ᠣᠢᠷ᠎ᠠ᠎ᠳᠤ᠂ ᠬᠥᠮᠥᠰ᠎ᠤᠨ ᠠᠩᠬᠠᠷᠤᠯ᠎ᠢ ᠲᠠᠲᠠᠭ᠍ᠰᠠᠨ 《ᠡᠭᠦᠷᠢᠳᠡ᠎ᠶ᠋ᠢᠨ ᠦᠨᠳᠦᠰᠦᠨ ᠲᠠᠷᠢᠶᠠᠨ ᠭᠠᠵᠠᠷ᠎ᠢ ᠬᠠᠮᠠᠭᠠᠯᠠᠬᠤ ᠤᠯᠠᠭᠠᠨ ᠱᠤᠭᠤᠮ᠎ᠤᠨ ᠬᠠᠮᠢᠶᠠᠷᠤᠯᠲᠠ᠎ᠶ᠋ᠢᠨ ᠠᠷᠭ᠎ᠠ》 ( ᠳᠣᠷᠣᠭ᠍ᠰᠢ 《ᠠᠷᠭ᠎ᠠ》 ᠭᠡᠵᠦ᠍ ᠲᠣᠪᠴᠢᠯᠠᠨ᠎ᠠ ) ᠶ᠋ᠢ ᠨᠡᠢᠭᠡᠮ᠎ᠳᠤ ᠵᠢᠩᠬᠢᠨᠢ᠎ᠪᠠᠷ ᠨᠡᠢᠲᠡᠯᠡᠪᠡ᠃ ᠶᠠᠭᠤᠨ᠎ᠳᠤ ᠨᠡᠢᠲᠡᠯᠡᠭ᠌ᠰᠡᠨ ᠪᠤᠢ? ᠠᠵᠢᠯ᠎ᠤᠨ ᠰᠡᠳᠭᠢᠴᠡ ᠪᠠ ᠭᠤᠣᠯ ᠠᠭᠤᠯᠭ᠎ᠠ᠎ᠨᠢ ᠶᠠᠭᠤ ᠪᠤᠢ? ᠲᠤᠭᠤᠰᠢᠯᠠᠭᠤᠯᠤᠨ ᠨᠠᠢᠳᠠᠪᠤᠷᠢᠵᠢᠭᠤᠯᠬᠤ᠎ᠶ᠋ᠢ ᠬᠡᠷᠬᠢᠨ ᠰᠠᠢᠲᠤᠷ ᠠᠳᠭᠤᠬᠤ ᠪᠤᠢ? ᠲᠦᠷᠦᠭᠦᠬᠡᠨ᠂ ᠪᠠᠢᠭᠠᠯᠢ᠎ᠶ᠋ᠢᠨ ᠡᠬᠢ ᠪᠠᠶᠠᠯᠢᠭ᠎ᠤᠨ ᠶᠠᠮᠤᠨ᠎ᠤ ᠬᠠᠤᠯᠢ ᠲᠣᠭ᠍ᠲᠠᠭᠠᠯ᠎ᠤᠨ ᠵᠤᠷᠭᠠᠨ᠂ ᠲᠠᠷᠢᠶᠠᠨ ᠭᠠᠵᠠᠷ᠎ᠤᠨ ᠬᠠᠮᠠᠭᠠᠯᠠᠯᠲᠠ᠎ᠳᠤ ᠬᠢᠨᠠᠯᠲᠠ ᠲᠠᠯᠪᠢᠬᠤ ᠵᠤᠷᠭᠠᠨ᠎ᠤ ᠬᠤᠯᠪᠣᠭ᠍ᠳᠠᠯ ᠪᠥᠬᠦᠶ ᠬᠠᠷᠢᠭᠤᠴᠠᠯᠭᠠᠲᠠᠨ ᠬᠠᠯᠠᠭᠤᠨ ᠴᠡᠭ᠎ᠤᠨ ᠠᠰᠠᠭᠤᠳᠠᠯ᠎ᠤᠨ ᠲᠣᠭᠤᠷᠢᠨ᠎ᠳᠤ ᠲᠠᠢᠯᠤᠮᠵᠢ ᠬᠢᠪᠠ᠃
ᠶᠠᠭᠤᠨ᠎ᠳᠤ ᠡᠨᠡ 《 ᠠᠷᠭ᠎ᠠ 》 ᠶ᠋ᠢ ᠲᠣᠭ᠍ᠲᠠᠭᠠᠭ᠍ᠰᠠᠨ ᠪᠤᠢ?
ᠶᠡᠷᠦᠩᠬᠡᠶ ᠱᠦᠵᠢ ᠰᠢ᠎ᠶ᠋ᠢᠨ ᠫᠢᠩ ᠡᠭᠦᠷᠢᠳᠡ᠎ᠶ᠋ᠢᠨ ᠦᠨᠳᠦᠰᠦᠨ ᠲᠠᠷᠢᠶᠠᠨ ᠭᠠᠵᠠᠷ᠎ᠢ ᠬᠠᠮᠠᠭᠠᠯᠠᠬᠤ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ 《ᠡᠭᠦᠷᠢᠳᠡ᠎ᠶ᠋ᠢᠨ ᠦᠨᠳᠦᠰᠦᠨ ᠲᠠᠷᠢᠶᠠᠨ ᠭᠠᠵᠠᠷ᠎ᠢ ᠡᠷᠬᠡᠪᠰᠢ ᠦᠨᠡᠨ ᠨᠡᠷ᠎ᠡ᠎ᠪᠠᠷ᠎ᠢᠶᠠᠨ ᠪᠤᠴᠠᠭᠠᠬᠤ ᠬᠡᠷᠡᠭ᠌ᠲᠡᠶ᠂ ᠡᠷᠬᠡᠪᠰᠢ ᠲᠣᠭ᠍ᠲᠠᠭᠤᠨ ᠪᠥᠭᠡᠳ ᠥᠨᠳᠥᠷ ᠤᠨᠠᠯᠲᠠ᠎ᠲᠠᠢ ᠰᠠᠢᠨ ᠲᠠᠷᠢᠶᠠᠨ ᠭᠠᠵᠠᠷ ᠪᠠᠢᠬᠤ ᠬᠡᠷᠡᠭ᠌ᠲᠡᠶ》 ᠭᠡᠵᠦ᠍ ᠴᠢᠬᠤᠯᠠᠴᠢᠯᠠᠪᠠ᠃ ᠭᠠᠵᠠᠷ ᠱᠢᠷᠣᠶ᠎ᠶ᠋ᠢᠨ ᠬᠠᠮᠢᠶᠠᠷᠤᠯᠲᠠ᠎ᠶ᠋ᠢᠨ ᠬᠠᠤᠯᠢ᠂ ᠦᠨᠳᠦᠰᠦᠨ ᠲᠠᠷᠢᠶᠠᠨ ᠭᠠᠵᠠᠷ᠎ᠢ ᠬᠠᠮᠠᠭᠠᠯᠠᠬᠤ ᠲᠦᠷᠢᠮ ᠵᠡᠷᠭᠡ ᠬᠠᠤᠯᠢ ᠴᠠᠭᠠᠵᠠ ᠬᠠᠤᠯᠢ ᠲᠣᠭ᠍ᠲᠠᠭᠠᠯ᠎ᠳᠤ 《ᠡᠭᠦᠷᠢᠳᠡ᠎ᠶ᠋ᠢᠨ ᠦᠨᠳᠦᠰᠦᠨ ᠲᠠᠷᠢᠶᠠᠨ ᠭᠠᠵᠠᠷ᠎ᠢ ᠴᠢᠩᠭ᠎ᠠ ᠬᠠᠮᠠᠭᠠᠯᠠᠬᠤ》 ᠶ᠋ᠢ ᠲᠣᠳᠣᠷᠬᠠᠶ ᠳᠤᠷᠠᠳᠤᠭ᠍ᠰᠠᠨ ᠪᠥᠭᠡᠳ ᠡᠭᠦᠷᠢᠳᠡ᠎ᠶ᠋ᠢᠨ ᠦᠨᠳᠦᠰᠦᠨ ᠲᠠᠷᠢᠶᠠᠨ ᠭᠠᠵᠠᠷ᠎ᠢ ᠬᠤᠪᠢᠶᠠᠷᠢᠯᠠᠨ ᠲᠣᠭ᠍ᠲᠠᠭᠠᠬᠤ ᠬᠡᠪᠴᠢᠶ᠎ᠡ᠂ ᠲᠡᠰ ᠳᠠᠷᠠᠭᠠᠯᠠᠯ᠂ ᠬᠠᠮᠠᠭᠠᠯᠠᠯᠲᠠ ᠪᠠ ᠬᠠᠮᠢᠶᠠᠷᠤᠯᠲᠠ ᠵᠡᠷᠭᠡ ᠲᠠᠯ᠎ᠠ᠎ᠪᠠᠷ ᠲᠣᠳᠣᠷᠬᠠᠶ ᠱᠠᠭᠠᠷᠳᠠᠯᠭ᠎ᠠ ᠳᠤᠷᠠᠳᠴᠠᠶ᠃ ᠨᠠᠮ᠎ᠤᠨ ᠲᠥᠪ ᠬᠤᠷᠢᠶᠠᠨ᠎ᠤ ᠪᠠᠢᠷᠢᠯᠠᠭᠤᠯᠤᠯᠲᠠ ᠶᠣᠰᠣᠭᠠᠷ᠂ ᠲᠤᠰ ᠡᠭᠡᠯᠵᠢ᠎ᠶ᠋ᠢᠨ ᠤᠯᠤᠰ᠎ᠤᠨ ᠭᠠᠵᠠᠷ ᠱᠢᠷᠣᠢ᠎ᠶ᠋ᠢᠨ ᠣᠷᠣᠨ ᠵᠠᠢ᠎ᠶ᠋ᠢᠨ ᠲᠥᠯᠥᠪᠵᠢᠭᠦᠯᠭᠡ᠎ᠳᠤ ᠪᠦᠬᠦ᠌ ᠤᠯᠤᠰ᠎ᠤᠨ ᠡᠭᠦᠷᠢᠳᠡ᠎ᠶ᠋ᠢᠨ ᠦᠨᠳᠦᠰᠦᠨ ᠲᠠᠷᠢᠶᠠᠨ ᠭᠠᠵᠠᠷ᠎ᠢ ᠬᠠᠮᠠᠭᠠᠯᠠᠬᠤ ᠬᠠᠷᠠᠯᠲᠠ᠎ᠶ᠋ᠢ 15.46 ᠳ᠋ᠦᠩᠱᠢᠭᠤᠷ ᠮᠦ᠍᠎ᠠᠴᠠ ᠳᠣᠣᠷ᠎ᠠ ᠪᠠᠢᠯᠭᠠᠬᠤ ᠦᠭᠡᠢ ᠭᠡᠵᠦ᠍ ᠲᠣᠭ᠍ᠲᠠᠭᠠᠪᠠ᠃ ᠣᠳᠣᠬᠠᠨ᠎ᠳᠤ᠂ ᠡᠯ᠎ᠡ ᠭᠠᠵᠠᠷ᠎ᠤᠨ᠎ᠬᠢᠨ ᠬᠤᠪᠢᠶᠠᠷᠢᠯᠠᠨ ᠪᠠᠭᠤᠯᠭᠠᠭ᠍ᠰᠠᠨ ᠡᠭᠦᠷᠢᠳᠡ᠎ᠶ᠋ᠢᠨ ᠦᠨᠳᠦᠰᠦᠨ ᠲᠠᠷᠢᠶᠠᠨ ᠭᠠᠵᠠᠷ᠎ᠢ ᠬᠠᠮᠠᠭᠠᠯᠠᠬᠤ ᠬᠠᠷᠠᠯᠲᠠ᠎ᠪᠠᠨ ᠪᠦᠬᠦᠨ᠎ᠢ ᠬᠡᠰᠡᠭ ᠭᠠᠵᠠᠷ᠎ᠲᠤ ᠬᠦᠷᠲᠡᠯ᠎ᠡ ᠨᠠᠢᠳᠠᠪᠤᠷᠢᠵᠢᠭᠤᠯᠬᠤ᠎ᠶ᠋ᠢᠨ ᠬᠠᠮᠲᠤ ᠬᠥᠮᠥᠷᠭᠡ᠎ᠳᠤ ᠣᠷᠣᠭᠤᠯᠪᠠ᠃
ᠣᠢᠷ᠎ᠠ᠎ᠶ᠋ᠢᠨ ᠵᠢᠯ᠎ᠤᠳ᠎ᠲᠤ᠌᠂ ᠣᠷᠣᠨ ᠨᠤᠲᠤᠭ᠎ᠤᠨ ᠡᠯ᠎ᠡ ᠱᠠᠲᠤᠨ᠎ᠤ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ ᠨᠠᠮ᠎ᠤᠨ ᠲᠥᠪ ᠬᠤᠷᠢᠶ᠎ᠠ᠂ ᠲᠥᠷᠥ᠎ᠶ᠋ᠢᠨ ᠶᠠᠪᠤᠳᠠᠯ᠎ᠤᠨ ᠬᠤᠷᠢᠶ᠎ᠠ᠎ᠶ᠋ᠢᠨ ᠱᠢᠢᠳᠪᠦᠷᠢᠲᠦ ᠪᠣᠳᠣᠯᠭ᠎ᠠ᠎ᠶ᠋ᠢᠨ ᠪᠠᠢᠷᠢᠯᠠᠭᠤᠯᠤᠯᠲᠠ᠎ᠶ᠋ᠢ ᠬᠢᠨᠠᠮᠠᠭᠠᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠡᠭᠦᠷᠢᠳᠡ᠎ᠶ᠋ᠢᠨ ᠦᠨᠳᠦᠰᠦᠨ ᠲᠠᠷᠢᠶᠠᠨ ᠭᠠᠵᠠᠷ᠎ᠢ ᠬᠠᠮᠠᠭᠠᠯᠠᠬᠤ ᠲᠦᠷᠢᠮ᠎ᠢ ᠴᠢᠩᠭ᠎ᠠ ᠬᠡᠷᠡᠭ᠌ᠵᠢᠭᠦᠯᠦᠨ᠂ ᠲᠠᠷᠢᠶᠠᠨ ᠭᠠᠵᠠᠷ᠎ᠤᠨ ᠬᠠᠮᠠᠭᠠᠯᠠᠯᠲᠠ᠎ᠶ᠋ᠢᠨ ᠤᠯᠠᠭᠠᠨ ᠱᠤᠭᠤᠮ᠎ᠢ ᠰᠢᠪᠲᠤᠯᠵᠤ ᠪᠣᠯᠬᠤ ᠦᠭᠡᠢ ᠭᠡᠳᠡᠭ ᠢ ᠪᠠᠲᠤ ᠰᠠᠬᠢᠬᠤ ᠬᠡᠷᠡᠭᠲᠡᠢ᠃ ᠡᠭᠦᠨ᠎ᠤ ᠬᠠᠮᠲᠤ᠌᠂ ᠦᠢᠯᠡᠳᠦᠯᠭᠡ᠎ᠳᠤ ᠪᠠᠰᠠ ᠣᠳᠣᠬᠠᠨ᠎ᠤ ᠡᠭᠦᠷᠢᠳᠡ᠎ᠶ᠋ᠢᠨ ᠦᠨᠳᠦᠰᠦᠨ ᠲᠠᠷᠢᠶᠠᠨ ᠭᠠᠵᠠᠷ᠎ᠤᠨ ᠬᠠᠮᠢᠶᠠᠷᠤᠯᠲᠠ᠎ᠶ᠋ᠢᠨ ᠲᠦᠷᠢᠮ᠎ᠳᠤ ᠵᠠᠢᠯᠠᠰᠢ ᠥᠬᠡᠶ ᠦᠯᠡᠳᠡᠪᠦᠷᠢ᠎ᠲᠠᠢ᠂ ᠬᠠᠷᠢᠮᠠᠬᠠᠶ ᠴᠢᠨᠠᠷ᠎ᠢᠶᠠᠷ ᠬᠦᠷᠦᠯᠴᠡᠬᠦ᠌ ᠥᠬᠡᠶ ᠪᠠᠢᠬᠤ ᠠᠰᠠᠭᠤᠳᠠᠯ ᠣᠷᠣᠱᠢᠵᠤ ᠪᠠᠢᠨ᠎ᠠ᠂ ᠢᠯᠠᠩᠭᠤᠶ᠎ᠠ ᠣᠲᠣ᠎ᠶ᠋ᠢᠨ ᠬᠡᠷᠡᠭ᠌ᠵᠢᠭᠦᠯᠵᠦ᠍ ᠪᠠᠢᠭ᠎ᠠ ᠬᠠᠤᠯᠢ ᠴᠠᠭᠠᠵᠠ ᠬᠠᠤᠯᠢ ᠲᠣᠭ᠍ᠲᠠᠭᠠᠯ᠎ᠳᠤ ᠬᠡᠳᠦ᠋ᠢᠪᠡᠷ ᠤᠯᠤᠰ᠎ᠤᠨ ᠭᠤᠤᠯᠳᠠᠯᠭ᠎ᠠ᠎ᠲᠠᠢ ᠪᠥᠲᠥᠭᠡᠨ ᠪᠠᠢᠭᠤᠯᠤᠯᠲᠠ᠎ᠶ᠋ᠢᠨ ᠲᠥᠷᠥᠯ ᠵᠦᠢᠯ᠎ᠳᠤ ᠡᠭᠦᠷᠢᠳᠡ᠎ᠶ᠋ᠢᠨ ᠦᠨᠳᠦᠰᠦᠨ ᠲᠠᠷᠢᠶᠠᠨ ᠭᠠᠵᠠᠷ᠎ᠢ ᠡᠵᠡᠯᠡᠨ ᠬᠡᠷᠡᠭ᠌ᠯᠡᠬᠦ᠌᠎ᠶ᠋ᠢ ᠬᠢᠨᠠᠨ ᠵᠥᠪᠱᠢᠶᠡᠷᠡᠬᠦ᠌ ᠬᠠᠮᠢᠶᠠᠷᠤᠯᠲᠠ᠎ᠶ᠋ᠢᠨ ᠲᠦᠷᠢᠮ᠎ᠢ ᠨᠢᠭᠡᠨᠲᠡ ᠪᠠᠢᠭᠤᠯᠤᠭ᠍ᠰᠠᠨ ᠪᠣᠯᠪᠠᠴᠤ᠌ ᠭᠠᠵᠠᠷ ᠱᠢᠷᠣᠶ᠎ᠶ᠋ᠢ ᠶᠡᠷᠦᠩᠬᠡᠢᠯᠡᠨ ᠴᠡᠭ᠌ᠴᠡᠯᠡᠨ ᠵᠠᠰᠠᠬᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠥᠲᠥᠭᠡᠨ ᠪᠠᠢᠭᠤᠯᠤᠯᠲᠠ ᠵᠡᠷᠭᠡ ᠲᠠᠷᠢᠶᠠᠯᠠᠩ᠎ᠤᠨ ᠦᠢᠯᠡᠳᠪᠦᠷᠢᠯᠡᠯ᠎ᠳᠤ ᠱᠢᠭᠤᠳ ᠦᠢᠯᠡᠴᠢᠯᠡᠬᠦ᠌ ᠡᠵᠡᠯᠡᠨ ᠬᠡᠷᠡᠭ᠌ᠯᠡᠬᠦ᠌ ᠬᠡᠷᠡᠭ᠌ᠴᠡᠭᠡ ᠵᠢᠴᠢ ᠲᠠᠷᠢᠶᠠᠨ ᠭᠠᠵᠠᠷ᠎ᠤᠨ ᠪᠠᠢᠭᠠᠯᠢ᠎ᠶ᠋ᠢᠨ ᠡᠪᠳᠡᠭ᠌ᠳᠡᠯ᠂ ᠬᠡᠰᠡᠭ ᠪᠤᠰᠠᠭ᠎ᠢᠶᠠᠷ ᠬᠡᠮᠬᠡᠷᠡᠬᠦ᠂ ᠶᠠᠰᠤ ᠴᠢᠨᠠᠷ᠎ᠨᠢ ᠥᠨᠳᠥᠷ ᠪᠢᠰᠢ ᠪᠠᠢᠬᠤ ᠪᠠᠢᠳᠠᠯ᠎ᠢ ᠲᠤᠰᠭᠠᠵᠤ᠂ ᠵᠣᠬᠢᠴᠠᠩᠭᠤᠶ ᠳᠣᠭᠢᠷᠠᠭᠤᠯᠬᠤ ᠲᠦᠷᠢᠮ ᠳᠤᠲᠠᠭ᠍ᠳᠠᠵᠤ᠂ ᠡᠭᠦᠷᠢᠳᠡ᠎ᠶ᠋ᠢᠨ ᠦᠨᠳᠦᠰᠦᠨ ᠲᠠᠷᠢᠶᠠᠨ ᠭᠠᠵᠠᠷ᠎ᠤᠨ ᠬᠠᠮᠠᠭᠠᠯᠠᠯᠲᠠ ᠪᠠ ᠲᠠᠷᠢᠶᠠᠯᠠᠩ ᠠᠵᠤ ᠠᠬᠤᠶ᠎ᠶ᠋ᠢᠨ ᠬᠥᠭ᠌ᠵᠢᠯᠲᠡ᠎ᠶ᠋ᠢᠨ ᠪᠣᠳᠠᠲᠤ ᠬᠡᠷᠡᠭ᠌ᠴᠡᠭᠡ᠎ᠶ᠋ᠢ ᠬᠠᠩᠭᠠᠬᠤ᠎ᠳᠤ ᠪᠡᠷᠬᠡ ᠭᠡᠳᠡᠭ᠎ᠢ ᠬᠠᠷᠠᠭᠤᠯᠵᠤ ᠪᠠᠢᠨ᠎ᠠ᠃
2024 ᠣᠨ᠎ᠳᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶᠠᠨ᠎ᠤ ᠠᠯᠪᠠᠨ ᠲᠢᠩᠬᠢᠮ᠂ ᠲᠥᠷᠥ᠎ᠶ᠋ᠢᠨ ᠶᠠᠪᠤᠳᠠᠯ᠎ᠤᠨ ᠬᠤᠷᠢᠶᠠᠨ᠎ᠤ ᠠᠯᠪᠠᠨ ᠲᠢᠩᠬᠢᠮ 《ᠲᠠᠷᠢᠶᠠᠨ ᠭᠠᠵᠠᠷ᠎ᠢ ᠬᠠᠮᠠᠭᠠᠯᠠᠵᠤ ᠲᠠᠷᠢᠶᠠᠨ ᠭᠠᠵᠠᠷ᠎ᠤᠨ ᠶᠠᠰᠤ ᠴᠢᠨᠠᠷ᠎ᠢ ᠳᠡᠭᠡᠭ᠌ᠰᠢᠯᠡᠭᠦᠯᠬᠦ᠌᠎ᠶ᠋ᠢ ᠴᠢᠩᠭᠠᠳᠭᠠᠵᠤ ᠡᠵᠡᠯᠡᠬᠦ᠌ ᠪᠠ ᠨᠥᠬᠦᠪᠥᠷᠢᠯᠡᠬᠦ᠌᠎ᠶ᠋ᠢ ᠲᠡᠩᠴᠡᠭᠦᠷᠢᠲᠡᠶ ᠪᠠᠢᠯᠭᠠᠬᠤ ᠲᠤᠬᠠᠶ ᠰᠠᠨᠠᠯ》 ᠢ ᠳᠠᠷᠤᠮᠠᠯᠯᠠᠨ ᠲᠠᠷᠬᠠᠭᠠᠵᠤ᠂ 《ᠪᠠᠢᠭᠠᠯᠢ᠎ᠶ᠋ᠢᠨ ᠡᠬᠢ ᠪᠠᠶᠠᠯᠢᠭ᠎ᠤᠨ ᠶᠠᠮᠤᠨ᠎ᠠᠴᠠ ᠲᠠᠷᠢᠶᠠᠯᠠᠩ ᠬᠥᠳᠡᠭᠡ ᠲᠣᠰᠭᠤᠨ᠎ᠤ ᠶᠠᠮᠤᠨ ᠵᠡᠷᠭᠡ ᠰᠠᠯᠠᠭ᠎ᠠ ᠮᠥᠴᠢᠷ᠎ᠲᠠᠢ ᠬᠠᠮᠲᠤᠷᠠᠨ ᠡᠭᠦᠷᠢᠳᠡ᠎ᠶ᠋ᠢᠨ ᠦᠨᠳᠦᠰᠦᠨ ᠲᠠᠷᠢᠶᠠᠨ ᠭᠠᠵᠠᠷ᠎ᠤᠨ ᠬᠠᠮᠠᠭᠠᠯᠠᠯᠲᠠ᠎ᠶ᠋ᠢᠨ ᠤᠯᠠᠭᠠᠨ ᠱᠤᠭᠤᠮ᠎ᠤᠨ ᠬᠠᠮᠢᠶᠠᠷᠤᠯᠲᠠ᠎ᠶ᠋ᠢᠨ ᠠᠷᠭ᠎ᠠ᠎ᠶ᠋ᠢ ᠲᠣᠭ᠍ᠲᠠᠭᠠᠵᠤ᠂ ᠵᠢᠵᠢᠭ ᠰᠠᠵᠢᠭ ᠲᠠᠷᠢᠶᠠᠨ ᠭᠠᠵᠠᠷ ᠪᠠ ᠡᠭᠦᠷᠢᠳᠡ᠎ᠶ᠋ᠢᠨ ᠦᠨᠳᠦᠰᠦᠨ ᠲᠠᠷᠢᠶᠠᠨ ᠭᠠᠵᠠᠷ᠎ᠢ ᠡᠮᠬᠢᠯᠡᠨ ᠨᠡᠢᠯᠡᠭᠦᠯᠵᠦ᠍ ᠲᠣᠬᠢᠷᠠᠭᠤᠯᠬᠤ᠎ᠶ᠋ᠢ ᠳᠥᠯᠭᠢᠨ ᠠᠬᠢᠭᠤᠯᠵᠤ᠂ ᠲᠥᠪᠯᠡᠷᠡᠨ ᠵᠠᠯᠭᠠᠯᠳᠤᠭ᠍ᠰᠠᠨ ᠭᠠᠵᠠᠷ᠎ᠢ ᠠᠬᠢᠭᠤᠯᠬᠤ ᠬᠡᠷᠡᠭ᠌ᠲᠡᠶ》 ᠭᠡᠵᠦ᠍ ᠲᠣᠳᠣᠷᠬᠠᠶ ᠳᠤᠷᠠᠳᠤᠨ ᠭᠠᠷᠭᠠᠪᠠ᠃
ᠡᠭᠦᠨ᠎ᠤ ᠲᠤᠯᠠᠳᠠ᠂ ᠪᠠᠢᠭᠠᠯᠢ᠎ᠶ᠋ᠢᠨ ᠡᠬᠢ ᠪᠠᠶᠠᠯᠢᠭ᠎ᠤᠨ ᠶᠠᠮᠤᠨ᠎ᠠᠴᠠ ᠲᠠᠷᠢᠶᠠᠯᠠᠩ ᠬᠥᠳᠡᠭᠡ ᠲᠣᠰᠭᠤᠨ᠎ᠤ ᠶᠠᠮᠤᠨ᠎ᠲᠠᠢ ᠬᠠᠮᠲᠤᠷᠠᠨ ᠨᠠᠷᠢᠨ ᠬᠢᠨᠠᠮᠠᠭᠠᠶ ᠰᠤᠳᠤᠯᠤᠨ ᠨᠤᠲᠠᠯᠠᠵᠤ᠂ ᠡᠯ᠎ᠡ ᠲᠠᠯ᠎ᠠ᠎ᠶ᠋ᠢᠨ᠎ᠬᠢᠨ᠎ᠤ ᠰᠠᠨᠠᠯ᠎ᠢ ᠥᠷᠭᠡᠨ᠎ᠢᠶᠠᠷ ᠬᠤᠷᠢᠶᠠᠭ᠍ᠰᠠᠨ ᠰᠠᠭᠤᠷᠢᠨ ᠳᠡᠭᠡᠷ᠎ᠡ᠂ 《ᠠᠷᠭ᠎ᠠ》 ᠶ᠋ᠢ ᠰᠤᠳᠤᠯᠤᠨ ᠲᠣᠭ᠍ᠲᠠᠭᠠᠵᠤ᠂ ᠡᠭᠦᠷᠢᠳᠡ᠎ᠶ᠋ᠢᠨ ᠦᠨᠳᠦᠰᠦᠨ ᠲᠠᠷᠢᠶᠠᠨ ᠭᠠᠵᠠᠷ᠎ᠢ ᠵᠠᠭᠠᠭ᠍ᠯᠠᠨ ᠲᠣᠭ᠍ᠲᠠᠭᠠᠬᠤ᠂ ᠬᠠᠮᠢᠶᠠᠷᠤᠨ ᠡᠵᠡᠮᠳᠡᠬᠦ᠂ ᠬᠠᠮᠠᠭᠠᠯᠠᠬᠤ ᠦᠨᠳᠦᠰᠦᠨ ᠵᠠᠷᠴᠢᠮ ᠪᠠ ᠠᠵᠢᠯ᠎ᠤᠨ ᠱᠠᠭᠠᠷᠳᠠᠯᠭ᠎ᠠ᠎ᠶ᠋ᠢ ᠤᠯᠠᠮ ᠨᠢᠭᠡ ᠠᠯᠬᠤᠮ ᠲᠣᠳᠣᠷᠬᠠᠢᠯᠠᠨ᠂ ᠡᠭᠦᠷᠢᠳᠡ᠎ᠶ᠋ᠢᠨ ᠦᠨᠳᠦᠰᠦᠨ ᠲᠠᠷᠢᠶᠠᠨ ᠭᠠᠵᠠᠷ᠎ᠢ ᠬᠠᠮᠠᠭᠠᠯᠠᠬᠤ ᠤᠯᠠᠭᠠᠨ ᠱᠤᠭᠤᠮ᠎ᠢ ᠪᠠᠲᠤ ᠰᠠᠬᠢᠵᠤ ᠳᠤᠷ᠎ᠠ᠎ᠪᠠᠷ᠎ᠢᠶᠠᠨ ᠲᠣᠬᠢᠷᠠᠭᠤᠯᠤᠯᠲᠠ ᠬᠢᠵᠦ᠍ ᠪᠣᠯᠬᠤ ᠥᠬᠡᠶ ᠤᠷᠢᠲᠠᠯ ᠳᠣᠤᠷ᠎ᠠ᠂ ᠲᠠᠷᠢᠶᠠᠯᠠᠩ᠎ᠤᠨ ᠦᠢᠯᠡᠳᠪᠦᠷᠢᠯᠡᠯ ᠪᠠ ᠲᠠᠷᠢᠶᠠᠨ ᠭᠠᠵᠠᠷ᠎ᠤᠨ ᠡᠬᠢ ᠪᠠᠶᠠᠯᠢᠭ᠎ᠤᠨ ᠳᠠᠪᠠᠭᠤᠯᠢᠭ ᠵᠡᠷᠭᠡ ᠲᠠᠯ᠎ᠠ᠎ᠶ᠋ᠢᠨ ᠪᠤᠰᠤᠳᠴᠢ ᠵᠢᠮ᠎ᠡ ᠶᠣᠰᠣ᠎ᠶ᠋ᠢ ᠵᠢᠷᠤᠮᠯᠠᠨ᠂ ᠡᠭᠦᠷᠢᠳᠡ᠎ᠶ᠋ᠢᠨ ᠦᠨᠳᠦᠰᠦᠨ ᠲᠠᠷᠢᠶᠠᠨ ᠭᠠᠵᠠᠷ᠎ᠤᠨ 《ᠱᠢᠯᠢᠳᠡᠭ᠎ᠢ ᠣᠷᠣᠭᠤᠯᠵᠤ ᠰᠢᠭ᠋ᠠᠷᠤ᠎ᠶᠢ ᠲᠠᠶᠠᠭᠳᠠᠬᠤ》 ᠬᠠᠮᠢᠶᠠᠷᠤᠯᠲᠠ᠎ᠶ᠋ᠢᠨ ᠲᠣᠭ᠍ᠲᠠᠴᠠ᠎ᠶ᠋ᠢ ᠪᠠᠢᠭᠤᠯᠵᠤ᠂ ᠬᠤᠪᠢᠶᠠᠷᠢᠯᠠᠨ ᠲᠣᠭ᠍ᠲᠠᠭᠠᠭ᠍ᠰᠠᠨ ᠡᠭᠦᠷᠢᠳᠡ᠎ᠶ᠋ᠢᠨ ᠦᠨᠳᠦᠰᠦᠨ ᠲᠠᠷᠢᠶᠠᠨ ᠭᠠᠵᠠᠷ᠎ᠢ ᠦᠨᠡᠨ ᠨᠡᠷ᠎ᠡ᠎ᠪᠠᠷ᠎ᠨᠢ ᠪᠤᠴᠠᠭᠠᠬᠤ᠎ᠶ᠋ᠢ ᠦᠨᠡᠨ ᠬᠦ᠌ ᠪᠠᠲᠤᠯᠠᠬᠤ ᠬᠡᠷᠡᠭᠲᠡᠢ᠃
《 ᠠᠷᠭ᠎ᠠ 》 ᠶ᠋ᠢ ᠲᠣᠭᠤᠷᠪᠢᠭᠰᠠᠨ ᠭᠣᠣᠯ ᠰᠡᠳᠭᠢᠮᠵᠢ ᠨᠢ ᠶᠠᠭᠤ ᠪᠤᠢ?
《ᠠᠷᠭ᠎ᠠ》 ᠨᠢ ᠶᠡᠷᠦᠩᠬᠡᠶ ᠱᠦᠵᠢ ᠰᠢ᠎ᠶ᠋ᠢᠨ ᠫᠢᠩ᠎ᠤᠨ ᠲᠠᠷᠢᠶᠠᠨ ᠭᠠᠵᠠᠷ᠎ᠢ ᠬᠠᠮᠠᠭᠠᠯᠠᠬᠤ ᠲᠤᠬᠠᠶ ᠴᠢᠬᠤᠯᠠ ᠥᠭᠦᠯᠡᠯᠲᠡ᠎ᠶ᠋ᠢ ᠪᠥᠬᠦ᠌ ᠲᠠᠯ᠎ᠠ᠎ᠪᠠᠷ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠲᠤᠭ᠎ᠠ ᠬᠡᠮᠵᠢᠶ᠎ᠡ᠂ ᠶᠠᠰᠤ ᠴᠢᠨᠠᠷ᠂ ᠠᠮᠢ ᠠᠬᠤᠶ᠎ᠶ᠋ᠢᠨ 《ᠭᠤᠷᠪᠠ᠎ᠶ᠋ᠢ ᠨᠢᠭᠡ ᠴᠤᠭ᠍ᠴᠠᠵᠢᠭᠤᠯᠬᠤ》 ᠬᠠᠮᠠᠭᠠᠯᠠᠯᠲᠠ᠎ᠶ᠋ᠢᠨ ᠶᠡᠷᠦᠩᠬᠡᠶ ᠱᠠᠭᠠᠷᠳᠠᠯᠭ᠎ᠠ᠎ᠶ᠋ᠢ ᠲᠤᠭᠤᠰᠢᠯᠠᠭᠤᠯᠤᠨ ᠨᠠᠢᠳᠠᠪᠤᠷᠢᠵᠢᠭᠤᠯᠬᠤ ᠬᠡᠷᠡᠭ᠌ᠲᠡᠶ᠃
ᠨᠢᠭᠡ᠎ᠳᠤ᠂ ᠬᠤᠷᠢᠭ᠎ᠠ ᠱᠤᠭᠤᠮ᠎ᠤᠨ ᠰᠡᠳᠭᠢᠬᠦᠢ᠎ᠶ᠋ᠢ ᠪᠠᠷᠢᠮᠲᠠᠯᠠᠨ᠎ᠠ᠃ ᠲᠠᠷᠢᠶᠠᠨ ᠭᠠᠵᠠᠷ ᠪᠠ ᠡᠭᠦᠷᠢᠳᠡ᠎ᠶ᠋ᠢᠨ ᠦᠨᠳᠦᠰᠦᠨ ᠲᠠᠷᠢᠶᠠᠨ ᠭᠠᠵᠠᠷ᠎ᠤᠨ ᠬᠠᠮᠠᠭᠠᠯᠠᠯᠲᠠ᠎ᠶ᠋ᠢᠨ ᠤᠯᠠᠭᠠᠨ ᠱᠤᠭᠤᠮ᠎ᠢ ᠪᠠᠲᠤ ᠰᠠᠬᠢᠬᠤ᠎ᠶ᠋ᠢ ᠦᠨᠳᠦᠰᠦᠨ ᠵᠠᠷᠴᠢᠮ ᠪᠣᠯᠭᠠᠵᠤ᠂ ᠡᠭᠦᠷᠢᠳᠡ᠎ᠶ᠋ᠢᠨ ᠦᠨᠳᠦᠰᠦᠨ ᠲᠠᠷᠢᠶᠠᠨ ᠭᠠᠵᠠᠷ᠎ᠢ ᠵᠠᠭᠠᠭ᠍ᠯᠠᠨ ᠲᠣᠭ᠍ᠲᠠᠭᠠᠬᠤ᠂ ᠬᠠᠮᠢᠶᠠᠷᠤᠨ ᠡᠵᠡᠮᠳᠡᠬᠦ᠂ ᠬᠠᠮᠠᠭᠠᠯᠠᠬᠤ᠂ ᠱᠢᠯᠢᠳᠡᠭ᠌ᠵᠢᠭᠦᠯᠦᠨ ᠲᠣᠬᠢᠷᠠᠭᠤᠯᠬᠤ᠎ᠳᠤ ᠡᠷᠬᠡᠪᠰᠢ ᠤᠯᠤᠰ᠎ᠤᠨ ᠭᠠᠵᠠᠷ ᠰᠢᠷᠤᠢ᠎ᠶᠢᠨ ᠣᠷᠣᠨ ᠵᠠᠢ᠎ᠶ᠋ᠢᠨ ᠲᠥᠯᠥᠪᠵᠢᠭᠦᠯᠭᠡ᠎ᠳᠤ ᠲᠣᠭ᠍ᠲᠠᠭᠠᠭ᠍ᠰᠠᠨ ᠬᠠᠮᠠᠭᠠᠯᠠᠬᠤ ᠡᠭᠦᠷᠭᠡ᠎ᠶ᠋ᠢ ᠱᠢᠪᠲᠤᠯᠬᠤ ᠦᠭᠡᠢ ᠪᠠᠢᠬᠤ᠎ᠶ᠋ᠢ ᠦᠨᠡᠨ ᠬᠦ᠌ ᠪᠠᠲᠤᠯᠠᠵᠤ᠂ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠬᠡᠷᠡᠭ᠌ᠲᠡᠢ᠃
ᠬᠤᠶᠠᠷ᠎ᠲᠤ᠌᠂ ᠰᠢᠰᠲᠸᠮ᠎ᠤᠨ ᠦᠵᠡᠯᠲᠡ᠎ᠶ᠋ᠢ ᠪᠠᠷᠢᠮᠳᠠᠯᠠᠨ᠎ᠠ᠃ ᠶᠡᠷᠦᠩᠬᠡᠶ ᠱᠦᠵᠢ ᠰᠢ᠎ᠶ᠋ᠢᠨ ᠫᠢᠩ᠎ᠤᠨ 《ᠲᠠᠷᠢᠶᠠᠨ ᠭᠠᠵᠠᠷ᠎ᠢ ᠬᠠᠮᠠᠭᠠᠯᠠᠬᠤ ᠪᠣᠯ ᠨᠢᠭᠡ ᠱᠢᠰᠲ᠋ᠧᠮᠲᠦ ᠴᠢᠨᠠᠷᠲᠠᠶ ᠢᠨᠵᠧᠨᠧᠷᠢᠩ ᠮᠥᠨ》 ᠭᠡᠬᠦ᠌ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠠᠮᠤᠷ ᠲᠦᠪᠱᠢᠨ ᠬᠢᠭᠡᠳ ᠬᠥᠭ᠌ᠵᠢᠯᠲᠡ᠎ᠶ᠋ᠢ ᠨᠢᠭᠡᠳᠦᠯᠲᠡᠶ ᠲᠥᠯᠥᠪᠯᠡᠨ᠂ ᠲᠤᠭ᠎ᠠ ᠬᠡᠮᠵᠢᠶ᠎ᠡ ᠬᠢᠭᠡᠳ ᠶᠠᠰᠤ ᠴᠢᠨᠠᠷ᠎ᠢ ᠬᠠᠮᠲᠤᠳᠤᠨᠢ ᠬᠠᠷᠠᠭᠠᠯᠵᠠᠵᠤ᠂ ᠡᠭᠦᠷᠢᠳᠡ᠎ᠶ᠋ᠢᠨ ᠦᠨᠳᠦᠰᠦᠨ ᠲᠠᠷᠢᠶᠠᠨ ᠭᠠᠵᠠᠷ᠎ᠢ ᠪᠦᠬᠦᠯᠢ ᠴᠣᠭ᠍ᠴᠠ᠎ᠪᠠᠷ ᠲᠣᠭ᠍ᠲᠠᠭᠤᠨ ᠪᠠᠢᠯᠭᠠᠬᠤ᠎ᠶ᠋ᠢ ᠪᠠᠷᠢᠮᠲᠠᠯᠠᠭ᠍ᠰᠠᠨ ᠤᠷᠢᠲᠠᠯ ᠳᠣᠤᠷ᠎ᠠ᠂ ᠪᠠᠢᠷᠢᠱᠢᠭᠤᠯᠤᠯᠲᠠ᠎ᠶ᠋ᠢ ᠵᠥᠪ ᠴᠢᠭ᠌ᠯᠡᠯ᠎ᠢᠶᠠᠷ ᠱᠢᠯᠢᠳᠡᠭ᠌ᠵᠢᠭᠦᠯᠬᠦ᠌ ᠪᠠ ᠨᠥᠬᠦᠵᠦ᠍ ᠬᠤᠪᠢᠶᠠᠷᠢᠯᠠᠬᠤ᠎ᠳᠤ ᠲᠦᠷᠢᠮ᠎ᠤᠨ ᠴᠢᠨᠠᠷᠲᠠᠶ ᠲᠣᠬᠢᠷᠠᠭᠤᠯᠤᠯᠲᠠ ᠬᠢᠬᠦ᠌᠎ᠶ᠋ᠢᠨ ᠬᠠᠮᠲᠤ ᠣᠷᠣᠨ ᠨᠤᠲᠤᠭ᠎ᠲᠤ ᠵᠦᠶ ᠵᠣᠬᠢᠰᠲᠠᠶ ᠡᠵᠡᠨ ᠮᠡᠳᠡᠬᠦ᠌ ᠣᠷᠣᠨ ᠵᠠᠶ ᠦᠯᠡᠳᠡᠭᠡᠵᠦ᠍ ᠥᠭ᠌ᠬᠦ ᠬᠡᠷᠡᠭ᠌ᠲᠡᠶ᠃
ᠭᠤᠷᠪᠠ᠎ᠳᠤ᠂ ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ᠎ᠶ᠋ᠢ ᠪᠠᠷᠢᠮᠲᠠᠯᠠᠨ᠎ᠠ᠃ ᠡᠭᠦᠷᠢᠳᠡ᠎ᠶ᠋ᠢᠨ ᠦᠨᠳᠦᠰᠦᠨ ᠲᠠᠷᠢᠶᠠᠨ ᠭᠠᠵᠠᠷ᠎ᠢ ᠭᠤᠣᠯᠳᠠᠭᠤ ᠠᠮᠤ ᠪᠤᠳᠠᠭᠠᠨ᠎ᠤ ᠦᠢᠯᠡᠳᠪᠦᠷᠢᠯᠡᠯ᠎ᠳᠤ ᠬᠡᠷᠡᠭ᠌ᠯᠡᠬᠦ᠌ ᠭᠤᠣᠯ ᠵᠣᠷᠢᠯᠲᠠ᠎ᠶ᠋ᠢ ᠵᠢᠷᠤᠮᠯᠠᠨ᠂ ᠬᠡᠰᠡᠭ ᠪᠤᠰᠠᠭ᠎ᠢᠶᠠᠷ ᠲᠠᠷᠢᠶᠠᠨ ᠭᠠᠵᠠᠷ ᠪᠠ ᠡᠭᠦᠷᠢᠳᠡ᠎ᠶ᠋ᠢᠨ ᠦᠨᠳᠦᠰᠦᠨ ᠲᠠᠷᠢᠶᠠᠨ ᠭᠠᠵᠠᠷ᠎ᠢ ᠡᠮᠬᠢᠯᠡᠨ ᠨᠡᠢᠯᠡᠭᠦᠯᠵᠦ᠍ ᠲᠤᠬᠢᠷᠠᠭᠤᠯᠬᠤ᠎ᠶ᠋ᠢ ᠠᠬᠢᠭᠤᠯᠬᠤ᠂ ᠲᠥᠪᠯᠡᠷᠡᠭᠦᠯᠦᠨ ᠵᠠᠯᠭᠠᠯᠳᠤᠭᠤᠯᠬᠤ᠎ᠶ᠋ᠢ ᠠᠬᠢᠭᠤᠯᠬᠤ᠂ ᠲᠠᠷᠢᠶᠠᠨ ᠭᠠᠵᠠᠷ᠎ᠤᠨ ᠶᠠᠰᠤ ᠴᠢᠨᠠᠷ᠎ᠢ ᠳᠡᠭᠡᠭ᠌ᠰᠢᠯᠡᠭᠦᠯᠬᠦ᠌᠎ᠶ᠋ᠢ ᠱᠢᠯᠢᠳᠡᠭ᠌ᠵᠢᠭᠦᠯᠦᠨ ᠲᠤᠬᠢᠷᠠᠭᠤᠯᠬᠤ ᠠᠵᠢᠯ᠎ᠤᠨ ᠬᠠᠷᠠᠯᠲᠠ ᠪᠣᠯᠭᠠᠵᠤ᠂ ᠤᠳᠤ ᠦᠶ᠎ᠡ᠎ᠶ᠋ᠢᠨ ᠲᠠᠷᠢᠶᠠᠯᠠᠩ᠎ᠤᠨ ᠬᠥᠭ᠌ᠵᠢᠯᠲᠡ᠎ᠶ᠋ᠢᠨ ᠴᠢᠬᠤᠯᠠ ᠪᠦᠬᠦᠢ ᠤᠰᠤᠯᠠᠯᠲᠠ ᠵᠢᠴᠢ ᠤᠰᠤ ᠵᠠᠯᠠᠬᠤ ᠲᠥᠬᠦᠭᠡᠷᠦᠮᠵᠢ᠂ ᠬᠥᠳᠡᠭᠡ ᠲᠣᠰᠭᠤᠨ᠎ᠤ ᠵᠠᠮ ᠵᠡᠷᠭᠡ ᠢᠵᠢ ᠪᠦᠷᠢᠳᠦᠭ᠌ᠰᠡᠨ ᠲᠥᠬᠦᠭᠡᠷᠦᠮᠵᠢ᠎ᠶ᠋ᠢᠨ ᠪᠦᠳᠦᠭᠡᠨ ᠪᠠᠢᠭᠤᠯᠤᠯᠲᠠ ᠵᠡᠷᠭᠡ ᠦᠢᠯᠡᠳᠦᠯᠭᠡ᠎ᠶ᠋ᠢᠨ ᠳᠤᠮᠳᠠ ᠡᠭᠦᠷᠢᠳᠡ᠎ᠶ᠋ᠢᠨ ᠦᠨᠳᠦᠰᠦᠨ ᠲᠠᠷᠢᠶᠠᠨ ᠭᠠᠵᠠᠷ᠎ᠤᠨ ᠪᠠᠢᠷᠢᠱᠢᠯ᠎ᠢ ᠱᠢᠯᠢᠳᠡᠭ᠌ᠵᠢᠭᠦᠯᠦᠨ ᠲᠤᠬᠢᠷᠠᠭᠤᠯᠬᠤ ᠴᠢᠬᠤᠯᠠᠲᠠᠢ ᠪᠠᠢᠳᠠᠯ᠎ᠤᠨ ᠬᠡᠷᠡᠭ᠌ᠴᠡᠭᠡ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠱᠢᠯᠢᠳᠡᠭ᠌ᠵᠢᠭᠦᠯᠦᠨ ᠲᠤᠬᠢᠷᠠᠭᠤᠯᠬᠤ᠎ᠶ᠋ᠢᠨ ᠦᠵᠦ᠍ ᠲᠥᠯᠥᠪᠯᠡᠭᠡ᠎ᠶ᠋ᠢ ᠰᠠᠢᠲᠤᠷ ᠬᠢᠬᠦ᠌ ᠬᠡᠷᠡᠭ᠌ᠲᠡᠢ᠃
ᠲᠦᠷᠪᠡ᠎ᠳᠤ᠂ ᠦᠨᠡᠨ᠎ᠠᠴᠠ ᠵᠥᠪ᠎ᠢ ᠡᠷᠢᠬᠦ᠌᠎ᠶ᠋ᠢ ᠪᠠᠷᠢᠮᠳᠠᠯᠠᠨ᠎ᠠ᠃ ᠣᠳᠣᠬᠢ ᠱᠠᠲᠤᠨ᠎ᠤ ᠬᠡᠰᠡᠭ ᠡᠭᠦᠷᠢᠳᠡ᠎ᠶ᠋ᠢᠨ ᠦᠨᠳᠦᠰᠦᠨ ᠲᠠᠷᠢᠶᠠᠨ ᠭᠠᠵᠠᠷ᠎ᠲᠤ ᠣᠷᠣᠱᠢᠵᠤ ᠪᠠᠢᠭ᠎ᠠ ᠵᠦᠶ ᠵᠣᠬᠢᠰ ᠥᠬᠡᠶ᠂ ᠬᠡᠰᠡᠭ ᠪᠣᠰᠠᠭ ᠬᠡᠮᠬᠡᠳᠡᠭ ᠵᠡᠷᠭᠡ ᠪᠣᠳᠠᠲᠠᠶ ᠠᠰᠠᠭᠤᠳᠠᠯ᠂ ᠵᠢᠴᠢ ᠦᠨᠳᠦᠰᠦᠨ ᠱᠠᠲᠤ ᠪᠠ ᠣᠯᠠᠨ ᠲᠦᠮᠡᠨ᠎ᠤ ᠲᠤᠰᠭᠠᠯ ᠲᠣᠪᠤᠢᠮ᠎ᠠ ᠪᠠᠢᠭ᠎ᠠ ᠣᠨᠴᠠ ᠵᠠᠷᠢᠮ ᠡᠭᠦᠷᠢᠳᠡ᠎ᠶ᠋ᠢᠨ ᠦᠨᠳᠦᠰᠦᠨ ᠲᠠᠷᠢᠶᠠᠨ ᠭᠠᠵᠠᠷ᠎ᠤᠨ ᠠᠳᠡᠭᠦᠦ ᠬᠤᠪᠢᠶᠠᠷᠢᠯᠠᠭ᠍ᠰᠠᠨ ᠠᠰᠠᠭᠤᠳᠠᠯ᠎ᠳᠤ ᠠᠯᠳᠠᠭ᠎ᠠ ᠪᠤᠷᠤᠭᠤ᠎ᠶ᠋ᠢ ᠵᠠᠯᠠᠷᠠᠭᠤᠯᠬᠤ ᠲᠣᠭ᠍ᠲᠠᠴᠠ᠎ᠶ᠋ᠢ ᠪᠠᠢᠭᠤᠯᠵᠤ᠂ ᠵᠥᠷᠢᠴᠡᠯ᠎ᠢ ᠴᠠᠭ ᠲᠤᠬᠠᠶ᠎ᠳᠤᠨᠢ ᠨᠠᠮᠳᠠᠭᠤᠯᠵᠤ᠂ ᠦᠨᠳᠦᠰᠦᠨ ᠱᠠᠲᠤᠨ᠎ᠤ ᠵᠦᠶ ᠵᠣᠬᠢᠰᠲᠠᠶ ᠬᠦᠰᠡᠯ ᠱᠠᠭᠠᠷᠳᠠᠯᠭ᠎ᠠ᠎ᠳᠤ ᠬᠠᠷᠢᠭᠤᠯᠲᠠ ᠥᠭ᠌ᠭᠦᠨ᠎ᠡ᠃
《ᠠᠷᠭ᠎ᠠ》 ᠳᠤ ᠶᠠᠮᠠᠷ ᠶᠠᠮᠠᠷ ᠪᠣᠳᠠᠲᠠᠶ ᠲᠦᠷᠢᠮ᠎ᠢ ᠲᠣᠭ᠍ᠲᠠᠭᠠᠭ᠍ᠰᠠᠨ ᠪᠣᠶ?
《ᠠᠷᠭ᠎ᠠ》 ᠳᠤ 《ᠲᠠᠷᠢᠶᠠᠨ ᠭᠠᠵᠠᠷ᠎ᠢ ᠬᠠᠮᠠᠭᠠᠯᠠᠬᠤ ᠬᠠᠮᠤᠭ᠎ᠤᠨ ᠴᠢᠩᠭ᠎ᠠ ᠲᠦᠷᠢᠮ᠎ᠢ ᠬᠡᠷᠡᠭ᠌ᠵᠢᠭᠦᠯᠬᠦ᠌》 ᠱᠠᠭᠠᠷᠳᠠᠯᠭ᠎ᠠ᠎ᠶ᠋ᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠡᠭᠦᠷᠢᠳᠡ᠎ᠶ᠋ᠢᠨ ᠦᠨᠳᠦᠰᠦᠨ ᠲᠠᠷᠢᠶᠠᠨ ᠭᠠᠵᠠᠷ᠎ᠢ ᠵᠠᠭᠠᠭ᠍ᠯᠠᠨ ᠲᠣᠭ᠍ᠲᠠᠭᠠᠬᠤ᠂ ᠬᠠᠮᠢᠶᠠᠷᠤᠨ ᠡᠵᠡᠮᠳᠡᠬᠦ᠂ ᠬᠠᠮᠠᠭᠠᠯᠠᠬᠤ᠂ ᠱᠢᠯᠢᠳᠡᠭ᠌ᠵᠢᠭᠦᠯᠦᠨ ᠳᠣᠭᠢᠷᠠᠭᠤᠯᠬᠤ᠂ ᠶᠠᠰᠤ ᠴᠢᠨᠠᠷ᠎ᠤᠨ ᠪᠥᠲᠥᠭᠡᠨ ᠪᠠᠢᠭᠤᠯᠤᠯᠲᠠ ᠵᠡᠷᠭᠡ᠎ᠳᠤ ᠪᠣᠳᠠᠲᠠᠶ ᠲᠣᠭ᠍ᠲᠠᠭᠠᠯ ᠭᠠᠷᠭᠠᠵᠤ᠂ ᠬᠠᠤᠯᠢ ᠶᠣᠰᠣᠭᠠᠷ ᠴᠢᠩᠭ᠎ᠠ ᠬᠠᠮᠠᠭᠠᠯᠠᠬᠤ᠎ᠶ᠋ᠢ ᠬᠡᠷᠡᠭ᠌ᠵᠢᠭᠦᠯᠦᠨ᠎ᠡ᠃ ᠡᠭᠦᠨ᠎ᠤ ᠬᠠᠮᠲᠤ᠌᠂ ᠡᠭᠦᠷᠢᠳᠡ᠎ᠶ᠋ᠢᠨ ᠦᠨᠳᠦᠰᠦᠨ ᠲᠠᠷᠢᠶᠠᠨ ᠭᠠᠵᠠᠷ᠎ᠤᠨ 《ᠱᠢᠯᠢᠳᠡᠭ᠎ᠢ ᠣᠷᠣᠭᠤᠯᠵᠤ ᠰᠢᠭ᠋ᠠᠷᠤ᠎ᠶᠢ ᠲᠠᠶᠠᠭᠳᠠᠬᠤ》 ᠬᠠᠮᠢᠶᠠᠷᠤᠯᠲᠠ᠎ᠶ᠋ᠢᠨ ᠲᠣᠭ᠍ᠲᠠᠴᠠ᠎ᠶ᠋ᠢ ᠪᠠᠢᠭᠤᠯᠬᠤ᠎ᠪᠠᠷ ᠭᠤᠣᠯᠳᠠᠯᠭ᠎ᠠ ᠪᠣᠯᠭᠠᠵᠤ᠂ ᠡᠭᠦᠷᠢᠳᠡ᠎ᠶ᠋ᠢᠨ ᠦᠨᠳᠦᠰᠦᠨ ᠲᠠᠷᠢᠶᠠᠨ ᠭᠠᠵᠠᠷ᠎ᠤᠨ ᠬᠠᠮᠠᠭᠠᠯᠠᠯᠲᠠ᠎ᠶ᠋ᠢᠨ ᠤᠯᠠᠭᠠᠨ ᠱᠤᠭᠤᠮ᠎ᠢ ᠪᠦᠬᠦᠯᠢ ᠴᠣᠭ᠍ᠴᠠ᠎ᠪᠠᠷ᠎ᠨᠢ ᠲᠣᠭ᠍ᠲᠠᠭᠤᠨ ᠪᠠᠢᠯᠭᠠᠵᠤ᠂ ᠤᠯᠤᠰ᠎ᠤᠨ ᠭᠠᠵᠠᠷ ᠰᠢᠷᠤᠢ᠎ᠶᠢᠨ ᠣᠷᠣᠨ ᠵᠠᠢ᠎ᠶ᠋ᠢᠨ ᠲᠥᠯᠥᠪᠵᠢᠭᠦᠯᠭᠡ᠎ᠳᠤ ᠲᠣᠭ᠍ᠲᠠᠭᠠᠭ᠍ᠰᠠᠨ ᠬᠠᠮᠠᠭᠠᠯᠠᠬᠤ ᠡᠭᠦᠷᠭᠡ᠎ᠶ᠋ᠢ ᠱᠢᠪᠲᠤᠯᠬᠤ ᠦᠭᠡᠢ ᠪᠠᠢᠬᠤ᠎ᠶ᠋ᠢ ᠦᠨᠡᠨ ᠬᠦ᠌ ᠪᠠᠲᠤᠯᠠᠭ᠍ᠰᠠᠨ ᠤᠷᠢᠲᠠᠯ ᠳᠣᠣᠷ᠎ᠠ᠂ ᠡᠮᠬᠢᠯᠡᠨ ᠨᠡᠢᠯᠡᠭᠦᠯᠵᠦ᠍ ᠲᠤᠬᠢᠷᠠᠭᠤᠯᠬᠤ᠂ ᠲᠥᠪᠯᠡᠷᠡᠭᠦᠯᠦᠨ ᠵᠠᠯᠭᠠᠯᠳᠤᠭᠤᠯᠬᠤ᠂ ᠶᠠᠰᠤ ᠴᠢᠨᠠᠷ᠎ᠢ ᠳᠡᠭᠡᠭ᠌ᠰᠢᠯᠡᠭᠦᠯᠬᠦ᠌᠎ᠪᠠᠷ ᠬᠠᠷᠠᠯᠲᠠ ᠤᠳᠤᠷᠢᠳᠤᠮᠵᠢ ᠪᠣᠯᠭᠠᠵᠤ᠂ ᠱᠢᠯᠢᠳᠡᠭ᠌ᠵᠢᠭᠦᠯᠦᠨ ᠲᠤᠬᠢᠷᠠᠭᠤᠯᠬᠤ᠎ᠶ᠋ᠢ ᠵᠥᠪᠱᠢᠶᠡᠷᠡᠬᠦ᠌ ᠪᠠᠢᠳᠠᠯ᠂ ᠲᠡᠰ ᠳᠠᠷᠠᠭᠠᠯᠠᠯ ᠪᠠ ᠲᠦᠷᠢᠮ᠎ᠢ ᠲᠣᠳᠣᠷᠬᠠᠢᠯᠠᠵᠤ᠂ ᠲᠠᠷᠢᠶᠠᠨ ᠭᠠᠵᠠᠷ᠎ᠤᠨ ᠬᠠᠮᠠᠭᠠᠯᠠᠯᠲᠠ᠎ᠶ᠋ᠢᠨ ᠬᠠᠳᠠᠨ ᠴᠢᠨᠠᠷ ᠪᠠ ᠲᠠᠷᠢᠶᠠᠯᠠᠩ᠎ᠤᠨ ᠦᠢᠯᠡᠳᠪᠦᠷᠢᠯᠡᠯ᠎ᠤᠨ ᠠᠮᠢᠳᠤᠯᠢᠭ ᠴᠢᠨᠠᠷ᠎ᠢ ᠬᠠᠮᠲᠤᠳᠤᠨᠢ ᠬᠠᠷᠠᠭ᠋ᠠᠯᠵᠠᠬᠤ ᠬᠡᠷᠡᠭᠲᠡᠢ᠃
ᠨᠢᠭᠡ᠎ᠳᠤ᠂ ᠡᠭᠦᠷᠢᠳᠡ᠎ᠶ᠋ᠢᠨ ᠦᠨᠳᠦᠰᠦᠨ ᠲᠠᠷᠢᠶᠠᠨ ᠭᠠᠵᠠᠷ᠎ᠤᠨ ᠨᠥᠭᠡᠴᠡ᠎ᠶ᠋ᠢᠨ ᠣᠷᠣᠨ᠎ᠤ ᠳᠦᠷᠢᠮ᠎ᠢ ᠲᠣᠭ᠍ᠲᠠᠭᠠᠨ᠎ᠠ᠃ 《ᠠᠷᠭ᠎ᠠ》 ᠨᠢ ᠠᠩᠬ᠎ᠠ ᠤᠳᠠᠭ᠎ᠠ ᠰᠠᠯᠠᠭ᠎ᠠ ᠮᠥᠴᠢᠷ᠎ᠤᠨ ᠲᠦᠷᠢᠮ ᠲᠣᠭ᠍ᠲᠠᠭᠠᠯ᠎ᠤᠨ ᠳᠠᠪᠬᠤᠷᠭ᠎ᠠ᠎ᠳᠤ ᠡᠭᠦᠷᠢᠳᠡ᠎ᠶ᠋ᠢᠨ ᠦᠨᠳᠦᠰᠦᠨ ᠲᠠᠷᠢᠶᠠᠨ ᠭᠠᠵᠠᠷ᠎ᠤᠨ ᠨᠥᠭᠡᠴᠡ᠎ᠶ᠋ᠢᠨ ᠣᠷᠣᠨ᠎ᠤ ᠬᠤᠯᠪᠣᠭ᠍ᠳᠠᠯ ᠪᠥᠬᠦᠶ ᠲᠣᠭ᠍ᠲᠠᠭᠠᠯ᠎ᠢ ᠲᠣᠳᠣᠷᠬᠠᠢᠯᠠᠵᠤ᠂ ᠱᠢᠶᠠᠨ᠎ᠤ ᠱᠠᠲᠤᠨ᠎ᠠᠴᠠ ᠳᠡᠭᠡᠭ᠌ᠰᠢᠬᠢ ᠪᠠᠢᠭᠠᠯᠢ᠎ᠶ᠋ᠢᠨ ᠡᠬᠢ ᠪᠠᠶᠠᠯᠢᠭ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠷᠢᠶᠠᠯᠠᠩ ᠬᠥᠳᠡᠭᠡ ᠲᠣᠰᠭᠤᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠠᠢ ᠬᠠᠮᠲᠤᠷᠠᠨ ᠡᠭᠦᠷᠢᠳᠡ᠎ᠶ᠋ᠢᠨ ᠦᠨᠳᠦᠰᠦᠨ ᠲᠠᠷᠢᠶᠠᠨ ᠭᠠᠵᠠᠷ᠎ᠤᠨ ᠨᠥᠭᠡᠴᠡ᠎ᠶ᠋ᠢᠨ ᠣᠷᠣᠨ᠎ᠢ ᠵᠣᠬᠢᠶᠠᠨ ᠪᠠᠢᠭᠤᠯᠤᠨ ᠵᠠᠭᠠᠭ᠍ᠯᠠᠨ ᠲᠣᠭ᠍ᠲᠠᠭᠠᠬᠤ᠎ᠶ᠋ᠢ ᠲᠣᠳᠣᠷᠬᠠᠢᠯᠠᠵᠤ᠂ ᠴᠢᠬᠤᠯᠠ ᠶᠡᠭᠡ ᠪᠥᠲᠥᠭᠡᠨ ᠪᠠᠢᠭᠤᠯᠤᠯᠲᠠ᠎ᠶ᠋ᠢᠨ ᠲᠥᠷᠥᠯ ᠵᠦᠢᠯ᠎ᠤᠨ ᠡᠵᠡᠯᠡᠨ ᠬᠡᠷᠡᠭ᠌ᠯᠡᠬᠦ᠌ ᠡᠭᠦᠷᠢᠳᠡ᠎ᠶ᠋ᠢᠨ ᠦᠨᠳᠦᠰᠦᠨ ᠲᠠᠷᠢᠶᠠᠨ ᠭᠠᠵᠠᠷ ᠪᠠ ᠡᠭᠦᠷᠢᠳᠡ᠎ᠶ᠋ᠢᠨ ᠦᠨᠳᠦᠰᠦᠨ ᠲᠠᠷᠢᠶᠠᠨ ᠭᠠᠵᠠᠷ᠎ᠤᠨ ᠬᠠᠮᠠᠭᠠᠯᠠᠯᠲᠠ᠎ᠶ᠋ᠢᠨ ᠤᠯᠠᠭᠠᠨ ᠱᠤᠭᠤᠮ᠎ᠢ ᠱᠢᠯᠢᠳᠡᠭ᠌ᠵᠢᠭᠦᠯᠦᠨ ᠬᠤᠪᠢᠶᠠᠷᠢᠯᠠᠬᠤ᠎ᠶ᠋ᠢᠨ ᠭᠤᠤᠯ ᠢᠷᠡᠯᠲᠡ ᠪᠣᠯᠭᠠᠨ᠎ᠠ ᠭᠡᠵᠦ᠍ ᠲᠣᠳᠣᠷᠬᠠᠶ ᠲᠣᠭ᠍ᠲᠠᠭᠠᠵᠠᠶ᠃ ᠨᠥᠭᠡᠴᠡᠯᠡᠬᠦ᠌ ᠣᠷᠣᠨ᠎ᠳᠤ ᠤᠷᠢᠳᠠᠪᠠᠷ ᠬᠤᠪᠢᠶᠠᠷᠢᠯᠠᠨ ᠣᠷᠣᠭᠤᠯᠤᠭ᠍ᠰᠠᠨ ᠭᠠᠵᠠᠷ ᠱᠢᠷᠣᠶ᠎ᠶ᠋ᠢ ᠶᠡᠷᠦᠩᠬᠡᠢᠯᠡᠨ ᠴᠡᠭ᠌ᠴᠡᠯᠡᠨ ᠵᠠᠰᠠᠬᠤ ᠱᠢᠨ᠎ᠡ᠎ᠪᠠᠷ ᠨᠡᠮᠡᠭ᠌ᠳᠡᠭ᠌ᠰᠡᠨ ᠲᠠᠷᠢᠶᠠᠨ ᠭᠠᠵᠠᠷ᠂ ᠨᠢᠭᠡᠨᠲᠡ ᠪᠠᠢᠭᠤᠯᠤᠭ᠍ᠰᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ᠂ ᠨᠢᠭᠡᠨᠲᠡ ᠬᠤᠪᠢᠶᠠᠷᠢᠯᠠᠨ ᠲᠣᠭ᠍ᠲᠠᠭᠠᠭ᠍ᠰᠠᠨ ᠡᠭᠦᠷᠢᠳᠡ᠎ᠶ᠋ᠢᠨ ᠦᠨᠳᠦᠰᠦᠨ ᠲᠠᠷᠢᠶᠠᠨ ᠭᠠᠵᠠᠷ᠎ᠤᠨ ᠲᠥᠪᠯᠡᠷᠡᠨ ᠵᠠᠯᠭᠠᠯᠳᠤᠭ᠍ᠰᠠᠨ ᠪᠥᠭᠡᠳ ᠶᠠᠰᠤ ᠴᠢᠨᠠᠷ᠎ᠨᠢ ᠲᠣᠰ ᠭᠠᠵᠠᠷ ᠣᠷᠣᠨ᠎ᠤ ᠳᠤᠮᠳᠠᠴᠢ ᠬᠢᠷᠢ ᠲᠦᠪᠱᠢᠨ᠎ᠠᠴᠠ ᠥᠨᠳᠥᠷ ᠪᠥᠭᠡᠳ ᠨᠠᠯᠠᠤ᠎ᠶ᠋ᠢᠨ ᠬᠡᠮᠵᠢᠶ᠎ᠡ᠎ᠨᠢ 15 ᠭᠷᠠᠳᠦ᠋ᠰ᠎ᠠᠴᠠ ᠪᠠᠭ᠎ᠠ ᠪᠠᠢᠬᠤ ᠲᠠᠷᠢᠶᠠᠨ ᠭᠠᠵᠠᠷ ᠵᠡᠷᠭᠡ 6 ᠵᠦᠢᠯ᠎ᠤᠨ ᠪᠠᠢᠳᠠᠯ ᠪᠠᠭ᠍ᠲᠠᠨ᠎ᠠ᠃ ᠡᠭᠦᠨ᠎ᠤ ᠬᠠᠮᠲᠤ᠌᠂ ᠮᠤᠵᠢ᠎ᠶ᠋ᠢᠨ ᠱᠠᠲᠤᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠢ ᠲᠠᠷᠢᠶᠠᠯᠠᠩ ᠬᠥᠳᠡᠭᠡ ᠲᠣᠰᠭᠤᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠠᠢ ᠬᠠᠮᠲᠤᠷᠠᠨ ᠲᠣᠭ᠍ᠲᠠᠮᠠᠯ ᠬᠤᠭᠤᠴᠠᠭ᠎ᠠ᠎ᠲᠠᠢ᠎ᠪᠠᠷ ᠦᠨᠡᠯᠡᠨ ᠵᠢᠱ᠌ᠢᠬᠦ᠌᠎ᠶ᠋ᠢᠨ ᠬᠠᠮᠲᠤ ᠬᠤᠲᠠ᠂ ᠱᠢᠶᠠᠨ᠎ᠤ ᠡᠭᠦᠷᠢᠳᠡ᠎ᠶ᠋ᠢᠨ ᠦᠨᠳᠦᠰᠦᠨ ᠲᠠᠷᠢᠶᠠᠨ ᠭᠠᠵᠠᠷ᠎ᠤᠨ ᠨᠥᠭᠡᠴᠡ᠎ᠶ᠋ᠢ ᠣᠷᠣᠨ ᠬᠤᠪᠢᠶᠠᠨ ᠲᠣᠭ᠍ᠲᠠᠭᠠᠬᠤ ᠬᠠᠷᠠᠯᠲᠠᠲᠤ ᠡᠭᠦᠷᠭᠡ᠎ᠶ᠋ᠢ ᠵᠦᠶ ᠵᠣᠬᠢᠰᠲᠠᠶ ᠲᠣᠭ᠍ᠲᠠᠭᠠᠬᠤ᠎ᠶ᠋ᠢᠨ ᠬᠠᠮᠲᠤ ᠬᠥᠳᠡᠯᠦᠩᠭᠦᠶ ᠲᠣᠬᠢᠷᠠᠭᠤᠯᠤᠯᠲᠠ ᠬᠢᠬᠦ᠌ ᠬᠡᠷᠡᠭ᠌ᠲᠡᠶ ᠭᠡᠵᠦ᠍ ᠱᠠᠭᠠᠷᠳᠠᠪᠠ᠃
ᠬᠤᠶᠠᠷ᠎ᠲᠤ᠌᠂ ᠡᠭᠦᠷᠢᠳᠡ᠎ᠶ᠋ᠢᠨ ᠦᠨᠳᠦᠰᠦᠨ ᠲᠠᠷᠢᠶᠠᠨ ᠭᠠᠵᠠᠷ᠎ᠢ ᠬᠠᠮᠠᠭᠠᠯᠠᠬᠤ ᠤᠯᠠᠭᠠᠨ ᠱᠤᠭᠤᠮ᠎ᠢ ᠱᠢᠯᠢᠳᠡᠭ᠌ᠵᠢᠭᠦᠯᠦᠨ ᠲᠣᠬᠢᠷᠠᠭᠤᠯᠬᠤ ᠲᠣᠭ᠍ᠲᠠᠴᠠ᠎ᠶ᠋ᠢ ᠪᠠᠢᠭᠤᠯᠤᠨ᠎ᠠ᠃ 《ᠠᠷᠭ᠎ᠠ》 ᠳᠤ ᠡᠭᠦᠷᠢᠳᠡ᠎ᠶ᠋ᠢᠨ ᠦᠨᠳᠦᠰᠦᠨ ᠲᠠᠷᠢᠶᠠᠨ ᠭᠠᠵᠠᠷ᠎ᠤᠨ ᠬᠠᠮᠠᠭᠠᠯᠠᠯᠲᠠ᠎ᠶ᠋ᠢᠨ ᠤᠯᠠᠭᠠᠨ ᠱᠤᠭᠤᠮ᠎ᠢ ᠱᠢᠯᠢᠳᠡᠭ᠌ᠵᠢᠭᠦᠯᠦᠨ ᠲᠣᠬᠢᠷᠠᠭᠤᠯᠬᠤ᠎ᠶ᠋ᠢ ᠵᠥᠪᠱᠢᠶᠡᠷᠡᠬᠦ᠌ ᠪᠠᠢᠳᠠᠯ᠎ᠢ ᠲᠣᠭ᠍ᠲᠠᠭᠠᠭ᠍ᠰᠠᠨ ᠪᠥᠭᠡᠳ ᠦᠨᠳᠦᠰᠦᠨ ᠵᠢᠷᠤᠮ ᠪᠠ ᠬᠤᠯᠪᠣᠭ᠍ᠳᠠᠯ ᠪᠥᠬᠦᠶ ᠱᠠᠭᠠᠷᠳᠠᠯᠭ᠎ᠠ᠎ᠶ᠋ᠢ ᠲᠣᠳᠣᠷᠬᠠᠶ ᠲᠣᠭ᠍ᠲᠠᠭᠠᠵᠠᠶ᠃
ᠱᠢᠯᠢᠳᠡᠭ᠌ᠵᠢᠭᠦᠯᠦᠨ ᠲᠣᠬᠢᠷᠠᠭᠤᠯᠬᠤ ᠵᠠᠷᠴᠢᠮ᠎ᠢ ᠲᠣᠳᠣᠷᠬᠠᠶ ᠲᠣᠭ᠍ᠲᠠᠭᠠᠵᠤ᠂ ᠡᠭᠦᠷᠢᠳᠡ᠎ᠶ᠋ᠢᠨ ᠦᠨᠳᠦᠰᠦᠨ ᠲᠠᠷᠢᠶᠠᠨ ᠭᠠᠵᠠᠷ᠎ᠢ ᠬᠠᠮᠠᠭᠠᠯᠠᠬᠤ ᠤᠯᠠᠭᠠᠨ ᠱᠤᠭᠤᠮ᠎ᠢ ᠪᠦᠬᠦᠯᠢ ᠴᠣᠭ᠍ᠴᠠ᠎ᠪᠠᠷ ᠲᠣᠭ᠍ᠲᠠᠭᠤᠨ ᠪᠠᠢᠯᠭᠠᠬᠤ᠎ᠶ᠋ᠢ ᠪᠠᠷᠢᠮᠲᠠᠯᠠᠨ᠂ ᠤᠯᠤᠰ᠎ᠤᠨ ᠭᠠᠵᠠᠷ ᠰᠢᠷᠤᠢ᠎ᠶᠢᠨ ᠣᠷᠣᠨ ᠵᠠᠶ᠎ᠶ᠋ᠢᠨ ᠲᠥᠯᠥᠪᠵᠢᠭᠦᠯᠭᠡ᠎ᠳᠤ ᠲᠣᠭ᠍ᠲᠠᠭᠠᠭ᠍ᠰᠠᠨ ᠡᠭᠦᠷᠢᠳᠡ᠎ᠶ᠋ᠢᠨ ᠦᠨᠳᠦᠰᠦᠨ ᠲᠠᠷᠢᠶᠠᠨ ᠭᠠᠵᠠᠷ᠎ᠢ ᠬᠠᠮᠠᠭᠠᠯᠠᠬᠤ ᠡᠭᠦᠷᠭᠡ᠎ᠶ᠋ᠢ ᠱᠢᠪᠲᠤᠯᠬᠤ ᠥᠬᠡᠶ ᠪᠠᠢᠬᠤ᠎ᠶ᠋ᠢ ᠦᠨᠡᠨ ᠬᠦ᠌ ᠪᠠᠲᠤᠯᠠᠭ᠍ᠰᠠᠨ ᠤᠷᠢᠲᠠᠯ ᠳᠣᠤᠷ᠎ᠠ᠂ 《ᠲᠤᠭ᠎ᠠ᠎ᠶ᠋ᠢ ᠪᠠᠭᠠᠰᠭᠠᠬᠤ ᠥᠬᠡᠶ᠂ ᠶᠠᠰᠤ ᠴᠢᠨᠠᠷ᠎ᠢ ᠪᠠᠭᠤᠷᠠᠭᠤᠯᠬᠤ ᠥᠬᠡᠶ᠂ ᠪᠠᠢᠷᠢᠱᠢᠯ᠎ᠢ ᠱᠢᠯᠢᠳᠡᠭ᠌ᠵᠢᠭᠦᠯᠬᠦ᠂ ᠠᠮᠢ ᠠᠬᠤᠶ᠎ᠶ᠋ᠢ ᠰᠠᠢᠵᠢᠷᠠᠭᠤᠯᠬᠤ》 ᠵᠠᠷᠴᠢᠮ ᠶᠣᠰᠣᠭᠠᠷ ᠱᠢᠯᠢᠳᠡᠭ᠌ᠵᠢᠭᠦᠯᠦᠨ ᠲᠣᠬᠢᠷᠠᠭᠤᠯᠬᠤ᠎ᠶ᠋ᠢᠨ ᠬᠠᠮᠲᠤ ᠨᠥᠬᠦᠵᠦ᠍ ᠬᠤᠪᠢᠶᠠᠷᠢᠯᠠᠬᠤ᠎ᠶ᠋ᠢ ᠨᠠᠢᠳᠠᠪᠤᠷᠢᠵᠢᠭᠤᠯᠵᠤ᠂ ᠡᠭᠦᠷᠢᠳᠡ᠎ᠶ᠋ᠢᠨ ᠦᠨᠳᠦᠰᠦᠨ ᠲᠠᠷᠢᠶᠠᠨ ᠭᠠᠵᠠᠷ ᠲᠠᠬᠢ ᠴᠢᠨᠠᠷ ᠰᠠᠢᠲᠠᠶ ᠲᠠᠷᠢᠶᠠᠨ ᠭᠠᠵᠠᠷ᠎ᠤᠨ ᠬᠠᠷᠢᠴᠠᠯ᠎ᠢ ᠠᠯᠬᠤᠮ ᠠᠯᠬᠤᠮ᠎ᠢᠶᠠᠷ ᠳᠡᠭᠡᠭ᠌ᠰᠢᠯᠡᠭᠦᠯᠵᠦ᠍ ᠪᠣᠯᠤᠨ᠎ᠠ᠃
ᠱᠢᠯᠢᠳᠡᠭ᠌ᠵᠢᠭᠦᠯᠦᠨ ᠲᠣᠬᠢᠷᠠᠭᠤᠯᠬᠤ ᠪᠠᠢᠳᠠᠯ᠎ᠢ ᠲᠣᠳᠣᠷᠬᠠᠢᠯᠠᠬᠤ᠎ᠳᠤ᠂ ᠭᠤᠣᠯᠳᠠᠭᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠳᠦᠭᠡᠨ ᠪᠠᠢᠭᠤᠯᠤᠯᠲᠠ᠂ ᠭᠠᠵᠠᠷ ᠱᠢᠷᠣᠢ᠎ᠶ᠋ᠢ ᠶᠡᠷᠦᠩᠬᠡᠢᠯᠡᠨ ᠴᠡᠭ᠌ᠴᠡᠯᠡᠨ ᠵᠠᠰᠠᠬᠤ᠂ ᠬᠠᠮᠲᠤ᠎ᠶ᠋ᠢᠨ ᠠᠵᠤ ᠠᠬᠤᠢ᠎ᠶ᠋ᠢᠨ ᠵᠣᠬᠢᠶᠠᠨ ᠪᠠᠢᠭᠤᠯᠤᠯᠲᠠ᠎ᠶ᠋ᠢᠨ ᠢᠵᠢ ᠪᠦᠷᠢᠳᠦᠭᠦᠯᠬᠦ᠌ ᠲᠥᠬᠦᠭᠡᠷᠦᠮᠵᠢ᠎ᠶ᠋ᠢᠨ ᠪᠦᠳᠦᠭᠡᠨ ᠪᠠᠢᠭᠤᠯᠤᠯᠲᠠ ᠵᠡᠷᠭᠡ ᠣᠷᠣᠨ ᠨᠤᠲᠤᠭ᠎ᠤᠨ ᠲᠤᠰᠭᠠᠯ ᠲᠤᠯᠭᠠᠮ᠎ᠠ᠂ ᠲᠠᠷᠢᠶᠠᠨ ᠭᠠᠵᠠᠷ᠎ᠢ ᠬᠠᠮᠠᠭᠠᠯᠠᠬᠤ ᠪᠠ ᠲᠠᠷᠢᠶᠠᠯᠠᠩ᠎ᠤᠨ ᠦᠢᠯᠡᠳᠪᠦᠷᠢᠯᠡᠯ᠎ᠳᠤ ᠠᠱᠢᠭ᠍ᠲᠠᠢ ᠪᠠᠢᠳᠠᠯ᠎ᠤᠨ ᠬᠡᠷᠡᠭ᠌ᠴᠡᠭᠡ ᠱᠠᠭᠠᠷᠳᠠᠯᠭ᠎ᠠ᠎ᠶ᠋ᠢ ᠪᠠᠭ᠍ᠲᠠᠭᠠᠨ᠎ᠠ᠃ ᠡᠭᠦᠨ᠎ᠤ ᠬᠠᠮᠲᠤ᠌᠂ ᠬᠠᠮᠠᠭᠠᠯᠠᠬᠤ ᠡᠭᠦᠷᠭᠡ᠎ᠶ᠋ᠢ ᠬᠤᠪᠢᠷᠠᠭᠤᠯᠬᠤ ᠦᠭᠡᠢ ᠪᠠᠢᠬᠤ ᠤᠷᠢᠲᠠᠯ ᠳᠣᠣᠷ᠎ᠠ᠂ ᠡᠯ᠎ᠡ ᠭᠠᠵᠠᠷ᠎ᠤᠨ᠎ᠬᠢᠨ ᠵᠢᠯ ᠪᠦᠷᠢ ᠤᠯᠤᠰ᠎ᠤᠨ ᠭᠠᠵᠠᠷ ᠰᠢᠷᠤᠢ᠎ᠶᠢᠨ ᠣᠷᠣᠨ ᠵᠠᠢ᠎ᠶ᠋ᠢᠨ ᠲᠥᠯᠥᠪᠵᠢᠭᠦᠯᠭᠡ᠎ᠶ᠋ᠢᠨ ᠪᠡᠶ᠎ᠡ᠎ᠶ᠋ᠢᠨ ᠪᠠᠢᠴᠠᠭᠠᠯᠲᠠ᠎ᠶ᠋ᠢᠨ ᠪᠠᠢᠳᠠᠯ᠎ᠲᠠᠢ ᠤᠶᠠᠯᠳᠤᠭᠤᠯᠵᠤ᠂ ᠡᠭᠦᠷᠢᠳᠡ᠎ᠶ᠋ᠢᠨ ᠦᠨᠳᠦᠰᠦᠨ ᠲᠠᠷᠢᠶᠠᠨ ᠭᠠᠵᠠᠷ᠎ᠤᠨ ᠪᠠᠢᠷᠢᠱᠢᠭᠤᠯᠤᠯᠲᠠ᠎ᠶ᠋ᠢ ᠬᠡᠰᠡᠭ ᠲᠠᠯ᠎ᠠ᠎ᠪᠠᠷ ᠱᠢᠯᠢᠳᠡᠭ᠌ᠵᠢᠭᠦᠯᠵᠦ᠍᠂ ᠲᠡᠭᠦᠨ᠎ᠤ ᠳᠣᠲᠣᠷᠠᠬᠢ ᠵᠦᠢ ᠵᠤᠬᠢᠰ ᠦᠭᠡᠢ ᠲᠠᠷᠢᠶᠠᠨ ᠭᠠᠵᠠᠷ᠎ᠢ ᠢᠯᠭᠠᠨ ᠲᠣᠭ᠍ᠲᠠᠭᠠᠬᠤ᠂ ᠬᠡᠰᠡᠭ ᠭᠠᠵᠠᠷ᠎ᠢ ᠤᠷᠳᠤ ᠬᠤᠭᠤᠴᠠᠭ᠎ᠠ᠎ᠪᠠᠷ ᠲᠣᠭ᠍ᠲᠠᠭᠤᠨ᠎ᠢᠶᠠᠷ ᠠᠱᠢᠭ᠍ᠯᠠᠬᠤ ᠵᠡᠷᠭᠡ᠎ᠶ᠋ᠢ ᠴᠠᠭ ᠲᠤᠬᠠᠢᠳᠤᠨᠢ ᠱᠢᠯᠵᠢᠭᠦᠯᠦᠨ ᠭᠠᠷᠭᠠᠵᠤ᠂ ᠴᠢᠨᠠᠷ ᠰᠠᠢᠲᠠᠢ ᠲᠠᠷᠢᠶᠠᠨ ᠭᠠᠵᠠᠷ ᠵᠡᠷᠭᠡ᠎ᠶ᠋ᠢ ᠴᠠᠭ ᠲᠤᠬᠠᠢᠳᠤᠨᠢ ᠱᠢᠯᠵᠢᠭᠦᠯᠦᠨ ᠣᠷᠣᠭᠤᠯᠬᠤ᠎ᠶ᠋ᠢ ᠵᠥᠪᠱᠢᠶᠡᠷᠡᠨ᠎ᠡ᠃
ᠬᠤᠪᠢᠶᠠᠷᠢᠯᠠᠨ ᠲᠣᠬᠢᠷᠠᠭᠤᠯᠬᠤ ᠱᠠᠭᠠᠷᠳᠠᠯᠭ᠎ᠠ᠎ᠶ᠋ᠢ ᠵᠢᠷᠤᠮᠵᠢᠭᠤᠯᠤᠨ ᠲᠣᠬᠢᠷᠠᠭᠤᠯᠵᠤ ᠂ ᠡᠭᠦᠷᠢᠳᠡ᠎ᠶ᠋ᠢᠨ ᠦᠨᠳᠦᠰᠦᠨ ᠲᠠᠷᠢᠶᠠᠨ ᠭᠠᠵᠠᠷ ᠢ ᠲᠣᠬᠢᠷᠠᠭᠤᠯᠬᠤ᠎ᠳᠠᠭᠠᠨ ᠵᠠᠷᠴᠢᠮ ᠳᠡᠭᠡᠷ᠎ᠡ᠎ᠪᠡᠨ ᠱᠢᠶᠠᠨ᠎ᠤ ᠬᠡᠪᠴᠢᠶᠡᠨ᠎ᠦ ᠳᠣᠲᠣᠷ᠎ᠠ᠎ᠪᠠᠨ ᠨᠢᠭᠡᠳᠦᠯᠲᠡᠶ ᠲᠥᠯᠥᠪᠯᠡᠨ ᠂ ᠱᠢᠶᠠᠨ᠎ᠤ ᠬᠡᠪᠴᠢᠶᠡᠨ᠎ᠦ ᠳᠣᠲᠣᠷ᠎ᠠ᠎ᠪᠠᠨ ᠦᠨᠡᠨᠬᠦ᠌ ᠨᠥᠬᠥᠪᠥᠷᠢᠯᠡᠨ ᠬᠤᠪᠢᠶᠠᠷᠢᠯᠠᠬᠤ᠎ᠶ᠋ᠢᠨ ᠠᠷᠭ᠎ᠠ ᠦᠭᠡᠶ ᠪᠣᠯ ᠂ ᠡᠯ᠎ᠡ ᠮᠤᠵᠢ᠎ᠶ᠋ᠢᠨ ᠲᠣᠭ᠍ᠲᠠᠭᠠᠯ ᠶᠣᠰᠣᠭᠠᠷ ᠨᠢᠭᠡᠳᠦᠯᠲᠡᠶ ᠲᠥᠯᠥᠪᠯᠡᠬᠦ᠌᠎ᠶ᠋ᠢ ᠰᠠᠢᠲᠤᠷ ᠬᠢᠬᠦ᠌ ᠬᠡᠷᠡᠭ᠌ᠲᠡᠶ ᠃ ᠬᠠᠮᠲᠤ᠎ᠶ᠋ᠢᠨ ᠠᠵᠤ ᠠᠬᠤᠶ᠎ᠶ᠋ᠢᠨ ᠵᠣᠬᠢᠶᠠᠨ ᠪᠠᠢᠭᠤᠯᠤᠯᠲᠠ᠎ᠶ᠋ᠢᠨ ᠢᠵᠢ ᠪᠦᠷᠢᠳᠦᠭᠦᠯᠬᠦ᠌ ᠪᠡᠯᠡᠳᠭᠡᠮᠵᠢ᠎ᠶ᠋ᠢᠨ ᠪᠦᠲᠦᠭᠡᠨ ᠪᠠᠢᠭᠤᠯᠤᠯᠲᠠ᠂ ᠱᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠠᠮᠢᠶ᠎ᠠ ᠪᠦᠬᠦᠢ ᠰᠠᠯᠠᠭ᠎ᠠ ᠮᠥᠴᠢᠷ᠎ᠤᠳ ᠣᠨ᠎ᠤ ᠦᠨᠡᠯᠡᠨ ᠵᠢᠱ᠌ᠢᠵᠦ᠍ ᠲᠣᠬᠢᠷᠠᠭᠤᠯᠤᠯᠲᠠ ᠬᠢᠭ᠌ᠰᠡᠨ ᠪᠠᠢᠪᠠᠯ᠂ ᠬᠠᠷᠢᠶ᠎ᠠ ᠣᠷᠣᠨ᠎ᠤ᠎ᠪᠠᠨ ᠳᠣᠲᠣᠷᠠᠬᠢ ᠲᠠᠷᠢᠶᠠᠨ ᠭᠠᠵᠠᠷ᠎ᠤᠨ ᠪᠡᠯᠡᠳᠭᠡᠯ ᠡᠬᠢ ᠪᠠᠶᠠᠯᠢᠭ᠎ᠤᠨ ᠪᠠᠢᠳᠠᠯ᠎ᠢ ᠴᠢᠬᠤᠯᠠ ᠯᠠᠪᠯᠠᠯᠲᠠ ᠪᠣᠯᠭᠠᠵᠤ᠂ ᠡᠭᠦᠷᠢᠳᠡ᠎ᠶ᠋ᠢᠨ ᠦᠨᠳᠦᠰᠦᠨ ᠲᠠᠷᠢᠶᠠᠨ ᠭᠠᠵᠠᠷ᠎ᠤᠨ ᠨᠥᠭᠡᠴᠡ᠎ᠶ᠋ᠢᠨ ᠣᠷᠣᠨ᠎ᠤ ᠳᠣᠲᠣᠷᠠᠬᠢ ᠲᠠᠷᠢᠶᠠᠨ ᠭᠠᠵᠠᠷ᠎ᠢ ᠡᠭᠦᠷᠢᠳᠡ᠎ᠶ᠋ᠢᠨ ᠦᠨᠳᠦᠰᠦᠨ ᠲᠠᠷᠢᠶᠠᠨ ᠭᠠᠵᠠᠷ᠎ᠤᠨ ᠬᠠᠮᠠᠭᠠᠯᠠᠯᠲᠠ᠎ᠶ᠋ᠢᠨ ᠡᠭᠦᠷᠭᠡ᠎ᠶ᠋ᠢᠨ 1% ᠶ᠋ᠢᠨ ᠬᠠᠷᠢᠴᠠᠯ᠎ᠠᠴᠠ ᠬᠡᠲᠦᠷᠡᠭᠦᠯᠬᠦ᠌ᠶ᠋ᠢ ᠱᠠᠭᠠᠷᠳᠠᠭ᠍ᠰᠠᠨ ᠪᠠᠢᠪᠠᠯ᠂ ᠰᠠᠶᠢ ᠡᠬᠢᠯᠡᠭᠦᠯᠦᠨ ᠲᠣᠬᠢᠷᠠᠭᠤᠯᠵᠤ ᠪᠣᠯᠤᠨ᠎ᠠ᠃
ᠲᠣᠬᠢᠷᠠᠭᠤᠯᠬᠤ ᠳᠡᠰ ᠳᠠᠷᠠᠭᠠᠯᠠᠯ᠎ᠢ ᠪᠠᠢᠭᠤᠯᠵᠤ᠂ ᠦᠨᠡᠨ ᠬᠦ᠌ ᠡᠭᠦᠷᠢᠳᠡ᠎ᠶ᠋ᠢᠨ ᠦᠨᠳᠦᠰᠦᠨ ᠲᠠᠷᠢᠶᠠᠨ ᠭᠠᠵᠠᠷ᠎ᠤᠨ ᠪᠠᠢᠷᠢᠱᠢᠯ᠎ᠢ ᠱᠢᠯᠢᠳᠡᠭ᠌ᠵᠢᠭᠦᠯᠦᠨ ᠲᠣᠬᠢᠷᠠᠭᠤᠯᠬᠤ ᠴᠢᠬᠤᠯᠠᠲᠠᠶ ᠪᠠᠢᠪᠠᠯ᠂ ᠱᠢᠶᠠᠨ᠎ᠤ ᠱᠠᠲᠤᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠲᠠᠷᠢᠶᠠᠯᠠᠩ ᠬᠥᠳᠡᠭᠡ ᠲᠣᠰᠭᠤᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠠᠢ ᠬᠠᠮᠲᠤᠷᠠᠨ ᠡᠭᠦᠷᠢᠳᠡ᠎ᠶ᠋ᠢᠨ ᠦᠨᠳᠦᠰᠦᠨ ᠲᠠᠷᠢᠶᠠᠨ ᠭᠠᠵᠠᠷ᠎ᠢ ᠳᠣᠭᠢᠷᠠᠭᠤᠯᠤᠨ ᠨᠥᠬᠦᠵᠦ᠍ ᠬᠤᠪᠢᠶᠠᠷᠢᠯᠠᠬᠤ ᠲᠥᠰᠦᠯ᠎ᠢ ᠲᠤᠭᠤᠷᠪᠢᠨ ᠲᠣᠭ᠍ᠲᠠᠭᠠᠵᠤ᠂ ᠮᠤᠵᠢ᠎ᠶ᠋ᠢᠨ ᠱᠠᠲᠤᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠲᠠᠷᠢᠶᠠᠯᠠᠩ ᠬᠥᠳᠡᠭᠡ ᠲᠣᠰᠭᠤᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠲᠣᠭ᠍ᠲᠠᠭᠠᠯ ᠶᠣᠰᠣᠭᠠᠷ ᠬᠢᠨᠠᠨ ᠬᠠᠷᠭᠤᠭᠤᠯᠵᠤ ᠳᠠᠩᠰᠠᠯᠠᠭ᠍ᠰᠠᠨ᠎ᠤ ᠳᠠᠷᠠᠭ᠎ᠠ᠂ ᠪᠠᠢᠭᠠᠯᠢ᠎ᠶ᠋ᠢᠨ ᠡᠬᠢ ᠪᠠᠶᠠᠯᠢᠭ᠎ᠤᠨ ᠶᠠᠮᠤᠨ᠎ᠤ ᠡᠭᠦᠷᠢᠳᠡ᠎ᠶ᠋ᠢᠨ ᠦᠨᠳᠦᠰᠦᠨ ᠲᠠᠷᠢᠶᠠᠨ ᠭᠠᠵᠠᠷ᠎ᠤᠨ ᠲᠤᠭ᠎ᠠ ᠪᠠᠷᠢᠮᠲᠠ᠎ᠶ᠋ᠢᠨ ᠬᠥᠮᠥᠷᠭᠡ᠎ᠶ᠋ᠢ ᠱᠢᠨᠡᠳᠭᠡᠨ᠎ᠡ᠃
ᠭᠤᠷᠪᠠ᠎ᠳᠤ᠂ ᠤᠯᠤᠰ᠎ᠤᠨ ᠭᠣᠤᠯᠳᠠᠯᠭ᠎ᠠ᠎ᠲᠠᠶ ᠪᠦᠲᠦᠭᠡᠨ ᠪᠠᠢᠭᠤᠯᠤᠯᠲᠠ᠎ᠶ᠋ᠢᠨ ᠲᠥᠷᠥᠯ ᠵᠦᠢᠯ᠎ᠳᠦ ᠡᠭᠦᠷᠢᠳᠡ᠎ᠶ᠋ᠢᠨ ᠦᠨᠳᠦᠰᠦᠨ ᠲᠠᠷᠢᠶᠠᠨ ᠭᠠᠵᠠᠷ ᠢ ᠡᠵᠡᠯᠡᠬᠦ᠌ ᠪᠣᠳᠠᠲᠠᠶ ᠳᠦᠷᠢᠮ ᠢ ᠲᠡᠭᠦᠯᠳᠡᠷᠵᠢᠭᠦᠯᠬᠦ᠌ ᠬᠡᠷᠡᠭ᠌ᠲᠡᠶ ᠃ 《ᠠᠷᠭ᠎ᠠ》 ᠨᠢ ᠭᠠᠵᠠᠷ ᠱᠢᠷᠣᠶ᠎ᠶ᠋ᠢᠨ ᠬᠠᠮᠢᠶᠠᠷᠤᠯᠲᠠ᠎ᠶ᠋ᠢᠨ ᠬᠠᠤᠯᠢ᠎ᠶ᠋ᠢᠨ ᠲᠣᠭ᠍ᠲᠠᠭᠠᠯ᠎ᠢ ᠴᠢᠩᠭ᠎ᠠ ᠨᠠᠢᠳᠠᠪᠤᠷᠢᠵᠢᠭᠤᠯᠵᠤ᠂ ᠤᠯᠤᠰ᠎ᠤᠨ ᠬᠤᠯᠪᠣᠭ᠍ᠳᠠᠯ ᠪᠥᠬᠦᠶ ᠲᠥᠷᠥ᠎ᠶ᠋ᠢᠨ ᠪᠣᠳᠣᠯᠭ᠎ᠠ ᠪᠠ ᠬᠠᠮᠢᠶᠠᠷᠤᠯᠲᠠ ᠦᠢᠯᠡᠳᠦᠯᠭᠡ᠎ᠶ᠋ᠢᠨ ᠬᠡᠷᠡᠭ᠌ᠴᠡᠭᠡ ᠱᠠᠭᠠᠷᠳᠠᠯᠭ᠎ᠠ᠎ᠲᠠᠢ ᠤᠶᠠᠯᠳᠤᠭᠤᠯᠤᠨ᠂ ᠡᠭᠦᠷᠢᠳᠡ᠎ᠶ᠋ᠢᠨ ᠦᠨᠳᠦᠰᠦᠨ ᠲᠠᠷᠢᠶᠠᠨ ᠭᠠᠵᠠᠷ᠎ᠢ ᠦᠨᠡᠨ ᠬᠦ᠌ ᠡᠵᠡᠯᠡᠨ ᠬᠡᠷᠡᠭ᠌ᠯᠡᠬᠦ᠌ ᠴᠢᠬᠤᠯᠠᠲᠠᠶ ᠪᠠᠢᠪᠠᠯ᠂ ᠦᠨᠡᠨ ᠬᠦ᠌ ᠡᠭᠦᠷᠢᠳᠡ᠎ᠶ᠋ᠢᠨ ᠦᠨᠳᠦᠰᠦᠨ ᠲᠠᠷᠢᠶᠠᠨ ᠭᠠᠵᠠᠷ᠎ᠤᠨ ᠭᠤᠤᠯᠳᠠᠯᠭ᠎ᠠ᠎ᠲᠠᠢ ᠪᠥᠲᠥᠭᠡᠨ ᠪᠠᠢᠭᠤᠯᠤᠯᠲᠠ᠎ᠶ᠋ᠢᠨ ᠲᠥᠷᠥᠯ ᠵᠦᠢᠯ᠎ᠤᠨ ᠬᠡᠪᠴᠢᠶ᠎ᠡ᠎ᠶ᠋ᠢ ᠨᠠᠷᠢᠯᠢᠬ᠍ᠵᠢᠭᠤᠯᠵᠤ᠂ ᠠᠵᠤ ᠠᠬᠤᠶ᠎ᠶ᠋ᠢᠨ ᠬᠥᠭ᠌ᠵᠢᠯᠲᠡ᠎ᠶ᠋ᠢᠨ ᠵᠦᠶ ᠵᠣᠬᠢᠰᠲᠠᠶ ᠬᠡᠷᠡᠭ᠌ᠴᠡᠭᠡ ᠱᠠᠭᠠᠷᠳᠠᠯᠭ᠎ᠠ᠎ᠶ᠋ᠢ ᠪᠠᠲᠤᠯᠠᠪᠠ᠃ ᠡᠭᠦᠨ᠎ᠳᠤ ᠭᠤᠣᠯᠳᠠᠭᠤ᠄ ᠨᠠᠮ᠎ᠤᠨ ᠲᠥᠪ ᠬᠤᠷᠢᠶ᠎ᠠ᠂ ᠲᠥᠷᠥ᠎ᠶ᠋ᠢᠨ ᠶᠠᠪᠤᠳᠠᠯ᠎ᠤᠨ ᠬᠤᠷᠢᠶ᠎ᠠ᠎ᠠᠴᠠ ᠲᠣᠳᠣᠷᠬᠠᠢ ᠳᠡᠮᠵᠢᠵᠦ᠍ ᠪᠠᠢᠭ᠎ᠠ ᠴᠢᠬᠤᠯᠠ ᠶᠡᠭᠡ ᠪᠦᠲᠦᠭᠡᠨ ᠪᠠᠢᠭᠤᠯᠤᠯᠲᠠ᠎ᠶ᠋ᠢᠨ ᠲᠥᠷᠥᠯ ᠵᠦᠢᠯ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ ᠵᠢᠴᠢ ᠬᠤᠯᠪᠣᠭ᠍ᠳᠠᠯ ᠪᠦᠬᠦᠢ ᠰᠠᠯᠠᠭ᠎ᠠ ᠮᠥᠴᠢᠷ᠎ᠢᠶᠠᠷ ᠵᠥᠪᠱᠢᠶᠡᠷᠡᠭᠦᠯᠦᠭ᠌ᠰᠡᠨ ᠴᠡᠷᠢᠭ᠎ᠤᠨ ᠶᠠᠪᠤᠳᠠᠯ᠎ᠤᠨ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠲᠥᠷᠥᠯ᠎ᠤᠨ ᠲᠥᠷᠥᠯ ᠵᠦᠢᠯ᠂ ᠲᠥᠷᠥ᠎ᠶ᠋ᠢᠨ ᠶᠠᠪᠤᠳᠠᠯ᠎ᠤᠨ ᠬᠤᠷᠢᠶ᠎ᠠ᠎ᠪᠠᠷ ᠵᠥᠪᠱᠢᠶᠡᠷᠡᠭᠦᠯᠦᠭᠡᠳ ᠲᠤᠬᠠᠢ᠎ᠶ᠋ᠢᠨ ᠭᠠᠵᠠᠷ᠎ᠲᠤᠨᠢ ᠪᠠᠢᠭᠤᠯᠬᠤ ᠴᠢᠬᠤᠯᠠᠲᠠᠢ ᠪᠠᠭᠤᠷᠢ᠎ᠶ᠋ᠢᠨ ᠬᠠᠮᠠᠭᠠᠯᠠᠯᠲᠠ᠎ᠶ᠋ᠢᠨ ᠲᠥᠷᠥᠯ ᠵᠦᠢᠯ᠎ᠢ ᠲᠥᠷᠥ᠎ᠶ᠋ᠢᠨ ᠶᠠᠪᠤᠳᠠᠯ᠎ᠤᠨ ᠬᠤᠷᠢᠶ᠎ᠠ᠎ᠶ᠋ᠢᠨ ᠪᠡᠯᠡ ᠣᠷᠣᠭᠤᠯᠤᠯᠲᠠ᠎ᠶ᠋ᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠴᠢᠬᠤᠯᠠ ᠶᠡᠭᠡ ᠲᠥᠷᠥᠯ ᠵᠦᠢᠯ᠎ᠤᠨ ᠨᠠᠷᠢᠨ ᠬᠠᠭᠤᠳᠠᠰᠤ᠎ᠳᠤ ᠣᠷᠣᠭᠤᠯᠤᠭ᠍ᠰᠠᠨ ᠭᠠᠵᠠᠷ ᠬᠡᠷᠡᠭ᠌ᠯᠡᠬᠦ᠌ ᠲᠥᠷᠥᠯ ᠵᠦᠢᠯ᠎ᠢ ᠲᠥᠷᠥ᠎ᠶ᠋ᠢᠨ ᠶᠠᠪᠤᠳᠠᠯ᠎ᠤᠨ ᠬᠤᠷᠢᠶ᠎ᠠ᠎ᠶ᠋ᠢᠨ ᠤᠯᠤᠰ᠎ᠤᠨ ᠭᠠᠵᠠᠷ ᠱᠢᠷᠣᠢ᠎ᠶ᠋ᠢᠨ ᠣᠷᠣᠨ ᠵᠠᠢ᠎ᠶ᠋ᠢᠨ ᠲᠥᠯᠥᠪᠵᠢᠭᠦᠯᠭᠡ᠎ᠶ᠋ᠢ ᠬᠢᠨᠠᠨ ᠵᠥᠪᠱᠢᠶᠡᠷᠡᠭ᠌ᠰᠡᠨ ᠨᠢᠰᠭᠡᠯ᠎ᠤᠨ ᠪᠠᠭᠤᠳᠠᠯ᠂ ᠲᠡᠮᠦᠷ ᠵᠠᠮ᠂ ᠵᠠᠰᠠᠮᠠᠯ ᠵᠠᠮ᠂ ᠤᠰᠤᠨ ᠲᠡᠭᠡᠭᠡᠪᠦᠷᠢ᠂ ᠡᠨᠧᠷᠭᠢ᠂ ᠤᠰᠤᠨ ᠠᠱᠢᠭ᠍ᠯᠠᠯᠲᠠ ᠵᠡᠷᠭᠡ ᠰᠠᠭᠤᠷᠢ ᠪᠡᠯᠡᠳᠭᠡᠮᠵᠢ᠎ᠶ᠋ᠢᠨ ᠲᠥᠷᠥᠯ ᠵᠦᠢᠯ᠎ᠢ ᠲᠥᠷᠥ᠎ᠶ᠋ᠢᠨ ᠶᠠᠪᠤᠳᠠᠯ᠎ᠤᠨ ᠬᠤᠷᠢᠶ᠎ᠠ᠎ᠶ᠋ᠢᠨ ᠬᠢᠨᠠᠨ ᠵᠥᠪᠱᠢᠶᠡᠷᠡᠬᠦ᠌᠎ᠳᠤ ᠣᠷᠣᠭᠤᠯᠵᠠᠢ᠃ ᠡᠭᠦᠨ᠎ᠤ ᠬᠠᠮᠲᠤ᠌᠂ ᠠᠭᠤᠷᠬᠠᠶ᠎ᠶ᠋ᠢᠨ ᠦᠢᠯᠡᠰ᠎ᠤᠨ ᠬᠡᠷᠡᠭ᠌ᠯᠡᠬᠦ᠌ ᠭᠠᠵᠠᠷ᠎ᠤᠨ ᠬᠡᠷᠡᠭ᠌ᠴᠡᠭᠡ ᠱᠠᠭᠠᠷᠳᠠᠯᠭ᠎ᠠ᠎ᠳᠤ ᠴᠢᠭ᠌ᠯᠡᠭᠦᠯᠦᠨ᠂ ᠪᠥᠬᠦ᠌ ᠤᠯᠤᠰ᠎ᠤᠨ ᠠᠭᠤᠷᠬᠠᠶ᠎ᠶ᠋ᠢᠨ ᠭᠠᠷᠤᠯᠲᠠ᠎ᠶ᠋ᠢᠨ ᠡᠬᠢ ᠪᠠᠶᠠᠯᠢᠭ᠎ᠤᠨ ᠲᠥᠯᠥᠪᠵᠢᠭᠦᠯᠭᠡ᠎ᠳᠤ ᠲᠣᠳᠣᠷᠬᠠᠶ ᠪᠠᠢᠯᠳᠤᠬᠤ ᠪᠣᠳᠣᠯᠭ᠎ᠠ᠎ᠶ᠋ᠢᠨ ᠴᠢᠨᠠᠷᠲᠠᠶ ᠠᠭᠤᠷᠬᠠᠶ᠎ᠶ᠋ᠢᠨ ᠭᠠᠷᠤᠯᠲᠠ᠂ ᠵᠢᠴᠢ ᠭᠠᠵᠠᠷ᠎ᠤᠨ ᠢᠯᠴᠢ᠂ ᠷᠠᠱᠢᠶᠠᠨ ᠤᠰᠤ ᠵᠡᠷᠭᠡ᠎ᠳᠤ ᠡᠭᠦᠷᠢᠳᠡ᠎ᠶ᠋ᠢᠨ ᠦᠨᠳᠦᠰᠦᠨ ᠲᠠᠷᠢᠶᠠᠨ ᠭᠠᠵᠠᠷ᠎ᠤᠨ ᠡᠪᠳᠡᠭ᠌ᠳᠡᠭ᠌ᠰᠡᠨ ᠥᠬᠡᠶ ᠪᠠᠢᠯᠳᠤᠬᠤ ᠪᠣᠳᠣᠯᠭ᠎ᠠ᠎ᠶ᠋ᠢᠨ ᠪᠤᠰᠤ ᠠᠭᠤᠷᠬᠠᠶ᠎ᠶ᠋ᠢᠨ ᠭᠠᠷᠤᠯᠲᠠ᠎ᠶ᠋ᠢ ᠤᠴᠠᠷᠠᠭᠤᠯᠬᠤ ᠥᠬᠡᠶ ᠪᠠᠢᠵᠤ᠂ ᠡᠭᠦᠷᠢᠳᠡ᠎ᠶ᠋ᠢᠨ ᠦᠨᠳᠦᠰᠦᠨ ᠲᠠᠷᠢᠶᠠᠨ ᠭᠠᠵᠠᠷ᠎ᠲᠤ ᠠᠭᠤᠷᠬᠠᠶ᠎ᠶ᠋ᠢᠨ ᠦᠢᠯᠡᠰ᠎ᠤᠨ ᠡᠷᠬᠡ ᠭᠠᠷᠭᠠᠬᠤ᠎ᠶ᠋ᠢ ᠵᠥᠪᠱᠢᠶᠡᠷᠡᠨ᠎ᠡ᠃
ᠡᠭᠦᠨ᠎ᠠᠴᠠ ᠭᠠᠳᠠᠨ᠎ᠠ᠂ ᠨᠠᠮ᠎ᠤᠨ ᠲᠥᠪ ᠬᠤᠷᠢᠶ᠎ᠠ᠂ ᠲᠥᠷᠥ᠎ᠶ᠋ᠢᠨ ᠶᠠᠪᠤᠳᠠᠯ᠎ᠤᠨ ᠬᠤᠷᠢᠶ᠎ᠠ᠎ᠠᠴᠠ ᠵᠥᠪᠱᠢᠶᠡᠷᠡᠵᠦ᠍ ᠪᠠᠢᠭᠤᠯᠤᠭ᠍ᠰᠠᠨ ᠪᠠᠢᠯᠳᠤᠬᠤ ᠪᠣᠳᠣᠯᠭ᠎ᠠ᠎ᠶ᠋ᠢᠨ ᠡᠭᠦᠷᠭᠡ᠎ᠶ᠋ᠢ ᠡᠭᠦᠷᠭᠡᠯᠡᠬᠦ᠌ ᠴᠢᠬᠤᠯᠠ ᠴᠢᠳᠠᠮᠵᠢ᠎ᠶ᠋ᠢᠨ ᠲᠠᠪᠴᠠᠩ᠂ ᠴᠢᠬᠤᠯᠠ ᠶᠡᠭᠡ ᠠᠮᠢ ᠠᠬᠤᠶ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠲᠥᠷᠥᠯ ᠵᠦᠢᠯ᠎ᠳᠤ ᠴᠢᠭ᠌ᠯᠡᠭᠦᠯᠦᠨ᠂ ᠠᠷᠠᠳ ᠣᠯᠠᠨ᠎ᠤ ᠠᠮᠢ ᠨᠠᠰᠤ ᠡᠳ᠋ ᠬᠥᠷᠥᠩᠭᠡ᠎ᠶ᠋ᠢᠨ ᠠᠮᠤᠷ ᠲᠦᠪᠱᠢᠨ᠎ᠤ ᠬᠡᠷᠡᠭ᠌ᠵᠢᠭᠦᠯᠦᠯᠲᠡ᠎ᠶ᠋ᠢ ᠪᠠᠲᠤᠯᠠᠬᠤ᠎ᠶ᠋ᠢᠨ ᠲᠥᠯᠥᠭᠡ᠂ ᠵᠣᠬᠢᠬᠤ ᠣᠷᠣᠨ ᠪᠦᠰᠡ᠎ᠶ᠋ᠢᠨ ᠬᠡᠪᠴᠢᠶᠡᠨ ᠳᠣᠲᠣᠷ᠎ᠠ ᠡᠭᠦᠷᠢᠳᠡ᠎ᠶ᠋ᠢᠨ ᠦᠨᠳᠦᠰᠦᠨ ᠲᠠᠷᠢᠶᠠᠨ ᠭᠠᠵᠠᠷ᠎ᠤᠨ ᠬᠠᠮᠠᠭᠠᠯᠠᠯᠲᠠ᠎ᠶ᠋ᠢᠨ ᠤᠯᠠᠭᠠᠨ ᠱᠤᠭᠤᠮ᠎ᠢ ᠨᠢᠭᠡᠳᠦᠯᠲᠡᠶ ᠲᠥᠯᠥᠪᠯᠡᠨ ᠳᠣᠭᠢᠷᠠᠭᠤᠯᠬᠤ ᠴᠢᠬᠤᠯᠠᠲᠠᠶ ᠪᠠᠢᠪᠠᠯ᠂ ᠮᠤᠵᠢ᠎ᠶ᠋ᠢᠨ ᠱᠠᠲᠤᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠲᠠᠷᠢᠶᠠᠯᠠᠩ ᠬᠥᠳᠡᠭᠡ ᠲᠣᠰᠭᠤᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠠᠢ ᠬᠠᠮᠲᠤᠷᠠᠨ ᠡᠭᠦᠷᠢᠳᠡ᠎ᠶ᠋ᠢᠨ ᠦᠨᠳᠦᠰᠦᠨ ᠲᠠᠷᠢᠶᠠᠨ ᠭᠠᠵᠠᠷ᠎ᠲᠤ ᠲᠣᠬᠢᠷᠠᠭᠤᠯᠤᠯᠲᠠ ᠬᠢᠵᠦ᠍ ᠨᠥᠬᠦᠵᠦ᠍ ᠬᠤᠪᠢᠶᠠᠷᠢᠯᠠᠬᠤ ᠲᠥᠰᠦᠯ᠎ᠢ ᠲᠣᠭ᠍ᠲᠠᠭᠠᠵᠤ᠂ ᠬᠤᠯᠪᠣᠭ᠍ᠳᠠᠯ ᠪᠥᠬᠦᠶ ᠲᠠᠰ ᠳᠠᠷᠠᠭᠠᠯᠠᠯ᠎ᠤᠨ ᠶᠣᠰᠣᠭᠠᠷ ᠲᠥᠷᠥ᠎ᠶ᠋ᠢᠨ ᠶᠠᠪᠤᠳᠠᠯ᠎ᠤᠨ ᠬᠤᠷᠢᠶ᠎ᠠ᠎ᠳᠤ ᠮᠡᠳᠡᠭᠦᠯᠦᠨ ᠵᠥᠪᠱᠢᠶᠡᠷᠡᠭᠦᠯᠦᠭ᠌ᠰᠡᠨ᠎ᠤ ᠳᠠᠷᠠᠭ᠎ᠠ ᠲᠣᠬᠢᠷᠠᠭᠤᠯᠤᠯᠲᠠ ᠬᠢᠨ᠎ᠠ᠃
ᠳᠥᠷᠪᠡ᠎ᠳᠤ᠂ ᠡᠭᠦᠷᠢᠳᠡ᠎ᠶ᠋ᠢᠨ ᠦᠨᠳᠦᠰᠦᠨ ᠲᠠᠷᠢᠶᠠᠨ ᠭᠠᠵᠠᠷ᠎ᠢ ᠬᠤᠪᠢᠶᠠᠷᠢᠯᠠᠨ ᠲᠣᠭ᠍ᠲᠠᠭᠠᠵᠤ ᠠᠯᠳᠠᠭ᠎ᠠ ᠪᠤᠷᠤᠭᠤ᠎ᠶ᠋ᠢ ᠵᠠᠯᠠᠷᠠᠭᠤᠯᠬᠤ ᠲᠣᠭ᠍ᠲᠠᠴᠠ᠎ᠶ᠋ᠢ ᠪᠠᠢᠭᠤᠯᠤᠨ᠎ᠠ᠃ 《ᠠᠷᠭ᠎ᠠ》 ᠳᠤ᠂ ᠮᠡᠷᠭᠡᠵᠢᠯ᠎ᠤᠨ ᠠᠯᠳᠠᠭ᠎ᠠ ᠵᠡᠷᠭᠡ ᠱᠢᠯᠲᠠᠭᠠᠨ᠎ᠠᠴᠠ ᠪᠣᠯᠵᠣ ᠬᠤᠪᠢᠶᠠᠷᠢᠯᠠᠨ ᠲᠣᠭ᠍ᠲᠠᠭᠠᠬᠤ ᠱᠠᠭᠠᠷᠳᠠᠯᠭ᠎ᠠ᠎ᠳᠤ ᠨᠡᠢᠴᠡᠬᠦ᠌ ᠥᠬᠡᠶ ᠭᠠᠵᠠᠷ᠎ᠢ ᠡᠭᠦᠷᠢᠳᠡ᠎ᠶ᠋ᠢᠨ ᠦᠨᠳᠦᠰᠦᠨ ᠲᠠᠷᠢᠶᠠᠨ ᠭᠠᠵᠠᠷ᠎ᠲᠤ ᠠᠳᠡᠭᠦᠦ ᠬᠤᠪᠢᠶᠠᠷᠢᠯᠠᠭ᠍ᠰᠠᠨ ᠪᠠᠢᠪᠠᠯ᠂ ᠱᠢᠶᠠᠨ᠎ᠤ ᠱᠠᠲᠤᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠲᠠᠷᠢᠶᠠᠯᠠᠩ ᠬᠥᠳᠡᠭᠡ ᠲᠣᠰᠭᠤᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠠᠢ ᠬᠠᠮᠲᠤᠷᠠᠨ ᠮᠠᠭᠠᠳᠯᠠᠨ ᠲᠣᠭ᠍ᠲᠠᠭᠠᠵᠤ᠂ ᠮᠤᠵᠢ᠎ᠶ᠋ᠢᠨ ᠱᠠᠲᠤᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠢᠶᠠᠷ ᠬᠢᠨᠠᠨ ᠬᠠᠷᠭᠤᠭᠤᠯᠵᠤ ᠵᠥᠪᠱᠢᠶᠡᠷᠡᠭᠦᠯᠦᠭ᠌ᠰᠡᠨ᠎ᠤ ᠳᠠᠷᠠᠭ᠎ᠠ᠂ ᠪᠠᠢᠭᠠᠯᠢ᠎ᠶ᠋ᠢᠨ ᠡᠬᠢ ᠪᠠᠶᠠᠯᠢᠭ᠎ᠤᠨ ᠶᠠᠮᠤᠨ᠎ᠳᠤ ᠮᠡᠳᠡᠭᠦᠯᠵᠦ᠍ ᠡᠭᠦᠷᠢᠳᠡ᠎ᠶ᠋ᠢᠨ ᠦᠨᠳᠦᠰᠦᠨ ᠲᠠᠷᠢᠶᠠᠨ ᠭᠠᠵᠠᠷ᠎ᠤᠨ ᠲᠤᠭ᠎ᠠ ᠪᠠᠷᠢᠮᠲᠠ᠎ᠶ᠋ᠢᠨ ᠬᠥᠮᠥᠷᠭᠡ᠎ᠶ᠋ᠢ ᠱᠢᠨᠡᠳᠭᠡᠬᠦ᠌ ᠬᠡᠷᠡᠭ᠌ᠲᠡᠶ ᠭᠡᠵᠦ᠍ ᠲᠣᠳᠣᠷᠬᠠᠶ ᠲᠣᠭ᠍ᠲᠠᠭᠠᠵᠠᠶ᠃ ᠨᠥᠬᠥᠪᠥᠷᠢᠯᠡᠨ ᠬᠤᠪᠢᠶᠠᠷᠢᠯᠠᠬᠤ᠎ᠲᠠᠶ ᠬᠣᠯᠪᠣᠭ᠍ᠳᠠᠪᠠᠯ ᠂ ᠱᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠣᠨ᠎ᠤ ᠦᠨᠡᠯᠡᠨ ᠵᠢᠱ᠌ᠢᠯᠲᠡ᠎ᠶ᠋ᠢᠨ ᠳᠤᠮᠳᠠ ᠨᠢᠭᠡᠳᠦᠯᠲᠡᠶ ᠲᠥᠯᠥᠪᠯᠡᠨ ᠨᠠᠢᠳᠠᠪᠤᠷᠢᠵᠢᠭᠤᠯᠬᠤ ᠬᠡᠷᠡᠭ᠌ᠲᠡᠶ ᠃
ᠲᠤᠭᠤᠰᠢᠯᠠᠭᠤᠯᠤᠨ ᠨᠠᠢᠳᠠᠪᠤᠷᠢᠵᠢᠭᠤᠯᠬᠤ᠎ᠶ᠋ᠢ ᠬᠡᠷᠬᠢᠨ ᠰᠠᠢᠲᠤᠷ ᠠᠳᠭᠤᠬᠤ ᠪᠤᠢ?
《ᠠᠷᠭ᠎ᠠ》 ᠪᠣᠯ ᠲᠠᠷᠢᠶᠠᠨ ᠭᠠᠵᠠᠷ᠎ᠤᠨ ᠬᠠᠮᠠᠭᠠᠯᠠᠯᠲᠠ᠎ᠶ᠋ᠢᠨ ᠬᠠᠤᠯᠢ᠎ᠪᠠᠷ ᠵᠠᠰᠠᠬᠤ ᠱᠢᠰᠲ᠋ᠧᠮ᠎ᠢ ᠬᠠᠮᠠᠭᠠᠯᠠᠬᠤ ᠴᠢᠬᠤᠯᠠ ᠪᠦᠷᠢᠯᠳᠦᠬᠦᠨ ᠬᠡᠰᠡᠭ ᠮᠥᠨ᠂ ᠡᠭᠦᠷᠢᠳᠡ᠎ᠶ᠋ᠢᠨ ᠦᠨᠳᠦᠰᠦᠨ ᠲᠠᠷᠢᠶᠠᠨ ᠭᠠᠵᠠᠷ᠎ᠢ ᠬᠠᠮᠠᠭᠠᠯᠠᠬᠤ ᠠᠵᠢᠯ᠎ᠤᠨ ᠲᠦᠷᠢᠮ᠎ᠤᠨ ᠵᠢᠷᠤᠮᠯᠠᠯ ᠮᠥᠨ᠃ ᠡᠯ᠎ᠡ ᠱᠠᠲᠤᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ 《ᠠᠷᠭ᠎ᠠ》 ᠶ᠋ᠢ ᠲᠤᠭᠤᠰᠢᠯᠠᠭᠤᠯᠤᠨ ᠬᠡᠷᠡᠭ᠌ᠵᠢᠭᠦᠯᠬᠦ᠌ ᠠᠵᠢᠯ᠎ᠢ ᠴᠢᠩᠭ᠎ᠠ ᠪᠥᠭᠡᠳ ᠪᠣᠳᠠᠲᠠᠶ ᠠᠳᠭᠤᠬᠤ ᠬᠡᠷᠡᠭ᠌ᠲᠡᠶ᠃
ᠨᠢᠭᠡ᠎ᠳᠤ᠂ ᠰᠤᠷᠤᠯᠴᠠᠯᠭ᠎ᠠ ᠤᠬᠠᠭᠤᠯᠭ᠎ᠠ᠎ᠶ᠋ᠢ ᠴᠢᠩᠭᠠᠳᠭᠠᠨ᠎ᠠ᠃ ᠡᠭᠦᠷᠢᠳᠡ᠎ᠶ᠋ᠢᠨ ᠦᠨᠳᠦᠰᠦᠨ ᠲᠠᠷᠢᠶᠠᠨ ᠭᠠᠵᠠᠷ᠎ᠢ ᠬᠠᠮᠠᠭᠠᠯᠠᠬᠤ ᠪᠣᠯ ᠲᠠᠷᠢᠶᠠᠨ ᠭᠠᠵᠠᠷ᠎ᠢ ᠬᠠᠮᠠᠭᠠᠯᠠᠬᠤ 《ᠤᠯᠤᠰ᠎ᠤᠨ ᠶᠡᠭᠡ ᠶᠠᠪᠤᠳᠠᠯ》 ᠲᠠᠢ ᠬᠤᠯᠪᠣᠭ᠍ᠳᠠᠬᠤ ᠭᠤᠣᠯ ᠠᠵᠢᠯ ᠪᠣᠯᠤᠨ᠎ᠠ᠃ ᠡᠯ᠎ᠡ ᠱᠠᠲᠤᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠶᠡᠷᠦᠩᠬᠡᠶ ᠱᠦᠵᠢ ᠰᠢ᠎ᠶ᠋ᠢᠨ ᠫᠢᠩ᠎ᠤᠨ ᠲᠠᠷᠢᠶᠠᠨ ᠭᠠᠵᠠᠷ᠎ᠢ ᠬᠠᠮᠠᠭᠠᠯᠠᠬᠤ ᠲᠤᠬᠠᠶ ᠴᠢᠬᠤᠯᠠ ᠥᠭᠦᠯᠡᠯᠲᠡ᠎ᠶ᠋ᠢ ᠬᠢᠨᠠᠮᠠᠭᠠᠶ ᠰᠤᠷᠤᠯᠴᠠᠨ ᠲᠤᠭᠤᠰᠢᠯᠠᠭᠤᠯᠬᠤ᠂ ᠨᠠᠮ᠎ᠤᠨ ᠲᠥᠪ ᠬᠤᠷᠢᠶ᠎ᠠ᠂ ᠲᠥᠷᠥ᠎ᠶ᠋ᠢᠨ ᠶᠠᠪᠤᠳᠠᠯ᠎ᠤᠨ ᠬᠤᠷᠢᠶᠠᠨ᠎ᠤ ᠲᠠᠷᠢᠶᠠᠨ ᠭᠠᠵᠠᠷ᠎ᠢ ᠬᠠᠮᠠᠭᠠᠯᠠᠬᠤ ᠲᠤᠬᠠᠶ ᠴᠢᠬᠤᠯᠠ ᠱᠢᠢᠳᠪᠦᠷᠢᠲᠦ ᠪᠣᠳᠣᠯᠭ᠎ᠠ᠎ᠶ᠋ᠢᠨ ᠪᠠᠢᠷᠢᠯᠠᠭᠤᠯᠤᠯᠲᠠ᠎ᠲᠠᠢ ᠤᠶᠠᠯᠳᠤᠭᠤᠯᠤᠨ᠂ 《ᠠᠷᠭ᠎ᠠ》 ᠶ᠋ᠢᠨ ᠠᠬᠤᠶ ᠪᠠᠢᠳᠠᠯ ᠪᠠ ᠭᠤᠤᠯ ᠠᠭᠤᠯᠭ᠎ᠠ᠎ᠶ᠋ᠢ ᠣᠨᠣᠪᠴᠢᠲᠠᠶ ᠣᠢᠯᠠᠭᠠᠬᠤ ᠪᠠ ᠡᠵᠡᠮᠱᠢᠬᠦ᠌ ᠬᠡᠷᠡᠭ᠌ᠲᠡᠶ᠃ ᠮᠤᠵᠢ᠎ᠶ᠋ᠢᠨ ᠱᠠᠲᠤᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ 《ᠠᠷᠭ᠎ᠠ》 ᠶ᠋ᠢ ᠲᠥᠷᠥ᠎ᠶ᠋ᠢᠨ ᠪᠣᠳᠣᠯᠭ᠎ᠠ ᠬᠠᠤᠯᠢ ᠲᠣᠭ᠍ᠲᠠᠭᠠᠯ᠎ᠤᠨ ᠤᠬᠠᠭᠤᠯᠭ᠎ᠠ᠎ᠶ᠋ᠢᠨ ᠭᠤᠤᠯᠳᠠᠯᠭ᠎ᠠ ᠪᠣᠯᠭᠠᠵᠤ᠂ ᠵᠢᠯᠣᠭᠤᠳᠣᠯᠭ᠎ᠠ᠎ᠪᠠᠨ ᠴᠢᠩᠭᠠᠳᠭᠠᠬᠤ ᠬᠡᠷᠡᠭ᠌ᠲᠡᠶ᠃ ᠦᠨᠳᠦᠰᠦᠨ ᠱᠠᠲᠤᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠡᠯ᠎ᠡ ᠵᠦᠶ᠋ᠯ᠎ᠤᠨ ᠠᠷᠭ᠎ᠠ ᠮᠠᠶᠢᠭ᠎ᠢ ᠠᠪᠴᠤ᠌ ᠪᠠᠢᠭᠠᠳ ᠰᠤᠷᠤᠯᠴᠠᠯᠭ᠎ᠠ ᠪᠣᠯᠪᠠᠰᠤᠷᠠᠯ᠎ᠢ ᠴᠢᠩᠭᠠᠳᠭᠠᠵᠤ᠂ 《ᠠᠷᠭ᠎ᠠ》 ᠶ᠋ᠢ ᠪᠦᠬᠦ᠌ ᠲᠠᠯ᠎ᠠ᠎ᠪᠠᠷ ᠣᠨᠣᠪᠴᠢᠲᠠᠶ ᠣᠢᠯᠠᠭᠠᠬᠤ᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠶ᠃
ᠬᠤᠶᠠᠷ᠎ᠲᠤ᠌᠂ ᠴᠢᠩᠭ᠎ᠠ ᠵᠢᠷᠤᠮᠵᠢᠭᠤᠯᠤᠨ ᠬᠡᠷᠡᠭ᠌ᠵᠢᠭᠦᠯᠦᠨ᠎ᠡ᠃ ᠡᠯ᠎ᠡ ᠱᠠᠲᠤᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠬᠤᠯᠪᠣᠭ᠍ᠳᠠᠯ ᠪᠥᠬᠦᠶ ᠰᠠᠯᠠᠭ᠎ᠠ ᠮᠥᠴᠢᠷ᠎ᠲᠠᠢ ᠬᠠᠮᠲᠤᠷᠠᠨ 《ᠠᠷᠭ᠎ᠠ》 ᠶ᠋ᠢᠨ ᠲᠣᠭ᠍ᠲᠠᠭᠠᠯ᠎ᠢ ᠴᠢᠩᠭ᠎ᠠ ᠵᠢᠷᠤᠮᠯᠠᠨ ᠡᠭᠦᠷᠢᠳᠡ᠎ᠶ᠋ᠢᠨ ᠦᠨᠳᠦᠰᠦᠨ ᠲᠠᠷᠢᠶᠠᠨ ᠭᠠᠵᠠᠷ᠎ᠤᠨ ᠬᠠᠮᠠᠭᠠᠯᠠᠯᠲᠠ᠎ᠶ᠋ᠢᠨ ᠤᠯᠠᠭᠠᠨ ᠱᠤᠭᠤᠮ᠎ᠳᠤ ᠱᠢᠯᠢᠳᠡᠭ᠌ᠵᠢᠭᠦᠯᠦᠨ ᠲᠣᠬᠢᠷᠠᠭᠤᠯᠤᠯᠲᠠ ᠬᠢᠵᠦ᠍᠂ ᠤᠯᠤᠰ᠎ᠤᠨ ᠭᠠᠵᠠᠷ ᠱᠢᠷᠣᠶ᠎ᠶ᠋ᠢᠨ ᠣᠷᠣᠨ ᠵᠠᠶ᠎ᠶ᠋ᠢᠨ ᠲᠥᠯᠥᠪᠵᠢᠭᠦᠯᠭᠡ᠎ᠶ᠋ᠢᠨ ᠬᠢᠨᠠᠯᠲᠠ ᠬᠠᠮᠢᠶᠠᠷᠤᠯᠲᠠ᠎ᠶ᠋ᠢᠨ ᠬᠤᠯᠪᠣᠭ᠍ᠳᠠᠯ ᠪᠥᠬᠦᠶ ᠱᠠᠭᠠᠷᠳᠠᠯᠭ᠎ᠠ᠎ᠶ᠋ᠢ ᠨᠠᠢᠳᠠᠪᠤᠷᠢᠵᠢᠭᠤᠯᠤᠨ᠂ ᠤᠯᠤᠰ᠎ᠤᠨ ᠭᠠᠵᠠᠷ ᠱᠢᠷᠣᠶ᠎ᠶ᠋ᠢᠨ ᠡᠭᠦᠷᠢᠳᠡ᠎ᠶ᠋ᠢᠨ ᠦᠨᠳᠦᠰᠦᠨ ᠲᠠᠷᠢᠶᠠᠨ ᠭᠠᠵᠠᠷ᠎ᠤᠨ ᠲᠤᠭ᠎ᠠ ᠪᠠᠷᠢᠮᠲᠠ᠎ᠶ᠋ᠢᠨ ᠬᠥᠮᠥᠷᠭᠡ᠎ᠶ᠋ᠢ ᠴᠠᠭ ᠲᠤᠬᠠᠶ᠎ᠳᠤᠨᠢ ᠱᠢᠨᠡᠳᠭᠡᠬᠦ᠌᠎ᠶ᠋ᠢᠨ ᠬᠠᠮᠲᠤ ᠤᠯᠤᠰ᠎ᠤᠨ ᠭᠠᠵᠠᠷ ᠱᠢᠷᠣᠶ᠎ᠶ᠋ᠢᠨ ᠣᠷᠣᠨ ᠵᠠᠶ᠎ᠶ᠋ᠢᠨ ᠲᠥᠯᠥᠪᠵᠢᠭᠦᠯᠭᠡ᠎ᠶ᠋ᠢᠨ 《ᠨᠢᠭᠡ ᠵᠢᠷᠤᠭ》 ᠤᠨ ᠬᠡᠷᠡᠭ᠌ᠵᠢᠭᠦᠯᠦᠯᠲᠡ᠎ᠳᠤ ᠬᠢᠨᠠᠯᠲᠠ ᠲᠠᠯᠪᠢᠬᠤ ᠮᠡᠳᠡᠭᠡ ᠵᠠᠩᠭᠢ᠎ᠶ᠋ᠢᠨ ᠱᠢᠰᠲ᠋ᠧᠮ᠎ᠳᠤ ᠣᠷᠣᠭᠤᠯᠵᠤ᠂ ᠰᠠᠨᠠᠭᠠᠴᠢᠯᠠᠭ᠎ᠠ᠎ᠠᠴᠠ᠎ᠪᠠᠨ ᠨᠡᠢᠭᠡᠮ᠎ᠳᠤ ᠢᠯᠡ ᠪᠣᠯᠭᠠᠵᠤ᠂ ᠨᠡᠢᠭᠡᠮ᠎ᠤᠨ ᠬᠢᠨᠠᠯᠲᠠ᠎ᠶ᠋ᠢ ᠬᠦᠯᠢᠶᠡᠬᠦ᠌ ᠬᠡᠷᠡᠭ᠌ᠲᠡᠶ᠃ ᠪᠦᠲᠦᠭᠡᠨ ᠪᠠᠢᠭᠤᠯᠤᠯᠲᠠ᠎ᠳᠤ ᠡᠵᠡᠯᠡᠨ ᠬᠡᠷᠡᠭ᠌ᠯᠡᠬᠦ᠌᠎ᠶ᠋ᠢ ᠬᠢᠨᠠᠨ ᠵᠥᠪᠱᠢᠶᠡᠷᠡᠬᠦ᠌᠎ᠶ᠋ᠢ ᠴᠢᠩᠭ᠎ᠠ ᠵᠢᠷᠤᠮᠵᠢᠭᠤᠯᠤᠨ ᠱᠢᠯᠢᠳᠡᠭ᠌ᠵᠢᠭᠦᠯᠵᠦ᠍᠂ ᠱᠢᠶᠠᠨ᠎ᠤ ᠱᠠᠲᠤᠨ᠎ᠤ ᠤᠯᠤᠰ᠎ᠤᠨ ᠭᠠᠵᠠᠷ ᠱᠢᠷᠣᠶ᠎ᠶ᠋ᠢᠨ ᠣᠷᠣᠨ ᠵᠠᠶ᠎ᠶ᠋ᠢᠨ ᠶᠡᠷᠦᠩᠬᠡᠶ ᠲᠥᠯᠥᠪᠵᠢᠭᠦᠯᠭᠡ᠂ ᠱᠢᠶᠠᠩ ᠪᠠᠯᠭᠠᠰᠤᠨ᠎ᠤ ᠤᠯᠤᠰ᠎ᠤᠨ ᠭᠠᠵᠠᠷ ᠱᠢᠷᠣᠶ᠎ᠶ᠋ᠢᠨ ᠣᠷᠣᠨ ᠵᠠᠶ᠎ᠶ᠋ᠢᠨ ᠶᠡᠷᠦᠩᠬᠡᠶ ᠲᠥᠯᠥᠪᠵᠢᠭᠦᠯᠭᠡ᠎ᠶ᠋ᠢ ᠳᠤᠷ᠎ᠠ᠎ᠪᠠᠷ᠎ᠢᠶᠠᠨ ᠲᠣᠬᠢᠷᠠᠭᠤᠯᠬᠤ ᠪᠤᠶᠤ ᠡᠭᠦᠷᠢᠳᠡ᠎ᠶ᠋ᠢᠨ ᠦᠨᠳᠦᠰᠦᠨ ᠲᠠᠷᠢᠶᠠᠨ ᠭᠠᠵᠠᠷ᠎ᠤᠨ ᠬᠠᠮᠠᠭᠠᠯᠠᠯᠲᠠ᠎ᠶ᠋ᠢᠨ ᠤᠯᠠᠭᠠᠨ ᠱᠤᠭᠤᠮ᠎ᠳᠤ ᠲᠣᠬᠢᠷᠠᠭᠤᠯᠤᠯᠲᠠ ᠬᠢᠬᠦ᠌ ᠵᠡᠷᠭᠡ ᠠᠷᠭ᠎ᠠ ᠮᠠᠶᠢᠭ᠎ᠢᠶᠠᠷ ᠳᠠᠮᠵᠢᠭᠤᠯᠤᠨ ᠡᠭᠦᠷᠢᠳᠡ᠎ᠶ᠋ᠢᠨ ᠦᠨᠳᠦᠰᠦᠨ ᠲᠠᠷᠢᠶᠠᠨ ᠭᠠᠵᠠᠷ᠎ᠤᠨ ᠲᠠᠷᠢᠶᠠᠯᠠᠩ᠎ᠳᠤ ᠬᠡᠷᠡᠭ᠌ᠯᠡᠬᠦ᠌ ᠭᠠᠵᠠᠷ᠎ᠢ ᠱᠢᠯᠵᠢᠭᠦᠯᠦᠨ ᠬᠡᠷᠡᠭ᠌ᠯᠡᠬᠦ᠌ ᠪᠤᠶᠤ ᠭᠠᠵᠠᠷ ᠱᠢᠷᠣᠶ ᠲᠠᠲᠠᠪᠤᠷᠢᠯᠠᠬᠤ᠎ᠶ᠋ᠢᠨ ᠬᠢᠨᠠᠨ ᠵᠥᠪᠱᠢᠶᠡᠷᠡᠬᠦ᠌᠎ᠠᠴᠠ ᠵᠠᠢᠯᠠᠰᠭᠢᠬᠦ᠌᠎ᠶ᠋ᠢ ᠴᠠᠭᠠᠵᠠᠯᠠᠨ᠎ᠠ᠃
ᠭᠤᠷᠪᠠ᠎ᠳᠤ᠂ ᠬᠢᠨᠠᠯᠲᠠ ᠲᠠᠯᠪᠢᠵᠤ ᠪᠠᠢᠴᠠᠭᠠᠬᠤ᠎ᠶ᠋ᠢ ᠴᠢᠩᠭᠠᠳᠭᠠᠨ᠎ᠠ᠃ ᠪᠠᠢᠭᠠᠯᠢ᠎ᠶ᠋ᠢᠨ ᠡᠬᠢ ᠪᠠᠶᠠᠯᠢᠭ᠎ᠤᠨ ᠶᠠᠮᠤᠨ᠎ᠠᠴᠠ ᠲᠠᠷᠢᠶᠠᠯᠠᠩ ᠬᠥᠳᠡᠭᠡ ᠲᠣᠰᠭᠤᠨ᠎ᠤ ᠶᠠᠮᠤᠨ᠎ᠲᠠᠢ ᠬᠠᠮᠲᠤᠷᠠᠨ ᠲᠠᠷᠢᠶᠠᠨ ᠭᠠᠵᠠᠷ᠎ᠢ ᠬᠠᠮᠠᠭᠠᠯᠠᠬᠤ ᠪᠠ ᠠᠮᠤ ᠪᠤᠳᠠᠭᠠᠨ᠎ᠤ ᠠᠮᠤᠷ ᠲᠦᠪᠱᠢᠨ᠎ᠤ ᠬᠠᠷᠢᠭᠤᠴᠠᠯᠭ᠎ᠠ᠎ᠶ᠋ᠢᠨ ᠳᠦᠷᠢᠮ᠎ᠤᠨ ᠱᠢᠯᠭᠠᠨ ᠬᠢᠨᠠᠬᠤ᠎ᠲᠠᠢ ᠤᠶᠠᠯᠳᠤᠭᠤᠯᠵᠤ᠂ ᠮᠤᠵᠢ᠎ᠶ᠋ᠢᠨ ᠱᠠᠲᠤᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠲᠠᠷᠢᠶᠠᠯᠠᠩ ᠬᠥᠳᠡᠭᠡ ᠲᠣᠰᠭᠤᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠢ ᠬᠢᠨᠠᠨ ᠵᠢᠯᠣᠭᠤᠳᠴᠤ᠌ ᠪᠠᠢᠭᠠᠳ 《ᠠᠷᠭ᠎ᠠ》 ᠶ᠋ᠢᠨ ᠲᠣᠭ᠍ᠲᠠᠭᠠᠯ ᠶᠣᠰᠣᠭᠠᠷ ᠡᠭᠦᠷᠢᠳᠡ᠎ᠶ᠋ᠢᠨ ᠦᠨᠳᠦᠰᠦᠨ ᠲᠠᠷᠢᠶᠠᠨ ᠭᠠᠵᠠᠷ᠎ᠢ ᠬᠠᠮᠠᠭᠠᠯᠠᠬᠤ ᠤᠯᠠᠭᠠᠨ ᠱᠤᠭᠤᠮ᠎ᠢ ᠱᠢᠯᠢᠳᠡᠭ᠌ᠵᠢᠭᠦᠯᠦᠨ ᠲᠣᠬᠢᠷᠠᠭᠤᠯᠬᠤ ᠵᠢᠴᠢ ᠵᠣᠬᠢᠴᠠᠩᠭᠤᠶ ᠪᠦᠬᠦᠢ ᠨᠥᠬᠦᠵᠦ᠍ ᠬᠤᠪᠢᠶᠠᠷᠢᠯᠠᠬᠤ ᠠᠵᠢᠯ᠎ᠢ ᠰᠠᠢᠲᠤᠷ ᠬᠢᠬᠦ᠌᠎ᠶ᠋ᠢᠨ ᠬᠠᠮᠲᠤ ᠡᠭᠦᠷᠢᠳᠡ᠎ᠶ᠋ᠢᠨ ᠦᠨᠳᠦᠰᠦᠨ ᠲᠠᠷᠢᠶᠠᠨ ᠭᠠᠵᠠᠷ᠎ᠤᠨ ᠬᠠᠮᠠᠭᠠᠯᠠᠯᠲᠠ᠎ᠶ᠋ᠢᠨ ᠤᠯᠠᠭᠠᠨ ᠱᠤᠭᠤᠮ᠎ᠤᠨ ᠬᠢᠨᠠᠯᠲᠠ ᠬᠠᠮᠢᠶᠠᠷᠤᠯᠲᠠ᠎ᠶ᠋ᠢ ᠪᠠᠢᠭᠠᠯᠢ᠎ᠶ᠋ᠢᠨ ᠡᠬᠢ ᠪᠠᠶᠠᠯᠢᠭ᠎ᠤᠨ ᠬᠢᠨᠠᠨ ᠪᠠᠢᠴᠠᠭᠠᠬᠤ ᠠᠵᠢᠯ᠎ᠤᠨ ᠭᠤᠤᠯᠳᠠᠯᠭ᠎ᠠ ᠪᠣᠯᠭᠠᠨ᠎ᠠ᠃ ᠱᠢᠶᠠᠨ᠎ᠤ ᠱᠠᠲᠤᠨ᠎ᠠᠴᠠ ᠳᠡᠭᠡᠭ᠌ᠰᠢᠬᠢ ᠪᠠᠢᠭᠠᠯᠢ᠎ᠶ᠋ᠢᠨ ᠡᠬᠢ ᠪᠠᠶᠠᠯᠢᠭ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠲᠠᠷᠢᠶᠠᠯᠠᠩ ᠬᠥᠳᠡᠭᠡ ᠲᠣᠰᠭᠤᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠠᠢ ᠬᠠᠮᠲᠤᠷᠠᠨ 《 ᠬᠣᠣᠰ ᠲᠣᠬᠢᠶᠠᠯᠳᠤᠮᠵᠢ ᠨᠢᠭᠡ ᠢᠯᠡ 》 ᠵᠡᠷᠭᠡ ᠬᠢᠨᠠᠨ ᠬᠠᠮᠢᠶᠠᠷᠬᠤ ᠠᠷᠭ᠎ᠠ ᠬᠡᠮᠵᠢᠶ᠎ᠡ᠎ᠶ᠋ᠢ ᠠᠪᠴᠤ᠌᠂ ᠡᠭᠦᠷᠢᠳᠡ᠎ᠶ᠋ᠢᠨ ᠦᠨᠳᠦᠰᠦᠨ ᠲᠠᠷᠢᠶᠠᠨ ᠭᠠᠵᠠᠷ᠎ᠤᠨ ᠬᠠᠮᠠᠭᠠᠯᠠᠯᠲᠠ᠎ᠶ᠋ᠢᠨ ᠤᠯᠠᠭᠠᠨ ᠱᠤᠭᠤᠮ᠎ᠢ ᠱᠢᠯᠢᠳᠡᠭ᠌ᠵᠢᠭᠦᠯᠦᠨ ᠳᠣᠭᠢᠷᠠᠭᠤᠯᠬᠤ ᠵᠢᠴᠢ ᠵᠣᠬᠢᠬᠤ ᠨᠥᠬᠦᠵᠦ᠍ ᠬᠤᠪᠢᠶᠠᠷᠢᠯᠠᠭ᠍ᠰᠠᠨ ᠪᠠᠢᠳᠠᠯ᠎ᠢ ᠬᠢᠨᠠᠨ ᠪᠠᠢᠴᠠᠭᠠᠵᠤ᠂ ᠠᠰᠠᠭᠤᠳᠠᠯ᠎ᠢ ᠣᠯᠵᠤ ᠮᠡᠳᠡᠪᠡᠯ ᠴᠠᠭ ᠲᠤᠬᠠᠶ᠎ᠳᠤᠨᠢ ᠵᠠᠯᠠᠷᠠᠭᠤᠯᠵᠤ᠂ ᠲᠠᠷᠢᠶᠠᠨ ᠭᠠᠵᠠᠷ᠎ᠤᠨ ᠬᠠᠮᠠᠭᠠᠯᠠᠯᠲᠠ᠎ᠶ᠋ᠢᠨ ᠤᠯᠠᠭᠠᠨ ᠱᠤᠭᠤᠮ᠎ᠢ ᠦᠨᠡᠨ ᠬᠦ᠌ ᠪᠠᠲᠤ ᠰᠠᠬᠢᠬᠤ ᠬᠡᠷᠡᠭ᠌ᠲᠡᠶ᠃
ᠳᠥᠷᠪᠡ᠎ᠳᠦ᠂ ᠰᠠᠯᠠᠭ᠎ᠠ ᠮᠥᠴᠢᠷ᠎ᠦᠨ ᠬᠠᠮᠵᠢᠯᠴᠠᠭ᠎ᠠ᠎ᠶ᠋ᠢ ᠴᠢᠩᠭᠠᠳᠭᠠᠨ᠎ᠠ᠃ ᠣᠷᠣᠨ ᠨᠤᠲᠤᠭ᠎ᠤᠨ ᠡᠯ᠎ᠡ ᠱᠠᠲᠤᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ 《ᠠᠷᠭ᠎ᠠ》 ᠶ᠋ᠢᠨ ᠲᠣᠭ᠍ᠲᠠᠭᠠᠯ ᠶᠣᠰᠣᠭᠠᠷ᠂ ᠡᠭᠦᠷᠢᠳᠡ᠎ᠶ᠋ᠢᠨ ᠦᠨᠳᠦᠰᠦᠨ ᠲᠠᠷᠢᠶᠠᠨ ᠭᠠᠵᠠᠷ᠎ᠤᠨ ᠨᠥᠭᠡᠴᠡ᠎ᠶ᠋ᠢ ᠣᠷᠣᠨ᠎ᠤ ᠬᠤᠪᠢᠶᠠᠷᠢᠯᠠᠯ ᠬᠢᠭᠡᠳ ᠬᠠᠮᠢᠶᠠᠷᠤᠯᠲᠠ᠂ ᠡᠭᠦᠷᠢᠳᠡ᠎ᠶ᠋ᠢᠨ ᠦᠨᠳᠦᠰᠦᠨ ᠲᠠᠷᠢᠶᠠᠨ ᠭᠠᠵᠠᠷ᠎ᠤᠨ ᠬᠠᠮᠠᠭᠠᠯᠠᠯᠲᠠ᠎ᠶ᠋ᠢᠨ ᠤᠯᠠᠭᠠᠨ ᠱᠤᠭᠤᠮ᠎ᠢ ᠱᠢᠯᠢᠳᠡᠭ᠌ᠵᠢᠭᠦᠯᠦᠨ ᠳᠣᠭᠢᠷᠠᠭᠤᠯᠬᠤ ᠵᠡᠷᠭᠡ ᠠᠵᠢᠯ᠎ᠤᠨ ᠭᠤᠭ᠍ᠴᠤᠭ᠎ᠠ᠎ᠳᠤ ᠲᠠᠷᠢᠶᠠᠯᠠᠩ ᠬᠥᠳᠡᠭᠡ ᠲᠣᠰᠭᠤᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠯᠦᠭᠡ᠎ᠶ᠋ᠢᠨ ᠬᠠᠮᠵᠢᠯᠴᠠᠭ᠎ᠠ᠎ᠪᠠᠨ ᠰᠠᠨᠠᠭᠠᠴᠢᠯᠠᠭ᠎ᠠ᠎ᠠᠴᠠ᠎ᠪᠠᠨ ᠴᠢᠩᠭᠠᠳᠭᠠᠵᠤ᠂ ᠠᠵᠢᠯ᠎ᠤᠨ ᠲᠣᠭ᠍ᠲᠠᠴᠠ᠎ᠶ᠋ᠢ ᠪᠠᠢᠭᠤᠯᠤᠨ᠂ ᠡᠭᠦᠷᠢᠳᠡ᠎ᠶ᠋ᠢᠨ ᠦᠨᠳᠦᠰᠦᠨ ᠲᠠᠷᠢᠶᠠᠨ ᠭᠠᠵᠠᠷ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠥᠲᠥᠭᠡᠨ ᠪᠠᠢᠭᠤᠯᠤᠯᠲᠠ ᠵᠡᠷᠭᠡ ᠬᠠᠮᠢᠶ᠎ᠠ ᠪᠥᠬᠦᠶ ᠮᠡᠳᠡᠭᠡ ᠵᠠᠩᠭᠢ᠎ᠶ᠋ᠢ ᠴᠠᠭ ᠲᠤᠬᠠᠶ᠎ᠳᠤᠨᠢ ᠬᠠᠮᠲᠤ᠎ᠪᠠᠷ ᠭᠥᠷᠳᠡᠵᠦ᠍᠂ ᠤᠯᠤᠰ᠎ᠤᠨ ᠭᠠᠵᠠᠷ ᠱᠢᠷᠣᠶ᠎ᠶ᠋ᠢᠨ ᠣᠷᠣᠨ ᠵᠠᠶ᠎ᠶ᠋ᠢᠨ ᠲᠥᠯᠥᠪᠵᠢᠭᠦᠯᠭᠡ᠎ᠶ᠋ᠢᠨ 《ᠨᠢᠭᠡ ᠵᠢᠷᠤᠭ》 ᠲᠤ ᠬᠢᠨᠠᠯᠲᠠ ᠲᠠᠯᠪᠢᠬᠤ ᠮᠡᠳᠡᠭᠡ ᠵᠠᠩᠭᠢ᠎ᠶ᠋ᠢᠨ ᠱᠢᠰᠲ᠋ᠧᠮ᠂ ᠪᠥᠬᠦ᠌ ᠤᠯᠤᠰ᠎ᠤᠨ ᠲᠠᠷᠢᠶᠠᠨ ᠭᠠᠵᠠᠷ᠎ᠤᠨ ᠪᠥᠲᠥᠭᠡᠨ ᠪᠠᠢᠭᠤᠯᠤᠯᠲᠠ᠎ᠶ᠋ᠢᠨ ᠶᠡᠷᠦᠩᠬᠡᠢᠯᠡᠭ᠌ᠰᠡᠨ ᠬᠢᠨᠠᠨ ᠱᠢᠨᠵᠢᠯᠡᠵᠦ᠍ ᠬᠢᠨᠠᠨ ᠬᠠᠮᠢᠶᠠᠷᠬᠤ ᠲᠠᠪᠴᠠᠩ᠎ᠤᠨ ᠬᠠᠮᠢᠶᠠᠷᠤᠯᠲᠠ᠎ᠶ᠋ᠢ ᠬᠡᠷᠡᠭ᠌ᠵᠢᠭᠦᠯᠦᠨ᠂ ᠨᠢᠭᠡᠳᠦᠯᠲᠡᠶ ᠲᠥᠯᠥᠪᠯᠡᠨ ᠠᠬᠢᠭᠤᠯᠬᠤ᠂ ᠬᠤᠤᠰ ᠴᠢᠭ᠌ᠯᠡᠯ᠎ᠢᠶᠠᠷ ᠤᠷᠤᠭ᠍ᠰᠢᠯᠠᠬᠤ᠎ᠶ᠋ᠢ ᠪᠡᠶᠡᠯᠡᠭᠦᠯᠵᠦ᠍᠂ ᠠᠵᠢᠯ᠎ᠤᠨ ᠦᠷ᠎ᠡ ᠪᠦᠲᠦᠮᠵᠢ᠎ᠶ᠋ᠢ ᠦᠨᠡᠨ ᠬᠦ᠌ ᠳᠡᠭᠡᠭ᠌ᠰᠢᠯᠡᠭᠦᠯᠬᠦ᠌ ᠬᠡᠷᠡᠭ᠌ᠲᠡᠶ᠃