ᠡᠭᠡᠭᠦᠯᠦᠨ ᠬᠤᠳᠠᠯᠳᠤᠨ ᠠᠪᠬᠤ ᠬᠠᠳᠠᠭ᠋ᠠᠯᠠᠯᠲᠠ ᠵᠢᠨ ᠬᠡᠮᠵᠢᠶ᠎ᠡ ᠵᠢᠨ ᠬᠠᠩᠭ᠋ᠠᠯᠭ᠎ᠠ ᠬᠡᠷᠡᠭᠴᠡᠭᠡ ᠵᠢᠨ ᠬᠠᠷᠢᠴᠠᠭ᠎ᠠ ᠵᠢ ᠰᠢᠯᠢᠳᠡᠭᠵᠢᠭᠦᠯᠦᠨ ᠠᠮᠢᠵᠢᠷᠠᠯ᠎ᠤᠨ ᠬᠦᠴᠦᠨ᠎ᠢ ᠣᠷᠣᠭᠤᠯᠵᠤ ᠪᠠᠭᠤᠷᠠᠯᠲᠠ ᠵᠢ ᠬᠢᠵᠠᠭ᠋ᠠᠷᠯᠠᠵᠤ ᠲᠣᠭᠲᠠᠭᠤᠨ ᠪᠠᠶ᠋ᠢᠯᠭ᠋ᠠᠬᠤ ᠵᠢ ᠠᠬᠢᠭᠤᠯᠤᠨ᠎ᠠ
2024-11-11

  9 ᠳ᠋ᠦ᠍ᠭᠡᠷ ᠰᠠᠷ᠎ᠠ ᠵᠢᠨ 26᠎ᠤ ᠡᠳᠦᠷ ᠲᠥᠪ ᠬᠤᠷᠢᠶᠠᠨ᠎ᠤ ᠤᠯᠤᠰ ᠲᠦᠷᠦ ᠵᠢᠨ ᠲᠣᠪᠴᠢᠶᠠᠨ᠎ᠤ ᠬᠤᠷᠠᠯ᠎ᠠᠴᠠ᠂ ᠭᠡᠷ ᠪᠠᠶ᠋ᠢᠰᠢᠩ ᠭᠠᠵᠠᠷ ᠬᠦᠷᠦᠩᠭᠡ ᠵᠢᠨ ᠵᠠᠬ᠎ᠠ ᠳᠡᠯᠭᠡᠭᠦᠷ᠎ᠤᠨ ᠪᠠᠭᠤᠷᠠᠯᠲᠠ ᠵᠢ ᠬᠢᠵᠠᠭ᠋ᠠᠷᠯᠠᠬᠤ ᠵᠢ ᠠᠬᠢᠭᠤᠯᠵᠤ᠂ ᠲᠠᠸᠠᠷ᠎ᠤᠨ ᠭᠡᠷ ᠪᠠᠶ᠋ᠢᠰᠢᠩ᠎ᠤᠨ ᠪᠦᠳᠦᠭᠡᠨ ᠪᠠᠶ᠋ᠢᠭᠤᠯᠤᠯᠲᠠ ᠵᠢᠨ ᠨᠡᠮᠡᠭᠳᠡᠯ᠎ᠤᠨ ᠬᠡᠮᠵᠢᠶ᠎ᠡ ᠵᠢ ᠴᠢᠩᠭ᠎ᠠ ᠡᠵᠡᠮᠳᠡᠵᠦ᠂ ᠬᠠᠳᠠᠭ᠋ᠠᠯᠠᠯᠲᠠ ᠵᠢᠨ ᠬᠡᠮᠵᠢᠶ᠎ᠡ ᠵᠢ ᠰᠢᠯᠢᠳᠡᠭᠵᠢᠭᠦᠯᠵᠦ᠂ ᠶᠠᠰᠤ ᠴᠢᠨᠠᠷ᠎ᠢ ᠳᠡᠭᠡᠭᠰᠢᠯᠡᠭᠦᠯᠵᠦ᠂ ᠰᠤᠯᠠ ᠪᠠᠶ᠋ᠢᠭ᠎ᠠ ᠭᠠᠵᠠᠷ ᠰᠢᠷᠣᠢ ᠵᠢ ᠠᠮᠢᠳᠤᠯᠢᠭ ᠪᠣᠯᠭ᠋ᠠᠬᠤ ᠵᠢ ᠳᠡᠮᠵᠢᠬᠦ ᠬᠡᠷᠡᠭᠲᠡᠢ᠃ ᠨᠠᠮ᠎ᠤᠨ ᠲᠥᠪ ᠬᠤᠷᠢᠶᠠᠨ᠎ᠤ ᠰᠢᠢ᠍ᠳᠪᠦᠷᠢᠲᠦ ᠪᠤᠳᠤᠯᠭ᠎ᠠ ᠪᠠᠶ᠋ᠢᠷᠢᠯᠠᠭᠤᠯᠤᠯᠲᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢᠨ ᠲᠥᠯᠥᠭᠡ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ ᠪᠣᠯᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠲᠠ ᠬᠠᠮᠵᠢᠯᠴᠠᠵᠤ᠂ ᠦᠨᠡᠨ ᠬᠦ᠌ ᠪᠦᠲᠦᠮᠵᠢᠲᠡᠢ ᠨᠡᠮᠡᠭᠳᠡᠯ᠎ᠤᠨ ᠲᠦᠷᠦ ᠵᠢᠨ ᠪᠤᠳᠤᠯᠭ᠎ᠠ ᠵᠢ ᠰᠤᠳᠤᠯᠪᠠ᠃  ᠣᠶ᠋ᠢᠷ᠎ᠠ᠎ᠳᠤ ᠬᠤᠷᠠᠯᠳᠤᠭᠤᠯᠤᠭᠰᠠᠨ ᠲᠥᠷᠥ ᠵᠢᠨ ᠶᠠᠪᠤᠳᠠᠯ᠎ᠤᠨ ᠬᠤᠷᠢᠶᠠᠨ᠎ᠤ ᠰᠣᠨᠢᠨ ᠮᠡᠳᠡᠭᠡ ᠨᠡᠶ᠋ᠢᠲᠡᠯᠡᠬᠦ ᠬᠤᠷᠠᠯ ᠳᠡᠭᠡᠷ᠎ᠡ᠂ ᠡᠳ᠋᠎ᠤᠨ ᠵᠠᠰᠠᠭ᠎ᠤᠨ ᠶᠠᠮᠤᠨ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠲᠤᠰᠬᠠᠶ ᠵᠦᠢ᠍ᠯ᠎ᠤᠨ ᠵᠢᠭᠡᠯᠡᠯᠭᠡ ᠵᠢᠨ ᠲᠡᠮᠳᠡᠭᠲᠦ ᠵᠢ ᠭᠠᠵᠠᠷ ᠰᠢᠷᠣᠶ ᠵᠢᠨ ᠨᠥᠭᠡᠴᠡᠯᠡᠯᠲᠡ᠎ᠳᠤ ᠬᠡᠷᠡᠭᠯᠡᠬᠦ ᠵᠢ ᠵᠥᠪᠰᠢᠶᠡᠷᠡᠵᠦ᠂ ᠦᠯᠡᠳᠡᠭᠡᠯ ᠰᠤᠯᠠ ᠪᠠᠶ᠋ᠢᠭ᠎ᠠ ᠭᠠᠵᠠᠷ ᠰᠢᠷᠣᠶ ᠵᠢ ᠬᠤᠷᠢᠶᠠᠨ ᠠᠪᠴᠤ ᠬᠤᠳᠠᠯᠳᠤᠨ ᠠᠪᠬᠤ ᠵᠢ ᠳᠡᠮᠵᠢᠬᠦ᠎ᠪᠠᠷ ᠳᠤᠷᠠᠳᠴᠤ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ᠎ᠠᠴᠠ ᠬᠤᠷᠢᠶᠠᠨ ᠠᠪᠴᠤ ᠬᠤᠳᠠᠯᠳᠤᠨ ᠠᠪᠬᠤ ᠬᠡᠪᠴᠢᠶ᠎ᠡ ᠪᠠ ᠦᠨᠳᠦᠰᠦᠨ ᠱᠠᠭ᠋ᠠᠷᠳᠠᠯᠭ᠎ᠠ ᠵᠢ ᠲᠣᠳᠣᠷᠬᠠᠶ᠋ᠢᠯᠠᠵᠤ᠂ ᠲᠥᠷᠥ ᠵᠢᠨ ᠪᠣᠳᠣᠯᠭ᠎ᠠ ᠵᠢᠨ ᠵᠣᠷᠢᠯᠭ᠎ᠠ ᠪᠠ ᠦᠢ᠍ᠯᠡᠳᠦᠯ᠎ᠢ ᠲᠣᠳᠣᠷᠬᠠᠶ᠋ᠢᠯᠠᠵᠠᠶ᠃ 11 ᠳ᠋ᠦ᠍ᠭᠡᠷ ᠰᠠᠷ᠎ᠠ ᠵᠢᠨ 7᠎ᠤ ᠡᠳᠦᠷ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ᠎ᠠᠴᠠ 《ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠲᠤᠰᠬᠠᠶ ᠵᠦᠢ᠍ᠯ᠎ᠤᠨ ᠵᠢᠭᠡᠯᠡᠯᠭᠡ ᠵᠢᠨ ᠲᠡᠮᠳᠡᠭᠲᠦ ᠵᠢᠨ ᠪᠡᠯᠡ ᠮᠥᠩᠭᠦ ᠵᠢ ᠬᠤᠷᠢᠶᠠᠨ ᠠᠪᠴᠤ ᠦᠯᠡᠳᠡᠭᠡᠯ ᠰᠤᠯᠠ ᠪᠠᠶ᠋ᠢᠭ᠎ᠠ ᠭᠠᠵᠠᠷ ᠰᠢᠷᠣᠶ ᠵᠢ ᠬᠤᠳᠠᠯᠳᠤᠨ ᠠᠪᠬᠤ ᠲᠤᠬᠠᠶ ᠮᠡᠳᠡᠭᠳᠡᠯ》 (ᠳᠣᠷᠣᠭᠰᠢ 《ᠮᠡᠳᠡᠭᠳᠡᠯ》 ᠭᠡᠵᠦ ᠲᠣᠪᠴᠢᠯᠠᠨ᠎ᠠ)᠎ᠢ ᠳᠠᠷᠤᠮᠠᠯᠯᠠᠨ ᠲᠠᠷᠬᠠᠭ᠋ᠠᠵᠤ᠂ ᠡᠯ᠎ᠡ ᠭᠠᠵᠠᠷ᠎ᠤᠨ ᠦᠯᠡᠳᠡᠭᠡᠯ ᠭᠠᠵᠠᠷ ᠰᠢᠷᠣᠶ ᠵᠢ ᠬᠤᠷᠢᠶᠠᠨ ᠠᠪᠴᠤ ᠬᠤᠳᠠᠯᠳᠤᠨ ᠠᠪᠬᠤ᠎ᠳᠤ ᠲᠥᠷᠥ ᠵᠢᠨ ᠪᠣᠳᠣᠯᠭ᠎ᠠ ᠵᠢᠨ ᠵᠢᠯᠣᠭᠤᠳᠣᠯᠭ᠎ᠠ ᠪᠠ ᠠᠵᠢᠯ᠎ᠤᠨ ᠦᠨᠳᠦᠰᠦᠯᠡᠯ ᠬᠠᠩᠭ᠋ᠠᠪᠠ᠃ ᠪᠠᠶ᠋ᠢᠭ᠋ᠠᠯᠢ ᠵᠢᠨ ᠡᠬᠢ ᠪᠠᠶᠠᠯᠢᠭ᠎ᠢ ᠨᠡᠭᠡᠭᠡᠨ ᠠᠰᠢᠭᠯᠠᠬᠤ ᠵᠤᠷᠭ᠋ᠠᠨ᠎ᠤ ᠬᠤᠯᠪᠣᠭᠳᠠᠯ ᠪᠥᠬᠦᠶ ᠬᠠᠷᠢᠭᠤᠴᠠᠯᠭ᠋ᠠᠲᠠᠨ ᠨᠥᠬᠦᠳ 《ᠮᠡᠳᠡᠭᠳᠡᠯ》᠎ᠤᠨ ᠵᠣᠷᠢᠯᠭ᠎ᠠ ᠪᠠ ᠭᠤᠤᠯ ᠠᠭᠤᠯᠭ᠎ᠠ ᠵᠢᠨ ᠲᠤᠬᠠᠶ ᠲᠠᠶ᠋ᠢᠯᠤᠮᠵᠢ ᠬᠢᠪᠠ᠃

   ᠨᠢᠭᠡ᠂ ᠬᠠᠩᠭ᠋ᠠᠯᠭ᠎ᠠ ᠬᠡᠷᠡᠭᠴᠡᠭᠡ ᠵᠢ ᠰᠢᠯᠢᠳᠡᠭᠵᠢᠭᠦᠯᠵᠦ᠂ ᠠᠮᠢᠵᠢᠷᠠᠯ᠎ᠤᠨ ᠬᠦᠴᠦᠨ ᠨᠡᠮᠡᠷᠢᠯᠡᠵᠦ᠂ ᠨᠢᠭᠡ ᠯᠡ ᠳᠡᠭᠡᠷ᠎ᠡ ᠣᠯᠠᠨ ᠵᠦᠢ᠍ᠯ᠎ᠢ ᠪᠦᠲᠦᠭᠡᠬᠦ ᠲᠥᠷᠥ ᠵᠢᠨ ᠪᠣᠳᠣᠯᠭ᠎ᠠ ᠵᠢᠨ ᠦᠢ᠍ᠯᠡᠳᠦᠯ᠎ᠢ ᠪᠠᠳᠠᠷᠠᠭᠤᠯᠤᠨ᠎ᠠ

   ᠡᠨᠡ ᠵᠢᠯ᠎ᠤᠨ 6 ᠳ᠋ᠤᠭ᠋ᠠᠷ ᠰᠠᠷ᠎ᠠ᠎ᠳᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ᠎ᠠᠴᠠ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠲᠠᠢ ᠬᠠᠮᠲᠤᠷᠠᠨ ᠰᠤᠯᠠ ᠪᠠᠶ᠋ᠢᠭ᠎ᠠ ᠦᠯᠡᠳᠡᠭᠡᠯ ᠭᠠᠵᠠᠷ ᠰᠢᠷᠣᠶ ᠵᠢ ᠲᠣᠬᠢᠲᠠᠶ ᠰᠢᠢ᠍ᠳᠪᠦᠷᠢᠯᠡᠬᠦ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠨᠡᠶ᠋ᠢᠲᠡᠯᠡᠵᠦ᠂ ᠠᠵᠤ ᠠᠬᠤᠶ᠋ᠢᠯᠠᠯ᠎ᠢ ᠬᠠᠪᠰᠤᠷᠤᠨ ᠦᠯᠡᠳᠡᠭᠡᠯ ᠭᠠᠵᠠᠷ ᠰᠢᠷᠣᠶ ᠵᠢᠨ ᠡᠳ᠋ ᠬᠥᠷᠥᠩᠭᠡ ᠵᠢ ᠠᠮᠢᠳᠤᠯᠢᠭ ᠪᠣᠯᠭ᠋ᠠᠬᠤ᠂ ᠨᠡᠶ᠋ᠢᠯᠡᠭᠦᠯᠦᠨ ᠬᠤᠳᠠᠯᠳᠤᠨ ᠠᠪᠴᠤ ᠰᠢᠯᠵᠢᠭᠦᠯᠦᠨ ᠥᠭᠬᠦ ᠵᠢ ᠵᠣᠷᠢᠭᠵᠢᠭᠤᠯᠬᠤ᠂ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠭᠠᠵᠠᠷ ᠰᠢᠷᠣᠶ ᠬᠤᠷᠢᠶᠠᠬᠤ ᠵᠡᠷᠭᠡ ᠭᠤᠷᠪᠠᠨ ᠲᠠᠯ᠎ᠠ ᠵᠢᠨ 18 ᠵᠦᠢ᠍ᠯ᠎ᠤᠨ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠭᠠᠷᠭ᠋ᠠᠪᠠ᠃  ᠡᠯ᠎ᠡ ᠭᠠᠵᠠᠷ ᠨᠡᠶ᠋ᠢᠳᠡᠮ᠎ᠳᠤ᠎ᠪᠠᠨ ᠪᠠᠶᠠᠷᠯᠠᠨ ᠤᠭᠲᠣᠵᠤ ᠪᠠᠢ᠌ᠬᠤ ᠪᠣᠯᠪᠠᠴᠤ ᠬᠤᠳᠠᠯᠳᠤᠨ ᠠᠪᠤᠭᠰᠠᠨ ᠭᠠᠵᠠᠷ ᠰᠢᠷᠤᠢ᠎ᠪᠠᠨ ᠪᠤᠴᠠᠭ᠋ᠠᠨ ᠠᠪᠬᠤ᠎ᠳᠤ ᠪᠡᠯᠡ ᠮᠥᠩᠭᠦ ᠳᠤᠲᠠᠭᠳᠠᠵᠤ ᠪᠠᠢ᠌ᠬᠤ ᠵᠢ ᠲᠤᠰᠬᠠᠵᠤ ᠪᠠᠢ᠌ᠨ᠎ᠠ᠃ 《ᠮᠡᠳᠡᠭᠳᠡᠯ》᠎ᠳᠤ ᠡᠯ᠎ᠡ ᠭᠠᠵᠠᠷ᠎ᠤᠨ ᠲᠤᠰᠬᠠᠢ ᠵᠦᠢ᠍ᠯ᠎ᠤᠨ ᠵᠢᠭᠡᠯᠡᠯᠭᠡ ᠵᠢᠨ ᠲᠡᠮᠳᠡᠭᠲᠦ ᠵᠢᠨ ᠪᠡᠯᠡ ᠮᠥᠩᠭᠦ ᠵᠢ ᠠᠰᠢᠭᠯᠠᠨ ᠭᠠᠵᠠᠷ ᠰᠢᠷᠣᠢ ᠬᠤᠳᠠᠯᠳᠤᠨ ᠠᠪᠬᠤ ᠪᠠ ᠬᠤᠳᠠᠯᠳᠤᠨ ᠠᠪᠬᠤ ᠵᠢ ᠵᠣᠷᠢᠭᠵᠢᠭᠤᠯᠵᠤ᠂ ᠬᠠᠳᠠᠭ᠋ᠠᠯᠠᠯᠲᠠ ᠵᠢᠨ ᠬᠡᠮᠵᠢᠶ᠎ᠡ ᠵᠢ ᠠᠮᠢᠳᠤᠯᠢᠭᠵᠢᠭᠤᠯᠵᠤ᠂ ᠭᠤᠷᠪᠠᠨ ᠲᠠᠯ᠎ᠠ ᠵᠢᠨ ᠦᠢ᠍ᠯᠡᠳᠦᠯ᠎ᠢ ᠪᠠᠳᠠᠷᠠᠭᠤᠯᠵᠤ ᠳᠡᠶ᠋ᠢᠯᠦᠨ᠎ᠡ᠄ ᠨᠢᠭᠡ᠎ᠳᠤ᠂ ᠵᠠᠬ᠎ᠠ ᠳᠡᠯᠭᠡᠭᠦᠷ᠎ᠤᠨ ᠦᠯᠡᠳᠡᠭᠡᠯ ᠭᠡᠷ ᠪᠠᠶ᠋ᠢᠰᠢᠩ ᠭᠠᠵᠠᠷ ᠰᠢᠷᠣᠢ ᠵᠢᠨ ᠬᠥᠷᠥᠩᠭᠡ᠎ᠳᠤ ᠬᠡᠷᠡᠭᠯᠡᠬᠦ ᠭᠠᠵᠠᠷ᠎ᠤᠨ ᠬᠡᠪᠴᠢᠶ᠎ᠡ ᠵᠢ ᠪᠠᠭ᠋ᠠᠰᠬᠠᠵᠤ᠂ ᠭᠠᠵᠠᠷ ᠰᠢᠷᠣᠢ ᠵᠢᠨ ᠨᠥᠭᠡᠴᠡ ᠵᠢᠨ 《ᠤᠰᠤ ᠬᠠᠳᠠᠭ᠋ᠠᠯᠠᠬᠤ ᠴᠥᠭᠦᠷᠥᠮ》 ᠪᠠ ᠪᠡᠯᠡ ᠣᠷᠣᠭᠤᠯᠵᠤ ᠡᠶᠡᠳᠡᠭᠦᠯᠬᠦ ᠴᠢᠳᠠᠮᠵᠢ ᠵᠢ ᠨᠡᠩ ᠰᠠᠶ᠋ᠢᠲᠤᠷ ᠪᠠᠳᠠᠷᠠᠭᠤᠯᠵᠤ᠂ ᠵᠠᠬ᠎ᠠ ᠳᠡᠯᠭᠡᠭᠦᠷ᠎ᠤᠨ ᠵᠢᠱ᠌ᠢᠯᠲᠡ ᠵᠢ ᠲᠣᠭᠲᠠᠪᠤᠷᠢᠵᠢᠭᠤᠯᠤᠨ᠎ᠠ᠃ ᠬᠤᠶᠠᠷ᠎ᠲᠤ᠂ ᠪᠡᠯᠡ ᠮᠥᠩᠭᠦᠨ᠎ᠤ ᠭᠦᠢ᠍ᠯᠭᠡᠭᠡᠨ᠎ᠤ ᠴᠢᠨᠠᠷ᠎ᠢ ᠨᠡᠮᠡᠭᠳᠡᠭᠦᠯᠬᠦ᠎ᠨᠢ ᠭᠡᠷ ᠪᠠᠶ᠋ᠢᠰᠢᠩ᠎ᠤᠨ ᠠᠵᠤ ᠠᠬᠤᠶ᠋ᠢᠯᠠᠯ᠎ᠤᠨ ᠪᠡᠯᠡ ᠮᠥᠩᠭᠦ ᠵᠢ ᠲᠥᠪᠯᠡᠷᠡᠭᠦᠯᠦᠨ ᠣᠷᠣᠨ ᠰᠠᠭᠤᠴᠠ ᠵᠢ ᠪᠠᠲᠤᠯᠠᠬᠤ᠎ᠳᠤ ᠠᠰᠢᠭᠲᠠᠢ᠃ ᠭᠤᠷᠪᠠ᠎ᠳᠤ᠂ ᠬᠤᠷᠢᠶᠠᠨ ᠬᠠᠳᠠᠭ᠋ᠠᠯᠠᠭᠰᠠᠨ᠎ᠤ ᠳᠠᠷᠠᠭ᠎ᠠ 《ᠴᠡᠪᠡᠷ ᠭᠠᠵᠠᠷ》᠂ 《ᠰᠢᠯᠢᠳᠡᠭ ᠭᠠᠵᠠᠷ》᠎ᠢ ᠪᠣᠶ ᠪᠣᠯᠭ᠋ᠠᠵᠤ᠂ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠥᠬᠦᠭᠡᠷᠦᠮᠵᠢ ᠵᠢᠨ ᠳᠤᠲᠠᠭᠤᠳᠠᠯ᠎ᠢ ᠨᠥᠬᠦᠪᠥᠷᠢᠯᠡᠵᠦ ᠣᠷᠴᠢᠨ ᠲᠣᠭᠤᠷᠢᠨ᠎ᠢ ᠰᠠᠶ᠋ᠢᠵᠢᠷᠠᠭᠤᠯᠬᠤ᠎ᠳᠤ ᠠᠰᠢᠭᠲᠠᠶ᠎ᠪᠠᠷ ᠪᠠᠷᠠᠬᠤ ᠥᠬᠡᠶ᠂ ᠣᠷᠣᠨ ᠰᠠᠭᠤᠴᠠ ᠵᠢᠨ ᠬᠡᠷᠡᠭᠴᠡᠭᠡ ᠵᠢ ᠬᠠᠩᠭ᠋ᠠᠬᠤ᠎ᠳᠤ ᠴᠤ᠌ ᠠᠰᠢᠭᠲᠠᠶ ᠮᠥᠷᠲᠡᠭᠡᠨ ᠪᠠᠰᠠ ᠣᠷᠣᠨ ᠵᠠᠶ ᠵᠢ ᠰᠤᠯᠠᠯᠠᠵᠤ ᠪᠣᠳᠠᠲᠤ ᠴᠣᠭᠴᠠ ᠵᠢᠨ ᠠᠵᠤ ᠠᠬᠤᠶ ᠵᠢᠨ ᠬᠥᠭᠵᠢᠯᠲᠡ ᠵᠢ ᠳᠡᠮᠵᠢᠵᠦ᠂ ᠪᠦᠲᠦᠮᠵᠢᠲᠡᠶ ᠪᠠᠯᠠ ᠣᠷᠣᠭᠤᠯᠤᠯᠲᠠ ᠵᠢ ᠠᠬᠢᠭᠤᠯᠵᠤ ᠪᠣᠯᠤᠨ᠎ᠠ᠃

   ᠬᠤᠶᠠᠷ᠂ ᠳᠡᠰ ᠳᠠᠷᠠᠭ᠋ᠠᠯᠠᠯ᠎ᠢ ᠵᠢᠷᠤᠮᠵᠢᠭᠤᠯᠵᠤ᠂ ᠪᠠᠷᠢᠮᠵᠢᠶ᠎ᠠ ᠵᠢ ᠲᠣᠳᠣᠷᠬᠠᠶ᠋ᠢᠯᠠᠨ᠂ ᠡᠭᠡᠭᠦᠯᠦᠨ ᠬᠤᠷᠢᠶᠠᠬᠤ ᠭᠠᠵᠠᠷ ᠰᠢᠷᠣᠶ ᠵᠢᠨ ᠤᠷᠤᠭᠰᠢᠲᠠᠶ ᠬᠡᠷᠡᠭᠵᠢᠭᠦᠯᠦᠭᠳᠡᠬᠦ ᠵᠢ ᠪᠠᠲᠤᠯᠠᠨ᠎ᠠ

  《ᠮᠡᠳᠡᠭᠳᠡᠯ》᠎ᠨᠢ ᠬᠠᠷᠠᠯᠲᠠ ᠪᠠ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠵᠤ᠂ ᠡᠯ᠎ᠡ ᠭᠠᠵᠠᠷ᠎ᠤᠨ ᠠᠵᠢᠯ᠎ᠤᠨ ᠪᠣᠳᠠᠲᠤ ᠪᠠᠶ᠋ᠢᠳᠠᠯ᠎ᠲᠠᠢ᠎ᠪᠠᠨ ᠭᠦᠢ᠍ᠴᠡᠳ ᠤᠶᠠᠯᠳᠤᠭᠤᠯᠤᠨ᠂ ᠭᠠᠵᠠᠷ ᠰᠢᠷᠣᠶ ᠵᠢ ᠬᠤᠷᠢᠶᠠᠨ ᠠᠪᠴᠤ ᠬᠤᠳᠠᠯᠳᠤᠨ ᠠᠪᠬᠤ ᠵᠠᠩᠭᠢᠯᠠᠭ᠎ᠠ ᠵᠢᠨ ᠭᠤᠭᠴᠤᠭ᠎ᠠ ᠪᠠ ᠠᠵᠢᠯᠯᠠᠭ᠋ᠠᠨ᠎ᠤ ᠱᠠᠭ᠋ᠠᠷᠳᠠᠯᠭ᠎ᠠ ᠵᠢ ᠲᠣᠳᠣᠷᠬᠠᠶ᠋ᠢᠯᠠᠵᠤ᠂ ᠡᠯ᠎ᠡ ᠭᠠᠵᠠᠷ᠎ᠤᠨ ᠠᠵᠢᠯ᠎ᠢ ᠠᠬᠢᠭᠤᠯᠬᠤ᠎ᠳᠤ ᠲᠥᠷᠥ ᠵᠢᠨ ᠪᠣᠳᠣᠯᠭ᠎ᠠ ᠵᠢᠨ ᠦᠨᠳᠦᠰᠦᠯᠡᠯ ᠬᠠᠩᠭ᠋ᠠᠭᠰᠠᠨ ᠪᠠᠶ᠋ᠢᠨ᠎ᠠ᠃

   ᠨᠢᠭᠡ᠎ᠳᠤ᠂ ᠠᠵᠢᠯ᠎ᠤᠨ ᠵᠣᠷᠢᠯᠭ᠎ᠠ ᠪᠠ ᠦᠢ᠍ᠯᠡᠳᠦᠯ᠎ᠢ ᠴᠢᠬᠤᠯᠠᠴᠢᠯᠠᠨ᠎ᠠ᠃ ᠦᠵᠡᠯ ᠰᠠᠨᠠᠭ᠎ᠠ᠎ᠪᠠᠨ ᠨᠢᠭᠡᠳᠬᠡᠵᠦ᠂ ᠨᠠᠶ᠋ᠢᠳᠠᠪᠤᠷᠢᠵᠢᠭᠤᠯᠤᠯᠲᠠ ᠵᠢ ᠠᠬᠢᠭᠤᠯᠬᠤ ᠵᠢᠨ ᠲᠥᠯᠥᠭᠡ᠂ 《ᠮᠡᠳᠡᠭᠳᠡᠯ》᠎ᠳᠤ ᠡᠯ᠎ᠡ ᠭᠠᠵᠠᠷ᠎ᠤᠨ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠰᠠᠯᠠᠭ᠎ᠠ ᠮᠥᠴᠢᠷ᠎ᠤᠨ᠎ᠬᠢᠨ ᠤᠯᠤᠰ ᠲᠦᠷᠦ ᠵᠢᠨ ᠵᠣᠭᠰᠣᠴᠠ᠎ᠪᠠᠨ ᠳᠡᠭᠡᠭᠰᠢᠯᠡᠭᠦᠯᠵᠦ᠂ ᠰᠠᠨᠠᠭ᠋ᠠᠴᠢᠯᠠᠭ᠎ᠠ᠎ᠠᠴᠠ᠎ᠪᠠᠨ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠵᠦ᠂ ᠭᠠᠵᠠᠷ ᠰᠢᠷᠣᠢ ᠵᠢ ᠰᠢᠭᠰᠢᠨ ᠰᠣᠩᠭᠤᠬᠤ ᠪᠠ ᠲᠦᠷᠦᠯ ᠵᠦᠢ᠍ᠯ᠎ᠤᠨ ᠨᠥᠭᠡᠴᠡ ᠵᠢ ᠢᠳᠡᠪᠬᠢᠲᠡᠢ ᠰᠠᠶ᠋ᠢᠲᠤᠷ ᠬᠢᠵᠦ᠂ ᠲᠦᠷᠦ ᠵᠢᠨ ᠪᠤᠳᠤᠯᠭ᠎ᠠ ᠵᠢ ᠲᠦᠷᠭᠡᠨ ᠨᠠᠶ᠋ᠢᠳᠠᠪᠤᠷᠢᠵᠢᠭᠤᠯᠵᠤ ᠦᠷ᠎ᠡ ᠪᠦᠲᠦᠮᠵᠢ ᠤᠯᠬᠤ ᠵᠢ ᠠᠬᠢᠭᠤᠯᠬᠤ ᠬᠡᠷᠡᠭᠲᠡᠢ ᠭᠡᠵᠦ ᠱᠠᠭ᠋ᠠᠷᠳᠠᠪᠠ᠃

   ᠬᠤᠶᠠᠷ᠎ᠲᠤ᠂ ᠭᠤᠣᠯ ᠴᠣᠭᠴᠠ ᠵᠢ ᠲᠤᠭᠲᠠᠭ᠋ᠠᠨ᠎ᠠ᠃ ᠵᠢᠭᠡᠯᠡᠯᠭᠡ ᠵᠢᠨ ᠲᠡᠮᠳᠡᠭᠲᠦ ᠵᠢᠨ ᠪᠡᠯᠡ ᠮᠥᠩᠭᠦ ᠵᠢ ᠬᠠᠤᠯᠢ ᠶᠣᠰᠣᠭ᠋ᠠᠷ ᠲᠣᠭᠲᠠᠭ᠋ᠠᠯ᠎ᠳᠤ ᠨᠡᠶ᠋ᠢᠴᠡᠭᠦᠯᠦᠨ ᠬᠡᠷᠡᠭᠯᠡᠬᠦ ᠵᠢ ᠦᠨᠡᠨ ᠬᠦ᠌ ᠪᠠᠲᠤᠯᠠᠬᠤ ᠵᠢᠨ ᠲᠤᠰᠠᠳᠠ᠂ ᠬᠤᠷᠢᠶᠠᠨ ᠬᠠᠳᠠᠭ᠋ᠠᠯᠠᠬᠤ ᠲᠥᠷᠥᠯ ᠵᠦᠢ᠍ᠯ᠎ᠢ ᠵᠢᠷᠤᠮᠵᠢᠭᠤᠨ ᠪᠥᠭᠡᠳ ᠡᠮᠬᠢ ᠵᠢᠷᠤᠮ᠎ᠲᠠᠢ ᠬᠡᠷᠡᠭᠵᠢᠭᠦᠯᠵᠦ᠂ 《ᠮᠡᠳᠡᠭᠳᠡᠯ》᠎ᠳᠤ ᠨᠡᠷᠡᠰ᠎ᠤᠨ ᠵᠢᠭᠰᠠᠭ᠋ᠠᠯᠲᠠ᠎ᠳᠤ ᠣᠷᠣᠭᠤᠯᠤᠨ ᠬᠠᠮᠢᠶᠠᠷᠤᠭᠰᠠᠨ ᠭᠠᠵᠠᠷ ᠰᠢᠷᠣᠶ ᠨᠥᠭᠡᠴᠡᠯᠡᠬᠦ ᠪᠠᠶ᠋ᠢᠭᠤᠯᠤᠮᠵᠢ᠎ᠠᠴᠠ ᠪᠣᠳᠠᠲᠠᠶ ᠬᠡᠷᠡᠭᠵᠢᠭᠦᠯᠵᠦ ᠭᠠᠵᠠᠷ ᠬᠤᠷᠢᠶᠠᠬᠤ ᠠᠵᠢᠯ᠎ᠢ ᠲᠣᠳᠣᠷᠬᠠᠶ ᠲᠣᠭᠲᠠᠭ᠋ᠠᠪᠠ᠃ ᠡᠭᠦᠨ᠎ᠤ ᠬᠠᠮᠲᠤ ᠮᠡᠳᠡᠭᠡ ᠵᠠᠩᠭᠢ ᠵᠢᠨ ᠰᠢᠰᠲ᠋ᠧᠮ ᠪᠠ ᠨᠥᠭᠡᠴᠡᠯᠡᠬᠦ ᠭᠠᠵᠠᠷ᠎ᠤᠨ ᠢᠯᠭ᠋ᠠᠬᠤ ᠲᠡᠮᠳᠡᠭ ᠵᠡᠷᠭᠡ ᠱᠠᠭ᠋ᠠᠷᠳᠠᠯᠭ᠎ᠠ ᠵᠢ ᠴᠢᠬᠤᠯᠠᠴᠢᠯᠠᠪᠠ᠃ ᠡᠯ᠎ᠡ ᠭᠠᠵᠠᠷ᠎ᠤᠨ ᠭᠠᠵᠠᠷ ᠰᠢᠷᠣᠶ ᠨᠥᠭᠡᠴᠡᠯᠡᠬᠦ ᠪᠠᠶ᠋ᠢᠭᠤᠯᠤᠮᠵᠢ᠎ᠨᠤᠭᠤᠳ ᠡᠭᠦᠷᠭᠡ ᠴᠢᠳᠠᠪᠤᠷᠢ ᠵᠢᠨ ᠦᠢ᠍ᠯᠡᠳᠦᠯ ᠵᠶ᠋ᠠᠨ ᠢᠳᠡᠪᠬᠢᠲᠡᠶ ᠪᠠᠳᠠᠷᠠᠭᠤᠯᠵᠤ᠂ ᠲᠤᠰᠬᠠᠶ ᠵᠦᠢ᠍ᠯ᠎ᠤᠨ ᠵᠢᠭᠡᠯᠡᠯᠭᠡ ᠵᠢᠨ ᠲᠡᠮᠳᠡᠭᠲᠦ ᠵᠢᠨ ᠪᠡᠯᠡ ᠮᠥᠩᠭᠥ ᠵᠢ ᠭᠦᠢ᠍ᠴᠡᠳ ᠠᠰᠢᠭᠯᠠᠨ᠂ ᠰᠠᠨᠠᠭ᠋ᠠᠴᠢᠯᠠᠭ᠎ᠠ᠎ᠠᠴᠠ᠎ᠪᠠᠨ ᠠᠵᠢᠯᠯᠠᠵᠤ᠂ ᠭᠠᠵᠠᠷ ᠬᠤᠷᠢᠶᠠᠬᠤ ᠵᠢ ᠵᠢᠷᠤᠮᠵᠢᠭᠤᠯᠬᠤ ᠬᠡᠷᠡᠭᠲᠡᠶ᠃

   ᠭᠤᠷᠪᠠ᠎ᠳᠤ᠂ ᠬᠦᠷᠢᠶ᠎ᠡ ᠬᠡᠪᠴᠢᠶ᠎ᠡ ᠵᠢ ᠲᠤᠳᠤᠷᠬᠠᠢ᠌ᠯᠠᠨ᠎ᠠ᠃ ᠦᠯᠡᠳᠡᠭᠡᠯ ᠬᠡᠷ ᠪᠠᠶ᠋ᠢᠰᠢᠩ ᠭᠠᠵᠠᠷ ᠬᠥᠷᠥᠩᠭᠡ ᠵᠢᠨ ᠬᠡᠷᠡᠭᠯᠡᠬᠦ ᠭᠠᠵᠠᠷ᠎ᠢ ᠰᠢᠩᠭᠡᠭᠡᠬᠦ ᠵᠢᠨ ᠲᠥᠯᠥᠭᠡ᠂ 《ᠮᠡᠳᠡᠭᠳᠡᠯ》᠎ᠳᠤ ᠬᠤᠳᠠᠯᠳᠤᠨ ᠠᠪᠬᠤ ᠠᠵᠤ ᠠᠬᠤᠶ᠋ᠢᠯᠠᠯ᠎ᠤᠨ ᠬᠦᠴᠦᠨ ᠦᠭᠡᠢ ᠪᠣᠯᠤᠭᠰᠠᠨ ᠪᠤᠶᠤ ᠦᠷᠭᠦᠯᠵᠢᠯᠡᠨ ᠨᠡᠭᠡᠭᠡᠨ ᠬᠥᠭᠵᠢᠭᠦᠯᠬᠦ ᠳᠤᠷ᠎ᠠ ᠦᠭᠡᠢ ᠪᠣᠯᠤᠭᠰᠠᠨ ᠪᠠ ᠨᠢᠭᠡᠨᠲᠡ ᠬᠠᠩᠭ᠋ᠠᠭᠰᠠᠨ ᠠᠵᠢᠯ ᠵᠶ᠋ᠠᠨ ᠡᠬᠢᠯᠡᠭᠦᠯᠦᠭᠡᠳᠦᠶ ᠣᠷᠣᠨ ᠰᠠᠭᠤᠴᠠ ᠵᠢᠨ ᠬᠡᠷᠡᠭᠯᠡᠬᠦ ᠭᠠᠵᠠᠷ ᠪᠠ ᠬᠤᠳᠠᠯᠳᠤᠭ᠋ᠠᠴᠢᠨ᠎ᠤ ᠦᠢ᠍ᠯᠡᠴᠢᠯᠡᠭᠡ᠎ᠳᠤ ᠬᠡᠷᠡᠭᠯᠡᠬᠦ ᠭᠠᠵᠠᠷ᠎ᠢ ᠤᠷᠢᠳ ᠵᠶ᠋ᠠᠷ ᠬᠤᠷᠢᠶᠠᠨ ᠠᠪᠬᠤ ᠵᠢᠨ ᠬᠠᠮᠲᠤ ᠪᠠᠰᠠ ᠬᠤᠳᠠᠯᠳᠤᠨ ᠠᠪᠬᠤ ᠬᠡᠪᠴᠢᠶᠡᠨ᠎ᠳᠤ ᠣᠷᠣᠭᠤᠯᠵᠤ ᠪᠣᠯᠬᠤ ᠪᠤᠰᠤᠳ ᠲᠥᠷᠥᠯ ᠵᠦᠢ᠍ᠯ᠎ᠢ ᠲᠣᠭᠲᠠᠭ᠋ᠠᠭᠰᠠᠨ ᠪᠠᠶ᠋ᠢᠨ᠎ᠠ᠃

   ᠲᠦᠷᠪᠡ᠎ᠳᠤ᠂ ᠲᠦᠷᠦᠯ ᠵᠦᠢ᠍ᠯ᠎ᠢ ᠡᠮᠬᠢᠯᠡᠨ᠎ᠡ᠃ ᠬᠤᠷᠢᠶᠠᠬᠤ᠎ᠪᠠᠷ ᠪᠠᠶ᠋ᠢᠭ᠎ᠠ ᠭᠠᠵᠠᠷ᠎ᠤᠨ ᠬᠡᠰᠡᠭ᠎ᠢ ᠤᠯᠠᠮ ᠨᠢᠭᠡ ᠠᠯᠬᠤᠮ ᠬᠦᠷᠢᠶᠡᠯᠡᠨ ᠲᠣᠭᠲᠠᠭ᠋ᠠᠵᠤ᠂ ᠬᠤᠷᠢᠶᠠᠨ ᠠᠪᠴᠤ ᠬᠤᠳᠠᠯᠳᠤᠨ ᠠᠪᠬᠤ ᠲᠠᠰ ᠳᠠᠷᠠᠭ᠋ᠠᠯᠠᠯ᠎ᠢ ᠪᠦᠲᠦᠮᠵᠢᠲᠡᠶ ᠡᠬᠢᠯᠡᠭᠦᠯᠬᠦ ᠵᠢᠨ ᠲᠥᠯᠥᠭᠡ᠂ 《ᠮᠡᠳᠡᠭᠳᠡᠯ》᠎ᠳᠤ ᠰᠠᠭᠤᠷᠢ ᠲᠤᠭ᠎ᠠ ᠵᠢ ᠲᠣᠳᠣᠷᠬᠠᠶ ᠣᠶ᠋ᠢᠯᠠᠭ᠋ᠠᠬᠤ ᠠᠷᠭ᠎ᠠ ᠵᠢ ᠲᠣᠳᠣᠷᠬᠠᠶ᠋ᠢᠯᠠᠵᠤ᠂ ᠠᠵᠤ ᠠᠬᠤᠶ᠋ᠢᠯᠠᠯ᠎ᠤᠨ ᠬᠦᠰᠡᠯ ᠡᠷᠡᠮᠡᠯᠵᠡᠯ᠂ ᠵᠠᠬ᠎ᠠ ᠳᠡᠯᠭᠡᠭᠦᠷ᠎ᠤᠨ ᠬᠡᠷᠡᠭᠴᠡᠭᠡ ᠱᠠᠭ᠋ᠠᠷᠳᠠᠯᠭ᠎ᠠ᠂ ᠭᠠᠵᠠᠷ ᠰᠢᠷᠣᠶ ᠵᠢᠨ ᠨᠥᠬᠦᠴᠡᠯ ᠵᠡᠷᠭᠡ ᠬᠦᠴᠦᠨ ᠵᠦᠢ᠍ᠯ᠎ᠢ ᠶᠡᠷᠦᠩᠬᠡᠶ᠋ᠢᠯᠡᠨ ᠪᠣᠳᠣᠯᠬᠢᠯᠠᠵᠤ᠂ ᠰᠠᠨᠠᠮᠵᠢ ᠵᠢᠨ ᠭᠠᠵᠠᠷ᠎ᠤᠨ ᠬᠡᠰᠡᠭ ᠪᠠ ᠴᠠᠭ᠎ᠤᠨ ᠳᠠᠷᠠᠭ᠋ᠠᠯᠠᠯ᠎ᠤᠨ ᠲᠣᠬᠢᠷᠠᠭᠤᠯᠤᠯᠲᠠ ᠵᠢ ᠲᠣᠭᠲᠠᠭ᠋ᠠᠵᠤ᠂ ᠦᠯᠡᠳᠡᠭᠡᠯ ᠰᠤᠯᠠ ᠪᠠᠶ᠋ᠢᠭ᠎ᠠ ᠭᠠᠵᠠᠷ ᠰᠢᠷᠣᠶ ᠵᠢᠨ ᠨᠠᠷᠢᠨ ᠲᠠᠩᠰᠠ ᠵᠢ ᠴᠠᠭ ᠲᠤᠬᠠᠶ᠎ᠳᠤᠨᠢ ᠬᠥᠳᠡᠯᠦᠩᠭᠦᠶ᠎ᠪᠠᠷ ᠰᠢᠨᠡᠳᠬᠡᠨ ᠰᠢᠢ᠍ᠳᠪᠦᠷᠢᠯᠡᠬᠦ ᠵᠡᠷᠭᠡ ᠱᠠᠭ᠋ᠠᠷᠳᠠᠯᠭ᠎ᠠ ᠵᠢ ᠴᠢᠬᠤᠯᠠᠴᠢᠯᠠᠪᠠ᠃

   ᠲᠠᠪᠤ᠎ᠳᠤ᠂ ᠦᠨ᠎ᠡ ᠬᠠᠩᠰᠢ ᠵᠢᠨ ᠪᠠᠷᠢᠮᠵᠢᠶ᠎ᠠ ᠪᠠ ᠵᠢᠷᠤᠮ᠎ᠢ ᠲᠤᠳᠤᠷᠬᠠᠢ᠌ᠯᠠᠨ᠎ᠠ᠃ 《ᠮᠡᠳᠡᠭᠳᠡᠯ》᠎ᠳᠤ᠂ ᠭᠠᠵᠠᠷ ᠰᠢᠷᠣᠶ ᠨᠥᠭᠡᠴᠡᠯᠡᠬᠦ ᠪᠠᠶ᠋ᠢᠭᠤᠯᠤᠮᠵᠢ᠎ᠠᠴᠠ ᠳᠠᠩᠰᠠᠯᠠᠭᠤᠯᠤᠭᠰᠠᠨ ᠭᠠᠵᠠᠷ ᠰᠢᠷᠣᠶ ᠵᠢ ᠦᠨᠡᠯᠡᠨ ᠵᠢᠱ᠌ᠢᠬᠦ ᠪᠠᠶ᠋ᠢᠭᠤᠯᠤᠮᠵᠢ᠎ᠳᠤ ᠨᠠᠶ᠋ᠢᠳᠠᠵᠤ᠂ ᠬᠤᠷᠢᠶᠠᠬᠤ᠎ᠪᠠᠷ ᠪᠠᠶ᠋ᠢᠭ᠎ᠠ ᠭᠠᠵᠠᠷ᠎ᠤᠨ ᠦᠨ᠎ᠡ᠎ᠳᠤ ᠦᠨᠡᠯᠡᠨ ᠵᠢᠱ᠌ᠢᠯᠲᠡ ᠬᠢᠨ᠎ᠡ᠃ ᠬᠠᠷᠢᠴᠠᠭᠤᠯᠵᠤ ᠦᠨᠡᠯᠡᠨ ᠵᠢᠱ᠌ᠢᠬᠦ ᠦᠨ᠎ᠡ ᠬᠠᠩᠰᠢ ᠪᠣᠯᠤᠨ ᠭᠠᠵᠠᠷ ᠰᠢᠷᠣᠶ ᠵᠢᠨ ᠥᠪᠡᠷ᠎ᠤᠨ ᠥᠷᠲᠡᠭ᠎ᠢ ᠬᠠᠷᠢᠴᠠᠭᠤᠯᠤᠨ ᠦᠨᠡᠯᠡᠨ ᠵᠢᠱ᠌ᠢᠬᠦ ᠨᠥᠬᠦᠴᠡᠯ ᠳᠣᠤᠷ᠎ᠠ᠂ ᠶᠡᠷᠦᠩᠬᠡᠶ᠋ᠢᠯᠡᠨ ᠪᠣᠳᠣᠯᠬᠢᠯᠠᠬᠤ᠂ ᠬᠠᠮᠲᠤ᠎ᠪᠠᠷ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ᠎ᠪᠠᠷ ᠳᠠᠮᠵᠢᠭᠤᠯᠤᠨ ᠭᠠᠵᠠᠷ ᠬᠤᠷᠢᠶᠠᠬᠤ ᠦᠨ᠎ᠡ ᠬᠠᠩᠰᠢ ᠵᠢ ᠲᠣᠭᠲᠠᠭ᠋ᠠᠬᠤ ᠵᠢᠨ ᠬᠠᠮᠲᠤ ᠪᠠᠰᠠ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠦᠨ ᠬᠢᠨᠠᠨ ᠵᠥᠪᠰᠢᠶᠡᠷᠡᠭᠦᠯᠵᠦ ᠨᠤᠲᠠᠯᠠᠭᠤᠯᠬᠤ ᠵᠡᠷᠭᠡ ᠱᠠᠭ᠋ᠠᠷᠳᠠᠯᠭ᠎ᠠ ᠵᠢ ᠲᠣᠳᠣᠷᠬᠠᠶ ᠲᠣᠭᠲᠠᠭ᠋ᠠᠪᠠ᠃ 《ᠮᠡᠳᠡᠭᠳᠡᠯ》᠎ᠳᠤ ᠵᠠᠷᠴᠢᠮ᠎ᠤᠨ ᠴᠢᠨᠠᠷᠲᠠᠢ ᠦᠨ᠎ᠡ ᠬᠠᠩᠰᠢ ᠵᠢᠨ ᠪᠠᠷᠢᠮᠵᠢᠶ᠎ᠠ ᠪᠠ ᠳᠡᠰ ᠳᠠᠷᠠᠭ᠋ᠠᠯᠠᠯ᠎ᠢ ᠲᠣᠳᠣᠷᠬᠠᠶ᠋ᠢᠯᠠᠵᠤ᠂ ᠡᠯ᠎ᠡ ᠭᠠᠵᠠᠷ᠎ᠤᠨ᠎ᠬᠢᠨ ᠡᠨᠡ ᠬᠦ᠌ ᠪᠣᠷᠣ ᠲᠥᠯᠥᠪ᠎ᠤᠨ ᠳᠣᠣᠷ᠎ᠠ ᠦᠨᠡᠯᠡᠨ ᠵᠢᠱ᠌ᠢᠬᠦ ᠪᠠ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ ᠨᠠᠷᠢᠨ ᠳᠦᠷᠢᠮ᠎ᠢ ᠤᠯᠠᠮ ᠨᠢᠭᠡ ᠠᠯᠬᠤᠮ ᠨᠠᠷᠢᠯᠢᠭᠵᠢᠭᠤᠯᠵᠤ᠂ ᠭᠠᠵᠠᠷ ᠬᠤᠷᠢᠶᠠᠬᠤ ᠦᠨ᠎ᠡ ᠬᠠᠩᠰᠢ ᠵᠢᠨ ᠭᠤᠣᠯᠴᠢ ᠪᠥᠭᠡᠳ ᠵᠦᠢ ᠵᠣᠬᠢᠰᠲᠠᠢ᠂ ᠳᠡᠰ ᠳᠠᠷᠠᠭ᠋ᠠᠯᠠᠯ᠎ᠨᠢ ᠵᠢᠷᠤᠮᠵᠢᠯ᠎ᠲᠠᠢ ᠪᠠᠶ᠋ᠢᠬᠤ ᠵᠢ ᠦᠨᠡᠨ ᠬᠦ᠌ ᠪᠠᠲᠤᠯᠠᠬᠤ ᠬᠡᠷᠡᠭᠲᠡᠢ ᠭᠡᠵᠦ ᠲᠣᠳᠣᠷᠬᠠᠶ᠋ᠢᠯᠠᠪᠠ᠃

   ᠭᠤᠷᠪᠠ᠂ ᠭᠠᠵᠠᠷ ᠰᠢᠷᠣᠶ ᠵᠢ ᠬᠤᠷᠢᠶᠠᠨ ᠠᠪᠴᠤ ᠳᠠᠬᠢᠨ ᠬᠠᠩᠭ᠋ᠠᠬᠤ ᠵᠢ ᠴᠢᠩᠭ᠎ᠠ ᠬᠢᠵᠠᠭ᠋ᠠᠷᠯᠠᠵᠤ᠂ ᠭᠠᠵᠠᠷ ᠰᠢᠷᠣᠶ ᠵᠢᠨ ᠨᠥᠭᠡᠴᠡᠯᠡᠯᠲᠡ ᠵᠢᠨ ᠵᠣᠬᠢᠴᠠᠭᠤᠯᠬᠤ ᠦᠢ᠍ᠯᠡᠳᠦᠯ᠎ᠢ ᠪᠠᠳᠠᠷᠠᠭᠤᠯᠤᠨ᠎ᠠ

  《ᠮᠡᠳᠡᠭᠳᠡᠯ》᠎ᠨᠢ ᠬᠤᠷᠢᠶᠠᠨ ᠠᠪᠴᠤ ᠬᠤᠳᠠᠯᠳᠤᠨ ᠠᠪᠤᠭᠰᠠᠨ᠎ᠤ ᠳᠠᠷᠠᠭ᠋ᠠᠬᠢ ᠳᠠᠬᠢᠨ ᠬᠠᠩᠭ᠋ᠠᠯᠭ᠎ᠠ᠎ᠳᠤ ᠱᠠᠭ᠋ᠠᠷᠳᠠᠯᠭ᠎ᠠ ᠳᠤᠷᠠᠳᠴᠠᠢ᠃ ᠨᠢᠭᠡᠨᠲᠡ ᠬᠤᠷᠢᠶᠠᠨ ᠠᠪᠴᠤ ᠬᠤᠳᠠᠯᠳᠤᠨ ᠠᠪᠤᠭᠰᠠᠨ ᠭᠠᠵᠠᠷ ᠰᠢᠷᠣᠶ᠎ᠳᠤ ᠵᠠᠬ᠎ᠠ ᠳᠡᠯᠭᠡᠭᠦᠷ᠎ᠤᠨ ᠪᠠᠶ᠋ᠢᠳᠠᠯ᠎ᠢ ᠦᠨᠳᠦᠰᠦᠯᠡᠨ ᠳᠠᠬᠢᠨ ᠬᠠᠩᠭ᠋ᠠᠬᠤ ᠬᠡᠪᠴᠢᠶ᠎ᠡ ᠵᠢ ᠴᠢᠩᠭ᠎ᠠ ᠬᠢᠵᠠᠭ᠋ᠠᠷᠯᠠᠵᠤ᠂ ᠵᠠᠰᠠᠭ᠎ᠤᠨ ᠣᠷᠳᠣᠨ᠎ᠤ ᠭᠠᠷ᠎ᠲᠠᠬᠢ ᠭᠠᠵᠠᠷ ᠰᠢᠷᠣᠶ ᠵᠢᠨ ᠡᠳ᠋ ᠬᠥᠷᠥᠩᠭᠡ ᠵᠢᠨ 《ᠤᠰᠤ ᠬᠠᠳᠠᠭ᠋ᠠᠯᠠᠬᠤ ᠴᠥᠭᠦᠷᠥᠮ》᠎ᠢ ᠪᠣᠶ ᠪᠣᠯᠭ᠋ᠠᠵᠤ᠂ ᠲᠣᠬᠢᠷᠠᠭᠤᠯᠤᠨ ᠡᠵᠡᠮᠳᠡᠬᠦ ᠦᠢ᠍ᠯᠡᠳᠦᠯ᠎ᠢ ᠪᠦᠲᠦᠮᠵᠢᠲᠡᠶ ᠪᠠᠳᠠᠷᠠᠭᠤᠯᠵᠤ᠂ ᠵᠠᠬ᠎ᠠ ᠳᠡᠯᠭᠡᠭᠦᠷ᠎ᠤᠨ ᠲᠣᠭᠲᠠᠭᠤᠨ ᠪᠥᠭᠡᠳ ᠡᠷᠡᠭᠦᠯ ᠵᠶ᠋ᠠᠷ ᠬᠥᠭᠵᠢᠬᠦ ᠵᠢ ᠪᠠᠲᠤᠯᠠᠬᠤ ᠬᠡᠷᠡᠭᠲᠡᠶ᠃

   ᠡᠭᠦᠨ᠎ᠠᠴᠠ ᠭᠠᠳᠠᠨ᠎ᠠ᠂ 《ᠮᠡᠳᠡᠭᠳᠡᠯ》᠎ᠳᠤ ᠪᠠᠰᠠ ᠤᠯᠠᠨ ᠰᠠᠯᠠᠭ᠎ᠠ ᠮᠥᠴᠢᠷ ᠬᠠᠮᠵᠢᠯᠴᠠᠨ ᠬᠠᠮᠵᠢᠯᠴᠠᠵᠤ᠂ ᠤᠯᠠᠭ᠋ᠠᠨ ᠱᠤᠭᠤᠮ ᠬᠤᠷᠢᠭ᠎ᠠ ᠱᠤᠭᠤᠮ᠎ᠢ ᠴᠢᠩᠭ᠎ᠠ ᠰᠠᠬᠢᠬᠤ ᠵᠢ ᠴᠢᠬᠤᠯᠠᠴᠢᠯᠠᠪᠠ᠃ ᠡᠯ᠎ᠡ ᠱᠠᠲᠤᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠰᠤᠯᠠ ᠲᠠᠯᠪᠢᠵᠤ ᠪᠠᠶ᠋ᠢᠭ᠎ᠠ ᠭᠠᠵᠠᠷ ᠰᠢᠷᠣᠶ ᠵᠢ ᠰᠢᠢ᠍ᠳᠪᠦᠷᠢᠯᠡᠬᠦ ᠵᠢ ᠵᠣᠬᠢᠴᠠᠭᠤᠯᠤᠨ ᠠᠬᠢᠭᠤᠯᠬᠤ ᠲᠣᠭᠲᠠᠴᠠ ᠵᠢᠨ ᠨᠢᠭᠡᠳᠦᠯᠲᠡᠶ ᠤᠳᠤᠷᠢᠳᠤᠯᠭ᠎ᠠ ᠳᠣᠤᠷ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ᠂ ᠡᠳ᠋᠎ᠤᠨ ᠵᠠᠰᠠᠭ᠂ ᠬᠠᠤᠯᠢ ᠴᠠᠭ᠋ᠠᠵᠠ᠂ ᠭᠠᠶ᠋ᠢᠯᠢ ᠵᠢᠨ ᠶᠠᠪᠤᠳᠠᠯ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ᠎ᠯᠦᠭᠡ ᠨᠡᠪᠲᠡᠷᠡᠯᠴᠡᠨ ᠵᠣᠬᠢᠴᠠᠭᠤᠯᠬᠤ᠎ᠪᠠᠨ ᠴᠢᠩᠭ᠋ᠠᠳᠬᠠᠵᠤ᠂ ᠠᠵᠢᠯ᠎ᠤᠨ ᠨᠡᠶ᠋ᠢᠯᠡᠮᠡᠯ ᠬᠦᠴᠦᠨ᠎ᠢ ᠪᠦᠷᠢᠯᠳᠦᠭᠦᠯᠬᠦ ᠬᠡᠷᠡᠭᠲᠡᠶ ᠭᠡᠵᠦ ᠱᠠᠭ᠋ᠠᠷᠳᠠᠪᠠ᠃ ᠡᠭᠦᠨ᠎ᠤ ᠬᠠᠮᠲᠤ ᠬᠠᠤᠯᠢ ᠲᠣᠭᠲᠠᠭ᠋ᠠᠯ ᠶᠣᠰᠣᠭ᠋ᠠᠷ ᠠᠵᠢᠯ ᠵᠶ᠋ᠠᠨ ᠠᠬᠢᠭᠤᠯᠵᠤ᠂ ᠠᠷᠢᠭᠤᠨ ᠴᠢᠬᠡᠴᠢ᠎ᠪᠠᠷ ᠵᠠᠰᠠᠭ ᠪᠠᠷᠢᠬᠤ ᠠᠶᠤᠯ ᠲᠦᠭᠰᠢᠭᠦᠷᠢ ᠪᠠ ᠶᠣᠰᠣ ᠰᠤᠷᠲᠠᠬᠤᠨ᠎ᠤ ᠠᠶᠤᠯ ᠲᠦᠭᠰᠢᠭᠦᠷᠢ ᠵᠢ ᠰᠡᠷᠭᠡᠶ᠋ᠢᠯᠡᠬᠦ ᠬᠡᠷᠡᠭᠲᠡᠶ᠃

  

 

ᠢᠷᠡᠯᠲᠡ᠄ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ