ᠨᠡᠶ᠋ᠢᠲᠡᠯᠡᠭᠰᠡᠨ ᠠᠬᠤᠢ ᠪᠠᠶ᠋ᠢᠳᠠᠯ
《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠬᠠᠷ᠎ᠠ ᠬᠥᠷᠥᠰᠥ ᠵᠢ ᠬᠠᠮᠠᠭ᠋ᠠᠯᠠᠬᠤ ᠬᠠᠤᠯᠢ》 ᠪᠣᠯᠤᠨ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠠᠷ᠎ᠠ ᠬᠥᠷᠥᠰᠥ ᠵᠢ ᠬᠠᠮᠠᠭ᠋ᠠᠯᠠᠬᠤ ᠲᠦᠷᠢᠮ》᠎ᠤᠨ ᠬᠤᠯᠪᠣᠭᠳᠠᠯ ᠪᠥᠬᠦᠶ ᠲᠣᠭᠲᠠᠭ᠋ᠠᠯ᠎ᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠶ᠎ᠲᠠᠢ᠎ᠪᠠᠨ ᠤᠶᠠᠯᠳᠤᠭᠤᠯᠤᠨ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠠᠷ᠎ᠠ ᠬᠥᠷᠥᠰᠥ ᠵᠢ ᠡᠵᠡᠯᠡᠨ ᠬᠡᠷᠡᠭᠯᠡᠵᠦ ᠠᠰᠢᠭᠯᠠᠬᠤ ᠬᠠᠮᠢᠶᠠᠷᠤᠯᠲᠠ ᠵᠢᠨ ᠠᠷᠭ᠎ᠠ (ᠲᠤᠷᠰᠢᠨ ᠬᠡᠷᠡᠭᠵᠢᠭᠦᠯᠬᠦ)》 ᠵᠢ ᠨᠡᠶ᠋ᠢᠲᠡᠯᠡᠪᠡ᠃
ᠭᠤᠣᠯ ᠠᠭᠤᠯᠭ᠎ᠠ
《ᠬᠠᠮᠢᠶᠠᠷᠤᠯᠲᠠ ᠵᠢᠨ ᠠᠷᠭ᠎ᠠ》᠎ᠨᠢ ᠨᠡᠶ᠋ᠢᠲᠡ ᠲᠠᠪᠤᠨ ᠪᠦᠯᠦᠭ ᠬᠤᠷᠢᠨ ᠳᠤᠯᠤᠭ᠋ᠠᠨ ᠵᠦᠢ᠍ᠯ᠎ᠢ ᠪᠠᠭᠲᠠᠭ᠋ᠠᠵᠤ᠂ ᠡᠭᠦᠨ᠎ᠳᠤ ᠶᠡᠷᠦᠩᠬᠡᠶ ᠲᠦᠷᠢᠮ᠂ ᠬᠥᠷᠥᠰᠥ ᠰᠢᠷᠣᠶ ᠵᠢ ᠰᠠᠯᠭ᠋ᠠᠵᠤ ᠠᠰᠢᠭᠯᠠᠬᠤ᠂ ᠬᠥᠷᠥᠰᠥ ᠰᠢᠷᠣᠶ ᠵᠢ ᠬᠠᠳᠠᠭ᠋ᠠᠯᠠᠨ ᠬᠠᠮᠢᠶᠠᠷᠬᠤ᠂ ᠬᠢᠨᠠᠯᠲᠠ ᠲᠠᠯᠪᠢᠬᠤ ᠪᠠ ᠬᠠᠮᠢᠶᠠᠷᠬᠤ᠂ ᠳᠠᠭ᠋ᠠᠯᠳᠤᠭᠤᠯᠤᠭᠰᠠᠨ ᠲᠦᠷᠢᠮ᠎ᠢ ᠪᠠᠭᠲᠠᠭ᠋ᠠᠨ᠎ᠠ᠃
ᠲᠤᠬᠢᠷᠠᠬᠤ ᠬᠡᠪᠴᠢᠶ᠎ᠠ
ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠣᠷᠣᠨ᠎ᠤ ᠳᠣᠲᠣᠷ᠎ᠠ ᠬᠠᠷ᠎ᠠ ᠬᠥᠷᠥᠰᠥ ᠵᠢ ᠡᠵᠡᠯᠡᠨ ᠲᠠᠷᠢᠬᠤ ᠲᠠᠷᠢᠶᠠᠯᠠᠬᠤ ᠳᠠᠪᠬᠤᠷᠭ᠎ᠠ ᠵᠢᠨ ᠬᠥᠷᠥᠰᠥ ᠰᠢᠷᠣᠶ ᠵᠢ ᠰᠠᠯᠭ᠋ᠠᠬᠤ᠂ ᠲᠡᠭᠡᠭᠡᠪᠦᠷᠢᠯᠡᠬᠦ᠂ ᠬᠠᠳᠠᠭ᠋ᠠᠯᠠᠬᠤ᠂ ᠬᠠᠮᠢᠶᠠᠷᠴᠤ ᠬᠠᠮᠠᠭ᠋ᠠᠯᠠᠬᠤ᠂ ᠠᠰᠢᠭᠯᠠᠬᠤ ᠵᠡᠷᠭᠡ ᠠᠵᠢᠯᠯᠠᠭ᠎ᠠ᠎ᠳᠤ ᠲᠤᠰ ᠠᠷᠭ᠎ᠠ ᠬᠡᠷᠡᠭᠯᠡᠭᠳᠡᠨ᠎ᠡ᠃
ᠰᠠᠯᠭ᠋ᠠᠬᠤ ᠬᠡᠪᠴᠢᠶ᠎ᠡ
ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠨᠢ ᠬᠠᠷ᠎ᠠ ᠬᠦᠷᠦᠰᠦ ᠵᠢ ᠦᠨᠡᠨ ᠬᠦ᠌ ᠡᠵᠡᠯᠡᠨ ᠬᠡᠷᠡᠭᠯᠡᠬᠦ ᠴᠢᠬᠤᠯᠠᠲᠠᠢ ᠪᠣᠯ ᠰᠠᠯᠭ᠋ᠠᠬᠤ ᠶᠣᠰᠣᠲᠠᠶ ᠪᠦᠬᠦᠨ᠎ᠢ᠎ᠨᠢ ᠰᠠᠯᠭ᠋ᠠᠬᠤ᠂ ᠣᠶ᠋ᠢᠷ᠎ᠠ ᠬᠠᠪᠢ᠎ᠳᠤᠨᠢ ᠠᠰᠢᠭᠯᠠᠬᠤ ᠵᠠᠷᠴᠢᠮ᠎ᠤᠨ ᠶᠣᠰᠣᠭ᠋ᠠᠷ ᠰᠠᠯᠭ᠋ᠠᠬᠤ ᠬᠡᠷᠡᠭᠲᠡᠶ᠃
ᠰᠠᠯᠭ᠋ᠠᠬᠤ ᠦᠭᠡᠢ ᠪᠠᠶ᠋ᠢᠵᠤ ᠪᠤᠯᠬᠤ ᠪᠠᠶ᠋ᠢᠳᠠᠯ
ᠳᠣᠤᠷᠠᠬᠢ ᠪᠠᠶ᠋ᠢᠳᠠᠯ ᠪᠠᠶ᠋ᠢᠪᠠᠯ᠂ ᠬᠤᠰᠢᠭᠤ ᠰᠢᠶᠠᠨ᠎ᠤ ᠱᠠᠲᠤᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠶ᠋ᠠᠷ ᠳᠡᠮᠵᠢᠨ ᠲᠠᠷᠢᠶᠠᠯᠠᠩ ᠮᠠᠯ ᠠᠵᠤ ᠠᠬᠤᠶ᠂ ᠠᠮᠢ ᠠᠬᠤᠶ ᠵᠢᠨ ᠣᠷᠴᠢᠨ ᠲᠣᠭᠤᠷᠢᠨ ᠵᠡᠷᠭᠡ ᠰᠠᠯᠠᠭ᠎ᠠ ᠮᠥᠴᠢᠷ᠎ᠲᠠᠢ ᠬᠠᠮᠲᠤᠷᠠᠨ ᠮᠠᠭ᠋ᠠᠳᠯᠠᠨ ᠲᠣᠭᠲᠠᠭ᠋ᠠᠵᠤ᠂ ᠲᠣᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠦᠨ ᠵᠥᠪᠰᠢᠶᠡᠷᠡᠭᠦᠯᠦᠨ᠎ᠡ᠂ ᠰᠠᠯᠭ᠋ᠠᠬᠤ ᠥᠬᠡᠶ ᠪᠠᠶ᠋ᠢᠵᠤ ᠪᠣᠯᠤᠨ᠎ᠠ᠄
(ᠨᠢᠭᠡ) ᠥᠪᠡᠷᠲᠡᠭᠡᠨ ᠵᠠᠰᠠᠬᠤ ᠣᠷᠣᠨ᠎ᠤ ᠪᠦᠲᠦᠭᠡᠨ ᠪᠠᠶ᠋ᠢᠭᠤᠯᠤᠯᠲᠠ᠎ᠳᠤ ᠬᠡᠷᠡᠭᠯᠡᠬᠦ ᠬᠠᠷ᠎ᠠ ᠬᠥᠷᠥᠰᠥ ᠵᠢ ᠡᠵᠡᠯᠡᠨ ᠬᠡᠷᠡᠭᠯᠡᠬᠦ ᠲᠠᠷᠢᠶᠠᠯᠠᠬᠤ ᠳᠠᠪᠬᠤᠷᠭ᠎ᠠ ᠵᠢᠨ ᠬᠥᠷᠥᠰᠥ ᠰᠢᠷᠣᠶ ᠵᠢ ᠰᠠᠯᠭ᠋ᠠᠵᠤ ᠠᠰᠢᠭᠯᠠᠬᠤ ᠮᠡᠷᠭᠡᠵᠢᠯ᠎ᠤᠨ ᠵᠢᠷᠤᠮᠵᠢᠯ᠎ᠤᠨ ᠱᠠᠭ᠋ᠠᠷᠳᠠᠯᠭ᠎ᠠ᠎ᠳᠤ ᠨᠡᠶ᠋ᠢᠴᠡᠬᠦ ᠦᠭᠡᠶ;
(ᠬᠤᠶᠠᠷ) ᠬᠦᠨᠳᠦ ᠨᠣᠴᠢᠲᠠᠢ ᠪᠣᠬᠢᠷᠳᠠᠭ᠋ᠠᠳ ᠳᠠᠬᠢᠨ ᠠᠰᠢᠭᠯᠠᠬᠤ᠎ᠳᠤ ᠲᠣᠬᠢᠷᠠᠬᠤ ᠦᠭᠡᠢ ᠪᠣᠯᠤᠭᠰᠠᠨ;
(ᠭᠤᠷᠪᠠ) ᠬᠦᠨᠳᠦ ᠰᠦᠷᠡᠬᠡᠢ ᠡᠯᠡᠰᠦᠷᠬᠡᠭᠵᠢᠭᠰᠡᠨ᠂ ᠬᠤᠵᠢᠷᠰᠢᠭᠰᠠᠨ ᠪᠣᠯ ᠳᠠᠬᠢᠵᠤ ᠠᠰᠢᠭᠯᠠᠬᠤ᠎ᠳᠤ ᠲᠣᠬᠢᠷᠠᠮᠵᠢ ᠦᠭᠡᠢ;
(ᠲᠦᠷᠪᠡ) ᠵᠥᠪᠰᠢᠶᠡᠷᠡᠯ ᠣᠯᠤᠭᠰᠠᠨ ᠦᠭᠡᠢ᠎ᠪᠠᠷ ᠬᠠᠷ᠎ᠠ ᠬᠥᠷᠥᠰᠥ ᠵᠢ ᠬᠠᠤᠯᠢ ᠪᠤᠰᠤ᠎ᠪᠠᠷ ᠡᠵᠡᠯᠡᠨ ᠬᠡᠷᠡᠭᠯᠡᠭᠰᠡᠨ ᠪᠥᠭᠡᠳ ᠲᠠᠷᠢᠶᠠᠯᠠᠬᠤ ᠳᠠᠪᠬᠤᠷᠭ᠎ᠠ ᠵᠢᠨ ᠬᠥᠷᠥᠰᠥ ᠰᠢᠷᠣᠢ ᠵᠢ ᠬᠦᠨᠳᠦ ᠨᠣᠴᠢᠲᠠᠢ ᠡᠪᠳᠡᠵᠦ ᠲᠠᠬᠢᠨ ᠠᠰᠢᠭᠯᠠᠬᠤ ᠵᠢᠨ ᠠᠷᠭ᠎ᠠ ᠦᠭᠡᠢ ᠪᠣᠯᠭ᠋ᠠᠭᠰᠠᠨ ᠪᠥᠭᠡᠳ ᠨᠢᠭᠡᠨᠲᠡ ᠬᠠᠤᠯᠢ ᠶᠣᠰᠣᠭ᠋ᠠᠷ ᠪᠠᠶ᠋ᠢᠴᠠᠭ᠋ᠠᠨ ᠰᠢᠢ᠍ᠳᠪᠦᠷᠢᠯᠡᠭᠰᠡᠨ;
(ᠲᠠᠪᠤ) ᠤᠯᠤᠰ᠎ᠤᠨ ᠠᠮᠤᠷ ᠲᠦᠪᠰᠢᠨ᠂ ᠴᠡᠷᠢᠭ᠎ᠤᠨ ᠶᠠᠪᠤᠳᠠᠯ᠂ ᠠᠶᠤᠯ ᠭᠠᠮᠰᠢᠭ᠎ᠠᠴᠠ ᠠᠪᠤᠷᠠᠬᠤ ᠵᠡᠷᠭᠡ ᠪᠠᠴᠢᠮ ᠬᠡᠷᠡᠭᠴᠡᠭᠡ᠎ᠲᠠᠢ ᠭᠠᠵᠠᠷ ᠬᠡᠷᠡᠭᠯᠡᠬᠦ᠎ᠳᠤ;
(ᠵᠢᠷᠭᠤᠭ᠎ᠠ) ᠲᠥᠬᠥᠭᠡᠷᠦᠮᠵᠢᠲᠦ ᠲᠠᠷᠢᠶᠠᠯᠠᠩ᠎ᠳᠤ ᠠᠰᠢᠭᠯᠠᠬᠤ ᠭᠠᠵᠠᠷ᠎ᠢ ᠡᠵᠡᠯᠡᠨ ᠠᠰᠢᠭᠯᠠᠬᠤ᠎ᠳᠤ᠎ᠪᠠᠨ ᠲᠠᠷᠢᠶᠠᠯᠠᠬᠤ ᠳᠠᠪᠬᠤᠷᠭ᠎ᠠ ᠵᠢ ᠡᠪᠳᠡᠭᠰᠡᠨ ᠦᠭᠡᠢ᠃
ᠠᠵᠢᠯ᠎ᠤᠨ ᠶᠠᠪᠤᠴᠠ
ᠤᠨ᠎ᠤ ᠲᠦᠯᠦᠪᠯᠡᠭᠡ
ᠬᠤᠰᠢᠭᠤ ᠰᠢᠶᠠᠨ (ᠬᠤᠲᠠ᠂ ᠲᠣᠭᠤᠷᠢᠭ)᠎ᠤ ᠠᠷᠠᠳ᠎ᠤᠨ ᠵᠠᠰᠠᠭ᠎ᠤᠨ ᠣᠷᠳᠣᠨ᠎ᠨᠢ ᠪᠠᠶ᠋ᠢᠭ᠋ᠠᠯᠢ ᠵᠢᠨ ᠡᠬᠢ ᠪᠠᠶᠠᠯᠢᠭ᠂ ᠲᠠᠷᠢᠶᠠᠯᠠᠩ ᠮᠠᠯ ᠠᠵᠤ ᠠᠬᠤᠶ ᠵᠢᠨ ᠰᠠᠯᠠᠭ᠎ᠠ ᠮᠥᠴᠢᠷ᠎ᠢ ᠵᠣᠬᠢᠶᠠᠨ ᠪᠠᠶ᠋ᠢᠭᠤᠯᠵᠤ ᠨᠠᠶ᠋ᠢᠷᠠᠭᠤᠯᠤᠨ ᠵᠣᠬᠢᠶᠠᠬᠤ — ᠳᠡᠭᠡᠭᠰᠢ ᠮᠡᠳᠡᠭᠦᠯᠬᠦ — ᠠᠶ᠋ᠢᠮᠠᠭ ᠬᠤᠲᠠ ᠵᠢᠨ ᠪᠠᠶ᠋ᠢᠭ᠋ᠠᠯᠢ ᠵᠢᠨ ᠡᠬᠢ ᠪᠠᠶᠠᠯᠢᠭ᠂ ᠲᠠᠷᠢᠶᠠᠯᠠᠩ ᠮᠠᠯ ᠠᠵᠤ ᠠᠬᠤᠶ ᠵᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠳᠠᠩᠰᠠᠯᠠᠭᠤᠯᠤᠨ᠎ᠠ
ᠳᠦᠰᠦᠯ᠎ᠢ ᠨᠠᠶ᠋ᠢᠷᠠᠭᠤᠯᠤᠨ ᠵᠤᠬᠢᠶᠠᠬᠤ
ᠬᠤᠲᠠ ᠪᠠᠯᠭ᠋ᠠᠰᠤ ᠵᠢᠨ ᠲᠥᠯᠥᠪᠵᠢᠭᠦᠯᠭᠡ ᠵᠢᠨ ᠪᠦᠯᠦᠭ ᠤᠳᠠᠭ᠎ᠠ ᠬᠡᠷᠡᠭᠯᠡᠬᠦ ᠭᠠᠵᠠᠷ᠂ ᠠᠶ᠋ᠢᠯ ᠲᠣᠰᠬᠤᠨ᠎ᠤ ᠲᠥᠯᠥᠪᠵᠢᠭᠦᠯᠭᠡ ᠵᠢᠨ ᠪᠦᠯᠦᠭ ᠤᠳᠠᠭ᠎ᠠ᠎ᠳᠤ ᠬᠡᠷᠡᠭᠯᠡᠬᠦ ᠭᠠᠵᠠᠷ — ᠬᠤᠰᠢᠭᠤ ᠰᠢᠶᠠᠨ᠎ᠤ ᠱᠠᠲᠤᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠣᠬᠢᠶᠠᠨ ᠪᠠᠶ᠋ᠢᠭᠤᠯᠤᠨ ᠨᠠᠶ᠋ᠢᠷᠠᠭᠤᠯᠤᠨ ᠵᠣᠬᠢᠶᠠᠨ᠎ᠠ
ᠲᠤᠰᠠᠭ᠋ᠠᠷ ᠭᠠᠵᠠᠷ ᠰᠣᠩᠭᠤᠬᠤ ᠲᠦᠷᠦᠯ ᠵᠦᠢ᠍ᠯ᠂ ᠪᠡᠯᠡᠳᠭᠡᠮᠵᠢᠳᠤ ᠲᠠᠷᠢᠶᠠᠯᠠᠩ᠎ᠳᠤ ᠬᠡᠷᠡᠭᠯᠡᠬᠦ ᠭᠠᠵᠠᠷ᠎ᠤᠨ ᠲᠦᠷᠦᠯ ᠵᠦᠢ᠍ᠯ ᠪᠠ ᠲᠦᠷ ᠴᠠᠭ ᠬᠡᠷᠡᠭᠯᠡᠬᠦ ᠭᠠᠵᠠᠷ — ᠭᠠᠵᠠᠷ ᠬᠡᠷᠡᠭᠯᠡᠬᠦ ᠨᠢᠭᠡᠴᠢ ᠵᠢᠨ ᠣᠷᠣᠨ ᠲᠤᠭ᠎ᠠ
ᠬᠠᠷ᠎ᠠ ᠬᠥᠷᠥᠰᠥ ᠵᠢ ᠡᠵᠡᠯᠡᠨ ᠬᠡᠷᠡᠭᠯᠡᠭᠰᠡᠨ ᠲᠠᠯᠠᠪᠠᠢ᠎ᠨᠢ 1000 ᠲᠡᠭᠰᠢ ᠳᠥᠷᠪᠡᠯᠵᠢᠨ ᠮᠸᠲᠷ ᠵᠢᠴᠢ ᠲᠡᠭᠦᠨ᠎ᠠᠴᠠ ᠳᠣᠷᠣᠭᠰᠢ — ᠲᠠᠷᠢᠶᠠᠯᠠᠬᠤ ᠳᠠᠪᠬᠤᠷᠭ᠎ᠠ ᠵᠢᠨ ᠬᠥᠷᠥᠰᠥ ᠰᠢᠷᠣᠶ ᠵᠢ ᠰᠠᠯᠭ᠋ᠠᠵᠤ ᠠᠰᠢᠭᠯᠠᠭᠰᠠᠨ ᠮᠡᠳᠡᠭᠦᠯᠦᠯᠲᠡ ᠵᠢᠨ ᠬᠦᠰᠦᠨᠦᠭᠲᠦ ᠵᠢ ᠲᠠᠭᠯᠠᠨ ᠪᠢᠴᠢᠨ᠎ᠡ
ᠲᠦᠰᠦᠯ᠎ᠤᠨ ᠨᠤᠲᠠᠯᠠᠯᠲᠠ
ᠬᠤᠰᠢᠭᠤ ᠰᠢᠶᠠᠨ᠎ᠤ ᠱᠠᠲᠤᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠲᠠᠷᠢᠶᠠᠯᠠᠩ ᠮᠠᠯ ᠠᠵᠤ ᠠᠬᠤᠶ ᠵᠡᠷᠭᠡ ᠰᠠᠯᠠᠭ᠎ᠠ ᠮᠥᠴᠢᠷ᠎ᠲᠠᠢ ᠬᠠᠮᠲᠤᠷᠠᠨ ᠬᠠᠮᠢᠶ᠎ᠠ ᠪᠥᠬᠦᠶ ᠬᠦᠷᠢᠶ᠎ᠡ ᠴᠠᠷᠠᠭ᠎ᠠ ᠵᠢᠨ ᠲᠤᠰᠬᠠᠶ ᠮᠡᠷᠭᠡᠵᠢᠯᠲᠡᠨ᠎ᠢ ᠵᠣᠬᠢᠶᠠᠨ ᠪᠠᠶ᠋ᠢᠭᠤᠯᠤᠨ ᠲᠥᠰᠦᠯ᠎ᠢ ᠬᠢᠨᠠᠨ ᠪᠠᠶ᠋ᠢᠴᠠᠭ᠋ᠠᠵᠤ ᠨᠤᠲᠠᠯᠠᠵᠤ᠂ ᠲᠤᠰᠬᠠᠶ ᠮᠡᠷᠭᠡᠵᠢᠯᠲᠡᠨ᠎ᠤ ᠳᠤᠭᠤᠶ᠋ᠢᠯᠠᠩ᠎ᠠᠴᠠ ᠬᠢᠨᠠᠨ ᠪᠠᠶ᠋ᠢᠴᠠᠭ᠋ᠠᠭᠰᠠᠨ ᠰᠠᠨᠠᠯ ᠵᠶ᠋ᠠᠨ ᠭᠠᠷᠭ᠋ᠠᠵᠤ ᠠᠶ᠋ᠢᠮᠠᠭ ᠬᠤᠲᠠ ᠵᠢᠨ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠮᠡᠳᠡᠭᠦᠯᠦᠨ ᠳᠠᠩᠰᠠᠯᠠᠭᠤᠯᠤᠨ᠎ᠠ
ᠬᠤᠰᠢᠭᠤ ᠰᠢᠶᠠᠨ᠎ᠤ ᠱᠠᠲᠤᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠲᠠᠷᠢᠶᠠᠯᠠᠩ ᠮᠠᠯ ᠠᠵᠤ ᠠᠬᠤᠶ ᠵᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠠᠢ ᠬᠠᠮᠲᠤᠷᠠᠨ ᠬᠠᠮᠢᠶ᠎ᠠ ᠪᠥᠬᠦᠶ ᠪᠠᠷᠢᠮᠵᠢᠶ᠎ᠠ ᠶᠣᠰᠣᠭ᠋ᠠᠷ ᠬᠢᠨᠠᠨ ᠪᠠᠶ᠋ᠢᠴᠠᠭ᠋ᠠᠵᠤ ᠠᠶ᠋ᠢᠮᠠᠭ ᠬᠤᠲᠠ ᠵᠢᠨ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠮᠡᠳᠡᠭᠦᠯᠦᠨ ᠳᠠᠩᠰᠠᠯᠠᠭᠤᠯᠤᠨ᠎ᠠ
ᠰᠠᠯᠭ᠋ᠠᠬᠤ ᠵᠢ ᠬᠡᠷᠡᠭᠵᠢᠭᠦᠯᠬᠦ
ᠬᠤᠲᠠ ᠪᠠᠯᠭ᠋ᠠᠰᠤ ᠵᠢᠨ ᠲᠥᠯᠥᠪᠵᠢᠭᠦᠯᠭᠡ ᠵᠢᠨ ᠪᠦᠯᠦᠭ ᠤᠳᠠᠭ᠎ᠠ ᠵᠢᠨ ᠭᠠᠵᠠᠷ ᠬᠡᠷᠡᠭᠯᠡᠬᠦ᠂ ᠠᠶ᠋ᠢᠯ ᠲᠣᠰᠬᠤᠨ᠎ᠤ ᠲᠥᠯᠥᠪᠵᠢᠭᠦᠯᠭᠡ ᠵᠢᠨ ᠪᠦᠯᠦᠭ ᠤᠳᠠᠭ᠎ᠠ ᠵᠢᠨ ᠬᠡᠷᠡᠭᠯᠡᠬᠦ ᠭᠠᠵᠠᠷ — ᠬᠤᠰᠢᠭᠤ ᠰᠢᠶᠠᠨ (ᠬᠤᠲᠠ᠂ ᠲᠣᠭᠤᠷᠢᠭ)᠎ᠤ ᠠᠷᠠᠳ᠎ᠤᠨ ᠵᠠᠰᠠᠭ᠎ᠤᠨ ᠣᠷᠳᠣᠨ ᠭᠠᠵᠠᠷ ᠬᠠᠩᠭ᠋ᠠᠬᠤ᠎ᠠᠴᠠ ᠡᠮᠦᠨ᠎ᠡ ᠵᠣᠬᠢᠶᠠᠨ ᠪᠠᠶ᠋ᠢᠭᠤᠯᠤᠨ ᠬᠡᠷᠡᠭᠵᠢᠭᠦᠯᠦᠨ᠎ᠡ
ᠲᠤᠰᠠᠭ᠋ᠠᠷ ᠭᠠᠵᠠᠷ ᠰᠤᠩᠭᠤᠬᠤ ᠲᠦᠷᠦᠯ ᠵᠦᠢ᠍ᠯ᠂ ᠪᠡᠯᠡᠳᠭᠡᠮᠵᠢᠳᠤ ᠲᠠᠷᠢᠶᠠᠯᠠᠩ᠎ᠳᠤ ᠬᠡᠷᠡᠭᠯᠡᠬᠦ ᠭᠠᠵᠠᠷ᠎ᠤᠨ ᠲᠦᠷᠦᠯ ᠵᠦᠢ᠍ᠯ ᠪᠠ ᠲᠦᠷ ᠴᠠᠭ ᠭᠠᠵᠠᠷ ᠬᠡᠷᠡᠭᠯᠡᠬᠦ — ᠭᠠᠵᠠᠷ ᠬᠡᠷᠡᠭᠯᠡᠬᠦ ᠨᠢᠭᠡᠴᠢ᠎ᠨᠦᠭᠦᠳ ᠲᠦᠷᠦᠯ ᠵᠦᠢ᠍ᠯ᠎ᠢ ᠠᠵᠢᠯ ᠡᠬᠢᠯᠡᠭᠦᠯᠬᠦ᠎ᠠᠴᠠ ᠡᠮᠦᠨ᠎ᠡ ᠵᠣᠬᠢᠶᠠᠨ ᠪᠠᠶ᠋ᠢᠭᠤᠯᠵᠤ ᠬᠡᠷᠡᠭᠵᠢᠭᠦᠯᠦᠨ᠎ᠡ
ᠰᠢᠯᠭ᠋ᠠᠨ ᠠᠪᠬᠤ ᠵᠢ ᠵᠤᠬᠢᠶᠠᠨ ᠪᠠᠢ᠌ᠭᠤᠯᠬᠤ
ᠲᠠᠷᠢᠶᠠᠯᠠᠬᠤ ᠳᠠᠪᠬᠤᠷᠭ᠎ᠠ ᠵᠢᠨ ᠬᠥᠷᠥᠰᠥ ᠰᠢᠷᠣᠶ ᠵᠢ ᠰᠠᠯᠭ᠋ᠠᠬᠤ ᠵᠢ ᠬᠡᠷᠡᠭᠵᠢᠭᠦᠯᠬᠦ ᠭᠤᠤᠯ ᠴᠣᠭᠴᠠ — ᠭᠤᠶᠤᠴᠢᠯᠠᠬᠤ — ᠬᠤᠰᠢᠭᠤ ᠰᠢᠶᠠᠨ᠎ᠤ ᠱᠠᠲᠤᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠷᠢᠶᠠᠯᠠᠩ ᠮᠠᠯ ᠠᠵᠤ ᠠᠬᠤᠶ ᠵᠡᠷᠭᠡ ᠰᠠᠯᠠᠭ᠎ᠠ ᠮᠥᠴᠢᠷ᠎ᠲᠠᠢ ᠬᠠᠮᠲᠤᠷᠠᠯᠴᠠᠬᠤ ᠵᠢᠨ ᠬᠠᠮᠲᠤ ᠬᠠᠮᠢᠶ᠎ᠠ ᠪᠥᠬᠦᠶ ᠬᠦᠷᠢᠶ᠎ᠡ ᠴᠠᠷᠠᠭ᠎ᠠ ᠵᠢᠨ ᠲᠤᠰᠬᠠᠶ ᠮᠡᠷᠭᠡᠵᠢᠯᠲᠡᠨ᠎ᠢ ᠵᠣᠬᠢᠶᠠᠨ ᠪᠠᠶ᠋ᠢᠭᠤᠯᠤᠨ ᠲᠠᠷᠢᠶᠠᠯᠠᠬᠤ ᠳᠠᠪᠬᠤᠷᠭ᠎ᠠ ᠵᠢᠨ ᠬᠥᠷᠥᠰᠥ ᠰᠢᠷᠣᠶ ᠵᠢ ᠰᠠᠯᠭ᠋ᠠᠵᠤ ᠰᠢᠯᠭ᠋ᠠᠨ ᠠᠪᠬᠤ ᠵᠢ ᠪᠡᠶᠡᠯᠡᠭᠦᠯᠦᠨ᠎ᠡ
ᠬᠥᠷᠥᠰᠦᠨᠤ ᠠᠰᠢᠭᠯᠠᠯᠲᠠ
ᠬᠣᠲᠠ ᠪᠠᠯᠭ᠋ᠠᠰᠤ ᠵᠢᠨ ᠲᠥᠯᠦᠪᠵᠢᠭᠦᠯᠭᠡ ᠵᠢᠨ ᠪᠦᠯᠦᠭ ᠤᠳᠠᠭ᠎ᠠ᠎ᠳᠤ ᠬᠡᠷᠡᠭᠯᠡᠬᠦ ᠭᠠᠵᠠᠷ ᠠᠢ᠌ᠯ ᠲᠣᠰᠬᠣᠨ᠎ᠤ ᠲᠥᠯᠦᠪᠵᠢᠭᠦᠯᠭᠡ ᠵᠢᠨ ᠪᠦᠯᠦᠭ ᠤᠳᠠᠭ᠎ᠠ᠎ᠳᠤ ᠬᠡᠷᠡᠭᠯᠡᠬᠦ ᠭᠠᠵᠠᠷ — ᠬᠣᠰᠢᠭᠤ ᠰᠢᠶᠠᠨ (ᠬᠣᠲᠠ᠂ ᠲᠣᠭᠣᠷᠢᠭ)᠎ᠤ ᠠᠷᠠᠳ᠎ᠤᠨ ᠵᠠᠰᠠᠭ᠎ᠤᠨ ᠣᠷᠳᠣᠨ᠎ᠠᠴᠠ ᠲᠣᠬᠢᠷᠠᠭᠤᠯᠤᠨ ᠠᠰᠢᠭᠯᠠᠬᠤ ᠵᠢ ᠬᠠᠷᠢᠭᠤᠴᠠᠨ᠎ᠠ
ᠲᠤᠰᠠᠭ᠋ᠠᠷ ᠭᠠᠵᠠᠷ ᠰᠣᠩᠭᠤᠬᠤ ᠲᠦᠷᠦᠯ ᠵᠦᠢ᠍ᠯ᠂ ᠪᠡᠯᠡᠳᠭᠡᠮᠵᠢᠳᠤ ᠲᠠᠷᠢᠶᠠᠯᠠᠩ᠎ᠳᠤ ᠬᠡᠷᠡᠭᠯᠡᠬᠦ ᠭᠠᠵᠠᠷ᠎ᠤᠨ ᠲᠦᠷᠦᠯ ᠵᠦᠢ᠍ᠯ ᠪᠠ ᠲᠦᠷ ᠴᠠᠭ ᠬᠡᠷᠡᠭᠯᠡᠬᠦ ᠭᠠᠵᠠᠷ — ᠭᠠᠵᠠᠷ ᠬᠡᠷᠡᠭᠯᠡᠬᠦ ᠨᠢᠭᠡᠴᠢ ᠬᠠᠷᠢᠭᠤᠴᠠᠨ ᠠᠰᠢᠭᠯᠠᠵᠤ᠂ ᠥᠪᠡᠷ ᠵᠶ᠋ᠠᠨ ᠠᠰᠢᠭᠯᠠᠵᠤ ᠳᠡᠶ᠋ᠢᠯᠬᠦ ᠦᠭᠡᠢ ᠵᠢ᠎ᠨᠢ ᠬᠤᠰᠢᠭᠤ ᠰᠢᠶᠠᠨ (ᠬᠤᠲᠠ᠂ ᠲᠣᠭᠤᠷᠢᠭ)᠎ᠤ ᠠᠷᠠᠳ᠎ᠤᠨ ᠵᠠᠰᠠᠭ᠎ᠤᠨ ᠣᠷᠳᠣᠨ᠎ᠠᠴᠠ ᠬᠠᠷᠢᠭᠤᠴᠠᠨ ᠠᠰᠢᠭᠯᠠᠵᠤ ᠬᠡᠷᠡᠭᠯᠡᠨ᠎ᠡ
ᠰᠠᠯᠭ᠋ᠠᠭᠰᠠᠨ ᠲᠠᠷᠢᠶᠠᠯᠠᠬᠤ ᠳᠠᠪᠬᠤᠷᠭ᠎ᠠ ᠵᠢᠨ ᠬᠥᠷᠥᠰᠥ ᠵᠢ ᠣᠬᠣᠷ ᠬᠤᠭᠤᠴᠠᠭ᠋ᠠᠨ᠎ᠳᠤ ᠠᠰᠢᠭᠯᠠᠬᠤ ᠵᠢᠨ ᠠᠷᠭ᠎ᠠ ᠦᠭᠡᠢ ᠪᠣᠯ᠂ ᠣᠶ᠋ᠢᠷᠠᠯᠴᠠᠭ᠎ᠠ ᠲᠦᠷ ᠴᠠᠭ ᠬᠠᠳᠠᠭ᠋ᠠᠯᠠᠬᠤ ᠭᠠᠵᠠᠷ᠎ᠲᠤ ᠬᠦᠷᠭᠡᠵᠦ ᠬᠠᠳᠠᠭ᠋ᠠᠯᠠᠨ᠎ᠠ
ᠬᠠᠳᠠᠭ᠋ᠠᠯᠠᠵᠤ ᠪᠠᠢ᠌ᠭ᠎ᠠ ᠬᠥᠷᠥᠰᠥ ᠰᠢᠷᠣᠢ ᠵᠢ ᠪᠠᠢ᠌ᠭ᠎ᠠ ᠭᠠᠵᠠᠷ᠎ᠤᠨ ᠬᠣᠰᠢᠭᠤ ᠰᠢᠶᠠᠨ (ᠬᠣᠲᠠ᠂ ᠲᠣᠭᠣᠷᠢᠭ)᠎ᠤ ᠠᠷᠠᠳ᠎ᠤᠨ ᠵᠠᠰᠠᠭ᠎ᠤᠨ ᠣᠷᠳᠣᠨ᠎ᠠᠴᠠ ᠨᠢᠭᠡᠳᠦᠯᠲᠡᠢ ᠬᠠᠮᠢᠶᠠᠷᠤᠨ᠎ᠠ
ᠬᠠᠳᠠᠭ᠋ᠠᠯᠠᠯᠲᠠ ᠵᠢᠨ ᠬᠠᠮᠢᠶᠠᠷᠤᠯᠲᠠ
ᠥᠪᠡᠷᠲᠡᠭᠡᠨ ᠵᠠᠰᠠᠬᠤ ᠣᠷᠣᠨ᠎ᠤ ᠱᠠᠲᠤ — ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠲᠠᠷᠢᠶᠠᠯᠠᠩ ᠮᠠᠯ ᠠᠵᠤ ᠠᠬᠤᠶ ᠵᠡᠷᠭᠡ ᠰᠠᠯᠠᠭ᠎ᠠ ᠮᠥᠴᠢᠷ᠎ᠲᠠᠢ ᠬᠠᠮᠲᠤᠷᠠᠨ ᠬᠠᠷ᠎ᠠ ᠬᠥᠷᠥᠰᠥ ᠵᠢᠨ ᠲᠠᠷᠢᠶᠠᠯᠠᠬᠤ ᠳᠠᠪᠬᠤᠷᠭ᠎ᠠ ᠵᠢᠨ ᠬᠥᠷᠥᠰᠥ ᠰᠢᠷᠣᠶ ᠵᠢ ᠰᠠᠯᠭ᠋ᠠᠵᠤ ᠠᠰᠢᠭᠯᠠᠬᠤ ᠠᠵᠢᠯ᠎ᠤᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠨ᠎ᠠ᠃
ᠠᠶ᠋ᠢᠮᠠᠭ ᠬᠤᠲᠠ ᠵᠢᠨ ᠱᠠᠲᠤ — ᠠᠶ᠋ᠢᠮᠠᠭ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ ᠬᠠᠮᠢᠶ᠎ᠠ ᠪᠥᠬᠦᠶ ᠰᠠᠯᠠᠭ᠎ᠠ ᠮᠥᠴᠢᠷ᠎ᠢ ᠵᠣᠬᠢᠶᠠᠨ ᠪᠠᠶ᠋ᠢᠭᠤᠯᠤᠨ ᠬᠤᠰᠢᠭᠤ ᠰᠢᠶᠠᠨ (ᠬᠤᠲᠠ᠂ ᠲᠣᠭᠤᠷᠢᠭ)᠎ᠤ ᠬᠠᠷ᠎ᠠ ᠬᠦᠷᠦᠰᠦ ᠵᠢᠨ ᠲᠠᠷᠢᠶᠠᠯᠠᠬᠤ ᠳᠠᠪᠬᠤᠷᠭ᠎ᠠ ᠵᠢᠨ ᠬᠥᠷᠥᠰᠥ ᠰᠢᠷᠣᠶ ᠵᠢ ᠰᠠᠯᠭ᠋ᠠᠵᠤ ᠠᠰᠢᠭᠯᠠᠭᠰᠠᠨ ᠪᠠᠶ᠋ᠢᠳᠠᠯ᠎ᠳᠤ ᠲᠣᠭᠲᠠᠮᠠᠯ ᠬᠤᠭᠤᠴᠠᠭ᠎ᠠ᠎ᠲᠠᠢ᠎ᠪᠠᠷ ᠬᠢᠨᠠᠯᠲᠠ ᠲᠠᠯᠪᠢᠨ ᠪᠠᠶ᠋ᠢᠴᠠᠭ᠋ᠠᠯᠲᠠ ᠬᠢᠵᠦ᠂ ᠵᠢᠯ ᠪᠦᠷᠢ ᠵᠢᠨ ᠣᠨ᠎ᠤ ᠡᠴᠦᠰ᠎ᠲᠤ ᠠᠶ᠋ᠢᠮᠠᠭ ᠬᠤᠲᠠ ᠵᠢᠨ ᠪᠠᠶ᠋ᠢᠭ᠋ᠠᠯᠢ ᠵᠢᠨ ᠡᠬᠢ ᠪᠠᠶᠠᠯᠢᠭ᠂ ᠲᠠᠷᠢᠶᠠᠯᠠᠩ ᠮᠠᠯ ᠠᠵᠤ ᠠᠬᠤᠶ ᠵᠢᠨ ᠰᠠᠯᠠᠭ᠎ᠠ ᠮᠥᠴᠢᠷ᠎ᠠᠴᠠ ᠲᠣᠰ ᠲᠣᠰ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠂ ᠲᠠᠷᠢᠶᠠᠯᠠᠩ ᠮᠠᠯ ᠠᠵᠤ ᠠᠬᠤᠶ ᠵᠢᠨ ᠰᠠᠯᠠᠭ᠎ᠠ ᠮᠥᠴᠢᠷ᠎ᠲᠤ ᠪᠠᠶ᠋ᠢᠴᠠᠭ᠋ᠠᠭᠰᠠᠨ ᠪᠠᠶ᠋ᠢᠳᠠᠯ ᠵᠶ᠋ᠠᠨ ᠮᠡᠳᠡᠭᠦᠯᠦᠨ᠎ᠡ᠃
ᠬᠤᠰᠢᠭᠤ ᠰᠢᠶᠠᠨ᠎ᠤ ᠱᠠᠲᠤ — ᠬᠤᠰᠢᠭᠤ ᠰᠢᠶᠠᠨ᠎ᠤ ᠱᠠᠲᠤᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠲᠠᠷᠢᠶᠠᠯᠠᠩ ᠮᠠᠯ ᠠᠵᠤ ᠠᠬᠤᠶ ᠵᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠠᠢ ᠬᠠᠮᠲᠤᠷᠠᠨ ᠬᠠᠷ᠎ᠠ ᠬᠥᠷᠥᠰᠥ ᠵᠢᠨ ᠲᠠᠷᠢᠶᠠᠯᠠᠬᠤ ᠳᠠᠪᠬᠤᠷᠭ᠎ᠠ ᠵᠢᠨ ᠬᠥᠷᠥᠰᠥ ᠰᠢᠷᠣᠶ ᠵᠢ ᠰᠠᠯᠭ᠋ᠠᠵᠤ ᠠᠰᠢᠭᠯᠠᠬᠤ᠎ᠳᠤ ᠬᠢᠨᠠᠯᠲᠠ ᠲᠠᠯᠪᠢᠵᠤ ᠬᠠᠮᠢᠶᠠᠷᠬᠤ ᠠᠵᠢᠯ᠎ᠢ ᠬᠠᠷᠢᠭᠤᠴᠠᠵᠤ᠂ ᠲᠣᠰ ᠭᠠᠵᠠᠷ ᠣᠷᠣᠨ᠎ᠤ ᠬᠠᠷ᠎ᠠ ᠬᠥᠷᠥᠰᠥ ᠵᠢᠨ ᠲᠠᠷᠢᠶᠠᠯᠠᠬᠤ ᠳᠠᠪᠬᠤᠷᠭ᠎ᠠ ᠵᠢᠨ ᠲᠦᠷᠦᠭᠦᠴᠢ ᠵᠢᠨ ᠭᠠᠵᠠᠷ᠎ᠢ ᠰᠠᠯᠭ᠋ᠠᠵᠤ ᠠᠰᠢᠭᠯᠠᠬᠤ ᠠᠵᠢᠯ᠎ᠤᠨ ᠬᠠᠮᠢᠶᠠᠷᠤᠯᠲᠠ ᠵᠢ ᠴᠢᠩᠭ᠋ᠠᠳᠬᠠᠨ᠎ᠠ᠃
ᠪᠤᠰᠤᠳ ᠲᠤᠭᠳᠠᠭ᠋ᠠᠯ
ᠨᠢᠭᠡ᠂ ᠠᠰᠢᠭᠯᠠᠬᠤ ᠴᠢᠭᠯᠡᠯ
ᠰᠠᠯᠭ᠋ᠠᠭᠰᠠᠨ ᠲᠠᠷᠢᠶᠠᠯᠠᠬᠤ ᠳᠠᠪᠬᠤᠷᠭ᠎ᠠ ᠵᠢᠨ ᠬᠥᠷᠥᠰᠥ ᠰᠢᠷᠣᠶ ᠵᠢ ᠰᠢᠨ᠎ᠡ᠎ᠪᠠᠷ ᠬᠠᠭ᠋ᠠᠯᠪᠤᠷᠢᠯᠠᠭᠰᠠᠨ ᠲᠠᠷᠢᠶᠠᠨ ᠭᠠᠵᠠᠷ ᠪᠠ ᠴᠢᠨᠠᠷ ᠮᠠᠭᠤᠲᠠᠶ ᠲᠠᠷᠢᠶᠠᠨ ᠭᠠᠵᠠᠷ᠎ᠢ ᠰᠠᠶ᠋ᠢᠵᠢᠷᠠᠭᠤᠯᠬᠤ᠂ ᠪᠣᠬᠢᠷᠲᠤᠭᠰᠠᠨ ᠲᠠᠷᠢᠶᠠᠨ ᠭᠠᠵᠠᠷ᠎ᠢ ᠵᠠᠰᠠᠬᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠶ᠋ᠢᠭᠤᠯᠤᠯᠲᠠ᠂ ᠭᠠᠵᠠᠷ ᠰᠢᠷᠣᠶ ᠵᠢ ᠳᠠᠬᠢᠨ ᠬᠠᠭ᠋ᠠᠯᠪᠤᠷᠢᠯᠠᠬᠤ ᠵᠡᠷᠭᠡ᠎ᠳᠤ ᠬᠡᠷᠡᠭᠯᠡᠨ᠎ᠡ᠃
ᠬᠤᠶᠠᠷ᠂ ᠬᠠᠳᠠᠭ᠋ᠠᠯᠠᠯᠲᠠ ᠵᠢᠨ ᠬᠠᠮᠢᠶᠠᠷᠤᠯᠲᠠ ᠬᠠᠮᠠᠭ᠋ᠠᠯᠠᠯᠲᠠ ᠵᠢᠨ ᠱᠠᠭ᠋ᠠᠷᠳᠠᠯᠭ᠎ᠠ
1. ᠲᠦᠷ ᠴᠠᠭ᠎ᠤᠨ ᠬᠠᠳᠠᠭ᠋ᠠᠯᠠᠬᠤ ᠴᠡᠭ᠎ᠢ ᠪᠠᠶ᠋ᠢᠭ᠎ᠠ ᠭᠠᠵᠠᠷ᠎ᠤᠨ ᠬᠤᠰᠢᠭᠤ ᠰᠢᠶᠠᠨ (ᠬᠤᠲᠠ᠂ ᠲᠣᠭᠤᠷᠢᠭ)᠎ᠤ ᠠᠷᠠᠳ᠎ᠤᠨ ᠵᠠᠰᠠᠭ᠎ᠤᠨ ᠣᠷᠳᠣᠨ᠎ᠠᠴᠠ ᠲᠣᠭᠲᠠᠭ᠋ᠠᠨ᠎ᠠ᠃
2. ᠬᠠᠳᠠᠭ᠋ᠠᠯᠠᠬᠤ ᠬᠤᠭᠤᠴᠠᠭ᠎ᠠ ᠵᠢ 3 ᠵᠢᠯ᠎ᠠᠴᠠ ᠬᠡᠲᠦᠷᠡᠭᠦᠯᠵᠦ ᠪᠣᠯᠬᠤ ᠦᠭᠡᠶ ᠪᠥᠭᠡᠳ ᠬᠠᠳᠠᠭ᠋ᠠᠯᠠᠬᠤ ᠦᠶ᠎ᠡ᠎ᠳᠤ ᠬᠠᠮᠢᠶ᠎ᠠ ᠪᠦᠬᠦᠢ ᠮᠡᠷᠭᠡᠵᠢᠯ᠎ᠤᠨ ᠵᠢᠷᠤᠮᠵᠢᠯ ᠶᠣᠰᠣᠭ᠋ᠠᠷ ᠰᠡᠷᠭᠡᠶ᠋ᠢᠯᠡᠨ ᠬᠠᠮᠠᠭ᠋ᠠᠯᠠᠬᠤ ᠠᠷᠭ᠎ᠠ ᠬᠡᠮᠵᠢᠶ᠎ᠡ ᠠᠪᠬᠤ ᠬᠡᠷᠡᠭᠲᠡᠶ᠃