ᠨᠢᠭᠡ᠂ ᠨᠡᠶ᠋ᠢᠲᠡᠯᠡᠭᠰᠡᠨ ᠠᠬᠤᠶ ᠪᠠᠶ᠋ᠢᠳᠠᠯ
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠠᠷᠪᠠᠨ ᠨᠢᠭᠡᠳᠦᠭᠡᠷ ᠬᠤᠭᠤᠴᠠᠭ᠋ᠠᠨ᠎ᠤ ᠶᠢᠰᠦᠳᠦᠭᠡᠷ ᠪᠥᠬᠦᠳᠡ ᠬᠤᠷᠠᠯ ᠵᠢᠴᠢ ᠪᠥᠬᠦ ᠣᠷᠣᠨ᠎ᠤ ᠠᠵᠤ ᠠᠬᠤᠶ ᠵᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠪᠥᠬᠦ ᠲᠠᠯ᠎ᠠ᠎ᠪᠠᠷ ᠲᠤᠭᠤᠰᠢᠯᠠᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠠᠵᠢᠯ᠎ᠤᠨ ᠭᠤᠤᠯ ᠰᠢᠵᠢᠮ ᠪᠣᠯᠭ᠋ᠠᠬᠤ ᠵᠢ ᠪᠠᠷᠢᠮᠲᠠᠯᠠᠨ᠂ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠤᠨ ᠡᠯᠧᠮᠧᠨ᠋ᠲ᠎ᠤᠨ ᠪᠠᠲᠤᠯᠠᠭ᠎ᠠ ᠵᠢ ᠦᠨᠡᠨ ᠬᠦ᠌ ᠰᠠᠶ᠋ᠢᠲᠤᠷ ᠬᠢᠵᠦ᠂ ᠠᠭᠤᠷᠬᠠᠶ ᠵᠢᠨ ᠦᠢ᠍ᠯᠡᠰ᠎ᠤᠨ ᠡᠷᠬᠡ ᠵᠢ ᠳᠡᠩᠰᠡᠯᠡᠨ ᠬᠢᠨᠠᠨ ᠵᠥᠪᠰᠢᠶᠡᠷᠡᠬᠦ ᠠᠵᠢᠯ᠎ᠤᠨ ᠴᠢᠨᠠᠷ ᠴᠢᠨᠰᠠᠭ᠎ᠠ ᠦᠷ᠎ᠡ ᠪᠦᠲᠦᠮᠵᠢ ᠵᠢ ᠭᠦᠨᠵᠡᠭᠡᠶ ᠳᠡᠭᠡᠭᠰᠢᠯᠡᠭᠦᠯᠬᠦ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ ᠨᠡᠶ᠋ᠢᠭᠡᠮ᠎ᠤᠨ ᠬᠥᠭᠵᠢᠯᠲᠡ᠎ᠳᠤ ᠨᠠᠩ ᠰᠠᠶ᠋ᠢᠲᠤᠷ ᠦᠢ᠍ᠯᠡᠴᠢᠯᠡᠬᠦ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠠᠴᠠ 《ᠠᠭᠤᠷᠬᠠᠶ ᠵᠢᠨ ᠦᠢ᠍ᠯᠡᠰ᠎ᠤᠨ ᠡᠷᠬᠡ ᠵᠢ ᠳᠡᠩᠰᠡᠯᠡᠨ ᠲᠡᠮᠳᠡᠭᠯᠡᠬᠦ ᠠᠵᠢᠯ᠎ᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠲᠤᠬᠠᠶ ᠮᠡᠳᠡᠭᠳᠡᠯ》 (ᠳᠣᠷᠣᠭᠰᠢ 《ᠮᠡᠳᠡᠭᠳᠡᠯ》 ᠭᠡᠵᠦ ᠲᠣᠪᠴᠢᠯᠠᠨ᠎ᠠ)᠎ᠢ ᠳᠠᠷᠤᠮᠠᠯᠯᠠᠨ ᠲᠠᠷᠬᠠᠭ᠋ᠠᠪᠠ᠃
ᠬᠤᠶᠠᠷ᠂ ᠭᠤᠣᠯ ᠠᠭᠤᠯᠭ᠎ᠠ
《ᠮᠡᠳᠡᠭᠳᠡᠯ》᠎ᠳᠤ ᠨᠡᠶ᠋ᠢᠲᠡ 11 ᠵᠤᠷᠪᠤᠰ ᠰᠢᠯᠢᠳᠡᠭᠵᠢᠭᠦᠯᠬᠦ ᠠᠷᠭ᠎ᠠ ᠬᠡᠮᠵᠢᠶ᠎ᠡ ᠵᠢ ᠲᠣᠳᠣᠷᠬᠠᠶ ᠲᠣᠭᠲᠠᠭ᠋ᠠᠪᠠ᠃
(ᠨᠢᠭᠡ) ᠬᠠᠮᠲᠤᠷᠠᠨ ᠭᠠᠷᠤᠨ ᠦᠰᠦᠭ ᠵᠢᠷᠤᠬᠤ ᠭᠠᠵᠠᠷ ᠠᠯᠪᠠᠨ ᠭᠡᠷ᠎ᠢ ᠬᠠᠰᠤᠨ᠎ᠠ
1. ᠭᠠᠵᠠᠷ ᠰᠢᠨᠵᠢᠯᠡᠭᠡᠨ᠎ᠤ ᠭᠠᠵᠠᠷ ᠬᠠᠮᠲᠤ ᠵᠢᠨ ᠭᠠᠷᠤᠨ ᠦᠰᠦᠭ ᠵᠢᠷᠤᠬᠤ᠎ᠳᠤ ᠣᠷᠣᠯᠴᠠᠬᠤ ᠦᠭᠡᠢ᠃
2. ᠠᠭᠤᠷᠬᠠᠶ ᠵᠢᠨ ᠦᠢ᠍ᠯᠡᠰ᠎ᠤᠨ ᠡᠷᠬᠡᠲᠦ ᠬᠥᠮᠦᠨ᠎ᠤ ᠨᠡᠷ᠎ᠡ ᠵᠢ ᠬᠤᠪᠢᠷᠠᠭᠤᠯᠬᠤ᠂ ᠰᠢᠯᠵᠢᠭᠦᠯᠦᠨ ᠥᠭᠬᠦ ᠵᠢ ᠵᠥᠪᠬᠡᠨ ᠠᠭᠤᠷᠬᠠᠶ ᠵᠢᠨ ᠦᠢ᠍ᠯᠡᠰ᠎ᠤᠨ ᠡᠷᠬᠡ ᠵᠢᠨ ᠭᠠᠵᠠᠷ᠎ᠠᠴᠠ ᠬᠢᠨᠠᠨ ᠪᠠᠶ᠋ᠢᠴᠠᠭ᠋ᠠᠵᠤ᠂ ᠪᠤᠰᠤᠳ ᠭᠠᠵᠠᠷ ᠠᠯᠪᠠᠨ ᠲᠠᠰᠤᠭ᠎ᠨᠢ ᠳᠠᠬᠢᠵᠤ ᠭᠠᠷᠤᠨ ᠦᠰᠦᠭ ᠵᠢᠷᠤᠬᠤ ᠥᠬᠡᠶ᠃
(ᠬᠤᠶᠠᠷ) ᠬᠢᠨᠠᠨ ᠵᠥᠪᠰᠢᠶᠡᠷᠡᠬᠦ ᠳᠡᠰ ᠳᠠᠪᠬᠤᠷᠭ᠎ᠠ ᠵᠢ ᠬᠠᠰᠤᠨ᠎ᠠ
ᠮᠤᠵᠢ ᠬᠤᠲᠠ ᠰᠢᠶᠠᠨ᠎ᠤ ᠭᠤᠷᠪᠠᠨ ᠱᠠᠲᠤᠨ᠎ᠤ ᠬᠠᠮᠲᠤᠷᠠᠨ ᠬᠢᠨᠠᠬᠤ᠂ ᠬᠤᠲᠠ ᠰᠢᠶᠠᠨ᠎ᠤ ᠬᠤᠶᠠᠳᠤᠭ᠋ᠠᠷ ᠳᠡᠰ᠎ᠤᠨ ᠬᠠᠮᠲᠤᠷᠠᠨ ᠬᠢᠨᠠᠬᠤ ᠵᠢ ᠮᠤᠵᠢ ᠵᠢᠨ ᠱᠠᠲᠤ᠂ ᠬᠤᠲᠠ ᠵᠢᠨ ᠱᠠᠲᠤᠨ᠎ᠤ ᠨᠢᠭᠡᠳᠦᠭᠡᠷ ᠳᠡᠰ᠎ᠤᠨ ᠬᠢᠨᠠᠨ ᠪᠠᠶ᠋ᠢᠴᠠᠭ᠋ᠠᠯᠲᠠ ᠪᠣᠯᠭ᠋ᠠᠨ ᠬᠠᠰᠤᠨ᠎ᠠ᠃
(ᠭᠤᠷᠪᠠ) ᠭᠤᠶᠤᠴᠢᠯᠠᠯ᠎ᠢ ᠪᠠᠭ᠋ᠠᠰᠬᠠᠬᠤ ᠴᠢᠬᠤᠯᠠ ᠨᠥᠬᠥᠴᠡᠯ
1. ᠨᠡᠭᠡᠭᠡᠨ ᠠᠰᠢᠭᠯᠠᠬᠤ ᠲᠥᠰᠦᠯ᠎ᠢ ᠨᠡᠭᠡᠭᠡᠨ ᠠᠰᠢᠭᠯᠠᠬᠤ ᠲᠥᠰᠦᠯ᠂ ᠬᠠᠳᠠᠭ᠋ᠠᠯᠠᠭᠳᠠᠴᠠ ᠵᠢ ᠬᠢᠨᠠᠨ ᠲᠣᠭᠲᠠᠭ᠋ᠠᠵᠤ ᠳᠠᠩᠰᠠᠯᠠᠭᠤᠯᠬᠤ ᠮᠡᠳᠡᠭᠦᠯᠦᠯᠲᠡ ᠵᠢᠴᠢ ᠬᠢᠨᠠᠨ ᠲᠣᠭᠲᠠᠭ᠋ᠠᠬᠤ ᠰᠠᠨᠠᠯ (ᠨᠢᠭᠤᠴᠠ᠎ᠳᠤ ᠬᠤᠯᠪᠣᠭᠳᠠᠬᠤ ᠵᠦᠢ᠍ᠯ᠎ᠠᠴᠠ ᠭᠠᠳᠠᠨ᠎ᠠ)᠂ ᠠᠭᠤᠷᠬᠠᠶ ᠵᠢᠨ ᠭᠠᠵᠠᠷ᠎ᠤᠨ ᠣᠷᠴᠢᠨ ᠲᠣᠭᠤᠷᠢᠨ᠎ᠢ ᠵᠠᠰᠠᠬᠤ ᠬᠢᠭᠡᠳ ᠭᠠᠵᠠᠷ ᠰᠢᠷᠣᠶ ᠵᠢ ᠳᠠᠬᠢᠨ ᠬᠠᠭ᠋ᠠᠯᠪᠤᠷᠢᠯᠠᠬᠤ ᠲᠥᠰᠦᠯ ᠶᠣᠰᠣᠭ᠋ᠠᠷ᠂ 《ᠬᠡᠨ ᠬᠢᠨᠠᠨ ᠪᠠᠶ᠋ᠢᠴᠠᠭ᠋ᠠᠪᠠᠯ᠂ ᠬᠡᠨ ᠬᠠᠩᠭ᠋ᠠᠬᠤ》 ᠵᠠᠷᠴᠢᠮ ᠶᠣᠰᠣᠭ᠋ᠠᠷ᠂ ᠬᠢᠨᠠᠨ ᠪᠠᠶ᠋ᠢᠴᠠᠭ᠋ᠠᠵᠤ ᠳᠠᠩᠰᠠᠯᠠᠬᠤ ᠨᠢᠭᠡᠴᠢ᠎ᠠᠴᠠ ᠰᠢᠨ᠎ᠡ ᠠᠭᠤᠷᠬᠠᠶ ᠵᠢᠨ ᠡᠷᠬᠡ ᠵᠢᠨ ᠬᠢᠨᠠᠨ ᠵᠥᠪᠰᠢᠶᠡᠷᠡᠬᠦ ᠰᠢᠰᠲ᠋ᠧᠮ᠎ᠳᠤ ᠵᠡᠷᠭᠡ᠎ᠪᠡᠷ ᠣᠷᠣᠭᠤᠯᠵᠤ ᠳ᠋ᠠᠶ᠋ᠢᠲ᠋ᠠ ᠬᠥᠮᠥᠷᠭᠡ ᠪᠠᠶ᠋ᠢᠭᠤᠯᠵᠤ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠠᠭᠤᠷᠬᠠᠶ ᠵᠢᠨ ᠦᠢ᠍ᠯᠡᠰ᠎ᠤᠨ ᠡᠷᠬᠡᠲᠦ ᠬᠥᠮᠦᠨ᠎ᠤ ᠭᠤᠶᠤᠴᠢᠯᠠᠯ᠎ᠢ ᠣᠯᠤᠭᠰᠠᠨ᠎ᠤ ᠳᠠᠷᠠᠭ᠎ᠠ᠂ ᠰᠠᠨᠠᠭ᠋ᠠᠴᠢᠯᠠᠭ᠎ᠠ᠎ᠠᠴᠠ᠎ᠪᠠᠨ ᠬᠤᠯᠪᠣᠭᠳᠠᠯ ᠪᠥᠬᠦᠶ ᠮᠠᠲ᠋ᠧᠷᠢᠶᠠᠯ᠎ᠢ ᠭᠤᠶᠤᠴᠢᠯᠠᠨ ᠮᠡᠳᠡᠭᠦᠯᠬᠦ᠎ᠳᠤ ᠣᠷᠣᠭᠤᠯᠵᠤ᠂ ᠠᠭᠤᠷᠬᠠᠶ ᠵᠢᠨ ᠦᠢ᠍ᠯᠡᠰ᠎ᠤᠨ ᠡᠷᠬᠡᠲᠦ ᠬᠥᠮᠦᠨ᠎ᠠᠴᠠ ᠬᠠᠩᠭ᠋ᠠᠵᠤ ᠪᠣᠯᠬᠤ ᠥᠬᠡᠶ᠃
2. ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠢᠨ ᠳ᠋ᠡᠢ᠌ᠲ᠋ᠠ ᠵᠢᠨ ᠬᠠᠮᠢᠶᠠᠷᠤᠯᠲᠠ ᠵᠢᠨ ᠲᠤᠪᠴᠢᠶ᠎ᠠ᠎ᠲᠠᠢ ᠨᠡᠪᠲᠡᠷᠡᠭᠦᠯᠵᠦ᠂ ᠭᠤᠶᠤᠴᠢᠯᠠᠬᠤ ᠭᠤᠭᠴᠤᠭ᠎ᠠ ᠵᠢᠨ ᠰᠦᠯᠵᠢᠶᠡᠨ ᠳᠡᠭᠡᠷ᠎ᠡ ᠭᠡᠷᠡᠴᠢᠯᠡᠬᠦ ᠵᠢ ᠪᠡᠶᠡᠯᠡᠭᠦᠯᠵᠦ᠂ ᠭᠤᠶᠤᠴᠢᠯᠠᠭᠴᠢ ᠵᠢ ᠡᠵᠡᠩᠨᠡᠯᠲᠡ ᠵᠢᠨ ᠦᠨᠡᠮᠯᠡᠯ ᠬᠠᠩᠭ᠋ᠠᠬᠤ ᠵᠢ ᠱᠠᠭ᠋ᠠᠷᠳᠠᠬᠤ ᠦᠭᠡᠢ᠃
(ᠲᠦᠷᠪᠡ) ᠰᠠᠨᠠᠯ ᠬᠤᠷᠢᠶᠠᠬᠤ ᠰᠠᠯᠠᠭ᠎ᠠ ᠮᠥᠴᠢᠷ᠎ᠢ ᠬᠠᠰᠤᠨ᠎ᠠ
ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠂ ᠤᠰᠤᠨ᠎ᠤ ᠡᠬᠢ ᠰᠤᠷᠪᠤᠯᠵᠢ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠂ ᠡᠭᠦᠷᠢᠳᠡ ᠵᠢᠨ ᠦᠨᠳᠦᠰᠦᠨ ᠲᠠᠷᠢᠶᠠᠨ ᠭᠠᠵᠠᠷ᠂ ᠬᠤᠲᠠ ᠪᠠᠯᠭ᠋ᠠᠰᠤ ᠵᠢᠨ ᠨᠡᠭᠡᠭᠡᠨ ᠬᠥᠭᠵᠢᠭᠦᠯᠬᠦ ᠵᠠᠭ᠋ᠠᠭ ᠱᠤᠭᠤᠮ᠂ ᠣᠶ᠋ᠢᠲᠤ ᠭᠠᠵᠠᠷ᠂ ᠨᠤᠲᠤᠭ ᠪᠡᠯᠴᠢᠭᠡᠷ᠂ ᠲᠡᠤᠬᠡ ᠵᠢᠨ ᠳᠤᠷᠠᠰᠬᠠᠯᠲᠤ ᠵᠦᠢ᠍ᠯᠡᠰ ᠵᠡᠷᠭᠡ ᠲᠤᠭ᠎ᠠ ᠪᠠᠷᠢᠮᠲᠠ ᠵᠢ ᠰᠢᠨ᠎ᠡ ᠠᠭᠤᠷᠬᠠᠢ ᠵᠢᠨ ᠦᠢ᠍ᠯᠡᠰ᠎ᠤᠨ ᠡᠷᠬᠡ ᠵᠢ ᠬᠢᠨᠠᠨ ᠵᠥᠪᠰᠢᠶᠡᠷᠡᠬᠦ ᠰᠢᠰᠲ᠋ᠧᠮ᠎ᠳᠤ ᠣᠷᠣᠭᠤᠯᠵᠤ᠂ ᠭᠤᠶᠤᠴᠢᠯᠠᠬᠤ ᠦᠶ᠎ᠡ᠎ᠳᠤ ᠳᠠᠪᠬᠤᠴᠠᠭᠰᠠᠨ ᠵᠠᠳᠠᠯᠤᠯᠲᠠ ᠵᠢᠨ ᠮᠡᠳᠡᠭᠦᠯᠦᠯᠲᠡ ᠪᠢᠴᠢᠵᠦ᠂ ᠮᠠᠯᠲᠠᠬᠤ ᠵᠢ ᠴᠠᠭ᠋ᠠᠵᠠᠯᠠᠬᠤ ᠣᠷᠣᠨ᠎ᠳᠤ ᠬᠤᠯᠪᠣᠭᠳᠠᠬᠤ ᠦᠭᠡᠢ ᠮᠡᠳᠡᠭᠦᠯᠦᠯᠲᠡ ᠵᠢᠨ ᠭᠤᠶᠤᠴᠢᠯᠠᠯ᠎ᠢ ᠬᠢᠨᠠᠨ ᠪᠠᠶ᠋ᠢᠴᠠᠭ᠋ᠠᠬᠤ᠎ᠳᠠᠭᠠᠨ ᠬᠠᠮᠢᠶ᠎ᠠ ᠪᠦᠬᠦᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠰᠠᠨᠠᠯ᠎ᠢ ᠳᠠᠬᠢᠵᠤ ᠬᠤᠷᠢᠶᠠᠬᠤ ᠦᠭᠡᠢ᠃
(ᠲᠠᠪᠤ) ᠨᠡᠶ᠋ᠢᠯᠡᠭᠦᠯᠵᠦ ᠰᠢᠢ᠍ᠳᠪᠦᠷᠢᠯᠡᠬᠦ ᠵᠦᠢ᠍ᠯᠡᠰ
ᠤᠷᠢᠳᠠᠪᠠᠷ ᠠᠭᠤᠷᠬᠠᠶ ᠡᠷᠢᠬᠦ ᠡᠷᠬᠡ ᠵᠢ ᠠᠭᠤᠷᠬᠠᠶ ᠮᠠᠯᠲᠠᠬᠤ ᠡᠷᠬᠡ ᠪᠣᠯᠭ᠋ᠠᠨ ᠬᠤᠪᠢᠷᠠᠭᠤᠯᠬᠤ᠎ᠪᠠᠷ ᠭᠤᠶᠤᠴᠢᠯᠠᠵᠤ᠂ ᠳᠠᠷᠠᠭ᠎ᠠ᠎ᠨᠢ ᠠᠭᠤᠷᠬᠠᠶ ᠡᠷᠢᠬᠦ ᠡᠷᠬᠡ ᠵᠢ ᠰᠠᠯᠭ᠋ᠠᠬᠤ᠂ ᠠᠭᠤᠷᠬᠠᠶ ᠡᠷᠢᠬᠦ ᠡᠷᠬᠡ ᠵᠢ ᠬᠦᠴᠦᠨ ᠦᠭᠡᠶ ᠪᠣᠯᠭ᠋ᠠᠬᠤ ᠵᠡᠷᠭᠡ ᠵᠦᠢ᠍ᠯᠡᠰ᠎ᠢ ᠭᠦᠢ᠍ᠴᠡᠳᠬᠡᠬᠦ᠎ᠪᠠᠷ ᠭᠤᠶᠤᠴᠢᠯᠠᠬᠤ᠎ᠳᠤ᠂ ᠰᠢᠨ᠎ᠡ᠎ᠪᠠᠷ ᠬᠢᠨᠠᠨ ᠵᠥᠪᠰᠢᠶᠡᠷᠡᠬᠦ ᠰᠢᠰᠲ᠋ᠧᠮ᠎ᠳᠤ ᠨᠡᠶ᠋ᠢᠯᠡᠭᠦᠯᠵᠦ᠂ ᠠᠭᠤᠷᠬᠠᠶ ᠵᠢᠨ ᠦᠢ᠍ᠯᠡᠰ᠎ᠤᠨ ᠡᠷᠬᠡᠲᠦ ᠬᠥᠮᠦᠨ᠎ᠠᠴᠠ ᠬᠠᠮᠲᠤᠳᠤᠨᠢ ᠭᠤᠶᠤᠴᠢᠯᠠᠨ᠂ ᠨᠢᠭᠡ ᠤᠳᠠᠭ᠎ᠠ᠎ᠳᠤ ᠬᠢᠨᠠᠨ ᠵᠥᠪᠰᠢᠶᠡᠷᠡᠨ᠎ᠡ᠃
(ᠵᠢᠷᠭᠤᠭ᠎ᠠ) ᠬᠢᠨᠠᠨ ᠵᠥᠪᠰᠢᠶᠡᠷᠡᠬᠦ ᠶᠠᠰᠤ ᠴᠢᠨᠠᠷ ᠦᠷ᠎ᠡ ᠠᠰᠢᠭ᠎ᠤᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠨ᠎ᠠ
ᠨᠢᠭᠡ᠎ᠳᠤ᠂ ᠰᠢᠨ᠎ᠡ᠎ᠪᠠᠷ ᠪᠠᠶ᠋ᠢᠭᠤᠯᠬᠤ ᠬᠢᠨᠠᠨ ᠵᠥᠪᠰᠢᠶᠡᠷᠡᠬᠦ ᠰᠢᠰᠲ᠋ᠧᠮ᠎ᠢ ᠬᠤᠶᠠᠷ ᠱᠠᠲᠤᠨ᠎ᠠᠴᠠ ᠪᠠᠶ᠋ᠢᠷᠢᠯᠠᠭᠤᠯᠬᠤ᠎ᠠᠴᠠ ᠨᠢᠭᠡ ᠱᠠᠲᠤᠨ᠎ᠤ ᠪᠠᠶ᠋ᠢᠷᠢᠯᠠᠭᠤᠯᠤᠯᠲᠠ ᠪᠣᠯᠭ᠋ᠠᠨ ᠬᠤᠪᠢᠷᠠᠭᠤᠯᠬᠤ ᠵᠢᠨ ᠬᠠᠮᠲᠤ ᠵᠠᠰᠠᠭ᠎ᠤᠨ ᠶᠠᠪᠤᠳᠠᠯ᠎ᠤᠨ ᠭᠠᠳᠠᠷ ᠰᠦᠯᠵᠢᠶ᠎ᠡ ᠲᠡᠢ᠌ᠰᠢ ᠰᠢᠯᠵᠢᠭᠦᠯᠵᠦ᠂ ᠬᠤᠶᠠᠷ ᠱᠠᠲᠤᠨ᠎ᠤ ᠪᠠᠶ᠋ᠢᠷᠢᠯᠠᠭᠤᠯᠤᠭᠰᠠᠨ ᠲᠤᠭ᠎ᠠ ᠪᠠᠷᠢᠮᠲᠠ᠎ᠨᠢ ᠨᠢᠭᠡᠳᠦᠯ ᠦᠭᠡᠢ᠂ ᠴᠠᠭ ᠲᠤᠬᠠᠢᠳᠤᠨᠢ ᠡᠳ᠋ᠯᠡᠬᠦ ᠦᠭᠡᠢ᠂ ᠶᠠᠰᠤ ᠴᠢᠨᠠᠷ ᠦᠷ᠎ᠡ ᠠᠰᠢᠭ᠎ᠤᠨ ᠬᠢᠨᠠᠯᠲᠠ ᠬᠠᠮᠢᠶᠠᠷᠤᠯᠲᠠ ᠵᠢ ᠪᠣᠳᠠᠲᠠᠶ᠋ᠢᠵᠢᠭᠤᠯᠤᠭᠰᠠᠨ ᠦᠭᠡᠢ ᠠᠰᠠᠭᠤᠳᠠᠯ᠎ᠢ ᠰᠢᠢ᠍ᠳᠪᠦᠷᠢᠯᠡᠨ᠎ᠡ᠃ ᠬᠤᠶᠠᠷ᠎ᠲᠤ᠂ ᠰᠢᠢ᠍ᠳᠪᠦᠷᠢᠯᠡᠬᠦ ᠭᠤᠭᠴᠤᠭ᠎ᠠ ᠵᠢᠨ ᠣᠬᠤᠷ ᠮᠡᠳᠡᠭᠡ ᠵᠠᠩᠭᠢ ᠵᠢ ᠪᠠᠶ᠋ᠢᠭᠤᠯᠬᠤ ᠵᠢᠨ ᠬᠠᠮᠲᠤ ᠰᠢᠢ᠍ᠳᠪᠦᠷᠢᠯᠡᠬᠦ ᠬᠥᠮᠦᠨ ᠪᠠ ᠭᠤᠶᠤᠴᠢᠯᠠᠭᠴᠢ᠎ᠳᠤ ᠮᠡᠳᠡᠭᠳᠡᠵᠦ᠂ ᠰᠢᠢ᠍ᠳᠪᠦᠷᠢᠯᠡᠬᠦ ᠴᠠᠭ᠎ᠤᠨ ᠬᠢᠵᠠᠭ᠋ᠠᠷ᠎ᠤᠨ ᠬᠢᠨᠠᠯᠲᠠ ᠵᠢ ᠴᠢᠩᠭ᠋ᠠᠳᠬᠠᠨ᠂ ᠰᠢᠢ᠍ᠳᠪᠦᠷᠢᠯᠡᠬᠦ ᠶᠠᠰᠤ ᠴᠢᠨᠠᠷ ᠦᠷ᠎ᠡ ᠪᠦᠲᠦᠮᠵᠢ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠵᠠᠷᠯᠠᠨ ᠮᠡᠳᠡᠭᠳᠡᠬᠦ ᠬᠡᠷᠡᠭᠲᠡᠢ᠃ ᠭᠤᠷᠪᠠ᠎ᠳᠤ᠂ ᠭᠤᠤᠯᠳᠠᠯᠭ᠎ᠠ ᠵᠢ ᠡᠮᠬᠢᠯᠡᠨ ᠬᠢᠨᠠᠨ ᠪᠠᠶ᠋ᠢᠴᠠᠭ᠋ᠠᠵᠤ᠂ ᠵᠢᠷᠤᠮᠵᠢᠭᠰᠠᠨ ᠬᠢᠨᠠᠨ ᠪᠠᠶ᠋ᠢᠴᠠᠭ᠋ᠠᠯᠲᠠ ᠵᠢᠨ ᠰᠠᠨᠠᠯ᠎ᠢ ᠪᠦᠷᠢᠯᠳᠦᠭᠦᠯᠵᠦ᠂ ᠰᠢᠨ᠎ᠡ ᠬᠢᠨᠠᠨ ᠵᠥᠪᠰᠢᠶᠡᠷᠡᠬᠦ ᠰᠢᠰᠲ᠋ᠧᠮ᠎ᠳᠤ ᠰᠢᠬᠢᠳᠭᠡᠨᠡ᠃ ᠳᠥᠷᠪᠡ᠎ᠳᠤ᠂ ᠬᠢᠨᠠᠨ ᠵᠥᠪᠰᠢᠶᠡᠷᠡᠬᠦ ᠪᠥᠬᠦ ᠶᠠᠪᠤᠴᠠ ᠵᠢ ᠲᠢᠩᠬᠢᠮ᠎ᠤᠨ ᠰᠦᠯᠵᠢᠶᠡᠨ ᠳᠡᠭᠡᠷ᠎ᠡ ᠨᠡᠶ᠋ᠢᠭᠡᠮ᠎ᠳᠤ ᠴᠠᠭ ᠲᠤᠬᠠᠶ᠎ᠳᠤᠨᠢ ᠢᠯᠡ ᠪᠣᠯᠭ᠋ᠠᠨ᠎ᠠ᠃
(ᠳᠤᠯᠤᠭ᠎ᠠ) ᠠᠭᠤᠷᠬᠠᠶ ᠵᠢᠨ ᠦᠢ᠍ᠯᠡᠰ᠎ᠤᠨ ᠡᠷᠬᠡ ᠵᠢ ᠬᠢᠮᠳᠠ᠎ᠪᠠᠷ ᠬᠤᠳᠠᠯᠳᠤᠬᠤ ᠵᠢᠨ ᠬᠢᠨᠠᠯᠲᠠ ᠬᠠᠮᠢᠶᠠᠷᠤᠯᠲᠠ ᠵᠢ ᠴᠢᠩᠭ᠋ᠠᠷᠠᠭᠤᠯᠤᠨ᠎ᠠ
1. ᠠᠭᠤᠷᠬᠠᠶ ᠵᠢᠨ ᠦᠢ᠍ᠯᠡᠰ᠎ᠤᠨ ᠡᠷᠬᠡ ᠵᠢ ᠬᠢᠮᠳᠠ᠎ᠪᠠᠷ ᠬᠤᠳᠠᠯᠳᠤᠬᠤ ᠪᠦᠬᠦ ᠦᠶᠡᠯᠡᠯᠳᠣ ᠬᠠᠮᠢᠶᠠᠷᠤᠯᠲᠠ ᠵᠢᠨ ᠰᠢᠰᠲ᠋ᠧᠮ (ᠨᠢᠭᠡᠨᠲᠡ ᠪᠠᠶ᠋ᠢᠭᠤᠯᠤᠭᠰᠠᠨ) ᠪᠠᠶ᠋ᠢᠭᠤᠯᠵᠤ᠂ ᠠᠭᠤᠷᠬᠠᠶ ᠵᠢᠨ ᠦᠢ᠍ᠯᠡᠰ᠎ᠤᠨ ᠡᠷᠬᠡ ᠵᠢ ᠬᠢᠮᠳᠠ᠎ᠪᠠᠷ ᠬᠤᠳᠠᠯᠳᠤᠬᠤ ᠰᠣᠩᠭᠣᠬᠤ ᠬᠥᠮᠥᠷᠭᠡ᠂ ᠬᠢᠮᠳᠠ᠎ᠪᠠᠷ ᠬᠤᠳᠠᠯᠳᠤᠵᠤ ᠪᠣᠯᠬᠤ ᠲᠥᠷᠥᠯ ᠵᠦᠢ᠍ᠯ᠎ᠤᠨ ᠬᠥᠮᠥᠷᠭᠡ ᠵᠢ ᠲᠡᠭᠦᠯᠳᠡᠷᠵᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶ᠎ᠠ ᠵᠢᠨ ᠲᠠᠪᠴᠠᠩ᠎ᠯᠤᠭ᠎ᠠ ᠵᠣᠯᠭ᠋ᠠᠭᠤᠯᠵᠤ᠂ ᠥᠪᠡᠷᠲᠡᠭᠡᠨ ᠵᠠᠰᠠᠬᠤ ᠣᠷᠣᠨ᠂ ᠠᠶ᠋ᠢᠮᠠᠭ ᠬᠣᠲᠠ᠂ ᠬᠣᠰᠢᠭᠤ ᠰᠢᠶᠠᠨ᠎ᠤ ᠠᠭᠤᠷᠬᠠᠶ ᠵᠢᠨ ᠦᠢ᠍ᠯᠡᠰ᠎ᠤᠨ ᠡᠷᠬᠡ ᠵᠢ ᠬᠢᠮᠳᠠ᠎ᠪᠠᠷ ᠬᠤᠳᠠᠯᠳᠤᠬᠤ ᠪᠦᠬᠦ ᠶᠠᠪᠤᠴᠠ ᠵᠢᠨ ᠬᠢᠨᠠᠯᠲᠠ ᠬᠠᠮᠢᠶᠠᠷᠤᠯᠲᠠ ᠵᠢ ᠪᠡᠶᠡᠯᠡᠭᠦᠯᠬᠦ ᠬᠡᠷᠡᠭᠲᠡᠶ᠃
2. ᠲᠢᠩᠬᠢᠮ᠎ᠤᠨ ᠫᠣᠷᠲ᠋ᠧᠯ ᠰᠦᠯᠵᠢᠶ᠎ᠡ᠎ᠳᠤ ᠥᠪᠡᠷᠲᠡᠭᠡᠨ ᠵᠠᠰᠠᠬᠤ ᠣᠷᠣᠨ᠎ᠤ ᠠᠭᠤᠷᠬᠠᠶ ᠵᠢᠨ ᠦᠢ᠍ᠯᠡᠰ᠎ᠤᠨ ᠡᠷᠬᠡ ᠵᠢᠨ ᠬᠡᠲᠦ ᠳᠡᠯᠭᠡᠭᠦᠷ (9 ᠳ᠋ᠦ᠍ᠭᠡᠷ ᠰᠠᠷ᠎ᠠ ᠵᠢᠨ ᠰᠡᠭᠦᠯᠴᠢ᠎ᠠᠴᠠ ᠡᠮᠦᠨ᠎ᠡ ᠪᠡᠶᠡᠯᠡᠭᠦᠯᠦᠨ᠎ᠡ)᠎ᠢ ᠪᠠᠶ᠋ᠢᠭᠤᠯᠵᠤ᠂ ᠪᠥᠬᠦ ᠣᠷᠣᠨ᠎ᠤ ᠠᠭᠤᠷᠬᠠᠶ ᠵᠢᠨ ᠦᠢ᠍ᠯᠡᠰ᠎ᠤᠨ ᠡᠷᠬᠡ ᠵᠢ ᠬᠢᠮᠳᠠ᠎ᠪᠠᠷ ᠬᠤᠳᠠᠯᠳᠤᠵᠤ ᠪᠣᠯᠬᠤ ᠵᠢ ᠨᠡᠶ᠋ᠢᠭᠡᠮ᠎ᠳᠤ ᠢᠯᠡ ᠪᠣᠯᠭ᠋ᠠᠵᠤ᠂ ᠰᠠᠨᠠᠭ᠎ᠠ᠎ᠲᠠᠢ ᠠᠵᠤ ᠠᠬᠤᠶ᠋ᠢᠯᠠᠯ᠎ᠨᠢ ᠰᠦᠯᠵᠢᠶᠡᠨ ᠳᠡᠭᠡᠷ᠎ᠡ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠰᠠᠯᠠᠭ᠎ᠠ ᠮᠥᠴᠢᠷ ᠵᠶ᠋ᠠᠷ ᠰᠢᠯᠵᠢᠭᠦᠯᠦᠨ ᠬᠤᠳᠠᠯᠳᠤᠬᠤ ᠵᠢ ᠵᠣᠬᠢᠶᠠᠨ ᠪᠠᠶ᠋ᠢᠭᠤᠯᠬᠤ᠎ᠪᠠᠷ ᠭᠤᠶᠤᠴᠢᠯᠠᠵᠤ᠂ ᠤᠬᠠᠭᠤᠯᠵᠤ ᠬᠥᠲᠥᠯᠦᠨ ᠵᠢᠯᠣᠭᠤᠳᠬᠤ᠎ᠪᠠᠨ ᠴᠢᠩᠭ᠋ᠠᠷᠠᠭᠤᠯᠤᠨ᠂ ᠠᠭᠤᠷᠬᠠᠶ ᠵᠢᠨ ᠦᠢ᠍ᠯᠡᠰ᠎ᠤᠨ ᠡᠷᠬᠡ ᠵᠢ ᠰᠢᠯᠵᠢᠭᠦᠯᠦᠨ ᠥᠭᠬᠦ ᠡᠷᠴᠢᠮ ᠵᠶ᠋ᠠᠨ ᠴᠢᠩᠭ᠋ᠠᠷᠠᠭᠤᠯᠬᠤ ᠬᠡᠷᠡᠭᠲᠡᠶ᠃
(ᠨᠠᠢ᠍ᠮᠠ) ᠰᠢᠯᠵᠢᠭᠦᠯᠦᠨ ᠬᠤᠳᠠᠯᠳᠤᠭᠰᠠᠨ ᠠᠰᠢᠭ ᠤᠷᠤᠯᠭ᠎ᠠ ᠵᠢᠨ ᠬᠠᠮᠢᠶᠠᠷᠤᠯᠲᠠ ᠵᠢ ᠳᠡᠭᠡᠭᠰᠢᠯᠡᠭᠦᠯᠦᠨ᠎ᠡ
ᠰᠢᠨ᠎ᠡ ᠠᠭᠤᠷᠬᠠᠶ ᠵᠢᠨ ᠦᠢ᠍ᠯᠡᠰ᠎ᠤᠨ ᠡᠷᠬᠡ ᠵᠢ ᠬᠢᠨᠠᠨ ᠵᠥᠪᠰᠢᠶᠡᠷᠡᠬᠦ ᠰᠢᠰᠲ᠋ᠧᠮ᠎ᠳᠤ ᠲᠦᠰᠢᠭᠯᠡᠨ᠂ ᠠᠭᠤᠷᠬᠠᠶ ᠵᠢᠨ ᠦᠢ᠍ᠯᠡᠰ᠎ᠤᠨ ᠡᠷᠬᠡ ᠵᠢ ᠬᠢᠮᠳᠠ᠎ᠪᠠᠷ ᠬᠤᠳᠠᠯᠳᠤᠭᠰᠠᠨ᠎ᠤ ᠠᠰᠢᠭ ᠣᠯᠵᠠᠪᠤᠷᠢ ᠵᠢᠨ ᠬᠠᠮᠢᠶᠠᠷᠤᠯᠲᠠ ᠵᠢᠨ ᠬᠡᠰᠡᠭ᠎ᠢ ᠪᠠᠶ᠋ᠢᠭᠤᠯᠵᠤ᠂ ᠠᠭᠤᠷᠬᠠᠶ ᠵᠢᠨ ᠦᠢ᠍ᠯᠡᠰ᠎ᠤᠨ ᠡᠷᠬᠡ ᠨᠢᠭᠡᠪᠦᠷᠢ ᠵᠢᠨ ᠬᠢᠮᠳᠠ᠎ᠪᠠᠷ ᠬᠤᠳᠠᠯᠳᠤᠭᠰᠠᠨ᠎ᠤ ᠠᠰᠢᠭ ᠣᠯᠵᠠᠪᠤᠷᠢ ᠲᠤᠰᠢᠶᠠᠭᠰᠠᠨ ᠪᠠᠶ᠋ᠢᠳᠠᠯ᠎ᠢ ᠰᠢᠰᠲ᠋ᠧᠮ᠎ᠲᠠᠢ᠎ᠪᠠᠷ ᠡᠮᠬᠢᠯᠡᠵᠦ᠂ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠤᠨ ᠬᠠᠳᠠᠭ᠋ᠠᠯᠠᠭᠳᠠᠴᠠ ᠵᠢᠨ ᠬᠥᠮᠥᠷᠭᠡ᠂ ᠨᠡᠭᠡᠭᠡᠨ ᠠᠰᠢᠭᠯᠠᠬᠤ ᠬᠥᠮᠥᠷᠭᠡᠯᠦᠭᠡ ᠵᠠᠳᠠᠯᠤᠨ ᠬᠠᠷᠢᠴᠠᠭᠤᠯᠬᠤ᠎ᠪᠠᠷ ᠳᠠᠮᠵᠢᠭᠤᠯᠤᠨ᠂ ᠬᠢᠮᠳᠠ᠎ᠪᠠᠷ ᠬᠤᠳᠠᠯᠳᠤᠭᠰᠠᠨ᠎ᠤ ᠠᠰᠢᠭ ᠣᠯᠵᠠᠪᠤᠷᠢ ᠵᠢᠨ ᠰᠠᠭᠤᠷᠢ ᠲᠤᠭ᠎ᠠ ᠪᠠᠷᠢᠮᠲᠠ ᠵᠢᠨ ᠦᠢ᠍ᠯᠡᠴᠢᠯᠡᠭᠡ ᠵᠢ ᠴᠢᠩᠭ᠋ᠠᠳᠬᠠᠵᠤ᠂ ᠠᠭᠤᠷᠬᠠᠶ ᠵᠢᠨ ᠦᠢ᠍ᠯᠡᠰ᠎ᠤᠨ ᠡᠷᠬᠡ ᠵᠢ ᠬᠢᠮᠳᠠ᠎ᠪᠠᠷ ᠬᠤᠳᠠᠯᠳᠤᠭᠰᠠᠨ᠎ᠤ ᠠᠰᠢᠭ ᠣᠯᠵᠠᠪᠤᠷᠢ ᠵᠢᠨ ᠲᠤᠰᠢᠶᠠᠪᠠᠰᠤ ᠵᠣᠬᠢᠬᠤ ᠵᠢ᠎ᠨᠢ ᠨᠢᠭᠡᠨᠲᠡ ᠲᠤᠰᠢᠶᠠᠭᠰᠠᠨ᠂ ᠲᠤᠰᠢᠶᠠᠭ᠋ᠠᠳᠤᠶ ᠪᠠᠶ᠋ᠢᠳᠠᠯ᠎ᠢ ᠪᠥᠬᠦ ᠲᠠᠯ᠎ᠠ᠎ᠪᠠᠷ ᠡᠵᠡᠮᠰᠢᠨ᠎ᠡ᠃ (ᠣᠳᠣᠬᠠᠨ᠎ᠳᠤ ᠬᠠᠮᠢᠶᠠᠷᠤᠯᠲᠠ ᠵᠢᠨ ᠬᠡᠰᠡᠭ᠎ᠢ ᠨᠢᠭᠡᠨᠲᠡ ᠪᠠᠶ᠋ᠢᠭᠤᠯᠵᠤ᠂ ᠵᠢᠱ᠌ᠢᠯᠲᠡ᠎ᠪᠠᠷ ᠵᠢᠯ᠎ᠤᠨ ᠡᠴᠦᠰ᠎ᠠᠴᠠ ᠡᠮᠦᠨ᠎ᠡ ᠡᠮᠬᠢᠯᠡᠨ ᠲᠢᠭᠯᠡᠬᠦ ᠵᠢ ᠳᠠᠭᠤᠰᠬᠠᠨ᠎ᠠ)
(ᠶᠢᠰᠦ) ᠨᠢᠭᠡᠳᠦᠭᠰᠡᠨ ᠦᠨᠳᠦᠰᠦᠨ ᠭᠠᠢ᠌ᠯᠢ ᠵᠢᠨ ᠰᠢᠰᠲᠸᠮ
ᠭᠠᠶ᠋ᠢᠯᠢ ᠵᠢᠨ ᠶᠠᠪᠤᠳᠠᠯ᠎ᠤᠨ ᠰᠠᠯᠠᠭ᠎ᠠ ᠮᠥᠴᠢᠷ᠎ᠤᠨ ᠲᠠᠲᠠᠪᠤᠷᠢᠯᠠᠬᠤ ᠰᠢᠰᠲ᠋ᠧᠮ᠎ᠤᠨ ᠲᠤᠭ᠎ᠠ ᠪᠠᠷᠢᠮᠲᠠ᠎ᠲᠠᠢ ᠵᠣᠯᠭ᠋ᠠᠭᠤᠯᠬᠤ (ᠲᠥᠯᠥᠪᠯᠡᠭᠡ᠎ᠪᠠᠷ 8 ᠳ᠋ᠤᠭ᠋ᠠᠷ ᠰᠠᠷ᠎ᠠ ᠵᠢᠨ ᠰᠡᠭᠦᠯᠴᠢ᠎ᠠᠴᠠ ᠡᠮᠦᠨ᠎ᠡ ᠳᠠᠭᠤᠰᠤᠨ᠎ᠠ) ᠵᠢ ᠨᠡᠪᠲᠡᠷᠡᠭᠦᠯᠵᠦ᠂ ᠠᠭᠤᠷᠬᠠᠢ ᠵᠢᠨ ᠦᠢ᠍ᠯᠡᠰ᠎ᠤᠨ ᠡᠷᠬᠡ ᠵᠢ ᠬᠢᠮᠳᠠ᠎ᠪᠠᠷ ᠬᠤᠳᠠᠯᠳᠤᠭᠰᠠᠨ᠎ᠤ ᠠᠰᠢᠭ ᠣᠷᠣᠯᠭ᠎ᠠ ᠵᠢᠨ ᠵᠠᠷᠤᠳᠠᠯ᠎ᠤᠨ ᠮᠡᠳᠡᠭᠡ ᠵᠠᠩᠭᠢ ᠵᠢ ᠬᠦᠷᠭᠡᠬᠦ᠂ ᠲᠠᠲᠠᠪᠤᠷᠢᠯᠠᠭᠰᠠᠨ ᠦᠷ᠎ᠡ ᠳ᠋ᠦᠩ᠎ᠢ ᠪᠤᠴᠠᠭ᠋ᠠᠨ ᠳᠠᠮᠵᠢᠭᠤᠯᠬᠤ᠂ ᠫᠢᠶᠣᠣ ᠪᠠᠷᠢᠮᠲᠠ ᠵᠢ ᠲᠠᠩᠰᠠ ᠡᠪᠬᠡᠮᠡᠯ᠎ᠳᠤ ᠣᠷᠣᠭᠤᠯᠬᠤ ᠵᠢ ᠠᠦ᠋ᠲ᠋ᠣᠴᠢᠯᠠᠨ ᠵᠣᠯᠭ᠋ᠠᠭᠤᠯᠬᠤ ᠵᠢ ᠪᠡᠶᠡᠯᠡᠭᠦᠯᠦᠨ᠎ᠡ᠃
(ᠠᠷᠪᠠ) ᠳᠦᠷᠢᠮ᠎ᠤᠨ ᠪᠠᠶ᠋ᠢᠭᠤᠯᠤᠯᠲᠠ ᠵᠢ ᠰᠢᠯᠢᠳᠡᠭᠵᠢᠭᠦᠯᠦᠨ᠎ᠡ
ᠨᠢᠭᠡᠨᠲᠡ ᠳᠠᠷᠤᠮᠠᠯᠯᠠᠨ ᠲᠠᠷᠬᠠᠭ᠋ᠠᠭᠰᠠᠨ ᠲᠥᠷᠥ ᠵᠢᠨ ᠪᠣᠳᠣᠯᠭ᠎ᠠ ᠵᠢᠨ ᠪᠢᠴᠢᠭ ᠮᠠᠲ᠋ᠧᠷᠢᠶᠠᠯ (ᠵᠢᠯ᠎ᠤᠨ ᠡᠴᠦᠰ᠎ᠠᠴᠠ ᠡᠮᠦᠨ᠎ᠡ ᠪᠡᠶᠡᠯᠡᠭᠦᠯᠦᠨ᠎ᠡ)᠎ᠢ ᠰᠢᠰᠲ᠋ᠧᠮ᠎ᠲᠠᠢ᠎ᠪᠠᠷ ᠡᠮᠬᠢᠯᠡᠨ ᠲᠢᠭᠯᠡᠨ᠎ᠡ᠃ ᠡᠭᠦᠨ᠎ᠤ ᠬᠠᠮᠲᠤ ᠰᠢᠨ᠎ᠡ ᠠᠭᠤᠷᠬᠠᠢ ᠵᠢᠨ ᠬᠠᠤᠯᠢ ᠵᠢᠨ ᠢᠵᠢ ᠪᠦᠷᠢᠳᠦᠭᠦᠯᠬᠦ ᠪᠢᠴᠢᠭ ᠮᠠᠲ᠋ᠧᠷᠢᠶᠠᠯ᠎ᠤᠨ ᠲᠥᠯᠥᠪᠵᠢᠭᠦᠯᠭᠡ ᠵᠢ ᠤᠷᠢᠳᠴᠢᠯᠠᠨ ᠰᠠᠶ᠋ᠢᠲᠤᠷ ᠬᠢᠬᠦ ᠬᠡᠷᠡᠭᠲᠡᠢ᠃
(ᠠᠷᠪᠠᠨ ᠨᠢᠭᠡ) ᠲᠤᠬᠠᠶ᠋ᠢᠯᠠᠭᠰᠠᠨ ᠠᠵᠢᠯ᠎ᠤᠨ ᠪᠣᠯᠪᠠᠰᠤᠷᠠᠯ᠎ᠢ ᠴᠢᠩᠭ᠋ᠠᠳᠬᠠᠨ᠎ᠠ
ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ᠎ᠤ ᠤᠳᠤᠷᠢᠳᠤᠯᠭ᠎ᠠ ᠪᠣᠯᠤᠨ ᠬᠠᠮᠢᠶ᠎ᠠ ᠪᠦᠬᠦᠢ ᠲᠤᠰᠬᠠᠶ ᠮᠡᠷᠭᠡᠵᠢᠯᠲᠡᠨ᠎ᠢ ᠤᠷᠢᠵᠤ ᠬᠢᠴᠢᠶᠡᠯᠯᠡᠭᠦᠯᠦᠨ᠂ ᠠᠶ᠋ᠢᠮᠠᠭ ᠬᠣᠲᠠ᠂ ᠬᠣᠰᠢᠭᠤ ᠰᠢᠶᠠᠨ᠎ᠢ ᠬᠠᠮᠤᠷᠤᠭᠰᠠᠨ ᠠᠭᠤᠷᠬᠠᠶ ᠵᠢᠨ ᠦᠢ᠍ᠯᠡᠰ᠎ᠤᠨ ᠡᠷᠬᠡ ᠵᠢᠨ ᠬᠠᠮᠢᠶᠠᠷᠤᠯᠲᠠ ᠵᠢᠨ ᠲᠤᠬᠠᠶ᠋ᠢᠯᠠᠭᠰᠠᠨ ᠠᠵᠢᠯ᠎ᠤᠨ ᠪᠣᠯᠪᠠᠰᠤᠷᠠᠯ᠎ᠢ ᠵᠢᠯ ᠪᠦᠷᠢ ᠠᠳᠠᠭ᠎ᠲᠠᠭᠠᠨ ᠬᠣᠶᠠᠷ ᠤᠳᠠᠭ᠎ᠠ ᠵᠣᠬᠢᠶᠠᠨ ᠪᠠᠶ᠋ᠢᠭᠤᠯᠬᠤ ᠬᠡᠷᠡᠭᠲᠡᠶ᠃ ᠵᠢᠯ ᠪᠦᠷᠢ ᠨᠢᠭᠡ ᠤᠳᠠᠭ᠎ᠠ ᠤᠷ᠎ᠠ ᠴᠢᠳᠠᠪᠤᠷᠢ ᠵᠢᠨ ᠮᠥᠷᠦ᠋ᠢ᠍ᠴᠡᠭᠡᠨᠢ ᠡᠷᠭᠢᠯᠡᠵᠦ᠂ ᠡᠩ᠎ᠤᠨ ᠦᠶ᠎ᠡ ᠵᠢᠨ ᠠᠭᠤᠷᠬᠠᠢ ᠵᠢᠨ ᠦᠢ᠍ᠯᠡᠰ᠎ᠤᠨ ᠡᠷᠬᠡ ᠵᠢᠨ ᠬᠢᠨᠠᠨ ᠵᠥᠪᠰᠢᠶᠡᠷᠡᠬᠦ ᠶᠠᠰᠤ ᠴᠢᠨᠠᠷ ᠦᠷ᠎ᠡ ᠪᠦᠲᠦᠮᠵᠢ ᠵᠢ ᠶᠡᠷᠦᠩᠬᠡᠢ ᠬᠢᠷᠢ ᠪᠦᠲᠦᠮᠵᠢ᠎ᠳᠤ ᠣᠷᠣᠭᠤᠯᠵᠤ᠂ ᠲᠤᠬᠠᠶ᠋ᠢᠯᠠᠭᠰᠠᠨ ᠠᠵᠢᠯ᠎ᠤᠨ ᠴᠢᠳᠠᠪᠤᠷᠢ ᠪᠠ ᠦᠢ᠍ᠯᠡᠴᠢᠯᠡᠭᠡᠨ᠎ᠤ ᠬᠢᠷᠢ ᠲᠦᠪᠰᠢᠨ᠎ᠢ ᠰᠢᠮᠳᠠᠭᠤᠯᠤᠨ ᠳᠡᠭᠡᠭᠰᠢᠯᠡᠭᠦᠯᠦᠨ᠎ᠡ᠃
ᠭᠤᠷᠪᠠ᠂ ᠬᠤᠯᠪᠣᠭᠳᠠᠯ ᠪᠦᠬᠦᠢ ᠪᠠᠶ᠋ᠢᠳᠠᠯ᠎ᠤᠨ ᠲᠣᠳᠣᠷᠬᠠᠶ᠋ᠢᠯᠠᠯᠲᠠ
《ᠮᠡᠳᠡᠭᠳᠡᠯ》᠎ᠢ ᠳᠠᠷᠤᠮᠠᠯᠯᠠᠨ ᠲᠠᠷᠬᠠᠭ᠋ᠠᠭᠰᠠᠨ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃