ᠲᠥᠷᠥ᠎ᠶ᠋ᠢᠨ ᠪᠣᠳᠣᠯᠭ᠎ᠠ᠎ᠶ᠋ᠢᠨ ᠲᠠᠢᠯᠤᠮᠵᠢ ᠄ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠭᠠᠵᠠᠷ ᠱᠢᠷᠣᠶ᠎ᠶ᠋ᠢᠨ ᠣᠷᠣᠨ ᠵᠠᠶ᠎ᠶ᠋ᠢᠨ ᠨᠠᠷᠢᠨ ᠲᠥᠯᠥᠪᠵᠢᠭᠦᠯᠭᠡ᠎ᠶ᠋ᠢ ᠨᠠᠢᠷᠠᠭᠤᠯᠤᠨ ᠵᠣᠬᠢᠶᠠᠬᠤ ᠵᠢᠯᠣᠭᠤᠳᠭᠤ ᠲᠦᠷᠢᠮ (ᠲᠤᠷᠱᠢᠨ ᠬᠡᠷᠡᠭ᠌ᠵᠢᠭᠦᠯᠬᠦ᠌)》᠎ᠤᠨ ᠬᠤᠯᠪᠣᠭ᠍ᠳᠠᠯ ᠪᠥᠬᠦᠶ ᠲᠥᠷᠥ᠎ᠶ᠋ᠢᠨ ᠪᠣᠳᠣᠯᠭ᠎ᠠ᠎ᠶ᠋ᠢᠨ ᠲᠠᠢᠯᠤᠮᠵᠢ
2025-09-05

  2025 ᠣᠨ᠎ᠤ 9 ᠳ᠋ᠤᠭᠡᠷ ᠰᠠᠷ᠎ᠠ᠎ᠶ᠋ᠢᠨ 2 ᠎ᠤᠨ ᠡᠳᠦᠷ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠲᠢᠩᠬᠢᠮ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠭᠠᠵᠠᠷ ᠱᠢᠷᠣᠶ᠎ᠶ᠋ᠢᠨ ᠣᠷᠣᠨ ᠵᠠᠶ᠎ᠶ᠋ᠢᠨ ᠨᠠᠷᠢᠨ ᠲᠥᠯᠥᠪᠵᠢᠭᠦᠯᠭᠡ᠎ᠶ᠋ᠢ ᠨᠠᠢᠷᠠᠭᠤᠯᠤᠨ ᠵᠣᠬᠢᠶᠠᠬᠤ ᠵᠢᠯᠣᠭᠤᠳᠭᠤ ᠲᠦᠷᠢᠮ (ᠲᠤᠷᠱᠢᠨ ᠬᠡᠷᠡᠭ᠌ᠵᠢᠭᠦᠯᠬᠦ᠌)》 ( ᠳᠤᠷᠤᠭᠰᠢ《ᠵᠢᠯᠣᠭᠤᠳᠭᠤ ᠲᠦᠷᠢᠮ》 ᠭᠡᠵᠦ᠍  ᠲᠤᠪᠴᠢᠯᠠᠨ᠎ᠠ ) ᠎ᠢ ᠳᠠᠷᠤᠮᠠᠯᠯᠠᠨ ᠲᠠᠷᠬᠠᠭᠠᠪᠠ᠃

  ᠨᠢᠭᠡ᠂ 《ᠵᠢᠯᠣᠭᠤᠳᠭᠤ ᠳᠦᠷᠢᠮ》 ᠎ᠢ ᠨᠡᠢᠲᠡᠯᠡᠭ᠌ᠰᠡᠨ ᠠᠬᠤᠢ ᠪᠠᠢᠳᠠᠯ ᠪᠠ ᠠᠴᠢ ᠬᠤᠯᠪᠣᠭ᠍ᠳᠠᠯ᠎ᠨᠢ ᠶᠠᠭᠤ ᠪᠣᠢ?

  ᠲᠥᠪ᠎ᠤᠨ ᠬᠤᠲᠠ᠎ᠶ᠋ᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠵᠤ᠂ 《ᠤᠯᠤᠰ᠎ᠤᠨ ᠭᠠᠵᠠᠷ ᠱᠢᠷᠣᠶ᠎ᠶ᠋ᠢᠨ ᠣᠷᠣᠨ ᠵᠠᠶ᠎ᠶ᠋ᠢᠨ ᠲᠥᠯᠥᠪᠵᠢᠭᠦᠯᠭᠡ᠎ᠶ᠋ᠢᠨ ᠱᠢᠰᠲ᠋ᠧᠮ᠎ᠢ ᠪᠠᠢᠭᠤᠯᠬᠤ᠎ᠶ᠋ᠢᠨ ᠬᠠᠮᠲᠤ ᠬᠢᠨᠠᠯᠲᠠ ᠲᠠᠯᠪᠢᠨ ᠬᠡᠷᠡᠭ᠌ᠵᠢᠭᠦᠯᠬᠦ᠌ ᠲᠤᠬᠠᠶ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠲᠥᠷᠥ᠎ᠶ᠋ᠢᠨ ᠶᠠᠪᠤᠳᠠᠯ᠎ᠤᠨ ᠬᠤᠷᠢᠶᠠᠨ᠎ᠤ ᠰᠠᠨᠠᠯ᠎ᠤᠳ》᠂ 《ᠤᠯᠤᠰ᠎ᠤᠨ ᠭᠠᠵᠠᠷ ᠱᠢᠷᠣᠶ᠎ᠶ᠋ᠢᠨ ᠣᠷᠣᠨ ᠵᠠᠶ᠎ᠶ᠋ᠢᠨ ᠨᠠᠷᠢᠨ ᠲᠥᠯᠥᠪᠵᠢᠭᠦᠯᠭᠡ᠎ᠶ᠋ᠢᠨ ᠠᠵᠢᠯ᠎ᠢ ᠴᠢᠩᠭᠠᠳᠭᠠᠬᠤ ᠲᠤᠬᠠᠶ ᠪᠠᠢᠭᠠᠯᠢ᠎ᠶ᠋ᠢᠨ ᠡᠬᠢ ᠪᠠᠶᠠᠯᠢᠭ᠎ᠤᠨ ᠶᠠᠮᠤᠨ᠎ᠤ ᠮᠡᠳᠡᠭ᠌ᠳᠡᠯ》 ᠵᠡᠷᠭᠡ ᠱᠠᠭᠠᠷᠳᠠᠯᠭ᠎ᠠ᠎ᠶ᠋ᠢ ᠪᠥᠬᠦ᠌ ᠲᠠᠯ᠎ᠠ᠎ᠪᠠᠷ ᠨᠠᠢᠳᠠᠪᠤᠷᠢᠵᠢᠭᠤᠯᠵᠤ᠂ ᠱᠢᠨ᠎ᠡ᠎ᠶ᠋ᠢ ᠡᠭᠦᠳᠬᠦ᠂ ᠣᠷᠣᠱᠢᠨ ᠰᠠᠭᠤᠬᠤ᠎ᠳᠤ ᠲᠣᠬᠢᠷᠠᠮᠵᠢᠲᠠᠶ᠂ ᠦᠵᠡᠰᠭᠦᠯᠡᠩᠲᠦ ᠰᠠᠢᠬᠠᠨ᠂ ᠤᠶᠠᠨ ᠬᠠᠲᠠᠨ᠂ ᠪᠣᠯᠪᠠᠰᠤᠨ᠂ ᠣᠶᠤᠨᠴᠢ ᠣᠳᠣᠬᠢᠴᠢᠯᠠᠭ᠍ᠰᠠᠨ ᠠᠷᠠᠳ᠎ᠤᠨ ᠬᠤᠲᠠ᠎ᠶ᠋ᠢ ᠪᠥᠲᠥᠭᠡᠨ ᠪᠠᠢᠭᠤᠯᠬᠤ᠎ᠳᠤ ᠬᠦᠴᠦᠨ ᠨᠡᠮᠡᠷᠢᠯᠡᠵᠦ᠍᠂ 《ᠵᠢᠯᠣᠭᠤᠳᠤᠮᠵᠢ ᠳᠦᠷᠢᠮ》 ᠎ᠢ ᠳᠠᠷᠤᠮᠠᠯᠯᠠᠨ ᠲᠠᠷᠬᠠᠭᠠᠭ᠍ᠰᠠᠨ᠎ᠨᠢ 〈ᠲᠠᠪᠤᠨ ᠱᠠᠲᠤ ᠭᠤᠷᠪᠠᠨ ᠲᠥᠷᠥᠯ〉 ᠎ᠤᠨ ᠤᠯᠤᠰ᠎ᠤᠨ ᠭᠠᠵᠠᠷ ᠱᠢᠷᠣᠶ᠎ᠶ᠋ᠢᠨ ᠣᠷᠣᠨ ᠵᠠᠶ᠎ᠶ᠋ᠢᠨ ᠲᠥᠯᠥᠪᠵᠢᠭᠦᠯᠭᠡ᠎ᠶ᠋ᠢᠨ ᠱᠢᠰᠲ᠋ᠧᠮ᠎ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ᠂ ᠬᠤᠲᠠ᠎ᠶ᠋ᠢᠨ ᠦᠯᠡᠳᠡᠭᠡᠯ ᠡᠬᠢ ᠪᠠᠶᠠᠯᠢᠭ᠎ᠤᠨ ᠳᠠᠯᠳᠠ ᠬᠦᠴᠦᠨ᠎ᠢ ᠬᠥᠭ᠌ᠵᠢᠭᠡᠬᠦ᠂ ᠬᠤᠲᠠ᠎ᠶ᠋ᠢᠨ ᠱᠢᠨᠡᠴᠢᠯᠡᠯᠲᠡ᠎ᠶ᠋ᠢ ᠠᠬᠢᠭᠤᠯᠬᠤ᠎ᠳᠤ ᠴᠢᠬᠤᠯᠠ ᠠᠴᠢ ᠬᠤᠯᠪᠣᠭ᠍ᠳᠠᠯ᠎ᠲᠠᠢ ᠪᠠᠢᠵᠤ᠂ ᠥᠪᠡᠷᠲᠡᠭᠡᠨ ᠵᠠᠰᠠᠬᠤ ᠣᠷᠣᠨ᠎ᠤ ᠡᠯ᠎ᠡ ᠭᠠᠵᠠᠷ ᠣᠷᠣᠨ᠎ᠤ ᠨᠠᠷᠢᠨ ᠲᠥᠯᠥᠪᠵᠢᠭᠦᠯᠭᠡ᠎ᠶ᠋ᠢ ᠱᠢᠨᠵᠢᠯᠡᠬᠦ᠌ ᠤᠬᠠᠭᠠᠨᠴᠢ᠎ᠪᠠᠷ ᠵᠢᠷᠤᠮᠵᠢᠭᠤᠯᠤᠨ ᠨᠠᠢᠷᠠᠭᠤᠯᠤᠨ ᠵᠣᠬᠢᠶᠠᠬᠤ᠎ᠶ᠋ᠢ ᠵᠢᠯᠣᠭᠤᠳᠴᠤ᠌᠂ ᠶᠡᠷᠦᠩᠬᠡᠶ ᠲᠥᠯᠥᠪᠵᠢᠭᠦᠯᠭᠡ᠂ ᠨᠠᠷᠢᠨ ᠲᠥᠯᠥᠪᠵᠢᠭᠦᠯᠭᠡ᠂ ᠲᠤᠰᠭᠠᠶ ᠲᠥᠯᠥᠪᠵᠢᠭᠦᠯᠭᠡ᠎ᠶ᠋ᠢᠨ ᠳᠠᠮᠵᠢᠭᠤᠯᠤᠨ ᠬᠠᠮᠵᠢᠯᠴᠠᠬᠤ᠎ᠶ᠋ᠢ ᠴᠢᠩᠭᠠᠳᠭᠠᠨ᠂ ᠨᠠᠷᠢᠨ ᠲᠣᠳᠣᠷᠬᠠᠶ ᠲᠥᠯᠥᠪᠵᠢᠭᠦᠯᠭᠡ᠎ᠶ᠋ᠢᠨ ᠤᠯᠤᠰ᠎ᠤᠨ ᠭᠠᠵᠠᠷ ᠱᠢᠷᠣᠶ᠎ᠶ᠋ᠢᠨ ᠣᠷᠣᠨ ᠵᠠᠶ᠎ᠶ᠋ᠢᠨ ᠲᠥᠯᠥᠪᠵᠢᠭᠦᠯᠭᠡ᠎ᠶ᠋ᠢᠨ ᠱᠢᠰᠲ᠋ᠧᠮ᠎ᠳᠤ ᠤᠷᠢᠳᠤᠬᠢ᠎ᠶ᠋ᠢ ᠵᠠᠯᠭᠠᠮᠵᠢᠯᠠᠨ ᠬᠤᠢᠱᠢᠬᠢ᠎ᠳᠤ ᠵᠠᠮ ᠨᠡᠭᠡᠭᠡᠬᠦ᠌ ᠵᠠᠩᠭᠢᠯᠠᠭ᠎ᠠ᠎ᠶ᠋ᠢᠨ ᠦᠢᠯᠡᠳᠦᠯ᠎ᠢ ᠰᠠᠢᠲᠤᠷ ᠪᠠᠳᠠᠷᠠᠭᠤᠯᠬᠤ᠎ᠶ᠋ᠢᠨ ᠲᠥᠯᠥᠭᠡ ᠶᠤᠮ᠃

  ᠬᠤᠶᠠᠷ᠂ 《ᠵᠢᠯᠣᠭᠤᠳᠭᠤ ᠳᠦᠷᠢᠮ》 ᠎ᠤᠨ ᠭᠤᠣᠯ ᠠᠭᠤᠯᠭ᠎ᠠ᠎ᠨᠢ ᠶᠠᠭᠤ ᠶᠠᠭᠤ ᠪᠠᠢᠳᠠᠭ ᠪᠤᠢ?

  《ᠵᠢᠯᠣᠭᠤᠳᠭᠤ ᠲᠦᠷᠢᠮ》 ᠎ᠳᠤ ᠶᠡᠷᠦᠩᠬᠡᠶ ᠲᠦᠷᠢᠮ᠂ ᠰᠠᠭᠤᠷᠢ ᠠᠵᠢᠯ᠂ ᠨᠠᠢᠷᠠᠭᠤᠯᠤᠨ ᠵᠣᠬᠢᠶᠠᠬᠤ ᠠᠭᠤᠯᠭ᠎ᠠ ᠬᠢᠭᠡᠳ ᠭᠦᠨᠴᠡ᠎ᠶ᠋ᠢᠨ ᠱᠠᠭᠠᠷᠳᠠᠯᠭ᠎ᠠ᠂ ᠲᠥᠯᠥᠪᠵᠢᠭᠦᠯᠭᠡ ᠳᠠᠮᠵᠢᠭᠤᠯᠬᠤ ᠪᠠ ᠲᠠᠰ ᠬᠤᠪᠢᠶᠠᠨ ᠬᠠᠮᠢᠶᠠᠷᠤᠨ ᠡᠵᠡᠮᠳᠡᠬᠦ᠂ ᠣᠷᠣᠨ ᠪᠦᠰᠡ ᠬᠤᠪᠢᠶᠠᠨ ᠲᠥᠷᠥᠯ ᠬᠡᠯᠪᠡᠷᠢ᠎ᠶ᠋ᠢᠨ ᠵᠦᠷᠢᠶᠡᠴᠢᠯᠡᠭ᠌ᠰᠡᠨ ᠵᠢᠯᠣᠭᠤᠳᠣᠯᠭ᠎ᠠ᠂ ᠦᠷ᠎ᠡ ᠪᠦᠲᠦᠭᠡᠯ᠎ᠤᠨ ᠱᠠᠭᠠᠷᠳᠠᠯᠭ᠎ᠠ ᠵᠡᠷᠭᠡ 6 ᠪᠦᠯᠦᠭ ᠪᠠ 7 ᠳᠠᠭᠠᠯᠳᠤᠭᠤᠯᠤᠯ ᠪᠠᠭ᠍ᠲᠠᠨ᠎ᠠ᠃ ᠨᠢᠭᠡᠳᠦᠭᠡᠷ ᠪᠦᠯᠦᠭ ᠪᠣᠯ ᠶᠡᠷᠦᠩᠬᠡᠢ ᠳᠦᠷᠢᠮ ᠃ ᠡᠭᠦᠨ᠎ᠳᠤ ᠨᠠᠢᠷᠠᠭᠤᠯᠤᠨ ᠵᠣᠬᠢᠶᠠᠬᠤ ᠵᠣᠷᠢᠯᠭ᠎ᠠ᠂ ᠬᠡᠷᠡᠭ᠌ᠯᠡᠬᠦ᠌ ᠬᠡᠪᠴᠢᠶ᠎ᠡ᠂ ᠨᠠᠢᠷᠠᠭᠤᠯᠤᠨ ᠵᠣᠬᠢᠶᠠᠬᠤ ᠵᠠᠷᠴᠢᠮ᠂ ᠨᠠᠢᠷᠠᠭᠤᠯᠤᠨ ᠵᠣᠬᠢᠶᠠᠬᠤ ᠭᠤᠤᠯ ᠴᠣᠭ᠍ᠴᠠ᠂ ᠲᠥᠯᠥᠪᠵᠢᠭᠦᠯᠭᠡ᠎ᠶ᠋ᠢᠨ ᠱᠠᠲᠤ ᠳᠠᠪᠬᠤᠷᠭ᠎ᠠ ᠵᠢᠴᠢ ᠡᠭᠦᠷᠭᠡ 5 ᠵᠦᠢᠯ᠎ᠤᠨ ᠠᠭᠤᠯᠭ᠎ᠠ ᠪᠠᠭ᠍ᠲᠠᠨ᠎ᠠ᠃ ᠡᠭᠦᠨ᠎ᠳᠤ᠂ ᠬᠡᠷᠡᠭ᠌ᠯᠡᠬᠦ᠌ ᠬᠡᠪᠴᠢᠶ᠎ᠡ᠎ᠨᠢ 《ᠤᠯᠤᠰ᠎ᠤᠨ  ᠭᠠᠵᠠᠷ ᠰᠢᠷᠤᠢ ᠎ᠶᠢᠨ ᠣᠷᠣᠨ ᠵᠠᠶ᠎ᠶ᠋ᠢ ᠴᠢᠩᠭᠠᠳᠭᠠᠬᠤ ᠲᠤᠬᠠᠶ ᠪᠠᠢᠭᠠᠯᠢ᠎ᠶ᠋ᠢᠨ ᠡᠬᠢ ᠪᠠᠶᠠᠯᠢᠭ᠎ᠤᠨ ᠶᠠᠮᠤᠨ᠎ᠤ ᠨᠠᠷᠢᠨ ᠲᠥᠯᠥᠪᠵᠢᠭᠦᠯᠭᠡ᠎ᠶ᠋ᠢ ᠴᠢᠩᠭᠠᠳᠭᠠᠬᠤ ᠲᠤᠬᠠᠶ ᠮᠡᠳᠡᠭ᠌ᠳᠡᠯ》 ( ᠪᠠᠢᠭᠠᠯᠢ᠎ᠶ᠋ᠢᠨ ᠡᠬᠢ ᠪᠠᠶᠠᠯᠢᠭ ᠲᠠᠷᠬᠠᠭᠠᠭ᠍ᠰᠠᠨ [2023] 43 ᠳ᠋ᠤᠭᠠᠷ ᠲᠣᠭᠠᠲᠤ ) ᠎ᠤᠨ ᠱᠠᠭᠠᠷᠳᠠᠯᠭ᠎ᠠ᠎ᠶ᠋ᠢ ᠴᠢᠩᠭ᠎ᠠ ᠨᠠᠢᠳᠠᠪᠤᠷᠢᠵᠢᠭᠤᠯᠵᠤ᠂ ᠨᠠᠢᠷᠠᠭᠤᠯᠤᠨ ᠵᠣᠬᠢᠶᠠᠬᠤ ᠬᠡᠪᠴᠢᠶ᠎ᠡ᠎ᠨᠢ᠄ ᠬᠤᠲᠠ ᠪᠠᠯᠭᠠᠰᠤᠨ᠎ᠤ ᠨᠡᠭᠡᠭᠡᠨ ᠬᠥᠭ᠌ᠵᠢᠭᠦᠯᠬᠦ᠌ ᠵᠠᠭᠠᠭ ᠱᠤᠭᠤᠮ ᠎ᠳᠤ ᠪᠠᠢᠬᠤ; ᠬᠤᠲᠠ ᠪᠠᠯᠭᠠᠰᠤᠨ᠎ᠤ ᠨᠡᠭᠡᠭᠡᠨ ᠬᠥᠭ᠌ᠵᠢᠭᠦᠯᠬᠦ᠌ ᠵᠠᠭᠠᠭ ᠬᠢᠵᠠᠭᠠᠷ᠎ᠤᠨ ᠭᠠᠳᠠᠨᠠᠬᠢ ᠬᠡᠰᠡᠭ ᠪᠤᠰᠠᠭ ᠪᠠᠢᠷᠢᠱᠢᠭ᠍ᠰᠠᠨ ᠬᠤᠲᠠ ᠪᠠᠯᠭᠠᠰᠤᠨ᠎ᠤ ᠪᠦᠲᠦᠭᠡᠨ ᠪᠠᠢᠭᠤᠯᠤᠯᠲᠠ᠎ᠳᠤ ᠬᠡᠷᠡᠭ᠌ᠯᠡᠬᠦ᠌ ᠭᠠᠵᠠᠷ ; ᠨᠠᠷᠢᠨ ᠲᠥᠯᠥᠪᠵᠢᠭᠦᠯᠭᠡ᠎ᠶ᠋ᠢ ᠨᠠᠢᠷᠠᠭᠤᠯᠤᠨ ᠵᠣᠬᠢᠶᠠᠬᠤ ᠴᠢᠬᠤᠯᠠᠲᠠᠶ ᠲᠤᠰᠠᠭᠠᠷ ᠦᠢᠯᠡᠳᠪᠦᠷᠢ ᠠᠭᠤᠷᠬᠠᠶ᠎ᠶ᠋ᠢᠨ ᠣᠷᠣᠨ᠃

  ᠬᠤᠶᠠᠳᠤᠭ᠋ᠠᠷ ᠪᠦᠯᠦᠭ ᠨᠢ ᠰᠠᠭᠤᠷᠢ ᠠᠵᠢᠯ ᠮᠥᠨ᠃ ᠡᠭᠦᠨ᠎ᠳᠤ ᠰᠠᠭᠤᠷᠢ ᠲᠤᠭ᠎ᠠ᠎ᠶ᠋ᠢ ᠨᠢᠭᠡᠳᠭᠡᠬᠦ᠌ ᠡᠬᠡ ᠵᠢᠷᠤᠭ᠂ ᠣᠳᠣᠬᠢ ᠪᠠᠢᠳᠠᠯ᠎ᠢ ᠣᠢᠯᠠᠭᠠᠬᠤ ᠪᠠᠢᠴᠠᠭᠠᠨ ᠰᠤᠳᠤᠯᠤᠯᠲᠠ᠂ ᠲᠥᠯᠥᠪᠵᠢᠭᠦᠯᠭᠡ᠎ᠶ᠋ᠢ ᠦᠨᠡᠯᠡᠬᠦ᠌ ᠵᠢᠴᠢ ᠲᠤᠰᠭᠠᠶ ᠰᠡᠳᠦᠪᠲᠦ ᠰᠤᠳᠤᠯᠭᠠᠨ᠎ᠢ ᠥᠷᠨᠢᠭᠦᠯᠬᠦ᠌ ᠳᠥᠷᠪᠡᠨ ᠬᠡᠰᠡᠭ ᠠᠭᠤᠯᠭ᠎ᠠ᠎ᠶ᠋ᠢ ᠪᠠᠭ᠍ᠲᠠᠭᠠᠵᠤ᠂ ᠲᠥᠯᠥᠪᠵᠢᠭᠦᠯᠭᠡ᠎ᠶ᠋ᠢ ᠨᠠᠢᠷᠠᠭᠤᠯᠤᠨ ᠵᠣᠬᠢᠶᠠᠬᠤ ᠰᠠᠭᠤᠷᠢ ᠪᠠ ᠬᠡᠷᠡᠭ᠌ᠵᠢᠭᠦᠯᠬᠦ᠌ ᠠᠯᠬᠤᠮ ᠳᠠᠷᠠᠭ᠎ᠠ᠎ᠶ᠋ᠢ ᠵᠢᠷᠤᠮᠵᠢᠭᠤᠯᠪᠠ᠃

  ᠭᠤᠷᠪᠠᠳᠤᠭᠠᠷ ᠪᠦᠯᠦᠭ᠎ᠨᠢ ᠨᠠᠢᠷᠠᠭᠤᠯᠤᠨ ᠵᠣᠬᠢᠶᠠᠭ᠍ᠰᠠᠨ ᠠᠭᠤᠯᠭ᠎ᠠ ᠬᠢᠭᠡᠳ ᠭᠦᠨᠴᠡ᠎ᠶ᠋ᠢᠨ ᠱᠠᠭᠠᠷᠳᠠᠯᠭ᠎ᠠ ᠪᠣᠯᠣᠨ᠎ᠠ᠃ ᠡᠭᠦᠨ᠎ᠳᠤ ᠲᠣᠬᠢᠷᠠᠭᠤᠯᠬᠤ ᠨᠢᠭᠡᠴᠢ᠂ ᠭᠠᠵᠠᠷ ᠱᠢᠷᠣᠶ᠎ᠶ᠋ᠢᠨ ᠨᠡᠭᠡᠭᠡᠯᠲᠡ᠎ᠶ᠋ᠢᠨ ᠬᠦᠴᠦᠯᠡᠴᠡ ᠵᠡᠷᠭᠡ ᠲᠥᠯᠥᠪᠵᠢᠭᠦᠯᠭᠡ᠎ᠶ᠋ᠢᠨ ᠭᠦᠢᠴᠡᠳᠭᠡᠯ ᠲᠤᠭ᠎ᠠ᠂ ᠡᠯ᠎ᠡ ᠲᠥᠷᠥᠯ᠎ᠤᠨ ᠭᠠᠵᠠᠷ ᠱᠢᠷᠣᠶ᠎ᠶ᠋ᠢᠨ ᠪᠠᠢᠷᠢᠱᠢᠭᠤᠯᠤᠯᠲᠠ᠎ᠶ᠋ᠢᠨ ᠱᠠᠭᠠᠷᠳᠠᠯᠭ᠎ᠠ᠂ ᠭᠤᠯᠳᠤ ᠴᠢᠭ᠌ᠯᠡᠯ᠎ᠢᠶᠠᠷ ᠲᠥᠯᠥᠪᠵᠢᠭᠦᠯᠭᠡ᠂ ᠬᠤᠲᠠ᠎ᠶ᠋ᠢᠨ ᠵᠢᠷᠤᠭ ᠲᠥᠯᠥᠪᠯᠡᠭᠡ᠂ ᠬᠤᠲᠠ᠎ᠶ᠋ᠢᠨ 《ᠳᠥᠷᠪᠡᠨ ᠱᠤᠭᠤᠮ》 ᠎ᠤᠨ ᠬᠠᠮᠢᠶᠠᠷᠤᠨ ᠡᠵᠡᠮᠳᠡᠬᠦ᠌ ᠵᠡᠷᠭᠡ ᠲᠥᠯᠥᠪᠵᠢᠭᠦᠯᠭᠡ᠎ᠶ᠋ᠢ ᠨᠠᠢᠷᠠᠭᠤᠯᠤᠨ ᠵᠣᠬᠢᠶᠠᠬᠤ ᠠᠭᠤᠯᠭ᠎ᠠ᠎ᠶ᠋ᠢ ᠪᠠᠭ᠍ᠲᠠᠭᠠᠵᠤ᠂ ᠨᠢᠭᠡᠴᠢ ᠳᠠᠪᠬᠤᠷᠭ᠎ᠠ ᠪᠠ ᠬᠡᠷᠡᠭ᠌ᠵᠢᠭᠦᠯᠬᠦ᠌ ᠲᠠᠯ᠎ᠠ᠎ᠶ᠋ᠢᠨ ᠨᠠᠢᠷᠠᠭᠤᠯᠤᠨ ᠵᠣᠬᠢᠶᠠᠬᠤ ᠠᠭᠤᠯᠭ᠎ᠠ ᠵᠢᠴᠢ ᠭᠦᠨᠵᠡᠭᠡᠶ ᠲᠤᠬᠠᠶ ᠲᠣᠰ ᠲᠣᠰ ᠲᠣᠭ᠍ᠲᠠᠭᠠᠯ ᠭᠠᠷᠭᠠᠪᠠ᠃

  ᠳᠥᠷᠪᠡᠳᠦᠭᠡᠷ ᠪᠦᠯᠦᠭ᠎ᠨᠢ ᠲᠥᠯᠥᠪᠵᠢᠭᠦᠯᠭᠡ᠎ᠶ᠋ᠢᠨ ᠳᠠᠮᠵᠢᠭᠤᠯᠬᠤ ᠪᠠ ᠳᠠᠪᠬᠤᠷᠭ᠎ᠠ ᠬᠤᠪᠢᠶᠠᠨ ᠬᠠᠮᠢᠶᠠᠷᠤᠨ ᠡᠵᠡᠮᠳᠡᠨ᠎ᠡ᠃ ᠡᠭᠦᠨ᠎ᠳᠤ ᠶᠡᠷᠦᠩᠬᠡᠶ ᠲᠥᠯᠥᠪᠵᠢᠭᠦᠯᠭᠡ᠎ᠶ᠋ᠢ ᠨᠠᠢᠳᠠᠪᠤᠷᠢᠵᠢᠭᠤᠯᠬᠤ ᠠᠯᠪᠠᠳᠠᠯᠭ᠎ᠠ᠎ᠶ᠋ᠢᠨ ᠴᠢᠨᠠᠷᠲᠠᠶ ᠠᠭᠤᠯᠭ᠎ᠠ᠂ ᠲᠤᠰᠭᠠᠶ ᠵᠦᠢᠯ᠎ᠤᠨ ᠲᠥᠯᠥᠪᠵᠢᠭᠦᠯᠭᠡ᠎ᠶ᠋ᠢ ᠵᠣᠯᠭᠠᠭᠤᠯᠬᠤ᠂ ᠨᠢᠭᠡᠴᠢ ᠪᠠ ᠬᠡᠷᠡᠭ᠌ᠵᠢᠭᠦᠯᠬᠦ᠌ ᠲᠠᠯ᠎ᠠ᠎ᠶ᠋ᠢᠨ ᠬᠠᠮᠢᠶᠠᠷᠤᠨ ᠡᠵᠡᠮᠳᠡᠬᠦ᠌ ᠱᠠᠭᠠᠷᠳᠠᠯᠭ᠎ᠠ ᠵᠡᠷᠭᠡ᠎ᠶ᠋ᠢ ᠪᠠᠭ᠍ᠲᠠᠭᠠᠵᠤ᠂ ᠶᠡᠷᠦᠩᠬᠡᠶ ᠲᠥᠯᠥᠪᠵᠢᠭᠦᠯᠭᠡ᠂ ᠲᠤᠰᠭᠠᠶ ᠵᠦᠢᠯ᠎ᠤᠨ ᠲᠥᠯᠥᠪᠵᠢᠭᠦᠯᠭᠡ ᠪᠠ ᠨᠠᠷᠢᠨ ᠲᠥᠯᠥᠪᠵᠢᠭᠦᠯᠭᠡ᠎ᠶ᠋ᠢᠨ ᠳᠠᠮᠵᠢᠭᠤᠯᠬᠤ ᠬᠠᠷᠢᠴᠠᠭ᠎ᠠ᠎ᠶ᠋ᠢ ᠤᠯᠠᠮ ᠨᠢᠭᠡ ᠠᠯᠬᠤᠮ ᠲᠣᠳᠣᠷᠬᠠᠢᠯᠠᠵᠤ᠂ ᠨᠢᠭᠡᠴᠢ ᠪᠠ ᠬᠡᠷᠡᠭ᠌ᠵᠢᠭᠦᠯᠬᠦ᠌ ᠲᠠᠯ᠎ᠠ᠎ᠶ᠋ᠢᠨ ᠠᠯᠪᠠᠳᠠᠯᠭ᠎ᠠ᠎ᠶ᠋ᠢᠨ ᠴᠢᠨᠠᠷᠲᠠᠶ ᠭᠦᠢᠴᠡᠳᠭᠡᠬᠦ᠌ ᠲᠤᠭ᠎ᠠ᠎ᠶ᠋ᠢᠨ ᠠᠭᠤᠯᠭ᠎ᠠ᠎ᠶ᠋ᠢ ᠨᠠᠷᠢᠯᠢᠬ᠍ᠵᠢᠭᠤᠯᠪᠠ᠃

  ᠲᠠᠪᠤᠳᠤᠭᠠᠷ ᠪᠦᠯᠦᠭ᠎ᠨᠢ ᠣᠷᠣᠨ ᠪᠦᠰᠡ ᠬᠤᠪᠢᠶᠠᠨ ᠲᠦᠷᠦᠯ ᠬᠡᠯᠪᠡᠷᠢ᠎ᠶ᠋ᠢᠨ ᠵᠦᠷᠢᠶᠡᠴᠢᠯᠡᠭ᠌ᠰᠡᠨ ᠵᠢᠯᠣᠭᠤᠳᠤᠮᠵᠢ ᠪᠣᠯᠣᠨ᠎ᠠ᠃ ᠠᠳᠠᠯᠢ ᠪᠤᠰᠤ ᠨᠢᠭᠡᠴᠢ᠎ᠶ᠋ᠢᠨ ᠲᠥᠷᠥᠯ ᠬᠡᠯᠪᠡᠷᠢ ᠪᠠ ᠣᠨᠴᠠ ᠲᠣᠭ᠍ᠲᠠᠭ᠍ᠰᠠᠨ ᠭᠠᠵᠠᠷ ᠣᠷᠣᠨ᠎ᠳᠤ ᠬᠠᠨᠳᠤᠭᠤᠯᠤᠭ᠍ᠰᠠᠨ ᠵᠦᠷᠢᠶᠡᠴᠢᠯᠡᠭ᠌ᠰᠡᠨ ᠵᠢᠯᠣᠭᠣᠳᠤᠮᠵᠢ ᠪᠠᠭ᠍ᠲᠠᠨ᠎ᠠ ᠃ ᠥᠪᠡᠷᠲᠡᠭᠡᠨ ᠵᠠᠰᠠᠬᠤ ᠣᠷᠣᠨ᠎ᠤ ᠪᠣᠳᠠᠲᠠᠶ᠎ᠲᠠᠢ ᠤᠶᠠᠯᠳᠤᠭᠤᠯᠤᠨ ᠭᠤᠤᠯᠳᠠᠯᠭ᠎ᠠ᠎ᠲᠠᠢ ᠨᠡᠭᠡᠭᠡᠨ ᠬᠥᠭ᠌ᠵᠢᠭᠦᠯᠬᠦ᠂ ᠬᠤᠲᠠ᠎ᠶ᠋ᠢᠨ ᠱᠢᠨᠡᠴᠢᠯᠡᠯᠲᠡ᠂ ᠪᠠᠢᠯᠳᠤᠬᠤ ᠪᠣᠳᠣᠯᠭ᠎ᠠ᠎ᠶ᠋ᠢᠨ ᠦᠯᠡᠳᠡᠭᠡᠯ᠂ ᠬᠤᠲᠠ ᠬᠥᠳᠡᠭᠡ᠎ᠶ᠋ᠢ ᠠᠭᠤᠰᠤᠯᠴᠠᠭᠤᠯᠬᠤ᠂ ᠠᠮᠢ ᠠᠬᠤᠶ᠎ᠶ᠋ᠢ ᠬᠠᠮᠠᠭᠠᠯᠠᠬᠤ᠂ ᠲᠡᠤᠬᠡ ᠰᠣᠶᠣᠯ᠎ᠢ ᠬᠠᠮᠠᠭᠠᠯᠠᠬᠤ᠂ ᠪᠤᠰᠤᠳ ᠣᠷᠣᠨ ᠪᠦᠰᠡ᠎ᠶ᠋ᠢᠨ 7 ᠵᠦᠢᠯ᠎ᠤᠨ ᠠᠳᠠᠯᠢ ᠪᠤᠰᠤ ᠲᠥᠷᠥᠯ ᠬᠡᠯᠪᠡᠷᠢ᠎ᠶ᠋ᠢᠨ ᠨᠢᠭᠡᠴᠢ᠎ᠶ᠋ᠢ ᠨᠠᠢᠷᠠᠭᠤᠯᠤᠨ ᠵᠣᠬᠢᠶᠠᠬᠤ ᠱᠠᠭᠠᠷᠳᠠᠯᠭ᠎ᠠ᠎ᠶ᠋ᠢ ᠳᠤᠷᠠᠳᠴᠤ᠌᠂ ᠵᠢᠱ᠌ᠢᠶᠡᠯᠡᠪᠡᠯ ᠭᠤᠤᠯᠳᠠᠯᠭ᠎ᠠ᠎ᠲᠠᠢ ᠨᠡᠭᠡᠭᠡᠨ ᠬᠥᠭ᠌ᠵᠢᠭᠦᠯᠬᠦ᠌ ᠨᠢᠭᠡᠴᠢ᠎ᠠᠴᠠ ᠬᠤᠲᠠ᠎ᠶ᠋ᠢᠨ ᠴᠢᠳᠠᠮᠵᠢ᠎ᠶ᠋ᠢ ᠭᠤᠤᠯᠳᠠᠯᠭ᠎ᠠ᠎ᠲᠠᠢ ᠲᠡᠭᠦᠯᠳᠡᠷᠵᠢᠭᠦᠯᠦᠨ᠂ ᠬᠤᠲᠠ᠎ᠶ᠋ᠢᠨ ᠳᠦᠷᠢ ᠲᠥᠷᠬᠦ᠌᠎ᠶ᠋ᠢ ᠳᠡᠭᠡᠭ᠌ᠰᠢᠯᠡᠭᠦᠯᠦᠨ᠎ᠡ; ᠬᠤᠲᠠ᠎ᠶ᠋ᠢᠨ ᠱᠢᠨᠡᠳᠭᠡᠬᠦ᠌ ᠨᠢᠭᠡᠴᠢ᠎ᠠᠴᠠ ᠭᠠᠵᠠᠷ ᠱᠢᠷᠣᠶ᠎ᠶ᠋ᠢ ᠬᠤᠯᠢᠯᠳᠤᠭᠤᠯᠤᠨ ᠠᠱᠢᠭ᠍ᠯᠠᠬᠤ ᠪᠠ ᠣᠷᠣᠨ ᠵᠠᠶ᠎ᠶ᠋ᠢ ᠨᠡᠢᠯᠡᠭᠦᠯᠦᠨ ᠨᠡᠭᠡᠭᠡᠨ ᠠᠱᠢᠭ᠍ᠯᠠᠬᠤ᠎ᠶ᠋ᠢ ᠴᠢᠬᠤᠯᠠᠴᠢᠯᠠᠵᠤ᠂ ᠬᠤᠲᠠ᠎ᠶ᠋ᠢᠨ ᠠᠭᠤᠯᠤᠭ᠍ᠳᠠᠬᠤᠨ ᠮᠠᠶᠢᠭ᠎ᠤᠨ ᠬᠥᠭ᠌ᠵᠢᠯᠲᠡ᠎ᠶ᠋ᠢ ᠠᠬᠢᠭᠤᠯᠤᠨ᠎ᠠ; ᠲᠡᠦᠬᠡ ᠰᠣᠶᠣᠯ᠎ᠤᠨ ᠬᠠᠮᠠᠭᠠᠯᠠᠯᠲᠠ᠎ᠶ᠋ᠢᠨ ᠨᠢᠭᠡᠴᠢ᠎ᠠᠴᠠ ᠵᠡᠭᠡᠯᠢ ᠭᠤᠳᠤᠮᠵᠢ᠎ᠶ᠋ᠢᠨ ᠪᠤᠯᠴᠢᠩ ᠪᠠ ᠪᠠᠢᠷᠢᠱᠢᠯ᠎ᠢ ᠦᠷᠭᠦᠯᠵᠢᠯᠡᠭᠦᠯᠵᠦ᠍᠂ ᠪᠠᠷᠢᠯᠭ᠎ᠠ᠎ᠶ᠋ᠢᠨ ᠳᠦᠷᠰᠦ ᠪᠠᠢᠳᠠᠯ᠎ᠢ ᠬᠠᠮᠢᠶᠠᠷᠤᠨ ᠡᠵᠡᠮᠳᠡᠬᠦ᠌ ᠵᠡᠷᠭᠡ᠎ᠶ᠋ᠢ ᠴᠢᠩᠭᠠᠳᠭᠠᠨ᠎ᠠ᠃ ᠡᠭᠦᠨ᠎ᠤ ᠬᠠᠮᠲᠤ᠌᠂ ᠬᠤᠲᠠ ᠪᠠᠯᠭᠠᠰᠤᠨ᠎ᠤ ᠨᠡᠭᠡᠭᠡᠨ ᠬᠥᠭ᠌ᠵᠢᠭᠦᠯᠬᠦ᠌ ᠵᠠᠭᠠᠭ ᠬᠢᠵᠠᠭᠠᠷ᠎ᠤᠨ ᠭᠠᠳᠠᠨᠠᠬᠢ ᠬᠡᠰᠡᠭ ᠪᠤᠰᠠᠭ ᠪᠠᠢᠷᠢᠱᠢᠭᠤᠯᠤᠭ᠍ᠰᠠᠨ ᠬᠤᠲᠠ ᠪᠠᠯᠭᠠᠰᠤᠨ᠎ᠤ ᠪᠥᠲᠥᠭᠡᠨ ᠪᠠᠢᠭᠤᠯᠤᠯᠲᠠ᠎ᠳᠤ ᠬᠡᠷᠡᠭ᠌ᠯᠡᠬᠦ᠌ ᠭᠠᠵᠠᠷ᠂ ᠲᠤᠰᠠᠭᠠᠷ ᠦᠢᠯᠡᠳᠪᠦᠷᠢ ᠠᠭᠤᠷᠬᠠᠶ᠎ᠶ᠋ᠢᠨ ᠣᠷᠣᠨ ᠵᠡᠷᠭᠡ ᠣᠨᠴᠠ ᠲᠣᠭ᠍ᠲᠠᠭ᠍ᠰᠠᠨ ᠣᠷᠣᠨ ᠪᠦᠰᠡ᠎ᠳᠤ ᠨᠠᠷᠢᠨ ᠲᠥᠯᠥᠪᠵᠢᠭᠦᠯᠭᠡ᠎ᠶ᠋ᠢ ᠨᠠᠢᠷᠠᠭᠤᠯᠤᠨ ᠵᠣᠬᠢᠶᠠᠬᠤ᠎ᠶ᠋ᠢᠨ ᠵᠦᠷᠢᠶᠡᠴᠢᠯᠡᠭ᠌ᠰᠡᠨ ᠵᠢᠯᠣᠭᠤᠳᠣᠯᠭ᠎ᠠ ᠳᠤᠷᠠᠳᠪᠠ᠃

  ᠵᠢᠷᠭᠤᠳᠤᠭᠠᠷ ᠪᠦᠯᠦᠭ ᠨᠢ ᠦᠷ᠎ᠡ ᠪᠦᠲᠦᠭᠡᠯ᠎ᠦᠨ ᠱᠠᠭᠠᠷᠳᠠᠯᠭ᠎ᠠ  ᠪᠤᠯᠤᠨ᠎ᠠ᠃ ᠡᠭᠦᠨ᠎ᠳᠤ ᠦᠷ᠎ᠡ ᠪᠦᠲᠦᠭᠡᠯ᠎ᠤᠨ ᠪᠦᠷᠢᠯᠳᠦᠴᠡ ᠬᠢᠭᠡᠳ ᠠᠭᠤᠯᠭ᠎ᠠ᠂ ᠦᠷ᠎ᠡ ᠪᠦᠲᠦᠭᠡᠯ᠎ᠢ ᠬᠤᠷᠢᠶᠠᠩᠭᠤᠢᠯᠠᠨ ᠲᠤᠱᠢᠶᠠᠬᠤ ᠱᠠᠭᠠᠷᠳᠠᠯᠭ᠎ᠠ ᠵᠡᠷᠭᠡ ᠬᠤᠶᠠᠷ ᠬᠡᠰᠡᠭ᠎ᠢ ᠪᠠᠭ᠍ᠲᠠᠭᠠᠵᠤ᠂ ᠨᠠᠷᠢᠨ ᠲᠣᠳᠣᠷᠬᠠᠶ ᠲᠥᠯᠥᠪᠵᠢᠭᠦᠯᠭᠡ᠎ᠶ᠋ᠢᠨ ᠦᠷ᠎ᠡ ᠪᠦᠲᠦᠭᠡᠯ᠎ᠤᠨ ᠬᠡᠯᠪᠡᠷᠢ ᠬᠢᠭᠡᠳ ᠬᠤᠷᠢᠶᠠᠩᠭᠤᠢᠯᠠᠨ ᠲᠤᠱᠢᠶᠠᠬᠤ ᠱᠠᠭᠠᠷᠳᠠᠯᠭ᠎ᠠ ᠵᠡᠷᠭᠡ᠎ᠶ᠋ᠢ ᠵᠢᠷᠤᠮᠵᠢᠭᠤᠯᠪᠠ᠃

  ᠳᠠᠭᠠᠯᠳᠤᠭᠤᠯᠤᠭ᠍ᠰᠠᠨ A-F ᠎ᠳᠤ ᠨᠡᠷ᠎ᠡ ᠦᠭᠡ᠎ᠶ᠋ᠢᠨ ᠲᠠᠢᠯᠪᠤᠷᠢ ᠂ ᠲᠸᠺᠰᠲ ᠂ ᠬᠦᠰᠦᠨᠦᠭ ᠂ ᠵᠢᠷᠤᠭ ᠵᠡᠷᠭᠡ ᠬᠡᠪ ᠵᠠᠭ᠍ᠪᠤᠷ ᠵᠢᠴᠢ ᠭᠠᠵᠠᠷ ᠬᠡᠷᠡᠭ᠌ᠯᠡᠬᠦ᠌ ᠬᠣᠯᠢᠮᠠᠭ ᠵᠢᠯᠤᠭᠤᠳᠤᠮᠵᠢ ᠵᠡᠷᠭᠡ᠎ᠶ᠋ᠢ ᠪᠠᠭ᠍ᠲᠠᠭᠠᠨ᠎ᠠ ᠃

  ᠭᠤᠷᠪᠠ᠂ 《ᠤᠳᠤᠷᠢᠳᠭᠤ》 ᠎ᠶ᠋ᠢᠨ ᠱᠢᠨ᠎ᠡ᠎ᠶ᠋ᠢ ᠡᠭᠦᠳᠬᠦ᠌ ᠴᠡᠭ᠎ᠨᠢ ᠶᠠᠭᠤ ᠶᠠᠭᠤ ᠪᠣᠶ?

  ᠨᠢᠭᠡ᠎ᠳᠤ᠂ ᠤᠯᠤᠰ᠎ᠤᠨ ᠬᠤᠯᠪᠣᠭ᠍ᠳᠠᠯ ᠪᠦᠬᠦᠢ ᠳᠡᠮᠵᠢᠯᠭᠡ᠎ᠶ᠋ᠢᠨ ᠴᠢᠨᠠᠷᠲᠠᠢ ᠲᠥᠷᠥ᠎ᠶ᠋ᠢᠨ ᠪᠣᠳᠣᠯᠭ᠎ᠠ ᠶᠣᠰᠣᠭᠠᠷ᠂ ᠲᠤᠰᠠᠭᠠᠷ ᠦᠢᠯᠡᠳᠪᠦᠷᠢ ᠠᠭᠤᠷᠬᠠᠢ᠎ᠶ᠋ᠢᠨ ᠣᠷᠣᠨ᠎ᠤ ᠨᠠᠷᠢᠨ ᠲᠥᠯᠥᠪᠵᠢᠭᠦᠯᠭᠡ᠎ᠶ᠋ᠢ ᠨᠠᠢᠷᠠᠭᠤᠯᠤᠨ ᠵᠣᠬᠢᠶᠠᠬᠤ᠎ᠶ᠋ᠢ ᠠᠩᠬ᠎ᠠ ᠤᠳᠠᠭ᠎ᠠ ᠨᠠᠷᠢᠨ ᠲᠥᠯᠥᠪᠵᠢᠭᠦᠯᠭᠡ᠎ᠶ᠋ᠢ ᠨᠠᠢᠷᠠᠭᠤᠯᠤᠨ ᠵᠣᠬᠢᠶᠠᠬᠤ ᠬᠡᠪᠴᠢᠶᠡᠨ᠎ᠳᠤ ᠵᠢᠭ᠍ᠰᠠᠭᠠᠨ ᠣᠷᠣᠭᠤᠯᠵᠤ᠂ ᠭᠤᠣᠯ ᠬᠠᠷᠠᠯᠲᠠ᠎ᠨᠢ ᠲᠤᠰᠠᠭᠠᠷ ᠦᠢᠯᠡᠳᠪᠦᠷᠢ ᠠᠭᠤᠷᠬᠠᠢ᠎ᠶ᠋ᠢᠨ ᠣᠷᠣᠨ᠎ᠤ ᠲᠥᠯᠥᠪᠵᠢᠭᠦᠯᠭᠡ᠎ᠶ᠋ᠢᠨ ᠨᠥᠬᠦᠴᠡᠯ ᠲᠣᠬᠢᠷᠠᠭᠤᠯᠬᠤ᠂ ᠪᠦᠲᠦᠭᠡᠨ ᠪᠠᠢᠭᠤᠯᠤᠯᠲᠠ᠎ᠶ᠋ᠢᠨ ᠢᠨᠵᠸᠨ᠋ᠸᠷᠢᠩ᠎ᠦᠨ ᠲᠥᠯᠥᠪᠵᠢᠭᠦᠯᠭᠡ᠎ᠶ᠋ᠢᠨ ᠵᠥᠪᠱᠢᠶᠡᠷᠡᠯ ᠣᠯᠭᠤᠬᠤ᠎ᠳᠤ ᠦᠨᠳᠦᠰᠦ ᠪᠠᠷᠢᠮᠲᠠ ᠦᠭᠡᠢ ᠪᠠᠢᠬᠤ ᠠᠰᠠᠭᠤᠳᠠᠯ᠎ᠢ ᠱᠢᠢᠳᠪᠦᠷᠢᠯᠡᠬᠦ᠌ ᠶᠠᠪᠤᠳᠠᠯ ᠪᠣᠯᠤᠨ᠎ᠠ᠃

  ᠬᠤᠶᠠᠷ᠎ᠲᠤ᠂ ᠭᠠᠵᠠᠷ ᠱᠢᠷᠣᠶ᠎ᠶ᠋ᠢ ᠬᠤᠯᠢᠯᠳᠤᠭᠤᠯᠤᠨ ᠬᠡᠷᠡᠭ᠌ᠯᠡᠬᠦ᠌ ᠭᠠᠵᠠᠷ᠎ᠤᠨ ᠵᠢᠯᠣᠭᠤᠳᠤᠮᠵᠢ᠎ᠨᠢ ᠡᠯ᠎ᠡ ᠭᠠᠵᠠᠷ᠎ᠤᠨ ᠦᠢᠯᠡᠳᠦᠯᠭᠡ᠎ᠶ᠋ᠢᠨ ᠲᠤᠷᠱᠢᠯᠭ᠎ᠠ᠎ᠶ᠋ᠢ ᠭᠦᠢᠴᠡᠳ ᠳ᠋ᠦᠩᠨᠡᠭ᠌ᠰᠡᠨ ᠰᠠᠭᠤᠷᠢᠨ ᠳᠡᠭᠡᠷ᠎ᠡ᠂ ᠣᠳᠣ᠎ᠶ᠋ᠢᠨ ᠬᠡᠷᠡᠭ᠌ᠵᠢᠭᠦᠯᠵᠦ᠍ ᠪᠠᠢᠭ᠎ᠠ ᠲᠥᠷᠥ᠎ᠶ᠋ᠢᠨ ᠪᠣᠳᠣᠯᠭ᠎ᠠ᠎ᠶ᠋ᠢᠨ ᠲᠣᠭ᠍ᠲᠠᠭᠠᠯ᠎ᠳᠤ ᠨᠡᠢᠴᠡᠭ᠌ᠰᠡᠨ ᠤᠷᠢᠲᠠᠯ ᠳᠣᠤᠷ᠎ᠠ᠂ ᠨᠠᠷᠢᠨ ᠬᠠᠭᠤᠳᠠᠰᠤ᠎ᠶ᠋ᠢᠨ ᠬᠡᠯᠪᠡᠷᠢ᠎ᠪᠠᠷ ᠭᠠᠵᠠᠷ ᠬᠡᠷᠡᠭ᠌ᠯᠡᠬᠦ᠌᠎ᠶ᠋ᠢᠨ ᠱᠢᠨᠵᠢ ᠴᠢᠨᠠᠷ᠂ ᠲᠥᠷᠥᠯ ᠵᠦᠢᠯ ᠵᠡᠷᠭᠡ᠎ᠶ᠋ᠢ ᠲᠣᠳᠣᠷᠬᠠᠢᠯᠠᠵᠤ᠂ ᠪᠠᠷᠢᠯᠭ᠎ᠠ᠎ᠶ᠋ᠢᠨ ᠴᠢᠳᠠᠮᠵᠢ᠎ᠶ᠋ᠢ ᠬᠤᠪᠢᠷᠠᠭᠤᠯᠬᠤ ᠪᠠ ᠬᠤᠯᠢᠯᠳᠤᠭᠤᠯᠤᠨ ᠠᠱᠢᠭ᠍ᠯᠠᠬᠤ᠎ᠲᠠᠢ ᠵᠣᠬᠢᠴᠠᠭ᠍ᠰᠠᠨ ᠬᠡᠷᠡᠭ᠌ᠯᠡᠯᠲᠡ᠎ᠶ᠋ᠢ ᠲᠣᠬᠢᠷᠠᠭᠤᠯᠬᠤ ᠲᠣᠭ᠍ᠲᠠᠴᠠ᠎ᠶ᠋ᠢ ᠪᠠᠢᠭᠤᠯᠵᠤ᠂ ᠤᠯᠤᠰ᠎ᠤᠨ ᠭᠠᠵᠠᠷ ᠱᠢᠷᠣᠶ᠎ᠶ᠋ᠢᠨ ᠣᠷᠣᠨ ᠵᠠᠶ᠎ᠶ᠋ᠢᠨ ᠲᠥᠯᠥᠪᠵᠢᠭᠦᠯᠭᠡ᠎ᠶ᠋ᠢᠨ ᠬᠡᠷᠡᠭ᠌ᠴᠡᠭᠡ᠎ᠶ᠋ᠢᠨ ᠬᠠᠮᠢᠶᠠᠷᠤᠨ ᠡᠵᠡᠮᠳᠡᠬᠦ᠌ ᠠᠮᠢᠳᠤᠯᠢᠭ ᠴᠢᠨᠠᠷ ᠪᠠ ᠬᠠᠷᠢᠮᠠᠬᠠᠶ ᠴᠢᠨᠠᠷ᠎ᠢ ᠤᠯᠠᠮ ᠨᠢᠭᠡ ᠠᠯᠬᠤᠮ ᠴᠢᠩᠭᠠᠷᠠᠭᠤᠯᠵᠤ᠂ ᠣᠷᠣᠨ ᠨᠤᠲᠤᠭ᠎ᠤᠨ ᠬᠤᠲᠠ᠎ᠶ᠋ᠢᠨ ᠱᠢᠨᠡᠴᠢᠯᠡᠯᠲᠡ ᠪᠤᠶᠤ ᠳᠣᠤᠷ᠎ᠠ ᠠᠱᠢᠭ᠍ᠯᠠᠮᠵᠢ᠎ᠲᠠᠢ ᠭᠠᠵᠠᠷ ᠱᠢᠷᠣᠶ᠎ᠶ᠋ᠢ ᠳᠠᠬᠢᠨ ᠠᠱᠢᠭ᠍ᠯᠠᠬᠤ ᠠᠵᠢᠯ᠎ᠤᠨ ᠳᠤᠮᠳᠠ ᠭᠠᠵᠠᠷ ᠱᠢᠷᠣᠶ᠎ᠶ᠋ᠢ ᠵᠣᠬᠢᠴᠠᠭᠤᠯᠤᠨ ᠨᠡᠢᠯᠡᠭᠦᠯᠦᠨ ᠠᠱᠢᠭ᠍ᠯᠠᠬᠤ ᠬᠡᠷᠡᠭ᠌ᠴᠡᠭᠡ᠎ᠶ᠋ᠢ ᠬᠠᠩᠭᠠᠪᠠ᠃

  ᠳᠥᠷᠪᠡ᠂ 《ᠵᠢᠯᠣᠭᠤᠳᠭᠤ ᠳᠦᠷᠢᠮ》 ᠎ᠤᠨ ᠱᠢᠢᠳᠪᠦᠷᠢᠯᠡᠭ᠌ᠰᠡᠨ ᠭᠤᠣᠯ ᠠᠰᠠᠭᠤᠳᠠᠯ᠎ᠨᠢ ᠶᠠᠭᠤ ᠶᠠᠭᠤ ᠪᠤᠢ?

  ᠨᠢᠭᠡ᠎ᠳᠦ᠂ ᠦᠨᠳᠦᠰᠦᠨ ᠱᠠᠲᠤᠨ᠎ᠤ ᠨᠠᠷᠢᠨ ᠲᠣᠳᠣᠷᠬᠠᠶ ᠲᠥᠯᠥᠪᠵᠢᠭᠦᠯᠭᠡ᠎ᠶ᠋ᠢᠨ ᠬᠠᠮᠢᠶᠠᠷᠤᠯᠲᠠ᠎ᠶ᠋ᠢᠨ ᠠᠵᠢᠯ᠎ᠤᠨ ᠳᠤᠮᠳᠠ ᠲᠤᠯᠭᠠᠷᠠᠭ᠍ᠰᠠᠨ ᠪᠣᠳᠠᠲᠠᠶ ᠠᠰᠠᠭᠤᠳᠠᠯ᠎ᠢ ᠱᠢᠶ᠋ᠳᠪᠦᠷᠢᠯᠡᠬᠦ᠌ ᠬᠡᠷᠡᠭ᠌ᠲᠡᠶ᠃ 《ᠵᠢᠯᠣᠭᠤᠳᠭᠤ ᠳᠦᠷᠢᠮ》 ᠎ᠢ ᠨᠠᠢᠷᠠᠭᠤᠯᠤᠨ ᠵᠣᠬᠢᠶᠠᠬᠤ ᠶᠠᠪᠤᠴᠠ᠎ᠳᠤ᠂ ᠠᠢᠮᠠᠭ ᠬᠤᠲᠠ᠂ ᠬᠤᠱᠢᠭᠤ ᠱᠢᠶᠠᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠲᠣᠪᠴᠢᠶ᠎ᠠ᠎ᠶ᠋ᠢᠨ ᠰᠠᠨᠠᠯ᠎ᠢ ᠣᠯᠠᠨ ᠤᠳᠠᠭ᠎ᠠ ᠬᠤᠷᠢᠶᠠᠵᠤ᠂ ᠡᠯ᠎ᠡ ᠭᠠᠵᠠᠷ᠎ᠤᠨ ᠨᠠᠷᠢᠨ ᠲᠥᠯᠥᠪᠵᠢᠭᠦᠯᠭᠡ᠎ᠶ᠋ᠢ ᠨᠠᠢᠷᠠᠭᠤᠯᠤᠨ ᠵᠣᠬᠢᠶᠠᠬᠤ ᠬᠠᠮᠢᠶᠠᠷᠤᠯᠲᠠ᠎ᠶ᠋ᠢᠨ ᠳᠤᠮᠳᠠ ᠣᠷᠣᠱᠢᠵᠤ ᠪᠠᠢᠭ᠎ᠠ ᠠᠰᠠᠭᠤᠳᠠᠯ ᠬᠢᠭᠡᠳ ᠬᠦᠰᠡᠯ ᠱᠠᠭᠠᠷᠳᠠᠯᠭ᠎ᠠ᠎ᠶ᠋ᠢ ᠭᠦᠨᠵᠡᠭᠡᠶ ᠣᠢᠯᠠᠭᠠᠪᠠ᠃ ᠡᠯ᠎ᠡ ᠭᠠᠵᠠᠷ᠎ᠤᠨ ᠠᠩᠬᠠᠷᠴᠤ᠌ ᠪᠠᠢᠭ᠎ᠠ ᠨᠠᠷᠢᠨ ᠲᠣᠳᠣᠷᠬᠠᠶ ᠲᠥᠯᠥᠪᠵᠢᠭᠦᠯᠭᠡ᠎ᠶ᠋ᠢᠨ ᠬᠡᠷᠡᠭ᠌ᠯᠡᠬᠦ᠌ ᠬᠡᠪᠴᠢᠶ᠎ᠡ᠂ ᠨᠠᠢᠷᠠᠭᠤᠯᠤᠨ ᠵᠣᠬᠢᠶᠠᠬᠤ ᠲᠠᠰ ᠳᠠᠪᠬᠤᠷᠭ᠎ᠠ ᠵᠢᠴᠢ ᠬᠠᠮᠢᠶᠠᠷᠤᠨ ᠡᠵᠡᠮᠳᠡᠬᠦ᠌ ᠭᠤᠤᠯᠳᠠᠯᠭ᠎ᠠ᠂ ᠣᠷᠣᠨ ᠬᠤᠪᠢᠶᠠᠨ ᠲᠥᠷᠥᠯ ᠬᠤᠪᠢᠶᠠᠨ ᠵᠦᠷᠢᠶᠡᠴᠢᠯᠡᠭ᠌ᠰᠡᠨ ᠬᠠᠮᠢᠶᠠᠷᠤᠨ ᠡᠵᠡᠮᠳᠡᠬᠦ᠌᠎ᠶ᠋ᠢ ᠬᠥᠲᠥᠯᠦᠨ ᠵᠢᠯᠣᠭᠤᠳᠭᠤ᠂ ᠵᠣᠬᠢᠴᠠᠮᠵᠢᠲᠤ ᠴᠢᠨᠠᠷ ᠪᠠ ᠭᠠᠵᠠᠷ ᠱᠢᠷᠣᠶ᠎ᠶ᠋ᠢ ᠬᠤᠯᠢᠮᠠᠭ ᠬᠡᠷᠡᠭ᠌ᠯᠡᠬᠦ᠌ ᠵᠡᠷᠭᠡ ᠭᠤᠤᠯᠳᠠᠯᠭ᠎ᠠ᠎ᠲᠠᠢ ᠠᠰᠠᠭᠤᠳᠠᠯ᠎ᠢ ᠨᠠᠷᠢᠨ ᠬᠢᠨᠠᠮᠠᠭᠠᠶ ᠰᠤᠳᠤᠯᠤᠭ᠍ᠰᠠᠨ ᠪᠥᠭᠡᠳ 《ᠵᠢᠯᠣᠭᠤᠳᠭᠤ ᠲᠦᠷᠢᠮ》 ᠎ᠳᠤ ᠨᠠᠢᠳᠠᠪᠤᠷᠢᠵᠢᠭᠤᠯᠪᠠ᠃

  ᠬᠤᠶᠠᠷ᠎ᠲᠤ᠌᠂ ᠨᠠᠷᠢᠨ ᠲᠣᠳᠣᠷᠬᠠᠶ ᠲᠥᠯᠥᠪᠵᠢᠭᠦᠯᠭᠡ ᠬᠢᠭᠡᠳ ᠬᠠᠮᠢᠶ᠎ᠠ ᠪᠦᠬᠦᠢ ᠲᠤᠰᠭᠠᠶ ᠵᠦᠢᠯ᠎ᠤᠨ ᠲᠥᠯᠥᠪᠵᠢᠭᠦᠯᠭᠡ᠎ᠶ᠋ᠢ ᠵᠣᠯᠭᠠᠭᠤᠯᠬᠤ᠎ᠠᠴᠠ ᠰᠠᠯᠤᠩᠭᠢᠷᠠᠭ᠍ᠰᠠᠨ ᠠᠰᠠᠭᠤᠳᠠᠯ᠎ᠢ ᠱᠢᠢᠳᠪᠦᠷᠢᠯᠡᠬᠦ᠌ ᠬᠡᠷᠡᠭ᠌ᠲᠡᠢ᠃ 《ᠤᠯᠤᠰ᠎ᠤᠨ ᠨᠤᠲᠤ ᠭᠠᠵᠠᠷ ᠰᠢᠷᠤᠢ᠎ᠶᠢᠨ ᠣᠷᠣᠨ ᠵᠠᠶ᠎ᠶ᠋ᠢᠨ ᠲᠥᠯᠥᠪᠵᠢᠭᠦᠯᠭᠡ᠎ᠶ᠋ᠢᠨ ᠱᠢᠰᠲ᠋ᠧᠮ᠎ᠢ ᠪᠠᠢᠭᠤᠯᠬᠤ᠎ᠶ᠋ᠢᠨ ᠬᠠᠮᠲᠤ ᠬᠢᠨᠠᠯᠲᠠ ᠲᠠᠯᠪᠢᠨ ᠬᠡᠷᠡᠭ᠌ᠵᠢᠭᠦᠯᠬᠦ᠌ ᠲᠤᠬᠠᠶ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠲᠥᠷᠥ᠎ᠶ᠋ᠢᠨ ᠶᠠᠪᠤᠳᠠᠯ᠎ᠤᠨ ᠬᠤᠷᠢᠶᠠᠨ᠎ᠤ ᠰᠠᠨᠠᠯ᠎ᠤᠳ》 ᠎ᠤᠨ ᠱᠠᠭᠠᠷᠳᠠᠯᠭ᠎ᠠ ᠶᠣᠰᠣᠭᠠᠷ᠂ ᠨᠠᠷᠢᠨ ᠲᠥᠯᠥᠪᠵᠢᠭᠦᠯᠭᠡ᠎ᠶ᠋ᠢ ᠬᠠᠮᠢᠶ᠎ᠠ ᠪᠦᠬᠦᠢ ᠲᠤᠰᠭᠠᠶ ᠲᠥᠯᠥᠪᠵᠢᠭᠦᠯᠭᠡ᠎ᠲᠠᠢ ᠰᠠᠢᠲᠤᠷ ᠵᠣᠯᠭᠠᠭᠤᠯᠬᠤ ᠬᠡᠷᠡᠭ᠌ᠲᠡᠶ᠃ 《ᠵᠢᠯᠣᠭᠤᠳᠭᠤ ᠳᠦᠷᠢᠮ》 ᠎ᠳᠤ ᠨᠠᠷᠢᠨ ᠲᠥᠯᠥᠪᠵᠢᠭᠦᠯᠭᠡ ᠬᠢᠭᠡᠳ ᠤᠯᠠᠨ ᠨᠡᠢᠲᠡ᠎ᠶ᠋ᠢᠨ ᠲᠥᠬᠦᠭᠡᠷᠦᠮᠵᠢ᠂ ᠬᠤᠳᠠ᠎ᠶ᠋ᠢᠨ ᠶᠠᠪᠤᠳᠠᠯ᠎ᠤᠨ ᠲᠥᠬᠦᠭᠡᠷᠦᠮᠵᠢ᠂ ᠵᠠᠮ ᠬᠠᠷᠢᠯᠴᠠᠭᠠᠨ᠎ᠤ ᠲᠥᠬᠦᠭᠡᠷᠦᠮᠵᠢ᠂ ᠨᠣᠭᠤᠭᠠᠷᠠᠭᠤᠯᠤᠯᠲᠠ᠂ ᠬᠤᠳᠠ᠎ᠶ᠋ᠢᠨ ᠳᠦᠷᠰᠦ ᠪᠠᠢᠳᠠᠯ᠂ ᠬᠤᠳᠠ᠎ᠶ᠋ᠢᠨ ᠠᠮᠤᠷ ᠲᠦᠪᠱᠢᠨ᠂ ᠠᠮᠢ ᠠᠬᠤᠢ᠎ᠶ᠋ᠢ ᠰᠡᠷᠭᠦᠭᠡᠬᠦ᠂ ᠠᠭᠤᠷᠬᠠᠢ᠎ᠶ᠋ᠢᠨ ᠡᠬᠢ ᠪᠠᠶᠠᠯᠢᠭ᠎ᠢ ᠬᠠᠮᠠᠭᠠᠯᠠᠨ ᠠᠱᠢᠭ᠍ᠯᠠᠬᠤ᠂ ᠲᠡᠦᠬᠡ ᠰᠣᠶᠣᠯ᠎ᠢ ᠬᠠᠮᠠᠭᠠᠯᠠᠬᠤ ᠵᠡᠷᠭᠡ ᠲᠤᠰᠭᠠᠢ ᠲᠥᠯᠥᠪᠵᠢᠭᠦᠯᠭᠡ᠎ᠶ᠋ᠢᠨ ᠵᠣᠯᠭᠠᠭᠤᠯᠬᠤ ᠱᠠᠭᠠᠷᠳᠠᠯᠭ᠎ᠠ᠎ᠶ᠋ᠢ ᠤᠯᠠᠮ ᠨᠢᠭᠡ ᠠᠯᠬᠤᠮ ᠲᠣᠳᠣᠷᠬᠠᠢᠯᠠᠵᠤ᠂ ᠡᠯ᠎ᠡ ᠭᠠᠵᠠᠷ᠎ᠤᠨ᠎ᠬᠢᠨ ᠲᠤᠰᠭᠠᠢ ᠲᠥᠯᠥᠪᠵᠢᠭᠦᠯᠭᠡ᠎ᠶ᠋ᠢᠨ ᠭᠤᠣᠯ ᠠᠭᠤᠯᠭ᠎ᠠ᠎ᠶ᠋ᠢ ᠨᠠᠷᠢᠨ ᠲᠥᠯᠥᠪᠵᠢᠭᠦᠯᠭᠡ᠎ᠳᠤ ᠣᠷᠣᠭᠤᠯᠤᠨ ᠠᠵᠢᠯ᠎ᠤᠨ ᠵᠢᠯᠤᠭᠤᠳᠤᠯᠭ᠎ᠠ ᠳᠤᠷᠠᠳᠴᠠᠢ᠃

ᠢᠷᠡᠯᠲᠡ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠲᠢᠩᠬᠢᠮ