ᠨᠢᠭᠡ᠂ ᠨᠡᠶ᠋ᠢᠲᠡᠯᠡᠭᠰᠡᠨ ᠠᠬᠤᠶ ᠪᠠᠶ᠋ᠢᠳᠠᠯ
2024 ᠣᠨ᠎ᠤ 8 ᠳ᠋ᠤᠭ᠋ᠠᠷ ᠰᠠᠷ᠎ᠠ ᠵᠢᠨ 5᠎ᠤ ᠡᠳᠦᠷ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ 《〈ᠮᠢᠩᠭ᠎ᠠ ᠲᠦᠮᠡ ᠵᠢᠨ ᠢᠨᠵᠧᠨᠧᠷᠢᠩ〉᠎ᠤᠨ ᠲᠤᠷᠰᠢᠯᠭ᠎ᠠ ᠵᠢ ᠰᠤᠷᠤᠯᠴᠠᠨ ᠬᠡᠷᠡᠭᠯᠡᠵᠦ ᠪᠥᠬᠦ ᠣᠷᠣᠨ ᠪᠦᠰᠡ ᠵᠢᠨ ᠭᠠᠵᠠᠷ ᠰᠢᠷᠣᠶ ᠵᠢ ᠶᠡᠷᠦᠩᠬᠡᠶ᠋ᠢᠯᠡᠨ ᠴᠡᠭᠴᠡᠯᠡᠨ ᠵᠠᠰᠠᠬᠤ ᠠᠵᠢᠯ᠎ᠢ ᠭᠦᠨᠵᠡᠭᠡᠶ ᠠᠬᠢᠭᠤᠯᠬᠤ ᠲᠤᠬᠠᠶ ᠰᠠᠨᠠᠯ》 (ᠪᠠᠶ᠋ᠢᠭ᠋ᠠᠯᠢ ᠵᠢᠨ ᠡᠬᠢ ᠪᠠᠶᠠᠯᠢᠭ ᠲᠠᠷᠬᠠᠭ᠋ᠠᠭᠰᠠᠨ [2024] 149 ᠳ᠋ᠦᠭᠡᠷ ᠲᠣᠭ᠋ᠠᠲᠤ)᠎ᠢ ᠳᠠᠷᠤᠮᠠᠯᠯᠠᠨ ᠲᠠᠷᠬᠠᠭ᠋ᠠᠵᠤ᠂ ᠪᠢᠴᠢᠭ ᠮᠠᠲ᠋ᠧᠷᠢᠶᠠᠯ᠎ᠳᠤ ᠮᠤᠵᠢ ᠵᠢᠨ ᠱᠠᠲᠤᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠬᠡᠷᠡᠭᠵᠢᠭᠦᠯᠬᠦ ᠰᠠᠨᠠᠯ ᠪᠤᠶᠤ ᠬᠠᠮᠢᠶᠠᠷᠤᠯᠲᠠ ᠵᠢᠨ ᠠᠷᠭ᠎ᠠ ᠵᠢ ᠲᠣᠭᠲᠠᠭ᠋ᠠᠵᠤ᠂ ᠮᠤᠵᠢ ᠵᠢᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠦᠨ ᠵᠥᠪᠰᠢᠶᠡᠷᠡᠭᠦᠯᠦᠭᠰᠡᠨ᠎ᠤ ᠳᠠᠷᠠᠭ᠎ᠠ ᠡᠮᠬᠢ ᠵᠢᠷᠤᠮ᠎ᠲᠠᠢ ᠳᠣᠭᠢᠷᠠᠭᠤᠯᠤᠨ᠂ ᠯᠠᠪᠳᠠᠭᠤᠨ ᠵᠶ᠋ᠠᠷ ᠠᠬᠢᠭᠤᠯᠤᠨ᠎ᠠ᠃
ᠶᠡᠷᠦᠩᠬᠡᠶ ᠱᠦᠵᠢ ᠰᠢ ᠵᠢᠨ ᠫᠢᠩ᠎ᠤᠨ 《ᠮᠢᠩᠭ᠎ᠠ ᠲᠦᠮᠡ ᠵᠢᠨ ᠢᠨᠵᠧᠨᠧᠷᠢᠩ》᠎ᠤᠨ ᠲᠤᠷᠰᠢᠯᠭ᠎ᠠ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠰᠤᠷᠤᠯᠴᠠᠨ ᠬᠡᠷᠡᠭᠯᠡᠵᠦ᠂ ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶᠠᠨ᠎ᠤ ᠭᠤᠷᠪᠠᠳᠤᠭ᠋ᠠᠷ ᠪᠥᠬᠦᠳᠡ ᠬᠤᠷᠠᠯ᠎ᠤᠨ ᠬᠤᠲᠠ ᠬᠥᠳᠡᠭᠡ ᠵᠢ ᠠᠭᠤᠰᠤᠯᠴᠠᠭᠤᠯᠤᠨ ᠬᠥᠭᠵᠢᠭᠦᠯᠬᠦ ᠪᠠᠶ᠋ᠢᠭᠤᠯᠤᠯ ᠲᠣᠭᠲᠠᠴᠠ ᠵᠢ ᠲᠡᠭᠦᠯᠳᠡᠷᠵᠢᠭᠦᠯᠬᠦ᠂ ᠭᠠᠵᠠᠷ ᠰᠢᠷᠣᠶ ᠵᠢᠨ ᠲᠦᠷᠢᠮ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠲᠤᠬᠠᠶ ᠰᠢᠢ᠍ᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠬᠢᠨᠠᠮᠠᠭ᠋ᠠᠶ ᠨᠠᠶ᠋ᠢᠳᠠᠪᠤᠷᠢᠵᠢᠭᠤᠯᠬᠤ ᠵᠢᠨ ᠲᠥᠯᠥᠭᠡ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ᠎ᠤ ᠬᠤᠯᠪᠣᠭᠳᠠᠯ ᠪᠥᠬᠦᠶ ᠱᠠᠭ᠋ᠠᠷᠳᠠᠯᠭ᠎ᠠ ᠵᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ᠂ 2024 ᠣᠨ᠎ᠤ 12 ᠳ᠋ᠤᠭ᠋ᠠᠷ ᠰᠠᠷ᠎ᠠ ᠵᠢᠨ 30᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ 《〈ᠮᠢᠩᠭ᠎ᠠ ᠲᠦᠮᠡ ᠵᠢᠨ ᠢᠨᠵᠧᠨᠧᠷᠢᠩ〉᠎ᠢ ᠰᠤᠷᠤᠯᠴᠠᠨ ᠬᠡᠷᠡᠭᠯᠡᠵᠦ ᠪᠥᠬᠦ ᠣᠷᠣᠨ ᠪᠦᠰᠡ ᠵᠢᠨ ᠭᠠᠵᠠᠷ ᠰᠢᠷᠣᠶ ᠵᠢ ᠶᠡᠷᠦᠩᠬᠡᠶ᠋ᠢᠯᠡᠨ ᠴᠡᠭᠴᠡᠯᠡᠨ ᠵᠠᠰᠠᠬᠤ ᠠᠵᠢᠯ᠎ᠢ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ (ᠲᠤᠷᠰᠢᠨ ᠬᠡᠷᠡᠭᠵᠢᠭᠦᠯᠬᠦ)》 (ᠳᠣᠷᠣᠭᠰᠢ 《ᠬᠡᠷᠡᠭᠵᠢᠭᠦᠯᠬᠦ ᠰᠠᠨᠠᠯ》 ᠭᠡᠵᠦ ᠲᠣᠪᠴᠢᠯᠠᠨ᠎ᠠ)᠎ᠢ ᠳᠠᠷᠤᠮᠠᠯᠯᠠᠨ ᠲᠠᠷᠬᠠᠭ᠋ᠠᠵᠤ᠂ ᠶᠡᠷᠦᠩᠬᠡᠶ ᠱᠠᠭ᠋ᠠᠷᠳᠠᠯᠭ᠎ᠠ᠂ ᠬᠡᠷᠡᠭᠵᠢᠭᠦᠯᠬᠦ ᠠᠷᠭ᠎ᠠ ᠵᠠᠮ᠂ ᠭᠤᠤᠯ ᠬᠡᠷᠡᠭᠵᠢᠭᠦᠯᠬᠦ ᠠᠭᠤᠯᠭ᠎ᠠ᠂ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠪᠠ ᠠᠵᠢᠯ᠎ᠤᠨ ᠪᠠᠲᠤᠯᠠᠭ᠎ᠠ ᠵᠡᠷᠭᠡ 5 ᠲᠠᠯ᠎ᠠ᠎ᠠᠴᠠ ᠪᠥᠬᠦ ᠣᠷᠣᠨ ᠪᠦᠰᠡ ᠵᠢᠨ ᠭᠠᠵᠠᠷ ᠰᠢᠷᠣᠶ ᠵᠢ ᠶᠡᠷᠦᠩᠬᠡᠶ᠋ᠢᠯᠡᠨ ᠴᠡᠭᠴᠡᠯᠡᠨ ᠵᠠᠰᠠᠬᠤ ᠠᠵᠢᠯ᠎ᠢ ᠠᠬᠢᠭᠤᠯᠬᠤ ᠲᠤᠬᠠᠶ ᠲᠣᠳᠣᠷᠬᠠᠶ ᠱᠠᠭ᠋ᠠᠷᠳᠠᠯᠭ᠎ᠠ ᠳᠤᠷᠠᠳᠴᠤ᠂ ᠪᠥᠬᠦ ᠣᠷᠣᠨ ᠪᠦᠰᠡ ᠵᠢᠨ ᠭᠠᠵᠠᠷ ᠰᠢᠷᠣᠶ ᠵᠢ ᠶᠡᠷᠦᠩᠬᠡᠶ᠋ᠢᠯᠡᠨ ᠴᠡᠭᠴᠡᠯᠡᠨ ᠵᠠᠰᠠᠬᠤ ᠲᠠᠪᠴᠠᠩ᠎ᠤᠨ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ᠂ ᠣᠷᠣᠰᠢᠨ ᠰᠠᠭᠤᠬᠤ᠎ᠳᠤ ᠲᠣᠬᠢᠷᠠᠮᠵᠢᠲᠠᠶ ᠪᠠ ᠦᠵᠡᠰᠬᠦᠯᠡᠩᠲᠦ ᠰᠠᠶ᠋ᠢᠬᠠᠨ ᠬᠥᠳᠡᠭᠡ ᠲᠣᠰᠬᠤᠨ᠎ᠢ ᠪᠥᠲᠥᠭᠡᠨ ᠪᠠᠶ᠋ᠢᠭᠤᠯᠬᠤ᠎ᠳᠤ ᠬᠦᠴᠦᠨ ᠨᠡᠮᠡᠷᠢᠯᠡᠨ᠎ᠡ᠃
ᠬᠤᠶᠠᠷ᠂ 《ᠬᠡᠷᠡᠭᠵᠢᠭᠦᠯᠬᠦ ᠰᠠᠨᠠᠯ》᠎ᠢ ᠲᠣᠭᠲᠠᠭ᠋ᠠᠭᠰᠠᠨ ᠦᠨᠳᠦᠰᠦᠯᠡᠯ
《ᠬᠡᠷᠡᠭᠵᠢᠭᠦᠯᠬᠦ ᠰᠠᠨᠠᠯ》᠎ᠳᠤ ᠲᠣᠭᠲᠠᠭ᠋ᠠᠭᠰᠠᠨ ᠭᠤᠤᠯ ᠦᠨᠳᠦᠰᠦᠯᠡᠯ ᠪᠣᠯ 《〈ᠮᠢᠩᠭ᠎ᠠ ᠲᠦᠮᠡ ᠵᠢᠨ ᠢᠨᠵᠧᠨᠧᠷᠢᠩ〉᠎ᠢ ᠰᠤᠷᠤᠯᠴᠠᠨ ᠬᠡᠷᠡᠭᠯᠡᠵᠦ ᠪᠥᠬᠦ ᠣᠷᠣᠨ ᠪᠦᠰᠡ ᠵᠢᠨ ᠭᠠᠵᠠᠷ ᠰᠢᠷᠣᠶ ᠵᠢ ᠶᠡᠷᠦᠩᠬᠡᠶ᠋ᠢᠯᠡᠨ ᠴᠡᠭᠴᠡᠯᠡᠨ ᠵᠠᠰᠠᠬᠤ ᠠᠵᠢᠯ᠎ᠢ ᠭᠦᠨᠵᠡᠭᠡᠶ ᠠᠬᠢᠭᠤᠯᠬᠤ ᠲᠤᠬᠠᠶ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ᠎ᠤ ᠰᠠᠨᠠᠯ》 (ᠪᠠᠶ᠋ᠢᠭ᠋ᠠᠯᠢ ᠵᠢᠨ ᠡᠬᠢ ᠪᠠᠶᠠᠯᠢᠭ ᠲᠠᠷᠬᠠᠭ᠋ᠠᠭᠰᠠᠨ [2024] 149 ᠳ᠋ᠤᠭᠡᠷ ᠲᠣᠭ᠋ᠠᠲᠤ)᠂ 《〈ᠪᠥᠬᠦ ᠣᠷᠣᠨ ᠪᠦᠰᠡ ᠵᠢᠨ ᠭᠠᠵᠠᠷ ᠰᠢᠷᠣᠶ ᠵᠢ ᠶᠡᠷᠦᠩᠬᠡᠶ᠋ᠢᠯᠡᠨ ᠴᠡᠭᠴᠡᠯᠡᠨ ᠵᠠᠰᠠᠬᠤ ᠬᠡᠷᠡᠭᠵᠢᠭᠦᠯᠬᠦ ᠵᠦᠭᠯᠡᠭᠦᠷ (ᠲᠤᠷᠰᠢᠨ ᠬᠡᠷᠡᠭᠵᠢᠭᠦᠯᠬᠦ)》᠎ᠢ ᠳᠠᠷᠤᠮᠠᠯᠯᠠᠨ ᠶᠠᠪᠤᠭᠤᠯᠬᠤ ᠲᠤᠬᠠᠶ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ᠎ᠤ ᠠᠯᠪᠠᠨ ᠲᠢᠩᠬᠢᠮ᠎ᠤᠨ ᠮᠡᠳᠡᠭᠳᠡᠯ》 (ᠪᠠᠶ᠋ᠢᠭ᠋ᠠᠯᠢ ᠵᠢᠨ ᠡᠬᠢ ᠪᠠᠶᠠᠯᠢᠭ ᠠᠯᠪᠠᠨ ᠲᠠᠷᠬᠠᠭ᠋ᠠᠭᠰᠠᠨ [2024] 57 ᠳ᠋ᠤᠭ᠋ᠠᠷ ᠲᠣᠭ᠋ᠠᠲᠤ)᠂ 《ᠥᠪᠥᠷ ᠮᠣᠩᠭᠤᠯ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠢᠨ᠎ᠡ ᠬᠠᠭᠤᠳᠠᠰᠤ ᠵᠢ ᠴᠢᠷᠮᠠᠶ᠋ᠢᠨ ᠪᠢᠴᠢᠭᠯᠡᠬᠦ ᠲᠤᠬᠠᠶ ᠲᠥᠷᠥ ᠵᠢᠨ ᠶᠠᠪᠤᠳᠠᠯ᠎ᠤᠨ ᠬᠤᠷᠢᠶᠠᠨ᠎ᠤ ᠰᠠᠨᠠᠯ》 (ᠲᠥᠷᠥ ᠲᠠᠷᠬᠠᠭ᠋ᠠᠭᠰᠠᠨ [2023] 16 ᠳ᠋ᠤᠭ᠋ᠠᠷ ᠲᠣᠭ᠋ᠠᠲᠤ)᠂ 《ᠥᠪᠥᠷ ᠮᠣᠩᠭᠤᠯ᠎ᠤᠨ ᠡᠬᠢ ᠪᠠᠶᠠᠯᠢᠭ᠎ᠤᠨ ᠳᠠᠪᠠᠭᠤᠯᠢᠭ ᠵᠶ᠋ᠠᠨ ᠪᠠᠳᠠᠷᠠᠭᠤᠯᠵᠤ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠵᠢ ᠳᠡᠮᠵᠢᠬᠦ ᠲᠤᠬᠠᠶ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ᠎ᠤ ᠰᠠᠨᠠᠯ》 (ᠪᠠᠶ᠋ᠢᠭ᠋ᠠᠯᠢ ᠵᠢᠨ ᠡᠬᠢ ᠪᠠᠶᠠᠯᠢᠭ ᠵᠠᠬᠢᠳᠠᠯ [2024] 224 ᠳ᠋ᠦ᠍ᠭᠡᠷ ᠲᠣᠭ᠋ᠠᠲᠤ)᠂ 《ᠪᠠᠶ᠋ᠢᠭ᠋ᠠᠯᠢ ᠵᠢᠨ ᠡᠬᠢ ᠪᠠᠶᠠᠯᠢᠭ᠎ᠢ ᠬᠠᠮᠠᠭ᠋ᠠᠯᠠᠬᠤ ᠪᠠ ᠥᠨᠢᠳᠡ ᠵᠢᠨ ᠦᠷᠭᠦᠯᠵᠢᠯᠡᠨ ᠠᠰᠢᠭᠯᠠᠵᠤ ᠦᠵᠡᠰᠭᠦᠯᠡᠩᠲᠦ ᠰᠠᠶ᠋ᠢᠬᠠᠨ ᠳᠤᠮᠳᠠᠳᠤ ᠤᠯᠤᠰ᠎ᠤᠨ ᠪᠦᠲᠦᠭᠡᠨ ᠪᠠᠶ᠋ᠢᠭᠤᠯᠤᠯᠲᠠ ᠵᠢ ᠯᠠᠪᠳᠠᠭᠤᠨ ᠪᠠᠲᠤᠲᠠᠶ ᠠᠬᠢᠭᠤᠯᠬᠤ ᠲᠤᠬᠠᠶ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ᠎ᠤ ᠬᠡᠷᠡᠭᠵᠢᠭᠦᠯᠬᠦ ᠰᠠᠨᠠᠯ》 (ᠪᠠᠶ᠋ᠢᠭ᠋ᠠᠯᠢ ᠵᠢᠨ ᠡᠬᠢ ᠪᠠᠶᠠᠯᠢᠭ ᠲᠠᠷᠬᠠᠭ᠋ᠠᠭᠰᠠᠨ [2024] 150 ᠳ᠋ᠤᠭ᠋ᠠᠷ ᠲᠣᠭ᠋ᠠᠲᠤ)᠂ 《ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ᠎ᠤ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ ᠡᠳ᠋᠎ᠤᠨ ᠵᠠᠰᠠᠭ᠎ᠤᠨ ᠶᠠᠮᠤᠨ ᠤᠯᠤᠰ᠎ᠤᠨ ᠣᠢ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠬᠡᠷᠡᠭᠵᠢᠭᠦᠯᠬᠦ ᠰᠠᠨᠠᠯ》 (ᠪᠠᠶ᠋ᠢᠭ᠋ᠠᠯᠢ ᠵᠢᠨ ᠡᠬᠢ ᠪᠠᠶᠠᠯᠢᠭ ᠲᠠᠷᠬᠠᠭ᠋ᠠᠭᠰᠠᠨ [2024] 151 ᠳ᠋ᠦ᠍ᠭᠡᠷ ᠲᠣᠭ᠋ᠠᠲᠤ) ᠵᠡᠷᠭᠡ ᠪᠢᠴᠢᠭ ᠮᠠᠲ᠋ᠧᠷᠢᠶᠠᠯ᠎ᠢ ᠰᠤᠷᠤᠯᠴᠠᠨ ᠬᠡᠷᠡᠭᠯᠡᠪᠡ᠃
ᠭᠤᠷᠪᠠ᠂ 《ᠬᠡᠷᠡᠭᠵᠢᠭᠦᠯᠬᠦ ᠰᠠᠨᠠᠯ》᠎ᠤᠨ ᠦᠨᠳᠦᠰᠦᠨ ᠪᠣᠷᠣ ᠲᠥᠯᠥᠪ ᠪᠠ ᠭᠤᠣᠯ ᠠᠭᠤᠯᠭ᠎ᠠ
《ᠬᠡᠷᠡᠭᠵᠢᠭᠦᠯᠬᠦ ᠰᠠᠨᠠᠯ》᠎ᠳᠤ ᠭᠤᠣᠯᠳᠠᠭᠤ ᠶᠡᠷᠦᠩᠬᠡᠢ ᠱᠠᠭ᠋ᠠᠷᠳᠠᠯᠭ᠎ᠠ᠂ ᠬᠡᠷᠡᠭᠵᠢᠭᠦᠯᠬᠦ ᠠᠷᠭ᠎ᠠ ᠵᠠᠮ᠂ ᠭᠤᠣᠯ ᠬᠡᠷᠡᠭᠵᠢᠭᠦᠯᠬᠦ ᠠᠭᠤᠯᠭ᠎ᠠ᠂ ᠲᠦᠷᠦ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠪᠠ ᠠᠵᠢᠯ᠎ᠤᠨ ᠪᠠᠲᠤᠯᠠᠭ᠎ᠠ ᠨᠡᠶ᠋ᠢᠲᠡ ᠲᠠᠪᠤᠨ ᠬᠡᠰᠡᠭ ᠪᠠᠭᠲᠠᠨ᠎ᠠ᠃
ᠨᠢᠭᠡᠳᠦᠭᠡᠷ ᠬᠡᠰᠡᠭ᠂ ᠶᠡᠷᠦᠩᠬᠡᠶ ᠱᠠᠭ᠋ᠠᠷᠳᠠᠯᠭ᠎ᠠ᠎ᠨᠢ ᠪᠥᠬᠦ ᠣᠷᠣᠨ ᠪᠦᠰᠡ ᠵᠢᠨ ᠭᠠᠵᠠᠷ ᠰᠢᠷᠣᠶ ᠵᠢ ᠶᠡᠷᠦᠩᠬᠡᠶ᠋ᠢᠯᠡᠨ ᠴᠡᠭᠴᠡᠯᠡᠨ ᠵᠠᠰᠠᠬᠤ ᠲᠠᠪᠴᠠᠩ᠎ᠤᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠤᠯᠤᠰ᠎ᠤᠨ ᠭᠠᠵᠠᠷ ᠰᠢᠷᠣᠶ ᠵᠢᠨ ᠣᠷᠣᠨ ᠵᠠᠶ ᠵᠢᠨ ᠲᠥᠯᠥᠪᠵᠢᠭᠦᠯᠭᠡ ᠵᠢ ᠦᠨᠳᠦᠰᠦᠯᠡᠨ᠂ ᠬᠤᠰᠢᠭᠤ ᠰᠢᠶᠠᠨ (ᠬᠤᠲᠠ᠂ ᠲᠣᠭᠤᠷᠢᠭ) ᠵᠶ᠋ᠠᠷ ᠨᠢᠭᠡᠳᠦᠯᠲᠡᠶ ᠲᠥᠯᠥᠪᠯᠡᠬᠦ ᠨᠢᠭᠡᠴᠢ ᠪᠣᠯᠭ᠋ᠠᠵᠤ᠂ ᠰᠤᠮᠤ ᠰᠢᠶᠠᠩ ᠪᠠᠯᠭ᠋ᠠᠰᠤ᠎ᠪᠠᠷ ᠦᠨᠳᠦᠰᠦᠨ ᠬᠡᠷᠡᠭᠵᠢᠭᠦᠯᠬᠦ ᠨᠢᠭᠡᠴᠢ ᠪᠣᠯᠭ᠋ᠠᠵᠤ᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠵᠢ ᠰᠢᠰᠲ᠋ᠧᠮ᠎ᠲᠠᠢ ᠵᠠᠰᠠᠬᠤ ᠵᠢ ᠨᠢᠭᠡᠳᠦᠯᠲᠡᠶ ᠲᠥᠯᠥᠪᠵᠢᠭᠦᠯᠵᠦ᠂ ᠴᠡᠭᠴᠡᠯᠡᠨ ᠵᠠᠰᠠᠬᠤ ᠣᠷᠣᠨ ᠪᠦᠰᠡ ᠵᠢ ᠰᠢᠨᠵᠢᠯᠡᠬᠦ ᠤᠬᠠᠭ᠋ᠠᠨᠴᠢ᠎ᠪᠠᠷ ᠵᠦᠶ ᠵᠣᠬᠢᠰᠲᠠᠶ ᠲᠣᠭᠲᠠᠭ᠋ᠠᠵᠤ᠂ ᠲᠠᠷᠢᠶᠠᠨ ᠭᠠᠵᠠᠷ᠎ᠢ ᠡᠵᠡᠯᠡᠬᠦ ᠪᠠ ᠨᠥᠬᠦᠪᠥᠷᠢᠯᠡᠬᠦ ᠵᠢ ᠲᠡᠩᠴᠡᠭᠦᠷᠢᠲᠡᠶ ᠪᠠᠶ᠋ᠢᠯᠭ᠋ᠠᠬᠤ ᠵᠡᠷᠭᠡ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠶᠡᠷᠦᠩᠬᠡᠶ᠋ᠢᠯᠡᠨ ᠬᠡᠷᠡᠭᠯᠡᠵᠦ᠂ ᠮᠠᠯᠵᠢᠬᠤ ᠲᠠᠷᠢᠶᠠᠯᠠᠬᠤ ᠣᠷᠣᠨ᠎ᠤ ᠠᠮᠢ ᠠᠬᠤᠶ ᠵᠢᠨ ᠣᠷᠴᠢᠨ ᠲᠣᠭᠤᠷᠢᠨ ᠪᠠ ᠮᠠᠯᠴᠢᠨ ᠲᠠᠷᠢᠶᠠᠴᠢᠨ᠎ᠤ ᠦᠢ᠍ᠯᠡᠳᠪᠦᠷᠢᠯᠡᠯ ᠠᠮᠢᠳᠤᠷᠠᠯ᠎ᠤᠨ ᠨᠥᠬᠦᠴᠡᠯ᠎ᠢ ᠰᠠᠶ᠋ᠢᠵᠢᠷᠠᠭᠤᠯᠵᠤ᠂ ᠮᠠᠯᠵᠢᠬᠤ ᠲᠠᠷᠢᠶᠠᠯᠠᠬᠤ ᠣᠷᠣᠨ᠎ᠤ ᠨᠢᠭᠡᠳᠦᠭᠡᠷ ᠬᠤᠶᠠᠳᠤᠭ᠋ᠠᠷ ᠭᠤᠷᠪᠠᠳᠤᠭ᠋ᠠᠷ ᠠᠵᠤ ᠦᠢ᠍ᠯᠡᠰ᠎ᠤᠨ ᠠᠭᠤᠰᠤᠯᠴᠠᠨ ᠬᠥᠭᠵᠢᠬᠦ ᠪᠠ ᠬᠤᠲᠠ ᠬᠥᠳᠡᠭᠡ ᠵᠢᠨ ᠠᠭᠤᠰᠤᠯᠴᠠᠨ ᠬᠥᠭᠵᠢᠬᠦ ᠵᠢ ᠠᠬᠢᠭᠤᠯᠵᠤ᠂ ᠣᠷᠣᠰᠢᠨ ᠰᠠᠭᠤᠬᠤ᠎ᠳᠤ ᠲᠣᠬᠢᠷᠠᠮᠵᠢᠲᠠᠶ ᠠᠵᠢᠯ ᠦᠢ᠍ᠯᠡᠰ ᠪᠤᠰᠬᠠᠬᠤ ᠪᠠ ᠦᠵᠡᠰᠬᠦᠯᠡᠩᠲᠦ ᠰᠠᠶ᠋ᠢᠬᠠᠨ ᠬᠥᠳᠡᠭᠡ ᠲᠣᠰᠬᠤᠨ᠎ᠢ ᠪᠥᠲᠥᠭᠡᠨ ᠪᠠᠶ᠋ᠢᠭᠤᠯᠬᠤ᠎ᠳᠤ ᠬᠦᠴᠦᠨ ᠨᠡᠮᠡᠷᠢᠯᠡᠬᠦ ᠬᠡᠷᠡᠭᠲᠡᠶ ᠭᠡᠵᠦ ᠱᠠᠭ᠋ᠠᠷᠳᠠᠪᠠ᠃
ᠬᠤᠶᠠᠳᠤᠭ᠋ᠠᠷ ᠬᠡᠰᠡᠭ᠂ ᠬᠡᠷᠡᠭᠵᠢᠭᠦᠯᠬᠦ ᠠᠷᠭ᠎ᠠ ᠵᠠᠮ᠎ᠨᠢ ᠲᠤᠷᠰᠢᠯᠲᠠ ᠵᠢᠨ ᠴᠡᠭ᠎ᠢ ᠤᠷᠢᠳᠠᠪᠠᠷ ᠬᠡᠷᠡᠭᠵᠢᠭᠦᠯᠬᠦ᠂ ᠡᠮᠬᠢ ᠵᠢᠷᠤᠮ᠎ᠲᠠᠢ ᠬᠡᠷᠡᠭᠵᠢᠭᠦᠯᠬᠦ᠂ ᠭᠤᠷᠪᠠᠨ ᠠᠯᠬᠤᠮ ᠵᠶ᠋ᠠᠷ ᠶᠠᠪᠤᠬᠤ ᠠᠷᠭ᠎ᠠ ᠵᠠᠮ ᠶᠣᠰᠣᠭ᠋ᠠᠷ ᠥᠪᠡᠷᠲᠡᠭᠡᠨ ᠵᠠᠰᠠᠬᠤ ᠣᠷᠣᠨ᠎ᠤ ᠪᠥᠬᠦ ᠴᠠᠷᠠᠭ᠋ᠠᠨ᠎ᠤ ᠭᠠᠵᠠᠷ ᠰᠢᠷᠣᠶ ᠵᠢ ᠶᠡᠷᠦᠩᠬᠡᠶ᠋ᠢᠯᠡᠨ ᠴᠡᠭᠴᠡᠯᠡᠨ ᠵᠠᠰᠠᠬᠤ ᠠᠵᠢᠯ᠎ᠢ ᠯᠠᠪᠳᠠᠭᠤᠨ ᠵᠶ᠋ᠠᠷ ᠠᠬᠢᠭᠤᠯᠬᠤ ᠵᠢ ᠲᠣᠳᠣᠷᠬᠠᠶ᠋ᠢᠯᠠᠪᠠ᠃ ᠬᠤᠰᠢᠭᠤ ᠰᠢᠶᠠᠨ (ᠬᠤᠲᠠ᠂ ᠲᠣᠭᠤᠷᠢᠭ) ᠶᠡᠷᠦᠩᠬᠡᠶ᠋ᠢᠯᠡᠨ ᠪᠣᠳᠣᠯᠬᠢᠯᠠᠵᠤ᠂ ᠴᠡᠭᠴᠡᠯᠡᠨ ᠵᠠᠰᠠᠬᠤ ᠣᠷᠣᠨ ᠪᠦᠰᠡ ᠵᠢᠨ ᠳᠣᠲᠣᠷᠠᠬᠢ ᠭᠠᠴᠠᠭ᠎ᠠ ᠲᠣᠰᠬᠤᠨ᠎ᠨᠢ ᠲᠣᠰᠬᠤᠨ᠎ᠤ ᠠᠷᠠᠳ᠎ᠤᠨ ᠳᠡᠮᠵᠢᠯᠭᠡ᠂ ᠬᠥᠳᠡᠭᠡ ᠲᠣᠰᠬᠤᠨ᠎ᠤ ᠬᠠᠮᠲᠤ ᠵᠢᠨ ᠠᠵᠤ ᠠᠬᠤᠢ ᠵᠢᠨ ᠵᠣᠬᠢᠶᠠᠨ ᠪᠠᠶ᠋ᠢᠭᠤᠯᠤᠯᠲᠠ ᠪᠤᠶᠤ ᠲᠣᠰᠬᠤᠨ᠎ᠤ ᠠᠷᠠᠳ᠎ᠤᠨ ᠵᠥᠪᠯᠡᠯ᠎ᠤᠨ ᠵᠥᠪᠰᠢᠶᠡᠷᠡᠯ᠎ᠢ ᠣᠯᠬᠤ ᠬᠡᠷᠡᠭᠲᠡᠢ; ᠬᠡᠷᠡᠭᠵᠢᠭᠦᠯᠬᠦ ᠲᠥᠰᠦᠯ᠎ᠨᠢ ᠠᠶ᠋ᠢᠯ ᠲᠣᠰᠬᠤᠨ᠎ᠳᠤ ᠬᠤᠯᠪᠣᠭᠳᠠᠭᠰᠠᠨ ᠲᠣᠰᠬᠤᠨ᠎ᠤ ᠠᠷᠠᠳ᠎ᠤᠨ ᠵᠡᠷᠭᠡ ᠠᠰᠢᠭ ᠲᠤᠰᠠ᠎ᠳᠤ ᠬᠤᠯᠪᠣᠭᠳᠠᠭᠰᠠᠨ ᠬᠠᠮᠢᠶ᠎ᠠ ᠪᠥᠬᠦᠶ ᠲᠠᠯ᠎ᠠ ᠵᠢᠨ ᠰᠠᠨᠠᠯ᠎ᠢ ᠥᠷᠭᠡᠨ ᠵᠶ᠋ᠠᠷ ᠬᠤᠷᠢᠶᠠᠬᠤ ᠬᠡᠷᠡᠭᠲᠡᠶ᠃ ᠡᠭᠦᠨ᠎ᠳᠤ᠂ ᠲᠤᠷᠰᠢᠯᠲᠠ ᠵᠢᠨ ᠴᠡᠭ᠎ᠢ ᠰᠣᠩᠭᠤᠬᠤ᠂ ᠬᠡᠷᠡᠭᠵᠢᠭᠦᠯᠬᠦ ᠨᠢᠭᠡᠴᠢ ᠵᠢ ᠬᠤᠪᠢᠶᠠᠷᠢᠯᠠᠬᠤ᠂ ᠬᠡᠷᠡᠭᠵᠢᠭᠦᠯᠬᠦ ᠲᠥᠰᠦᠯ᠎ᠢ ᠬᠢᠨᠠᠨ ᠵᠥᠪᠰᠢᠶᠡᠷᠡᠬᠦ᠂ ᠴᠡᠭᠴᠡᠯᠡᠨ ᠵᠠᠰᠠᠬᠤ ᠵᠦᠢ᠍ᠯᠡᠰ᠎ᠢ ᠦᠨᠡᠯᠡᠨ ᠵᠢᠱ᠌ᠢᠬᠦ ᠪᠠ ᠰᠢᠯᠭ᠋ᠠᠨ ᠠᠪᠬᠤ᠂ ᠰᠡᠭᠦᠯᠴᠢ ᠵᠢᠨ ᠬᠤᠭᠤᠴᠠᠭ᠋ᠠᠨ᠎ᠤ ᠬᠠᠮᠢᠶᠠᠷᠤᠯᠲᠠ ᠬᠠᠮᠠᠭ᠋ᠠᠯᠠᠯᠲᠠ ᠵᠡᠷᠭᠡ᠎ᠳᠤ ᠪᠣᠳᠠᠲᠠᠶ ᠱᠠᠭ᠋ᠠᠷᠳᠠᠯᠭ᠎ᠠ ᠳᠤᠷᠠᠳᠴᠤ᠂ ᠡᠯ᠎ᠡ ᠭᠠᠵᠠᠷ᠎ᠤᠨ ᠠᠵᠢᠯ ᠵᠶ᠋ᠠᠨ ᠥᠷᠨᠢᠭᠦᠯᠬᠦ ᠠᠷᠭ᠎ᠠ ᠵᠠᠮ᠎ᠢ ᠲᠣᠳᠣᠷᠬᠠᠶ ᠪᠣᠯᠭ᠋ᠠᠵᠤ ᠥᠭᠪᠡ᠃
ᠭᠤᠷᠪᠠᠳᠤᠭ᠋ᠠᠷ ᠬᠡᠰᠡᠭ᠂ ᠭᠤᠤᠯ ᠬᠡᠷᠡᠭᠵᠢᠭᠦᠯᠬᠦ ᠠᠭᠤᠯᠭ᠎ᠠ᠎ᠨᠢ ᠣᠷᠣᠨ ᠵᠠᠶ ᠵᠢᠨ ᠪᠠᠶ᠋ᠢᠷᠢᠰᠢᠭᠤᠯᠤᠯ᠎ᠢ ᠶᠡᠷᠦᠩᠬᠡᠶ᠎ᠳᠡᠭᠡᠨ ᠲᠣᠭᠲᠠᠭᠤᠨ ᠪᠠᠶ᠋ᠢᠯᠭ᠋ᠠᠬᠤ ᠵᠢ ᠪᠠᠲᠤᠯᠠᠭᠰᠠᠨ ᠤᠷᠢᠲᠠᠯ ᠳᠣᠤᠷ᠎ᠠ᠂ ᠤᠯᠤᠰ᠎ᠤᠨ ᠭᠠᠵᠠᠷ ᠰᠢᠷᠣᠶ ᠵᠢᠨ ᠣᠷᠣᠨ ᠵᠠᠶ ᠵᠢᠨ ᠲᠥᠯᠥᠪᠵᠢᠭᠦᠯᠭᠡ᠎ᠲᠠᠢ ᠤᠶᠠᠯᠳᠤᠭᠤᠯᠤᠨ ᠭᠠᠵᠠᠷ ᠰᠢᠷᠣᠶ ᠵᠢ ᠨᠡᠭᠡᠭᠡᠨ ᠠᠰᠢᠭᠯᠠᠬᠤ ᠠᠷᠭ᠎ᠠ ᠮᠠᠶᠢᠭ᠎ᠲᠤ ᠬᠡᠰᠡᠭ ᠲᠠᠯ᠎ᠠ᠎ᠪᠠᠷ ᠪᠢᠴᠢᠯ ᠲᠣᠬᠢᠷᠠᠭᠤᠯᠤᠯᠲᠠ ᠬᠢᠵᠦ ᠰᠢᠯᠢᠳᠡᠭᠵᠢᠭᠦᠯᠦᠨ᠎ᠡ ᠭᠡᠵᠦ ᠳᠤᠷᠠᠳᠤᠨ ᠭᠠᠷᠭ᠋ᠠᠪᠠ᠃ ᠲᠠᠷᠢᠶᠠᠨ ᠭᠠᠵᠠᠷ᠎ᠢ ᠵᠢᠷᠤᠮᠵᠢᠭᠤᠯᠬᠤ ᠪᠠ ᠡᠭᠦᠷᠢᠳᠡ ᠵᠢᠨ ᠦᠨᠳᠦᠰᠦᠨ ᠲᠠᠷᠢᠶᠠᠨ ᠭᠠᠵᠠᠷ᠎ᠢ ᠳᠣᠭᠢᠷᠠᠭᠤᠯᠬᠤ᠂ ᠪᠠᠶ᠋ᠢᠭ᠋ᠠᠯᠢ ᠵᠢᠨ ᠠᠮᠢ ᠠᠬᠤᠶ ᠵᠢᠨ ᠦᠨᠳᠦᠰᠦᠨ ᠪᠠᠶ᠋ᠢᠳᠠᠯ᠎ᠢ ᠬᠠᠮᠠᠭ᠋ᠠᠯᠠᠨ ᠰᠡᠷᠭᠦᠭᠡᠬᠦ᠂ ᠰᠤᠯᠠ ᠪᠠᠶ᠋ᠢᠭ᠎ᠠ ᠦᠷ᠎ᠡ ᠠᠰᠢᠭ ᠵᠶ᠋ᠠᠷ ᠳᠣᠤᠷ᠎ᠠ ᠪᠥᠲᠥᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠢ ᠠᠮᠢᠳᠤᠯᠢᠭ ᠪᠣᠯᠭ᠋ᠠᠬᠤ ᠵᠡᠷᠭᠡ ᠬᠡᠷᠡᠭᠵᠢᠭᠦᠯᠬᠦ ᠠᠭᠤᠯᠭ᠎ᠠ ᠵᠢᠨ ᠲᠣᠭᠤᠷᠢᠨ᠎ᠳᠤ᠂ ᠴᠡᠭᠴᠡᠯᠡᠨ ᠵᠠᠰᠠᠬᠤ ᠬᠠᠷᠠᠯᠲᠠ᠂ ᠡᠭᠦᠷᠭᠡ᠂ ᠳᠡᠮᠵᠢᠬᠦ ᠲᠥᠷᠥ ᠵᠢᠨ ᠪᠣᠳᠣᠯᠭ᠎ᠠ ᠪᠠ ᠬᠤᠷᠢᠭ᠎ᠠ ᠱᠤᠭᠤᠮ᠎ᠤᠨ ᠱᠠᠭ᠋ᠠᠷᠳᠠᠯᠭ᠎ᠠ ᠵᠢ ᠲᠣᠳᠣᠷᠬᠠᠶ᠋ᠢᠯᠠᠬᠤ ᠵᠢᠨ ᠬᠠᠮᠲᠤ ᠴᠡᠭᠴᠡᠯᠡᠨ ᠵᠠᠰᠠᠬᠤ ᠠᠵᠢᠯ᠎ᠤᠨ ᠳᠤᠮᠳᠠᠬᠢ 《ᠭᠤᠷᠪᠠᠨ ᠣᠷᠣᠨ ᠭᠤᠷᠪᠠᠨ ᠱᠤᠭᠤᠮ》᠎ᠢ ᠰᠢᠯᠢᠳᠡᠭᠵᠢᠭᠦᠯᠦᠨ ᠪᠢᠴᠢᠯ ᠲᠣᠬᠢᠷᠠᠭᠤᠯᠤᠯᠲᠠ ᠬᠢᠬᠦ᠂ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠢ ᠨᠡᠮᠡᠵᠦ ᠬᠠᠰᠤᠬᠤ ᠵᠢ ᠬᠤᠯᠪᠣᠭᠳᠠᠭᠤᠯᠬᠤ᠂ ᠬᠥᠳᠡᠭᠡ ᠲᠣᠰᠬᠤᠨ᠎ᠤ ᠬᠠᠮᠲᠤ ᠵᠢᠨ ᠡᠵᠡᠩᠨᠡᠯᠲᠡ ᠵᠢᠨ ᠴᠢᠨᠠᠷᠲᠠᠶ ᠪᠥᠲᠥᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠢ ᠵᠠᠬ᠎ᠠ ᠳᠡᠯᠭᠡᠭᠦᠷ᠎ᠲᠤ ᠣᠷᠣᠭᠤᠯᠬᠤ ᠵᠡᠷᠭᠡ ᠲᠥᠷᠥ ᠵᠢᠨ ᠪᠣᠳᠣᠯᠭ᠎ᠠ ᠵᠢᠨ ᠬᠡᠷᠡᠭᠯᠡᠯᠲᠡ ᠵᠢᠨ ᠲᠤᠬᠠᠶ ᠨᠠᠷᠢᠨ ᠲᠣᠭᠲᠠᠭ᠋ᠠᠯ ᠭᠠᠷᠭ᠋ᠠᠪᠠ᠃
ᠳᠥᠷᠪᠡᠳᠦᠭᠡᠷ ᠬᠡᠰᠡᠭ᠂ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠳᠤᠷᠠᠳᠴᠤ᠂ ᠰᠢᠯᠢᠳᠡᠭ ᠰᠢᠯᠭ᠋ᠠᠨ ᠬᠤᠷᠢᠶᠠᠵᠤ ᠠᠪᠤᠭᠰᠠᠨ ᠴᠡᠭᠴᠡᠯᠡᠨ ᠵᠠᠰᠠᠬᠤ ᠲᠥᠷᠥᠯ ᠵᠦᠢ᠍ᠯ᠎ᠳᠤ᠂ ᠵᠣᠬᠢᠴᠠᠩᠭᠤᠶ ᠪᠦᠬᠦᠢ ᠬᠤᠰᠢᠭᠤ ᠰᠢᠶᠠᠨ (ᠬᠤᠲᠠ᠂ ᠲᠣᠭᠤᠷᠢᠭ)᠎ᠤ ᠰᠢᠨ᠎ᠡ᠎ᠪᠠᠷ ᠨᠡᠮᠡᠭᠳᠡᠭᠰᠡᠨ ᠪᠦᠲᠦᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠤᠨ ᠲᠥᠯᠥᠪᠯᠡᠭᠡ ᠵᠢᠨ ᠭᠦᠢ᠍ᠴᠡᠳᠬᠡᠬᠦ ᠲᠤᠭ᠎ᠠ ᠵᠢᠨ ᠱᠠᠩᠨᠠᠯ ᠣᠯᠭᠤᠨ᠎ᠠ᠃ ᠡᠯ᠎ᠡ ᠱᠠᠲᠤᠨ᠎ᠤ ᠡᠳ᠋᠎ᠤᠨ ᠵᠠᠰᠠᠭ ᠵᠢᠴᠢ ᠲᠥᠰᠦᠪ᠎ᠤᠨ ᠳᠣᠲᠣᠷᠠᠬᠢ ᠪᠠᠯᠠ ᠣᠷᠣᠭᠤᠯᠤᠯᠲᠠ ᠵᠢᠨ ᠳᠡᠮᠵᠢᠯᠭᠡ ᠵᠢᠨ ᠡᠷᠴᠢᠮ᠎ᠢ ᠴᠢᠩᠭ᠋ᠠᠷᠠᠭᠤᠯᠬᠤ᠂ ᠲᠠᠷᠢᠶᠠᠯᠠᠩ᠎ᠳᠤ ᠬᠤᠯᠪᠣᠭᠳᠠᠬᠤ ᠲᠥᠷᠥᠯ ᠵᠦᠢ᠍ᠯ᠎ᠤᠨ ᠪᠠᠯᠠ ᠮᠥᠩᠭᠦ ᠵᠢ ᠨᠢᠭᠡᠳᠦᠯᠲᠡᠶ ᠲᠥᠯᠥᠪᠯᠡᠬᠦ᠂ ᠮᠥᠩᠭᠦᠨ ᠭᠦᠢ᠍ᠯᠭᠡᠭᠡᠨ᠎ᠤ ᠲᠤᠯᠭ᠋ᠠᠭᠤᠷᠢᠯᠠᠯ᠂ ᠨᠡᠶ᠋ᠢᠭᠡᠮ᠎ᠤᠨ ᠣᠷᠣᠭᠤᠯᠤᠯᠲᠠ ᠵᠡᠷᠭᠡ ᠣᠯᠠᠨ ᠠᠷᠭ᠎ᠠ ᠵᠠᠮ ᠵᠶ᠋ᠠᠷ ᠳᠠᠮᠵᠢᠭᠤᠯᠤᠨ ᠴᠡᠭᠴᠡᠯᠡᠨ ᠵᠠᠰᠠᠬᠤ ᠠᠵᠢᠯ᠎ᠤᠨ ᠪᠠᠯᠠ ᠮᠥᠩᠭᠦ ᠵᠢᠨ ᠪᠠᠲᠤᠯᠠᠭ᠎ᠠ ᠵᠢ ᠨᠠᠶ᠋ᠢᠳᠠᠪᠤᠷᠢᠵᠢᠭᠤᠯᠤᠨ᠎ᠠ᠃ ᠡᠯ᠎ᠡ ᠰᠠᠯᠠᠭ᠎ᠠ ᠮᠥᠴᠢᠷ᠎ᠤᠨ᠎ᠬᠢᠨ᠎ᠤ ᠮᠠᠯᠵᠢᠬᠤ ᠲᠠᠷᠢᠶᠠᠯᠠᠬᠤ ᠣᠷᠣᠨ᠎ᠤ ᠠᠵᠤ ᠦᠢ᠍ᠯᠡᠰ᠎ᠤᠨ ᠠᠭᠤᠰᠤᠯᠴᠠᠨ ᠬᠥᠭᠵᠢᠬᠦ ᠵᠢ ᠠᠬᠢᠭᠤᠯᠬᠤ᠂ ᠬᠥᠳᠡᠭᠡ ᠲᠣᠰᠬᠤᠨ᠎ᠤ ᠰᠠᠭᠤᠷᠢ ᠪᠡᠯᠡᠳᠬᠡᠮᠵᠢ ᠵᠢᠨ ᠪᠦᠷᠢᠨ ᠲᠥᠬᠦᠷ ᠬᠡᠮᠵᠢᠶ᠎ᠡ ᠵᠢ ᠳᠡᠭᠡᠭᠰᠢᠯᠡᠭᠦᠯᠬᠦ ᠵᠡᠷᠭᠡ ᠲᠠᠯ᠎ᠠ᠎ᠪᠠᠷ ᠲᠤᠷᠰᠢᠯᠲᠠ ᠵᠢᠨ ᠭᠠᠵᠠᠷ ᠣᠷᠣᠨ ᠲᠡᠶ᠋ᠢᠰᠢ ᠵᠣᠬᠢᠬᠤ ᠬᠡᠮᠵᠢᠶ᠎ᠡ᠎ᠪᠠᠷ ᠬᠡᠯᠪᠠᠶ᠋ᠢᠯᠭᠡᠬᠦ ᠵᠢ ᠳᠡᠮᠵᠢᠨ᠎ᠡ᠃ ᠡᠭᠦᠨ᠎ᠤ ᠬᠠᠮᠲᠤ᠂ ᠤᠢ ᠰᠢᠭᠤᠢ ᠡᠪᠡᠰᠦ ᠪᠡᠯᠴᠢᠭᠡᠷ᠎ᠢ ᠡᠵᠡᠯᠡᠬᠦ ᠭᠠᠷ ᠭᠦᠢ᠍ᠴᠡᠳᠬᠡᠯ᠎ᠢ ᠭᠦᠢ᠍ᠴᠡᠳᠬᠡᠬᠦ᠂ ᠲᠠᠷᠢᠶᠠᠯᠠᠩ ᠰᠣᠶᠣᠯ ᠵᠢᠭᠤᠯᠴᠢᠯᠠᠯ᠎ᠢ ᠠᠭᠤᠰᠤᠯᠴᠠᠭᠤᠯᠤᠨ ᠬᠥᠭᠵᠢᠭᠦᠯᠬᠦ ᠵᠢ ᠠᠬᠢᠭᠤᠯᠬᠤ ᠲᠠᠯ᠎ᠠ᠎ᠪᠠᠷ ᠲᠦᠷᠦ ᠵᠢᠨ ᠪᠤᠳᠤᠯᠭ᠎ᠠ ᠵᠢᠨ ᠳᠡᠮᠵᠢᠯᠭᠡ ᠦᠵᠡᠭᠦᠯᠦᠨ᠎ᠡ᠃
ᠲᠠᠪᠤᠳᠤᠭ᠋ᠠᠷ ᠬᠡᠰᠡᠭ᠂ ᠠᠵᠢᠯ᠎ᠤᠨ ᠪᠠᠲᠤᠯᠠᠭ᠎ᠠ᠂ ᠪᠠᠲᠤᠯᠠᠭ᠎ᠠ ᠵᠢᠨ ᠲᠣᠭᠲᠠᠴᠠ ᠵᠢ ᠪᠠᠶ᠋ᠢᠭᠤᠯᠵᠤ᠂ 《ᠥᠪᠡᠷᠲᠡᠭᠡᠨ ᠵᠠᠰᠠᠬᠤ ᠣᠷᠣᠨ ᠶᠡᠷᠦᠩᠬᠡᠶ ᠬᠠᠷᠢᠭᠤᠴᠠᠯᠭ᠎ᠠ ᠵᠢ ᠡᠭᠦᠷᠭᠡᠯᠡᠬᠦ᠂ ᠠᠶ᠋ᠢᠮᠠᠭ ᠬᠤᠲᠠ ᠬᠢᠨᠠᠯᠲᠠ ᠲᠠᠯᠪᠢᠬᠤ᠂ ᠰᠢᠶᠠᠨ ᠰᠢᠶᠠᠩ ᠬᠡᠷᠡᠭᠵᠢᠭᠦᠯᠬᠦ》 ᠬᠠᠷᠢᠭᠤᠴᠠᠯᠭ᠎ᠠ ᠵᠢᠨ ᠰᠢᠰᠲ᠋ᠧᠮ᠎ᠢ ᠲᠣᠳᠣᠷᠬᠠᠶ᠋ᠢᠯᠠᠵᠤ᠂ ᠴᠡᠭᠴᠡᠯᠡᠨ ᠵᠠᠰᠠᠬᠤ ᠠᠵᠢᠯ᠎ᠢ ᠬᠡᠯᠪᠡᠢ᠌ᠯᠭᠡᠬᠦ ᠥᠬᠡᠶ᠂ ᠥᠭᠡᠷᠡᠲᠦᠭᠦᠯᠬᠦ ᠥᠬᠡᠶ ᠪᠠᠶ᠋ᠢᠬᠤ ᠵᠢ ᠦᠨᠡᠨ ᠬᠦ᠌ ᠪᠠᠲᠤᠯᠠᠪᠠ᠃