ᠮᠠᠨᠤ ᠣᠷᠣᠨᠤ ᠤᠯᠤᠰᠤᠨ ᠭᠠᠵᠠᠷ ᠰᠢᠷᠣᠶ ᠵᠢᠨ ᠣᠷᠣᠨ ᠵᠠᠶ ᠵᠢᠨ ᠠᠮᠢ ᠠᠬᠤᠶ ᠵᠢ ᠬᠠᠮᠠᠭ᠋ᠠᠯᠠᠨ ᠰᠡᠷᠭᠦᠭᠡᠬᠦ ᠵᠠᠰᠠᠯᠲᠠ ᠵᠢᠨ ᠪᠠᠯᠠ ᠮᠥᠩᠭᠦ ᠵᠢᠨ ᠬᠡᠷᠡᠭᠯᠡᠯᠲᠡ ᠬᠠᠮᠢᠶᠠᠷᠤᠯᠲᠠ ᠵᠢ ᠤᠯᠠᠮ ᠨᠢᠭᠡ ᠠᠯᠬᠤᠮ ᠵᠢᠷᠤᠮᠵᠢᠭᠤᠯᠤᠨ ᠴᠢᠩᠭ᠋ᠠᠳᠬᠠᠬᠤ ᠵᠢᠨ ᠲᠥᠯᠥᠭᠡ᠂ 2025 ᠣᠨᠤ 4 ᠳ᠋ᠤᠭᠡᠷ ᠰᠠᠷ᠎ᠠ ᠵᠢᠨ 1ᠤ ᠡᠳᠦᠷ᠂ ᠥᠪᠥᠷ ᠮᠣᠩᠭᠤᠯᠤᠨ ᠥᠪᠡᠷᠲᠡᠭᠡᠨ ᠵᠠᠰᠠᠬᠤ ᠣᠷᠣᠨᠤ ᠪᠠᠶ᠋ᠢᠭ᠋ᠠᠯᠢ ᠵᠢᠨ ᠡᠬᠢ ᠪᠠᠶᠠᠯᠢᠭᠤᠨ ᠲᠢᠩᠬᠢᠮ᠂ ᠡᠳ᠋ᠤᠨ ᠵᠠᠰᠠᠭᠤᠨ ᠲᠢᠩᠬᠢᠮ ᠬᠠᠮᠲᠤᠷᠠᠨ 《ᠥᠪᠥᠷ ᠮᠣᠩᠭᠤᠯᠤᠨ ᠥᠪᠡᠷᠲᠡᠭᠡᠨ ᠵᠠᠰᠠᠬᠤ ᠣᠷᠣᠨᠤ ᠭᠤᠤᠯᠳᠠᠯᠭᠠᠲᠠᠢ ᠠᠮᠢ ᠠᠬᠤᠶ ᠵᠢ ᠬᠠᠮᠠᠭ᠋ᠠᠯᠠᠨ ᠰᠡᠷᠭᠦᠭᠡᠬᠦ ᠵᠠᠰᠠᠬᠤ ᠪᠠᠯᠠ ᠮᠥᠩᠭᠦ ᠵᠢᠨ ᠬᠡᠷᠡᠭᠯᠡᠯᠲᠡ ᠬᠠᠮᠢᠶᠠᠷᠤᠯᠲᠠ ᠵᠢᠨ ᠬᠡᠷᠡᠭᠵᠢᠭᠦᠯᠬᠦ ᠨᠠᠷᠢᠨ ᠲᠦᠷᠢᠮ (ᠲᠤᠷᠰᠢᠨ ᠬᠡᠷᠡᠭᠵᠢᠭᠦᠯᠬᠦ)》 (ᠳᠣᠷᠣᠭᠰᠢ 《ᠨᠠᠷᠢᠨ ᠲᠦᠷᠢᠮ》 ᠭᠡᠵᠦ ᠲᠣᠪᠴᠢᠯᠠᠨ᠎ᠠ)ᠢ ᠳᠠᠷᠤᠮᠠᠯᠯᠠᠨ ᠲᠠᠷᠬᠠᠭ᠋ᠠᠪᠠ᠃
ᠨᠢᠭᠡ᠂ ᠶᠠᠭᠤᠨᠳᠤ 《ᠥᠪᠥᠷ ᠮᠣᠩᠭᠤᠯᠤᠨ ᠥᠪᠡᠷᠲᠡᠭᠡᠨ ᠵᠠᠰᠠᠬᠤ ᠣᠷᠣᠨᠤ ᠭᠤᠤᠯᠳᠠᠯᠭᠠᠲᠠᠢ ᠠᠮᠢ ᠠᠬᠤᠶ ᠵᠢ ᠬᠠᠮᠠᠭ᠋ᠠᠯᠠᠨ ᠰᠡᠷᠭᠦᠭᠡᠵᠦ ᠵᠠᠰᠠᠬᠤ ᠪᠠᠯᠠ ᠮᠥᠩᠭᠦ ᠵᠢᠨ ᠬᠡᠷᠡᠭᠯᠡᠯᠲᠡ ᠬᠠᠮᠢᠶᠠᠷᠤᠯᠲᠠ ᠵᠢᠨ ᠬᠡᠷᠡᠭᠵᠢᠭᠦᠯᠬᠦ ᠨᠠᠷᠢᠨ ᠲᠦᠷᠢᠮ (ᠲᠤᠷᠰᠢᠨ ᠬᠡᠷᠡᠭᠵᠢᠭᠦᠯᠬᠦ)》ᠢ ᠳᠠᠷᠤᠮᠠᠯᠯᠠᠨ ᠲᠠᠷᠬᠠᠭ᠋ᠠᠬᠤ ᠪᠣᠶ?
《ᠨᠠᠷᠢᠨ ᠲᠦᠷᠢᠮ》ᠢ ᠳᠠᠷᠤᠮᠠᠯᠯᠠᠨ ᠲᠠᠷᠬᠠᠭ᠋ᠠᠭᠰᠠᠨᠨᠢ ᠮᠠᠨᠤ ᠣᠷᠣᠨᠤ ᠤᠯᠤᠰᠤᠨ ᠭᠠᠵᠠᠷ ᠰᠢᠷᠣᠶ ᠵᠢᠨ ᠣᠷᠣᠨ ᠵᠠᠶ ᠵᠢᠨ ᠠᠮᠢ ᠠᠬᠤᠶ ᠵᠢ ᠬᠠᠮᠠᠭ᠋ᠠᠯᠠᠵᠤ ᠰᠡᠷᠭᠦᠭᠡᠨ ᠵᠠᠰᠠᠬᠤ ᠪᠠᠯᠠ ᠮᠥᠩᠭᠦ ᠵᠢᠨ ᠬᠡᠷᠡᠭᠯᠡᠯᠲᠡ ᠬᠠᠮᠢᠶᠠᠷᠤᠯᠲᠠ ᠵᠢ ᠤᠯᠠᠮ ᠨᠢᠭᠡ ᠠᠯᠬᠤᠮ ᠵᠢᠷᠤᠮᠵᠢᠭᠤᠯᠤᠨ ᠴᠢᠩᠭ᠋ᠠᠳᠬᠠᠵᠤ᠂ ᠳᠤᠮᠳᠠᠳᠤ ᠵᠢᠨ ᠦᠨᠳᠦᠰᠦᠲᠡᠨᠤ ᠬᠠᠮᠲᠤ ᠵᠢᠨ ᠴᠣᠭᠴᠠ ᠵᠢᠨ ᠤᠬᠠᠮᠰᠠᠷᠢ ᠪᠠᠲᠤ ᠴᠣᠭᠴᠠᠯᠠᠬᠤᠪᠠᠷ ᠠᠵᠢᠯᠤᠨ ᠭᠤᠤᠯ ᠰᠢᠵᠢᠮ ᠪᠣᠯᠭ᠋ᠠᠬᠤ ᠵᠢ ᠪᠠᠷᠢᠮᠲᠠᠯᠠᠨ᠂ ᠪᠠᠯᠠ ᠮᠥᠩᠭᠦ ᠵᠢᠨ ᠬᠡᠷᠡᠭᠯᠡᠯᠲᠡ ᠵᠢᠨ ᠦᠷ᠎ᠡ ᠠᠰᠢᠭᠢ ᠳᠡᠭᠡᠭᠰᠢᠯᠡᠭᠦᠯᠬᠦ ᠵᠢᠨ ᠲᠥᠯᠥᠭᠡ ᠶᠤᠮ᠃
ᠬᠤᠶᠠᠷ᠂ 《ᠥᠪᠥᠷ ᠮᠣᠩᠭᠤᠯᠤᠨ ᠥᠪᠡᠷᠲᠡᠭᠡᠨ ᠵᠠᠰᠠᠬᠤ ᠣᠷᠣᠨᠤ ᠭᠤᠤᠯᠳᠠᠯᠭᠠᠲᠠᠢ ᠠᠮᠢ ᠠᠬᠤᠶ ᠵᠢ ᠬᠠᠮᠠᠭ᠋ᠠᠯᠠᠨ ᠰᠡᠷᠭᠦᠭᠡᠬᠦ ᠵᠠᠰᠠᠬᠤ ᠪᠠᠯᠠ ᠮᠥᠩᠭᠦ ᠵᠢᠨ ᠬᠡᠷᠡᠭᠯᠡᠯᠲᠡ ᠬᠠᠮᠢᠶᠠᠷᠤᠯᠲᠠ ᠵᠢᠨ ᠬᠡᠷᠡᠭᠵᠢᠭᠦᠯᠬᠦ ᠨᠠᠷᠢᠨ ᠲᠦᠷᠢᠮ (ᠲᠤᠷᠰᠢᠨ ᠬᠡᠷᠡᠭᠵᠢᠭᠦᠯᠬᠦ)》ᠢ ᠲᠣᠭᠲᠠᠭ᠋ᠠᠬᠤ ᠭᠤᠤᠯ ᠦᠨᠳᠦᠰᠦᠯᠡᠯᠨᠢ ᠶᠠᠭᠤ ᠪᠣᠶ?
《ᠨᠠᠷᠢᠨ ᠲᠦᠷᠢᠮ》ᠢ ᠲᠣᠭᠲᠠᠭ᠋ᠠᠬᠤ ᠭᠤᠤᠯ ᠦᠨᠳᠦᠰᠦᠯᠡᠯ ᠪᠣᠯ 《〈ᠭᠤᠤᠯᠳᠠᠯᠭᠠᠲᠠᠢ ᠠᠮᠢ ᠠᠬᠤᠶ ᠵᠢ ᠬᠠᠮᠠᠭ᠋ᠠᠯᠠᠨ ᠰᠡᠷᠭᠦᠭᠡᠨ ᠵᠠᠰᠠᠬᠤ ᠪᠠᠯᠠ ᠮᠥᠩᠭᠦ ᠵᠢᠨ ᠬᠠᠮᠢᠶᠠᠷᠤᠯᠲᠠ ᠵᠢᠨ ᠠᠷᠭ᠎ᠠ〉 ᠵᠢ ᠳᠠᠷᠤᠮᠠᠯᠯᠠᠨ ᠶᠠᠪᠤᠭᠤᠯᠬᠤ ᠲᠤᠬᠠᠶ ᠡᠳ᠋ᠤᠨ ᠵᠠᠰᠠᠭᠤᠨ ᠶᠠᠮᠤᠨᠤ ᠮᠡᠳᠡᠭᠳᠡᠯ》 (ᠡᠳ᠋ ᠡᠬᠢ ᠣᠷᠴᠢᠨ [2024] 6 ᠳ᠋ᠤᠭ᠋ᠠᠷ ᠲᠣᠭ᠋ᠠᠲᠤ)᠂ 《〈ᠥᠪᠥᠷ ᠮᠣᠩᠭᠤᠯᠤᠨ ᠥᠪᠡᠷᠲᠡᠭᠡᠨ ᠵᠠᠰᠠᠬᠤ ᠣᠷᠣᠨᠤ ᠲᠣᠰ ᠱᠠᠲᠤᠨᠤ ᠡᠳ᠋ᠤᠨ ᠵᠠᠰᠠᠭᠤᠨ ᠲᠥᠰᠦᠪᠤᠨ ᠬᠠᠮᠢᠶᠠᠷᠤᠯᠲᠠ ᠵᠢᠨ ᠠᠷᠭ᠎ᠠ〉 ᠵᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯᠤᠨ ᠥᠪᠡᠷᠲᠡᠭᠡᠨ ᠵᠠᠰᠠᠬᠤ ᠣᠷᠣᠨᠤ ᠠᠷᠠᠳᠤᠨ ᠵᠠᠰᠠᠭᠤᠨ ᠣᠷᠳᠣᠨᠤ ᠮᠡᠳᠡᠭᠳᠡᠯ》 (ᠥᠪᠥᠷ ᠵᠠᠰᠠᠭ ᠲᠠᠷᠬᠠᠭ᠋ᠠᠭᠰᠠᠨ [2023] 18 ᠳ᠋ᠤᠭ᠋ᠠᠷ ᠲᠣᠭ᠋ᠠᠲᠤ)᠂ 《ᠡᠳ᠋ᠤᠨ ᠵᠠᠰᠠᠭᠤᠨ ᠬᠦᠷᠢᠶᠡᠨᠳᠠᠬᠢ ᠤᠯᠠᠮ ᠨᠢᠭᠡ ᠠᠯᠬᠤᠮ ᠵᠠᠰᠠᠭᠢ ᠴᠣᠮᠬᠠᠳᠬᠠᠨ ᠡᠷᠬᠡ ᠵᠢ ᠳᠣᠷᠣᠭᠰᠢ ᠪᠠᠭᠤᠯᠭ᠋ᠠᠵᠤ ᠦᠢ᠍ᠯᠡᠴᠢᠯᠡᠭᠡ ᠵᠢ ᠰᠢᠯᠢᠳᠡᠭᠵᠢᠭᠦᠯᠬᠦ ᠲᠤᠬᠠᠶ ᠥᠪᠥᠷ ᠮᠣᠩᠭᠤᠯᠤᠨ ᠥᠪᠡᠷᠲᠡᠭᠡᠨ ᠵᠠᠰᠠᠬᠤ ᠣᠷᠣᠨᠤ ᠠᠷᠠᠳᠤᠨ ᠵᠠᠰᠠᠭᠤᠨ ᠣᠷᠳᠣᠨᠤ ᠠᠯᠪᠠᠨ ᠲᠢᠩᠬᠢᠮᠤᠨ ᠮᠡᠳᠡᠭᠳᠡᠯ》 (ᠥᠪᠥᠷ ᠵᠠᠰᠠᠭ ᠠᠯᠪᠠᠨ ᠲᠠᠷᠬᠠᠭ᠋ᠠᠭᠰᠠᠨ [2024] 52 ᠳ᠋ᠤᠭ᠋ᠠᠷ ᠲᠣᠭ᠋ᠠᠲᠤ)ᠤᠨ ᠬᠤᠯᠪᠣᠭᠳᠠᠯ ᠪᠥᠬᠦᠶ ᠠᠭᠤᠯᠭᠠᠳᠤ ᠵᠠᠰᠠᠪᠤᠷᠢ ᠣᠷᠣᠭᠤᠯᠬᠤ ᠲᠤᠬᠠᠶ ᠥᠪᠥᠷ ᠮᠣᠩᠭᠤᠯᠤᠨ ᠥᠪᠡᠷᠲᠡᠭᠡᠨ ᠵᠠᠰᠠᠬᠤ ᠣᠷᠣᠨᠤ ᠠᠷᠠᠳᠤᠨ ᠵᠠᠰᠠᠭᠤᠨ ᠣᠷᠳᠣᠨᠤ ᠠᠯᠪᠠᠨ ᠲᠢᠩᠬᠢᠮᠤᠨ ᠮᠡᠳᠡᠭᠳᠡᠯ》 (ᠥᠪᠥᠷ ᠵᠠᠰᠠᠭ ᠠᠯᠪᠠᠨ ᠥᠰᠥᠭ [2024] 66 ᠳ᠋ᠤᠭ᠋ᠠᠷ ᠲᠣᠭ᠋ᠠᠲᠤ) ᠵᠡᠷᠭᠡ ᠬᠠᠮᠢᠶ᠎ᠠ ᠪᠥᠬᠦᠶ ᠲᠣᠭᠲᠠᠭ᠋ᠠᠯ ᠪᠣᠯᠤᠨ᠎ᠠ᠃
ᠭᠤᠷᠪᠠ᠂ 《ᠥᠪᠥᠷ ᠮᠣᠩᠭᠤᠯᠤᠨ ᠥᠪᠡᠷᠲᠡᠭᠡᠨ ᠵᠠᠰᠠᠬᠤ ᠣᠷᠣᠨᠤ ᠭᠤᠤᠯᠳᠠᠯᠭᠠᠲᠠᠢ ᠠᠮᠢ ᠠᠬᠤᠶ ᠵᠢ ᠬᠠᠮᠠᠭ᠋ᠠᠯᠠᠨ ᠰᠡᠷᠭᠦᠭᠡᠬᠦ ᠵᠠᠰᠠᠬᠤ ᠪᠠᠯᠠ ᠮᠥᠩᠭᠦ ᠵᠢᠨ ᠬᠡᠷᠡᠭᠯᠡᠯᠲᠡ ᠬᠠᠮᠢᠶᠠᠷᠤᠯᠲᠠ ᠵᠢᠨ ᠬᠡᠷᠡᠭᠵᠢᠭᠦᠯᠬᠦ ᠨᠠᠷᠢᠨ ᠲᠦᠷᠢᠮ (ᠲᠤᠷᠰᠢᠨ ᠬᠡᠷᠡᠭᠵᠢᠭᠦᠯᠬᠦ》ᠤᠨ ᠬᠡᠷᠡᠭᠯᠡᠬᠦ ᠬᠡᠪᠴᠢᠶᠡᠨᠢ ᠶᠠᠭᠤ ᠪᠣᠶ?
《ᠨᠠᠷᠢᠨ ᠲᠦᠷᠢᠮ》ᠳᠤ ᠬᠡᠯᠡᠵᠦ ᠪᠠᠶ᠋ᠢᠭ᠎ᠠ ᠵᠠᠰᠠᠬᠤ ᠪᠡᠯᠡ ᠮᠥᠩᠭᠦ ᠪᠣᠯ ᠲᠥᠪ ᠪᠠ ᠥᠪᠡᠷᠲᠡᠭᠡᠨ ᠵᠠᠰᠠᠬᠤ ᠣᠷᠣᠨᠤ ᠲᠥᠰᠦᠪᠠᠴᠠ ᠲᠣᠬᠢᠷᠠᠭᠤᠯᠤᠭᠰᠠᠨ ᠠᠭᠤᠯᠠ ᠤᠰᠤ ᠣᠶ ᠲᠠᠷᠢᠶ᠎ᠠ ᠨᠠᠭᠤᠷ ᠪᠡᠯᠴᠢᠭᠡᠷ ᠡᠯᠡᠰᠦ ᠵᠢ ᠨᠢᠭᠡ ᠴᠣᠭᠴᠠᠵᠢᠭᠤᠯᠤᠨ ᠬᠠᠮᠠᠭ᠋ᠠᠯᠠᠬᠤ ᠪᠠ ᠵᠠᠰᠠᠨ ᠰᠡᠷᠭᠦᠭᠡᠬᠦ᠂ ᠲᠡᠤᠬᠡᠨᠠᠴᠠ ᠦᠯᠡᠳᠡᠭᠳᠡᠵᠦ ᠢᠷᠡᠭᠰᠡᠨ ᠬᠠᠶᠠᠭᠳᠠᠮᠠᠯ ᠦᠢ᠍ᠯᠡᠳᠪᠦᠷᠢ ᠠᠭᠤᠷᠬᠠᠶ ᠵᠢᠨ ᠭᠠᠵᠠᠷ ᠰᠢᠷᠣᠶ ᠵᠢ ᠴᠡᠭᠴᠡᠯᠡᠨ ᠵᠠᠰᠠᠬᠤ ᠵᠡᠷᠭᠡ ᠠᠮᠢ ᠠᠬᠤᠶ ᠵᠢ ᠬᠠᠮᠠᠭ᠋ᠠᠯᠠᠨ ᠰᠡᠷᠭᠦᠭᠡᠬᠦ ᠠᠵᠢᠯᠢ ᠥᠷᠨᠢᠭᠦᠯᠬᠦᠳᠤ ᠬᠡᠷᠡᠭᠯᠡᠵᠦ᠂ ᠠᠮᠢ ᠠᠬᠤᠶ ᠵᠢᠨ ᠰᠢᠰᠲ᠋ᠧᠮᠤᠨ ᠣᠯᠠᠨ ᠶᠠᠩᠵᠤᠲᠤ ᠴᠢᠨᠠᠷ᠂ ᠲᠣᠭᠲᠠᠪᠤᠷᠢᠲᠤ ᠴᠢᠨᠠᠷ᠂ ᠦᠷᠭᠦᠯᠵᠢᠯᠡᠬᠦ ᠴᠢᠨᠠᠷᠢ ᠳᠡᠭᠡᠭᠰᠢᠯᠡᠭᠦᠯᠬᠦ ᠪᠡᠯᠡ ᠮᠥᠩᠭᠦ ᠵᠢ ᠵᠢᠭ᠋ᠠᠵᠤ ᠪᠠᠶ᠋ᠢᠨ᠎ᠠ᠃
ᠳᠥᠷᠪᠡ᠂ 《ᠥᠪᠥᠷ ᠮᠣᠩᠭᠤᠯᠤᠨ ᠥᠪᠡᠷᠲᠡᠭᠡᠨ ᠵᠠᠰᠠᠬᠤ ᠣᠷᠣᠨᠤ ᠭᠤᠤᠯᠳᠠᠯᠭᠠᠲᠠᠢ ᠠᠮᠢ ᠠᠬᠤᠶ ᠵᠢ ᠬᠠᠮᠠᠭ᠋ᠠᠯᠠᠨ ᠰᠡᠷᠭᠦᠭᠡᠬᠦ ᠵᠠᠰᠠᠬᠤ ᠪᠠᠯᠠ ᠮᠥᠩᠭᠦ ᠵᠢᠨ ᠬᠡᠷᠡᠭᠯᠡᠯᠲᠡ ᠬᠠᠮᠢᠶᠠᠷᠤᠯᠲᠠ ᠵᠢᠨ ᠬᠡᠷᠡᠭᠵᠢᠭᠦᠯᠬᠦ ᠨᠠᠷᠢᠨ ᠲᠦᠷᠢᠮ (ᠲᠤᠷᠰᠢᠨ ᠬᠡᠷᠡᠭᠵᠢᠭᠦᠯᠬᠦ)ᠤᠨ ᠭᠤᠤᠯ ᠠᠭᠤᠯᠭᠠᠨᠢ ᠶᠠᠭᠤ ᠪᠣᠶ?
ᠨᠢᠭᠡᠳᠤ᠂ ᠥᠪᠡᠷᠲᠡᠭᠡᠨ ᠵᠠᠰᠠᠬᠤ ᠣᠷᠣᠨᠤ ᠡᠳ᠋ᠤᠨ ᠵᠠᠰᠠᠭᠤᠨ ᠲᠢᠩᠬᠢᠮ᠂ ᠪᠠᠶ᠋ᠢᠭ᠋ᠠᠯᠢ ᠵᠢᠨ ᠡᠬᠢ ᠪᠠᠶᠠᠯᠢᠭᠤᠨ ᠲᠢᠩᠬᠢᠮ ᠪᠠ ᠠᠶ᠋ᠢᠮᠠᠭ ᠬᠤᠲᠠ᠂ ᠬᠤᠰᠢᠭᠤ ᠰᠢᠶᠠᠨᠤ ᠪᠠᠶ᠋ᠢᠭ᠋ᠠᠯᠢ ᠵᠢᠨ ᠡᠬᠢ ᠪᠠᠶᠠᠯᠢᠭᠤᠨ ᠰᠠᠯᠠᠭ᠎ᠠ ᠮᠥᠴᠢᠷ ᠵᠢᠴᠢ ᠡᠳ᠋ᠤᠨ ᠵᠠᠰᠠᠭᠤᠨ ᠰᠠᠯᠠᠭ᠎ᠠ ᠮᠥᠴᠢᠷᠤᠨ ᠡᠭᠦᠷᠭᠡ ᠬᠠᠷᠢᠭᠤᠴᠠᠯᠭ᠎ᠠ ᠵᠢᠨ ᠠᠵᠢᠯᠤᠨ ᠬᠤᠪᠢᠶᠠᠷᠢᠯᠠᠯᠢ ᠤᠯᠠᠮ ᠨᠢᠭᠡ ᠠᠯᠬᠤᠮ ᠲᠣᠳᠣᠷᠬᠠᠶ᠋ᠢᠯᠠᠪᠠ; ᠬᠤᠶᠠᠷᠲᠤ᠂ ᠪᠡᠯᠡ ᠮᠥᠩᠭᠦ ᠵᠢᠨ ᠬᠡᠷᠡᠭᠯᠡᠯᠲᠡ ᠪᠠ ᠬᠠᠮᠢᠶᠠᠷᠤᠯᠲᠠᠳᠤ ᠵᠢᠷᠤᠮᠯᠠᠬᠤ ᠵᠠᠷᠴᠢᠮ᠂ ᠳᠡᠮᠵᠢᠬᠦ ᠬᠡᠪᠴᠢᠶ᠎ᠡ᠂ ᠬᠤᠪᠢᠶᠠᠷᠢᠯᠠᠬᠤ ᠠᠷᠭ᠎ᠠ᠂ ᠪᠡᠯᠡ ᠮᠥᠩᠭᠦ ᠵᠢᠨ ᠬᠡᠷᠡᠭᠯᠡᠯᠲᠡ᠂ ᠲᠥᠰᠦᠪᠢ ᠲᠣᠬᠢᠷᠠᠭᠤᠯᠬᠤ᠂ ᠠᠮᠵᠢᠯᠲᠠ ᠪᠦᠲᠦᠮᠵᠢ ᠵᠢᠨ ᠬᠠᠮᠢᠶᠠᠷᠤᠯᠲᠠ᠂ ᠡᠳ᠋ ᠬᠥᠷᠥᠩᠭᠡ ᠵᠢ ᠬᠠᠮᠢᠶᠠᠷᠴᠤ ᠬᠠᠮᠠᠭ᠋ᠠᠯᠠᠬᠤ ᠵᠡᠷᠭᠡ ᠲᠠᠯᠠᠪᠠᠷ ᠬᠠᠮᠢᠶᠠᠷᠤᠯᠲᠠ ᠵᠢᠨ ᠱᠠᠭ᠋ᠠᠷᠳᠠᠯᠭ᠎ᠠ ᠳᠤᠷᠠᠳᠪᠠ; ᠭᠤᠷᠪᠠᠳᠤ᠂ ᠬᠢᠨᠠᠨ ᠬᠠᠮᠢᠶᠠᠷᠴᠤ ᠵᠠᠯᠬᠠᠭ᠋ᠠᠨ ᠴᠡᠭᠡᠷᠯᠡᠭᠦᠯᠬᠦ ᠠᠷᠭ᠎ᠠ ᠬᠡᠮᠵᠢᠶ᠎ᠡ ᠵᠢ ᠲᠣᠭᠲᠠᠭ᠋ᠠᠪᠠ᠃