᠬᠠᠶ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ ᠪᠣᠯᠤᠨ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ᠎ᠤ ᠪᠠᠶ᠋ᠢᠷᠢᠯᠠᠭᠤᠯᠤᠯᠲᠠ ᠱᠠᠭ᠋ᠠᠷᠳᠠᠯᠭ᠎ᠠ ᠵᠢ ᠪᠥᠬᠦ ᠲᠠᠯ᠎ᠠ᠎ᠪᠠᠷ ᠨᠠᠶ᠋ᠢᠳᠠᠪᠤᠷᠢᠵᠢᠭᠤᠯᠤᠨ᠂ ᠡᠬᠢ ᠪᠠᠶᠠᠯᠢᠭ᠎ᠢ ᠲᠣᠬᠢᠷᠠᠭᠤᠯᠬᠤ ᠶᠠᠪᠤᠴᠠ᠎ᠳᠠᠬᠢ ᠵᠠᠬ᠎ᠠ ᠳᠡᠯᠭᠡᠭᠦᠷ᠎ᠤᠨ ᠰᠢᠢ᠍ᠳᠪᠦᠷᠢᠯᠡᠭᠴᠢ ᠴᠢᠨᠠᠷᠲᠠᠶ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠤᠨ ᠡᠯᠧᠮᠧᠨ᠋ᠲ᠎ᠤᠨ ᠪᠠᠲᠤᠯᠠᠭ᠎ᠠ ᠵᠢ ᠦᠨᠡᠨ ᠬᠦ᠌ ᠴᠢᠩᠭ᠋ᠠᠳᠬᠠᠨ᠂ ᠪᠥᠬᠦ ᠣᠷᠣᠨ᠎ᠤ ᠠᠭᠤᠷᠬᠠᠶ ᠵᠢᠨ ᠦᠢ᠍ᠯᠡᠰ᠎ᠤᠨ ᠡᠷᠬᠡ ᠵᠢ ᠰᠢᠯᠵᠢᠭᠦᠯᠦᠨ ᠥᠭᠬᠦ ᠠᠵᠢᠯ᠎ᠢ ᠤᠯᠠᠮ ᠨᠢᠭᠡ ᠠᠯᠬᠤᠮ ᠵᠢᠷᠤᠮᠵᠢᠭᠤᠯᠬᠤ ᠵᠢᠨ ᠲᠤᠰᠠᠳᠠ᠂ ᠲᠣᠰ 《ᠮᠡᠳᠡᠭᠳᠡᠯ》᠎ᠢ ᠲᠣᠭᠲᠠᠭ᠋ᠠᠨ ᠳᠠᠷᠤᠮᠠᠯᠯᠠᠨ ᠲᠠᠷᠬᠠᠭ᠋ᠠᠪᠠ᠃

   ᠬᠤᠶᠠᠷ᠂ ᠭᠤᠣᠯ ᠠᠭᠤᠯᠭ᠎ᠠ

  《ᠮᠡᠳᠡᠭᠳᠡᠯ》᠎ᠤᠨ ᠵᠣᠷᠢᠭ ᠰᠠᠨᠠᠭ᠎ᠠ᠎ᠨᠢ ᠨᠡᠶ᠋ᠢᠲᠡ 5 ᠵᠤᠷᠪᠤᠰ ᠠᠭᠤᠯᠭ᠎ᠠ ᠪᠠᠶ᠋ᠢᠵᠤ᠂ ᠭᠤᠣᠯ ᠠᠭᠤᠯᠭ᠎ᠠ᠎ᠨᠢ᠄

  (ᠨᠢᠭᠡ) ᠰᠢᠯᠵᠢᠭᠦᠯᠦᠨ ᠬᠤᠳᠠᠯᠳᠤᠬᠤ ᠵᠢ ᠵᠥᠪᠰᠢᠶᠡᠷᠡᠬᠦ ᠨᠥᠬᠥᠴᠡᠯ᠎ᠢ ᠴᠢᠩᠳᠠᠯᠠᠬᠤ ᠬᠡᠷᠡᠭᠲᠡᠶ᠃ ᠪᠣᠬᠢᠷᠲᠤᠯ ᠥᠬᠡᠶ ᠬᠥᠭᠵᠢᠯᠲᠡ ᠵᠢᠨ ᠣᠨᠣᠯᠵᠢᠬᠤᠨ᠎ᠢ ᠭᠦᠨᠵᠡᠭᠡᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠢ ᠡᠷᠴᠢᠮᠵᠢᠭᠦᠯᠦᠨ ᠭᠠᠮᠨᠠᠨ ᠠᠰᠢᠭᠯᠠᠬᠤ ᠵᠢ ᠠᠬᠢᠭᠤᠯᠬᠤ ᠵᠢᠨ ᠲᠥᠯᠥᠭᠡ᠂ 《ᠮᠡᠳᠡᠭᠳᠡᠯ》᠎ᠳᠤ ᠲᠥᠯᠥᠪᠵᠢᠭᠦᠯᠭᠡ ᠵᠢᠨ ᠬᠥᠲᠥᠯᠦᠨ ᠳᠠᠭ᠋ᠠᠭᠤᠯᠬᠤ ᠦᠢ᠍ᠯᠡᠳᠦᠯ᠎ᠢ ᠴᠢᠩᠭ᠋ᠠᠳᠬᠠᠬᠤ ᠵᠢᠨ ᠲᠥᠯᠥᠭᠡ᠂ ᠰᠢᠨ᠎ᠡ᠎ᠪᠠᠷ ᠪᠠᠶ᠋ᠢᠭᠤᠯᠤᠭᠰᠠᠨ ᠠᠭᠤᠷᠬᠠᠶ ᠵᠢᠨ ᠦᠢ᠍ᠯᠡᠰ᠎ᠤᠨ ᠡᠷᠬᠡ᠎ᠨᠢ ᠤᠯᠤᠰ᠎ᠤᠨ ᠭᠠᠵᠠᠷ ᠰᠢᠷᠣᠶ ᠵᠢᠨ ᠣᠷᠣᠨ ᠵᠠᠶ᠂ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ ᠵᠡᠷᠭᠡ ᠲᠥᠯᠥᠪᠵᠢᠭᠦᠯᠭᠡ ᠵᠢᠨ ᠱᠠᠭ᠋ᠠᠷᠳᠠᠯᠭ᠎ᠠ᠎ᠳᠤ ᠨᠡᠶ᠋ᠢᠴᠡᠭᠰᠡᠨ ᠪᠠᠶ᠋ᠢᠬᠤ ᠬᠡᠷᠡᠭᠲᠡᠶ; ᠣᠷᠣᠨ ᠪᠦᠰᠡ ᠵᠢᠨ ᠬᠠᠶ᠋ᠢᠨ ᠪᠠᠶ᠋ᠢᠴᠠᠭ᠋ᠠᠵᠤ ᠨᠡᠭᠡᠭᠡᠨ ᠮᠠᠯᠲᠠᠬᠤ ᠵᠢ ᠴᠠᠭ᠋ᠠᠵᠠᠯᠠᠬᠤ ᠵᠢ ᠴᠠᠭ᠋ᠠᠵᠠᠯᠠᠬᠤ ᠬᠠᠮᠢᠶᠠᠷᠤᠯᠲᠠ ᠵᠢ ᠴᠢᠩᠭ᠎ᠠ ᠨᠠᠶ᠋ᠢᠳᠠᠪᠤᠷᠢᠵᠢᠭᠤᠯᠬᠤ ᠬᠡᠷᠡᠭᠲᠡᠶ ᠭᠡᠵᠦ ᠲᠣᠳᠣᠷᠬᠠᠶ ᠱᠠᠭ᠋ᠠᠷᠳᠠᠵᠠᠶ᠃

  (ᠬᠤᠶᠠᠷ) ᠠᠭᠤᠷᠬᠠᠶ ᠵᠢᠨ ᠦᠢ᠍ᠯᠡᠰ᠎ᠤᠨ ᠡᠷᠬᠡ ᠵᠢ ᠵᠠᠬ᠎ᠠ ᠳᠡᠯᠭᠡᠭᠦᠷᠴᠢᠯᠡᠨ ᠬᠢᠮᠳᠠ᠎ᠪᠠᠷ ᠬᠤᠳᠠᠯᠳᠤᠬᠤ ᠲᠥᠷᠥᠯ ᠵᠦᠢ᠍ᠯ᠎ᠤᠨ ᠬᠥᠮᠥᠷᠭᠡ ᠵᠢᠨ ᠪᠠᠶ᠋ᠢᠭᠤᠯᠤᠯᠲᠠ ᠵᠢ ᠴᠢᠩᠭ᠋ᠠᠳᠬᠠᠪᠠ᠃ ᠡᠬᠢ ᠪᠠᠶᠠᠯᠢᠭ᠎ᠢ ᠰᠢᠯᠵᠢᠭᠦᠯᠦᠨ ᠥᠭᠬᠦ ᠰᠠᠭᠤᠷᠢ ᠲᠤᠭ᠎ᠠ ᠵᠢ ᠴᠠᠭ ᠲᠤᠬᠠᠶ᠎ᠳᠤ᠎ᠨᠢ ᠡᠵᠡᠮᠰᠢᠬᠦ ᠵᠢᠨ ᠲᠥᠯᠥᠭᠡ᠂ 《ᠮᠡᠳᠡᠭᠳᠡᠯ》᠎ᠳᠤ 《ᠨᠢᠭᠡᠨᠲᠡ ᠠᠭᠤᠷᠬᠠᠶ ᠡᠷᠢᠵᠦ ᠣᠯᠤᠭᠰᠠᠨ ᠦᠷ᠎ᠡ ᠪᠦᠲᠦᠭᠡᠯ᠂ ᠰᠠᠭᠤᠷᠢ ᠭᠠᠵᠠᠷ ᠰᠢᠨᠵᠢᠯᠡᠭᠡᠨ᠎ᠤ ᠮᠠᠲ᠋ᠧᠷᠢᠶᠠᠯ᠂ ᠣᠷᠣᠨ ᠨᠤᠲᠤᠭ᠎ᠤᠨ ᠰᠠᠯᠠᠭ᠎ᠠ ᠮᠥᠴᠢᠷ ᠪᠣᠯᠤᠨ ᠨᠡᠶ᠋ᠢᠭᠡᠮ᠎ᠤᠨ ᠰᠠᠨᠠᠭᠤᠯᠭ᠎ᠠ》 ᠵᠡᠷᠭᠡ ᠳᠥᠷᠪᠡᠨ ᠠᠷᠭ᠎ᠠ ᠵᠠᠮ᠎ᠢ ᠲᠣᠳᠣᠷᠬᠠᠶ ᠲᠣᠭᠲᠠᠭ᠋ᠠᠵᠤ᠂ ᠬᠡᠰᠡᠭ ᠭᠠᠵᠠᠷ᠎ᠤᠨ ᠢᠷᠡᠯᠲᠡ ᠵᠢ ᠴᠠᠭ ᠲᠤᠬᠠᠶ᠎ᠳᠤ᠎ᠨᠢ ᠥᠷᠭᠡᠳᠬᠡᠨ᠎ᠡ᠃  ᠠᠭᠤᠷᠬᠠᠶ ᠵᠢᠨ ᠦᠢ᠍ᠯᠡᠰ᠎ᠤᠨ ᠡᠷᠬᠡ ᠵᠢ ᠰᠢᠯᠵᠢᠭᠦᠯᠦᠨ ᠥᠭᠬᠦ ᠲᠥᠷᠥᠯ ᠵᠦᠢ᠍ᠯ᠎ᠤᠨ ᠨᠠᠷᠢᠯᠢᠬ᠍ᠵᠢᠭᠤᠯᠤᠭᠰᠠᠨ ᠬᠠᠮᠢᠶᠠᠷᠤᠯᠲᠠ ᠵᠢ ᠴᠢᠩᠭ᠋ᠠᠳᠬᠠᠬᠤ ᠵᠢᠨ ᠲᠤᠰᠠᠳᠠ᠂ ᠣᠲᠣ ᠵᠢᠨ ᠪᠠᠶ᠋ᠢᠭ᠎ᠠ ᠮᠡᠳᠡᠭᠡ ᠵᠠᠩᠭᠢ ᠵᠢᠨ ᠰᠢᠰᠲ᠋ᠧᠮ᠎ᠢ ᠲᠣᠳᠣᠷᠬᠠᠶ ᠲᠣᠭᠲᠠᠭ᠋ᠠᠵᠤ᠂ 《ᠨᠢᠭᠡᠳᠦᠯᠲᠡᠶ ᠪᠠᠶ᠋ᠢᠭᠤᠯᠬᠤ᠂ ᠱᠠᠲᠤ ᠬᠤᠪᠢᠶᠠᠨ ᠬᠠᠷᠢᠭᠤᠴᠠᠬᠤ᠂ ᠴᠠᠭ᠎ᠲᠤᠨᠢ ᠳᠣᠭᠢᠷᠠᠭᠤᠯᠬᠤ᠂ ᠬᠥᠳᠡᠯᠦᠩᠭᠦᠶ᠎ᠪᠠᠷ ᠰᠢᠨᠡᠳᠬᠡᠬᠦ》 ᠵᠠᠷᠴᠢᠮ ᠶᠣᠰᠣᠭ᠋ᠠᠷ ᠰᠢᠯᠵᠢᠭᠦᠯᠦᠨ ᠬᠤᠳᠠᠯᠳᠤᠬᠤ ᠲᠥᠷᠥᠯ ᠵᠦᠢ᠍ᠯ᠎ᠤᠨ ᠬᠥᠮᠥᠷᠭᠡ᠎ᠠᠴᠠ ᠣᠷᠣᠵᠤ ᠭᠠᠷᠬᠤ ᠬᠠᠮᠢᠶᠠᠷᠤᠯᠲᠠ ᠵᠢ ᠴᠢᠩᠭ᠋ᠠᠳᠬᠠᠵᠤ᠂ ᠰᠠᠯᠠᠭ᠎ᠠ ᠮᠥᠴᠢᠷ᠎ᠤᠨ ᠡᠭᠦᠷᠭᠡ ᠬᠠᠷᠢᠭᠤᠴᠠᠯᠭ᠎ᠠ᠂ ᠬᠥᠮᠥᠷᠭᠡ᠎ᠠᠴᠠ ᠣᠷᠣᠵᠤ ᠭᠠᠷᠬᠤ ᠶᠠᠪᠤᠴᠠ ᠵᠢᠴᠢ ᠱᠠᠭ᠋ᠠᠷᠳᠠᠯᠭ᠎ᠠ ᠵᠢ ᠤᠯᠠᠮ ᠨᠢᠭᠡ ᠠᠯᠬᠤᠮ ᠲᠣᠳᠣᠷᠬᠠᠶ᠋ᠢᠯᠠᠬᠤ ᠬᠡᠷᠡᠭᠲᠡᠶ᠃

  (ᠭᠤᠷᠪᠠ) ᠵᠥᠪᠳᠡᠯᠴᠡᠬᠡᠷ ᠵᠶ᠋ᠠᠷ ᠬᠢᠮᠳᠠ ᠦᠨ᠎ᠡ᠎ᠪᠠᠷ ᠬᠤᠳᠠᠯᠳᠤᠬᠤ ᠬᠦᠷᠢᠶ᠎ᠡ ᠬᠡᠪᠴᠢᠶ᠎ᠡ ᠵᠢ ᠴᠢᠩᠭ᠎ᠠ ᠬᠢᠵᠠᠭ᠋ᠠᠷᠯᠠᠪᠠ᠃ ᠵᠠᠬ᠎ᠠ ᠳᠡᠯᠭᠡᠭᠦᠷ᠎ᠤᠨ ᠡᠬᠢ ᠪᠠᠶᠠᠯᠢᠭ᠎ᠤᠨ ᠲᠣᠬᠢᠷᠠᠭᠤᠯᠤᠯᠲᠠ ᠵᠢᠨ ᠭᠣᠤᠯᠯᠠᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ᠂ ᠤᠨᠴᠠᠭ᠋ᠠᠢ ᠪᠠᠶ᠋ᠢᠳᠠᠯ᠎ᠠᠴᠠ ᠭᠠᠳᠠᠨ᠎ᠠ᠂ ᠠᠭᠤᠷᠬᠠᠶ ᠵᠢᠨ ᠦᠢ᠍ᠯᠡᠰ᠎ᠤᠨ ᠡᠷᠬᠡ ᠵᠢ ᠴᠥᠮ ᠵᠥᠪᠳᠡᠯᠴᠡᠬᠡᠷ ᠵᠶ᠋ᠠᠷ ᠬᠢᠮᠳᠠ᠎ᠪᠠᠷ ᠬᠤᠳᠠᠯᠳᠤᠵᠤ ᠪᠣᠯᠬᠤ ᠦᠭᠡᠶ᠃  ᠡᠭᠦᠨ᠎ᠳᠤ ᠭᠣᠤᠯᠳᠠᠭᠤ ᠳᠥᠷᠪᠡᠨ ᠲᠥᠷᠥᠯ᠎ᠤᠨ ᠤᠨᠴᠠᠭ᠋ᠠᠢ ᠲᠣᠭᠲᠠᠭ᠋ᠠᠭᠰᠠᠨ ᠪᠠᠶ᠋ᠢᠳᠠᠯ ᠪᠠᠭᠲᠠᠨ᠎ᠠ᠄ ᠨᠢᠭᠡ᠎ᠳᠤ᠂ ᠬᠣᠪᠣᠷ ᠰᠢᠷᠣᠶ᠂ ᠰᠠᠴᠤᠷᠠᠭ ᠴᠢᠨᠠᠷᠲᠠᠶ ᠠᠭᠤᠷᠬᠠᠶ ᠵᠢᠨ ᠭᠠᠷᠤᠯᠲᠠ ᠵᠢ ᠬᠠᠶ᠋ᠢᠨ ᠪᠠᠶ᠋ᠢᠴᠠᠭ᠋ᠠᠵᠤ ᠨᠡᠭᠡᠭᠡᠨ ᠮᠠᠯᠲᠠᠬᠤ ᠲᠥᠷᠥᠯ ᠵᠦᠢ᠍ᠯ ᠪᠤᠶᠤ ᠲᠥᠷᠥ ᠵᠢᠨ ᠶᠠᠪᠤᠳᠠᠯ᠎ᠤᠨ ᠬᠣᠷᠢᠶ᠎ᠠ᠎ᠠᠴᠠ ᠵᠥᠪᠰᠢᠶᠡᠷᠡᠭᠰᠡᠨ ᠭᠣᠤᠯᠳᠠᠯᠭ᠎ᠠ᠎ᠲᠠᠢ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ; ᠬᠣᠶᠠᠷ᠎ᠲᠤ᠂ ᠤᠤᠯ᠎ᠤᠨ ᠦᠢ᠍ᠯᠡᠳᠪᠦᠷᠢᠯᠡᠯ᠎ᠤᠨ ᠰᠢᠰᠲ᠋ᠧᠮ ᠵᠶ᠋ᠠᠨ ᠠᠰᠢᠭᠯᠠᠨ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ (  ᠡᠩ᠎ᠤᠨ ᠪᠠᠷᠢᠯᠭ᠎ᠠ᠎ᠳᠤ ᠬᠡᠷᠡᠭᠯᠡᠬᠦ ᠬᠠᠶ᠋ᠢᠷ ᠴᠢᠯᠠᠭᠤᠨ ᠰᠢᠷᠣᠶ ᠵᠢᠨ ᠲᠥᠷᠥᠯ᠎ᠤᠨ ᠠᠭᠤᠷᠬᠠᠶ ᠵᠢᠨ ᠭᠠᠷᠤᠯᠲᠠ ᠪᠠᠭᠲᠠᠬᠤ ᠦᠭᠡᠶ)᠎ᠢ ᠤᠯᠠᠮ ᠨᠢᠭᠡ ᠠᠯᠬᠤᠮ ᠬᠠᠶ᠋ᠢᠨ ᠪᠠᠶ᠋ᠢᠴᠠᠭ᠋ᠠᠵᠤ ᠨᠡᠭᠡᠭᠡᠨ ᠮᠠᠯᠲᠠᠬᠤ ᠲᠤᠬᠠᠶ ᠡᠩ᠎ᠤᠨ ᠪᠠᠷᠢᠯᠭ᠎ᠠ᠎ᠳᠤ ᠬᠡᠷᠡᠭᠯᠡᠬᠦ ᠬᠠᠶ᠋ᠢᠷ ᠴᠢᠯᠠᠭᠤᠨ᠎ᠤ ᠲᠥᠷᠥᠯ᠎ᠤᠨ ᠠᠭᠤᠷᠬᠠᠶ ᠵᠢᠨ ᠭᠠᠷᠤᠯᠲᠠ ᠪᠠᠭᠲᠠᠬᠤ ᠦᠭᠡᠶ (ᠡᠩ᠎ᠤᠨ ᠪᠠᠷᠢᠯᠭ᠎ᠠ᠎ᠳᠤ ᠬᠡᠷᠡᠭᠯᠡᠬᠦ ᠬᠠᠶ᠋ᠢᠷ ᠴᠢᠯᠠᠭᠤᠨ᠎ᠤ ᠲᠥᠷᠥᠯ᠎ᠤᠨ ᠠᠭᠤᠷᠬᠠᠶ ᠵᠢᠨ ᠭᠠᠷᠤᠯᠲᠠ ᠪᠠᠭᠲᠠᠬᠤ ᠦᠭᠡᠶ) ᠬᠡᠰᠡᠭ᠎ᠤᠨ ᠬᠡᠪᠴᠢᠶ᠎ᠡ᠎ᠨᠢ ᠬᠠᠪᠲᠠᠭ᠋ᠠᠶ ᠡᠭᠴᠡ ᠲᠤᠰᠬᠠᠯᠲᠠ ᠵᠢᠨ ᠬᠡᠪᠴᠢᠶᠡᠨ᠎ᠠᠴᠠ ᠬᠡᠲᠦᠷᠡᠭᠰᠡᠨ ᠦᠭᠡᠶ ᠨᠢᠭᠡᠨᠲᠡ ᠪᠠᠶ᠋ᠢᠭᠤᠯᠤᠭᠰᠠᠨ ᠠᠭᠤᠷᠬᠠᠶ ᠮᠠᠯᠲᠠᠬᠤ ᠡᠷᠬᠡ ᠵᠢᠨ ᠭᠦᠨ ᠬᠡᠰᠡᠭ ᠪᠤᠶᠤ ᠳᠡᠭᠡᠳᠦ ᠬᠡᠰᠡᠭ᠎ᠤᠨ ᠡᠬᠢ ᠪᠠᠶᠠᠯᠢᠭ᠂ ᠬᠥᠷᠰᠢ ᠵᠡᠷᠭᠡᠯᠡᠳᠡᠭᠡ ᠠᠭᠤᠷᠬᠠᠶ ᠵᠢᠨ ᠦᠢ᠍ᠯᠡᠰ᠎ᠤᠨ ᠡᠷᠬᠡ ᠵᠢᠨ ᠬᠣᠭᠣᠷᠣᠨᠳᠣᠬᠢ ᠡᠭᠴᠡ ᠰᠢᠯᠤᠭᠤᠨ  ᠵᠠᠶ ᠵᠢ 350 ᠮᠧᠲᠷ᠎ᠠᠴᠠ ᠳᠠᠪᠠᠭᠤᠯᠬᠤ ᠦᠭᠡᠶ ᠮᠥᠷᠲᠡᠭᠡᠨ ᠰᠢᠯᠵᠢᠭᠦᠯᠦᠨ ᠮᠠᠯᠲᠠᠬᠤ ᠨᠥᠬᠥᠴᠡᠯ᠎ᠳᠤ ᠨᠡᠶ᠋ᠢᠴᠡᠬᠦ ᠡᠷᠭᠢᠨ ᠲᠣᠭᠣᠷᠢᠨ᠎ᠤ ᠡᠬᠢ ᠪᠠᠶᠠᠯᠢᠭ ᠪᠣᠯᠤᠨ᠎ᠠ᠃

  (ᠳᠥᠷᠪᠡ) ᠰᠢᠯᠵᠢᠭᠦᠯᠦᠨ ᠥᠭᠬᠦ ᠠᠵᠢᠯ᠎ᠤᠨ ᠴᠤᠪᠤᠷᠠᠯ᠎ᠢ ᠪᠦᠬᠦ ᠲᠠᠯ᠎ᠠ᠎ᠪᠠᠷ ᠵᠢᠷᠤᠮᠵᠢᠭᠤᠯᠪᠠ᠃ ᠠᠵᠢᠯ᠎ᠤᠨ ᠲᠠᠰ ᠳᠠᠷᠠᠭ᠋ᠠᠯᠠᠯ᠎ᠢ ᠰᠢᠯᠢᠳᠡᠭᠵᠢᠭᠦᠯᠵᠦ᠂ ᠬᠢᠨᠠᠨ ᠵᠥᠪᠰᠢᠶᠡᠷᠡᠬᠦ ᠲᠠᠰ ᠳᠠᠪᠬᠤᠷᠭ᠎ᠠ ᠵᠢ ᠪᠠᠭ᠋ᠠᠰᠬᠠᠨ᠂ ᠠᠵᠢᠯ᠎ᠤᠨ ᠦᠷ᠎ᠡ ᠪᠦᠲᠦᠮᠵᠢ ᠵᠢ ᠳᠡᠭᠡᠭᠰᠢᠯᠡᠭᠦᠯᠵᠦ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠪᠠᠷᠢᠮᠵᠢᠶᠠᠵᠢᠭᠤᠯᠤᠯᠲᠠ᠂ ᠵᠢᠷᠤᠮᠵᠢᠭᠤᠯᠤᠯᠲᠠ᠂ ᠳᠥᠭᠦᠮᠴᠢᠯᠡᠯᠲᠡ ᠵᠢᠨ ᠬᠢᠷᠢ ᠬᠡᠮᠵᠢᠶ᠎ᠡ ᠵᠢ ᠳᠡᠭᠡᠭᠰᠢᠯᠡᠭᠦᠯᠬᠦ ᠵᠢᠨ ᠲᠥᠯᠥᠭᠡ᠂ 《ᠮᠡᠳᠡᠭᠳᠡᠯ》᠎ᠳᠤ ᠨᠡᠭᠦᠷᠡᠰᠦ ᠵᠢ ᠴᠡᠭᠴᠡᠯᠡᠨ ᠤᠭᠰᠠᠷᠠᠭᠤᠯᠬᠤ ᠬᠤᠳᠳᠤᠭ᠎ᠠᠴᠠ ᠭᠠᠳᠠᠨ᠎ᠠ᠂ ᠪᠤᠰᠤᠳ ᠲᠢᠩᠬᠢᠮ ᠲᠠᠷᠬᠠᠭ᠋ᠠᠬᠤ ᠲᠢᠩᠬᠢᠮ᠎ᠤᠨ ᠡᠷᠬᠡ ᠮᠡᠳᠡᠯ᠎ᠤᠨ ᠬᠡᠪᠴᠢᠶ᠎ᠡ᠎ᠲᠠᠢ ᠠᠭᠤᠷᠬᠠᠢ ᠵᠢᠨ ᠦᠢ᠍ᠯᠡᠰ᠎ᠤᠨ ᠡᠷᠬᠡ ᠵᠢ ᠠᠶ᠋ᠢᠮᠠᠭ ᠬᠤᠲᠠ᠎ᠳᠤ ᠨᠠᠶ᠋ᠢᠳᠠᠵᠤ ᠵᠣᠬᠢᠶᠠᠨ ᠪᠠᠶ᠋ᠢᠭᠤᠯᠤᠨ ᠬᠡᠷᠡᠭᠵᠢᠭᠦᠯᠵᠦ᠂ ᠠᠭᠤᠷᠬᠠᠶ ᠵᠢᠨ ᠦᠢ᠍ᠯᠡᠰ᠎ᠤᠨ ᠡᠷᠬᠡ ᠵᠢ ᠵᠠᠬ᠎ᠠ ᠳᠡᠯᠭᠡᠭᠦᠷᠴᠢᠯᠡᠨ ᠬᠢᠮᠳᠠ᠎ᠪᠠᠷ ᠬᠤᠳᠠᠯᠳᠤᠬᠤ᠂ ᠵᠥᠪᠯᠡᠯᠴᠡᠭᠡᠷ ᠵᠶ᠋ᠠᠷ ᠰᠢᠯᠵᠢᠭᠦᠯᠦᠨ ᠥᠭᠬᠦ ᠠᠵᠢᠯ᠎ᠤᠨ ᠴᠤᠪᠤᠷᠠᠯ᠎ᠢ ᠤᠯᠠᠮ ᠨᠢᠭᠡ ᠠᠯᠬᠤᠮ ᠨᠠᠷᠢᠯᠢᠬ᠍ᠵᠢᠭᠤᠯᠪᠠ; ᠠᠭᠤᠷᠬᠠᠶ ᠵᠢᠨ ᠦᠢ᠍ᠯᠡᠰ᠎ᠤᠨ ᠡᠷᠬᠡ ᠵᠢ ᠵᠠᠬ᠎ᠠ ᠳᠡᠯᠭᠡᠭᠦᠷᠴᠢᠯᠡᠨ ᠰᠢᠯᠵᠢᠭᠦᠯᠦᠨ ᠥᠭᠬᠦ᠎ᠠᠴᠠ ᠡᠮᠦᠨ᠎ᠡ ᠬᠥᠭᠵᠢᠭᠦᠯᠦᠯᠲᠡ ᠥᠭᠡᠷᠡᠴᠢᠯᠡᠯᠲᠡ᠂ ᠠᠮᠢ ᠠᠬᠤᠶ ᠵᠢᠨ ᠣᠷᠴᠢᠨ ᠲᠣᠭᠤᠷᠢᠨ᠂ ᠤᠰᠤᠨ ᠠᠰᠢᠭᠯᠠᠯᠲᠠ᠂ ᠵᠠᠮ ᠬᠠᠷᠢᠯᠴᠠᠭ᠎ᠠ᠂ ᠡᠨᠧᠷᠭᠢ᠂ ᠣᠶ ᠰᠢᠭᠤᠶ ᠡᠪᠡᠰᠦ ᠪᠡᠯᠴᠢᠭᠡᠷ᠂ ᠲᠡᠤᠬᠡ ᠵᠢᠨ ᠳᠤᠷᠠᠰᠬᠠᠯᠲᠤ ᠵᠦᠢ᠍ᠯᠡᠰ᠂ ᠴᠡᠷᠢᠭ᠎ᠤᠨ ᠶᠠᠪᠤᠳᠠᠯ ᠵᠡᠷᠭᠡ ᠬᠠᠮᠢᠶᠠᠷᠤᠯᠲᠠ ᠵᠢᠨ ᠰᠠᠯᠠᠭ᠎ᠠ ᠮᠥᠴᠢᠷ ᠪᠠ ᠬᠠᠷᠢᠶ᠎ᠠ ᠭᠠᠵᠠᠷ᠎ᠤᠨ ᠬᠤᠰᠢᠭᠤ (ᠰᠢᠶᠠᠨ᠂ ᠲᠣᠭᠤᠷᠢᠭ)᠎ᠤ ᠵᠠᠰᠠᠭ᠎ᠤᠨ ᠣᠷᠳᠣᠨ᠎ᠤ ᠰᠠᠨᠠᠯ᠎ᠢ ᠬᠤᠷᠢᠶᠠᠵᠤ᠂ ᠨᠥᠬᠦᠴᠡᠯ᠎ᠳᠤ ᠨᠡᠶ᠋ᠢᠴᠡᠬᠦ ᠵᠢ᠎ᠨᠢ ᠠᠶ᠋ᠢᠮᠠᠭ ᠬᠤᠲᠠ ᠵᠢᠨ ᠵᠠᠰᠠᠭ᠎ᠤᠨ ᠣᠷᠳᠣᠨ (ᠵᠠᠰᠠᠭ ᠵᠠᠬᠢᠷᠭ᠎ᠠ᠎ᠪᠠᠷ ᠵᠥᠪᠰᠢᠶᠡᠷᠡᠭᠦᠯᠬᠦ ᠬᠡᠷᠡᠭᠲᠡᠶ ᠭᠡᠵᠦ ᠲᠣᠳᠣᠷᠬᠠᠶ ᠲᠣᠭᠲᠠᠭ᠋ᠠᠵᠠᠶ) ᠰᠤᠳᠤᠯᠤᠨ ᠵᠥᠪᠰᠢᠶᠡᠷᠡᠭᠰᠡᠨ᠎ᠤ ᠳᠠᠷᠠᠭ᠎ᠠ ᠵᠣᠬᠢᠶᠠᠨ ᠪᠠᠶ᠋ᠢᠭᠤᠯᠤᠨ ᠬᠡᠷᠡᠭᠵᠢᠭᠦᠯᠬᠦ ᠬᠡᠷᠡᠭᠲᠡᠶ᠃

  (ᠲᠠᠪᠤ) ᠬᠣᠯᠪᠣᠭᠳᠠᠯ ᠪᠦᠬᠦᠢ ᠱᠠᠭ᠋ᠠᠷᠳᠠᠯᠭ᠎ᠠ᠃ 《ᠮᠡᠳᠡᠭᠳᠡᠯ》᠎ᠳᠤ ᠠᠭᠤᠷᠬᠠᠢ ᠵᠢᠨ ᠦᠢ᠍ᠯᠡᠰ᠎ᠤᠨ ᠡᠷᠬᠡ ᠵᠢ ᠰᠢᠯᠵᠢᠭᠦᠯᠦᠨ ᠥᠭᠬᠦ ᠠᠵᠢᠯ᠎ᠤᠨ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠬᠤ᠂ ᠰᠢᠯᠵᠢᠭᠦᠯᠦᠨ ᠥᠭᠬᠦ ᠳᠦᠷᠢᠮ ᠲᠣᠭᠲᠠᠭ᠋ᠠᠯ᠎ᠢ ᠴᠢᠩᠭ᠎ᠠ ᠨᠠᠶ᠋ᠢᠳᠠᠪᠤᠷᠢᠵᠢᠭᠤᠯᠬᠤ᠂ ᠣᠷᠣᠨ ᠨᠤᠲᠤᠭ᠎ᠤᠨ ᠵᠠᠰᠠᠭ᠎ᠤᠨ ᠣᠷᠳᠣᠨ ᠵᠢᠴᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ᠎ᠯᠦᠭᠡ ᠵᠢᠨ ᠬᠠᠮᠵᠢᠯᠴᠠᠭ᠎ᠠ ᠵᠢ ᠴᠢᠩᠭ᠋ᠠᠳᠬᠠᠬᠤ᠂ ᠰᠢᠯᠵᠢᠭᠦᠯᠦᠨ ᠥᠭᠬᠦ ᠲᠤᠬᠠᠶ᠋ᠢᠯᠠᠭᠰᠠᠨ ᠠᠵᠢᠯ᠎ᠤᠨ ᠵᠢᠯᠣᠭᠤᠳᠣᠯᠭ᠎ᠠ ᠵᠢ ᠴᠢᠩᠭ᠋ᠠᠳᠬᠠᠬᠤ ᠵᠡᠷᠭᠡ ᠬᠤᠯᠪᠣᠭᠳᠠᠯ ᠪᠦᠬᠦᠢ ᠱᠠᠭ᠋ᠠᠷᠳᠠᠯᠭ᠎ᠠ ᠵᠢ ᠲᠣᠳᠣᠷᠬᠠᠶ ᠲᠣᠭᠲᠠᠭ᠋ᠠᠪᠠ᠃

   ᠭᠤᠷᠪᠠ᠂ ᠬᠤᠯᠪᠣᠭᠳᠠᠯ ᠪᠦᠬᠦᠢ ᠲᠣᠳᠣᠷᠬᠠᠶ᠋ᠢᠯᠠᠯᠲᠠ

   ᠮᠡᠳᠡᠭᠳᠡᠯ ᠳᠠᠷᠤᠮᠠᠯᠯᠠᠨ ᠲᠠᠷᠬᠠᠭ᠋ᠠᠭᠰᠠᠨ ᠡᠳᠦᠷ᠎ᠠᠴᠠ ᠡᠬᠢᠯᠡᠨ ᠬᠡᠷᠡᠭᠵᠢᠭᠦᠯᠵᠦ᠂ ᠬᠦᠴᠦᠨ᠎ᠲᠠᠢ ᠬᠤᠭᠤᠴᠠᠭ᠎ᠠ᠎ᠨᠢ 2 ᠵᠢᠯ᠂ ᠤᠤᠯ᠎ᠤᠨ ᠲᠢᠩᠬᠢᠮ᠎ᠤᠨ ᠲᠠᠷᠬᠠᠭ᠋ᠠᠭᠰᠠᠨ ᠥᠪᠥᠷ ᠪᠠᠶ᠋ᠢᠭ᠋ᠠᠯᠢ ᠵᠢᠨ ᠡᠬᠢ ᠪᠠᠶᠠᠯᠢᠭ ᠦᠰᠦᠭ [2023] 19 ᠳ᠋ᠤᠭᠡᠷ ᠲᠣᠭ᠋ᠠᠲᠤ᠂ ᠥᠪᠥᠷ ᠪᠠᠶ᠋ᠢᠭ᠋ᠠᠯᠢ ᠵᠢᠨ ᠡᠬᠢ ᠪᠠᠶᠠᠯᠢᠭ ᠦᠰᠦᠭ [2023] 340 ᠳ᠋ᠦ᠍ᠭᠡᠷ ᠲᠣᠭ᠋ᠠᠲᠤ᠂ ᠥᠪᠥᠷ ᠪᠠᠶ᠋ᠢᠭ᠋ᠠᠯᠢ ᠵᠢᠨ ᠡᠬᠢ ᠪᠠᠶᠠᠯᠢᠭ ᠦᠰᠦᠭ [2023] 584 ᠳ᠋ᠦ᠍ᠭᠡᠷ ᠲᠣᠭ᠋ᠠᠲᠤ ᠵᠡᠷᠭᠡ ᠪᠢᠴᠢᠭ ᠮᠠᠲ᠋ᠧᠷᠢᠶᠠᠯ᠎ᠤᠨ ᠬᠡᠰᠡᠭ ᠵᠦᠢ᠍ᠯ ᠵᠤᠷᠪᠤᠰ᠎ᠨᠢ ᠣᠳᠣ ᠵᠢᠨ ᠬᠡᠷᠡᠭᠵᠢᠭᠦᠯᠵᠦ ᠪᠠᠶ᠋ᠢᠭ᠎ᠠ ᠲᠥᠷᠥ ᠵᠢᠨ ᠪᠣᠳᠣᠯᠭ᠎ᠠ ᠵᠢᠨ ᠱᠠᠭ᠋ᠠᠷᠳᠠᠯᠭ᠎ᠠ᠎ᠲᠠᠢ ᠨᠢᠭᠡᠨᠲᠡ ᠨᠡᠶ᠋ᠢᠴᠡᠬᠦ ᠦᠭᠡᠢ᠂ 《ᠮᠡᠳᠡᠭᠳᠡᠯ》᠎ᠤᠨ ᠲᠣᠭᠲᠠᠭ᠋ᠠᠯ ᠵᠶ᠋ᠠᠷ ᠪᠠᠷᠢᠮᠵᠢᠶ᠎ᠠ ᠪᠣᠯᠭ᠋ᠠᠨ᠎ᠠ᠃ ᠤᠤᠯ᠎ᠤᠨ ᠥᠪᠥᠷ ᠮᠣᠩᠭᠤᠯ᠎ᠤᠨ ᠪᠠᠶ᠋ᠢᠭ᠋ᠠᠯᠢ ᠵᠢᠨ ᠡᠬᠢ ᠪᠠᠶᠠᠯᠢᠭ [2024] 57 ᠳ᠋ᠤᠭ᠋ᠠᠷ ᠲᠣᠭ᠋ᠠᠲᠤ ᠪᠢᠴᠢᠭ ᠮᠠᠲ᠋ᠧᠷᠢᠶᠠᠯ᠎ᠨᠢ ᠤᠰᠤᠨ ᠠᠰᠢᠭᠯᠠᠯᠲᠠ᠂ ᠲᠡᠤᠬᠡ ᠵᠢᠨ ᠳᠤᠷᠠᠰᠬᠠᠯᠲᠤ ᠵᠦᠢ᠍ᠯᠡᠰ᠂ ᠵᠠᠮ ᠬᠠᠷᠢᠯᠴᠠᠭ᠎ᠠ᠂ ᠴᠡᠷᠢᠭ᠎ᠤᠨ ᠶᠠᠪᠤᠳᠠᠯ ᠵᠡᠷᠭᠡ ᠠᠵᠢᠯ ᠲᠥᠷᠥᠯ᠎ᠤᠨ ᠲᠥᠷᠥ ᠵᠢᠨ ᠪᠣᠳᠣᠯᠭ᠎ᠠ ᠵᠢ ᠬᠢᠨᠠᠨ ᠪᠠᠶ᠋ᠢᠴᠠᠭ᠋ᠠᠯᠭ᠋ᠠᠬᠤ᠎ᠪᠠᠷ ᠱᠠᠭ᠋ᠠᠷᠳᠠᠭᠰᠠᠨ ᠥᠬᠡᠶ᠂ ᠲᠣᠰ ᠤᠳᠠᠭ᠋ᠠᠨ᠎ᠤ ᠮᠡᠳᠡᠭᠳᠡᠯ᠎ᠢ ᠬᠦᠴᠦᠨ ᠥᠬᠡᠶ ᠪᠣᠯᠭ᠋ᠠᠪᠠ᠃

 

ᠢᠷᠡᠯᠲᠡ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ