ᠦᠰᠦᠭ ᠪᠢᠴᠢᠭ᠎ᠢᠶᠠᠷ ᠦᠭᠦᠯᠡᠬᠦᠢ᠄《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠲᠠ ᠬᠥᠳᠡᠭᠡ᠎ᠶ᠋ᠢᠨ ᠲᠥᠯᠥᠪᠵᠢᠭᠦᠯᠭᠡ᠎ᠶ᠋ᠢ ᠨᠠᠢᠷᠠᠭᠤᠯᠤᠨ ᠵᠣᠬᠢᠶᠠᠬᠤ ᠨᠢᠭᠡᠴᠢ᠎ᠶ᠋ᠢᠨ ᠬᠢᠷᠢ ᠬᠡᠮ᠎ᠤᠨ ᠬᠠᠮᠢᠶᠠᠷᠤᠯᠲᠠ᠎ᠶ᠋ᠢᠨ ᠬᠡᠷᠡᠭ᠌ᠵᠢᠭᠦᠯᠬᠦ᠌ ᠠᠷᠭ᠎ᠠ(ᠲᠤᠷᠱᠢᠨ ᠬᠡᠷᠡᠭ᠌ᠵᠢᠭᠦᠯᠬᠦ᠌)》᠎ᠶ᠋ᠢᠨ ᠲᠥᠷᠥ᠎ᠶ᠋ᠢᠨ ᠪᠣᠳᠣᠯᠭ᠎ᠠ᠎ᠶ᠋ᠢᠨ ᠲᠠᠢᠯᠤᠮᠵᠢ
2025-10-16

  ᠨᠢᠭᠡ᠂ ᠠᠵᠢᠯ᠎ᠤᠨ ᠠᠬᠤᠢ ᠪᠠᠢᠳᠠᠯ

  ᠬᠤᠲᠠ ᠬᠥᠳᠡᠭᠡ᠎ᠶ᠋ᠢᠨ ᠲᠥᠯᠥᠪᠵᠢᠭᠦᠯᠭᠡ᠎ᠶ᠋ᠢ ᠨᠠᠢᠷᠠᠭᠤᠯᠤᠨ ᠵᠣᠬᠢᠶᠠᠬᠤ ᠨᠢᠭᠡᠴᠢ᠎ᠶ᠋ᠢᠨ ᠬᠢᠷᠢ ᠴᠢᠳᠠᠮᠵᠢ ᠪᠣᠯ 《ᠪᠥᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠬᠤᠲᠠ ᠬᠥᠳᠡᠭᠡ᠎ᠶ᠋ᠢᠨ ᠲᠥᠯᠥᠪᠵᠢᠭᠦᠯᠭᠡ᠎ᠶ᠋ᠢᠨ ᠬᠠᠤᠯᠢ》 ᠎ᠳᠤ ᠲᠣᠭ᠍ᠲᠠᠭᠠᠭ᠍ᠰᠠᠨ ᠬᠠᠤᠯᠢ᠎ᠪᠠᠷ ᠲᠣᠭ᠍ᠲᠠᠭᠠᠭ᠍ᠰᠠᠨ ᠵᠥᠪᠱᠢᠶᠡᠷᠡᠯ᠎ᠤᠨ ᠵᠦᠢᠯᠡᠰ ᠮᠥᠨ᠂ ᠡᠭᠦᠨ᠎ᠤ ᠬᠠᠮᠲᠤ ᠲᠥᠷᠥ᠎ᠶ᠋ᠢᠨ ᠶᠠᠪᠤᠳᠠᠯ᠎ᠤᠨ ᠬᠤᠷᠢᠶᠠᠨ᠎ᠤ ᠳᠠᠷᠤᠮᠠᠯᠯᠠᠨ ᠲᠠᠷᠬᠠᠭᠠᠭ᠍ᠰᠠᠨ 《ᠬᠠᠤᠯᠢ ᠴᠠᠭᠠᠵᠠ᠂ ᠵᠠᠰᠠᠭ ᠵᠠᠬᠢᠷᠭᠠᠨ᠎ᠤ ᠬᠠᠤᠯᠢ ᠲᠣᠭ᠍ᠲᠠᠭᠠᠯ᠂ ᠲᠥᠷᠥ᠎ᠶ᠋ᠢᠨ ᠶᠠᠪᠤᠳᠠᠯ᠎ᠤᠨ ᠬᠤᠷᠢᠶᠠᠨ᠎ᠤ ᠲᠣᠭ᠍ᠲᠠᠭᠠᠯ᠎ᠳᠤ ᠲᠣᠭ᠍ᠲᠠᠭᠠᠭ᠍ᠰᠠᠨ ᠵᠠᠰᠠᠭ ᠵᠠᠬᠢᠷᠭᠠᠨ᠎ᠤ ᠵᠥᠪᠱᠢᠶᠡᠷᠡᠯ᠎ᠤᠨ ᠵᠦᠢᠯᠡᠰ᠎ᠤᠨ ᠨᠠᠷᠢᠨ ᠬᠠᠭᠤᠳᠠᠰᠤ (2022 ᠣᠨ᠎ᠤ ᠬᠡᠪᠯᠡᠯ)》 ᠎ᠳᠤ ᠵᠢᠭ᠍ᠰᠠᠭᠠᠨ ᠣᠷᠣᠭᠤᠯᠵᠤ᠂ ᠲᠥᠯᠥᠪᠵᠢᠭᠦᠯᠭᠡ᠎ᠶ᠋ᠢᠨ ᠠᠵᠢᠯ ᠲᠦᠷᠦᠯ᠎ᠤᠨ ᠬᠠᠮᠢᠶᠠᠷᠤᠯᠲᠠ᠎ᠶ᠋ᠢ ᠬᠡᠷᠡᠭ᠌ᠵᠢᠭᠦᠯᠬᠦ᠌᠎ᠶ᠋ᠢᠨ ᠴᠢᠬᠤᠯᠠ ᠭᠠᠷᠳᠠᠴᠠ ᠮᠥᠨ᠂ ᠤᠯᠤᠰ᠎ᠤᠨ ᠭᠠᠵᠠᠷ ᠱᠢᠷᠣᠶ᠎ᠶ᠋ᠢᠨ ᠣᠷᠣᠨ ᠵᠠᠶ᠎ᠶ᠋ᠢᠨ ᠲᠥᠯᠥᠪᠵᠢᠭᠦᠯᠭᠡ᠎ᠶ᠋ᠢ ᠨᠠᠢᠷᠠᠭᠤᠯᠤᠨ ᠵᠣᠬᠢᠶᠠᠬᠤ ᠶᠠᠰᠤ ᠴᠢᠨᠠᠷ᠎ᠢ ᠪᠠᠲᠤᠯᠠᠬᠤ᠂ ᠤᠯᠤᠰ᠎ᠤᠨ ᠭᠠᠵᠠᠷ ᠱᠢᠷᠣᠶ᠎ᠶ᠋ᠢᠨ ᠣᠷᠣᠨ ᠵᠠᠶ᠎ᠶ᠋ᠢᠨ ᠲᠥᠯᠥᠪᠵᠢᠭᠦᠯᠭᠡ᠎ᠶ᠋ᠢᠨ ᠮᠡᠷᠭᠡᠵᠢᠯ᠎ᠤᠨ ᠳᠠᠪᠱᠢᠯᠲᠠ ᠪᠠ ᠠᠵᠢᠯ ᠲᠦᠷᠦᠯ᠎ᠤᠨ ᠬᠥᠭ᠌ᠵᠢᠯᠲᠡ᠎ᠶ᠋ᠢ ᠳᠥᠯᠭᠢᠨ ᠠᠬᠢᠭᠤᠯᠬᠤ ᠴᠢᠬᠤᠯᠠ ᠲᠦᠷᠢᠮ᠎ᠤᠨ ᠲᠣᠬᠢᠷᠠᠭᠤᠯᠤᠯᠲᠠ ᠮᠥᠨ᠃  ᠥᠪᠡᠷᠲᠡᠭᠡᠨ ᠵᠠᠰᠠᠬᠤ ᠣᠷᠣᠨ᠎ᠤ ᠲᠥᠯᠥᠪᠵᠢᠭᠦᠯᠭᠡ᠎ᠶ᠋ᠢᠨ ᠠᠵᠢᠯ ᠲᠥᠷᠥᠯ᠎ᠤᠨ ᠬᠠᠮᠢᠶᠠᠷᠤᠯᠲᠠ᠎ᠶ᠋ᠢ ᠤᠯᠠᠮ ᠨᠢᠭᠡ ᠠᠯᠬᠤᠮ ᠵᠢᠷᠤᠮᠵᠢᠭᠤᠯᠵᠤ᠂ ᠲᠥᠯᠥᠪᠵᠢᠭᠦᠯᠭᠡ᠎ᠶ᠋ᠢᠨ ᠬᠥᠬᠡᠭ᠌ᠴᠢᠨ ᠲᠠᠰ᠎ᠤᠨ ᠬᠢᠷᠢ ᠬᠡᠮ᠎ᠢ 《ᠪᠠᠭᠤᠯᠭ᠋ᠠᠬᠤ ᠬᠠᠮᠢᠶᠠᠷᠬᠤ ᠦᠶ᠋ᠯᠡᠴᠢᠯᠡᠬᠦ᠌》 ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠦᠨ᠂ ᠬᠤᠳᠠᠯᠳᠤᠭ᠎ᠠ ᠡᠵᠡᠩᠨᠡᠬᠦ᠌ ᠣᠷᠴᠢᠨ ᠨᠥᠬᠦᠴᠡᠯ᠎ᠢ ᠦᠷᠭᠦᠯᠵᠢᠯᠡᠨ ᠱᠢᠯᠢᠳᠡᠭ᠌ᠵᠢᠭᠦᠯᠬᠦ᠌᠎ᠶ᠋ᠢᠨ ᠲᠥᠯᠥᠭᠡ᠂ 《ᠪᠥᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠭᠠᠵᠠᠷ ᠱᠢᠷᠣᠶ᠎ᠶ᠋ᠢᠨ ᠬᠠᠮᠢᠶᠠᠷᠤᠯᠲᠠ᠎ᠶ᠋ᠢᠨ ᠬᠠᠤᠯᠢ》᠂ 《ᠪᠥᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠬᠤᠲᠠ ᠬᠥᠳᠡᠭᠡ᠎ᠶ᠋ᠢᠨ ᠲᠥᠯᠥᠪᠵᠢᠭᠦᠯᠭᠡ᠎ᠶ᠋ᠢᠨ ᠬᠠᠤᠯᠢ》᠂ 《ᠬᠤᠲᠠ ᠬᠥᠳᠡᠭᠡ᠎ᠶ᠋ᠢᠨ ᠲᠥᠯᠥᠪᠵᠢᠭᠦᠯᠭᠡ᠎ᠶ᠋ᠢ ᠨᠠᠢᠷᠠᠭᠤᠯᠤᠨ ᠵᠣᠬᠢᠶᠠᠬᠤ ᠨᠢᠭᠡᠴᠢ᠎ᠶ᠋ᠢᠨ ᠬᠢᠷᠢ ᠬᠡᠮ᠎ᠤᠨ ᠬᠠᠮᠢᠶᠠᠷᠤᠯᠲᠠ᠎ᠶ᠋ᠢᠨ ᠠᠷᠭ᠎ᠠ》 ᠵᠡᠷᠭᠡ ᠬᠠᠤᠯᠢ ᠴᠠᠭᠠᠵᠠ ᠬᠠᠤᠯᠢ ᠲᠣᠭ᠍ᠲᠠᠭᠠᠯ᠎ᠢ ᠦᠨᠳᠦᠰᠦᠯᠡᠨ᠂ ᠮᠠᠨ᠎ᠤ ᠲᠢᠩᠬᠢᠮ 2025 ᠣᠨ᠎ᠤ 10 ᠳ᠋ᠤᠭᠠᠷ ᠰᠠᠷ᠎ᠠ᠎ᠶ᠋ᠢᠨ 16 ᠎ᠤ ᠡᠳᠦᠷ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠲᠠ ᠬᠥᠳᠡᠭᠡ᠎ᠶ᠋ᠢᠨ ᠲᠥᠯᠥᠪᠵᠢᠭᠦᠯᠭᠡ᠎ᠶ᠋ᠢ ᠨᠠᠢᠷᠠᠭᠤᠯᠤᠨ ᠵᠣᠬᠢᠶᠠᠬᠤ ᠨᠢᠭᠡᠴᠢ᠎ᠶ᠋ᠢᠨ ᠬᠢᠷᠢ ᠬᠡᠮ᠎ᠤᠨ ᠬᠠᠮᠢᠶᠠᠷᠤᠯᠲᠠ᠎ᠶ᠋ᠢᠨ ᠬᠡᠷᠡᠭ᠌ᠵᠢᠭᠦᠯᠬᠦ᠌ ᠠᠷᠭ᠎ᠠ ( ᠲᠤᠷᠱᠢᠨ ᠬᠡᠷᠡᠭ᠌ᠵᠢᠭᠦᠯᠬᠦ᠌ )》 ( ᠳᠣᠷᠣᠭ᠍ᠰᠢ 《ᠠᠷᠭ᠎ᠠ》 ᠭᠡᠵᠦ᠍ ᠲᠣᠪᠴᠢᠯᠠᠨ᠎ᠠ ) ᠎ᠶ᠋ᠢ ᠳᠠᠷᠤᠮᠠᠯᠯᠠᠨ ᠲᠠᠷᠬᠠᠭᠠᠪᠠ᠃

  ᠬᠤᠶᠠᠷ᠂ ᠭᠤᠣᠯ ᠪᠣᠳᠣᠯᠬᠢᠯᠠᠯ

  ᠨᠢᠭᠡ᠎ᠳᠤ᠂ ᠬᠢᠷᠢ ᠬᠡᠮ᠎ᠤᠨ ᠬᠠᠮᠢᠶᠠᠷᠤᠯᠲᠠ᠎ᠶ᠋ᠢᠨ ᠦᠢᠯᠡᠴᠢᠯᠡᠭᠡᠨ᠎ᠤ ᠬᠢᠷᠢ ᠲᠦᠪᠱᠢᠨ᠎ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠣᠢᠷ᠎ᠠ᠎ᠶ᠋ᠢᠨ ᠵᠢᠯ᠎ᠠᠴᠠ᠂ ᠮᠠᠨ᠎ᠤ ᠲᠢᠩᠬᠢᠮ ᠲᠥᠯᠥᠪᠵᠢᠭᠦᠯᠭᠡ᠎ᠶ᠋ᠢ ᠨᠠᠢᠷᠠᠭᠤᠯᠤᠨ ᠵᠣᠬᠢᠶᠠᠬᠤ ᠨᠢᠭᠡᠴᠢ᠎ᠶ᠋ᠢᠨ ᠬᠢᠷᠢ ᠬᠡᠮ᠎ᠤᠨ ᠬᠠᠮᠢᠶᠠᠷᠤᠯᠲᠠ᠎ᠶ᠋ᠢᠨ ᠠᠵᠢᠯ᠎ᠢ ᠦᠷᠭᠦᠯᠵᠢᠯᠡᠨ ᠱᠢᠯᠢᠳᠡᠭ᠌ᠵᠢᠭᠦᠯᠵᠦ᠍᠂ 2021 ᠣᠨ᠎ᠳᠤ ᠬᠥᠬᠡᠭ᠌ᠴᠢᠨ ᠲᠠᠰ᠎ᠤᠨ ᠬᠢᠷᠢ ᠬᠡᠮ᠎ᠤᠨ ᠭᠤᠶᠤᠴᠢᠯᠠᠯ᠂ ᠭᠥᠯᠢᠶᠡᠨ ᠠᠪᠴᠤ᠌ ᠱᠢᠶ᠋ᠳᠪᠦᠷᠢᠯᠡᠬᠦ᠂ ᠬᠢᠨᠠᠨ ᠬᠠᠷᠭᠤᠭᠤᠯᠬᠤ᠂ ᠬᠢᠨᠠᠨ ᠵᠥᠪᠱᠢᠶᠡᠷᠡᠬᠦ᠂ ᠡᠯᠧᠺᠲᠷᠣᠨ ᠦᠨᠡᠮᠯᠡᠯ᠎ᠢ ᠬᠢᠨᠠᠨ ᠣᠯᠭᠤᠬᠤ᠎ᠶ᠋ᠢ ᠨᠢᠭᠡ ᠯᠡ ᠰᠦᠯᠵᠢᠶ᠎ᠡ᠎ᠪᠠᠷ ᠭᠦᠶ᠋ᠴᠡᠳᠭᠡᠪᠡ᠃ ᠬᠥᠬᠡᠭ᠌ᠴᠢᠨ ᠲᠠᠰ᠎ᠤᠨ ᠬᠢᠷᠢ ᠬᠡᠮ᠎ᠲᠠᠢ ᠨᠢᠭᠡᠴᠢ ᠴᠥᠮ ᠲᠣᠰ ᠨᠢᠭᠡᠴᠢ᠎ᠶ᠋ᠢᠨ᠎ᠢᠶᠠᠨ ᠨᠢᠭᠡᠳᠦᠯᠲᠡᠶ ᠨᠡᠢᠭᠡᠮ᠎ᠤᠨ ᠢᠲᠡᠭᠡᠮᠵᠢ᠎ᠶ᠋ᠢᠨ ᠣᠷᠣᠯᠠᠬᠤ ᠲᠡᠮᠳᠡᠭ᠎ᠢ ᠬᠡᠷᠡᠭ᠌ᠯᠡᠵᠦ᠍ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠤ ᠰᠦᠯᠵᠢᠶ᠎ᠡ᠎ᠳᠤ ᠳᠠᠩᠰᠠᠯᠠᠭᠤᠯᠵᠤ ᠪᠣᠯᠤᠨ᠎ᠠ᠂ ᠳᠠᠷᠤᠶ 《ᠮᠢᠨᠤ ᠦᠨᠡᠮᠯᠡᠯ》 ᠎ᠠᠴᠠ᠎ᠪᠠᠨ ᠬᠥᠬᠡᠭ᠌ᠴᠢᠨ ᠲᠠᠰ᠎ᠤᠨ ᠬᠢᠷᠢ ᠬᠡᠮ᠎ᠤᠨ ᠡᠯᠧᠺᠲᠷᠣᠨ ᠦᠨᠡᠮᠯᠡᠯ᠎ᠢ ᠪᠠᠢᠴᠠᠭᠠᠨ ᠯᠠᠪᠯᠠᠵᠤ ᠪᠠᠭᠤᠯᠭᠠᠨ ᠠᠪᠴᠤ᠌ ᠪᠣᠯᠤᠨ᠎ᠠ᠂ ᠬᠢᠷᠢ ᠬᠡᠮ᠎ᠢ  ᠭᠦᠢ᠍ᠴᠡᠳᠭᠡᠬᠦ ᠎ᠳᠦ ᠣᠭᠲᠣ  ᠬᠦᠶᠦᠬᠦ ᠥᠬᠡᠶ ᠪᠠᠢᠬᠤ᠎ᠶ᠋ᠢ ᠪᠡᠶᠡᠯᠡᠭᠦᠯᠦᠨ᠎ᠡ᠃ ᠵᠢᠷᠤᠮᠵᠢᠭ᠍ᠰᠠᠨ᠂ ᠪᠠᠷᠢᠮᠵᠢᠶᠠᠵᠢᠭᠤᠯᠬᠤ᠎ᠳᠤ ᠬᠥᠬᠡᠭ᠌ᠴᠢᠨ ᠲᠠᠰ᠎ᠤᠨ ᠬᠢᠷᠢ ᠬᠡᠮ᠎ᠢ ᠮᠠᠭᠠᠳᠯᠠᠨ ᠲᠣᠭ᠍ᠲᠠᠭᠠᠬᠤ᠂ ᠦᠷᠭᠦᠯᠵᠢᠯᠡᠭᠦᠯᠬᠦ᠂ ᠮᠡᠳᠡᠭᠡ ᠵᠠᠩᠭᠢ᠎ᠶ᠋ᠢ ᠬᠤᠪᠢᠷᠠᠭᠤᠯᠬᠤ ᠵᠡᠷᠭᠡ ᠠᠵᠢᠯ᠎ᠢ ᠥᠷᠨᠢᠭᠦᠯᠬᠦ᠌᠎ᠶ᠋ᠢᠨ ᠲᠥᠯᠥᠭᠡ᠂ ᠬᠤᠯᠪᠣᠭ᠍ᠳᠠᠯ ᠪᠥᠬᠦᠶ ᠲᠥᠯᠥᠪᠵᠢᠭᠦᠯᠭᠡ᠎ᠶ᠋ᠢ ᠨᠠᠢᠷᠠᠭᠤᠯᠤᠨ ᠵᠣᠬᠢᠶᠠᠬᠤ ᠨᠢᠭᠡᠴᠢ᠎ᠳᠤ ᠨᠠᠩ ᠰᠠᠢᠲᠤᠷ ᠦᠢᠯᠡᠴᠢᠯᠡᠵᠦ᠍᠂ ᠥᠩᠭᠡᠷᠡᠭ᠌ᠰᠡᠨ᠎ᠤ ᠠᠵᠢᠯ᠎ᠤᠨ ᠲᠤᠷᠱᠢᠯᠭ᠎ᠠ᠎ᠪᠠᠨ ᠳ᠋ᠦᠩᠨᠡᠭ᠌ᠰᠡᠨ ᠰᠠᠭᠤᠷᠢᠨ ᠳᠡᠭᠡᠷ᠎ᠡ᠂ ᠮᠠᠨ᠎ᠤ ᠲᠢᠩᠬᠢᠮ 《ᠠᠷᠭ᠎ᠠ》 ᠎ᠶ᠋ᠢ ᠲᠣᠭ᠍ᠲᠠᠭᠠᠬᠤ᠎ᠶ᠋ᠢᠨ ᠬᠠᠮᠲᠤ ᠳᠠᠷᠤᠮᠠᠯᠯᠠᠨ ᠲᠠᠷᠬᠠᠭᠠᠵᠤ᠂ ᠬᠢᠷᠢ ᠬᠡᠮ᠎ᠤᠨ ᠬᠠᠮᠢᠶᠠᠷᠤᠯᠲᠠ᠎ᠶ᠋ᠢᠨ ᠦᠢᠯᠡᠴᠢᠯᠡᠭᠡᠨ᠎ᠤ ᠬᠢᠷᠢ ᠲᠦᠪᠱᠢᠨ᠎ᠢᠶᠠᠨ ᠤᠯᠠᠮ ᠨᠢᠭᠡ ᠠᠯᠬᠤᠮ  ᠳᠡᠭᠡᠭᠰᠢᠯᠡᠭᠦᠯᠦᠨ᠎ᠡ᠃

  ᠬᠤᠶᠠᠷ᠎ᠲᠤ᠌᠂ ᠲᠥᠯᠥᠪᠵᠢᠭᠦᠯᠭᠡ᠎ᠶ᠋ᠢᠨ ᠠᠵᠢᠯ ᠲᠦᠷᠦᠯ᠎ᠳᠤ ᠴᠢᠬᠤᠯᠠ ᠦᠢᠯᠡᠳᠦᠯ ᠪᠠᠳᠠᠷᠠᠭᠤᠯᠬᠤ ᠳᠠᠩᠰᠠᠯᠠᠭᠤᠯᠤᠭᠰᠠᠨ ᠲᠥᠯᠥᠪᠵᠢᠭᠦᠯᠦᠭ᠌ᠴᠢ᠎ᠶ᠋ᠢᠨ ᠬᠠᠮᠢᠶᠠᠷᠤᠯᠲᠠ᠎ᠶ᠋ᠢ ᠴᠢᠩᠭᠠᠳᠭᠠᠨ᠎ᠠ᠃ ᠳᠠᠩᠰᠠᠯᠠᠭᠤᠯᠤᠭ᠍ᠰᠠᠨ ᠬᠣᠲᠠ ᠬᠥᠳᠡᠭᠡ᠎ᠶ᠋ᠢᠨ ᠲᠥᠯᠥᠪᠵᠢᠭᠦᠯᠦᠭ᠌ᠴᠢ ᠨᠢ ᠲᠥᠯᠥᠪᠵᠢᠭᠦᠯᠭᠡ᠎ᠶ᠋ᠢ ᠨᠠᠢᠷᠠᠭᠤᠯᠤᠨ ᠵᠣᠬᠢᠶᠠᠬᠤ ᠨᠢᠭᠡᠴᠢ᠎ᠶ᠋ᠢᠨ ᠲᠤᠰᠭᠠᠶ ᠮᠡᠷᠭᠡᠵᠢᠯ᠎ᠦᠨ ᠴᠢᠳᠠᠪᠤᠷᠢ᠎ᠶ᠋ᠢ ᠳᠡᠭᠡᠭ᠌ᠰᠢᠯᠡᠭᠦᠯᠬᠦ᠌᠂ ᠡᠯ᠎ᠡ ᠱᠠᠲᠤᠨ᠎ᠤ ᠤᠯᠤᠰ᠎ᠤᠨ ᠭᠠᠵᠠᠷ ᠱᠢᠷᠣᠶ᠎ᠶ᠋ᠢᠨ ᠣᠷᠣᠨ ᠵᠠᠶ᠎ᠶ᠋ᠢᠨ ᠲᠥᠯᠥᠪᠵᠢᠭᠦᠯᠭᠡ᠎ᠶ᠋ᠢ ᠨᠠᠢᠷᠠᠭᠤᠯᠤᠨ ᠵᠣᠬᠢᠶᠠᠬᠤ ᠶᠠᠰᠤ ᠴᠢᠨᠠᠷ᠎ᠢ ᠪᠠᠲᠤᠯᠠᠬᠤ᠎ᠳᠤ ᠴᠢᠬᠤᠯᠠ ᠠᠴᠢ ᠬᠣᠯᠪᠣᠭ᠍ᠳᠠᠯ᠎ᠲᠠᠶ ᠶᠤᠮ᠂ ᠳᠠᠩᠰᠠᠯᠠᠭᠤᠯᠤᠭᠰᠠᠨ ᠲᠥᠯᠥᠪᠵᠢᠭᠦᠯᠦᠭ᠌ᠴᠢ᠎ᠶ᠋ᠢᠨ ᠠᠵᠢᠯ ᠡᠷᠬᠢᠯᠡᠬᠦ᠌ ᠠᠵᠢᠯᠯᠠᠭ᠎ᠠ᠎ᠳᠤ ᠬᠢᠨᠠᠯᠲᠠ ᠲᠠᠯᠪᠢᠵᠤ ᠬᠠᠮᠢᠶᠠᠷᠬᠤ᠎ᠪᠠᠨ ᠴᠢᠩᠭᠠᠳᠭᠠᠬᠤ ᠴᠢᠬᠤᠯᠠ᠎ᠲᠠᠶ ᠃ ᠪᠠᠢᠭᠠᠯᠢ᠎ᠶ᠋ᠢᠨ ᠡᠬᠢ ᠪᠠᠶᠠᠯᠢᠭ᠎ᠤᠨ ᠶᠠᠮᠤᠨ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠢᠭᠡᠮ᠎ᠤᠨ ᠪᠠᠲᠤᠯᠠᠭ᠎ᠠ᠎ᠶ᠋ᠢᠨ ᠶᠠᠮᠤᠨ᠎ᠤ ᠳᠠᠩᠰᠠᠯᠠᠭᠤᠯᠤᠭᠰᠠᠨ ᠲᠥᠯᠥᠪᠵᠢᠭᠦᠯᠦᠭ᠌ᠴᠢ᠎ᠶ᠋ᠢᠨ ᠬᠤᠯᠪᠣᠭ᠍ᠳᠠᠯ ᠪᠦᠬᠦᠢ ᠱᠠᠭᠠᠷᠳᠠᠯᠭ᠎ᠠ᠎ᠶ᠋ᠢ ᠦᠨᠳᠦᠰᠦᠯᠡᠨ᠂ ᠲᠤᠰ ᠤᠳᠠᠭ᠎ᠠ ᠳᠠᠷᠤᠮᠠᠯᠯᠠᠨ ᠲᠠᠷᠬᠠᠭᠠᠭ᠍ᠰᠠᠨ 《ᠠᠷᠭ᠎ᠠ》 ᠎ᠳᠤ ᠲᠤᠰᠭᠠᠢᠯᠠᠨ ᠨᠢᠭᠡ ᠪᠦᠯᠦᠭ ᠠᠰ᠎ᠢᠶᠠᠷ᠎ᠨᠢ ᠵᠢᠭ᠍ᠰᠠᠭᠠᠬᠤ᠎ᠶ᠋ᠢᠨ ᠵᠣᠷᠢᠯᠭ᠎ᠠ᠎ᠨᠢ ᠥᠪᠡᠷᠲᠡᠭᠡᠨ ᠵᠠᠰᠠᠬᠤ ᠣᠷᠣᠨ᠎ᠤ ᠳᠠᠩᠰᠠᠯᠠᠭᠤᠯᠤᠭᠰᠠᠨ ᠲᠥᠯᠥᠪᠵᠢᠭᠦᠯᠦᠭ᠌ᠴᠢ᠎ᠶ᠋ᠢᠨ ᠬᠠᠮᠢᠶᠠᠷᠤᠯᠲᠠ᠎ᠶ᠋ᠢᠨ ᠲᠥᠷᠥ᠎ᠶ᠋ᠢᠨ ᠪᠣᠳᠣᠯᠭ᠎ᠠ᠎ᠶ᠋ᠢ ᠪᠦᠷᠢᠨᠱᠢᠭᠦᠯᠦᠨ ᠲᠡᠭᠦᠯᠳᠡᠷᠵᠢᠭᠦᠯᠵᠦ᠍᠂ ᠳᠠᠩᠰᠠᠯᠠᠭᠤᠯᠤᠭᠰᠠᠨ ᠲᠥᠯᠥᠪᠵᠢᠭᠦᠯᠦᠭ᠌ᠴᠢ᠎ᠶ᠋ᠢᠨ ᠠᠵᠢᠯ ᠡᠷᠬᠢᠯᠡᠬᠦ᠌ ᠠᠵᠢᠯᠯᠠᠭ᠎ᠠ᠎ᠶ᠋ᠢ ᠵᠢᠷᠤᠮᠵᠢᠭᠤᠯᠤᠨ᠂ ᠲᠡᠭᠦᠨ᠎ᠤ ᠪᠠᠢᠭ᠎ᠠ ᠲᠥᠯᠥᠪᠵᠢᠭᠦᠯᠭᠡ᠎ᠶ᠋ᠢ ᠨᠠᠢᠷᠠᠭᠤᠯᠤᠨ ᠵᠣᠬᠢᠶᠠᠬᠤ ᠨᠢᠭᠡᠴᠢ᠎ᠶ᠋ᠢᠨ ᠵᠢᠷᠤᠮᠵᠢᠭᠤᠯᠤᠨ ᠲᠤᠬᠠᠢᠯᠠᠭ᠍ᠰᠠᠨ ᠠᠵᠢᠯ᠎ᠢᠶᠠᠨ ᠥᠷᠨᠢᠭᠦᠯᠬᠦ᠌᠎ᠶ᠋ᠢ ᠦᠨᠡᠨ ᠬᠦ᠌ ᠪᠠᠲᠤᠯᠠᠵᠤ᠂ ᠲᠥᠯᠥᠪᠵᠢᠭᠦᠯᠭᠡ᠎ᠶ᠋ᠢᠨ ᠦᠷ᠎ᠡ ᠪᠦᠲᠦᠭᠡᠯ᠎ᠤᠨ ᠶᠠᠰᠤ ᠴᠢᠨᠠᠷ᠎ᠢ ᠳᠡᠭᠡᠭ᠌ᠰᠢᠯᠡᠭᠦᠯᠦᠨ᠎ᠡ᠃

  ᠭᠤᠷᠪᠠ᠎ᠳᠤ᠂ ᠠᠵᠢᠯ ᠲᠥᠷᠥᠯ᠎ᠤᠨ ᠬᠢᠨᠠᠯᠲᠠ ᠬᠠᠮᠢᠶᠠᠷᠤᠯᠲᠠ᠎ᠶ᠋ᠢ ᠲᠥᠯᠥᠪᠵᠢᠭᠦᠯᠬᠦ᠌᠎ᠶ᠋ᠢᠨ ᠬᠡᠷᠡᠭ᠌ᠴᠡᠭᠡ᠎ᠶ᠋ᠢ ᠭᠦᠨᠵᠡᠭᠡᠢᠷᠡᠭᠦᠯᠦᠨ᠎ᠡ᠃ 《ᠬᠤᠲᠠ ᠬᠥᠳᠡᠭᠡ᠎ᠶ᠋ᠢᠨ ᠲᠥᠯᠥᠪᠵᠢᠭᠦᠯᠭᠡ᠎ᠶ᠋ᠢ ᠨᠠᠢᠷᠠᠭᠤᠯᠤᠨ ᠵᠣᠬᠢᠶᠠᠬᠤ ᠨᠢᠭᠡᠴᠢ᠎ᠶ᠋ᠢᠨ ᠬᠢᠷᠢ ᠬᠡᠮ᠎ᠤᠨ ᠬᠠᠮᠢᠶᠠᠷᠤᠯᠲᠠ᠎ᠶ᠋ᠢᠨ ᠠᠷᠭ᠎ᠠ》 ᠎ᠳᠤ ᠂ ᠮᠤᠵᠢ᠎ᠶ᠋ᠢᠨ ᠱᠠᠲᠤᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠪᠦᠷᠢᠳᠭᠡᠨ ᠳᠠᠩᠰᠠᠯᠠᠭᠤᠯᠤᠭᠰᠠᠨ ᠭᠠᠵᠠᠷ᠎ᠤᠨ ᠮᠤᠵᠢ᠎ᠶᠢᠨ ᠬᠡᠪᠴᠢᠶᠡᠨ᠎ᠳᠡᠬᠢ ᠲᠥᠯᠦᠪᠵᠢᠭᠦᠯᠭᠡ᠎ᠶᠢ ᠨᠠᠢᠷᠠᠭᠤᠯᠤᠨ ᠵᠣᠬᠢᠶᠠᠬᠤ ᠨᠢᠭᠡᠴᠢ᠎ᠶᠢᠨ ᠬᠥᠬᠡᠭᠴᠢᠨ ᠳᠡᠰ᠎ᠤᠨ ᠬᠢᠷᠢ ᠬᠡᠮ᠎ᠢ ᠬᠢᠨᠠᠨ ᠵᠥᠪᠰᠢᠶᠡᠷᠡᠬᠦ ᠠᠵᠢᠯ᠎ᠢ ᠬᠠᠷᠢᠭᠤᠴᠠᠨ᠎ᠠ ᠭᠡᠵᠦ᠍ ᠲᠣᠳᠣᠷᠬᠠᠶ ᠲᠣᠭ᠍ᠲᠠᠭᠠᠵᠠᠶ᠃ ᠬᠢᠨᠠᠯᠲᠠ ᠬᠠᠮᠢᠶᠠᠷᠤᠯᠲᠠ᠎ᠶ᠋ᠢᠨ ᠱᠠᠭᠠᠷᠳᠠᠯᠭ᠎ᠠ᠎ᠶ᠋ᠢ ᠤᠯᠠᠮ ᠨᠢᠭᠡ ᠠᠯᠬᠤᠮ ᠭᠦᠨᠵᠡᠭᠡᠢᠷᠡᠭᠦᠯᠵᠦ᠍᠂ ᠬᠥᠬᠡᠭ᠌ᠴᠢᠨ ᠲᠠᠰ᠎ᠤᠨ ᠬᠢᠷᠢ ᠴᠢᠳᠠᠮᠵᠢ᠎ᠶ᠋ᠢ ᠭᠤᠶᠤᠴᠢᠯᠠᠨ ᠮᠡᠳᠡᠭᠦᠯᠬᠦ᠂ ᠬᠢᠨᠠᠨ ᠬᠠᠷᠭᠤᠭᠤᠯᠬᠤ᠂ ᠬᠢᠨᠠᠨ ᠵᠥᠪᠱᠢᠶᠡᠷᠡᠬᠦ᠌ ᠵᠡᠷᠭᠡ ᠠᠵᠢᠯ᠎ᠤᠨ ᠲᠠᠰ ᠳᠠᠷᠠᠭᠠᠯᠠᠯ᠎ᠢ ᠲᠣᠳᠣᠷᠬᠠᠢᠯᠠᠬᠤ ᠎ᠳᠦ᠂ ᠦᠪᠡᠷᠲᠡᠭᠡᠨ ᠵᠠᠰᠠᠬᠤ ᠤᠷᠤᠨ᠎ᠤ ᠪᠤᠲᠠᠲᠠᠢ᠎ᠳᠤ ᠨᠡᠢ᠌ᠴᠡᠭᠰᠡᠨ ᠬᠡᠷᠡᠭᠵᠢᠭᠦᠯᠬᠦ ᠠᠷᠭ᠎ᠠ᠎ᠶᠢ ᠨᠡᠢ᠌ᠲᠡᠯᠡᠬᠦ ᠬᠡᠷᠡᠭᠲᠡᠢ᠃

  ᠭᠤᠷᠪᠠ᠂ ᠭᠤᠣᠯ ᠠᠭᠤᠯᠭ᠎ᠠ

  《ᠠᠷᠭ᠎ᠠ》 ᠎ᠳᠤ ᠨᠡᠢᠲᠡ ᠵᠢᠷᠭᠤᠭᠠᠨ ᠪᠦᠯᠦᠭ᠂ ᠬᠤᠷᠢᠨ ᠭᠤᠷᠪᠠᠨ ᠵᠣᠷᠪᠤᠰ ᠬᠤᠪᠢᠶᠠᠵᠠᠢ᠃ ᠨᠢᠭᠡᠳᠦᠭᠡᠷ ᠪᠦᠯᠦᠭ ᠶᠡᠷᠦᠩᠬᠡᠢ ᠲᠦᠷᠢᠮ᠂ ᠨᠡᠢᠳᠡ 3 ᠵᠤᠷᠪᠤᠰ ᠠᠭᠤᠯᠭ᠎ᠠ ᠲᠠᠢ᠃ ᠲᠣᠭ᠍ᠲᠠᠭᠠᠭ᠍ᠰᠠᠨ ᠵᠣᠷᠢᠯᠭ᠎ᠠ᠂ ᠥᠪᠡᠷᠲᠡᠭᠡᠨ ᠵᠠᠰᠠᠬᠤ ᠣᠷᠣᠨ᠎ᠤ ᠬᠡᠪᠴᠢᠶᠡᠨ ᠳᠣᠲᠣᠷ᠎ᠠ ᠲᠥᠯᠥᠪᠵᠢᠭᠦᠯᠭᠡ ᠨᠠᠢᠷᠠᠭᠤᠯᠤᠨ ᠵᠣᠬᠢᠶᠠᠬᠤ ᠲᠤᠬᠠᠢᠯᠠᠭ᠍ᠰᠠᠨ ᠠᠵᠢᠯ᠎ᠢ ᠳᠠᠭᠠᠭᠠᠨ ᠠᠪᠬᠤ ᠨᠢᠭᠡᠴᠢ᠎ᠶ᠋ᠢᠨ ᠬᠢᠷᠢ ᠭᠡᠮ᠎ᠦᠨ ᠱᠠᠭᠠᠷᠳᠠᠯᠭ᠎ᠠ᠂ ᠬᠢᠨᠠᠯᠲᠠ ᠲᠠᠯᠪᠢᠵᠤ ᠬᠠᠮᠢᠶᠠᠷᠬᠤ ᠭᠣᠤᠯ ᠴᠣᠭ᠍ᠴᠠ ᠪᠠᠭ᠍ᠲᠠᠨ᠎ᠠ᠃ ᠬᠤᠶᠠᠳᠤᠭᠠᠷ ᠪᠦᠯᠦᠭ ᠬᠢᠷᠢ ᠬᠡᠮ᠎ᠤᠨ ᠵᠡᠷᠭᠡ ᠳᠡᠰ ᠬᠢᠭᠡᠳ ᠪᠠᠷᠢᠮᠵᠢᠶ᠎ᠠ᠂ ᠨᠡᠢᠲᠡ 4 ᠵᠤᠷᠪᠤᠰ ᠠᠭᠤᠯᠭ᠎ᠠ ᠲᠠᠢ᠃ ᠬᠢᠷᠢ ᠭᠡᠮ᠎ᠦᠨ ᠳᠡᠰ᠂ ᠬᠥᠬᠡᠭ᠌ᠴᠢᠨ ᠲᠠᠰ᠎ᠤᠨ ᠬᠢᠷᠢ ᠭᠡᠮ᠎ᠦᠨ ᠲᠤᠬᠠᠢᠯᠠᠭ᠍ᠰᠠᠨ ᠠᠵᠢᠯ᠎ᠤᠨ ᠬᠡᠪᠴᠢᠶ᠎ᠡ᠂ ᠬᠥᠬᠡᠭ᠌ᠴᠢᠨ ᠲᠠᠰ᠎ᠤᠨ ᠬᠢᠷᠢ ᠬᠡᠮ ᠭᠤᠶᠤᠴᠢᠯᠠᠬᠤ ᠨᠥᠬᠥᠴᠡᠯ᠂ ᠠᠵᠢᠯ᠎ᠠᠴᠠ᠎ᠪᠠᠨ ᠪᠠᠭᠤᠭ᠍ᠰᠠᠨ ᠬᠥᠮᠦᠰ ᠪᠣᠯᠤᠨ ᠳᠡᠭᠡᠳᠦ ᠰᠤᠷᠭᠠᠭᠤᠯᠢ᠎ᠳᠤ ᠬᠠᠷᠢᠶᠠᠯᠠᠭ᠍ᠳᠠᠬᠤ ᠲᠥᠯᠥᠪᠵᠢᠭᠦᠯᠭᠡ᠎ᠶ᠋ᠢᠨ ᠨᠢᠭᠡᠴᠢ᠎ᠶ᠋ᠢᠨ ᠠᠵᠢᠯᠲᠠᠨ᠎ᠤ ᠱᠠᠭᠠᠷᠳᠠᠯᠭ᠎ᠠ᠎ᠶ᠋ᠢ ᠪᠠᠭ᠍ᠲᠠᠭᠠᠨ᠎ᠠ᠃ ᠭᠤᠷᠪᠠᠳᠤᠭᠠᠷ ᠪᠦᠯᠦᠭ ᠬᠢᠷᠢ ᠬᠡᠮ᠎ᠢ ᠭᠤᠶᠤᠴᠢᠯᠠᠬᠤ ᠪᠠ ᠬᠢᠨᠠᠨ ᠵᠥᠪᠱᠢᠶᠡᠷᠡᠬᠦ᠌᠂ ᠨᠡᠢᠲᠡ 8 ᠵᠤᠷᠪᠤᠰ ᠠᠭᠤᠯᠭ᠎ᠠ ᠲᠠᠢ᠃ ᠡᠭᠦᠨ᠎ᠳᠤ ᠬᠢᠷᠢ ᠬᠡᠮ᠎ᠢ ᠭᠦᠢᠴᠡᠳᠭᠡᠬᠦ᠌ ᠠᠷᠭ᠎ᠠ ᠮᠠᠶᠢᠭ᠂ ᠭᠥᠯᠢᠶᠡᠨ ᠠᠪᠴᠤ᠌ ᠭᠦᠢᠴᠡᠳᠭᠡᠬᠦ᠌ ᠲᠠᠰ ᠳᠠᠷᠠᠭᠠᠯᠠᠯ᠂ ᠬᠢᠨᠠᠨ ᠬᠠᠷᠭᠤᠭᠤᠯᠬᠤ ᠲᠠᠰ ᠳᠠᠷᠠᠭᠠᠯᠠᠯ᠂ ᠬᠢᠷᠢ ᠬᠡᠮ᠎ᠤᠨ ᠬᠦᠴᠦᠨ᠎ᠲᠠᠢ ᠬᠤᠭᠤᠴᠠᠭ᠎ᠠ᠂ ᠬᠢᠷᠢ ᠬᠡᠮ᠎ᠤᠨ ᠦᠷᠭᠦᠯᠵᠢᠯᠡᠭᠦᠯᠬᠦ᠌ ᠲᠠᠰ ᠳᠠᠷᠠᠭᠠᠯᠠᠯ᠂ ᠬᠢᠷᠢ ᠬᠡᠮ᠎ᠤᠨ ᠮᠡᠳᠡᠭᠡ ᠵᠠᠩᠭᠢ᠎ᠶ᠋ᠢᠨ ᠬᠤᠪᠢᠷᠠᠭᠤᠯᠬᠤ ᠲᠠᠰ ᠳᠠᠷᠠᠭᠠᠯᠠᠯ ᠵᠡᠷᠭᠡ ᠪᠠᠭ᠍ᠲᠠᠨ᠎ᠠ᠃ ᠳᠥᠷᠪᠡᠳᠦᠭᠡᠷ ᠪᠦᠯᠦᠭ ᠳᠠᠩᠰᠠᠯᠠᠭᠤᠯᠤᠭᠰᠠᠨ ᠲᠥᠯᠥᠪᠵᠢᠭᠦᠯᠦᠭ᠌ᠴᠢ ᠶ᠋ᠢᠨ ᠬᠠᠮᠢᠶᠠᠷᠤᠯᠲᠠ᠂ ᠨᠡᠢᠲᠡ 4 ᠵᠤᠷᠪᠤᠰ ᠠᠭᠤᠯᠭ᠎ᠠ ᠲᠠᠢ᠃ ᠡᠭᠦᠨ᠎ᠳᠤ ᠳᠠᠩᠰᠠᠯᠠᠭᠤᠯᠤᠭᠰᠠᠨ ᠲᠥᠯᠥᠪᠵᠢᠭᠦᠯᠦᠭ᠌ᠴᠢ᠎ᠶ᠋ᠢᠨ ᠬᠢᠨᠠᠯᠲᠠ ᠬᠠᠮᠢᠶᠠᠷᠤᠯᠲᠠ᠎ᠶ᠋ᠢᠨ ᠭᠤᠣᠯ ᠴᠣᠭ᠍ᠴᠠ᠂ ᠳᠠᠩᠰᠠᠯᠠᠭᠤᠯᠤᠭᠰᠠᠨ ᠲᠥᠯᠥᠪᠵᠢᠭᠦᠯᠦᠭ᠌ᠴᠢ᠎ᠶ᠋ᠢᠨ ᠦᠷᠭᠦᠯᠵᠢᠯᠡᠭ᠌ᠰᠡᠨ ᠰᠤᠷᠭᠠᠨ ᠬᠥᠮᠦᠵᠢᠯ᠎ᠤᠨ ᠬᠠᠮᠢᠶᠠᠷᠤᠯᠲᠠ᠂ ᠲᠥᠯᠥᠪᠵᠢᠭᠦᠯᠭᠡ᠎ᠶ᠋ᠢᠨ ᠦᠷ᠎ᠡ ᠪᠦᠲᠦᠭᠡᠯ᠎ᠢ ᠳᠠᠩᠰᠠᠯᠠᠬᠤ᠎ᠳᠤ ᠳᠠᠩᠰᠠᠯᠠᠭᠤᠯᠤᠭᠰᠠᠨ ᠲᠥᠯᠥᠪᠵᠢᠭᠦᠯᠦᠭ᠌ᠴᠢ ᠭᠠᠷ᠎ᠤᠨ ᠦᠰᠦᠭ ᠵᠢᠷᠤᠬᠤ᠂ ᠳᠠᠩᠰᠠᠯᠠᠭᠤᠯᠤᠭᠰᠠᠨ ᠲᠥᠯᠥᠪᠵᠢᠭᠦᠯᠦᠭ᠌ᠴᠢ᠎ᠶ᠋ᠢᠨ ᠦᠷ᠎ᠡ ᠪᠦᠲᠦᠭᠡᠯ᠎ᠤᠨ ᠶᠠᠰᠤ ᠴᠢᠨᠠᠷ᠎ᠲᠤ ᠬᠠᠷᠢᠭᠤᠴᠠᠬᠤ ᠵᠡᠷᠭᠡ᠎ᠶ᠋ᠢ ᠪᠠᠭ᠍ᠲᠠᠭᠠᠨ᠎ᠠ᠃ ᠲᠠᠪᠤᠳᠤᠭᠠᠷ ᠪᠦᠯᠦᠭ ᠬᠢᠨᠠᠯᠲᠠ ᠬᠠᠮᠢᠶᠠᠷᠤᠯᠲᠠ᠂ ᠨᠡᠢᠲᠡ 2 ᠵᠤᠷᠪᠤᠰ ᠠᠭᠤᠯᠭ᠎ᠠ ᠲᠠᠢ᠃ ᠡᠭᠦᠨ᠎ᠳᠤ ᠠᠵᠢᠯ ᠲᠥᠷᠥᠯ᠎ᠤᠨ ᠬᠢᠨᠠᠯᠲᠠ ᠬᠠᠮᠢᠶᠠᠷᠤᠯᠲᠠ ᠵᠢᠴᠢ ᠲᠥᠯᠥᠪᠵᠢᠭᠦᠯᠭᠡ᠎ᠶ᠋ᠢᠨ ᠨᠢᠭᠡᠴᠢ᠎ᠶ᠋ᠢᠨ ᠬᠠᠤᠯᠢ ᠲᠣᠭ᠍ᠲᠠᠭᠠᠯ᠎ᠠᠴᠠ ᠵᠥᠷᠢᠴᠡᠭ᠌ᠰᠡᠨ ᠦᠶ᠋ᠯᠡ ᠠᠵᠢᠯᠯᠠᠭ᠎ᠠ᠎ᠳᠤ ᠬᠤᠯᠪᠣᠭ᠍ᠳᠠᠬᠤ ᠬᠠᠮᠢᠶᠠᠷᠤᠯᠲᠠ᠎ᠶ᠋ᠢᠨ ᠱᠠᠭᠠᠷᠳᠠᠯᠭ᠎ᠠ᠂ ᠱᠢᠯᠵᠢᠯᠲᠡ᠎ᠶ᠋ᠢᠨ ᠬᠤᠭᠤᠴᠠᠭᠠᠨ᠎ᠳᠠᠬᠢ ᠬᠢᠷᠢ ᠬᠡᠮ᠎ᠤᠨ ᠬᠠᠮᠢᠶᠠᠷᠤᠯᠲᠠ᠎ᠶ᠋ᠢᠨ ᠱᠠᠭᠠᠷᠳᠠᠯᠭ᠎ᠠ ᠵᠡᠷᠭᠡ᠎ᠶ᠋ᠢ ᠪᠠᠭ᠍ᠲᠠᠭᠠᠨ᠎ᠠ᠃ ᠵᠢᠷᠭᠤᠳᠤᠭᠠᠷ ᠪᠦᠯᠦᠭ ᠳᠠᠭᠠᠯᠳᠤᠭᠤᠯᠤᠭ᠍ᠰᠠᠨ ᠲᠦᠷᠢᠮ᠂ ᠨᠡᠢᠳᠡ 2 ᠵᠤᠷᠪᠤᠰ ᠠᠭᠤᠯᠭ᠎ᠠ ᠲᠠᠢ᠃ ᠭᠤᠤᠯᠳᠠᠭᠤ 《ᠠᠷᠭ᠎ᠠ》 ᠎ᠶ᠋ᠢᠨ ᠳᠠᠭᠤᠰᠤᠭᠠᠳᠤᠶ ᠤᠴᠢᠷ ᠶᠠᠪᠤᠳᠠᠯ᠎ᠢ ᠶᠠᠮᠤᠨ᠎ᠤ ᠵᠠᠷᠯᠢᠭ ᠶᠣᠰᠣᠭᠠᠷ ᠬᠡᠷᠡᠭ᠌ᠵᠢᠭᠦᠯᠬᠦ᠌᠎ᠶ᠋ᠢ ᠲᠣᠳᠣᠷᠬᠠᠢᠯᠠᠨ᠎ᠠ᠃ ᠠᠷᠭ᠎ᠠ᠎ᠶ᠋ᠢ ᠬᠡᠷᠡᠭ᠌ᠵᠢᠭᠦᠯᠬᠦ᠌ ᠬᠦᠴᠦᠨ᠎ᠲᠠᠢ ᠬᠤᠭᠤᠴᠠᠭ᠎ᠠ᠎ᠨᠢ 5 ᠵᠢᠯ ᠪᠣᠯᠣᠨ᠎ᠠ᠃

  ᠡᠭᠦᠨ᠎ᠤ ᠬᠠᠮᠲᠤ᠌᠂ 《ᠠᠷᠭ᠎ᠠ》 ᠎ᠲᠠᠢ ᠬᠠᠮᠲᠤ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠲᠠ ᠬᠥᠳᠡᠭᠡ᠎ᠶ᠋ᠢᠨ ᠲᠥᠯᠥᠪᠵᠢᠭᠦᠯᠭᠡ᠎ᠶ᠋ᠢ ᠨᠠᠢᠷᠠᠭᠤᠯᠤᠨ ᠵᠣᠬᠢᠶᠠᠬᠤ ᠨᠢᠭᠡᠴᠢ᠎ᠶ᠋ᠢᠨ ᠬᠥᠬᠡᠭ᠌ᠴᠢᠨ ᠲᠠᠰ᠎ᠤᠨ ᠬᠢᠷᠢ ᠬᠡᠮ᠎ᠤᠨ ᠦᠢᠯᠡᠴᠢᠯᠡᠭᠡᠨ᠎ᠤ ᠵᠦᠭ᠌ᠯᠡᠭᠦᠷ (2025 ᠣᠨ᠎ᠤ 10 ᠳ᠋ᠤᠭᠠᠷ ᠰᠠᠷ᠎ᠠ᠎ᠶ᠋ᠢᠨ ᠬᠡᠪᠯᠡᠯ)》 ᠎ᠢ ᠳᠠᠷᠤᠮᠠᠯᠯᠠᠨ ᠲᠠᠷᠬᠠᠭᠠᠵᠤ᠂ ᠡᠯ᠎ᠡ ᠬᠤᠯᠪᠣᠭ᠍ᠳᠠᠯ ᠪᠥᠬᠦᠶ ᠨᠢᠭᠡᠴᠢ ᠬᠢᠷᠢ ᠬᠡᠮ᠎ᠢ ᠭᠦᠢᠴᠡᠳᠭᠡᠬᠦ᠌ ᠳᠤᠮᠳᠠ ᠯᠠᠪᠯᠠᠯᠲᠠ ᠪᠣᠯᠭᠠᠨ ᠬᠡᠷᠡᠭ᠌ᠯᠡᠵᠦ᠍ ᠪᠣᠯᠤᠨ᠎ᠠ᠃

ᠢᠷᠡᠯᠲᠡ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠲᠢᠩᠬᠢᠮ