ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ᠂ ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ 《ᠰᠢᠨ᠎ᠡ ᠨᠢᠭᠡ ᠡᠭᠡᠯᠵᠢ ᠵᠢᠨ ᠠᠭᠤᠷᠬᠠᠶ ᠡᠷᠢᠵᠦ ᠰᠢᠪᠲᠤᠯᠤᠯᠲᠠ ᠬᠢᠬᠦ ᠪᠠᠶ᠋ᠢᠯᠳᠤᠬᠤ ᠪᠣᠳᠣᠯᠭ᠎ᠠ ᠵᠢᠨ ᠠᠵᠢᠯᠯᠠᠭ᠎ᠠ ᠳᠤᠮᠳᠠ ᠪᠣᠬᠢᠷᠲᠤᠯ ᠥᠬᠡᠶ ᠬᠠᠶ᠋ᠢᠨ ᠪᠠᠶ᠋ᠢᠴᠠᠭ᠋ᠠᠯᠲᠠ ᠵᠢ ᠪᠥᠬᠦ ᠲᠠᠯ᠎ᠠ᠎ᠪᠠᠷ ᠬᠡᠷᠡᠭᠵᠢᠭᠦᠯᠬᠦ ᠲᠤᠬᠠᠶ ᠮᠡᠳᠡᠭᠳᠡᠯ》᠎ᠤᠨ ᠱᠠᠭ᠋ᠠᠷᠳᠠᠯᠭ᠎ᠠ ᠶᠣᠰᠣᠭ᠋ᠠᠷ᠂ ᠰᠢ ᠵᠢᠨ ᠫᠢᠩ᠎ᠤᠨ ᠠᠮᠢ ᠠᠬᠤᠶ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ 《ᠬᠥᠬᠡᠮᠳᠦᠭ ᠨᠣᠭᠤᠭ᠋ᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ》 ᠭᠡᠬᠦ ᠣᠨᠣᠯᠵᠢᠬᠤᠨ᠎ᠢ ᠦᠢ᠍ᠯᠡᠳᠦᠯᠭᠡᠵᠢᠭᠦᠯᠬᠦ ᠵᠢᠨ ᠲᠤᠰᠠᠳᠠ᠂ ᠥᠪᠥᠷ ᠮᠣᠩᠭᠤᠯ᠎ᠤᠨ ᠪᠣᠳᠠᠲᠠᠶ᠎ᠲᠠᠢ᠎ᠪᠠᠨ ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠂ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠬᠠᠮᠲᠤᠷᠠᠨ 《ᠪᠣᠬᠢᠷᠲᠤᠯ ᠥᠬᠡᠶ ᠬᠠᠶ᠋ᠢᠨ ᠪᠠᠶ᠋ᠢᠴᠠᠭ᠋ᠠᠯᠲᠠ ᠵᠢ ᠪᠥᠬᠦ ᠲᠠᠯ᠎ᠠ᠎ᠪᠠᠷ ᠬᠡᠷᠡᠭᠵᠢᠭᠦᠯᠬᠦ ᠲᠤᠬᠠᠶ ᠮᠡᠳᠡᠭᠳᠡᠯ》᠎ᠢ ᠳᠠᠷᠤᠮᠠᠯᠯᠠᠨ ᠲᠠᠷᠬᠠᠭ᠋ᠠᠵᠤ᠂ ᠥᠪᠥᠷ ᠮᠣᠩᠭᠤᠯ᠎ᠤᠨ ᠬᠡᠪᠴᠢᠶᠡᠨ᠎ᠳᠤ ᠪᠣᠬᠢᠷᠲᠤᠯ ᠥᠬᠡᠶ ᠬᠠᠶ᠋ᠢᠨ ᠪᠠᠶ᠋ᠢᠴᠠᠭ᠋ᠠᠯᠲᠠ ᠵᠢᠨ ᠠᠵᠢᠯ᠎ᠢ ᠪᠥᠬᠦ ᠲᠠᠯ᠎ᠠ᠎ᠪᠠᠷ ᠳᠡᠯᠭᠡᠷᠡᠭᠦᠯᠦᠨ ᠬᠡᠷᠡᠭᠵᠢᠭᠦᠯᠦᠨ᠎ᠡ᠃
ᠨᠢᠭᠡ᠂ ᠠᠬᠤᠢ ᠪᠠᠶ᠋ᠢᠳᠠᠯ᠎ᠤᠨ ᠲᠠᠨᠢᠯᠴᠠᠭᠤᠯᠭ᠎ᠠ
ᠦᠪᠡᠷᠳᠡᠭᠡᠨ ᠵᠠᠰᠠᠬᠤ ᠣᠷᠣᠨ᠎ᠠᠴᠠ 2018 ᠣᠨ᠎ᠠᠴᠠ ᠡᠬᠢᠯᠡᠨ᠂ ᠣᠯᠥᠰ᠎ᠤᠨ ᠤᠷᠢᠶᠠᠯᠠᠭ᠎ᠠ ᠵᠢ ᠢᠳᠡᠪᠬᠢᠳᠡᠢ᠎ᠪᠠᠷ ᠳᠠᠭ᠋ᠠᠵᠦ᠂ ᠪᠣᠬᠢᠷᠳᠦᠯ ᠦᠭᠡᠢ ᠬᠠᠶ᠋ᠢᠨ ᠪᠠᠶ᠋ᠢᠴᠠᠭ᠋ᠠᠯᠲᠠ ᠵᠢᠨ ᠵᠢᠱ᠌ᠢᠶ᠎ᠡ ᠦᠵᠡᠬᠦᠯᠬᠦ ᠳᠥᠷᠦᠯ ᠵᠦᠢ᠍ᠯ᠎ᠢ ᠦᠷᠨᠢᠬᠦᠯᠥᠨ᠎ᠠ᠃ 2020 ᠣᠨ᠎ᠳᠤ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠠᠴᠠ ᠪᠡᠯᠡ ᠭᠠᠷᠭ᠋ᠠᠭᠰᠠᠨ ᠭᠠᠵᠠᠷ ᠰᠢᠨᠵᠢᠯᠡᠭᠡᠨ᠎ᠤ ᠬᠠᠶ᠋ᠢᠨ ᠪᠠᠶ᠋ᠢᠴᠠᠭ᠋ᠠᠯᠲᠠ ᠵᠢᠨ ᠲᠥᠷᠥᠯ ᠵᠦᠢ᠍ᠯ᠎ᠳᠤ ᠪᠤᠬᠢᠷᠳᠤᠯ ᠦᠭᠡᠢ ᠬᠠᠶ᠋ᠢᠨ ᠪᠠᠶ᠋ᠢᠴᠠᠭ᠋ᠠᠯᠲᠠ ᠵᠢ ᠪᠦᠬᠦ ᠲᠠᠯ᠎ᠠ᠎ᠪᠠᠷ ᠪᠡᠶᠡᠯᠡᠭᠦᠯᠦᠨ᠎ᠡ᠃ ᠣᠯᠠᠨ ᠵᠢᠯ᠎ᠤᠨ ᠲᠤᠷᠰᠢᠬᠢ ᠬᠠᠶ᠋ᠢᠨ ᠰᠥᠪᠡᠭᠴᠢᠯᠡᠯᠲᠡ ᠪᠠ ᠦᠢ᠍ᠯᠡᠳᠦᠯᠭᠡ᠎ᠪᠠᠷ ᠳᠡᠮᠵᠢᠨ᠂ 2024 ᠣᠨ᠎ᠳᠤ᠂ ᠥᠪᠡᠷᠲᠡᠭᠡᠨ ᠵᠠᠰᠠᠬᠤ ᠣᠷᠣᠨ᠎ᠠᠴᠠ ᠣᠷᠣᠨ ᠨᠤᠲᠤᠭ᠎ᠤᠨ ᠪᠠᠷᠢᠮᠵᠢᠶ᠎ᠠ 《ᠪᠣᠬᠢᠷᠲᠤᠯ ᠥᠬᠡᠶ ᠬᠠᠶ᠋ᠢᠨ ᠪᠠᠶ᠋ᠢᠴᠠᠭ᠋ᠠᠯᠲᠠ ᠵᠢᠨ ᠮᠡᠷᠭᠡᠵᠢᠯ᠎ᠤᠨ ᠲᠦᠷᠢᠮ ᠲᠣᠭᠲᠠᠭ᠋ᠠᠯ》 (DB15/T 3393 — 2024 )᠎ᠤᠨ ᠭᠠᠵᠠᠷ ᠰᠢᠨᠵᠢᠯᠡᠭᠡᠨ᠎ᠤ ᠠᠵᠢᠯ᠎ᠤᠨ ᠠᠷᠭ᠎ᠠ ᠵᠢᠨ ᠰᠢᠨ᠎ᠡ ᠵᠢ ᠡᠭᠦᠳᠴᠦ᠂ ᠥᠪᠥᠷ ᠮᠣᠩᠭᠤᠯ᠎ᠤᠨ ᠠᠮᠢ ᠠᠬᠤᠶ ᠵᠢᠨ ᠣᠷᠴᠢᠨ ᠲᠣᠭᠤᠷᠢᠨ᠎ᠤ ᠣᠨᠴᠠᠯᠢᠭ ᠪᠠ ᠭᠠᠵᠠᠷ ᠰᠢᠨᠵᠢᠯᠡᠭᠡᠨ᠎ᠤ ᠬᠠᠶ᠋ᠢᠨ ᠪᠠᠶ᠋ᠢᠴᠠᠭ᠋ᠠᠯᠲᠠ ᠵᠢᠨ ᠠᠵᠢᠯ᠎ᠤᠨ ᠪᠣᠳᠠᠲᠤ ᠪᠠᠶ᠋ᠢᠳᠠᠯ᠎ᠲᠠᠢ ᠤᠶᠠᠯᠳᠤᠭᠤᠯᠤᠨ᠂ ᠭᠠᠵᠠᠷ ᠰᠢᠨᠵᠢᠯᠡᠭᠡᠨ᠎ᠤ ᠬᠠᠶ᠋ᠢᠨ ᠪᠠᠶ᠋ᠢᠴᠠᠭ᠋ᠠᠯᠲᠠ ᠵᠢᠨ ᠪᠥᠬᠦ ᠶᠠᠪᠤᠴᠠ᠎ᠳᠤ ᠣᠶ ᠰᠢᠭᠤᠶ᠂ ᠨᠤᠲᠤᠭ ᠪᠡᠯᠴᠢᠭᠡᠷ ᠵᠡᠷᠭᠡ ᠠᠳᠠᠯᠢ ᠪᠤᠰᠤ ᠦᠵᠡᠮᠵᠢ ᠵᠢᠨ ᠣᠷᠣᠨ᠎ᠳᠤ ᠴᠢᠭᠯᠡᠭᠦᠯᠦᠨ᠂ ᠰᠢᠨᠵᠢᠯᠡᠬᠦ ᠤᠬᠠᠭ᠋ᠠᠨᠴᠢ ᠥᠨᠳᠥᠷ ᠪᠦᠲᠦᠮᠵᠢᠲᠡᠶ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠬᠠᠶ᠋ᠢᠨ ᠪᠠᠶ᠋ᠢᠴᠠᠭ᠋ᠠᠯᠲᠠ ᠵᠢᠨ ᠠᠷᠭ᠎ᠠ᠂ ᠮᠡᠷᠭᠡᠵᠢᠯ᠂ ᠤᠷ᠎ᠠ ᠮᠡᠷᠭᠡᠰᠢᠯ ᠪᠠ ᠲᠥᠬᠦᠭᠡᠷᠦᠮᠵᠢ ᠵᠡᠷᠭᠡ ᠠᠷᠭ᠎ᠠ ᠪᠠᠷᠢᠯ᠎ᠢ ᠲᠥᠷᠥᠯ ᠬᠤᠪᠢᠶᠠᠨ ᠬᠡᠷᠡᠭᠯᠡᠵᠦ᠂ ᠠᠮᠢ ᠠᠬᠤᠶ ᠵᠢᠨ ᠣᠷᠴᠢᠨ ᠲᠣᠭᠤᠷᠢᠨ᠎ᠳᠤ ᠦᠵᠡᠭᠦᠯᠬᠦ ᠠᠰᠢᠭ ᠥᠬᠡᠶ ᠨᠥᠯᠥᠭᠡ ᠵᠢ ᠪᠠᠭ᠋ᠠᠰᠬᠠᠬᠤ ᠪᠤᠶᠤ ᠲᠡᠭᠦᠨ᠎ᠠᠴᠠ ᠵᠠᠶ᠋ᠢᠯᠠᠰᠬᠢᠬᠦ ᠵᠢᠨ ᠬᠠᠮᠲᠤ᠂ ᠬᠠᠷᠰᠢᠯᠠᠭᠳᠠᠭᠰᠠᠨ ᠣᠷᠴᠢᠨ ᠲᠣᠭᠤᠷᠢᠨ᠎ᠢ ᠵᠠᠰᠠᠨ ᠰᠡᠷᠭᠦᠭᠡᠵᠦ᠂ ᠭᠠᠵᠠᠷ ᠰᠢᠨᠵᠢᠯᠡᠭᠡᠨ᠎ᠤ ᠬᠠᠶ᠋ᠢᠨ ᠪᠠᠶ᠋ᠢᠴᠠᠭ᠋ᠠᠯᠲᠠ ᠬᠢᠭᠡᠳ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠡᠶ᠎ᠡ ᠵᠣᠬᠢᠴᠠᠯ᠎ᠲᠠᠢ᠎ᠪᠠᠷ ᠬᠥᠭᠵᠢᠬᠦ᠂ ᠬᠠᠷᠢᠯᠴᠠᠨ ᠠᠰᠢᠭᠲᠠᠶ ᠬᠠᠮᠲᠤ᠎ᠪᠠᠷ ᠠᠰᠢᠭ ᠭᠥᠷᠳᠡᠬᠦ ᠵᠢ ᠪᠡᠶᠡᠯᠡᠭᠦᠯᠦᠨ᠎ᠡ᠃
ᠬᠤᠶᠠᠷ᠂ ᠬᠠᠮᠤᠷᠬᠤ ᠬᠡᠪᠴᠢᠶ᠎ᠡ
ᠲᠣᠰ ᠤᠳᠠᠭ᠎ᠠ ᠪᠥᠬᠦ ᠣᠷᠣᠨ᠎ᠤ ᠡᠳ᠋᠎ᠤᠨ ᠵᠠᠰᠠᠭ᠎ᠠᠴᠠ ᠪᠠᠯᠠ ᠭᠠᠷᠭ᠋ᠠᠭᠰᠠᠨ ᠪᠠ ᠨᠡᠶ᠋ᠢᠭᠡᠮ᠎ᠠᠴᠠ ᠪᠠᠯᠠ ᠭᠠᠷᠭ᠋ᠠᠭᠰᠠᠨ ᠭᠠᠵᠠᠷ ᠰᠢᠨᠵᠢᠯᠡᠭᠡᠨ᠎ᠤ ᠬᠠᠶ᠋ᠢᠨ ᠪᠠᠶ᠋ᠢᠴᠠᠭ᠋ᠠᠯᠲᠠ ᠵᠢᠨ ᠲᠥᠷᠥᠯ ᠵᠦᠢ᠍ᠯ᠎ᠢ ᠪᠥᠬᠦ ᠲᠠᠯ᠎ᠠ᠎ᠪᠠᠷ ᠬᠠᠮᠤᠷᠤᠭᠤᠯᠵᠤ᠂ ᠡᠳ᠋᠎ᠤᠨ ᠵᠠᠰᠠᠭ᠎ᠠᠴᠠ ᠪᠠᠯᠠ ᠭᠠᠷᠭ᠋ᠠᠭᠰᠠᠨ ᠭᠠᠵᠠᠷ ᠰᠢᠨᠵᠢᠯᠡᠭᠡᠨ᠎ᠤ ᠬᠠᠶ᠋ᠢᠨ ᠪᠠᠶ᠋ᠢᠴᠠᠭ᠋ᠠᠯᠲᠠ ᠵᠢᠨ ᠲᠥᠷᠥᠯ ᠵᠦᠢ᠍ᠯ᠎ᠢ ᠡᠷᠬᠡᠪᠰᠢ ᠤᠷᠢᠳᠠᠪᠠᠷ ᠬᠢᠵᠤ᠂ ᠤᠴᠢᠷ ᠶᠠᠪᠤᠳᠠᠯ᠎ᠤᠨ ᠳᠤᠮᠳᠠ᠂ ᠤᠴᠢᠷ ᠶᠠᠪᠤᠳᠠᠯ᠎ᠤᠨ ᠳᠠᠷᠠᠭ᠎ᠠ ᠪᠣᠬᠢᠷᠲᠤᠯ ᠥᠬᠡᠶ ᠬᠠᠶ᠋ᠢᠨ ᠪᠠᠶ᠋ᠢᠴᠠᠭ᠋ᠠᠯᠲᠠ ᠵᠢᠨ ᠠᠷᠭ᠎ᠠ ᠬᠡᠮᠵᠢᠶ᠎ᠡ ᠵᠢ ᠪᠥᠬᠦ ᠶᠠᠪᠤᠴᠠ᠎ᠪᠠᠷ ᠨᠠᠶ᠋ᠢᠳᠠᠪᠤᠷᠢᠵᠢᠭᠤᠯᠵᠤ᠂ ᠵᠢᠱ᠌ᠢᠶ᠎ᠡ ᠦᠵᠡᠭᠦᠯᠬᠦ ᠦᠢ᠍ᠯᠡᠳᠦᠯ᠎ᠢ ᠭᠦᠢ᠍ᠴᠡᠳ ᠪᠠᠳᠠᠷᠠᠭᠤᠯᠬᠤ ᠬᠡᠷᠡᠭᠲᠡᠶ᠃ ᠠᠭᠤᠷᠬᠠᠶ ᠵᠢᠨ ᠦᠢ᠍ᠯᠡᠰ᠎ᠤᠨ ᠡᠷᠬᠡᠲᠦ ᠬᠥᠮᠦᠨ᠎ᠨᠢ ᠭᠠᠵᠠᠷ ᠰᠢᠨᠵᠢᠯᠡᠭᠡᠨ᠎ᠤ ᠬᠠᠶ᠋ᠢᠨ ᠪᠠᠶ᠋ᠢᠴᠠᠭ᠋ᠠᠬᠤ ᠨᠢᠭᠡᠴᠢ ᠵᠢ ᠥᠪᠡᠰᠦᠪᠡᠨ ᠥᠷᠨᠢᠭᠦᠯᠬᠦ ᠪᠤᠶᠤ ᠨᠠᠶ᠋ᠢᠳᠠᠵᠤ ᠠᠭᠤᠷᠬᠠᠶ ᠵᠢᠨ ᠦᠢ᠍ᠯᠡᠰ᠎ᠤᠨ ᠡᠷᠬᠡ ᠵᠢᠨ ᠳᠣᠲᠣᠷᠠᠬᠢ ᠬᠠᠶ᠋ᠢᠨ ᠪᠠᠶ᠋ᠢᠴᠠᠭ᠋ᠠᠬᠤ ᠠᠵᠢᠯ᠎ᠢ ᠥᠷᠨᠢᠭᠦᠯᠵᠦ᠂ ᠪᠣᠬᠢᠷᠲᠤᠯ ᠦᠭᠡᠶ ᠬᠠᠶ᠋ᠢᠨ ᠪᠠᠶ᠋ᠢᠴᠠᠭ᠋ᠠᠬᠤ ᠡᠭᠦᠷᠭᠡ ᠵᠢ ᠰᠠᠶ᠋ᠢᠲᠤᠷ ᠭᠦᠢ᠍ᠴᠡᠳᠬᠡᠵᠦ᠂ ᠪᠣᠬᠢᠷᠲᠤᠯ ᠦᠭᠡᠶ ᠬᠠᠶ᠋ᠢᠨ ᠪᠠᠶ᠋ᠢᠴᠠᠭ᠋ᠠᠬᠤ ᠪᠠᠷᠢᠮᠵᠢᠶ᠎ᠠ ᠶᠣᠰᠣᠭ᠋ᠠᠷ ᠡᠯ᠎ᠡ ᠵᠦᠢ᠍ᠯ᠎ᠤᠨ ᠠᠵᠢᠯ᠎ᠢ ᠰᠠᠶ᠋ᠢᠲᠤᠷ ᠬᠢᠬᠦ ᠬᠡᠷᠡᠭᠲᠡᠶ᠃
ᠭᠤᠷᠪᠠ᠂ ᠴᠢᠬᠤᠯᠠ ᠠᠴᠢ ᠬᠤᠯᠪᠣᠭᠳᠠᠯ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠨᠢ ᠳᠤᠮᠳᠠᠳᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠶ ᠵᠢᠨ ᠠᠮᠤᠷ ᠲᠦᠪᠰᠢᠨ᠎ᠤ ᠬᠠᠯᠬᠠᠪᠴᠢ᠂ ᠤᠯᠤᠰ᠎ᠤᠨ ᠴᠢᠬᠤᠯᠠ ᠡᠨᠧᠷᠭᠢ ᠪᠠ ᠡᠬᠢ ᠪᠠᠶᠠᠯᠢᠭ᠎ᠤᠨ ᠰᠠᠭᠤᠷᠢᠨ ᠭᠠᠵᠠᠷ ᠪᠣᠯᠤᠭᠰᠠᠨ᠎ᠤ ᠬᠤᠪᠢ᠎ᠳᠤ᠂ ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ ᠪᠠ ᠤᠯᠤᠰ᠎ᠤᠨ ᠡᠨᠧᠷᠭᠢ ᠵᠢᠨ ᠡᠬᠢ ᠪᠠᠶᠠᠯᠢᠭ᠎ᠤᠨ ᠠᠮᠤᠷ ᠲᠦᠪᠰᠢᠨ᠎ᠤ ᠬᠠᠷᠢᠴᠠᠭ᠎ᠠ ᠵᠢ ᠵᠥᠪ ᠡᠵᠡᠮᠳᠡᠵᠦ᠂ ᠪᠣᠬᠢᠷᠲᠤᠯ ᠥᠬᠡᠶ ᠬᠠᠶ᠋ᠢᠨ ᠪᠠᠶ᠋ᠢᠴᠠᠭ᠋ᠠᠯᠲᠠ ᠵᠢ ᠪᠥᠬᠦ ᠲᠠᠯ᠎ᠠ᠎ᠪᠠᠷ ᠬᠡᠷᠡᠭᠵᠢᠭᠦᠯᠬᠦ᠎ᠪᠠᠷ ᠠᠮᠢ ᠠᠬᠤᠶ ᠵᠢᠨ ᠣᠷᠴᠢᠨ ᠲᠣᠭᠤᠷᠢᠨ᠎ᠤ ᠥᠨᠳᠥᠷ ᠲᠦᠪᠰᠢᠨ᠎ᠲᠠᠢ ᠬᠠᠮᠠᠭ᠋ᠠᠯᠠᠯᠲᠠ ᠪᠠ ᠠᠭᠤᠷᠬᠠᠶ ᠵᠢᠨ ᠦᠢ᠍ᠯᠡᠰ᠎ᠤᠨ ᠬᠦᠷᠢᠶᠡᠨ᠎ᠳᠠᠬᠢ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠴᠢᠬᠤᠯᠠᠲᠠᠶ ᠶᠤᠮ᠃ 《ᠪᠣᠬᠢᠷᠳᠤᠯ ᠦᠭᠡᠢ ᠬᠠᠶ᠋ᠢᠨ ᠪᠠᠶ᠋ᠢᠴᠠᠭ᠋ᠠᠯᠲᠠ ᠵᠢ ᠪᠦᠬᠦ ᠲᠠᠯ᠎ᠠ᠎ᠪᠠᠷ ᠬᠡᠷᠡᠭᠵᠢᠭᠦᠯᠬᠦ ᠲᠤᠬᠠᠢ ᠮᠡᠳᠡᠭᠳᠡᠯ》᠎ᠳᠤ ᠭᠠᠵᠠᠷ ᠰᠢᠨᠵᠢᠯᠡᠭᠡᠨ᠎ᠤ ᠬᠠᠶ᠋ᠢᠨ ᠪᠠᠶ᠋ᠢᠴᠠᠭ᠋ᠠᠯᠲᠠ ᠵᠢᠨ ᠨᠢᠭᠡᠴᠢ ᠵᠢᠨ ᠪᠣᠬᠢᠷᠳᠤᠯ ᠦᠭᠡᠢ ᠬᠠᠶ᠋ᠢᠨ ᠪᠠᠶ᠋ᠢᠴᠠᠭ᠋ᠠᠯᠲᠠ ᠵᠢᠨ ᠲᠣᠨᠤᠭ ᠲᠥᠬᠦᠭᠡᠷᠦᠮᠵᠢ ᠵᠢ ᠥᠭᠡᠷᠡᠴᠢᠯᠡᠨ ᠳᠡᠰ ᠳᠡᠪᠰᠢᠭᠦᠯᠬᠦ ᠵᠢ ᠲᠦᠷᠭᠡᠳᠬᠡᠬᠦ ᠵᠢ ᠵᠣᠷᠢᠭᠵᠢᠭᠤᠯᠵᠤ᠂ ᠪᠣᠬᠢᠷᠳᠤᠯ ᠦᠭᠡᠢ ᠬᠠᠶ᠋ᠢᠨ ᠪᠠᠶ᠋ᠢᠴᠠᠭ᠋ᠠᠯᠲᠠ ᠵᠢᠨ ᠮᠡᠷᠭᠡᠵᠢᠯ᠎ᠤᠨ ᠬᠡᠷᠡᠭᠯᠡᠯᠲᠡ ᠵᠢ ᠴᠢᠩᠭ᠋ᠠᠷᠠᠭᠤᠯᠤᠨ᠂ ᠪᠣᠬᠢᠷᠳᠤᠯ ᠦᠭᠡᠢ ᠴᠢᠨᠠᠷ ᠰᠠᠶ᠋ᠢᠲᠠᠢ ᠠᠷᠭ᠎ᠠ ᠪᠠᠷᠢᠯ᠂ ᠠᠷᠭ᠎ᠠ᠎ᠪᠠᠷ ᠰᠢᠨ᠎ᠡ ᠨᠢᠭᠡ ᠡᠭᠡᠯᠵᠢ ᠵᠢᠨ ᠠᠭᠤᠷᠬᠠᠢ ᠡᠷᠢᠬᠦ ᠪᠠᠶ᠋ᠢᠯᠳᠤᠬᠤ ᠪᠣᠳᠣᠯᠭ᠎ᠠ ᠵᠢᠨ ᠠᠵᠢᠯᠯᠠᠭ᠎ᠠ᠎ᠳᠤ ᠬᠦᠴᠦᠨ ᠨᠡᠮᠡᠷᠢᠯᠡᠨ᠎ᠡ᠃