12 ᠳ᠋ᠤᠭ᠋ᠠᠷ ᠰᠠᠷ᠎ᠠ ᠵᠢᠨ 23᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ ᠵᠡᠷᠭᠡ 13 ᠰᠠᠯᠠᠭ᠎ᠠ ᠮᠥᠴᠢᠷ ᠬᠠᠮᠲᠤᠷᠠᠨ 《ᠪᠣᠬᠢᠷᠲᠤᠯ ᠥᠬᠡᠶ ᠠᠭᠤᠷᠬᠠᠶ ᠵᠢᠨ ᠪᠥᠲᠥᠭᠡᠨ ᠪᠠᠶ᠋ᠢᠭᠤᠯᠤᠯᠲᠠ ᠵᠢ ᠳᠡᠮᠵᠢᠬᠦ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ᠎ᠨᠦᠭᠦᠳ》᠎ᠢ ᠳᠠᠷᠤᠮᠠᠯᠯᠠᠨ ᠲᠠᠷᠬᠠᠭ᠋ᠠᠵᠤ᠂ 5 ᠲᠠᠯ᠎ᠠ᠎ᠪᠠᠷ 16 ᠵᠤᠷᠪᠤᠰ ᠪᠣᠳᠠᠲᠠᠶ ᠠᠷᠭ᠎ᠠ ᠬᠡᠮᠵᠢᠶ᠎ᠡ ᠳᠤᠷᠠᠳᠴᠤ᠂ ᠪᠣᠬᠢᠷᠲᠤᠯ ᠥᠬᠡᠶ ᠠᠭᠤᠷᠬᠠᠶ ᠵᠢᠨ ᠲᠥᠷᠥ ᠵᠢᠨ ᠪᠣᠳᠣᠯᠭ᠎ᠠ ᠵᠢᠨ ᠳᠡᠮᠵᠢᠯᠭᠡ ᠵᠢ ᠪᠥᠬᠦ ᠲᠠᠯ᠎ᠠ᠎ᠪᠠᠷ ᠴᠢᠩᠭ᠋ᠠᠳᠬᠠᠵᠤ᠂ ᠠᠭᠤᠷᠬᠠᠶ ᠵᠢᠨ ᠠᠵᠤ ᠠᠬᠤᠶ᠋ᠢᠯᠠᠯ᠎ᠤᠨ ᠪᠣᠬᠢᠷᠲᠤᠯ ᠥᠬᠡᠶ ᠠᠭᠤᠷᠬᠠᠶ ᠵᠢᠨ ᠪᠥᠲᠥᠭᠡᠨ ᠪᠠᠶ᠋ᠢᠭᠤᠯᠤᠯᠲᠠ ᠵᠢᠨ ᠢᠳᠡᠪᠬᠢᠵᠢᠯ᠎ᠢ ᠬᠥᠭᠵᠢᠭᠡᠵᠦ᠂ ᠥᠪᠡᠷᠲᠡᠭᠡᠨ ᠵᠠᠰᠠᠬᠤ ᠣᠷᠣᠨ᠎ᠤ ᠪᠣᠬᠢᠷᠲᠤᠯ ᠥᠬᠡᠶ ᠠᠭᠤᠷᠬᠠᠶ ᠵᠢᠨ ᠪᠥᠲᠥᠭᠡᠨ ᠪᠠᠶ᠋ᠢᠭᠤᠯᠤᠯᠲᠠ ᠵᠢ ᠴᠢᠩᠭ᠋ᠠᠳᠬᠠᠬᠤ᠂ ᠴᠢᠨᠠᠷ ᠰᠠᠶ᠋ᠢᠲᠠᠶ ᠬᠥᠭᠵᠢᠯᠲᠡ ᠵᠢ ᠪᠡᠶᠡᠯᠡᠭᠦᠯᠬᠦ᠎ᠳᠤ ᠪᠠᠲᠤ ᠴᠢᠩᠭ᠎ᠠ ᠪᠠᠲᠤᠯᠠᠭ᠎ᠠ ᠵᠢ ᠬᠠᠩᠭ᠋ᠠᠨ᠎ᠠ᠃
ᠭᠠᠵᠠᠷ ᠬᠡᠷᠡᠭᠯᠡᠬᠦ ᠠᠭᠤᠷᠬᠠᠢ ᠵᠢᠨ ᠣᠢ ᠰᠢᠭᠤᠢ ᠡᠪᠡᠰᠦ ᠬᠡᠷᠡᠭᠯᠡᠬᠦ ᠵᠢ ᠰᠠᠶ᠋ᠢᠲᠤᠷ ᠬᠢᠬᠦ ᠵᠢ ᠳᠡᠮᠵᠢᠬᠦ ᠲᠠᠯ᠎ᠠ᠎ᠪᠠᠷ᠂ ᠭᠠᠵᠠᠷ ᠬᠡᠷᠡᠭᠯᠡᠬᠦ ᠬᠦᠴᠦᠨ ᠵᠦᠢ᠍ᠯ᠎ᠤᠨ ᠪᠠᠲᠤᠯᠠᠭ᠎ᠠ ᠵᠢ ᠴᠢᠩᠭ᠋ᠠᠳᠬᠠᠬᠤ᠂ ᠳᠠᠬᠢᠨ ᠬᠠᠭ᠋ᠠᠯᠪᠤᠷᠢᠯᠠᠯᠲᠠ ᠵᠢ ᠰᠤᠯᠠᠯᠠᠵᠤ ᠪᠤᠴᠠᠭ᠋ᠠᠭᠰᠠᠨ ᠭᠦᠢ᠍ᠴᠡᠳᠭᠡᠯ ᠲᠤᠭ᠎ᠠ ᠵᠢ ᠬᠡᠷᠡᠭᠯᠡᠬᠦ ᠵᠢᠴᠢ ᠠᠷᠠᠯᠵᠢᠶᠠᠯᠠᠬᠤ ᠵᠢ ᠠᠬᠢᠭᠤᠯᠬᠤ᠂ ᠪᠣᠬᠢᠷᠳᠤᠯ ᠦᠭᠡᠢ ᠠᠭᠤᠷᠬᠠᠢ ᠵᠢᠨ ᠭᠠᠵᠠᠷ ᠬᠡᠷᠡᠭᠯᠡᠬᠦ ᠥᠪᠡᠷ᠎ᠤᠨ ᠥᠷᠲᠡᠭ᠎ᠢ ᠪᠠᠭᠤᠷᠠᠭᠤᠯᠬᠤ᠂ ᠠᠭᠤᠷᠬᠠᠢ ᠵᠢᠨ ᠦᠢ᠍ᠯᠡᠰ᠎ᠤᠨ ᠡᠷᠬᠡ ᠵᠢ ᠤᠷᠢᠳ ᠵᠶ᠋ᠠᠷ ᠰᠢᠯᠵᠢᠭᠦᠯᠬᠦ᠂ ᠳᠤᠲᠠᠭᠤ ᠵᠢ ᠬᠦᠯᠢᠶᠡᠨ ᠠᠪᠴᠤ ᠬᠢᠨᠠᠨ ᠪᠠᠶ᠋ᠢᠴᠠᠭ᠋ᠠᠬᠤ ᠵᠢ ᠬᠡᠷᠡᠭᠵᠢᠭᠦᠯᠬᠦ᠂ ᠣᠢ ᠰᠢᠭᠤᠢ ᠡᠪᠡᠰᠦ ᠪᠡᠯᠴᠢᠭᠡᠷ᠎ᠤᠨ ᠡᠯᠧᠮᠧᠨ᠋ᠲ᠎ᠢ ᠪᠠᠲᠤᠯᠠᠬᠤ 6 ᠵᠤᠷᠪᠤᠰ ᠪᠣᠬᠢᠷᠳᠤᠯ ᠦᠭᠡᠢ ᠠᠭᠤᠷᠬᠠᠢ ᠵᠢ ᠳᠡᠮᠵᠢᠬᠦ ᠲᠥᠷᠥ ᠵᠢᠨ ᠪᠣᠳᠣᠯᠭ᠎ᠠ ᠵᠢ ᠲᠣᠭᠲᠠᠭ᠋ᠠᠵᠤ᠂ ᠵᠦᠢ ᠵᠣᠬᠢᠰᠲᠠᠢ ᠲᠥᠯᠥᠪᠵᠢᠭᠦᠯᠦᠨ ᠪᠠᠶ᠋ᠢᠷᠢᠯᠠᠭᠤᠯᠬᠤ᠂ ᠪᠣᠬᠢᠷᠳᠤᠯ ᠦᠭᠡᠢ ᠠᠭᠤᠷᠬᠠᠢ ᠵᠢᠨ ᠬᠤᠯᠪᠣᠭᠳᠠᠯ ᠪᠦᠬᠦᠢ ᠲᠥᠷᠥᠯ ᠵᠦᠢ᠍ᠯ᠎ᠢ ᠴᠢᠬᠤᠯᠠ ᠶᠡᠭᠡ ᠲᠥᠷᠥᠯ ᠵᠦᠢ᠍ᠯ ᠪᠣᠯᠭ᠋ᠠᠨ ᠦᠵᠡᠬᠦ ᠵᠡᠷᠭᠡ ᠣᠯᠠᠨ ᠵᠦᠢ᠍ᠯ᠎ᠤᠨ ᠠᠷᠭ᠎ᠠ ᠮᠠᠶᠢᠭ ᠵᠶ᠋ᠠᠷ ᠳᠠᠮᠵᠢᠭᠤᠯᠤᠨ ᠪᠣᠬᠢᠷᠳᠤᠯ ᠦᠭᠡᠢ ᠠᠭᠤᠷᠬᠠᠢ ᠵᠢᠨ ᠭᠠᠵᠠᠷ ᠬᠡᠷᠡᠭᠯᠡᠬᠦ᠂ ᠣᠢ ᠰᠢᠭᠤᠢ ᠡᠪᠡᠰᠦ ᠪᠡᠯᠴᠢᠭᠡᠷ᠎ᠢ ᠬᠡᠷᠡᠭᠯᠡᠬᠦ ᠵᠦᠢ ᠵᠣᠬᠢᠰᠲᠠᠢ ᠬᠡᠷᠡᠭᠴᠡᠭᠡ ᠱᠠᠭ᠋ᠠᠷᠳᠠᠯᠭ᠎ᠠ ᠵᠢ ᠪᠠᠲᠤᠯᠠᠬᠤ ᠵᠢᠨ ᠬᠠᠮᠲᠤ᠂ ᠠᠵᠤ ᠠᠬᠤᠶ᠋ᠢᠯᠠᠯ᠎ᠤᠨ ᠥᠪᠡᠷ᠎ᠤᠨ ᠥᠷᠲᠡᠭ᠎ᠢ ᠠᠷᠪᠢᠯᠠᠬᠤ᠂ ᠠᠭᠤᠷᠬᠠᠢ ᠵᠢᠨ ᠦᠢ᠍ᠯᠡᠰ᠎ᠤᠨ ᠡᠷᠬᠡ ᠵᠢ ᠤᠷᠢᠳᠠᠪᠠᠷ ᠣᠯᠬᠤ ᠵᠡᠷᠭᠡ ᠲᠠᠯ᠎ᠠ᠎ᠪᠠᠷ ᠪᠣᠳᠠᠲᠠᠢ ᠪᠦᠲᠦᠮᠵᠢᠲᠡᠢ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠲᠣᠭᠲᠠᠭ᠋ᠠᠵᠤ᠂ ᠪᠣᠬᠢᠷᠳᠤᠯ ᠦᠭᠡᠢ ᠠᠭᠤᠷᠬᠠᠢ ᠵᠢᠨ ᠬᠦᠴᠦᠨ ᠵᠦᠢ᠍ᠯ᠎ᠢ ᠪᠠᠲᠤᠯᠠᠬᠤ ᠡᠷᠴᠢᠮ᠎ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠡᠬᠢ ᠪᠠᠶᠠᠯᠢᠭ᠎ᠢ ᠡᠷᠴᠢᠮᠵᠢᠭᠦᠯᠦᠨ ᠠᠷᠪᠢᠯᠠᠨ ᠠᠰᠢᠭᠯᠠᠬᠤ ᠬᠢᠷᠢ ᠲᠦᠪᠰᠢᠨ᠎ᠢ ᠳᠡᠭᠡᠭᠰᠢᠯᠡᠭᠦᠯᠦᠨ᠎ᠡ᠃
ᠬᠠᠮᠢᠶ᠎ᠠ ᠪᠦᠬᠦᠢ ᠭᠠᠶ᠋ᠢᠯᠢ ᠲᠠᠲᠠᠪᠤᠷᠢ ᠵᠢᠨ ᠬᠠᠷᠠᠭ᠋ᠠᠯᠵᠠᠯ᠎ᠤᠨ ᠲᠠᠯ᠎ᠠ᠎ᠪᠠᠷ᠂ ᠳᠡᠭᠡᠳᠦ ᠰᠢᠨ᠎ᠡ ᠮᠡᠷᠭᠡᠵᠢᠯ᠎ᠤᠨ ᠠᠵᠤ ᠠᠬᠤᠶ᠋ᠢᠯᠠᠯ᠎ᠤᠨ ᠭᠠᠶ᠋ᠢᠯᠢ ᠲᠠᠲᠠᠪᠤᠷᠢ ᠵᠢᠨ ᠬᠠᠷᠠᠭ᠋ᠠᠯᠵᠠᠯ᠎ᠢ ᠨᠠᠶ᠋ᠢᠳᠠᠪᠤᠷᠢᠵᠢᠭᠤᠯᠬᠤ᠂ ᠣᠷᠴᠢᠨ ᠲᠣᠭᠤᠷᠢᠨ᠎ᠤ ᠬᠠᠮᠠᠭ᠋ᠠᠯᠠᠯᠲᠠ᠂ ᠡᠨᠧᠷᠭᠢ ᠠᠷᠪᠢᠯᠠᠬᠤ ᠤᠰᠤ ᠠᠷᠪᠢᠯᠠᠬᠤ ᠭᠠᠶ᠋ᠢᠯᠢ ᠲᠠᠲᠠᠪᠤᠷᠢ ᠵᠢ ᠬᠠᠰᠤᠵᠤ ᠬᠡᠯᠲᠦᠷᠢᠭᠦᠯᠬᠦ᠂ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ ᠵᠢ ᠨᠠᠶ᠋ᠢᠳᠠᠪᠤᠷᠢᠵᠢᠭᠤᠯᠬᠤ᠂ ᠥᠷᠲᠡᠭ ᠨᠡᠮᠡᠭᠳᠡᠯ᠎ᠤᠨ ᠭᠠᠶ᠋ᠢᠯᠢ ᠵᠢ ᠲᠡᠷᠡ ᠳᠠᠷᠤᠶᠳᠤᠨᠢ ᠪᠤᠴᠠᠭ᠋ᠠᠬᠤ᠂ ᠡᠬᠢ ᠪᠠᠶᠠᠯᠢᠭ᠎ᠤᠨ ᠭᠠᠶ᠋ᠢᠯᠢ ᠵᠢ ᠬᠠᠰᠤᠵᠤ ᠬᠡᠯᠲᠦᠷᠢᠭᠦᠯᠬᠦ ᠬᠠᠷᠠᠭ᠋ᠠᠯᠵᠠᠯ᠎ᠢ ᠨᠠᠶ᠋ᠢᠳᠠᠪᠤᠷᠢᠵᠢᠭᠤᠯᠬᠤ᠂ ᠬᠤᠳᠠᠯᠳᠤᠨ ᠠᠪᠬᠤ ᠭᠠᠶ᠋ᠢᠯᠢ ᠵᠢ ᠬᠠᠰᠤᠵᠤ ᠬᠡᠯᠲᠦᠷᠢᠭᠦᠯᠬᠦ ᠬᠠᠷᠠᠭ᠋ᠠᠯᠵᠠᠯ᠎ᠢ ᠨᠠᠶ᠋ᠢᠳᠠᠪᠤᠷᠢᠵᠢᠭᠤᠯᠬᠤ ᠵᠡᠷᠭᠡ 6 ᠵᠤᠷᠪᠤᠰ ᠭᠠᠶ᠋ᠢᠯᠢ ᠲᠠᠲᠠᠪᠤᠷᠢ ᠵᠢᠨ ᠬᠠᠷᠠᠭ᠋ᠠᠯᠵᠠᠯ᠎ᠤᠨ ᠲᠥᠷᠥ ᠵᠢᠨ ᠪᠣᠳᠣᠯᠭ᠎ᠠ ᠵᠢ ᠨᠠᠶ᠋ᠢᠳᠠᠪᠤᠷᠢᠵᠢᠭᠤᠯᠬᠤ᠎ᠪᠠᠷ ᠳᠠᠮᠵᠢᠭᠤᠯᠤᠨ᠂ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠣᠳᠣ ᠪᠠᠶ᠋ᠢᠭ᠎ᠠ ᠭᠠᠶ᠋ᠢᠯᠢ ᠰᠦᠢ᠍ᠳᠬᠡᠯ᠎ᠢ ᠬᠠᠰᠤᠵᠤ ᠬᠡᠯᠲᠦᠷᠢᠭᠦᠯᠬᠦ ᠲᠥᠷᠥ ᠵᠢᠨ ᠪᠣᠳᠣᠯᠭ᠎ᠠ ᠵᠢ ᠪᠦᠬᠦ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠠᠵᠤ ᠠᠬᠤᠶ᠋ᠢᠯᠠᠯ᠎ᠤᠨ ᠠᠰᠢᠭ ᠣᠷᠣᠯᠭ᠎ᠠ ᠵᠢᠨ ᠭᠠᠶ᠋ᠢᠯᠢ᠂ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠭᠠᠶ᠋ᠢᠯᠢ᠂ ᠥᠷᠲᠡᠭ ᠨᠡᠮᠡᠭᠳᠡᠯ᠎ᠤᠨ ᠭᠠᠶ᠋ᠢᠯᠢ᠂ ᠡᠬᠢ ᠪᠠᠶᠠᠯᠢᠭ᠎ᠤᠨ ᠭᠠᠶ᠋ᠢᠯᠢ᠂ ᠬᠤᠳᠠᠯᠳᠤᠨ ᠠᠪᠬᠤ ᠭᠠᠶ᠋ᠢᠯᠢ ᠵᠡᠷᠭᠡ ᠲᠠᠯ᠎ᠠ᠎ᠪᠠᠷ ᠪᠣᠳᠠᠲᠠᠶ ᠭᠠᠶ᠋ᠢᠯᠢ ᠰᠦᠢ᠍ᠳᠬᠡᠯ᠎ᠢ ᠬᠠᠰᠤᠵᠤ ᠬᠡᠯᠲᠦᠷᠢᠭᠦᠯᠬᠦ ᠠᠷᠭ᠎ᠠ ᠬᠡᠮᠵᠢᠶ᠎ᠡ ᠵᠢ ᠳᠤᠷᠠᠳᠴᠤ᠂ ᠠᠵᠤ ᠠᠬᠤᠶ᠋ᠢᠯᠠᠯ᠎ᠤᠨ ᠡᠵᠡᠩᠨᠡᠯᠲᠡ ᠵᠢᠨ ᠳᠠᠷᠤᠭ᠋ᠠᠰᠤ ᠵᠢ ᠶᠡᠬᠡᠪᠡᠷ ᠪᠠᠭᠤᠷᠠᠭᠤᠯᠵᠤ᠂ ᠠᠵᠤ ᠠᠬᠤᠶ᠋ᠢᠯᠠᠯ᠎ᠤᠨ ᠵᠠᠬ᠎ᠠ ᠳᠡᠯᠭᠡᠭᠦᠷ᠎ᠤᠨ ᠥᠷᠢᠰᠥᠯᠳᠦᠬᠦ ᠬᠦᠴᠦᠨ᠎ᠢ ᠳᠡᠭᠡᠭᠰᠢᠯᠡᠭᠦᠯᠦᠨ᠎ᠡ᠃
ᠡᠯ᠎ᠡ ᠰᠠᠯᠠᠭ᠎ᠠ ᠮᠥᠴᠢᠷ᠎ᠤᠨ ᠱᠠᠩᠨᠠᠵᠤ ᠳᠡᠮᠵᠢᠬᠦ ᠵᠢ ᠭᠦᠨᠵᠡᠭᠡᠶ᠋ᠢᠷᠡᠭᠦᠯᠬᠦ ᠲᠠᠯ᠎ᠠ᠎ᠪᠠᠷ᠂ ᠡᠨᠧᠷᠭᠢ ᠠᠷᠪᠢᠯᠠᠬᠤ ᠵᠢᠨ ᠱᠠᠩᠨᠠᠵᠤ ᠨᠥᠬᠦᠪᠥᠷᠢᠯᠡᠬᠦ ᠪᠠ ᠬᠠᠮᠢᠶ᠎ᠠ ᠪᠦᠬᠦᠢ ᠬᠦᠷᠢᠶᠡᠨ᠎ᠤ ᠱᠠᠩᠨᠠᠯ ᠰᠢᠯᠭ᠋ᠠᠷᠠᠭᠤᠯᠵᠤ ᠰᠢᠯᠢᠳᠡᠭ᠎ᠢ᠎ᠨᠢ ᠰᠢᠯᠭ᠋ᠠᠷᠠᠭᠤᠯᠬᠤ ᠵᠢ ᠳᠡᠮᠵᠢᠬᠦ 2 ᠵᠦᠢ᠍ᠯ᠎ᠤᠨ ᠤᠷᠮᠠᠰᠢᠭᠤᠯᠬᠤ ᠠᠷᠭ᠎ᠠ ᠬᠡᠮᠵᠢᠶ᠎ᠡ᠎ᠪᠠᠷ ᠳᠠᠮᠵᠢᠭᠤᠯᠤᠨ᠂ ᠪᠣᠬᠢᠷᠲᠤᠯ ᠥᠬᠡᠶ ᠠᠭᠤᠷᠬᠠᠶ ᠵᠢᠨ ᠠᠵᠤ ᠠᠬᠤᠶ᠋ᠢᠯᠠᠯ᠎ᠤᠨ ᠬᠦᠷᠲᠡᠮᠵᠢ ᠵᠢᠨ ᠲᠥᠷᠥᠭᠳᠡᠯ ᠪᠠ ᠢᠷᠠᠭᠤ ᠠᠯᠳᠠᠷ᠎ᠤᠨ ᠰᠡᠳᠬᠢᠯᠭᠡ ᠵᠢ ᠳᠡᠭᠡᠭᠰᠢᠯᠡᠭᠦᠯᠵᠦ᠂ ᠱᠠᠩᠨᠠᠬᠤ ᠲᠣᠭᠲᠠᠴᠠ᠎ᠪᠠᠷ ᠳᠠᠮᠵᠢᠭᠤᠯᠤᠨ ᠮᠡᠷᠭᠡᠵᠢᠯ᠎ᠤᠨ ᠰᠢᠨ᠎ᠡ ᠵᠢ ᠡᠭᠦᠳᠬᠦ ᠪᠠ ᠬᠠᠮᠢᠶᠠᠷᠤᠯᠲᠠ ᠵᠢ ᠰᠢᠯᠢᠳᠡᠭᠵᠢᠭᠦᠯᠬᠦ ᠵᠢ ᠠᠬᠢᠭᠤᠯᠵᠤ᠂ ᠪᠣᠬᠢᠷᠲᠤᠯ ᠥᠬᠡᠶ ᠠᠭᠤᠷᠬᠠᠶ ᠵᠢᠨ ᠴᠢᠨᠠᠷ ᠰᠠᠶ᠋ᠢᠲᠠᠶ ᠬᠥᠭᠵᠢᠯᠲᠡ ᠵᠢ ᠤᠯᠠᠮ ᠨᠢᠭᠡ ᠠᠯᠬᠤᠮ ᠳᠥᠯᠭᠢᠨ ᠠᠬᠢᠭᠤᠯᠤᠨ᠎ᠠ᠃
ᠮᠥᠩᠭᠦᠨ ᠭᠦᠢ᠍ᠯᠭᠡᠭᠡᠨ᠎ᠤ ᠳᠡᠮᠵᠢᠯᠭᠡ ᠵᠢᠨ ᠡᠷᠴᠢᠮ᠎ᠢ ᠴᠢᠩᠭ᠋ᠠᠷᠠᠭᠤᠯᠬᠤ ᠲᠠᠯ᠎ᠠ᠎ᠪᠠᠷ᠂ ᠨᠢᠭᠡ᠎ᠳᠤ᠂ ᠠᠵᠤ ᠠᠬᠤᠶ᠋ᠢᠯᠠᠯ᠎ᠤᠨ ᠵᠠᠬ᠎ᠠ ᠳᠡᠯᠭᠡᠭᠦᠷ᠎ᠲᠤ ᠭᠠᠷᠬᠤ ᠵᠢ ᠳᠡᠮᠵᠢᠵᠦ᠂ ᠨᠥᠬᠦᠴᠡᠯ᠎ᠳᠤ ᠨᠡᠶ᠋ᠢᠴᠡᠬᠦ ᠪᠣᠬᠢᠷᠳᠤᠯ ᠦᠭᠡᠢ ᠠᠭᠤᠷᠬᠠᠢ ᠵᠢᠨ ᠠᠵᠤ ᠠᠬᠤᠶ᠋ᠢᠯᠠᠯ᠎ᠤᠨ ᠱᠠᠩᠬᠠᠢ ᠱᠧᠨᠵᠧᠨ ᠤᠮᠠᠷᠠᠲᠤ ᠵᠢᠨ ᠠᠷᠠᠯᠵᠢᠶᠠᠨ᠎ᠤ ᠭᠠᠵᠠᠷ᠎ᠲᠤ ᠵᠠᠬ᠎ᠠ ᠳᠡᠯᠭᠡᠭᠦᠷ᠎ᠲᠤ ᠭᠠᠷᠬᠤ ᠵᠢᠴᠢ ᠰᠢᠨ᠎ᠡ ᠭᠤᠷᠪᠠᠳᠤᠭ᠋ᠠᠷ ᠰᠠᠮᠪᠠᠷ᠎ᠠ᠂ ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠲᠤ ᠫᠠᠶ᠋ᠢᠰᠠ ᠡᠯᠭᠦᠬᠦ ᠵᠢ ᠠᠬᠢᠭᠤᠯᠤᠨ᠎ᠠ; ᠬᠤᠶᠠᠷ᠎ᠲᠤ᠂ ᠢᠲᠡᠭᠡᠮᠵᠢᠲᠦ ᠵᠢᠭᠡᠯᠡᠯᠭᠡ ᠵᠢᠨ ᠦᠢ᠍ᠯᠡᠳᠬᠦᠨ᠎ᠢ ᠰᠤᠳᠤᠯᠤᠨ ᠨᠡᠭᠡᠭᠡᠵᠦ᠂ ᠪᠠᠩᠬᠢ ᠵᠢᠨ ᠦᠢ᠍ᠯᠡᠰ᠎ᠤᠨ ᠮᠥᠩᠭᠦᠨ ᠭᠦᠢ᠍ᠯᠭᠡᠭᠡᠨ᠎ᠤ ᠪᠠᠶ᠋ᠢᠭᠤᠯᠤᠮᠵᠢ ᠵᠢᠨ ᠲᠦᠭᠰᠢᠭᠦᠷᠢ ᠵᠢ ᠡᠵᠡᠮᠳᠡᠵᠦ ᠪᠣᠯᠬᠤ᠂ ᠬᠤᠳᠠᠯᠳᠤᠭ᠎ᠠ ᠵᠢ ᠦᠷᠭᠦᠯᠵᠢᠯᠡᠭᠦᠯᠬᠦ ᠵᠠᠷᠴᠢᠮ ᠳᠣᠤᠷ᠎ᠠ᠂ ᠪᠣᠬᠢᠷᠲᠤᠯ ᠥᠬᠡᠶ ᠠᠭᠤᠷᠬᠠᠶ ᠵᠢᠨ ᠣᠨᠴᠠᠯᠢᠭᠲᠤ ᠢᠲᠡᠭᠡᠮᠵᠢᠲᠦ ᠵᠢᠭᠡᠯᠡᠯᠭᠡ ᠵᠢᠨ ᠦᠢ᠍ᠯᠡᠳᠬᠦᠨ᠎ᠢ ᠰᠤᠳᠤᠯᠤᠨ ᠨᠡᠭᠡᠭᠡᠵᠦ᠂ ᠣᠷᠴᠢᠨ ᠲᠣᠭᠤᠷᠢᠨ᠎ᠢ ᠰᠡᠷᠭᠦᠭᠡᠨ ᠵᠠᠰᠠᠬᠤ᠂ ᠬᠦᠨᠳᠦ ᠲᠡᠮᠦᠷᠯᠢᠭ᠎ᠤᠨ ᠪᠣᠬᠢᠷᠲᠤᠯ᠎ᠢ ᠰᠡᠷᠭᠡᠶ᠋ᠢᠯᠡᠨ ᠵᠠᠰᠠᠬᠤ᠂ ᠡᠬᠢ ᠪᠠᠶᠠᠯᠢᠭ᠎ᠢ ᠡᠷᠭᠢᠯᠳᠦᠭᠦᠯᠦᠨ ᠠᠰᠢᠭᠯᠠᠬᠤ ᠵᠡᠷᠭᠡ ᠲᠠᠯ᠎ᠠ᠎ᠪᠠᠷ᠎ᠬᠢ ᠪᠠᠯᠠ ᠮᠥᠩᠭᠦ ᠵᠢᠨ ᠳᠡᠮᠵᠢᠯᠭᠡ ᠵᠢᠨ ᠡᠷᠴᠢᠮ ᠵᠶ᠋ᠠᠨ ᠴᠢᠩᠭ᠋ᠠᠷᠠᠭᠤᠯᠵᠤ᠂ ᠪᠣᠬᠢᠷᠲᠤᠯ ᠥᠬᠡᠶ ᠠᠭᠤᠷᠬᠠᠶ ᠵᠢᠨ ᠠᠵᠤ ᠠᠬᠤᠶ᠋ᠢᠯᠠᠯ᠎ᠤᠨ ᠪᠠᠯᠠ ᠲᠣᠬᠢᠷᠠᠭᠤᠯᠭ᠎ᠠ ᠵᠢᠨ ᠠᠷᠭ᠎ᠠ ᠵᠠᠮ᠎ᠢ ᠥᠷᠭᠡᠳᠬᠡᠨ᠂ ᠪᠠᠯᠠ ᠲᠣᠬᠢᠷᠠᠭᠤᠯᠭ᠎ᠠ ᠵᠢᠨ ᠥᠪᠡᠷ᠎ᠤᠨ ᠥᠷᠲᠡᠭ᠎ᠢ ᠪᠠᠭᠤᠷᠠᠭᠤᠯᠵᠤ᠂ ᠪᠣᠬᠢᠷᠲᠤᠯ ᠥᠬᠡᠶ ᠠᠭᠤᠷᠬᠠᠶ ᠵᠢᠨ ᠪᠥᠲᠥᠭᠡᠨ ᠪᠠᠶ᠋ᠢᠭᠤᠯᠤᠯᠲᠠ᠎ᠳᠤ ᠮᠥᠩᠭᠦᠨ ᠭᠦᠢ᠍ᠯᠭᠡᠭᠡᠨ᠎ᠤ ᠬᠦᠴᠦᠲᠡᠶ ᠪᠠᠲᠤᠯᠠᠭ᠎ᠠ ᠬᠠᠩᠭ᠋ᠠᠬᠤ ᠵᠢ ᠵᠣᠷᠢᠭᠵᠢᠭᠤᠯᠤᠨ᠎ᠠ᠃
ᠡᠭᠦᠨ᠎ᠤ ᠬᠠᠮᠲᠤ᠂ ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠲᠥᠷᠥ ᠵᠢᠨ ᠪᠣᠳᠣᠯᠭ᠎ᠠ ᠵᠢ ᠨᠠᠶ᠋ᠢᠳᠠᠪᠤᠷᠢᠵᠢᠭᠤᠯᠬᠤ ᠵᠢ ᠴᠢᠩᠭ᠋ᠠᠳᠬᠠᠬᠤ ᠪᠣᠳᠠᠲᠠᠶ ᠠᠷᠭ᠎ᠠ ᠬᠡᠮᠵᠢᠶ᠎ᠡ ᠵᠢ ᠤᠯᠠᠮ ᠨᠢᠭᠡ ᠠᠯᠬᠤᠮ ᠲᠣᠳᠣᠷᠬᠠᠶ᠋ᠢᠯᠠᠵᠤ᠂ ᠨᠢᠭᠡᠳᠦᠯᠲᠡᠶ ᠲᠥᠯᠥᠪᠯᠡᠨ ᠤᠳᠤᠷᠢᠳᠬᠤ ᠵᠢ ᠴᠢᠩᠭ᠋ᠠᠳᠬᠠᠬᠤ᠂ ᠠᠵᠢᠯ ᠵᠶ᠋ᠠᠨ ᠬᠤᠪᠢᠶᠠᠷᠢᠯᠠᠨ ᠵᠢᠯᠣᠭᠤᠳᠬᠤ ᠵᠢ ᠴᠢᠩᠭ᠋ᠠᠳᠬᠠᠬᠤ ᠪᠠ ᠤᠬᠠᠭᠤᠯᠵᠤ ᠬᠥᠲᠥᠯᠦᠨ ᠵᠢᠯᠣᠭᠤᠳᠬᠤ ᠵᠢ ᠴᠢᠩᠭ᠋ᠠᠳᠬᠠᠬᠤ ᠵᠡᠷᠭᠡ᠎ᠪᠠᠷ ᠳᠠᠮᠵᠢᠭᠤᠯᠤᠨ᠂ ᠪᠣᠬᠢᠷᠲᠤᠯ ᠥᠬᠡᠶ ᠠᠭᠤᠷᠬᠠᠶ ᠵᠢᠨ ᠪᠥᠲᠥᠭᠡᠨ ᠪᠠᠶ᠋ᠢᠭᠤᠯᠤᠯᠲᠠ᠎ᠳᠤ ᠠᠰᠢᠭᠲᠠᠶ ᠰᠠᠶ᠋ᠢᠨ ᠰᠠᠶ᠋ᠢᠬᠠᠨ ᠣᠷᠴᠢᠨ ᠲᠣᠭᠤᠷᠢᠨ᠎ᠢ ᠪᠣᠶ ᠪᠣᠯᠭ᠋ᠠᠵᠤ᠂ ᠪᠣᠬᠢᠷᠲᠤᠯ ᠥᠬᠡᠶ ᠠᠭᠤᠷᠬᠠᠶ ᠵᠢ ᠳᠡᠮᠵᠢᠬᠦ ᠲᠥᠷᠥ ᠵᠢᠨ ᠪᠣᠳᠣᠯᠭ᠎ᠠ ᠵᠢ ᠨᠠᠶ᠋ᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠵᠢ ᠦᠨᠡᠨ ᠬᠦ᠌ ᠪᠠᠲᠤᠯᠠᠨ᠎ᠠ᠃