2023 ᠣᠨ᠎ᠤ 12 ᠳ᠋ᠤᠭ᠋ᠠᠷ ᠰᠠᠷ᠎ᠠ᠎ᠶ᠋ᠢᠨ 8 ᠤ ᠡᠳᠦᠷ᠂ ᠲᠥᠷᠥ᠎ᠶ᠋ᠢᠨ ᠶᠠᠪᠤᠳᠠᠯ᠎ᠤᠨ ᠬᠤᠷᠢᠶ᠎ᠠ᠎ᠠᠴᠠ 《ᠥᠪᠥᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠤᠯᠤᠰ᠎ᠤᠨ ᠭᠠᠵᠠᠷ ᠱᠢᠷᠣᠶ᠎ᠶ᠋ᠢᠨ ᠣᠷᠣᠨ ᠵᠠᠶ᠎ᠶ᠋ᠢᠨ ᠲᠥᠯᠥᠪᠵᠢᠭᠦᠯᠭᠡ ( 2021 - 2035 ᠣᠨ )》 ᠶ᠋ᠢ ᠴᠣᠬᠤᠯᠠᠪᠤᠷᠢᠯᠠᠪᠠ᠃ ( ᠳᠣᠷᠣᠭ᠍ᠰᠢ 《 ᠲᠥᠯᠥᠪᠵᠢᠭᠦᠯᠭᠡ》 ᠭᠡᠵᠦ᠍ ᠲᠣᠪᠴᠢᠯᠠᠨ᠎ᠠ) ᠃
《ᠲᠥᠯᠥᠪᠵᠢᠭᠦᠯᠭᠡ》 ᠪᠣᠯ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠠᠬᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠭᠠᠵᠠᠷ ᠱᠢᠷᠣᠶ᠎ᠶ᠋ᠢᠨ ᠣᠷᠣᠨ ᠵᠠᠶ᠎ᠶ᠋ᠢ ᠬᠠᠮᠠᠭᠠᠯᠠᠬᠤ᠂ ᠨᠡᠭᠡᠭᠡᠨ ᠬᠥᠭ᠌ᠵᠢᠭᠦᠯᠬᠦ᠂ ᠠᠱᠢᠭ᠍ᠯᠠᠬᠤ᠂ ᠵᠠᠰᠠᠨ ᠰᠡᠷᠭᠦᠭᠡᠬᠦ᠌ ᠲᠥᠷᠥ᠎ᠶ᠋ᠢᠨ ᠪᠣᠳᠣᠯᠭ᠎ᠠ ᠪᠠ ᠶᠡᠷᠦᠩᠬᠡᠶ ᠬᠥᠲᠥᠯᠪᠦᠷᠢ ᠮᠥᠨ᠂ ᠠᠢᠮᠠᠭ ᠬᠤᠲᠠ ᠵᠢᠴᠢ ᠲᠡᠭᠦᠨ᠎ᠠᠴᠠ ᠳᠣᠷᠣᠭ᠍ᠰᠢᠬᠢ ᠤᠯᠤᠰ᠎ᠤᠨ ᠭᠠᠵᠠᠷ ᠱᠢᠷᠣᠶ᠎ᠶ᠋ᠢᠨ ᠣᠷᠣᠨ ᠵᠠᠶ᠎ᠶ᠋ᠢᠨ ᠲᠥᠯᠥᠪᠵᠢᠭᠦᠯᠭᠡ᠎ᠶ᠋ᠢ ᠨᠠᠢᠷᠠᠭᠤᠯᠤᠨ ᠵᠣᠬᠢᠶᠠᠬᠤ᠎ᠶ᠋ᠢᠨ ᠦᠨᠳᠦᠰᠦᠨ ᠦᠨᠳᠦᠰᠦᠯᠡᠯ ᠮᠥᠨ᠂ ᠬᠠᠮᠢᠶ᠎ᠠ ᠪᠥᠬᠦᠶ ᠲᠥᠯᠥᠪᠵᠢᠭᠦᠯᠭᠡ᠎ᠶ᠋ᠢᠨ ᠰᠠᠭᠤᠷᠢ ᠮᠥᠨ᠃
《ᠲᠥᠯᠥᠪᠵᠢᠭᠦᠯᠭᠡ》 ᠨᠢ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠪᠥᠬᠦ᠌ ᠲᠠᠯ᠎ᠠ᠎ᠪᠠᠷ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠨᠠᠮ᠎ᠤᠨ ᠲᠥᠪ ᠬᠤᠷᠢᠶ᠎ᠠ᠎ᠠᠴᠠ ᠥᠪᠥᠷ ᠮᠣᠩᠭᠤᠯ᠎ᠳᠤ ᠣᠯᠭᠤᠭ᠍ᠰᠠᠨ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ᠎ᠶ᠋ᠢᠨ ᠲᠣᠭᠤᠷᠢᠨ᠎ᠳᠤ᠂ ᠡᠬᠢ ᠪᠠᠶᠠᠯᠢᠭ ᠣᠷᠴᠢᠨ ᠲᠣᠭᠤᠷᠢᠨ᠎ᠤ ᠳᠠᠭᠠᠭᠠᠬᠤ ᠴᠢᠳᠠᠪᠤᠷᠢ ᠪᠠ ᠤᠯᠤᠰ᠎ᠤᠨ ᠭᠠᠵᠠᠷ ᠱᠢᠷᠣᠶ᠎ᠶ᠋ᠢᠨ ᠣᠷᠣᠨ ᠵᠠᠶ᠎ᠶ᠋ᠢ ᠨᠡᠭᠡᠭᠡᠨ ᠬᠥᠭ᠌ᠵᠢᠭᠦᠯᠬᠦ᠌᠎ᠳᠤ ᠵᠣᠬᠢᠴᠠᠬᠤ ᠴᠢᠨᠠᠷᠲᠠᠶ ᠦᠨᠡᠯᠡᠯᠲᠡ᠎ᠪᠠᠷ ᠰᠠᠭᠤᠷᠢ ᠪᠣᠯᠭᠠᠵᠤ᠂ ᠤᠯᠤᠰ᠎ᠤᠨ ᠵᠣᠷᠢᠭ ᠰᠠᠨᠠᠭ᠎ᠠ᠂ ᠥᠪᠥᠷ ᠮᠣᠩᠭᠤᠯ᠎ᠤᠨ ᠣᠨᠴᠠᠯᠢᠭ᠎ᠢ ᠢᠯᠡᠷᠡᠭᠦᠯᠵᠦ᠍᠂ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬᠤ ᠪᠠ ᠪᠣᠬᠢᠷᠲᠤᠯ ᠥᠬᠡᠶ ᠬᠥᠭ᠌ᠵᠢᠭᠦᠯᠬᠦ᠌᠎ᠪᠠᠷ ᠭᠤᠤᠯᠳᠠᠯᠭ᠎ᠠ ᠪᠣᠯᠭᠠᠵᠤ᠂ ᠤᠯᠤᠰ᠎ᠤᠨ ᠭᠠᠵᠠᠷ ᠱᠢᠷᠣᠶ᠎ᠶ᠋ᠢᠨ ᠣᠷᠣᠨ ᠵᠠᠶ᠎ᠶ᠋ᠢᠨ ᠦᠨᠳᠦᠰᠦᠨ ᠨᠥᠬᠦᠴᠡᠯ᠎ᠢ ᠶᠡᠷᠦᠩᠬᠡᠢᠯᠡᠨ ᠵᠠᠳᠠᠯᠵᠤ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠭᠠᠵᠠᠷ ᠱᠢᠷᠣᠶ᠎ᠶ᠋ᠢᠨ ᠣᠷᠣᠨ ᠵᠠᠶ᠎ᠶ᠋ᠢ ᠬᠠᠮᠠᠭᠠᠯᠠᠨ ᠨᠡᠭᠡᠭᠡᠨ ᠬᠥᠭ᠌ᠵᠢᠭᠦᠯᠬᠦ᠌ ᠪᠠᠢᠯᠳᠤᠬᠤ ᠪᠣᠳᠣᠯᠭ᠎ᠠ ᠪᠠ ᠭᠤᠤᠯ ᠬᠠᠷᠠᠯᠲᠠ᠎ᠶ᠋ᠢ ᠲᠣᠳᠣᠷᠬᠠᠢᠯᠠᠪᠠ᠃ ᠲᠠᠷᠢᠶᠠᠯᠠᠩ ᠮᠠᠯ ᠠᠵᠤ ᠠᠬᠤᠶ᠎ᠶ᠋ᠢᠨ ᠣᠷᠣᠨ ᠵᠠᠶ᠂ ᠠᠮᠢ ᠠᠬᠤᠶ᠎ᠶ᠋ᠢᠨ ᠣᠷᠣᠨ ᠵᠠᠶ ᠪᠠ ᠬᠤᠲᠠ ᠪᠠᠯᠭᠠᠰᠤᠨ᠎ᠤ ᠣᠷᠣᠨ ᠵᠠᠶ᠎ᠶ᠋ᠢ ᠨᠢᠭᠡᠳᠦᠯᠲᠡᠶ ᠲᠥᠯᠥᠪᠯᠡᠨ ᠱᠢᠯᠢᠳᠡᠭ᠌ᠵᠢᠭᠦᠯᠵᠦ᠍᠂ ᠲᠠᠷᠢᠶᠠᠨ ᠭᠠᠵᠠᠷ ᠪᠠ ᠡᠭᠦᠷᠢᠳᠡ᠎ᠶ᠋ᠢᠨ ᠦᠨᠳᠦᠰᠦᠨ ᠲᠠᠷᠢᠶᠠᠨ ᠭᠠᠵᠠᠷ᠂ ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠤᠯᠠᠭᠠᠨ ᠱᠤᠭᠤᠮ᠂ ᠬᠤᠲᠠ ᠪᠠᠯᠭᠠᠰᠤᠨ᠎ᠤ ᠨᠡᠭᠡᠭᠡᠨ ᠬᠥᠭ᠌ᠵᠢᠭᠦᠯᠬᠦ᠌ ᠵᠠᠭᠠᠭ ᠬᠢᠵᠠᠭᠠᠷ ᠵᠡᠷᠭᠡ ᠭᠤᠷᠪᠠᠨ ᠬᠢᠵᠠᠭᠠᠷᠯᠠᠬᠤ ᠱᠤᠭᠤᠮ᠎ᠢ ᠴᠢᠩᠭ᠎ᠠ ᠰᠠᠬᠢᠵᠤ᠂ ᠱᠢᠨ᠎ᠡ ᠴᠠᠭ ᠦᠶ᠎ᠡ᠎ᠶ᠋ᠢᠨ ᠤᠯᠤᠰ᠎ᠤᠨ ᠭᠠᠵᠠᠷ ᠰᠢᠷᠤᠢ᠎ᠶᠢᠨ ᠣᠷᠣᠨ ᠵᠠᠶ᠎ᠶ᠋ᠢ ᠬᠠᠮᠠᠭᠠᠯᠠᠵᠤ ᠨᠡᠭᠡᠭᠡᠨ ᠠᠱᠢᠭ᠍ᠯᠠᠬᠤ ᠪᠠᠢᠷᠢᠱᠢᠯ᠎ᠢ ᠪᠠᠢᠭᠤᠯᠤᠨ᠎ᠠ᠃
01
ᠤᠯᠤᠰ᠎ᠤᠨ ᠭᠠᠵᠠᠷ ᠱᠢᠷᠤᠢ᠎ᠶ᠋ᠢᠨ ᠤᠷᠤᠨ ᠵᠠᠢ᠎ᠶ᠋ᠢᠨ ᠤᠳᠤᠬᠢ ᠪᠠᠢᠳᠠᠯ ᠪᠠ ᠪᠠᠢᠳᠠᠯ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ ᠡᠬᠡ ᠤᠯᠤᠰ᠎ᠤᠨ ᠤᠮᠠᠷᠠᠲᠤ᠎ᠶ᠋ᠢᠨ ᠬᠢᠯᠢ ᠬᠢᠵᠠᠭᠠᠷᠲᠤ ᠪᠠᠢᠷᠢᠯᠠᠵᠤ᠂ ᠮᠠᠨ᠎ᠤ ᠤᠯᠤᠰ᠎ᠤᠨ ᠵᠡᠭᠦᠨ ᠬᠤᠢᠲᠤ ᠣᠷᠣᠨ᠂ ᠤᠮᠠᠷᠠᠲᠤ ᠣᠷᠣᠨ ᠪᠠ ᠪᠠᠷᠠᠭᠤᠨ ᠬᠤᠢᠲᠤ ᠣᠷᠣᠨ᠎ᠢ ᠰᠤᠨᠳᠠᠯᠠᠵᠤ᠂ ᠬᠢᠯᠢ᠎ᠶ᠋ᠢᠨ ᠱᠤᠭᠤᠮ 4200 ᠭᠠᠷᠤᠶ ᠺᠢᠯᠣᠮᠧᠲᠷ ᠤᠷᠲᠤ ᠪᠠᠢᠵᠤ᠂ ᠮᠠᠨ᠎ᠤ ᠤᠯᠤᠰ᠎ᠤᠨ ᠤᠮᠠᠷᠠᠲᠤ᠎ᠶ᠋ᠢᠨ ᠲᠠᠯᠠᠪᠠᠶ᠎ᠪᠠᠷ ᠬᠠᠮᠤᠭ᠎ᠤᠨ ᠶᠡᠭᠡ᠂ ᠲᠥᠷᠥᠯ ᠵᠦᠢᠯ᠎ᠢᠶᠠᠷ ᠬᠠᠮᠤᠭ᠎ᠤᠨ ᠪᠦᠷᠢᠨ ᠠᠮᠢ ᠠᠬᠤᠶ᠎ᠶ᠋ᠢᠨ ᠴᠢᠳᠠᠮᠵᠢᠲᠤ ᠣᠷᠣᠨ ᠮᠥᠨ᠂ ᠤᠯᠤᠰ᠎ᠤᠨ ᠪᠠᠢᠯᠳᠤᠬᠤ ᠪᠣᠳᠣᠯᠭ᠎ᠠ᠎ᠶ᠋ᠢᠨ ᠬᠡᠷᠡᠭ᠌ᠴᠡᠭᠡ ᠪᠠ ᠣᠷᠣᠨ᠎ᠤ ᠪᠠᠢᠳᠠᠯ᠎ᠤᠨ ᠰᠠᠭᠤᠷᠢ᠎ᠳᠤ ᠰᠠᠭᠤᠷᠢᠯᠠᠨ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠥᠭ᠌ᠵᠢᠯᠲᠡ᠎ᠶ᠋ᠢᠨ ᠣᠷᠴᠢᠨ ᠲᠣᠭᠤᠷᠢᠨ᠎ᠳᠤ ᠲᠤᠯᠭᠠᠷᠠᠵᠤ ᠪᠠᠢᠭ᠎ᠠ ᠠᠵᠠ ᠲᠣᠬᠢᠶᠠᠯ ᠪᠠ ᠥᠷᠢᠰᠥᠯᠳᠦᠭᠡᠨ᠎ᠢ ᠭᠦᠨᠵᠡᠭᠡᠶ ᠲᠠᠨᠢᠵᠤ᠂ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭ᠌ᠵᠢᠭᠦᠯᠬᠦ᠌᠎ᠪᠠᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠵᠠᠮᠨᠠᠬᠤ ᠬᠡᠷᠡᠭ᠌ᠲᠡᠶ᠃
ᠪᠠᠢᠭᠠᠯᠢ᠎ᠶ᠋ᠢᠨ ᠭᠠᠵᠠᠷ ᠵᠦᠢ᠎ᠶ᠋ᠢᠨ ᠪᠠᠢᠷᠢᠱᠢᠯ ᠬᠢᠭᠡᠳ ᠡᠬᠢ ᠪᠠᠶᠠᠯᠢᠭ᠎ᠤᠨ ᠲᠦᠷᠦᠯᠬᠢ ᠳᠠᠪᠠᠭᠤᠯᠢᠭ
ᠭᠠᠵᠠᠷ᠎ᠤᠨ ᠪᠠᠢᠴᠠ ᠪᠣᠳᠣᠯᠢᠶᠠᠨᠲᠠᠢ ᠣᠯᠠᠨ ᠶᠠᠩᠵᠤ᠎ᠶ᠋ᠢᠨ᠂ ᠪᠠᠢ᠌ᠭ᠋ᠠᠯᠢ᠎ᠶᠢᠨ ᠭᠠᠵᠠᠷ ᠵᠦᠢ᠎ᠶ᠋ᠢᠨ ᠥᠪᠡᠷᠮᠢᠴᠡ ᠣᠨᠴᠠᠯᠢᠭ᠎ᠲᠠᠢ᠃ ᠥᠪᠥᠷᠮᠣᠩᠭ᠍ᠣᠯᠤᠨᠥᠪᠡᠷᠲᠡᠭᠡᠨᠵᠠᠰᠠᠬᠤᠣᠷᠣᠨᠳᠤ ᠭᠣᠣᠯᠳᠠᠭᠤ ᠠᠭᠤᠯᠠᠷᠬᠠᠭ ᠭᠠᠵᠠᠷ᠂ ᠳᠣᠪᠣᠷᠬᠠᠭ᠂ ᠥᠨᠳᠥᠷᠯᠢᠭ᠂ ᠲᠠᠯ᠎ᠠ ᠭᠠᠵᠠᠷ᠂ ᠲᠠᠩ ᠭᠠᠵᠠᠷ᠂ ᠡᠯᠡᠰᠦᠷᠬᠡᠭ ᠭᠠᠵᠠᠷ᠂ ᠡᠯᠡᠰᠦ ᠮᠠᠩᠬ᠎ᠠ᠂ ᠭᠣᠪᠢ ᠵᠡᠷᠭᠡ ᠭᠠᠵᠠᠷ᠎ᠤᠳ ᠪᠠᠢᠳᠠᠭ᠃
ᠪᠡᠯᠴᠢᠭᠡᠷ ᠥᠷᠭᠡᠨ ᠠᠭᠤᠳᠠᠮ ᠪᠠᠢᠵᠤ᠂ ᠪᠦᠰᠡᠯᠢᠭ ᠱᠢᠨᠵᠢ ᠣᠨᠴᠠᠭᠠᠢ ᠪᠠᠢᠳᠠᠭ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠤᠲᠤᠭ ᠪᠡᠯᠴᠢᠭᠡᠷ ᠪᠣᠯ ᠧᠦ᠋ᠷᠣᠫᠠ ᠠᠽᠢᠶ᠎ᠠ᠎ᠶ᠋ᠢᠨ ᠡᠬᠡ ᠬᠠᠭᠤᠷᠠᠶ᠎ᠶ᠋ᠢᠨ ᠳᠤᠯᠠᠭᠠᠨ ᠪᠦᠰᠡ᠎ᠶ᠋ᠢᠨ ᠨᠤᠲᠤᠭ ᠪᠡᠯᠴᠢᠭᠡᠷ᠎ᠦᠨ ᠴᠢᠬᠤᠯᠠ ᠪᠦᠷᠢᠯᠳᠦᠬᠦᠨ ᠬᠡᠰᠡᠭ ᠪᠣᠯᠬᠤ ᠪᠥᠭᠡᠳ ᠵᠡᠭᠦᠨ᠎ᠡᠴᠡ ᠪᠠᠷᠠᠭᠤᠨᠰᠢ᠎ᠪᠠᠨ ᠵᠥᠯᠡᠷᠬᠡᠭ ᠨᠤᠲᠤᠭ ᠪᠡᠯᠴᠢᠭᠡᠷ᠂ ᠨᠡᠢᠲᠡᠯᠢᠭ ᠨᠤᠲᠤᠭ ᠪᠡᠯᠴᠢᠭᠡᠷ᠂ ᠡᠯᠡᠰᠦᠨ ᠴᠥᠯ᠂ ᠨᠤᠲᠤᠭ ᠪᠡᠯᠴᠢᠭᠡᠷᠵᠢᠭ᠌ᠰᠡᠨ ᠡᠯᠡᠰᠦᠨ ᠴᠥᠯ ᠪᠣᠯᠤᠨ ᠡᠯᠡᠰᠦᠨ ᠴᠥᠯ ᠵᠡᠷᠭᠡ ᠭᠠᠵᠠᠷ ᠪᠦᠰᠡ᠎ᠶ᠋ᠢᠨ ᠴᠢᠨᠠᠷᠲᠠᠶ ᠤᠷᠭᠤᠮᠠᠯ᠎ᠤᠨ ᠬᠤᠴᠢᠯᠭ᠎ᠠ᠎ᠶ᠋ᠢᠨ ᠨᠤᠲᠤᠭ ᠪᠡᠯᠴᠢᠭᠡᠷ᠎ᠦᠨ ᠲᠥᠷᠥᠯ ᠬᠡᠯᠪᠡᠷᠢ ᠪᠣᠯᠤᠨ᠎ᠠ᠃
ᠣᠢᠲᠤ ᠭᠠᠵᠠᠷ᠎ᠨᠢ ᠪᠥᠬᠦ᠌ ᠤᠯᠤᠰ᠎ᠤᠨ ᠲᠡᠷᠢᠭᠦᠨ᠎ᠳᠤ ᠪᠠᠢᠵᠤ᠂ ᠶᠡᠭᠡ ᠬᠢᠩᠭᠠᠨ ᠳᠠᠪᠠᠭ᠎ᠠ᠎ᠳᠤ ᠲᠥᠪᠯᠡᠷᠡᠵᠡᠢ᠃ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠢᠲᠤ ᠭᠠᠵᠠᠷ᠎ᠨᠢ ᠭᠤᠣᠯᠳᠠᠭᠤ ᠶᠡᠭᠡ ᠬᠢᠩᠭᠠᠨ ᠳᠠᠪᠠᠭᠠᠨ᠎ᠤ ᠪᠠᠯᠠᠷ ᠣᠢ ᠪᠣᠯᠣᠨ 11 ᠬᠡᠰᠡᠭ ᠡᠭᠦᠰᠦᠮᠡᠯ ᠣᠢᠲᠤ ᠣᠷᠣᠨ᠎ᠳᠤ ᠲᠠᠷᠬᠠᠵᠤ᠂ ᠪᠦᠬᠦ᠌ ᠤᠯᠤᠰ᠎ᠤᠨ ᠲᠡᠷᠢᠭᠦᠨ᠎ᠳᠤ ᠪᠠᠢᠷᠢᠯᠠᠳᠠᠭ᠃
ᠲᠠᠷᠢᠶᠠᠨ ᠭᠠᠵᠠᠷ᠎ᠤᠨ ᠲᠤᠭ᠎ᠠ ᠬᠡᠮᠵᠢᠶ᠎ᠡ᠎ᠨᠢ ᠶᠡᠭᠡ᠂ ᠶᠠᠰᠤ ᠴᠢᠨᠠᠷ᠎ᠨᠢ ᠠᠨᠠᠢ᠂ ᠭᠤᠣᠯᠳᠠᠭᠤ ᠭᠤᠷᠪᠠᠨ ᠶᠡᠭᠡ ᠰᠠᠪᠠ ᠭᠠᠵᠠᠷ᠎ᠲᠤ ᠲᠠᠷᠬᠠᠵᠤ ᠪᠠᠢᠳᠠᠭ᠃ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠨ ᠭᠠᠵᠠᠷ᠎ᠨᠢ ᠭᠤᠣᠯᠳᠠᠭᠤ ᠬᠠᠲᠤᠨ ᠭᠤᠣᠯ᠂ ᠪᠠᠷᠠᠭᠤᠨ ᠯᠢᠶᠣᠤ ᠾᠧ ᠭᠤᠣᠯ᠂ ᠨᠤᠨ ᠮᠥᠷᠡᠨ ᠵᠡᠷᠭᠡ ᠭᠠᠵᠠᠷ᠎ᠢᠶᠠᠷ ᠲᠠᠷᠬᠠᠵᠤ ᠪᠠᠢᠨ᠎ᠠ᠃
ᠤᠰᠤᠨ᠎ᠤ ᠡᠬᠢ ᠪᠠᠶᠠᠯᠢᠭ᠎ᠤᠨ ᠤᠭ ᠰᠤᠷᠪᠤᠯᠵᠢ᠎ᠨᠢ ᠠᠨᠠᠢ᠂ ᠴᠠᠭ ᠬᠤᠭᠤᠴᠠᠭ᠎ᠠ ᠪᠠ ᠤᠷᠤᠨ ᠵᠠᠢ᠎ᠶ᠋ᠢᠨ ᠲᠠᠷᠬᠠᠯᠲᠠ᠎ᠨᠢ ᠲᠡᠭ᠌ᠰᠢ ᠪᠤᠰᠤ ᠪᠠᠢᠳᠠᠭ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠨᠢ ᠰᠤᠩᠭᠠᠷᠢ ᠮᠥᠷᠡᠨ᠂ ᠯᠢᠶᠣᠤ ᠾᠧ ᠲᠣᠭᠣᠷᠢᠭ᠂ ᠬᠠᠶ ᠾᠧ ᠲᠣᠭᠣᠷᠢᠭ᠂ ᠬᠠᠲᠤᠨ ᠭᠣᠣᠯ ᠲᠣᠭᠣᠷᠢᠭ ᠪᠣᠯᠤᠨ ᠪᠠᠷᠠᠭᠤᠨ ᠬᠣᠢᠲᠤ᠎ᠶ᠋ᠢᠨ ᠡᠯ᠎ᠡ ᠭᠣᠤᠯ᠎ᠤᠨ ᠣᠷᠣᠨ᠎ᠤ 5 ᠤᠰᠤᠨ᠎ᠤ ᠡᠬᠢ ᠪᠠᠶᠠᠯᠢᠭ᠎ᠤᠨ ᠨᠢᠭᠡᠳᠦᠭᠡᠷ ᠲᠠᠰ᠎ᠤᠨ ᠣᠷᠣᠨ᠎ᠳᠤ ᠬᠣᠯᠪᠣᠭ᠍ᠳᠠᠨ᠎ᠠ ᠃
ᠠᠮᠢ ᠠᠬᠤᠢ᠎ᠶ᠋ᠢᠨ ᠪᠠᠢᠷᠢ ᠰᠠᠭᠤᠷᠢ ᠴᠢᠬᠤᠯᠠ᠂ ᠬᠠᠯᠬᠠᠪᠴᠢ᠎ᠶ᠋ᠢᠨ ᠦᠢᠯᠡᠳᠦᠯ ᠲᠣᠪᠣᠢᠮ᠎ᠠ ᠪᠠᠢᠨ᠎ᠠ᠃ ᠡᠬᠢ ᠪᠠᠶᠠᠯᠢᠭ ᠣᠷᠴᠢᠨ ᠲᠣᠭᠣᠷᠢᠨ᠎ᠤ ᠳᠠᠭᠠᠭᠠᠬᠤ ᠴᠢᠳᠠᠪᠤᠷᠢ ᠪᠠ ᠤᠯᠤᠰ᠎ᠤᠨ ᠭᠠᠵᠠᠷ ᠱᠢᠷᠣᠶ᠎ᠶ᠋ᠢᠨ ᠣᠷᠣᠨ ᠵᠠᠶ᠎ᠶ᠋ᠢᠨ ᠨᠡᠭᠡᠭᠡᠯᠲᠡ ᠬᠢᠬᠦ᠌᠎ᠳᠦ ᠲᠣᠬᠢᠷᠠᠬᠤ ᠴᠢᠨᠠᠷ ᠢ ᠦᠨᠡᠯᠡᠭ᠌ᠰᠡᠨ ᠦᠷ᠎ᠡ ᠳ᠋ᠦᠩ ᠢ ᠦᠨᠳᠦᠰᠦᠯᠡᠨ ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ᠎ᠶ᠋ᠢᠨ ᠴᠢᠳᠠᠮᠵᠢ᠎ᠪᠠᠷ ᠲᠤᠢᠯ᠎ᠤᠨ ᠴᠢᠬᠤᠯᠠ ᠣᠷᠣᠨ ᠪᠠ ᠴᠢᠬᠤᠯᠠ ᠣᠷᠣᠨ᠎ᠤ ᠲᠠᠯᠠᠪᠠᠶ᠎ᠪᠠᠷ ᠶᠡᠬᠡ᠂ ᠬᠣᠯᠪᠣᠭ᠍ᠳᠠᠬᠤ ᠬᠡᠪᠴᠢᠶ᠎ᠡ ᠨᠢ ᠥᠷᠭᠡᠨ ᠪᠠᠢ᠌ᠳᠠᠭ᠃
ᠲᠡᠦᠬᠡ ᠰᠤᠶᠤᠯ ᠨᠢ ᠭᠡᠷᠡᠯ ᠰᠠᠴᠤᠷᠠᠩᠭᠤᠢ ᠪᠥᠭᠡᠳ ᠦᠨᠳᠦᠰᠦᠲᠡᠨ᠎ᠦ ᠵᠠᠩ ᠵᠠᠩᠱᠢᠯ ᠥᠪᠡᠷᠮᠢᠴᠡ ᠪᠠᠢ᠌ᠳᠠᠭ᠃ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ ᠥᠨᠢ ᠤᠳᠠᠭᠠᠨ ᠲᠡᠦᠬᠡ᠎ᠲᠠᠢ᠂ ᠳᠡᠯᠡᠬᠡᠶ ᠳ᠋ᠠᠬᠢᠨ᠎ᠳᠤ ᠠᠯᠳᠠᠷᠱᠢᠭ᠍ᠰᠠᠨ ᠬᠤᠩᠱᠠᠨ᠂ ᠳ᠋ᠠ ᠶᠣᠣ᠂ ᠰᠢᠷ᠎ᠠ ᠤᠰᠤ᠂ ᠱᠢᠶᠠ ᠵᠢᠶᠠ ᠳ᠋ᠢᠶᠠᠨ᠂ ᠵᠠᠯᠠᠢᠨᠠᠭᠤᠷ ᠵᠡᠷᠭᠡ ᠲᠡᠦᠬᠡ ᠰᠣᠶᠣᠯ᠎ᠢ ᠪᠤᠢ ᠪᠤᠯᠵᠠᠢ᠂ ᠡᠨᠡ ᠪᠣᠯ ᠮᠠᠨ᠎ᠤ ᠤᠯᠤᠰ᠎ᠤᠨ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠪᠠᠢᠭᠤᠯᠤᠯ᠎ᠤᠨ ᠡᠭᠦᠰᠦᠯ᠎ᠤᠨ ᠭᠠᠵᠠᠷ ᠮᠥᠨ᠃
02
ᠤᠯᠤᠰ᠎ᠤᠨ ᠭᠠᠵᠠᠷ ᠱᠢᠷᠤᠢ᠎ᠶ᠋ᠢᠨ ᠤᠷᠤᠨ ᠵᠠᠢ᠎ᠶ᠋ᠢ ᠬᠠᠮᠠᠭᠠᠯᠠᠨ ᠨᠡᠭᠡᠭᠡᠨ ᠬᠦᠭ᠌ᠵᠢᠭᠦᠯᠬᠦ᠌ ᠬᠠᠷᠠᠯᠲᠠ ᠬᠢᠭᠡᠳ ᠪᠠᠢᠯᠳᠤᠬᠤ ᠪᠤᠳᠤᠯᠭ᠎ᠠ
ᠨᠡᠢᠭᠡᠮ ᠵᠢᠷᠤᠮ᠎ᠤᠨ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠱᠢᠨ᠎ᠡ ᠠᠶᠠᠨ᠎ᠳᠤ ᠬᠠᠨᠳᠤᠭᠤᠯᠤᠨ᠂ ᠡᠬᠢ ᠪᠠᠶᠠᠯᠢᠭ ᠣᠷᠴᠢᠨ ᠲᠣᠭᠤᠷᠢᠨ᠎ᠤ ᠳᠠᠭᠠᠭᠠᠴᠠ ᠪᠣᠯᠤᠨ ᠤᠯᠤᠰ᠎ᠤᠨ ᠭᠠᠵᠠᠷ ᠰᠢᠷᠤᠢ᠎ᠶᠢᠨ ᠣᠷᠣᠨ ᠵᠠᠢ᠎ᠶ᠋ᠢᠨ ᠨᠡᠭᠡᠭᠡᠨ ᠬᠥᠭ᠌ᠵᠢᠭᠦᠯᠦᠯᠲᠡ᠎ᠳᠤ ᠵᠣᠬᠢᠴᠠᠬᠤ ᠴᠢᠨᠠᠷ᠎ᠲᠤ ᠰᠠᠭᠤᠷᠢᠯᠠᠵᠤ᠂ ᠣᠷᠣᠨ ᠪᠦᠰᠡ᠎ᠶ᠋ᠢᠨ ᠬᠠᠷᠢᠴᠠᠭᠤᠯᠤᠭ᠍ᠰᠠᠨ ᠳᠠᠪᠠᠭᠤᠯᠢᠭ᠎ᠢᠶᠠᠨ ᠪᠠᠳᠠᠷᠠᠭᠤᠯᠵᠤ᠂ ᠪᠠᠢᠭᠠᠯᠢ᠎ᠶ᠋ᠢᠨ ᠡᠬᠢ ᠪᠠᠶᠠᠯᠢᠭ᠎ᠢ ᠶᠡᠷᠦᠩᠬᠡᠢᠯᠡᠨ ᠠᠱᠢᠭ᠍ᠯᠠᠬᠤ᠂ ᠬᠤᠳᠠ ᠬᠥᠳᠡᠭᠡ᠎ᠶ᠋ᠢ ᠨᠢᠭᠡᠳᠦᠯᠲᠡᠢ ᠲᠥᠯᠥᠪᠵᠢᠭᠦᠯᠦᠨ ᠲᠡᠩᠴᠡᠭᠦᠷᠢᠲᠡᠢ ᠬᠥᠭ᠌ᠵᠢᠭᠦᠯᠬᠦ᠂ ᠠᠮᠢ ᠠᠬᠤᠢ᠎ᠶ᠋ᠢᠨ ᠣᠷᠴᠢᠨ ᠲᠣᠭᠤᠷᠢᠨ᠎ᠤ ᠬᠠᠮᠠᠭᠠᠯᠠᠯᠲᠠ᠂ ᠰᠠᠭᠤᠷᠢ ᠲᠥᠬᠦᠭᠡᠷᠦᠮᠵᠢ᠎ᠶ᠋ᠢᠨ ᠪᠦᠳᠦᠭᠡᠨ ᠪᠠᠢᠭᠤᠯᠤᠯᠲᠠ᠎ᠶ᠋ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠭᠤᠣᠯ ᠴᠣᠭ᠍ᠴᠠ᠎ᠶ᠋ᠢᠨ ᠴᠢᠳᠠᠮᠵᠢ᠎ᠪᠠᠷ ᠢᠯᠡᠷᠬᠡᠢ᠂ ᠳᠠᠪᠠᠭᠤᠯᠢᠭ᠎ᠢᠶᠠᠨ ᠬᠠᠷᠢᠯᠴᠠᠨ ᠨᠥᠬᠦᠪᠥᠷᠢᠯᠡᠭ᠌ᠰᠡᠨ᠂ ᠴᠢᠨᠠᠷ ᠰᠠᠢᠲᠠᠢ ᠬᠥᠭ᠌ᠵᠢᠭ᠌ᠰᠡᠨ ᠤᠯᠤᠰ᠎ᠤᠨ ᠭᠠᠵᠠᠷ ᠰᠢᠷᠤᠢ᠎ᠶᠢᠨ ᠣᠷᠣᠨ ᠵᠠᠢ᠎ᠶ᠋ᠢ ᠬᠠᠮᠠᠭᠠᠯᠠᠨ ᠨᠡᠭᠡᠭᠡᠨ ᠬᠥᠭ᠌ᠵᠢᠭᠦᠯᠬᠦ᠌ ᠱᠢᠨ᠎ᠡ ᠪᠠᠢᠷᠢᠱᠢᠯ᠎ᠢ ᠲᠦᠷᠭᠡᠨ ᠪᠦᠷᠢᠯᠳᠦᠭᠦᠯᠵᠦ᠍᠂ ᠤᠯᠤᠰ᠎ᠤᠨ ᠭᠠᠵᠠᠷ ᠰᠢᠷᠤᠢ᠎ᠶᠢᠨ ᠣᠷᠣᠨ ᠵᠠᠢ᠎ᠶ᠋ᠢᠨ ᠵᠠᠰᠠᠯᠲᠠ᠎ᠶ᠋ᠢᠨ ᠣᠳᠣᠬᠢᠴᠢᠯᠠᠯᠲᠠ᠎ᠶ᠋ᠢᠨ ᠲᠦᠪᠱᠢᠨ᠎ᠢ ᠳᠡᠭᠡᠭ᠌ᠰᠢᠯᠡᠭᠦᠯᠵᠦ᠍᠂ ᠡᠬᠡ ᠤᠯᠤᠰ᠎ᠤᠨ ᠤᠮᠠᠷᠠᠲᠤ᠎ᠶ᠋ᠢᠨ ᠦᠵᠡᠰᠭᠦᠯᠡᠩᠲᠦ ᠰᠠᠢᠬᠠᠨ ᠦᠵᠡᠮᠵᠢ᠎ᠶ᠋ᠢᠨ ᠣᠷᠣᠨ᠎ᠢ ᠰᠠᠢᠲᠤᠷ ᠪᠦᠳᠦᠭᠡᠨ ᠪᠠᠢᠭᠤᠯᠤᠨ᠎ᠠ᠃
ᠭᠤᠣᠯ ᠬᠠᠷᠠᠯᠲᠠ
2035 ᠤᠨ ᠪᠣᠯᠲᠠᠯ᠎ᠠ
1. ᠤᠯᠤᠰ᠎ᠤᠨ ᠭᠠᠵᠠᠷ ᠰᠢᠷᠤᠢ᠎ᠶᠢᠨ ᠣᠷᠣᠠ ᠵᠠᠢ᠎ᠶ᠋ᠢᠨ ᠪᠠᠢ᠌ᠷᠢᠱᠢᠯᠠᠯᠤᠨ ᠴᠢᠲᠠᠪᠤᠷᠢ ᠳᠣᠲᠣᠷᠬᠠᠢ ᠪᠠᠢ᠌ᠵᠤ᠂ ᠣᠷᠣᠠ ᠪᠦᠰᠡ᠎ᠶ᠋ᠢᠨ ᠪᠦᠬᠦᠢ᠌ᠯᠡ ᠦᠷᠢᠰᠦᠯᠳᠦᠭᠡᠨ᠎ᠤ ᠬᠦᠴᠦᠨ ᠶᠠᠭᠡ ᠪᠡᠷ ᠲᠠᠭᠡᠭ᠌ᠰᠢᠯᠠᠪᠠ
ᠤᠯᠤᠰ᠎ᠤᠨ ᠭᠠᠵᠠᠷ ᠰᠢᠷᠤᠢ᠎ᠶᠢᠨ ᠣᠷᠣᠨ ᠵᠠᠶ᠎ᠶ᠋ᠢ ᠬᠠᠮᠠᠭᠠᠯᠠᠨ ᠨᠡᠭᠡᠭᠡᠨ ᠬᠥᠭ᠌ᠵᠢᠭᠦᠯᠬᠦ᠌ ᠪᠠᠢᠷᠢᠱᠢᠭᠤᠯᠤᠯᠲᠠ᠎ᠶ᠋ᠢ ᠱᠢᠯᠢᠳᠡᠭ᠌ᠵᠢᠭᠦᠯᠦᠨ ᠲᠣᠬᠢᠷᠠᠭᠤᠯᠵᠤ᠂ ᠲᠠᠷᠢᠶᠠᠯᠠᠩ᠎ᠤᠨ ᠪᠦᠲᠦᠭᠡᠭ᠌ᠳᠡᠬᠦᠨ᠎ᠤ ᠭᠤᠤᠯ ᠭᠠᠷᠤᠯᠲᠠ᠎ᠶ᠋ᠢᠨ ᠣᠷᠣᠨ᠂ ᠭᠤᠤᠯᠳᠠᠯᠭ᠎ᠠ᠎ᠲᠠᠢ ᠠᠮᠢ ᠠᠬᠤᠶ᠎ᠶ᠋ᠢᠨ ᠴᠢᠳᠠᠮᠵᠢᠲᠤ ᠣᠷᠣᠨ᠂ ᠬᠤᠲᠠᠴᠢᠯᠠᠭ᠍ᠰᠠᠨ ᠭᠠᠵᠠᠷ ᠣᠷᠣᠨ᠎ᠢ ᠬᠠᠮᠠᠭᠠᠯᠠᠨ ᠠᠱᠢᠭ᠍ᠯᠠᠵᠤ ᠨᠡᠭᠡᠭᠡᠨ ᠬᠥᠭ᠌ᠵᠢᠭᠦᠯᠬᠦ᠌ ᠣᠷᠣᠨ ᠵᠠᠶ᠎ᠶ᠋ᠢᠨ ᠴᠢᠳᠠᠮᠵᠢ᠎ᠶ᠋ᠢ ᠲᠣᠳᠣᠷᠬᠠᠶ ᠪᠣᠯᠭᠠᠵᠤ᠂ ᠦᠢᠯᠡᠳᠪᠦᠷᠢᠯᠡᠯ᠎ᠤᠨ ᠣᠷᠣᠨ ᠵᠠᠶ᠎ᠨᠢ ᠡᠷᠴᠢᠮᠯᠢᠭ ᠥᠨᠳᠥᠷ ᠪᠦᠲᠦᠮᠵᠢᠲᠡᠶ᠂ ᠠᠮᠢᠳᠤᠷᠠᠯ᠎ᠤᠨ ᠣᠷᠣᠨ ᠵᠠᠶ᠎ᠨᠢ ᠣᠷᠣᠱᠢᠨ ᠰᠠᠭᠤᠷᠢᠱᠢᠬᠤ᠎ᠳᠤ ᠲᠣᠬᠢᠷᠠᠮᠵᠢᠲᠠᠶ᠂ ᠠᠮᠢ ᠠᠬᠤᠶ᠎ᠶ᠋ᠢᠨ ᠣᠷᠣᠨ ᠵᠠᠶ᠎ᠶ᠋ᠢᠨ ᠠᠭᠤᠯᠠ᠎ᠨᠢ ᠰᠦᠷᠯᠢᠭ ᠤᠰᠤ᠎ᠨᠢ ᠲᠤᠩᠭᠠᠯᠠᠭ᠂ ᠠᠮᠤᠷ ᠲᠦᠪᠱᠢᠨ ᠡᠶ᠎ᠡ ᠵᠣᠬᠢᠴᠠᠯ᠎ᠲᠠᠢ᠂ ᠥᠷᠢᠰᠥᠯᠳᠦᠬᠦ᠌ ᠬᠦᠴᠦᠨ᠎ᠢᠶᠠᠷ ᠪᠠᠶᠠᠯᠢᠭ ᠪᠠ ᠦᠷᠭᠦᠯᠵᠢᠯᠡᠨ ᠬᠥᠭ᠌ᠵᠢᠬᠦ᠌ ᠤᠯᠤᠰ᠎ᠤᠨ ᠭᠠᠵᠠᠷ ᠰᠢᠷᠤᠢ᠎ᠶᠢᠨ ᠣᠷᠣᠨ ᠵᠠᠶ᠎ᠶ᠋ᠢᠨ ᠪᠠᠢᠷᠢᠱᠢᠯ᠎ᠢ ᠦᠨᠳᠦᠰᠦᠨ᠎ᠳᠡᠭᠡᠨ ᠪᠦᠷᠢᠯᠳᠦᠭᠦᠯᠪᠡ᠃
2. ᠠᠮᠢ ᠠᠬᠣᠢ᠎ᠶ᠋ᠢᠨ ᠠᠶᠤᠯ ᠦᠭᠡᠢ᠎ᠶ᠋ᠢᠨ ᠬᠠᠯᠬᠠᠪᠴᠢ᠎ᠶ᠋ᠢ ᠨᠠᠩ ᠪᠠᠭᠢᠵᠢᠭᠦᠯᠵᠤ᠂ ᠦᠷᠬᠦᠯᠵᠢᠯᠡᠨ ᠬᠦᠭᠵᠢᠭᠦᠯᠬᠦ ᠴᠢᠲᠠᠪᠤᠷᠢ ᠢᠯᠡᠳᠲᠡ ᠴᠢᠩᠭ᠋ᠠᠷᠠᠪᠠ
ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠶ᠎ᠶ᠋ᠢᠨ ᠠᠮᠤᠷ ᠲᠦᠪᠱᠢᠨ᠎ᠤ ᠬᠠᠯᠬᠠᠪᠴᠢ᠎ᠶ᠋ᠢ ᠲᠦᠷᠭᠡᠪᠴᠢᠯᠡᠨ ᠪᠠᠢᠭᠤᠯᠵᠤ᠂ ᠡᠬᠢ ᠪᠠᠶᠠᠯᠢᠭ᠎ᠢ ᠠᠷᠪᠢᠯᠠᠬᠤ ᠪᠠ ᠠᠮᠢ ᠠᠬᠤᠶ᠎ᠶ᠋ᠢᠨ ᠣᠷᠴᠢᠨ ᠲᠣᠭᠤᠷᠢᠨ᠎ᠢ ᠬᠠᠮᠠᠭᠠᠯᠠᠬᠤ ᠤᠯᠤᠰ᠎ᠤᠨ ᠭᠠᠵᠠᠷ ᠰᠢᠷᠤᠢ᠎ᠶᠢᠨ ᠣᠷᠣᠨ ᠵᠠᠶ᠎ᠶ᠋ᠢ ᠠᠱᠢᠭ᠍ᠯᠠᠬᠤ ᠠᠷᠭ᠎ᠠ ᠮᠠᠶᠢᠭ᠎ᠢ ᠶᠡᠷᠦᠩᠬᠡᠶ᠎ᠳᠡᠭᠡᠨ ᠪᠤᠢ ᠪᠣᠯᠭᠠᠵᠤ᠂ ᠨᠤᠲᠤᠭ ᠪᠡᠯᠴᠢᠭᠡᠷ ᠮᠠᠭᠤᠲᠠᠬᠤ᠂ ᠭᠠᠵᠠᠷ ᠱᠢᠷᠣᠶ ᠡᠯᠡᠰᠦᠷᠬᠡᠭ᠌ᠵᠢᠬᠦ᠌ ᠪᠠ ᠤᠰᠤ ᠬᠦᠷᠦᠰᠦ᠎ᠶ᠋ᠢᠨ ᠢᠳᠡᠭ᠌ᠳᠡᠯ᠎ᠤᠨ ᠪᠠᠢᠳᠠᠯ᠎ᠢ ᠪᠦᠲᠦᠮᠵᠢᠲᠡᠶ᠎ᠪᠠᠷ ᠬᠤᠷᠢᠭ᠍ᠯᠠᠵᠤ᠂ ᠣᠢᠲᠤ ᠭᠠᠵᠠᠷ᠎ᠤᠨ ᠬᠠᠳᠠᠭᠠᠯᠠᠯᠲᠠ᠎ᠶ᠋ᠢᠨ ᠬᠡᠮᠵᠢᠶ᠎ᠡ᠎ᠶ᠋ᠢ ᠲᠣᠭ᠍ᠲᠠᠭᠤᠨ᠎ᠤ ᠳᠤᠮᠳᠠ ᠨᠡᠮᠡᠭ᠌ᠳᠡᠭᠦᠯᠵᠦ᠍᠂ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ᠎ᠢ ᠦᠨᠡᠨ ᠬᠦ᠌ ᠬᠠᠮᠠᠭᠠᠯᠠᠨ᠂ ᠠᠮᠢ ᠠᠬᠤᠶ᠎ᠶ᠋ᠢᠨ ᠣᠷᠴᠢᠨ ᠨᠥᠬᠦᠴᠡᠯ᠎ᠢ ᠦᠨᠳᠦᠰᠦᠨ᠎ᠠᠴᠠ᠎ᠨᠢ ᠰᠠᠢᠵᠢᠷᠠᠭᠤᠯᠵᠤ᠂ ᠠᠮᠢ ᠠᠬᠤᠶ᠎ᠶ᠋ᠢᠨ ᠱᠢᠰᠲ᠋ᠧᠮ᠎ᠢ ᠨᠠᠩ ᠲᠣᠭ᠍ᠲᠠᠭᠤᠨ ᠪᠣᠯᠭᠠᠵᠤ᠂ ᠠᠮᠢ ᠠᠬᠤᠶ᠎ᠶ᠋ᠢᠨ ᠴᠢᠳᠠᠮᠵᠢ᠎ᠶ᠋ᠢ ᠢᠯᠡᠳᠲᠡ ᠳᠡᠭᠡᠭ᠌ᠰᠢᠯᠡᠭᠦᠯᠵᠦ᠍᠂ ᠤᠯᠤᠰ᠎ᠤᠨ ᠭᠠᠵᠠᠷ ᠰᠢᠷᠤᠢ᠎ᠶᠢᠨ ᠣᠷᠣᠨ ᠵᠠᠶ᠎ᠶ᠋ᠢ ᠵᠠᠰᠠᠬᠤ ᠱᠢᠰᠲ᠋ᠧᠮᠵᠢ ᠪᠠ ᠵᠠᠰᠠᠬᠤ ᠴᠢᠳᠠᠪᠤᠷᠢ᠎ᠶ᠋ᠢᠨ ᠣᠳᠣᠬᠢᠴᠢᠯᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠦᠨ᠎ᠡ᠃
3. ᠲᠠᠷᠢᠶᠠᠯᠠᠩ ᠮᠠᠯ ᠠᠵᠤ ᠠᠬᠤᠶ᠎ᠳᠤ ᠬᠡᠷᠡᠭ᠌ᠯᠡᠬᠦ᠌ ᠭᠠᠵᠠᠷ᠎ᠤᠨ ᠪᠠᠢᠷᠢᠱᠢᠭᠤᠯᠤᠯᠲᠠ᠎ᠶ᠋ᠢᠨ ᠪᠦᠲᠦᠴᠡ ᠢᠯᠡᠳᠲᠡ ᠱᠢᠯᠢᠳᠡᠭ᠌ᠵᠢᠵᠦ᠍᠂ ᠪᠣᠬᠢᠷᠲᠤᠯ ᠦᠭᠡᠶ ᠲᠠᠷᠢᠶᠠᠯᠠᠩ᠎ᠤᠨ ᠪᠦᠲᠦᠭᠡᠭ᠌ᠳᠡᠬᠦᠨ ᠮᠠᠯ᠎ᠤᠨ ᠠᠱᠢᠭ ᠱᠢᠮ᠎ᠡ᠎ᠶ᠋ᠢᠨ ᠬᠠᠩᠭᠠᠯᠭ᠎ᠠ ᠴᠢᠩᠭᠠᠷᠠᠪᠠ
《ᠭᠤᠷᠪᠠᠨ ᠣᠷᠣᠨ ᠭᠤᠷᠪᠠᠨ ᠱᠤᠭᠤᠮ》 ᠢ ᠵᠠᠭᠠᠭ᠍ᠯᠠᠨ ᠲᠣᠭ᠍ᠲᠠᠭᠠᠭ᠍ᠰᠠᠨ ᠦᠷ᠎ᠡ ᠪᠦᠲᠦᠭᠡᠯ᠎ᠤᠨ ᠰᠠᠭᠤᠷᠢᠨ ᠳᠡᠭᠡᠷ᠎ᠡ᠂ ᠦᠨᠳᠦᠰᠦᠨ ᠨᠤᠲᠤᠭ ᠪᠡᠯᠴᠢᠭᠡᠷ᠎ᠢ ᠵᠠᠭᠠᠭ᠍ᠯᠠᠨ ᠲᠣᠭ᠍ᠲᠠᠭᠠᠵᠤ᠂ ᠠᠮᠤ ᠪᠤᠳᠠᠭᠠᠨ᠎ᠤ ᠦᠢᠯᠡᠳᠪᠦᠷᠢᠯᠡᠯ᠎ᠤᠨ ᠴᠢᠳᠠᠮᠵᠢᠲᠦ ᠣᠷᠣᠨ᠂ ᠴᠢᠬᠤᠯᠠ ᠲᠠᠷᠢᠶᠠᠯᠠᠩ᠎ᠤᠨ ᠪᠦᠲᠦᠭᠡᠭ᠌ᠳᠡᠬᠦᠨ᠎ᠤ ᠦᠢᠯᠡᠳᠪᠦᠷᠢᠯᠡᠯ᠎ᠤᠨ ᠬᠠᠮᠠᠭᠠᠯᠠᠯᠲᠠ᠎ᠶ᠋ᠢᠨ ᠣᠷᠣᠨ ᠪᠠ ᠣᠨᠴᠠᠯᠢᠭ᠍ᠲᠤ ᠲᠠᠷᠢᠶᠠᠯᠠᠩ᠎ᠤᠨ ᠪᠦᠲᠦᠭᠡᠭ᠌ᠳᠡᠬᠦᠨ ᠮᠠᠯ᠎ᠤᠨ ᠠᠱᠢᠭ ᠱᠢᠮ᠎ᠡ᠎ᠶ᠋ᠢᠨ ᠳᠠᠪᠠᠭᠤᠯᠢᠭ ᠣᠷᠣᠨ᠎ᠤ ᠴᠢᠳᠠᠮᠵᠢ᠎ᠶ᠋ᠢ ᠲᠣᠪᠤᠢᠯᠭᠠᠨ᠂ ᠲᠠᠷᠢᠶᠠᠯᠠᠩ᠎ᠤᠨ ᠪᠦᠲᠦᠭᠡᠭ᠌ᠳᠡᠬᠦᠨ ᠮᠠᠯ᠎ᠤᠨ ᠠᠱᠢᠭ ᠱᠢᠮ᠎ᠡ᠎ᠶ᠋ᠢᠨ ᠦᠢᠯᠡᠳᠪᠦᠷᠢᠯᠡᠯ᠎ᠤᠨ ᠰᠠᠭᠤᠷᠢᠨ ᠭᠠᠵᠠᠷ᠎ᠢ ᠳᠡᠭᠡᠳᠦ ᠲᠠᠰ᠎ᠤᠨ᠂ ᠤᠶᠤᠨᠴᠢᠯᠠᠭ᠍ᠰᠠᠨ᠂ ᠪᠣᠬᠢᠷᠲᠤᠯ ᠥᠬᠡᠶ ᠲᠡᠢ᠌ᠰᠢ ᠲᠦᠷᠭᠡᠳᠭᠡᠨ ᠬᠤᠪᠢᠷᠠᠭᠤᠯᠵᠤ᠂ ᠣᠳᠣᠬᠢᠴᠢᠯᠠᠭ᠍ᠰᠠᠨ ᠲᠠᠷᠢᠶᠠᠯᠠᠩ ᠮᠠᠯ ᠠᠵᠤ ᠠᠬᠤᠶ ᠬᠢᠭᠡᠳ ᠠᠮᠢ ᠠᠬᠤᠶ᠎ᠶ᠋ᠢᠨ ᠲᠠᠷᠢᠶᠠᠯᠠᠩ ᠮᠠᠯ ᠠᠵᠤ ᠠᠬᠤᠶ᠎ᠶ᠋ᠢᠨ ᠬᠥᠭ᠌ᠵᠢᠯᠲᠡ᠎ᠶ᠋ᠢᠨ ᠦᠷ᠎ᠡ ᠪᠦᠲᠦᠮᠵᠢ᠎ᠪᠠᠷ ᠢᠯᠡᠷᠬᠡᠶ᠂ ᠪᠣᠬᠢᠷᠲᠤᠯ ᠥᠬᠡᠶ ᠲᠠᠷᠢᠶᠠᠯᠠᠩ᠎ᠤᠨ ᠪᠦᠲᠦᠭᠡᠭ᠌ᠳᠡᠬᠦᠨ ᠮᠠᠯ᠎ᠤᠨ ᠠᠱᠢᠭ ᠱᠢᠮ᠎ᠡ᠎ᠶ᠋ᠢᠨ ᠬᠠᠩᠭᠠᠯᠭ᠎ᠠ᠎ᠶ᠋ᠢᠨ ᠪᠠᠲᠤᠯᠠᠭ᠎ᠠ ᠬᠦᠴᠦᠲᠡᠢ ᠪᠠᠢᠵᠤ᠂ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠳᠤ ᠢᠯᠡᠳᠲᠡ ᠦᠷ᠎ᠡ ᠪᠦᠲᠦᠮᠵᠢ ᠣᠯᠵᠤ᠂ ᠲᠠᠷᠢᠶᠠᠯᠠᠩ ᠮᠠᠯ ᠠᠵᠤ ᠠᠬᠤᠢ᠎ᠶ᠋ᠢᠨ ᠡᠬᠢ ᠪᠠᠶᠠᠯᠢᠭ᠎ᠢ ᠠᠱᠢᠭ᠍ᠯᠠᠬᠤ᠎ᠨᠢ ᠥᠨᠳᠥᠷ ᠦᠷ᠎ᠡ ᠪᠦᠲᠦᠮᠵᠢ᠎ᠲᠠᠢ᠂ ᠮᠠᠯᠵᠢᠬᠤ ᠲᠠᠷᠢᠶᠠᠯᠠᠬᠤ ᠣᠷᠣᠨ᠎ᠤ ᠠᠮᠢ ᠠᠬᠤᠢ᠎ᠶ᠋ᠢᠨ ᠣᠷᠣᠱᠢᠨ ᠰᠠᠭᠤᠬᠤ᠎ᠳᠤ ᠲᠣᠬᠢᠷᠠᠮᠵᠢᠲᠠᠢ ᠱᠢᠨ᠎ᠡ ᠪᠠᠢᠷᠢᠱᠢᠯ᠎ᠢ ᠦᠨᠳᠦᠰᠦᠨ᠎ᠳᠡᠭᠡᠨ ᠪᠦᠷᠢᠯᠳᠦᠭᠦᠯᠦᠨ᠎ᠡ᠃
4. ᠬᠣᠲᠠ ᠪᠠᠯᠭ᠋ᠠᠰᠦ᠎ᠶᠢ ᠲᠦᠪᠯᠡᠷᠡᠭᠦᠯᠦᠨ ᠬᠣᠷᠠᠮᠲᠣᠭᠣᠯᠵᠤ᠂ ᠦᠷᠭᠦᠯᠵᠢᠯᠡᠭᠰᠡᠨ ᠠᠵᠢᠯ᠎ᠤᠨ ᠦᠷ᠎ᠡ ᠪᠦᠲᠦᠮᠵᠢ ᠳᠣᠪᠣᠢ᠌ᠮ᠎ᠠ ᠪᠤᠯᠵᠤ᠂ ᠬᠣᠲᠠ ᠬᠦᠳᠡᠭᠡ᠎ᠶᠢᠨ ᠣᠷᠣᠠ᠎ᠤ ᠬᠦᠭᠵᠢᠯᠲᠡ ᠨᠠᠩ ᠲᠠᠩᠴᠠᠬᠦᠷᠢ᠎ᠲᠠᠢ ᠪᠣᠯᠪᠠ
ᠬᠤᠲᠠ᠎ᠶ᠋ᠢᠨ ᠪᠦᠯᠦᠭᠵᠢᠯ ᠪᠠ ᠲᠥᠪ ᠬᠤᠲᠠ᠎ᠪᠠᠷ ᠭᠤᠤᠯ ᠪᠣᠯᠭᠠᠭ᠍ᠰᠠᠨ᠂ ᠬᠢᠯᠢ᠎ᠶ᠋ᠢᠨ ᠬᠤᠲᠠ ᠪᠠ ᠬᠢᠯᠢ ᠳᠠᠭᠠᠤ᠎ᠶ᠋ᠢᠨ ᠪᠣᠭᠤᠮᠲᠠ᠎ᠪᠠᠷ ᠲᠦᠱᠢᠭ ᠪᠣᠯᠭᠠᠭ᠍ᠰᠠᠨ᠂ ᠬᠤᠱᠢᠭᠤ ᠱᠢᠶᠠᠨ᠎ᠤ ᠭᠤᠤᠯ ᠬᠤᠲᠠ ᠪᠠᠯᠭᠠᠰᠤ᠎ᠪᠠᠷ ᠨᠥᠬᠦᠪᠥᠷᠢ ᠪᠣᠯᠭᠠᠭ᠍ᠰᠠᠨ ᠬᠤᠲᠠ ᠪᠠᠯᠭᠠᠰᠤ᠎ᠶ᠋ᠢᠨ ᠱᠢᠰᠲ᠋ᠧᠮᠵᠢ᠎ᠶ᠋ᠢᠨ ᠪᠠᠢᠭᠤᠯᠤᠯᠲᠠ᠎ᠶ᠋ᠢ ᠠᠬᠢᠭᠤᠯᠵᠤ᠂ ᠣᠯᠠᠨ ᠲᠥᠪ᠎ᠢᠶᠠᠷ ᠳᠠᠢᠴᠢᠯᠠᠭ᠍ᠰᠠᠨ᠂ ᠣᠯᠠᠨ ᠲᠠᠰ ᠳᠠᠪᠬᠤᠷᠭ᠎ᠠ᠎ᠪᠠᠷ ᠬᠤᠯᠪᠣᠭᠠᠯᠠᠨ ᠬᠥᠳᠡᠯᠦᠯᠴᠡᠭ᠌ᠰᠡᠨ᠂ ᠣᠯᠠᠨ ᠵᠠᠩᠭᠢᠯᠠᠭ᠎ᠠ᠎ᠶ᠋ᠢᠨ ᠴᠡᠭ ᠬᠠᠷᠢᠯᠴᠠᠨ ᠬᠥᠳᠡᠯᠦᠯᠴᠡᠭ᠌ᠰᠡᠨ ᠱᠢᠨ᠎ᠡ ᠬᠡᠯᠪᠡᠷᠢ᠎ᠶ᠋ᠢᠨ ᠬᠤᠲᠠ ᠪᠠᠯᠭᠠᠰᠤᠵᠢᠯᠲᠠ᠎ᠶ᠋ᠢᠨ ᠪᠠᠢᠷᠢᠱᠢᠯ᠎ᠢ ᠦᠨᠳᠦᠰᠦᠨ᠎ᠳᠡᠭᠡᠨ ᠪᠣᠶ ᠪᠣᠯᠭᠠᠵᠤ᠂ ᠬᠤᠲᠠ ᠪᠠᠯᠭᠠᠰᠤ᠎ᠶ᠋ᠢᠨ ᠬᠡᠷᠡᠭ᠌ᠯᠡᠬᠦ᠌ ᠭᠠᠵᠠᠷ᠎ᠢ ᠠᠷᠪᠢᠲᠠᠶ ᠡᠷᠴᠢᠮᠯᠢᠭ ᠠᠱᠢᠭ᠍ᠯᠠᠬᠤ ᠬᠢᠷᠢ ᠬᠡᠮᠵᠢᠶ᠎ᠡ᠎ᠶ᠋ᠢ ᠢᠯᠡᠳᠲᠡ ᠳᠡᠭᠡᠭ᠌ᠰᠢᠯᠡᠭᠦᠯᠦᠨ᠂ ᠡᠨᠧᠷᠭᠢ᠎ᠶ᠋ᠢᠨ ᠡᠬᠢ ᠪᠠᠶᠠᠯᠢᠭ᠎ᠤᠨ ᠲᠣᠬᠢᠷᠠᠭᠤᠯᠤᠯᠲᠠ᠎ᠶ᠋ᠢ ᠨᠠᠩ ᠵᠦᠶ ᠵᠣᠬᠢᠰᠲᠠᠶ᠂ ᠠᠱᠢᠭ᠍ᠯᠠᠬᠤ ᠦᠷ᠎ᠡ ᠪᠦᠲᠦᠮᠵᠢ᠎ᠶ᠋ᠢ ᠶᠡᠭᠡ᠎ᠪᠠᠷ ᠳᠡᠭᠡᠭ᠌ᠰᠢᠯᠡᠭᠦᠯᠵᠦ᠍᠂ ᠬᠥᠮᠦᠰ᠎ᠤᠨ ᠣᠷᠣᠱᠢᠨ ᠰᠠᠭᠤᠬᠤ ᠣᠷᠴᠢᠨ ᠨᠥᠬᠦᠴᠡᠯ᠎ᠢ ᠢᠯᠡᠳᠲᠡ ᠰᠠᠢᠵᠢᠷᠠᠭᠤᠯᠵᠤ᠂ ᠬᠤᠲᠠ ᠬᠥᠳᠡᠭᠡ᠎ᠶ᠋ᠢᠨ ᠣᠷᠣᠨ ᠪᠦᠰᠡ᠎ᠶ᠋ᠢᠨ ᠬᠥᠭ᠌ᠵᠢᠯᠲᠡ᠎ᠶ᠋ᠢ ᠨᠠᠩ ᠲᠡᠩᠴᠡᠭᠦᠷᠢᠲᠡᠶ ᠪᠣᠯᠭᠠᠨ᠎ᠠ᠃
5. ᠪᠦᠲᠦᠭᠡᠨ
ᠳᠡᠭᠡᠭᠰᠢᠯᠡᠪᠡ
2050 ᠣᠨ ᠪᠣᠯᠲᠠᠯ᠎ᠠ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠭᠠᠵᠠᠷ ᠰᠢᠷᠤᠢ᠎ᠶᠢᠨ ᠣᠷᠣᠨ ᠵᠠᠢ᠎ᠶ᠋ᠢᠨ ᠪᠠᠢᠷᠢᠱᠢᠯ᠎ᠢ ᠪᠦᠬᠦ᠌ ᠲᠠᠯ᠎ᠠ᠎ᠪᠠᠷ ᠱᠢᠯᠢᠳᠡᠭ᠌ᠵᠢᠭᠦᠯᠵᠦ᠍᠂ ᠠᠮᠢ ᠠᠬᠤᠢ ᠣᠷᠴᠢᠨ ᠲᠣᠭᠤᠷᠢᠨ᠎ᠢ ᠨᠡᠩ ᠭᠤᠢᠳᠠ ᠰᠠᠢᠬᠠᠨ ᠪᠣᠯᠭᠠᠵᠤ᠂ ᠦᠢᠯᠡᠳᠪᠦᠷᠢᠯᠡᠯ᠎ᠤᠨ ᠠᠷᠭ᠎ᠠ ᠬᠡᠯᠪᠡᠷᠢ ᠪᠠ ᠠᠮᠢᠳᠤᠷᠠᠯ᠎ᠤᠨ ᠠᠷᠭ᠎ᠠ ᠬᠡᠯᠪᠡᠷᠢ᠎ᠶ᠋ᠢ ᠪᠣᠬᠢᠷᠲᠤᠯ ᠦᠭᠡᠢ ᠲᠡᠢᠰᠢ ᠬᠤᠪᠢᠷᠠᠭᠤᠯᠬᠤ᠎ᠶ᠋ᠢ ᠪᠦᠬᠦ᠌ ᠲᠠᠯ᠎ᠠ᠎ᠪᠠᠷ ᠪᠡᠶᠡᠯᠡᠭᠦᠯᠵᠦ᠍᠂ ᠠᠷᠠᠳ᠎ᠤᠨ ᠠᠮᠢᠳᠤᠷᠠᠯ᠎ᠢ ᠨᠡᠩ ᠰᠠᠢᠨ ᠰᠠᠢᠬᠠᠨ ᠪᠣᠯᠭᠠᠪᠠ᠃ ᠱᠢᠨ᠎ᠡ ᠬᠡᠯᠪᠡᠷᠢ᠎ᠶ᠋ᠢᠨ ᠠᠵᠤ ᠦᠢᠯᠡᠳᠪᠦᠷᠢᠵᠢᠯᠲᠡ᠂ ᠮᠡᠳᠡᠭᠡ ᠵᠠᠩᠭᠢᠵᠢᠯᠲᠠ᠂ ᠱᠢᠨ᠎ᠡ ᠬᠡᠯᠪᠡᠷᠢ᠎ᠶ᠋ᠢᠨ ᠬᠤᠲᠠ ᠪᠠᠯᠭᠠᠰᠤᠵᠢᠯᠲᠠ᠂ ᠲᠠᠷᠢᠶᠠᠯᠠᠩ ᠮᠠᠯ ᠠᠵᠤ ᠠᠬᠤᠶ᠎ᠶ᠋ᠢᠨ ᠣᠳᠣᠬᠢᠴᠢᠯᠠᠯᠲᠠ᠎ᠶ᠋ᠢ ᠪᠥᠬᠦ᠌ ᠲᠠᠯ᠎ᠠ᠎ᠪᠠᠷ ᠪᠡᠶᠡᠯᠡᠭᠦᠯᠵᠦ᠍᠂ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ᠎ᠳᠤ ᠨᠡᠢᠴᠡᠭ᠌ᠰᠡᠨ ᠣᠲᠣ ᠦᠶ᠎ᠡ᠎ᠶ᠋ᠢᠨ ᠪᠣᠬᠢᠷᠲᠤᠯ ᠥᠬᠡᠶ ᠠᠵᠤ ᠦᠢᠯᠡᠰ᠎ᠤᠨ ᠱᠢᠰᠲ᠋ᠧᠮᠵᠢ᠂ ᠱᠢᠨ᠎ᠡ ᠬᠡᠯᠪᠡᠷᠢ᠎ᠶ᠋ᠢᠨ ᠬᠤᠲᠠ ᠪᠠᠯᠭᠠᠰᠤ᠎ᠶ᠋ᠢᠨ ᠱᠢᠰᠲ᠋ᠧᠮᠵᠢ᠂ ᠰᠠᠭᠤᠷᠢ ᠪᠡᠯᠡᠳᠭᠡᠮᠵᠢ᠎ᠶ᠋ᠢᠨ ᠱᠢᠰᠲ᠋ᠧᠮᠵᠢ᠎ᠶ᠋ᠢ ᠪᠥᠬᠦ᠌ ᠲᠠᠯ᠎ᠠ᠎ᠪᠠᠷ ᠪᠠᠢᠭᠤᠯᠤᠨ ᠪᠦᠲᠦᠭᠡᠵᠦ᠍᠂ ᠱᠢᠨᠵᠢᠯᠡᠬᠦ᠌ ᠤᠬᠠᠭᠠᠨᠴᠢ ᠵᠦᠶ ᠵᠣᠬᠢᠰᠲᠠᠶ ᠪᠠ ᠠᠷᠪᠢᠲᠠᠶ ᠡᠷᠴᠢᠮᠯᠢᠭ ᠦᠢᠯᠡᠳᠪᠦᠷᠢᠯᠡᠯ᠂ ᠠᠮᠢᠳᠤᠷᠠᠯ᠂ ᠠᠮᠢ ᠠᠬᠤᠶ᠎ᠶ᠋ᠢᠨ ᠣᠷᠣᠨ ᠵᠠᠶ᠂ ᠣᠲᠣ ᠦᠶ᠎ᠡ᠎ᠶ᠋ᠢᠨ ᠬᠤᠲᠠ᠂ ᠲᠠᠷᠢᠶᠠᠨ ᠭᠠᠵᠠᠷ᠎ᠤᠨ ᠥᠩᠭᠡ ᠦᠵᠡᠮᠵᠢ᠂ ᠲᠠᠯ᠎ᠠ ᠨᠤᠲᠤᠭ᠎ᠤᠨ ᠮᠠᠯᠴᠢᠳ᠎ᠤᠨ ᠳᠠᠭᠤᠤ ᠬᠥᠭ᠌ᠵᠢᠮ ᠰᠣᠯᠪᠢᠴᠠᠨ ᠠᠭᠤᠰᠤᠯᠴᠠᠵᠤ᠂ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠶ᠎ᠶ᠋ᠢᠨ ᠠᠮᠤᠷ ᠲᠦᠪᠱᠢᠨ᠎ᠤ ᠬᠠᠯᠬᠠᠪᠴᠢ᠂ ᠡᠬᠡ ᠤᠯᠤᠰ᠎ᠤᠨ ᠤᠮᠠᠷᠠᠲᠤ᠎ᠶ᠋ᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢ ᠨᠠᠩ ᠪᠠᠲᠤ ᠪᠠᠬᠢ ᠪᠣᠯᠭᠠᠵᠤ᠂ ᠠᠮᠢ ᠠᠬᠤᠶ᠎ᠶ᠋ᠢᠨ ᠣᠷᠴᠢᠨ ᠲᠣᠭᠤᠷᠢᠨ ᠰᠠᠢᠨ ᠰᠠᠢᠬᠠᠨ᠂ ᠠᠵᠤ ᠠᠬᠤᠶ ᠰᠣᠶᠣᠯ ᠴᠡᠴᠡᠭ᠌ᠯᠡᠨ ᠬᠥᠭ᠌ᠵᠢᠭ᠌ᠰᠡᠨ᠂ ᠨᠡᠢᠭᠡᠮ ᠡᠶ᠎ᠡ ᠵᠣᠬᠢᠴᠠᠯ᠎ᠲᠠᠢ ᠲᠣᠭ᠍ᠲᠠᠭᠤᠨ ᠣᠲᠣ ᠦᠶ᠎ᠡ᠎ᠶ᠋ᠢᠨ ᠪᠣᠯᠪᠠᠰᠤᠨ᠎ᠤ ᠣᠷᠣᠨ ᠪᠣᠯᠭᠠᠨ ᠪᠥᠲᠥᠭᠡᠨ ᠪᠠᠢᠭᠤᠯᠬᠤ᠎ᠶ᠋ᠢ ᠠᠬᠢᠭᠤᠯᠤᠨ᠎ᠠ᠃
ᠬᠠᠮᠠᠭᠠᠯᠠᠨ ᠨᠡᠭᠡᠭᠡᠬᠦ᠌ ᠪᠠᠢᠯᠳᠤᠬᠤ ᠪᠣᠳᠣᠯᠭ᠎ᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠠᠵᠠᠷ ᠵᠦᠢ᠎ᠶ᠋ᠢᠨ ᠪᠠᠢᠷᠢᠯᠠᠯ ᠥᠪᠡᠷᠮᠢᠴᠡ᠂ ᠪᠠᠢᠭᠠᠯᠢ ᠪᠣᠯᠤᠨ ᠠᠮᠢ ᠠᠬᠤᠶ᠎ᠶ᠋ᠢᠨ ᠡᠬᠢ ᠪᠠᠶᠠᠯᠢᠭ ᠡᠯᠪᠡᠭ ᠳᠡᠯᠪᠡᠭ᠂ ᠦᠨᠳᠦᠰᠦᠲᠡᠨ᠎ᠦ ᠰᠣᠶᠣᠯ ᠥᠩᠭᠡ ᠢᠯᠭᠠᠷᠠᠮ᠎ᠠ ᠪᠠᠢᠵᠤ᠂ ᠬᠥᠭ᠌ᠵᠢᠯᠲᠡ᠎ᠶ᠋ᠢᠨ ᠳᠠᠯᠳᠠ ᠬᠦᠴᠦᠨ ᠯᠤᠲᠤ ᠶᠡᠬᠡ᠂ ᠪᠠᠢᠯᠳᠤᠬᠤ ᠪᠣᠳᠣᠯᠭ᠎ᠠ᠎ᠶ᠋ᠢᠨ ᠪᠠᠢᠷᠢ ᠰᠠᠭᠤᠷᠢ ᠴᠢᠬᠤᠯᠠ ᠶᠤᠮ᠃ ᠤᠯᠤᠰ᠎ᠤᠨ ᠭᠠᠵᠠᠷ ᠰᠢᠷᠤᠢ᠎ᠶᠢᠨ ᠣᠷᠣᠨ ᠵᠠᠶ᠎ᠶ᠋ᠢ ᠬᠠᠮᠠᠭᠠᠯᠠᠬᠤ᠂ ᠨᠡᠭᠡᠭᠡᠬᠦ᠂ ᠠᠱᠢᠭ᠍ᠯᠠᠬᠤ᠂ ᠰᠡᠷᠭᠦᠭᠡᠬᠦ᠌ ᠭᠤᠤᠯᠳᠠᠯᠭ᠎ᠠ᠎ᠨᠢ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠶ᠎ᠶ᠋ᠢᠨ ᠠᠮᠤᠷ ᠲᠦᠪᠱᠢᠨ᠎ᠤ ᠬᠠᠯᠬᠠᠪᠴᠢ᠂ ᠡᠬᠡ ᠤᠯᠤᠰ᠎ᠤᠨ ᠤᠮᠠᠷᠠᠲᠤ᠎ᠶ᠋ᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠂ ᠤᠯᠤᠰ᠎ᠤᠨ ᠴᠢᠬᠤᠯᠠ ᠡᠨᠧᠷᠭᠢ ᠪᠠ ᠪᠠᠢᠯᠳᠤᠬᠤ ᠪᠣᠳᠣᠯᠭ᠎ᠠ᠎ᠶ᠋ᠢᠨ ᠡᠬᠢ ᠪᠠᠶᠠᠯᠢᠭ᠎ᠤᠨ ᠰᠠᠭᠤᠷᠢᠨ ᠭᠠᠵᠠᠷ᠂ ᠤᠯᠤᠰ᠎ᠤᠨ ᠴᠢᠬᠤᠯᠠ ᠲᠠᠷᠢᠶᠠᠯᠠᠩ᠎ᠤᠨ ᠪᠦᠲᠦᠭᠡᠭ᠌ᠳᠡᠬᠦᠨ ᠮᠠᠯ᠎ᠤᠨ ᠠᠱᠢᠭ ᠱᠢᠮ᠎ᠡ᠎ᠶ᠋ᠢᠨ ᠦᠢᠯᠡᠳᠪᠦᠷᠢᠯᠡᠯ᠎ᠤᠨ ᠰᠠᠭᠤᠷᠢᠨ ᠭᠠᠵᠠᠷ᠂ ᠮᠠᠨ᠎ᠤ ᠤᠯᠤᠰ᠎ᠤᠨ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠠᠬᠢᠯᠡᠯᠲᠡ᠎ᠶ᠋ᠢᠨ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ᠎ᠶ᠋ᠢᠨ ᠲᠣᠭᠤᠷᠢᠨ᠎ᠳᠤ᠂ ᠲᠠᠪᠤᠨ ᠵᠦᠢᠯ᠎ᠤᠨ ᠪᠠᠢᠯᠳᠤᠬᠤ ᠪᠣᠳᠣᠯᠭ᠎ᠠ᠎ᠶ᠋ᠢ ᠪᠥᠬᠦ᠌ ᠬᠦᠴᠦᠨ᠎ᠢᠶᠠᠷ᠎ᠢᠶᠠᠨ ᠬᠡᠷᠡᠭ᠌ᠵᠢᠭᠦᠯᠦᠨ᠎ᠡ᠃
◆ᠪᠦᠬᠦ᠌ ᠴᠠᠷᠠᠭ᠎ᠠ᠎ᠶ᠋ᠢ ᠬᠠᠮᠠᠭᠠᠯᠠᠬᠤ ᠪᠠᠢᠯᠳᠤᠬᠤ ᠪᠣᠳᠣᠯᠭ᠎ᠠ
◆ᠲᠦᠪᠯᠡᠷᠡᠩᠭᠦᠢ ᠨᠡᠭᠡᠭᠡᠨ ᠬᠦᠭ᠌ᠵᠢᠭᠦᠯᠬᠦ᠌ ᠪᠠᠢᠯᠳᠤᠬᠤ ᠪᠤᠳᠤᠯᠭ᠎ᠠ
◆ᠪᠣᠬᠢᠷᠲᠤᠯ ᠦᠭᠡᠢ ᠥᠨᠳᠥᠷ ᠪᠦᠲᠦᠮᠵᠢᠲᠡᠢ ᠪᠠᠢᠯᠳᠤᠬᠤ ᠪᠣᠳᠣᠯᠭ᠎ᠠ
◆ᠱᠢᠳᠢᠳᠦ ᠲᠠᠯ᠎ᠠ ᠨᠤᠳᠤᠭ᠎ᠤᠨ ᠪᠠᠢᠯᠳᠤᠬᠤ ᠪᠤᠳᠤᠯᠭ᠎ᠠ
◆ᠬᠢᠯᠢ ᠬᠢᠵᠠᠭᠠᠷ᠎ᠢ ᠪᠡᠬᠢᠯᠡᠨ ᠪᠡᠬᠢᠯᠡᠯᠲᠡ᠎ᠶᠢ ᠪᠡᠬᠢᠵᠢᠭᠦᠯᠬᠦ ᠪᠠᠢᠯᠳᠤᠬᠤ ᠪᠣᠳᠣᠯᠭ᠎ᠠ
03
《ᠭᠤᠷᠪᠠᠨ ᠣᠷᠣᠨ ᠭᠤᠷᠪᠠᠨ ᠱᠤᠭᠤᠮ》 ᠢᠶᠠᠷ ᠰᠠᠭᠤᠷᠢ ᠪᠣᠯᠭᠠᠵᠤ᠂ ᠤᠯᠤᠰ᠎ᠤᠨ ᠭᠠᠵᠠᠷ ᠰᠢᠷᠤᠢ᠎ᠶᠢᠨ ᠣᠷᠣᠨ ᠵᠠᠶ᠎ᠶ᠋ᠢ ᠬᠠᠮᠠᠭᠠᠯᠠᠨ ᠨᠡᠭᠡᠭᠡᠬᠦ᠌ ᠱᠢᠨ᠎ᠡ ᠪᠠᠢᠷᠢᠱᠢᠯ᠎ᠢ ᠪᠣᠶ ᠪᠣᠯᠭᠠᠨ᠎ᠠ
ᠭᠤᠷᠪᠠᠨ ᠡᠵᠡᠮᠰᠢᠯ ᠱᠤᠭᠤᠮ᠎ᠢ ᠴᠢᠩᠭ᠎ᠠ ᠰᠠᠬᠢᠬᠤ
▷ᠤᠯᠠᠨ ᠲᠠᠷᠢᠶᠠᠨ ᠭᠠᠵᠠᠷ ᠪᠠ ᠡᠭᠦᠷᠢᠳᠡ᠎ᠶ᠋ᠢᠨ ᠦᠨᠳᠦᠰᠦᠨ ᠲᠠᠷᠢᠶᠠᠨ ᠭᠠᠵᠠᠷ᠎ᠢ ᠬᠠᠮᠠᠭᠠᠯᠠᠬᠤ ᠤᠯᠠᠭᠠᠨ ᠱᠤᠭᠤᠮ
ᠤᠯᠤᠰ᠎ᠤᠨ 《 ᠭᠤᠷᠪᠠᠨ ᠣᠷᠣᠨ ᠭᠤᠷᠪᠠᠨ ᠱᠤᠭᠤᠮ 》 ᠤᠨ ᠬᠤᠪᠢᠶᠠᠷᠢᠯᠠᠨ ᠲᠣᠭ᠍ᠲᠠᠭᠠᠬᠤ ᠳᠦᠷᠢᠮ᠎ᠦᠨ ᠶᠣᠰᠣᠭᠠᠷ ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠠᠴᠠ ᠲᠠᠷᠢᠶᠠᠨ ᠭᠠᠵᠠᠷ ᠪᠠ ᠡᠭᠦᠷᠢᠳᠡ᠎ᠶ᠋ᠢᠨ ᠦᠨᠳᠦᠰᠦᠨ ᠲᠠᠷᠢᠶᠠᠨ ᠭᠠᠵᠠᠷ᠎ᠤᠨ ᠬᠠᠮᠠᠭᠠᠯᠠᠯᠲᠠ᠎ᠶ᠋ᠢᠨ ᠤᠯᠠᠭᠠᠨ ᠱᠤᠭᠤᠮ ᠢ ᠬᠤᠪᠢᠶᠠᠷᠢᠯᠠᠨ ᠲᠣᠭ᠍ᠲᠠᠭᠠᠭ᠍ᠰᠠᠨ ᠨᠢ 12 ᠠᠢᠮᠠᠭ ᠬᠣᠲᠠ᠎ᠶ᠋ᠢᠨ 95 ᠬᠣᠱᠢᠭᠤ ᠱᠢᠶᠠᠨ ( ᠬᠣᠲᠠ ᠂ ᠲᠣᠭᠣᠷᠢᠭ ) ᠳᠤ ᠬᠣᠯᠪᠤᠭᠳᠠᠨ᠎ᠠ ᠃
▷ᠤᠯᠠᠨ ᠠᠮᠢ ᠠᠬᠤᠢ᠎ᠶ᠋ᠢᠨ ᠬᠠᠮᠠᠭᠠᠯᠠᠯᠲᠠ᠎ᠶ᠋ᠢᠨ ᠤᠯᠠᠭᠠᠨ ᠱᠤᠭᠤᠮ
ᠤᠰᠤᠨ᠎ᠤ ᠡᠬᠢ ᠰᠤᠷᠪᠤᠯᠵᠢ᠎ᠶ᠋ᠢ ᠬᠠᠳᠠᠭᠠᠯᠠᠬᠤ᠂ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ᠎ᠢ ᠬᠠᠮᠠᠭᠠᠯᠠᠬᠤ᠂ ᠤᠰᠤ ᠬᠦᠷᠦᠰᠦ᠎ᠶᠢ ᠬᠠᠮᠠᠭᠠᠯᠠᠬᠤ᠂ ᠰᠠᠯᠬᠢ᠎ᠶ᠋ᠢ ᠰᠡᠷᠭᠡᠢᠯᠡᠵᠦ᠍ ᠡᠯᠡᠰᠦ᠎ᠶ᠋ᠢ ᠲᠣᠭ᠍ᠲᠠᠪᠤᠷᠢᠵᠢᠭᠤᠯᠬᠤ ᠵᠡᠷᠭᠡ ᠠᠮᠢ ᠠᠬᠤᠶ᠎ᠶ᠋ᠢᠨ ᠴᠢᠳᠠᠮᠵᠢ᠎ᠪᠠᠷ ᠲᠦᠢᠯ᠎ᠤᠨ ᠴᠢᠬᠤᠯᠠ ᠣᠷᠣᠨ ᠪᠦᠰᠡ᠂ ᠵᠢᠴᠢ ᠠᠮᠢ ᠠᠬᠤᠶ᠎ᠶ᠋ᠢᠨ ᠲᠤᠢᠯ᠎ᠤᠨ ᠰᠡᠷᠭᠡᠭ ᠬᠡᠪᠡᠷᠡᠭ ᠬᠥᠷᠥᠰᠥ᠍ ᠱᠢᠷᠣᠶ᠎ᠶ᠋ᠢᠨ ᠢᠳᠡᠭ᠌ᠳᠡᠯ᠂ ᠡᠯᠡᠰᠦᠷᠬᠡᠭ᠌ᠵᠢᠯ ᠵᠡᠷᠭᠡ ᠣᠷᠣᠨ ᠪᠦᠰᠡ᠎ᠶ᠋ᠢ ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠤᠯᠠᠭᠠᠨ ᠱᠤᠭᠤᠮ᠎ᠳᠤ ᠬᠤᠪᠢᠶᠠᠷᠢᠯᠠᠨ ᠣᠷᠣᠭᠤᠯᠵᠤ᠂ ᠣᠶ ᠱᠢᠭᠤᠶ᠂ ᠨᠤᠲᠤᠭ ᠪᠡᠯᠴᠢᠭᠡᠷ᠂ ᠨᠤᠭᠤ ᠭᠠᠵᠠᠷ᠂ ᠴᠦᠯᠡᠷᠬᠡᠭ ᠭᠠᠵᠠᠷ ᠵᠡᠷᠭᠡ ᠠᠮᠢ ᠠᠬᠤᠶ᠎ᠶ᠋ᠢᠨ ᠴᠢᠬᠤᠯᠠ ᠱᠢᠰᠲ᠋ᠧᠮ᠎ᠢ ᠰᠠᠢᠲᠤᠷ ᠬᠠᠮᠠᠭᠠᠯᠠᠵᠤ᠂ ᠠᠮᠢ ᠠᠬᠤᠶ᠎ᠶ᠋ᠢᠨ ᠠᠮᠤᠷ ᠲᠦᠪᠱᠢᠨ᠎ᠢ ᠬᠠᠮᠠᠭᠠᠯᠠᠨ᠎ᠠ᠃ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠠᠴᠠ ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠤᠯᠠᠭᠠᠨ ᠱᠤᠭᠤᠮ᠎ᠤᠨ ᠲᠠᠯᠠᠪᠠᠶ᠎ᠨᠢ 59.69 ᠲᠦᠮᠡᠨ ᠲᠡᠭ᠌ᠰᠢ ᠳᠥᠷᠪᠡᠯᠵᠢᠨ ᠮᠧᠲᠷ᠂ ᠭᠤᠤᠯᠳᠠᠭᠤ ᠬᠥᠯᠥᠨ ᠪᠤᠢᠷ ᠬᠤᠲᠠ᠂ ᠱᠢᠯᠢ᠎ᠶ᠋ᠢᠨ ᠭᠤᠤᠯ ᠠᠢᠮᠠᠭ᠂ ᠠᠯᠠᠱᠠ ᠠᠢᠮᠠᠭ᠂ ᠪᠠᠶᠠᠨᠨᠠᠭᠤᠷ ᠬᠤᠲᠠ ᠪᠣᠯᠤᠨ ᠬᠢᠩᠭᠠᠨ ᠠᠢᠮᠠᠭ᠎ᠲᠤ ᠲᠠᠷᠬᠠᠵᠤ ᠪᠣᠶ᠃
▷ᠬᠤᠲᠠ ᠪᠠᠯᠭᠠᠰᠤ᠎ᠶ᠋ᠢᠨ ᠨᠡᠭᠡᠭᠡᠨ ᠬᠦᠭᠵᠢᠭᠦᠯᠦᠯᠲᠡ᠎ᠶᠢᠨ ᠠᠱᠢᠭ᠍ᠯᠠᠬᠤ ᠵᠠᠭᠠᠭ
ᠲᠠᠷᠢᠶᠠᠨ ᠭᠠᠵᠠᠷ ᠪᠠ ᠡᠭᠦᠷᠢᠳᠡ᠎ᠶ᠋ᠢᠨ ᠦᠨᠳᠦᠰᠦᠨ ᠲᠠᠷᠢᠶᠠᠨ ᠭᠠᠵᠠᠷ᠂ ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠤᠯᠠᠭᠠᠨ ᠱᠤᠭᠤᠮ᠎ᠢ ᠤᠷᠢᠳᠠᠪᠠᠷ ᠵᠠᠭᠠᠭ᠍ᠯᠠᠨ ᠲᠣᠭ᠍ᠲᠠᠭᠠᠭ᠍ᠰᠠᠨ ᠰᠠᠭᠤᠷᠢᠨ ᠳᠡᠭᠡᠷ᠎ᠡ᠂ ᠬᠤᠲᠠ ᠪᠠᠯᠭᠠᠰᠤ᠎ᠶ᠋ᠢ ᠨᠡᠭᠡᠭᠡᠨ ᠬᠥᠭ᠌ᠵᠢᠭᠦᠯᠬᠦ᠌ ᠵᠠᠭᠠᠭ ᠬᠢᠵᠠᠭᠠᠷ᠎ᠢ ᠵᠠᠭᠠᠭ᠍ᠯᠠᠨ ᠲᠣᠭ᠍ᠲᠠᠭᠠᠵᠤ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠲᠠ ᠪᠠᠯᠭᠠᠰᠤ᠎ᠶ᠋ᠢ ᠨᠡᠭᠡᠭᠡᠨ ᠬᠥᠭ᠌ᠵᠢᠭᠦᠯᠬᠦ᠌ ᠵᠠᠭᠠᠭ ᠬᠢᠵᠠᠭᠠᠷ᠎ᠤᠨ ᠲᠠᠯᠠᠪᠠᠶ᠎ᠶ᠋ᠢ 2020 ᠣᠨ᠎ᠤ ᠬᠤᠲᠠ ᠪᠠᠯᠭᠠᠰᠤᠨ᠎ᠤ ᠪᠥᠲᠥᠭᠡᠨ ᠪᠠᠢᠭᠤᠯᠤᠯᠲᠠ᠎ᠳᠤ ᠬᠡᠷᠡᠭ᠌ᠯᠡᠬᠦ᠌ ᠭᠠᠵᠠᠷ᠎ᠤᠨ ᠬᠡᠪᠴᠢᠶ᠎ᠡ᠎ᠶ᠋ᠢᠨ 1.3 ᠳᠠᠬᠢᠨ ᠳᠣᠲᠣᠷ᠎ᠠ ᠬᠢᠵᠠᠭᠠᠷᠯᠠᠨ᠎ᠠ᠃
ᠭᠣᠣᠯ ᠴᠣᠭᠴᠠ᠎ᠶᠢᠨ ᠴᠢᠳᠠᠮᠵᠢ᠎ᠶᠢᠨ ᠣᠷᠣᠨ᠎ᠢ ᠰᠢᠯᠢᠳᠡᠭᠵᠢᠭᠦᠯᠬᠦ
ᠤᠯᠤᠰ᠎ᠤ᠋ᠨ ᠳᠡᠰ᠎ᠦ᠋ᠨ ᠪᠠ ᠮᠣᠵᠢ᠎ᠶᠢᠨ ᠳᠡᠰ᠎ᠦᠨ ᠭᠣᠣᠯ ᠴᠣᠭ᠍ᠴᠠᠲᠤ ᠴᠢᠳᠠᠮᠵᠢᠲᠤ ᠣᠷᠣᠨ᠎ᠤ᠋ ᠪᠠᠢᠷᠢᠱᠢᠭᠤᠯᠤᠯᠲᠠ᠎ᠶᠢᠨ ᠵᠢᠷᠤᠭ
ᠲᠠᠷᠢᠶᠠᠯᠠᠩ᠎ᠤᠨ ᠪᠦᠲᠦᠭᠡᠭ᠌ᠳᠡᠭᠦᠨᠦ ᠭᠣᠣᠯ ᠭᠠᠷᠤᠯᠲᠠ᠎ᠶ᠋ᠢᠨ ᠣᠷᠣᠨ᠎ᠢ ᠲᠡᠭᠦᠯᠳᠡᠷᠵᠢᠭᠦᠯᠦᠨ᠎ᠡ
ᠭᠣᠣᠯᠳᠠᠯᠭ᠎ᠠ᠎ᠲᠠᠢ ᠠᠮᠢ ᠠᠬᠤᠢ᠎ᠶ᠋ᠢᠨ ᠴᠢᠳᠠᠮᠵᠢ᠎ᠶ᠋ᠢᠨ ᠣᠷᠣᠨ᠎ᠢ ᠱᠢᠯᠢᠳᠡᠭ᠌ᠵᠢᠭᠦᠯᠦᠨ᠎ᠡ
ᠬᠣᠲᠠᠵᠢᠯᠲᠠ᠎ᠶᠢᠨ ᠭᠠᠵᠠᠷ ᠣᠷᠣᠨ᠎ᠢ᠋ ᠱᠢᠯᠢᠳᠡᠭ᠌ᠵᠢᠭᠦᠯᠦᠨ᠎ᠡ
ᠪᠡᠶᠡᠴᠢ ᠴᠣᠭ᠍ᠴᠠ᠎ᠶ᠋ᠢᠨ ᠴᠢᠳᠠᠮᠵᠢᠲᠤ ᠣᠷᠣᠨ᠎ᠤ ᠬᠤᠪᠢᠶᠠᠷᠢᠯᠠᠯ᠎ᠢ ᠨᠠᠷᠢᠯᠢᠬ᠍ᠵᠢᠭᠤᠯᠬᠤ
ᠤᠯᠤᠰ᠎ᠤᠨ ᠭᠠᠵᠠᠷ ᠱᠢᠷᠤᠢ᠎ᠶ᠋ᠢᠨ ᠤᠷᠤᠨ ᠵᠠᠢ᠎ᠶ᠋ᠢ ᠬᠠᠮᠠᠭᠠᠯᠠᠨ ᠨᠡᠭᠡᠭᠡᠬᠦ᠌ ᠱᠢᠨ᠎ᠡ ᠪᠠᠢᠷᠢᠱᠢᠯ
《ᠭᠤᠷᠪᠠᠨ ᠠᠭᠤᠯᠠ ᠨᠢᠭᠡ ᠭᠤᠣᠯ ᠮᠥᠷᠡᠨ᠂ ᠬᠤᠶᠠᠷ ᠪᠦᠰᠡ ᠠᠷᠪᠠᠨ ᠲᠣᠭᠤᠷᠢᠭ᠂ ᠨᠢᠭᠡ ᠴᠥᠮ᠎ᠡ ᠬᠤᠣᠰ ᠣᠳᠣ ᠣᠯᠠᠨ ᠵᠠᠩᠭᠢᠯᠠᠭ᠎ᠠ》 ᠶ᠋ᠢᠨ ᠲᠣᠣᠷᠵᠢᠭ᠍ᠰᠠᠨ ᠤᠯᠤᠰ᠎ᠤᠨ ᠭᠠᠵᠠᠷ ᠰᠢᠷᠤᠢ᠎ᠶᠢᠨ ᠣᠷᠣᠨ ᠵᠠᠢ᠎ᠶ᠋ᠢ ᠬᠠᠮᠠᠭᠠᠯᠠᠨ ᠨᠡᠭᠡᠭᠡᠨ ᠠᠱᠢᠭ᠍ᠯᠠᠬᠤ ᠶᠡᠷᠦᠩᠬᠡᠢ ᠪᠠᠢᠷᠢᠱᠢᠭᠤᠯᠤᠯᠲᠠ
ᠤᠯᠤᠰ᠎ᠤ᠋ᠨ ᠭᠠᠵᠠᠷ ᠰᠢᠷᠤᠢ᠎ᠶᠢᠨ ᠣᠷᠣᠨ ᠵᠠᠢ᠎ᠶᠢ ᠨᠡᠭᠡᠭᠡᠨ ᠬᠥᠭ᠌ᠵᠢᠭᠦᠯᠵᠦ᠍ ᠬᠠᠮᠠᠭᠠᠯᠠᠬᠤ ᠪᠠᠢᠷᠢᠱᠢᠭᠤᠯᠤᠯᠲᠠ᠎ᠶᠢᠨ ᠵᠢᠷᠤᠭ
《ᠭᠤᠷᠪᠠᠨ ᠠᠭᠤᠯᠠ ᠬᠤᠶᠠᠷ ᠪᠦᠰᠡ ᠨᠢᠭᠡ ᠮᠤᠷᠤᠢ ᠣᠯᠠᠨ ᠬᠤᠩᠭᠢᠯ ᠣᠯᠠᠨ ᠴᠡᠭ》 ᠤᠨ ᠠᠮᠢ ᠠᠬᠤᠢ᠎ᠶ᠋ᠢᠨ ᠣᠷᠣᠨ ᠵᠠᠢ᠎ᠶ᠋ᠢᠨ ᠪᠠᠢᠷᠢᠱᠢᠯ᠎ᠢ ᠴᠣᠭ᠍ᠴᠠᠯᠠᠨ᠎ᠠ
ᠭᠤᠷᠪᠠᠨ ᠠᠭᠤᠯᠠ᠄ ᠶᠡᠭᠡ ᠬᠢᠩᠭᠠᠨ ᠳᠠᠪᠠᠭ᠎ᠠ᠂ ᠮᠤᠨᠢ ᠠᠭᠤᠯᠠ᠎ᠶ᠋ᠢᠨ ᠨᠢᠷᠤᠭᠤ᠂ ᠡᠾᠸ ᠯᠠᠨ ᠱᠠᠨ ᠨᠢᠷᠤᠭᠤ
ᠬᠤᠶᠠᠷ ᠪᠦᠰᠡ᠄ ᠤᠮᠠᠷᠠᠲᠤ ᠬᠡᠰᠡᠭ᠎ᠤᠨ ᠨᠤᠲᠤᠭ ᠪᠡᠯᠴᠢᠭᠡᠷ᠎ᠤᠨ ᠬᠠᠮᠠᠭᠠᠯᠠᠯᠲᠠ᠎ᠶ᠋ᠢᠨ ᠪᠦᠰᠡ᠂ ᠡᠮᠦᠨᠡᠲᠦ ᠬᠡᠰᠡᠭ᠎ᠤᠨ ᠲᠠᠷᠢᠶᠠᠯᠠᠩ ᠮᠠᠯ ᠠᠵᠤ ᠠᠬᠤᠶ᠎ᠶ᠋ᠢᠨ ᠰᠣᠯᠪᠢᠴᠠᠭ᠎ᠠ ᠰᠡᠷᠭᠦᠭᠡᠯᠲᠡ᠎ᠶ᠋ᠢᠨ ᠪᠦᠰᠡ
ᠨᠢᠭᠡ ᠮᠤᠷᠤᠢ ᠣᠯᠠᠨ ᠬᠤᠩᠭᠢᠯ ᠣᠯᠠᠨ ᠴᠡᠭ᠄ ᠬᠠᠲᠤᠨ ᠭᠤᠣᠯ᠎ᠤᠨ ᠰᠠᠪᠠ ᠭᠠᠵᠠᠷ᠂ ᠭᠤᠣᠯᠳᠠᠯᠭ᠎ᠠ᠎ᠲᠠᠢ ᠭᠤᠣᠯ ᠮᠥᠷᠡᠨ᠎ᠤ ᠤᠰᠤᠨ ᠱᠢᠰᠲ᠋ᠧᠮ᠎ᠤᠨ ᠬᠤᠩᠭᠢᠯ᠂ ᠴᠢᠬᠤᠯᠠ ᠴᠢᠳᠠᠮᠵᠢᠲᠤ ᠨᠠᠭᠤᠷ ᠴᠥᠭᠦᠷᠥᠮ
《ᠵᠢᠷᠭᠤᠭᠠᠨ ᠮᠠᠯᠵᠢᠯ ᠳᠦᠷᠪᠡᠨ ᠲᠠᠷᠢᠶᠠᠯᠠᠩ》 ᠤᠨ ᠲᠠᠷᠢᠶᠠᠯᠠᠩ ᠮᠠᠯ ᠠᠵᠤ ᠠᠬᠤᠢ᠎ᠶ᠋ᠢᠨ ᠣᠷᠣᠨ ᠵᠠᠢ᠎ᠶ᠋ᠢᠨ ᠪᠠᠢᠷᠢᠱᠢᠯ᠎ᠢ ᠪᠣᠢ ᠪᠣᠯᠭᠠᠨ᠎ᠠ
ᠵᠢᠷᠭᠤᠭᠠᠨ ᠮᠠᠯᠵᠢᠯ᠄ ᠬᠦᠯᠦᠨ ᠪᠦᠢᠷ᠂ ᠬᠤᠷᠴᠢᠨ᠂ ᠱᠢᠯᠢ᠎ᠶ᠋ᠢᠨ ᠭᠤᠤᠯ᠂ ᠤᠯᠠᠭᠠᠨᠴᠠᠪ᠂ ᠤᠷᠳᠤᠰ᠂ ᠠᠯᠠᠱᠠ ᠠᠢᠮᠠᠭ ᠵᠡᠷᠭᠡ ᠵᠢᠷᠭᠤᠭᠠᠨ ᠶᠡᠭᠡ ᠲᠠᠯ᠎ᠠ ᠨᠤᠳᠤᠭ᠎ᠤᠨ ᠮᠠᠯᠵᠢᠬᠤ ᠤᠷᠤᠨ
ᠳᠥᠷᠪᠡᠨ ᠲᠠᠷᠢᠶᠠᠯᠠᠩ᠄ ᠶᠡᠭᠡ ᠬᠢᠩᠭᠠᠨ ᠳᠠᠪᠠᠭ᠎ᠠ᠎ᠶ᠋ᠢᠨ ᠬᠤᠷᠮᠣᠢ᠂ ᠪᠠᠷᠠᠭᠤᠨ ᠯᠢᠶᠣᠤᠾᠧ ᠭᠤᠣᠯ᠎ᠤᠨ ᠰᠠᠪᠠ ᠭᠠᠵᠠᠷ᠂ ᠮᠤᠨᠢ ᠠᠭᠤᠯᠠ᠎ᠶ᠋ᠢᠨ ᠬᠤᠷᠮᠣᠶ ᠳᠠᠭᠠᠤ ᠪᠠ ᠬᠠᠲᠤᠨ ᠭᠤᠣᠯ ᠳᠠᠭᠠᠤ᠎ᠶ᠋ᠢᠨ ᠭᠤᠣᠯ ᠤᠷᠤᠰᠭᠠᠯ᠎ᠤᠨ ᠲᠠᠯ᠎ᠠ ᠭᠠᠵᠠᠷ ᠳᠦᠷᠪᠡᠨ ᠶᠡᠭᠡ ᠲᠠᠷᠢᠶᠠᠯᠠᠬᠤ ᠮᠠᠯᠵᠢᠬᠤ ᠣᠷᠣᠨ
《ᠨᠢᠭᠡ ᠴᠥᠮ᠎ᠡ ᠬᠤᠤᠰ ᠤᠳᠤᠨ ᠣᠯᠠᠨ ᠵᠠᠩᠭᠢᠯᠠᠭ᠎ᠠ》 ᠶ᠋ᠢᠨ ᠬᠤᠲᠠ ᠪᠠᠯᠭᠠᠰᠤᠨ᠎ᠤ ᠣᠷᠣᠨ ᠵᠠᠶ᠎ᠶ᠋ᠢᠨ ᠪᠠᠢᠷᠢᠱᠢᠯ᠎ᠢ ᠪᠣᠶ ᠪᠣᠯᠭᠠᠨ᠎ᠠ
ᠨᠢᠭᠡ ᠴᠥᠮ᠎ᠡ᠄ ᠬᠥᠬᠡᠬᠤᠲᠠ ᠪᠤᠭᠤᠲᠤ ᠣᠷᠳᠣᠰ ᠤᠯᠠᠭᠠᠨᠴᠠᠪ᠎ᠤᠨ ᠨᠢᠭᠡ ᠴᠣᠭ᠍ᠴᠠᠵᠢᠭ᠍ᠰᠠᠨ ᠬᠥᠭ᠌ᠵᠢᠯᠲᠡ᠎ᠶ᠋ᠢᠨ ᠣᠷᠣᠨ ᠪᠦᠰᠡ
ᠬᠤᠣᠰ ᠣᠳᠣ᠄ ᠤᠯᠠᠭ᠋ᠠᠨᠬᠠᠳᠠ ᠲᠦᠩᠯᠢᠶᠤᠤ᠎ᠶᠢᠨ 《ᠬᠤᠣᠰ ᠣᠳᠣ》 ᠣᠷᠣᠨ ᠪᠦᠰᠡ᠎ᠶ᠋ᠢᠨ ᠲᠥᠪ ᠬᠤᠲᠠ
ᠣᠯᠠᠨ ᠵᠠᠩᠭᠢᠯᠠᠭ᠎ᠠ᠄ ᠵᠠᠩᠭᠢᠯᠠᠭ᠎ᠠ᠎ᠶ᠋ᠢᠨ ᠴᠡᠭ᠎ᠤᠨ ᠬᠤᠲᠠ ( ᠪᠠᠯᠭᠠᠰᠤ )
04
ᠪᠣᠬᠢᠷᠲᠤᠯ ᠦᠭᠡᠢ ᠥᠨᠳᠥᠷ ᠪᠦᠲᠦᠮᠵᠢᠲᠡᠢ ᠲᠠᠷᠢᠶᠠᠯᠠᠩ ᠮᠠᠯ ᠠᠵᠤ ᠠᠬᠤᠢ᠎ᠶ᠋ᠢᠨ ᠣᠷᠣᠨ ᠵᠠᠢ᠎ᠶ᠋ᠢ ᠪᠠᠢᠭᠤᠯᠤᠨ᠎ᠠ
ᠮᠠᠯᠵᠢᠬᠤ ᠲᠠᠷᠢᠶᠠᠯᠠᠬᠤ ᠣᠷᠣᠨ᠎ᠤ ᠦᠢᠯᠡᠳᠪᠦᠷᠢᠯᠡᠯ᠎ᠤᠨ ᠴᠢᠳᠠᠪᠤᠷᠢ᠎ᠶ᠋ᠢᠨ ᠳᠠᠪᠠᠭᠤᠯᠢᠭ᠎ᠢ ᠪᠡᠬᠢᠵᠢᠭᠦᠯᠦᠨ᠎ᠡ
ᠲᠠᠷᠢᠶᠠᠯᠠᠬᠤ ᠮᠠᠯᠵᠢᠬᠤ ᠣᠷᠣᠨ᠎ᠤ ᠦᠢᠯᠡᠳᠪᠦᠷᠢᠯᠡᠬᠦ᠌ ᠴᠢᠳᠠᠪᠤᠷᠢ᠎ᠶ᠋ᠢᠨ ᠳᠠᠪᠠᠭᠤᠯᠢᠭ᠎ᠢ ᠪᠠᠳᠠᠷᠠᠭᠤᠯᠤᠨ᠎ᠠ
ᠨᠤᠲᠤᠭ ᠪᠡᠯᠴᠢᠭᠡᠷ᠎ᠦᠨ ᠪᠡᠯᠴᠢᠭᠡᠷ᠎ᠦᠨ ᠳᠠᠭᠠᠭᠠᠴᠠ᠎ᠶᠢ ᠬᠢᠵᠠᠭ᠋ᠠᠷᠯᠠᠨ᠎ᠠ
ᠲᠠᠷᠢᠶᠠᠨ ᠭᠠᠵᠠᠷ᠎ᠤᠨ ᠬᠠᠮᠠᠭᠠᠯᠠᠯᠲᠠ᠎ᠶ᠋ᠢ ᠴᠢᠩᠭ᠋ᠠᠳᠬᠠᠨ᠎ᠠ
ᠲᠠᠷᠢᠶᠠᠨ ᠭᠠᠵᠠᠷ᠎ᠢ 《ᠲᠠᠷᠢᠶᠠᠯᠠᠩ᠎ᠤᠨ ᠪᠤᠰᠤ ᠪᠣᠯᠭᠠᠬᠤ》 ᠶ᠋ᠢ ᠴᠢᠩᠭ᠎ᠠ ᠬᠢᠵᠠᠭ᠋ᠠᠷᠯᠠᠨ᠎ᠠ
ᠲᠠᠷᠢᠶᠠᠨ ᠭᠠᠵᠠᠷ᠎ᠤᠨ ᠶᠠᠰᠤ ᠴᠢᠨᠠᠷ᠎ᠢ ᠳᠡᠭᠡᠭᠰᠢᠯᠡᠭᠦᠯᠦᠨ᠎ᠡ
ᠲᠠᠷᠢᠶᠠᠨ ᠭᠠᠵᠠᠷ᠎ᠤᠨ ᠠᠮᠢ ᠠᠬᠤᠢ᠎ᠶ᠋ᠢᠨ ᠬᠠᠮᠠᠭᠠᠯᠠᠯᠲᠠ᠎ᠶ᠋ᠢ ᠴᠢᠩᠭ᠋ᠠᠳᠬᠠᠨ᠎ᠠ
ᠲᠠᠷᠢᠶᠠᠨ ᠭᠠᠵᠠᠷ᠎ᠢ ᠡᠮᠬᠢᠯᠡᠵᠦ᠍ ᠨᠡᠭᠡᠭᠡᠨ ᠬᠥᠭ᠌ᠵᠢᠭᠦᠯᠬᠦ᠌ ᠪᠠ ᠪᠠᠢᠯᠳᠤᠬᠤ ᠪᠣᠳᠣᠯᠭ᠎ᠠ᠎ᠶ᠋ᠢᠨ ᠨᠥᠭᠡᠴᠡ᠎ᠶ᠋ᠢ ᠡᠮᠬᠢ ᠵᠢᠷᠤᠮ᠎ᠲᠠᠢ᠎ᠪᠠᠷ ᠬᠡᠷᠡᠭᠵᠢᠭᠦᠯᠦᠨ᠎ᠡ
ᠡᠭᠦᠷᠢᠳᠡ᠎ᠶ᠋ᠢᠨ ᠦᠨᠳᠦᠰᠦᠨ ᠲᠠᠷᠢᠶᠠᠨ ᠭᠠᠵᠠᠷ᠎ᠤᠨ ᠬᠠᠮᠠᠭᠠᠯᠠᠯᠲᠠ ᠪᠠᠨ ᠪᠦᠲᠦᠭᠡᠨ ᠪᠠᠢᠭᠤᠯᠤᠯᠲᠠ᠎ᠶ᠋ᠢ ᠴᠢᠩᠭ᠋ᠠᠳᠬᠠᠨ᠎ᠠ
ᠡᠭᠦᠷᠢᠳᠡ᠎ᠶ᠋ᠢᠨ ᠦᠨᠳᠦᠰᠦᠨ ᠲᠠᠷᠢᠶᠠᠨ ᠭᠠᠵᠠᠷ᠎ᠤᠨ ᠬᠠᠳᠠᠭᠠᠯᠠᠮᠵᠢ᠎ᠶ᠋ᠢᠨ ᠣᠷᠣᠨ᠎ᠤ ᠳᠦᠷᠢᠮ᠎ᠢ ᠲᠡᠭᠦᠯᠳᠡᠷᠵᠢᠭᠦᠯᠦᠨ᠎ᠡ
ᠲᠠᠷᠢᠶᠠᠨ ᠭᠠᠵᠠᠷ ᠪᠠ ᠡᠭᠦᠷᠢᠳᠡ᠎ᠶ᠋ᠢᠨ ᠦᠨᠳᠦᠰᠦᠨ ᠲᠠᠷᠢᠶᠠᠨ ᠭᠠᠵᠠᠷ᠎ᠢ ᠬᠠᠮᠠᠭᠠᠯᠠᠬᠤ ᠤᠯᠠᠭᠠᠨ ᠱᠤᠭᠤᠮ᠎ᠤᠨ ᠵᠢᠷᠤᠭ
ᠬᠢᠯᠢ ᠬᠢᠵᠠᠭᠠᠷ ᠤᠷᠤᠨ᠎ᠢ ᠬᠠᠮᠠᠭᠠᠯᠠᠬᠤ ᠴᠢᠨᠠᠷᠳᠠᠢ ᠠᠱᠢᠭ᠍ᠯᠠᠬᠤ᠎ᠶ᠋ᠢ ᠠᠬᠢᠭᠤᠯᠤᠨ᠎ᠠ
ᠨᠤᠲᠤᠭ ᠪᠡᠯᠴᠢᠭᠡᠷ᠎ᠦᠨ ᠣᠷᠣᠨ ᠪᠦᠰᠡ᠎ᠶ᠋ᠢᠨ ᠪᠠᠢᠷᠢᠯᠠᠭᠤᠯᠤᠯᠲᠠ᠎ᠶ᠋ᠢ ᠰᠢᠯᠢᠳᠡᠭᠵᠢᠭᠦᠯᠦᠨ᠎ᠡ
ᠨᠤᠲᠤᠭ ᠪᠡᠯᠴᠢᠭᠡᠷ᠎ᠢ ᠣᠷᠣᠨ ᠬᠤᠪᠢᠶᠠᠨ ᠠᠱᠢᠭ᠍ᠯᠠᠬᠤ᠎ᠶ᠋ᠢ ᠠᠬᠢᠭᠤᠯᠤᠨ᠎ᠠ
ᠨᠤᠲᠤᠭ ᠪᠡᠯᠴᠢᠭᠡᠷ᠎ᠢ ᠲᠥᠷᠥᠯ ᠬᠤᠪᠢᠶᠠᠨ ᠬᠠᠮᠢᠶᠠᠷᠤᠨ ᠡᠵᠡᠮᠳᠡᠬᠦ᠌᠎ᠶ᠋ᠢ ᠬᠡᠷᠡᠭᠵᠢᠭᠦᠯᠦᠨ᠎ᠡ
ᠦᠪᠡᠷᠮᠢᠴᠠ ᠰᠠᠢᠬᠠᠨ ᠬᠦᠳᠡᠭᠡ ᠲᠤᠰᠭᠤᠨ᠎ᠤ ᠪᠦᠲᠦᠭᠡᠨ ᠪᠠᠢᠭᠤᠯᠤᠯᠲᠠ᠎ᠶ᠋ᠢ ᠲᠦᠯᠬᠢᠨ ᠠᠬᠢᠭᠤᠯᠤᠨ᠎ᠠ
ᠠᠢᠯ ᠲᠤᠰᠭᠤᠨ᠎ᠢ ᠠᠩᠬᠢᠯᠠᠬᠤ ᠠᠵᠢᠯ᠎ᠢ ᠰᠠᠢᠳᠤᠷ ᠬᠢᠨ᠎ᠡ
ᠠᠢᠯ ᠲᠤᠰᠭᠤᠨ᠎ᠤ ᠪᠠᠢᠷᠢᠱᠢᠯ᠎ᠢ ᠰᠢᠯᠢᠳᠡᠭᠵᠢᠬᠦᠯᠦᠨ᠎ᠡ
ᠬᠦᠳᠡᠭᠡ ᠲᠣᠰᠭᠤᠨ᠎ᠤ ᠴᠢᠨᠠᠷ ᠴᠢᠨᠰᠠᠭ᠎ᠠ᠎ᠶ᠋ᠢ ᠳᠡᠭᠡᠭᠰᠢᠯᠡᠭᠦᠯᠦᠨ᠎ᠡ
ᠬᠦᠳᠡᠭᠡ ᠲᠣᠰᠭᠤᠨ᠎ᠤ ᠠᠵᠤ ᠦᠢᠯᠡᠰ᠎ᠦᠨ ᠬᠦᠭ᠌ᠵᠢᠯᠲᠡ᠎ᠶ᠋ᠢ ᠠᠬᠢᠭᠤᠯᠤᠨ᠎ᠠ
ᠲᠠᠷᠢᠶᠠᠯᠠᠩ ᠮᠠᠯ ᠠᠵᠤ ᠠᠬᠤᠢ᠎ᠶᠢᠨ ᠣᠷᠣᠨ ᠵᠠᠢ᠎ᠶᠢ ᠬᠠᠮᠢᠶᠠᠷᠤᠨ ᠡᠵᠡᠮᠳᠡᠬᠦ᠎ᠶᠢ ᠴᠢᠩᠭᠠᠳᠭᠠᠬᠤ
ᠲᠠᠷᠢᠮᠠᠯ᠎ᠤᠨ ᠦᠢᠯᠡᠰ᠎ᠤᠨ ᠣᠷᠣᠨ ᠵᠠᠶ᠄ ᠲᠠᠷᠢᠶᠠᠨ ᠭᠠᠵᠠᠷ᠂ ᠴᠡᠴᠡᠷᠯᠢᠭ᠎ᠤᠨ ᠭᠠᠵᠠᠷ᠂ ᠲᠠᠷᠢᠮᠠᠯ ᠪᠡᠯᠴᠢᠭᠡᠷ ᠵᠢᠴᠢ ᠢᠵᠢ ᠪᠦᠷᠢᠳᠦᠭᠦᠯᠬᠦ᠌ ᠪᠡᠯᠡᠳᠭᠡᠮᠵᠢ᠎ᠶ᠋ᠢᠨ ᠣᠷᠣᠨ ᠵᠠᠶ᠎ᠶ᠋ᠢᠨ ᠬᠠᠮᠢᠶᠠᠷᠤᠯᠲᠠ᠎ᠶ᠋ᠢ ᠴᠢᠩᠭᠠᠳᠭᠠᠵᠤ᠂ ᠲᠠᠷᠢᠶᠠᠯᠠᠩ ᠮᠠᠯ ᠠᠵᠤ ᠠᠬᠤᠶ᠎ᠶ᠋ᠢᠨ ᠣᠷᠣᠨ ᠵᠠᠶ᠎ᠳᠤ ᠵᠦᠷᠢᠶᠡᠴᠢᠯᠡᠭ᠌ᠰᠡᠨ ᠬᠠᠮᠢᠶᠠᠷᠤᠨ ᠡᠵᠡᠮᠳᠡᠬᠦ᠌᠎ᠶ᠋ᠢ ᠬᠡᠷᠡᠭ᠌ᠵᠢᠭᠦᠯᠦᠨ᠎ᠡ᠃
ᠬᠦᠳᠡᠭᠡ ᠳᠤᠰᠭᠤᠨ᠎ᠤ ᠪᠦᠳᠦᠭᠡᠨ ᠪᠠᠢᠭᠤᠯᠤᠯᠳᠠ᠎ᠶ᠋ᠢᠨ ᠤᠷᠤᠨ ᠵᠠᠢ
ᠮᠠᠯ ᠠᠵᠤ ᠠᠬᠤᠢ᠎ᠶ᠋ᠢᠨ ᠤᠷᠤᠨ ᠵᠠᠢ
05
ᠠᠶᠤᠯ ᠦᠭᠡᠢ ᠠᠮᠢ ᠠᠬᠤᠢ᠎ᠶ᠋ᠢᠨ ᠳᠠᠭᠠᠭᠠᠮᠠᠭᠠᠢ ᠴᠢᠨᠠᠷᠲᠠᠢ ᠣᠷᠣᠨ ᠵᠠᠢ᠎ᠶ᠋ᠢ ᠪᠠᠲᠤ ᠴᠤᠭᠴᠠᠯᠠᠨ᠎ᠠ
ᠴᠥᠯᠡᠷᠬᠡᠭ ᠭᠠᠵᠠᠷ᠎ᠤᠨ ᠱᠢᠰᠲ᠋ᠧᠮ᠎ᠢ ᠪᠠᠢ᠌ᠭᠤᠯᠤᠨ᠎ᠠ
ᠪᠠᠢᠭᠠᠯᠢ᠎ᠶ᠋ᠢᠨ ᠬᠠᠮᠠᠭᠠᠯᠠᠯᠲᠠ᠎ᠶ᠋ᠢᠨ ᠭᠠᠵᠠᠷ᠎ᠢ ᠡᠮᠬᠢᠯᠡᠨ ᠨᠡᠢᠯᠡᠭᠦᠯᠵᠦ᠍ ᠱᠢᠯᠢᠳᠡᠭ᠌ᠵᠢᠭᠦᠯᠦᠨ᠎ᠡ
ᠪᠠᠢᠭᠠᠯᠢ᠎ᠶ᠋ᠢᠨ ᠬᠠᠮᠠᠭᠠᠯᠠᠯᠲᠠ᠎ᠶ᠋ᠢᠨ ᠭᠠᠵᠠᠷ᠎ᠤᠨ ᠠᠮᠢ ᠠᠬᠤᠢ᠎ᠶ᠋ᠢᠨ ᠬᠠᠮᠢᠶᠠᠷᠤᠯᠲᠠ᠎ᠶ᠋ᠢ ᠴᠢᠩᠭ᠋ᠠᠳᠬᠠᠨ᠎ᠠ
ᠴᠢᠬᠤᠯᠠ ᠣᠷᠣᠨ ᠵᠠᠢ᠎ᠶᠢᠨ ᠠᠮᠢ ᠠᠬᠤᠢ᠎ᠶᠢᠨ ᠴᠢᠳᠠᠮᠵᠢ᠎ᠶᠢ ᠳᠡᠭᠡᠭᠰᠢᠯᠡᠭᠦᠯᠦᠨ᠎ᠡ
ᠶᠡᠭᠡ ᠬᠢᠩᠭᠠᠨ ᠲᠠᠪᠠᠭ᠎ᠠ᠂ ᠮᠤᠨᠢ ᠠᠭᠤᠯᠠ᠂ ᠠᠯᠠᠱᠠ ᠠᠭᠤᠯᠠ ᠵᠡᠷᠭᠡ ᠠᠭᠤᠯᠠ ᠨᠢᠷᠤᠭᠤ᠎ᠶ᠋ᠢᠨ ᠠᠮᠢ ᠠᠬᠤᠢ᠎ᠶ᠋ᠢᠨ ᠪᠦᠲᠦᠭᠡᠨ ᠪᠠᠢᠭᠤᠯᠤᠯᠲᠠ᠎ᠶ᠋ᠢ ᠴᠢᠩᠭᠠᠳᠭᠠᠨ᠎ᠠ
ᠤᠮᠠᠷᠠᠲᠤ ᠬᠡᠰᠡᠭ᠎ᠤᠨ ᠨᠤᠲᠤᠭ ᠪᠡᠯᠴᠢᠭᠡᠷ᠎ᠤᠨ ᠬᠠᠮᠠᠭᠠᠯᠠᠯᠲᠠ᠎ᠶ᠋ᠢᠨ ᠪᠦᠰᠡ᠎ᠶ᠋ᠢᠨ ᠠᠮᠢ ᠠᠬᠤᠢ᠎ᠶ᠋ᠢᠨ ᠴᠢᠳᠠᠮᠵᠢ᠎ᠶ᠋ᠢ ᠪᠠᠳᠠᠷᠠᠭᠤᠯᠤᠨ᠎ᠠ
ᠡᠮᠦᠨᠡᠲᠦ ᠬᠡᠰᠡᠭ᠎ᠤᠨ ᠲᠠᠷᠢᠶᠠᠯᠠᠩ ᠮᠠᠯ ᠠᠵᠤ ᠠᠬᠤᠢ᠎ᠶ᠋ᠢᠨ ᠰᠣᠯᠪᠢᠴᠠᠭ᠍ᠰᠠᠨ ᠪᠦᠰᠡ᠎ᠶ᠋ᠢᠨ ᠠᠮᠢ ᠠᠬᠤᠢ᠎ᠶ᠋ᠢᠨ ᠴᠢᠳᠠᠮᠵᠢ᠎ᠶ᠋ᠢ ᠳᠡᠭᠡᠭ᠌ᠰᠢᠯᠡᠭᠦᠯᠦᠨ᠎ᠡ
ᠦᠪᠦᠷ ᠮᠤᠩᠭᠤᠯ᠎ᠤᠨ ᠬᠠᠳᠤᠨ ᠭᠤᠤᠯ᠎ᠤᠨ ᠰᠠᠪᠠ ᠭᠠᠵᠠᠷ᠎ᠤᠨ ᠠᠮᠢ ᠠᠬᠤᠢ᠎ᠶ᠋ᠢᠨ ᠬᠠᠮᠠᠭᠠᠯᠠᠯᠳᠠ᠎ᠶ᠋ᠢ ᠴᠢᠩᠭᠠᠳᠭᠠᠨ᠎ᠠ
ᠨᠠᠭᠤᠷ᠂ ᠨᠤᠭᠤ ᠭᠠᠵᠠᠷ ᠵᠡᠷᠭᠡ 《ᠣᠯᠠᠨ ᠴᠡᠭ》 ᠤᠨ ᠵᠠᠩᠭᠢᠯᠠᠭ᠎ᠠ᠎ᠶ᠋ᠢᠨ ᠠᠮᠢ ᠠᠬᠤᠢ᠎ᠶ᠋ᠢᠨ ᠴᠢᠳᠠᠮᠵᠢ᠎ᠶ᠋ᠢ ᠪᠠᠳᠠᠷᠠᠭᠤᠯᠤᠨ᠎ᠠ
ᠠᠮᠢ ᠠᠬᠤᠢ᠎ᠶᠢᠨ ᠣᠷᠣᠨ ᠵᠠᠢ᠎ᠶᠢ ᠴᠢᠩᠭ᠎ᠠ ᠬᠠᠮᠢᠶᠠᠷᠤᠨ ᠡᠵᠡᠮᠳᠡᠨ᠎ᠡ
ᠠᠮᠢ ᠠᠬᠤᠢ᠎ᠶ᠋ᠢᠨ ᠣᠷᠣᠨ ᠵᠠᠢ᠎ᠶ᠋ᠢᠨ ᠬᠡᠷᠡᠭ᠌ᠴᠡᠭᠡ᠎ᠶ᠋ᠢᠨ ᠬᠠᠮᠢᠶᠠᠷᠤᠯᠲᠠ ᠡᠵᠡᠮᠳᠡᠯ᠎ᠢ ᠴᠢᠩᠳᠠᠯᠠᠨ᠎ᠠ
ᠪᠤᠰᠤᠳ ᠠᠮᠢ ᠠᠬᠤᠢ᠎ᠶ᠋ᠢᠨ ᠣᠷᠣᠨ ᠵᠠᠢ᠎ᠶ᠋ᠢᠨ ᠬᠠᠮᠢᠶᠠᠷᠤᠯᠲᠠ ᠡᠵᠡᠮᠳᠡᠯ᠎ᠢ ᠴᠢᠩᠭ᠋ᠠᠳᠬᠠᠨ᠎ᠠ
ᠲᠠᠷᠢᠶᠠᠯᠠᠩ ᠮᠠᠯ ᠠᠵᠤ ᠠᠬᠤᠢ᠎ᠶᠢᠨ ᠣᠷᠣᠨ ᠵᠠᠢ ᠪᠠ ᠬᠣᠲᠠ ᠪᠠᠯᠭᠠᠰᠤᠨ᠎ᠤ ᠣᠷᠣᠨ ᠵᠠᠢ᠎ᠶᠢᠨ ᠠᠮᠢ ᠠᠬᠤᠢ᠎ᠶᠢᠨ ᠪᠦᠲᠦᠭᠡᠨ ᠪᠠᠢᠭᠤᠯᠤᠯᠲᠠ᠎ᠶ᠋ᠢ ᠴᠢᠩᠭ᠋ᠠᠳᠬᠠᠨ᠎ᠠ
ᠠᠮᠢ ᠠᠬᠤᠢ᠎ᠶᠢᠨ ᠬᠠᠮᠠᠭᠠᠯᠠᠯᠲᠠ᠎ᠶᠢᠨ ᠨᠥᠬᠥᠪᠦᠷᠢᠯᠡᠬᠦ ᠲᠣᠭᠲᠠᠴᠠ᠎ᠶᠢ ᠪᠠᠢᠭᠤᠯᠤᠨ ᠲᠡᠭᠦᠯᠳᠡᠷᠵᠢᠭᠦᠯᠦᠨ᠎ᠡ
ᠠᠮᠢ ᠠᠬᠤᠢ᠎ᠶ᠋ᠢᠨ ᠬᠠᠮᠠᠭᠠᠯᠠᠯᠲᠠ᠎ᠶ᠋ᠢᠨ ᠨᠦᠬᠦᠪᠦᠷᠢ ᠥᠭ᠌ᠬᠦ᠌ ᠲᠣᠭ᠍ᠲᠠᠴᠠ᠎ᠶ᠋ᠢ ᠲᠡᠭᠦᠯᠳᠡᠷᠵᠢᠭᠦᠯᠦᠨ᠎ᠡ
ᠡᠠᠮᠢ ᠠᠬᠤᠢ᠎ᠶ᠋ᠢᠨ ᠦᠢᠯᠡᠳᠭᠦᠨ᠎ᠤ ᠦᠷᠲᠡᠭ᠎ᠤᠨ ᠪᠡᠶᠡᠯᠡᠭ᠌ᠳᠡᠬᠦ᠌᠎ᠶ᠋ᠢ ᠠᠬᠢᠭᠤᠯᠤᠨ᠎ᠠ
ᠠᠮᠢ ᠠᠬᠤᠢ ᠶᠢᠨ ᠬᠠᠮᠠᠭᠠᠯᠠᠯᠲᠠ᠎ᠶᠢᠨ ᠤᠯᠠᠭᠠᠨ ᠱᠤᠭᠤᠮ
06
ᠣᠯᠠᠨ ᠡᠱᠢᠳᠣ ᠣᠷᠣᠱᠢᠨ ᠰᠠᠭᠤᠷᠢᠱᠢᠬᠤ᠎ᠳᠤ ᠲᠣᠬᠢᠷᠠᠮᠵᠢᠲᠠᠢ ᠬᠤᠳᠠ ᠪᠠᠯᠭᠠᠰᠣᠨ᠎ᠤ ᠣᠷᠣᠨ ᠵᠠᠢ᠎ᠶ᠋ᠢ ᠪᠣᠢ ᠪᠣᠯᠭᠠᠨ᠎ᠠ
ᠬᠣᠲᠠ ᠪᠠᠯᠭᠠᠰᠤᠨ᠎ᠤ ᠰᠢᠰᠲᠧᠮ ᠪᠠ ᠣᠷᠣᠨ ᠵᠠᠢ᠎ᠶᠢᠨ ᠪᠠᠢᠷᠢᠰᠢᠯ᠎ᠢ ᠰᠢᠯᠢᠳᠡᠭᠵᠢᠭᠦᠯᠦᠨ᠎ᠡ
ᠬᠥᠬᠡᠬᠤᠲᠠ ᠪᠤᠭᠤᠲᠤ ᠣᠷᠳᠣᠰ ᠤᠯᠠᠭᠠᠨᠴᠠᠪ᠎ᠤᠨ ᠨᠢᠭᠡ ᠴᠣᠭ᠍ᠴᠠᠵᠢᠭ᠍ᠰᠠᠨ ᠬᠥᠭ᠌ᠵᠢᠯᠲᠡ᠎ᠶ᠋ᠢᠨ ᠣᠷᠣᠨ ᠪᠦᠰᠡ᠎ᠶ᠋ᠢᠨ ᠬᠥᠲᠥᠯᠥᠨ ᠳᠠᠭᠠᠭᠤᠯᠵᠤ ᠳᠠᠢᠴᠢᠯᠠᠬᠤ ᠦᠢᠯᠡᠳᠦᠯ᠎ᠢ ᠴᠢᠩᠭᠠᠷᠠᠭᠤᠯᠤᠨ᠎ᠠ
ᠬᠦᠬᠡᠬᠣᠲᠠ᠎ᠶ᠋ᠢᠨ ᠱᠢᠨ᠎ᠡ᠎ᠶ᠋ᠢ ᠡᠭᠦᠳᠬᠦ᠌ ᠬᠡᠯᠪᠡᠷᠢ᠎ᠶ᠋ᠢᠨ ᠲᠥᠪ ᠬᠣᠲᠠ᠎ᠶ᠋ᠢ ᠪᠦᠲᠦᠭᠡᠨ ᠪᠠᠢᠭᠤᠯᠤᠨ᠎ᠠ
ᠤᠯᠠᠭ᠋ᠠᠨᠬᠠᠳᠠ ᠲᠦᠩᠯᠢᠶᠤᠤ᠎ᠶᠢᠨ 《ᠬᠤᠣᠰ ᠣᠳᠣ》 ᠶ᠋ᠢᠨ ᠣᠷᠣᠨ ᠪᠦᠰᠡ᠎ᠶ᠋ᠢᠨ ᠭᠤᠣᠯ ᠬᠤᠲᠠ᠎ᠶ᠋ᠢ ᠪᠦᠲᠦᠭᠡᠨ ᠪᠠᠢ᠌ᠭᠤᠯᠤᠨ᠎ᠠ
ᠣᠨᠴᠠᠯᠢᠭ ᠪᠦᠬᠦᠢ ᠳᠤᠮᠳᠠ ᠪᠠᠭ᠎ᠠ ᠬᠣᠲᠠ᠎ᠶ᠋ᠢᠨ ᠴᠡᠭ ᠬᠡᠯᠪᠡᠷᠢ ᠪᠦᠬᠦᠢ ᠨᠡᠭᠡᠭᠡᠨ ᠬᠦᠭ᠌ᠵᠢᠭᠦᠯᠦᠯᠲᠡᠶ᠋ᠢ ᠠᠬᠢᠭᠤᠯᠤᠨ᠎ᠠ
ᠰᠢᠶᠠᠨ᠎ᠤ ᠬᠡᠪᠴᠢᠶᠡᠨ᠎ᠦ ᠬᠣᠲᠠ ᠪᠠᠯᠭᠠᠰᠤ᠎ᠶᠢᠨ ᠦᠢᠯᠡᠴᠢᠯᠡᠭᠡᠨ᠎ᠦ ᠴᠢᠳᠠᠮᠵᠢ ᠪᠠ ᠳᠠᠭᠠᠭᠠᠬᠤ ᠴᠢᠳᠠᠪᠤᠷᠢ᠎ᠶᠢ ᠳᠡᠭᠡᠭᠰᠢᠯᠡᠭᠦᠯᠦᠨ᠎ᠡ
ᠭᠣᠣᠯᠳᠠᠯᠭ᠎ᠠ ᠪᠣᠯᠬᠤ ᠬᠢᠯᠢ᠎ᠶᠢᠨ ᠪᠣᠭᠣᠮᠲᠠ᠎ᠶᠢᠨ ᠬᠣᠲᠠ ᠪᠠᠯᠭᠠᠰᠤ᠎ᠶᠢᠨ ᠪᠦᠲᠦᠭᠡᠨ ᠪᠠᠢᠭᠤᠯᠤᠯᠲᠠ᠎ᠶᠢ ᠬᠥᠲᠥᠯᠦᠨ ᠵᠢᠯᠣᠭᠣᠳᠤᠨ᠎ᠠ
ᠬᠦᠮᠦᠨ ᠠᠮᠠ᠎ᠶ᠋ᠢᠨ ᠬᠣᠲᠠ ᠪᠠᠯᠭᠠᠰᠤᠨ᠎ᠤ ᠣᠷᠣᠨ ᠵᠠᠢ᠎ᠶ᠋ᠢ ᠪᠠᠭ᠋ᠠᠰᠬᠠᠨ᠎ᠠ
ᠲᠣᠮᠣ᠌ ᠳᠤᠮᠳᠠ ᠵᠢᠵᠢᠭ ᠬᠣᠲᠠ ᠪᠠ ᠵᠢᠵᠢᠭ ᠬᠣᠲᠠ ᠪᠠᠯᠭᠠᠰᠤ ᠵᠣᠬᠢᠴᠠᠩᠭᠤᠢ᠎ᠪᠠᠷ ᠬᠥᠭᠵᠢᠭᠰᠡᠨ ᠬᠣᠲᠠ ᠪᠠᠯᠭᠠᠰᠤᠨ᠎ᠤ ᠰᠢᠰᠲᠧᠮ᠎ᠢ ᠪᠦᠷᠢᠯᠳᠦᠭᠦᠯᠦᠨ᠎ᠡ
ᠬᠣᠲᠠ ᠪᠠᠯᠭᠠᠰᠤᠨ᠎ᠤ ᠪᠦᠲᠦᠴᠡ᠎ᠶᠢᠨ ᠪᠠᠢᠷᠢᠰᠢᠯ᠎ᠢ ᠰᠢᠯᠢᠳᠡᠭᠵᠢᠭᠦᠯᠬᠦ
ᠬᠤᠲᠠ ᠪᠠᠯᠭᠠᠰᠤ᠎ᠶ᠋ᠢᠨ ᠨᠡᠭᠡᠭᠡᠨ ᠬᠦᠭ᠌ᠵᠢᠭᠦᠯᠬᠦ᠌ ᠬᠢᠯᠢ᠎ᠶ᠋ᠢᠨ ᠵᠢᠷᠤᠭ
ᠠᠵᠤ ᠦᠢᠯᠡᠰ᠎ᠤᠨ ᠤᠷᠤᠨ ᠵᠠᠢ᠎ᠶ᠋ᠢ ᠵᠦᠢ ᠵᠤᠬᠢᠰᠲᠠᠢ ᠪᠠᠢᠷᠢᠱᠢᠭᠤᠯᠤᠨ᠎ᠠ
ᠠᠵᠤ ᠦᠢᠯᠡᠰ᠎ᠦᠨ ᠣᠷᠣᠨ ᠵᠠᠢ᠎ᠶ᠋ᠢᠨ ᠪᠠᠢᠷᠢᠱᠢᠯ᠎ᠢ ᠵᠣᠬᠢᠰᠲᠠᠢ ᠲᠣᠬᠢᠷᠠᠭᠤᠯᠤᠨ᠎ᠠ
ᠪᠣᠬᠢᠷᠳᠤᠯ ᠦᠭᠡᠢ ᠲᠡᠷᠢᠭᠦᠨ᠎ᠤ ᠦᠢᠯᠡᠳᠬᠦ᠌ ᠦᠢᠯᠡᠰ ᠪᠠ ᠰᠢᠨ᠎ᠡ᠎ᠪᠡᠷ ᠬᠦᠭ᠌ᠵᠢᠭ᠌ᠰᠡᠨ ᠠᠵᠤ ᠦᠢᠯᠡᠰ᠎ᠦᠨ ᠣᠷᠣᠨ ᠵᠠᠢ᠎ᠶ᠋ᠢᠨ ᠬᠡᠷᠡᠭ᠌ᠴᠡᠭᠡ᠎ᠶ᠋ᠢ ᠪᠠᠲᠤᠯᠠᠨ᠎ᠠ
ᠠᠵᠤ ᠦᠢᠯᠡᠰ ᠪᠠ ᠬᠤᠲᠠ᠎ᠶ᠋ᠢ ᠠᠭᠤᠰᠤᠯᠴᠠᠭᠤᠯᠤᠨ ᠬᠦᠭ᠌ᠵᠢᠭᠦᠯᠬᠦ᠌᠎ᠶ᠋ᠢ ᠠᠬᠢᠭᠤᠯᠤᠨ᠎ᠠ
ᠬᠣᠲᠠ ᠪᠠᠯᠭᠠᠰᠤᠨ᠎ᠤ ᠣᠷᠣᠨ ᠵᠠᠢ᠎ᠶᠢᠨ ᠴᠢᠨᠠᠷ᠎ᠢ ᠳᠡᠭᠡᠭᠰᠢᠯᠡᠭᠦᠯᠦᠨ᠎ᠡ
ᠣᠯᠠᠨ ᠳᠡᠰ ᠳᠠᠪᠬᠤᠷᠭ᠎ᠠ ᠪᠦᠬᠦᠢ ᠬᠣᠲᠠ ᠬᠥᠳᠡᠭᠡ᠎ᠶ᠋ᠢᠨ ᠠᠮᠢᠳᠤᠷᠠᠯ᠎ᠤᠨ ᠬᠦᠷᠢᠶ᠎ᠡ ᠬᠡᠪᠴᠢᠶ᠎ᠡ ᠶᠢ ᠪᠠᠢ᠌ᠭᠤᠯᠤᠨ᠎ᠠ
ᠣᠷᠣᠨ ᠬᠤᠪᠢᠶᠠᠨ ᠲᠥᠷᠥᠯ ᠬᠤᠪᠢᠶᠠᠨ ᠣᠯᠠᠨ ᠨᠡᠢᠲᠡ᠎ᠶ᠋ᠢᠨ ᠦᠢᠯᠡᠴᠢᠯᠡᠭᠡᠨ᠎ᠤ ᠪᠡᠯᠡᠳᠭᠡᠮᠵᠢ᠎ᠶ᠋ᠢᠨ ᠲᠣᠬᠢᠷᠠᠭᠤᠯᠤᠯᠲᠠ᠎ᠶ᠋ᠢ ᠱᠢᠯᠢᠳᠡᠭ᠌ᠵᠢᠭᠦᠯᠦᠨ᠎ᠡ
ᠰᠢᠶᠠᠨ᠎ᠤ ᠬᠡᠪᠴᠢᠶᠡᠨᠦ᠌ ᠨᠡᠢᠲᠡ᠎ᠶᠢᠨ ᠦᠢᠯᠡᠴᠢᠯᠡᠭᠡᠨ᠎ᠦ᠌ ᠲᠥᠬᠥᠭᠡᠷᠦᠮᠵᠢ᠎ᠶᠢ ᠵᠣᠬᠢᠰᠲᠠᠢ ᠲᠣᠬᠢᠷᠠᠭᠤᠯᠤᠨ᠎ᠠ
ᠬᠤᠲᠠ ᠪᠠᠯᠭᠠᠰᠤ᠎ᠶ᠋ᠢᠨ ᠣᠷᠣᠨ ᠵᠠᠢ᠎ᠶ᠋ᠢᠨ ᠠᠮᠤᠷ ᠲᠦᠪᠱᠢᠨ᠎ᠤ ᠤᠶᠠᠨ ᠬᠠᠳᠠᠨ ᠴᠢᠨᠠᠷ᠎ᠢ ᠨᠡᠮᠡᠭ᠌ᠳᠡᠭᠦᠯᠦᠨ᠎ᠡ
ᠬᠣᠲᠠ ᠪᠠᠯᠭᠠᠰᠤᠨ᠎ᠤ ᠭᠠᠮᠱᠢᠭ᠎ᠢ ᠰᠡᠷᠭᠡᠢᠯᠡᠨ ᠭᠠᠮᠱᠢᠭ᠎ᠢ ᠪᠠᠭᠠᠰᠭᠠᠬᠤ ᠴᠢᠳᠠᠪᠤᠷᠢ᠎ᠶ᠋ᠢ ᠴᠢᠩᠭ᠋ᠠᠷᠠᠭᠤᠯᠤᠨ᠎ᠠ
ᠦᠶᠡᠷ᠎ᠢ ᠰᠡᠷᠭᠡᠢᠯᠡᠵᠦ᠍ ᠤᠰᠤᠲᠤᠯ᠎ᠢ ᠵᠠᠯᠠᠬᠤ ᠴᠢᠳᠠᠪᠤᠷᠢ᠎ᠶ᠋ᠢ ᠲᠡᠭᠦᠯᠳᠡᠷᠵᠢᠭᠦᠯᠦᠨ᠎ᠡ
ᠪᠠᠴᠢᠮ ᠪᠠᠢᠳᠠᠯ᠎ᠢ ᠠᠷᠭᠠᠴᠠᠭᠠᠬᠤ ᠪᠡᠯᠡᠳᠭᠡᠯ ᠣᠷᠣᠨ ᠵᠠᠶ᠎ᠶ᠋ᠢ ᠨᠢᠭᠡᠳᠦᠯᠲᠡᠶ ᠲᠦᠯᠦᠪᠯᠡᠨ᠎ᠡ
ᠬᠤᠳᠠ ᠪᠠᠯᠭᠠᠰᠤᠨ᠎ᠤ ᠤᠷᠤᠨ ᠵᠠᠢ᠎ᠶ᠋ᠢᠨ ᠬᠠᠮᠢᠶᠠᠷᠤᠯᠲᠠ ᠡᠵᠡᠮᠳᠡᠯ᠎ᠢ ᠴᠢᠩᠭ᠋ᠠᠳᠬᠠᠨ᠎ᠠ
ᠬᠢᠯᠢ᠎ᠶ᠋ᠢᠨ ᠳᠣᠲᠤᠭᠠᠳᠤ ᠬᠤᠪᠢᠶᠠᠷᠢ ᠣᠷᠣᠨ᠎ᠤ ᠬᠠᠮᠢᠶᠠᠷᠤᠯᠲᠠ᠎ᠶ᠋ᠢ ᠲᠡᠭᠦᠯᠳᠡᠷᠵᠢᠭᠦᠯᠦᠨ᠎ᠡ
ᠨᠡᠭᠡᠭᠡᠨ ᠠᠱᠢᠭ᠍ᠯᠠᠬᠤ ᠬᠢᠯᠢ᠎ᠶ᠋ᠢᠨ ᠬᠠᠳᠠᠭᠤ ᠬᠢᠵᠠᠭᠠᠷᠯᠠᠯ ᠪᠠ ᠬᠠᠷᠢᠮᠠᠬᠠᠢ ᠴᠢᠨᠠᠷ᠎ᠤᠨ ᠬᠠᠮᠢᠶᠠᠷᠤᠯᠲᠠ᠎ᠶ᠋ᠢ ᠬᠡᠷᠡᠭ᠌ᠵᠢᠭᠦᠯᠦᠨ᠎ᠡ
ᠭᠠᠵᠠᠷ ᠲᠤᠤᠷᠠᠬᠢ ᠪᠤᠯᠤᠨ ᠭᠠᠵᠠᠷ ᠲᠡᠭᠡᠷᠡᠬᠢ ᠤᠷᠤᠨ ᠵᠠᠢ᠎ᠶ᠋ᠢᠨ ᠡᠬᠢ ᠪᠠᠶᠠᠯᠢᠭ᠎ᠢ ᠨᠢᠭᠡᠳᠦᠯᠳᠠᠢ ᠲᠦᠯᠦᠪᠯᠡᠨ ᠬᠠᠮᠢᠶᠠᠷᠬᠤ᠎ᠶ᠋ᠢ ᠴᠢᠩᠭᠠᠳᠭᠠᠨ᠎ᠠ
07
ᠨᠡᠭᠡᠭᠡᠯᠲᠡ ᠲᠠᠢ ᠬᠠᠮᠲᠤ᠎ᠪᠠᠷ ᠡᠳ᠋ᠯᠡᠬᠦ᠌ ᠱᠢᠳᠢᠳᠦ ᠨᠤᠳᠤᠭ ᠳᠡᠪᠢᠰᠭᠡᠷ
ᠲᠡᠦᠬᠡ ᠰᠣᠶᠣᠯ᠎ᠢ ᠬᠠᠮᠠᠭᠠᠯᠠᠨ ᠵᠠᠯᠭ᠋ᠠᠮᠵᠢᠯᠠᠨ᠎ᠠ
ᠥᠪ ᠬᠥᠷᠥᠩᠭᠡ᠎ᠶᠢ ᠬᠠᠮᠠᠭᠠᠯᠠᠬᠤ ᠣᠷᠣᠨ ᠵᠠᠢ᠎ᠶᠢᠨ ᠰᠢᠰᠲᠧᠮ᠎ᠢ ᠲᠤᠯᠭᠠᠭᠤᠷᠢᠯᠠᠨ ᠪᠠᠢᠭᠤᠯᠤᠨ᠎ᠠ
ᠲᠡᠦᠬᠡ ᠰᠣᠶᠣᠯ᠎ᠤᠨ ᠬᠠᠮᠠᠭᠠᠯᠠᠯᠲᠠ᠎ᠶ᠋ᠢᠨ ᠭᠠᠵᠠᠷ ᠬᠡᠷᠡᠭ᠌ᠯᠡᠬᠦ᠌ ᠬᠡᠷᠡᠭ᠌ᠴᠡᠭᠡ ᠱᠠᠭᠠᠷᠳᠠᠯᠭ᠎ᠠ᠎ᠶ᠋ᠢ ᠪᠠᠲᠤᠯᠠᠨ᠎ᠠ
ᠪᠠᠢᠭᠠᠯᠢ᠎ᠶ᠋ᠢᠨ ᠦᠵᠡᠮᠵᠢ᠎ᠶ᠋ᠢ ᠠᠭᠤᠳᠠᠯᠤᠨ ᠬᠠᠮᠠᠭ᠋ᠠᠯᠠᠨ᠎ᠠ
ᠦᠵᠡᠰᠭᠦᠯᠡᠩᠲᠦ ᠰᠠᠢᠬᠠᠨ ᠬᠣᠲᠠ ᠬᠥᠳᠡᠭᠡ᠎ᠶᠢᠨ ᠥᠩᠭᠡ ᠲᠥᠷᠬᠦ᠌᠎ᠶᠢ ᠪᠣᠢ ᠪᠣᠯᠭ᠋ᠠᠨ᠎ᠠ
ᠬᠤᠳᠠ᠎ᠶ᠋ᠢᠨ ᠦᠪᠡᠷᠮᠢᠴᠡ ᠳᠦᠷᠢ ᠳᠦᠷᠬᠦ᠌᠎ᠶ᠋ᠢ ᠳᠤᠪᠤᠢ᠌ᠯᠭ᠋ᠠᠨᠠ
ᠦᠵᠡᠰᠭᠦᠯᠡᠩᠲᠦ ᠰᠠᠢᠬᠠᠨ ᠲᠠᠷᠢᠶᠠᠯᠠᠬᠤ ᠠᠯᠵᠢᠬᠤ ᠣᠷᠣᠨ᠎ᠤ᠋ ᠣᠷᠣᠨ ᠨᠤᠲᠤᠭ᠎ᠤ᠋ᠨ ᠣᠨᠴᠠᠯᠢᠭᠢ᠋ ᠤᠯᠠᠮᠵᠢᠯᠠᠨ ᠵᠠᠯᠭ᠋ᠠᠮᠵᠢᠯᠠᠨ᠎ᠠ
ᠥᠪᠡᠷᠮᠢᠴᠡ ᠣᠨᠴᠠᠯᠢᠭ᠋ ᠪᠠ ᠷᠢᠳᠢ ᠰᠢᠳᠢ᠎ᠶᠢ ᠢᠯᠡᠷᠡᠭᠦᠯᠬᠦ ᠨᠤᠲᠤᠭ ᠳᠡᠪᠢᠰᠬᠡᠷ
ᠠᠭᠤᠯᠠ ᠤᠰᠤ ᠰᠣᠶᠣᠯ ᠢᠷᠭᠡᠨᠱᠢᠯ᠎ᠤᠨ ᠲᠠᠲᠠᠬᠤ ᠬᠦᠴᠦᠨ᠎ᠲᠠᠢ ᠦᠵᠡᠮᠵᠢ᠎ᠶ᠋ᠢᠨ ᠣᠷᠣᠨ᠎ᠢ ᠪᠦᠲᠦᠭᠡᠨ ᠪᠠᠢ᠌ᠭᠤᠯᠤᠨ᠎ᠠ
ᠲᠠᠲᠠᠬᠤ ᠬᠦᠴᠦᠨ᠎ᠲᠠᠢ ᠤᠯᠤᠰ᠎ᠤᠨ ᠨᠤᠲᠤᠭ ᠳᠡᠪᠢᠰᠭᠡᠷ᠎ᠦᠨ ᠦᠵᠡᠮᠵᠢ᠎ᠶ᠋ᠢᠨ ᠱᠤᠭᠤᠮ᠎ᠤᠨ ᠪᠠᠢᠭᠤᠯᠤᠯᠲᠠ᠎ᠶ᠋ᠢ ᠳᠡᠮᠵᠢᠨ᠎ᠡ
ᠵᠢᠭᠤᠯᠴᠢᠯᠠᠯ᠎ᠤᠨ ᠬᠦᠴᠦᠨ ᠵᠦᠢᠯ᠎ᠤᠨ ᠪᠠᠢᠭᠤᠯᠤᠯᠲᠠ᠎ᠶ᠋ᠢᠨ ᠣᠷᠣᠨ ᠵᠠᠢ᠎ᠶ᠋ᠢ ᠪᠠᠲᠤᠯᠠᠨ᠎ᠠ
08
ᠣᠷᠣᠨ ᠪᠦᠰᠡ᠎ᠶ᠋ᠢᠨ ᠵᠣᠬᠢᠴᠠᠯᠳᠤᠨ ᠬᠦᠳᠡᠯᠦᠯᠴᠡᠬᠦ᠌᠎ᠶ᠋ᠢ ᠴᠢᠩᠭᠠᠳᠭᠠᠨ᠎ᠠ
ᠥᠨᠳᠥᠷ ᠲᠦᠪᠱᠢᠨ ᠪᠦᠬᠦᠢ ᠭᠠᠳᠠᠭᠠᠳᠤ ᠨᠡᠭᠡᠭᠡᠯᠲᠡᠳᠤ ᠬᠦᠴᠦᠨ ᠨᠡᠮᠡᠷᠢᠯᠡᠨ᠎ᠡ
《ᠨᠢᠭᠡ ᠪᠦᠰᠡ ᠨᠢᠭᠡ ᠵᠠᠮ》 ᠢ ᠬᠠᠮᠲᠤ᠎ᠪᠠᠷ ᠪᠥᠲᠥᠭᠡᠨ ᠪᠠᠢᠭᠤᠯᠬᠤ᠎ᠳᠤ ᠭᠦᠨᠵᠡᠭᠡᠶ ᠠᠭᠤᠰᠤᠯᠴᠠᠨ᠎ᠠ
ᠳᠤᠮᠳᠠᠳᠤ ᠮᠣᠩᠭᠤᠯ ᠣᠷᠣᠰ᠎ᠤᠨ ᠠᠵᠤ ᠠᠬᠤᠢ᠎ᠶ᠋ᠢᠨ ᠬᠤᠩᠭᠢᠯ᠎ᠤᠨ ᠪᠦᠲᠦᠭᠡᠨ ᠪᠠᠢᠭᠤᠯᠤᠯᠲᠠ᠎ᠶ᠋ᠢᠨ ᠣᠷᠣᠨ ᠵᠠᠢ᠎ᠶ᠋ᠢ ᠪᠠᠲᠤᠯᠠᠨ᠎ᠠ
ᠬᠠᠲᠤᠨ ᠭᠤᠣᠯ᠎ᠤᠨ ᠰᠠᠪᠠ ᠭᠠᠵᠠᠷ᠎ᠤᠨ ᠬᠠᠮᠵᠢᠯᠴᠠᠨ ᠬᠠᠮᠠᠭᠠᠯᠠᠬᠤ᠎ᠶ᠋ᠢ ᠠᠬᠢᠭᠤᠯᠤᠨ᠎ᠠ
ᠬᠠᠲᠤᠨ ᠭᠤᠣᠯ᠎ᠤᠨ ᠰᠠᠪᠠ ᠭᠠᠵᠠᠷ᠎ᠤᠨ ᠳᠡᠭᠡᠳᠦ ᠳᠣᠣᠷᠠᠳᠤ ᠤᠷᠤᠰᠭᠠᠯ᠎ᠤᠨ ᠬᠠᠮᠵᠢᠯᠴᠠᠨ ᠬᠠᠮᠠᠭᠠᠯᠠᠵᠤ ᠵᠠᠰᠠᠬᠤ᠎ᠶ᠋ᠢ ᠠᠬᠢᠭᠤᠯᠤᠨ᠎ᠠ
ᠬᠠᠲᠤᠨ ᠭᠤᠤᠯ᠎ᠤᠨ ᠰᠠᠪᠠ ᠭᠠᠵᠠᠷ᠎ᠤᠨ ᠴᠢᠨᠠᠷ ᠰᠠᠢᠲᠠᠶ ᠬᠠᠮᠵᠢᠯᠴᠠᠨ ᠬᠥᠭ᠌ᠵᠢᠬᠦ᠌᠎ᠶ᠋ᠢ ᠠᠬᠢᠭᠤᠯᠤᠨ᠎ᠠ
ᠥᠪᠥᠷ ᠮᠣᠩᠭᠤᠯ᠎ᠤᠨ ᠬᠠᠲᠤᠨ ᠭᠤᠣᠯ᠎ᠤᠨ ᠰᠠᠪᠠ ᠭᠠᠵᠠᠷ᠎ᠤᠨ ᠤᠯᠤᠰ᠎ᠤᠨ ᠭᠠᠵᠠᠷ ᠰᠢᠷᠤᠢ᠎ᠶᠢᠨ ᠣᠷᠣᠨ ᠵᠠᠢ᠎ᠶ᠋ᠢᠨ ᠲᠥᠯᠥᠪᠵᠢᠭᠦᠯᠭᠡ᠎ᠶ᠋ᠢ ᠨᠠᠢᠷᠠᠭᠤᠯᠤᠨ ᠬᠡᠷᠡᠭ᠌ᠵᠢᠭᠦᠯᠦᠨ᠎ᠡ
ᠮᠤᠵᠢ ᠣᠷᠤᠨ᠎ᠤ ᠬᠣᠭᠤᠷᠤᠨᠳᠤᠬᠢ ᠵᠣᠬᠢᠴᠠᠭᠤᠯᠭ᠎ᠠ᠎ᠶ᠋ᠢ ᠴᠢᠩᠭ᠋ᠠᠷᠠᠭᠤᠯᠤᠨ᠎ᠠ
ᠪᠡᠭᠡᠵᠢᠩ ᠲᠢᠶᠠᠨᠵᠢᠨ ᠾᠧᠪᠧᠢ᠎ᠶ᠋ᠢᠨ ᠬᠠᠮᠵᠢᠯᠴᠠᠭ᠍ᠰᠠᠨ ᠬᠥᠭ᠌ᠵᠢᠯᠲᠡ᠎ᠳᠤ ᠠᠭᠤᠰᠤᠯᠴᠠᠨ᠎ᠠ
ᠵᠡᠭᠦᠨ ᠬᠣᠢᠲᠤ᠎ᠶ᠋ᠢᠨ ᠭᠤᠷᠪᠠᠨ ᠮᠤᠵᠢ᠎ᠲᠠᠢ ᠵᠣᠬᠢᠴᠠᠯᠳᠤᠬᠤ᠎ᠶ᠋ᠢ ᠠᠬᠢᠭᠤᠯᠤᠨ᠎ᠠ
ᠱᠠᠨ ᠰᠢ ᠱᠠᠨᠰᠢ ᠭᠠᠨᠰᠦ ᠨᠢᠩᠱᠢᠶᠠᠯᠤᠭᠠᠶ᠋ᠢᠨ ᠵᠣᠬᠢᠴᠠᠯᠳᠤᠨ ᠬᠥᠳᠡᠯᠦᠯᠴᠡᠬᠦ᠌᠎ᠶ᠋ᠢ ᠠᠬᠢᠭᠤᠯᠤᠨ᠎ᠠ
ᠬᠥᠬᠡᠬᠤᠲᠠ ᠪᠤᠭᠤᠲᠤ ᠣᠷᠳᠣᠰ ᠲᠡᠮᠡᠭᠡᠲᠦ᠍ᠶ᠋ᠢᠨ ᠬᠤᠲᠠ᠎ᠶ᠋ᠢᠨ ᠪᠦᠯᠦᠭᠵᠢᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠤᠨ᠎ᠠ
ᠭᠣᠣᠯᠳᠠᠯᠭ᠎ᠠ ᠪᠣᠯᠬᠤ ᠭᠠᠵᠠᠷ ᠣᠷᠣᠨ᠎ᠤ ᠬᠣᠭᠤᠷᠤᠨᠳᠤᠬᠢ ᠵᠣᠬᠢᠴᠠᠭᠤᠯᠭ᠎ᠠ᠎ᠶ᠋ᠢ ᠠᠬᠢᠭᠤᠯᠤᠨ᠎ᠠ
ᠵᠡᠭᠦᠨ ᠪᠠᠷᠠᠭᠤᠨ ᠬᠡᠰᠡᠭ᠎ᠤᠨ ᠭᠠᠵᠠᠷ ᠣᠷᠣᠨ᠎ᠤ ᠵᠦᠷᠢᠶᠡᠴᠢᠯᠡᠭ᠌ᠰᠡᠨ ᠬᠥᠭ᠌ᠵᠢᠯᠲᠡ᠎ᠶ᠋ᠢ ᠨᠢᠭᠡᠳᠦᠯᠲᠡᠶ ᠲᠥᠯᠥᠪᠯᠡᠨ᠎ᠡ
ᠬᠥᠬᠡᠬᠤᠲᠠ ᠪᠤᠭᠤᠲᠤ ᠣᠷᠳᠣᠰ ᠤᠯᠠᠭᠠᠨᠴᠠᠪ᠎ᠤᠨ ᠨᠢᠭᠡ ᠴᠣᠭ᠍ᠴᠠᠵᠢᠭ᠍ᠰᠠᠨ ᠬᠥᠭ᠌ᠵᠢᠯᠲᠡ᠎ᠶ᠋ᠢ ᠠᠬᠢᠭᠤᠯᠤᠨ᠎ᠠ
ᠣᠯᠠᠭ᠋ᠠᠨᠬᠠᠳᠠ ᠲᠦᠩᠯᠢᠶᠤᠤ᠎ᠶᠢᠨ 《ᠬᠤᠤᠰ ᠣᠳᠣ》 ᠶ᠋ᠢᠨ ᠣᠷᠣᠨ ᠪᠦᠰᠡ᠎ᠶ᠋ᠢᠨ ᠲᠥᠪ ᠬᠤᠲᠠ᠎ᠶ᠋ᠢᠨ ᠬᠠᠮᠵᠢᠯᠴᠠᠨ ᠬᠥᠭ᠌ᠵᠢᠬᠦ᠌᠎ᠶ᠋ᠢ ᠴᠢᠩᠭᠠᠳᠭᠠᠨ᠎ᠠ
ᠦᠬᠠᠢ ᠵᠢᠴᠢ ᠡᠷᠬᠢᠨ ᠲᠣᠭᠤᠷᠢᠨ᠎ᠤ ᠭᠠᠵᠠᠷ ᠣᠷᠣᠨ᠎ᠤ ᠠᠮᠢ ᠠᠬᠤᠢ᠎ᠶ᠋ᠢᠨ ᠣᠷᠴᠢᠨ ᠲᠣᠭᠤᠷᠢᠨ᠎ᠢ ᠶᠡᠷᠦᠩᠬᠡᠢᠯᠡᠨ ᠵᠠᠰᠠᠬᠤ᠎ᠶ᠋ᠢ ᠠᠬᠢᠭᠤᠯᠤᠨ᠎ᠠ
ᠣᠨᠴᠠᠭᠠᠢ ᠲᠦᠷᠦᠯ ᠬᠡᠯᠪᠡᠷᠢ᠎ᠶ᠋ᠢᠨ ᠭᠠᠵᠠᠷ ᠣᠷᠣᠨ᠎ᠤ ᠬᠦᠭ᠌ᠵᠢᠯᠲᠡ᠎ᠶ᠋ᠢᠨ ᠣᠷᠣᠨ ᠵᠠᠢ᠎ᠶ᠋ᠢ ᠪᠠᠲᠤᠯᠠᠨ᠎ᠠ
ᠬᠤᠪᠢᠰᠭᠠᠯ᠎ᠤᠨ ᠡᠷᠲᠡ ᠴᠢᠯᠥᠭᠡᠯᠡᠭ᠌ᠳᠡᠭ᠌ᠰᠡᠨ ᠣᠷᠣᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠳᠡᠮᠵᠢᠨ᠎ᠡ
ᠣᠨᠴᠠᠭᠠᠢ ᠭᠠᠵᠠᠷ ᠣᠷᠣᠨ᠎ᠤ ᠬᠡᠯᠪᠡᠷᠢ᠎ᠪᠡᠨ ᠬᠤᠪᠢᠷᠠᠭᠤᠯᠤᠨ ᠬᠦᠭ᠌ᠵᠢᠬᠦ᠌᠎ᠶ᠋ᠢ ᠠᠬᠢᠭᠤᠯᠤᠨ᠎ᠠ
09
ᠤᠯᠤᠰ᠎ᠤᠨ ᠨᠤᠲᠤᠭ ᠳᠡᠪᠢᠰᠭᠡᠷ᠎ᠢ ᠶᠡᠷᠦᠩᠬᠡᠢᠯᠡᠨ ᠵᠠᠰᠠᠬᠤ ᠪᠠ ᠠᠮᠢ ᠠᠬᠤᠢ᠎ᠶ᠋ᠢ ᠰᠡᠷᠭᠦᠭᠡᠬᠦ᠌
ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ᠎ᠶ᠋ᠢ ᠱᠢᠰᠲ᠋ᠧᠮ᠎ᠲᠠᠢ ᠵᠠᠰᠠᠬᠤ᠎ᠶ᠋ᠢ ᠨᠢᠭᠡᠳᠦᠯᠲᠡᠢ ᠲᠥᠯᠥᠪᠵᠢᠭᠦᠯᠦᠨ᠎ᠡ
ᠭᠤᠷᠪᠠᠨ ᠠᠭᠤᠯᠠ᠎ᠶ᠋ᠢᠨ ᠠᠮᠢ ᠠᠬᠤᠢ᠎ᠶ᠋ᠢᠨ ᠰᠡᠷᠭᠦᠭᠡᠯᠲᠡ᠎ᠶ᠋ᠢ ᠠᠬᠢᠭᠤᠯᠤᠨ᠎ᠠ
ᠲᠠᠪᠤᠨ ᠶᠡᠬᠡ ᠤᠰᠤᠨ ᠱᠢᠰᠲ᠋ᠧᠮ᠎ᠤᠨ ᠤᠰᠤᠨ᠎ᠤ ᠠᠮᠢ ᠠᠬᠤᠢ᠎ᠶ᠋ᠢᠨ ᠶᠡᠷᠦᠩᠬᠡᠢᠯᠡᠭ᠌ᠰᠡᠨ ᠵᠠᠰᠠᠯᠲᠠ᠎ᠶ᠋ᠢ ᠲᠦᠯᠬᠢᠨ ᠠᠬᠢᠭᠤᠯᠤᠨ᠎ᠠ
ᠭᠤᠷᠪᠠᠨ ᠶᠡᠬᠡ ᠠᠮᠢ ᠠᠬᠤᠢ ᠬᠡᠪᠷᠡᠭ ᠣᠷᠣᠨ᠎ᠤ ᠱᠢᠰᠲ᠋ᠧᠮ᠎ᠲᠤ ᠵᠠᠰᠠᠯᠲᠠ᠎ᠶ᠋ᠢ ᠴᠢᠩᠭ᠋ᠠᠳᠬᠠᠨ᠎ᠠ
ᠥᠪᠥᠷ ᠮᠣᠩᠭᠤᠯ᠎ᠤᠨ ᠬᠠᠲᠤᠨ ᠭᠤᠣᠯ᠎ᠤᠨ ᠰᠠᠪᠠ ᠭᠠᠵᠠᠷ᠎ᠤᠨ ᠠᠮᠢ ᠠᠬᠤᠢ᠎ᠶ᠋ᠢᠨ ᠰᠡᠷᠭᠦᠭᠡᠯᠲᠡ᠎ᠶ᠋ᠢ ᠠᠬᠢᠭᠤᠯᠤᠨ᠎ᠠ
ᠤᠯᠤᠰ᠎ᠤᠨ ᠭᠠᠵᠠᠷ ᠰᠢᠷᠤᠢ᠎ᠶᠢᠨ ᠨᠤᠭᠤᠭ᠋ᠠᠷᠠᠭᠤᠯᠤᠯᠲᠠ᠎ᠶᠢᠨ ᠠᠵᠢᠯᠯᠠᠭ᠎ᠠ᠎ᠶ᠋ᠢ ᠱᠢᠨᠵᠢᠯᠡᠬᠦ᠌ ᠤᠬᠠᠭᠠᠨᠴᠢ᠎ᠪᠠᠷ ᠦᠷᠨᠢᠬᠦᠯᠦᠨ᠎ᠠ
ᠬᠦᠳᠡᠭᠡ ᠲᠣᠰᠭᠤᠨ᠎ᠤ ᠭᠠᠵᠠᠷ ᠱᠢᠷᠤᠢ᠎ᠶ᠋ᠢ ᠶᠡᠷᠦᠩᠬᠡᠢᠯᠡᠨ ᠵᠠᠰᠠᠬᠤ ᠠᠵᠢᠯ᠎ᠢ ᠲᠦᠯᠬᠢᠨ ᠠᠬᠢᠭᠤᠯᠤᠨ᠎ᠠ
ᠬᠦᠳᠡᠭᠡ ᠲᠣᠰᠭᠤᠨ᠎ᠤ ᠭᠠᠵᠠᠷ ᠱᠢᠷᠤᠢ᠎ᠶ᠋ᠢ ᠶᠡᠷᠦᠩᠬᠡᠢᠯᠡᠨ ᠵᠠᠰᠠᠬᠤ ᠠᠵᠢᠯ᠎ᠢ ᠲᠦᠯᠬᠢᠨ ᠠᠬᠢᠭᠤᠯᠤᠨ᠎ᠠ
ᠲᠠᠷᠢᠶᠠᠯᠠᠩ᠎ᠳᠤ ᠬᠡᠷᠡᠭ᠌ᠯᠡᠬᠦ᠌ ᠭᠠᠵᠠᠷ᠎ᠢ ᠴᠡᠭ᠌ᠴᠡᠯᠡᠨ ᠵᠠᠰᠠᠬᠤ ᠠᠵᠢᠯ᠎ᠢ ᠥᠷᠨᠢᠭᠦᠯᠦᠨ᠎ᠡ
ᠬᠦᠳᠡᠭᠡ ᠲᠣᠰᠭᠤᠨ᠎ᠤ ᠦᠷ᠎ᠠ ᠠᠱᠢᠭ᠎ᠢᠶᠠᠷ ᠲᠣᠣᠷ᠎ᠠ ᠪᠦᠳᠦᠭᠡᠨ ᠪᠠᠢᠭᠤᠯᠥᠯᠳᠡ᠎ᠳᠤ ᠭᠡᠷᠡᠭ᠌ᠯᠡᠬᠦ᠌ ᠭᠠᠵᠡᠷ ᠱᠢᠷᠦᠢ᠎ᠶ᠋ᠢ ᠴᠡᠭ᠌ᠴᠡᠯᠡᠨ ᠵᠠᠰᠭᠠᠥᠶ᠋ᠢ ᠠᠬᠢᠭᠤᠯᠥᠨ᠎ᠠ
ᠭᠠᠵᠠᠷ ᠱᠢᠷᠤᠢ᠎ᠶ᠋ᠢ ᠶᠡᠷᠤᠩᠭᠡᠢᠯᠡᠨ ᠴᠡᠭ᠌ᠴᠡᠯᠡᠨ ᠵᠠᠰᠠᠬᠤ ᠲᠦᠬᠦᠷ ᠲᠦᠷᠦ᠍᠎ᠶ᠋ᠢᠨ ᠪᠣᠳᠣᠯᠭ᠎ᠠ᠎ᠶ᠋ᠢ ᠲᠡᠭᠦᠯᠳᠡᠷᠵᠢᠭᠦᠯᠦᠨ᠎ᠡ
ᠬᠣᠲᠠ ᠪᠠᠯᠭᠠᠰᠤᠨ᠎ᠤ ᠦᠷ᠎ᠡ ᠠᠱᠢᠭᠶ᠋ᠢᠡᠷ ᠳᠣᠣᠷ᠎ᠠ ᠭᠠᠵᠠᠷ ᠱᠢᠷᠤᠢ᠎ᠶ᠋ᠢ ᠳᠠᠬᠢᠨ ᠨᠡᠭᠡᠭᠡᠨ ᠬᠦᠭ᠌ᠵᠢᠭᠦᠯᠬᠦ᠌᠎ᠶ᠋ᠢ ᠠᠬᠢᠭᠤᠯᠤᠨ᠎ᠠ
ᠪᠦᠲᠦᠭᠡᠨ ᠪᠠᠢᠭᠤᠯᠤᠯᠲᠠ᠎ᠳᠤ ᠬᠡᠷᠡᠭ᠌ᠯᠡᠬᠦ᠌ ᠦᠯᠡᠳᠡᠭᠡᠯ ᠭᠠᠵᠠᠷ᠎ᠢ ᠴᠢᠯᠦᠭᠡᠲᠠᠢ ᠠᠱᠢᠭ᠍ᠯᠠᠬᠤ᠎ᠶ᠋ᠢ ᠨᠢᠭᠡᠳᠦᠯᠲᠡᠢ ᠲᠦᠯᠦᠪᠯᠡᠨ ᠲᠦᠯᠬᠢᠨ ᠠᠬᠢᠭᠤᠯᠤᠨ᠎ᠠ
ᠦᠢᠯᠡᠳᠪᠦᠷᠢ ᠠᠭᠤᠷᠬᠠᠢ᠎ᠶ᠋ᠢᠨ ᠬᠠᠶᠠᠭ᠍ᠳᠠᠮᠠᠯ ᠭᠠᠵᠠᠷ᠎ᠢ ᠰᠡᠷᠭᠦᠭᠡᠨ ᠠᠱᠢᠭ᠍ᠯᠠᠬᠤ
ᠠᠭᠤᠷᠬᠠᠢ᠎ᠶ᠋ᠢᠨ ᠠᠮᠢ ᠠᠬᠤᠢ᠎ᠶ᠋ᠢᠨ ᠰᠡᠷᠭᠦᠭᠡᠯᠲᠡ᠎ᠶ᠋ᠢ ᠴᠢᠩᠭᠠᠳᠭᠠᠨ᠎ᠠ
ᠪᠣᠬᠢᠷᠳᠤᠯ ᠦᠭᠡᠢ ᠠᠭᠤᠷᠬᠠᠢ᠎ᠶ᠋ᠢᠨ ᠪᠦᠲᠦᠭᠡᠨ ᠪᠠᠢᠭᠤᠯᠤᠯᠲᠠ᠎ᠶ᠋ᠢ ᠪᠦᠬᠦ᠌ ᠲᠠᠯ᠎ᠠ᠎ᠪᠠᠷ ᠲᠦᠯᠬᠢᠨ ᠠᠬᠢᠭᠤᠯᠤᠨ᠎ᠠ
ᠬᠠᠶᠠᠭ᠍ᠳᠠᠮᠠᠯ ᠠᠭᠤᠷᠬᠠᠢ᠎ᠶ᠋ᠢᠨ ᠭᠠᠵᠠᠷ ᠬᠦᠷᠦᠰᠦ᠎ᠶ᠋ᠢᠨ ᠣᠷᠴᠢᠨ ᠲᠣᠭᠤᠷᠢᠨ᠎ᠢ ᠶᠡᠷᠦᠩᠬᠡᠢᠯᠡᠨ ᠵᠠᠰᠠᠨ᠎ᠠ
10
ᠡᠬᠢ ᠪᠠᠶᠠᠯᠢᠭ᠎ᠢ ᠬᠠᠮᠠᠭᠠᠯᠠᠬᠤ ᠪᠠ ᠠᠷᠪᠢᠯᠠᠨ ᠭᠠᠮᠨᠠᠵᠤ ᠠᠱᠢᠭ᠍ᠯᠠᠬᠤ᠎ᠶ᠋ᠢ ᠴᠢᠩᠭ᠋ᠠᠳᠬᠠᠨ᠎ᠠ
ᠡᠬᠢ ᠪᠠᠶᠠᠯᠢᠭ᠎ᠤᠨ ᠳᠠᠪᠠᠭᠤᠯᠢᠭ᠎ᠲᠤ ᠰᠠᠭᠤᠷᠢᠯᠠᠨ᠂ ᠪᠠᠢᠭᠠᠯᠢ᠎ᠶ᠋ᠢᠨ ᠡᠬᠢ ᠪᠠᠶᠠᠯᠢᠭ᠎ᠢ ᠴᠢᠩᠭ᠎ᠠ ᠬᠠᠮᠠᠭᠠᠯᠠᠬᠤ ᠪᠠ ᠵᠦᠶ ᠵᠣᠬᠢᠰᠲᠠᠶ ᠠᠱᠢᠭ᠍ᠯᠠᠬᠤ᠎ᠶ᠋ᠢ ᠠᠵᠤ ᠠᠬᠤᠶ ᠨᠡᠢᠭᠡᠮ᠎ᠤᠨ ᠦᠷᠭᠦᠯᠵᠢᠯᠡᠬᠦ᠌ ᠬᠥᠭ᠌ᠵᠢᠯᠲᠡ᠎ᠶ᠋ᠢᠨ ᠵᠠᠩᠭᠢᠯᠠᠭ᠎ᠠ ᠪᠣᠯᠭᠠᠵᠤ᠂ ᠠᠷᠪᠢᠯᠠᠨ ᠭᠠᠮᠨᠠᠬᠤ᠎ᠶ᠋ᠢ ᠲᠡᠷᠢᠭᠦᠨ᠎ᠳᠤ ᠲᠠᠯᠪᠢᠬᠤ᠂ ᠡᠷᠴᠢᠮᠵᠢᠭᠦᠯᠦᠨ ᠠᠱᠢᠭ᠍ᠯᠠᠬᠤ ᠡᠬᠢ ᠪᠠᠶᠠᠯᠢᠭ᠎ᠤᠨ ᠦᠵᠡᠯᠲᠡ᠎ᠶ᠋ᠢ ᠪᠣᠶ ᠪᠣᠯᠭᠠᠵᠤ᠂ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠨ᠂ ᠪᠣᠬᠢᠷᠲᠤᠯ ᠥᠬᠡᠶ ᠪᠥᠭᠡᠳ ᠨᠡᠭᠦᠷᠡᠰᠦᠲᠥ᠋ᠷᠥᠭ᠌ᠴᠢ ᠪᠠᠭ᠎ᠠ ᠭᠠᠳᠠᠭ᠍ᠰᠢᠯᠠᠭᠤᠯᠬᠤ ᠬᠥᠭ᠌ᠵᠢᠯᠲᠡ᠎ᠶ᠋ᠢᠨ ᠦᠵᠡᠯᠲᠡ᠎ᠶ᠋ᠢ ᠦᠢᠯᠡᠳᠦᠯᠭᠡᠵᠢᠭᠦᠯᠵᠦ᠍᠂ ᠬᠠᠮᠠᠭᠠᠯᠠᠬᠤ ᠳᠤᠮᠳᠠ ᠠᠱᠢᠭ᠍ᠯᠠᠬᠤ᠂ ᠠᠱᠢᠭ᠍ᠯᠠᠬᠤ ᠳᠤᠮᠳᠠ ᠬᠠᠮᠠᠭᠠᠯᠠᠬᠤ᠎ᠶ᠋ᠢ ᠪᠠᠷᠢᠮᠲᠠᠯᠠᠨ᠂ ᠡᠬᠢ ᠪᠠᠶᠠᠯᠢᠭ᠎ᠤᠨ ᠳᠠᠪᠠᠭᠤᠯᠢᠭ᠎ᠢ ᠠᠵᠤ ᠠᠬᠤᠶ ᠨᠡᠢᠭᠡᠮ᠎ᠤᠨ ᠴᠢᠨᠠᠷ ᠰᠠᠢᠲᠠᠶ ᠬᠥᠭ᠌ᠵᠢᠯᠲᠡ᠎ᠶ᠋ᠢᠨ ᠳᠠᠪᠠᠭᠤᠯᠢᠭ ᠪᠣᠯᠭᠠᠨ ᠬᠤᠪᠢᠷᠠᠭᠤᠯᠬᠤ᠎ᠶ᠋ᠢ ᠠᠬᠢᠭᠤᠯᠤᠨ᠎ᠠ᠃
ᠤᠰᠤᠨ᠎ᠤ ᠡᠬᠢ ᠪᠠᠶᠠᠯᠢᠭ᠎ᠢ ᠠᠷᠪᠢᠯᠠᠬᠤ ᠪᠠ ᠬᠠᠮᠠᠭᠠᠯᠠᠬᠤ ᠡᠷᠴᠢᠮᠶ᠋ᠢᠡᠨ ᠴᠢᠩᠭ᠋ᠠᠷᠠᠭᠤᠯᠤᠨ᠎ᠠ
ᠤᠰᠤᠨ᠎ᠤ ᠡᠬᠢ ᠪᠠᠶᠠᠯᠢᠭ᠎ᠤᠨ ᠪᠠᠲᠤᠯᠠᠭ᠎ᠠ᠎ᠶᠢᠨ ᠴᠢᠳᠠᠪᠤᠷᠢ᠎ᠶᠢ ᠨᠡᠮᠡᠭᠳᠡᠭᠦᠯᠦᠨ᠎ᠡ
ᠤᠰᠤᠨ᠎ᠤ ᠡᠬᠢ ᠪᠠᠶᠠᠯᠢᠭ᠎ᠢ ᠨᠡᠭᠡᠭᠡᠨ ᠠᠱᠢᠭ᠍ᠯᠠᠬᠤ ᠬᠤᠪᠢᠶᠠᠷᠢ ᠣᠷᠣᠨ᠎ᠢ ᠱᠢᠯᠢᠳᠡᠭ᠌ᠵᠢᠭᠦᠯᠦᠨ᠎ᠡ
ᠤᠰᠤᠨ᠎ᠤ ᠡᠬᠢ ᠪᠠᠶᠠᠯᠢᠭ᠎ᠢ ᠬᠠᠮᠠᠭᠠᠯᠠᠬᠤ ᠪᠠ ᠵᠠᠰᠠᠬᠤ ᠠᠵᠢᠯ᠎ᠢ ᠴᠢᠩᠭ᠋ᠠᠳᠬᠠᠨ᠎ᠠ
ᠭᠠᠵᠠᠷ ᠳᠣᠣᠷᠠᠬᠢ ᠤᠰᠤ᠎ᠶᠢ ᠬᠡᠳᠦ ᠲᠠᠲᠠᠬᠤ ᠶᠢ ᠴᠢᠩᠭ᠎ᠠ ᠬᠢᠵᠠᠭ᠋ᠠᠷᠯᠠᠨ᠎ᠠ
ᠴᠢᠬᠤᠯᠠ ᠠᠮᠢ ᠠᠬᠤᠢ᠎ᠶ᠋ᠢᠨ ᠡᠬᠢ ᠪᠠᠶᠠᠯᠢᠭ᠎ᠤᠨ ᠬᠠᠮᠠᠭᠠᠯᠠᠯᠲᠠ᠎ᠶ᠋ᠢ ᠴᠢᠩᠭ᠋ᠠᠳᠬᠠᠨ᠎ᠠ
ᠤᠢ ᠱᠢᠭᠤᠢ᠎ᠶ᠋ᠢᠨ ᠬᠠᠮᠠᠭᠠᠯᠠᠯᠲᠠ᠎ᠶ᠋ᠢ ᠴᠢᠩᠭᠠᠳᠭᠠᠨ᠎ᠠ
ᠨᠤᠲᠤᠭ ᠪᠡᠯᠴᠢᠭᠡᠷ᠎ᠦᠨ ᠬᠠᠮᠠᠭᠠᠯᠠᠯᠲᠠ᠎ᠶ᠋ᠢ ᠴᠢᠩᠭᠠᠳᠭᠠᠨ᠎ᠠ
ᠨᠤᠭᠤ ᠭᠠᠵᠠᠷ᠎ᠤᠨ ᠬᠠᠮᠠᠭᠠᠯᠠᠯᠲᠠ᠎ᠶ᠋ᠢ ᠠᠬᠢᠭᠤᠯᠤᠨ᠎ᠠ
ᠡᠯᠡᠰᠦᠷᠬᠡᠭᠵᠢᠯ᠎ᠢ ᠰᠡᠷᠭᠡᠢᠯᠡᠨ ᠵᠠᠰᠠᠭ᠍ᠰᠠᠨ ᠦᠷ᠎ᠡ ᠪᠦᠲᠦᠭᠡᠯ᠎ᠢᠶᠡᠨ ᠪᠡᠬᠢᠵᠢᠭᠦᠯᠦᠨ᠎ᠡ
ᠪᠦᠲᠦᠭᠡᠨ ᠪᠠᠢᠭᠤᠯᠤᠯᠲᠠ᠎ᠳᠤ ᠬᠡᠷᠡᠭ᠌ᠯᠡᠬᠦ᠌ ᠭᠠᠵᠠᠷ᠎ᠤᠨ ᠠᠱᠢᠭ᠍ᠯᠠᠮᠵᠢ᠎ᠶ᠋ᠢ ᠳᠡᠭᠡᠭ᠌ᠱᠢᠯᠡᠭᠦᠯᠦᠨ᠎ᠡ
ᠪᠦᠲᠦᠭᠡᠨ ᠪᠠᠢᠭᠤᠯᠤᠯᠲᠠ᠎ᠳᠤ ᠬᠡᠷᠡᠭ᠌ᠯᠡᠬᠦ᠌ ᠭᠠᠵᠠᠷ᠎ᠤᠨ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌᠎ᠶ᠋ᠢ ᠠᠬᠢᠭᠤᠯᠤᠨ᠎ᠠ
ᠨᠡᠭᠡᠭᠡᠨ ᠬᠥᠭᠵᠢᠭᠦᠯᠬᠦ ᠣᠷᠣᠨ᠎ᠢ ᠡᠮᠬᠢᠯᠡᠨ ᠨᠡᠢᠯᠡᠭᠦᠯᠵᠦ ᠰᠢᠯᠢᠳᠡᠭᠵᠢᠭᠦᠯᠦᠨ᠎ᠡ
ᠮᠠᠯᠵᠢᠬᠤ ᠲᠠᠷᠢᠶᠠᠯᠠᠬᠤ ᠣᠷᠣᠨ᠎ᠤ ᠠᠢᠯ ᠲᠣᠰᠭᠤᠨ᠎ᠤ ᠪᠦᠲᠦᠭᠡᠨ ᠪᠠᠢᠭᠤᠯᠤᠯᠲᠠ᠎ᠳᠤ ᠬᠡᠷᠡᠭ᠌ᠯᠡᠬᠦ᠌ ᠭᠠᠵᠠᠷ᠎ᠢ ᠵᠦᠢ ᠵᠣᠬᠢᠰᠲᠠᠢ ᠲᠣᠬᠢᠷᠠᠭᠤᠯᠤᠨ᠎ᠠ
ᠭᠠᠵᠠᠷ ᠱᠢᠷᠤᠢ᠎ᠶ᠋ᠢᠨ ᠠᠱᠢᠭ᠍ᠯᠠᠯᠲᠠ᠎ᠶ᠋ᠢᠨ ᠬᠡᠯᠪᠡᠷᠢ᠎ᠶ᠋ᠢ ᠬᠤᠪᠢᠷᠠᠭᠤᠯᠤᠨ᠎ᠠ
ᠠᠭᠤᠷᠬᠠᠢ᠎ᠶ᠋ᠢᠨ ᠭᠠᠷᠤᠯᠲᠠ᠎ᠶ᠋ᠢᠨ ᠡᠬᠢ ᠪᠠᠶᠠᠯᠢᠭ᠎ᠢ ᠬᠠᠮᠠᠭᠠᠯᠠᠬᠤ ᠪᠠ ᠶᠡᠷᠦᠩᠬᠡᠢᠯᠡᠨ ᠠᠱᠢᠭ᠍ᠯᠠᠬᠤ᠎ᠶ᠋ᠢ ᠲᠦᠯᠬᠢᠨ ᠠᠬᠢᠭᠤᠯᠤᠨ᠎ᠠ
ᠠᠭᠤᠷᠬᠠᠢ᠎ᠶ᠋ᠢᠨ ᠭᠠᠷᠤᠯᠲᠠ᠎ᠶ᠋ᠢᠨ ᠡᠬᠢ ᠪᠠᠶᠠᠯᠢᠭ᠎ᠤᠨ ᠠᠮᠤᠷ ᠲᠥᠪᠱᠢᠨ᠎ᠢ ᠪᠠᠲᠤᠯᠠᠨ᠎ᠠ
ᠠᠭᠤᠷᠬᠠᠢ᠎ᠶ᠋ᠢᠨ ᠭᠠᠷᠤᠯᠲᠠ᠎ᠶ᠋ᠢ ᠬᠠᠢᠨ ᠪᠠᠢᠴᠠᠭᠠᠬᠤ ᠪᠠᠢᠷᠢᠱᠢᠯ᠎ᠢ ᠱᠢᠯᠢᠳᠡᠭ᠌ᠵᠢᠭᠦᠯᠦᠨ ᠲᠣᠬᠢᠷᠠᠭᠤᠯᠤᠨ᠎ᠠ
ᠠᠭᠤᠷᠬᠠᠢ᠎ᠶ᠋ᠢᠨ ᠭᠠᠷᠤᠯᠲᠠ᠎ᠶ᠋ᠢᠨ ᠡᠬᠢ ᠪᠠᠶᠠᠯᠢᠭ᠎ᠢ ᠮᠠᠯᠲᠠᠬᠤ ᠪᠠᠢᠷᠢᠱᠢᠯ᠎ᠢ ᠵᠣᠬᠢᠰᠲᠠᠢ ᠲᠣᠬᠢᠷᠠᠭᠤᠯᠤᠨ᠎ᠠ
11
ᠤᠯᠤᠰ᠎ᠤᠨ ᠭᠠᠵᠠᠷ ᠰᠢᠷᠤᠢ᠎ᠶᠢᠨ ᠣᠷᠣᠨ ᠵᠠᠢ᠎ᠶ᠋ᠢᠨ ᠲᠤᠯᠭᠠᠭᠤᠷᠢᠯᠠᠨ ᠪᠠᠲᠤᠯᠠᠬᠤ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ
ᠤᠯᠤᠰ᠎ᠤᠨ ᠭᠠᠵᠠᠷ ᠱᠢᠷᠣᠶ᠎ᠶ᠋ᠢᠨ ᠣᠷᠣᠨ ᠵᠠᠶ᠎ᠶ᠋ᠢ ᠬᠠᠮᠠᠭᠠᠯᠠᠨ ᠠᠱᠢᠭ᠍ᠯᠠᠬᠤ ᠶᠡᠷᠦᠩᠬᠡᠶ ᠪᠠᠢᠷᠢᠱᠢᠯᠯᠤᠭᠠ ᠬᠠᠷᠢᠯᠴᠠᠨ ᠵᠣᠬᠢᠴᠠᠯᠳᠤᠬᠤ᠎ᠶ᠋ᠢ ᠠᠬᠢᠭᠤᠯᠵᠤ᠂ ᠡᠬᠢ ᠪᠠᠶᠠᠯᠢᠭ ᠪᠠ ᠡᠨᠧᠷᠭᠢ᠎ᠶ᠋ᠢᠨ ᠪᠠᠲᠤᠯᠠᠭ᠎ᠠ᠎ᠶ᠋ᠢ ᠨᠠᠩ ᠬᠦᠴᠦᠲᠡᠶ᠂ ᠰᠠᠭᠤᠷᠢ ᠪᠡᠯᠡᠳᠭᠡᠮᠵᠢ᠎ᠶ᠋ᠢ ᠨᠠᠩ ᠪᠦᠷᠢᠨ ᠲᠡᠭᠦᠯᠳᠡᠷ᠂ ᠭᠠᠮᠱᠢᠭ᠎ᠢ ᠰᠡᠷᠭᠡᠢᠯᠡᠨ ᠭᠠᠮᠱᠢᠭ᠎ᠢ ᠪᠠᠭᠠᠰᠭᠠᠬᠤ ᠨᠠᠩ ᠥᠨᠳᠥᠷ ᠪᠦᠲᠦᠮᠵᠢᠲᠡᠶ᠂ ᠠᠮᠢ ᠠᠬᠤᠶ᠎ᠶ᠋ᠢᠨ ᠬᠠᠯᠬᠠᠪᠴᠢ᠎ᠶ᠋ᠢ ᠨᠠᠩ ᠪᠠᠬᠢᠵᠢᠭᠦᠯᠬᠦ᠂ ᠰᠠᠯᠬᠢ ᠭᠡᠷᠡᠯ ᠴᠠᠬᠢᠯᠭᠠᠨ ᠴᠡᠪᠡᠷ ᠡᠨᠧᠷᠭᠢ᠎ᠶ᠋ᠢᠨ ᠴᠡᠪᠡᠷ ᠡᠨᠧᠷᠭᠢ᠎ᠶ᠋ᠢᠨ ᠪᠠᠲᠤᠯᠠᠭ᠎ᠠ᠎ᠪᠠᠷ ᠬᠦᠴᠦᠲᠡᠶ ᠲᠤᠯᠭᠠᠭᠤᠷᠢᠯᠠᠬᠤ ᠱᠢᠰᠲ᠋ᠧᠮᠵᠢ᠎ᠶ᠋ᠢ ᠪᠦᠷᠢᠯᠳᠦᠭᠦᠯᠬᠦ᠌᠎ᠶ᠋ᠢ ᠠᠬᠢᠭᠤᠯᠵᠤ᠂ ᠨᠡᠭᠦᠷᠡᠰᠦᠲᠥ᠋ᠷᠥᠭ᠌ᠴᠢ᠎ᠶ᠋ᠢᠨ ᠭᠠᠳᠠᠬ᠍ᠰᠢᠯᠠᠭᠤᠯᠤᠯᠳᠠ ᠣᠷᠭᠢᠯ ᠬᠡᠮᠵᠢᠭ᠌ᠳᠡᠯ᠎ᠳᠤ ᠬᠦᠷᠬᠦ᠂ ᠨᠡᠭᠦᠷᠡᠰᠦᠲᠥ᠋ᠷᠥᠭ᠌ᠴᠢ᠎ᠶ᠋ᠢ ᠰᠠᠭᠠᠷᠮᠠᠭ᠍ᠵᠢᠭᠤᠯᠬᠤ ᠬᠠᠷᠠᠯᠲᠠ᠎ᠶ᠋ᠢ ᠪᠡᠶᠡᠯᠡᠭᠦᠯᠬᠦ᠌᠎ᠳᠤ ᠬᠦᠴᠦᠨ ᠨᠡᠮᠡᠷᠢᠯᠡᠵᠦ᠍᠂ ᠲᠣᠮᠣ ᠳ᠋ᠠᠢᠲ᠋ᠠ᠎ᠶ᠋ᠢᠨ ᠬᠤᠷᠠᠮᠳᠤᠯ᠂ ᠣᠶᠤᠨᠴᠢ ᠰᠡᠷᠡᠯ᠂ ᠲᠦᠮᠡᠨ ᠪᠣᠳᠠᠰ ᠬᠠᠷᠢᠯᠴᠠᠨ ᠬᠤᠯᠪᠣᠯᠳᠤᠭ᠍ᠰᠠᠨ ᠤᠯᠤᠰ᠎ᠤᠨ ᠭᠠᠵᠠᠷ ᠰᠢᠷᠤᠢ᠎ᠶᠢᠨ ᠣᠷᠣᠨ ᠵᠠᠶ᠎ᠶ᠋ᠢᠨ ᠲᠤᠯᠭᠠᠭᠤᠷᠢᠯᠠᠯ᠎ᠤᠨ ᠪᠠᠲᠤᠯᠠᠭ᠎ᠠ᠎ᠶ᠋ᠢ ᠴᠢᠩᠭᠠᠳᠭᠠᠨ᠎ᠠ᠃
ᠶᠡᠷᠦᠩᠬᠡᠢᠯᠡᠭ᠌ᠰᠡᠨ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠰᠦᠯᠵᠢᠶᠡᠨ᠎ᠤ ᠣᠷᠣᠨ ᠵᠠᠢ᠎ᠶ᠋ᠢ ᠪᠠᠲᠤᠯᠠᠨ᠎ᠠ
ᠪᠠᠲᠤᠯᠠᠭ᠎ᠠ᠎ᠲᠠᠢ ᠶᠡᠷᠥᠩᠬᠡᠢᠯᠡᠭ᠌ᠰᠡᠨ ᠲᠡᠭᠡᠭᠡᠪᠦᠷᠢ᠎ᠶ᠋ᠢᠨ ᠵᠠᠮ᠎ᠢ ᠪᠠᠢᠭᠤᠯᠤᠨ᠎ᠠ
ᠶᠡᠷᠦᠩᠬᠡᠢ ᠵᠠᠮ ᠬᠠᠷᠢᠯᠴᠠᠭᠠᠨ᠎ᠤ᠋ ᠲᠣᠣᠷ ᠰᠦᠯᠵᠢᠶᠡᠨ᠎ᠦ᠌ ᠪᠦᠲᠦᠭᠡᠨ ᠪᠠᠢᠭᠤᠯᠤᠯᠲᠠ᠎ᠶᠢᠨ ᠣᠷᠣᠨ ᠵᠠᠢ᠎ᠶᠢ ᠨᠢᠭᠡᠳᠦᠯᠲᠡᠢ ᠲᠦᠯᠦᠪᠯᠡᠨ᠎ᠡ
ᠬᠠᠷᠢᠯᠴᠠᠨ ᠬᠤᠯᠪᠤᠭᠠᠯᠠᠵᠤ ᠬᠠᠷᠢᠯᠴᠠᠨ ᠨᠡᠪᠲᠡᠷᠡᠯᠴᠡᠬᠦ᠌ ᠶᠡᠷᠦᠩᠬᠡᠢᠯᠡᠭ᠌ᠰᠡᠨ ᠲᠡᠭᠡᠭᠡᠪᠦᠷᠢ᠎ᠶ᠋ᠢᠨ ᠬᠦᠢᠰᠦ᠎ᠶ᠋ᠢᠨ ᠪᠠᠢᠭᠤᠯᠤᠯᠲᠠ᠎ᠶ᠋ᠢ ᠳᠡᠮᠵᠢᠨ᠎ᠡ
ᠵᠠᠮ ᠬᠠᠷᠢᠯᠴᠠᠭᠠᠨ᠎ᠤ ᠰᠠᠭᠤᠷᠢ ᠪᠡᠯᠡᠳᠭᠡᠮᠵᠢ᠎ᠶ᠋ᠢᠨ ᠬᠡᠷᠡᠭ᠌ᠯᠡᠬᠦ᠌ ᠭᠠᠵᠠᠷ᠎ᠢ ᠵᠦᠢ ᠵᠣᠬᠢᠰᠲᠠᠢ ᠲᠣᠬᠢᠷᠠᠭᠤᠯᠤᠨ᠎ᠠ
ᠣᠰᠣᠨ ᠠᠱᠢᠠᠠᠯᠠᠯᠳᠡ᠎ᠶ᠋ᠢᠨ ᠪᠡᠯᠡᠳᠭᠡᠮᠵᠢ᠎ᠶ᠋ᠢᠨ ᠭᠠᠵᠡᠷ ᠱᠢᠷᠦᠢ ᠭᠡᠷᠡᠭ᠌ᠯᠡᠬᠦ᠌ ᠪᠠᠳᠣᠯᠠᠭ᠎ᠠ᠎ᠶ᠋ᠢ ᠴᠢᠩᠭᠠᠷᠡᠭᠤᠯᠥᠨ᠎ᠠ
ᠤᠰᠤ ᠲᠠᠲᠠᠬᠤ ᠪᠠ ᠤᠰᠤᠨ ᠰᠣᠷᠪᠤᠯᠵᠢ᠎ᠶ᠋ᠢᠨ ᠢᠨᠵᠸᠨ᠋ᠸᠷᠢᠩ᠎ᠤᠨ ᠪᠦᠲᠦᠭᠡᠨ ᠪᠠᠢᠭᠤᠯᠤᠯᠲᠠ᠎ᠶ᠋ᠢ ᠲᠦᠯᠬᠢᠨ ᠠᠬᠢᠭᠤᠯᠤᠨ᠎ᠠ
ᠲᠠᠷᠢᠶᠠᠯᠠᠩ᠎ᠤᠨ ᠤᠰᠤ ᠠᠷᠪᠢᠯᠠᠬᠤ ᠤᠰᠤᠯᠠᠯᠲᠠ᠎ᠶ᠋ᠢᠨ ᠢᠨᠵᠸᠨ᠋ᠸᠷᠢᠩ᠎ᠤᠨ ᠪᠠᠢᠭᠤᠯᠤᠯᠲᠠ᠎ᠶ᠋ᠢ ᠴᠢᠩᠭ᠋ᠠᠳᠬᠠᠨ᠎ᠠ
ᠦᠶᠡᠷ᠎ᠢ ᠰᠡᠷᠭᠡᠢᠯᠡᠨ ᠭᠠᠩ᠎ᠲᠠᠢ ᠲᠡᠮᠡᠴᠡᠵᠦ᠍ ᠭᠠᠮᠱᠢᠭ᠎ᠢ ᠪᠠᠭᠠᠰᠭᠠᠬᠤ ᠢᠨᠵᠸᠨ᠋ᠸᠷᠢᠩ᠎ᠤᠨ ᠪᠦᠲᠦᠭᠡᠨ ᠪᠠᠢᠭᠤᠯᠤᠯᠲᠠ᠎ᠶ᠋ᠢ ᠴᠢᠩᠭ᠋ᠠᠳᠬᠠᠨ᠎ᠠ
ᠣᠰᠤᠨ ᠠᠱᠢᠭ᠍ᠯᠠᠯᠲᠠ᠎ᠶ᠋ᠢᠨ ᠢᠨᠵᠸᠨ᠋ᠸᠷᠢᠩ᠎ᠤᠨ ᠠᠮᠢ ᠠᠬᠤᠢᠵᠢᠯᠲᠠᠶ᠋ᠢ ᠠᠬᠢᠭᠤᠯᠤᠨ᠎ᠠ
ᠡᠨᠧᠷᠭᠢ᠎ᠶ᠋ᠢᠨ ᠶᠡᠷᠦᠩᠬᠡᠢᠯᠡᠭ᠌ᠰᠡᠨ ᠪᠠᠲᠤᠯᠠᠭ᠎ᠠ᠎ᠶ᠋ᠢᠨ ᠴᠢᠳᠠᠪᠤᠷᠢ᠎ᠶ᠋ᠢ ᠴᠢᠩᠭᠠᠳᠭᠠᠨ᠎ᠠ
ᠠᠷᠢᠭᠤᠨ ᠴᠡᠪᠡᠷ ᠪᠦᠭᠡᠳ ᠳᠣᠣᠷ᠎ᠠ ᠨᠡᠭᠦᠷᠡᠰᠦᠲᠦᠷᠦᠭ᠌ᠴᠢᠲᠡᠢ ᠡᠨᠧᠷᠺᠢ᠎ᠶ᠋ᠢᠨ ᠰᠤᠷᠪᠤᠯᠵᠢ ᠡᠬᠢ ᠪᠠᠶᠠᠯᠢᠭ᠎ᠤᠨ ᠱᠢᠰᠲ᠋ᠧᠮ᠎ᠢ ᠪᠠᠢᠭᠤᠯᠤᠨ᠎ᠠ
ᠱᠢᠨ᠎ᠡ ᠡᠨᠧᠷᠭᠢ᠎ᠶ᠋ᠢᠨ ᠠᠵᠤ ᠦᠢᠯᠡᠰ᠎ᠤᠨ ᠪᠦᠯᠦᠭᠵᠢᠯ᠎ᠤᠨ ᠬᠡᠷᠡᠭ᠌ᠯᠡᠬᠦ᠌ ᠭᠠᠵᠠᠷ᠎ᠢ ᠪᠠᠲᠤᠯᠠᠨ᠎ᠠ
ᠤᠯᠠᠮᠵᠢᠯᠠᠯᠲᠤ ᠡᠨᠧᠷᠭᠢ᠎ᠶ᠋ᠢᠨ ᠬᠡᠯᠪᠡᠷᠢ᠎ᠪᠠᠨ ᠬᠤᠪᠢᠷᠠᠭᠤᠯᠤᠨ ᠳᠡᠰ ᠳᠡᠪᠱᠢᠬᠦ᠌᠎ᠶ᠋ᠢ ᠠᠬᠢᠭᠤᠯᠤᠨ᠎ᠠ
ᠡᠨᠧᠷᠭᠢ᠎ᠶ᠋ᠢᠨ ᠰᠠᠭᠤᠷᠢ ᠲᠦᠬᠦᠭᠡᠷᠥᠮᠵᠢ᠎ᠶ᠋ᠢᠨ ᠪᠠᠢᠭᠤᠯᠤᠯᠲᠠ᠎ᠶ᠋ᠢ ᠲᠦᠷᠭᠡᠳᠭᠡᠨ᠎ᠡ
ᠮᠡᠳᠡᠭᠡ ᠵᠠᠩᠭᠢ᠎ᠶ᠋ᠢᠨ ᠰᠠᠭᠤᠷᠢ ᠳᠦᠬᠦᠭᠡᠷᠥᠮᠵᠢ᠎ᠶ᠋ᠢᠨ ᠪᠠᠢᠭᠤᠯᠤᠯᠲᠠ᠎ᠶ᠋ᠢ ᠲᠦᠷᠭᠡᠳᠭᠡᠨ᠎ᠡ
ᠬᠣᠯᠪᠣᠭᠠᠨᠤ᠋ ᠰᠠᠭᠤᠷᠢ ᠲᠥᠬᠥᠭᠡᠷᠦᠮᠵᠢ᠎ᠶᠢᠨ ᠪᠦᠲᠦᠭᠡᠨ ᠪᠠᠢᠭᠤᠯᠤᠯᠲᠠ᠎ᠶᠢ ᠪᠠᠲᠤᠯᠠᠨ᠎ᠠ
ᠰᠢᠨ᠎ᠡ ᠮᠡᠷᠭᠡᠵᠢᠯ ᠪᠠ ᠪᠤᠳᠤᠬᠤ ᠬᠦᠴᠦᠨ᠎ᠦ ᠰᠠᠭᠤᠷᠢ ᠲᠥᠬᠦᠭᠡᠷᠦᠮᠵᠢ᠎ᠶᠢᠨ ᠪᠠᠢᠷᠢᠰᠢᠭᠤᠯᠤᠯᠲᠠ᠎ᠶᠢ ᠳᠡᠮᠵᠢᠨ᠎ᠡ
ᠭᠠᠮᠱᠢᠭ᠎ᠢ ᠰᠡᠷᠭᠡᠢᠯᠡᠨ ᠭᠠᠮᠱᠢᠭ᠎ᠢ ᠪᠠᠭᠠᠰᠭᠠᠬᠤ ᠶᠡᠷᠦᠩᠬᠡᠢᠯᠡᠭ᠌ᠰᠡᠨ ᠱᠢᠰᠲ᠋ᠧᠮ᠎ᠢ ᠲᠡᠭᠦᠯᠳᠡᠷᠵᠢᠭᠦᠯᠦᠨ᠎ᠡ
ᠠᠮᠢᠳᠤ ᠪᠣᠳᠠᠰ᠎ᠤ᠋ᠨ ᠭᠠᠮᠰᠢᠭᠢ᠋ ᠰᠡᠷᠭᠡᠢᠯᠡᠨ ᠬᠢᠵᠠᠭᠠᠷᠯᠠᠬᠤ ᠢᠨᠵᠸᠨ᠋ᠸᠷᠢᠩ᠎ᠤᠨ ᠪᠦᠲᠦᠭᠡᠨ ᠪᠠᠢᠭᠤᠯᠤᠯᠲᠠᠳ᠋ᠤ ᠬᠡᠷᠡᠭ᠌ᠯᠡᠬᠦ᠌ ᠭᠠᠵᠠᠷ᠎ᠢ᠋ ᠪᠠᠲᠤᠯᠠᠨ᠎ᠠ
ᠭᠠᠵᠠᠷ᠎ᠤᠨ ᠭᠠᠮᠱᠢᠭ᠎ᠤᠨ ᠲᠦᠭ᠌ᠰᠢᠭᠦᠷᠢ᠎ᠶ᠋ᠢ ᠰᠡᠷᠭᠡᠢᠯᠡᠬᠦ᠌ ᠴᠢᠳᠠᠪᠤᠷᠢ᠎ᠶ᠋ᠢ ᠳᠡᠭᠡᠭᠰᠢᠯᠡᠭᠦᠯᠦᠨ᠎ᠡ
ᠭᠠᠵᠠᠷ ᠬᠦᠳᠡᠯᠦᠯᠲᠡ᠎ᠶ᠋ᠢᠨ ᠭᠠᠮᠱᠢᠭ᠎ᠤᠨ ᠲᠦᠭ᠌ᠰᠢᠭᠦᠷᠢ᠎ᠶ᠋ᠢ ᠰᠡᠷᠭᠡᠢᠯᠡᠬᠦ᠌ ᠴᠢᠳᠠᠪᠤᠷᠢ᠎ᠶ᠋ᠢ ᠳᠡᠭᠡᠭ᠌ᠱᠢᠯᠡᠭᠦᠯᠦᠨ᠎ᠡ
ᠠᠮᠤᠷ ᠲᠦᠪᠱᠢᠨ᠎ᠤ ᠪᠠᠲᠤᠯᠠᠭ᠎ᠠ
ᠦᠶᠡᠷ᠎ᠢ ᠰᠡᠷᠭᠡᠢᠯᠡᠬᠦ᠌ ᠤᠰᠤᠳᠤᠯ᠎ᠢ ᠰᠡᠷᠭᠡᠢᠯᠡᠬᠦ᠌ ᠢᠨᠵᠸᠨ᠋ᠸᠷᠢᠩ᠎ᠤᠨ ᠳᠦᠬᠦᠭᠡᠷᠥᠮᠵᠢ᠎ᠶ᠋ᠢᠨ ᠪᠦᠲᠦᠭᠡᠨ ᠪᠠᠢᠭᠤᠯᠤᠯᠲᠠ᠎ᠳᠤ ᠬᠡᠷᠡᠭ᠌ᠯᠡᠬᠦ᠌ ᠭᠠᠵᠠᠷ᠎ᠢ ᠪᠠᠲᠤᠯᠠᠨ᠎ᠠ
ᠣᠢ ᠱᠢᠭᠤᠢ ᠨᠤᠲᠤᠭ ᠪᠡᠯᠴᠢᠭᠡᠷ᠎ᠤᠨ ᠭᠠᠯ ᠰᠡᠷᠭᠡᠢᠯᠡᠬᠦ᠌ ᠭᠠᠯ ᠤᠨᠲᠠᠷᠠᠭᠠᠬᠤ ᠢᠨᠵᠧᠨᠧᠷᠢᠩ᠎ᠤᠨ ᠪᠦᠲᠦᠭᠡᠨ ᠪᠠᠢᠭᠤᠯᠤᠯᠲᠠ᠎ᠳᠤ ᠬᠡᠷᠡᠭ᠌ᠯᠡᠬᠦ᠌ ᠭᠠᠵᠠᠷ᠎ᠢ ᠪᠠᠲᠤᠯᠠᠨ᠎ᠠ
ᠬᠤᠲᠠ᠎ᠶ᠋ᠢᠨ ᠨᠡᠢᠲᠡ᠎ᠶ᠋ᠢᠨ ᠭᠠᠮᠱᠢᠭ᠎ᠢ ᠰᠡᠷᠭᠡᠢᠯᠡᠬᠦ᠌ ᠲᠥᠬᠦᠭᠡᠷᠦᠮᠵᠢ᠎ᠶ᠋ᠢᠨ ᠬᠡᠷᠡᠭ᠌ᠯᠡᠬᠦ᠌ ᠭᠠᠵᠠᠷ᠎ᠢ ᠪᠠᠲᠤᠯᠠᠨ᠎ᠠ
ᠴᠢᠬᠤᠯᠠ ᠶᠡᠭᠡ ᠰᠠᠭᠤᠷᠢ ᠲᠦᠬᠦᠭᠡᠷᠦᠮᠵᠢ᠎ᠶ᠋ᠢᠨ ᠣᠷᠣᠨ ᠵᠠᠢ᠎ᠶ᠋ᠢ ᠨᠢᠭᠡᠳᠦᠯᠲᠡᠢ ᠲᠦᠯᠦᠪᠵᠢᠭᠦᠯᠬᠦ᠌᠎ᠶ᠋ᠢ ᠴᠢᠩᠭᠠᠳᠭᠠᠨ᠎ᠠ
ᠡᠯ᠎ᠡ ᠲᠥᠷᠥᠯ᠎ᠤᠨ ᠰᠠᠭᠤᠷᠢ ᠪᠡᠯᠡᠳᠭᠡᠮᠵᠢ᠎ᠶ᠋ᠢᠨ ᠪᠠᠢᠷᠢᠱᠢᠭᠤᠯᠤᠯᠲᠠ᠎ᠶ᠋ᠢ ᠨᠢᠭᠡᠳᠦᠯᠲᠡᠶ ᠲᠥᠯᠥᠪᠯᠡᠨ ᠵᠣᠬᠢᠴᠠᠭᠤᠯᠤᠨ᠎ᠠ
ᠴᠢᠬᠤᠯᠠ ᠰᠠᠭᠤᠷᠢ ᠲᠦᠬᠦᠭᠡᠷᠥᠮᠵᠢ᠎ᠶ᠋ᠢᠨ ᠬᠡᠷᠡᠭ᠌ᠯᠡᠬᠦ᠌ ᠭᠠᠵᠠᠷ᠎ᠢ ᠪᠠᠲᠤᠯᠠᠨ᠎ᠠ
12
ᠲᠥᠯᠥᠪᠵᠢᠭᠦᠯᠭᠡ᠎ᠶ᠋ᠢ ᠳᠠᠮᠵᠢᠭᠤᠯᠬᠤ
ᠬᠤᠷᠢᠭ᠎ᠠ ᠱᠤᠭᠤᠮ᠎ᠤᠨ ᠰᠡᠳᠭᠢᠬᠦᠢ᠎ᠶ᠋ᠢ ᠪᠠᠷᠢᠮᠲᠠᠯᠠᠵᠤ᠂ ᠱᠢᠰᠲ᠋ᠧᠮᠲᠦ ᠴᠢᠨᠠᠷ᠂ ᠵᠣᠬᠢᠴᠠᠭᠤᠯᠬᠤ ᠴᠢᠨᠠᠷ᠂ ᠶᠡᠷᠦᠩᠬᠡᠢᠯᠡᠭ᠌ᠰᠡᠨ ᠴᠢᠨᠠᠷ ᠪᠠ ᠬᠢᠵᠠᠭᠠᠷᠯᠠᠬᠤ ᠴᠢᠨᠠᠷ᠎ᠢ ᠢᠯᠡᠷᠡᠭᠦᠯᠵᠦ᠍᠂ ᠤᠬᠠᠭᠤᠯᠵᠤ ᠬᠥᠲᠥᠯᠥᠨ ᠵᠢᠯᠤᠭᠤᠳᠭᠤ ᠪᠠ ᠲᠤᠰᠭᠠᠢ ᠵᠦᠢᠯ᠎ᠤᠨ ᠲᠥᠯᠥᠪᠵᠢᠭᠦᠯᠭᠡ᠎ᠶ᠋ᠢ ᠬᠠᠮᠵᠢᠯᠴᠠᠨ ᠳᠠᠮᠵᠢᠭᠤᠯᠬᠤ᠎ᠶ᠋ᠢ ᠴᠢᠩᠭᠠᠳᠭᠠᠵᠤ᠂ ᠣᠢᠷ᠎ᠠ᠎ᠶ᠋ᠢᠨ ᠬᠤᠭᠤᠴᠠᠭᠠᠨ᠎ᠤ ᠲᠥᠯᠥᠪᠵᠢᠭᠦᠯᠭᠡ᠎ᠶ᠋ᠢ ᠰᠠᠢᠲᠤᠷ ᠬᠢᠵᠦ᠍᠂ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠭᠠᠵᠠᠷ ᠱᠢᠷᠣᠢ᠎ᠶ᠋ᠢᠨ ᠣᠷᠣᠨ ᠵᠠᠢ᠎ᠶ᠋ᠢᠨ ᠲᠥᠯᠥᠪᠵᠢᠭᠦᠯᠭᠡ᠎ᠶ᠋ᠢᠨ ᠭᠤᠣᠯ ᠣᠨᠣᠯᠵᠢᠬᠤᠨ᠂ ᠪᠠᠢᠯᠳᠤᠬᠤ ᠪᠣᠳᠣᠯᠭ᠎ᠠ᠎ᠶ᠋ᠢᠨ ᠵᠣᠷᠢᠯᠲᠠ ᠪᠠ ᠬᠠᠮᠢᠶᠠᠷᠤᠨ ᠡᠵᠡᠮᠳᠡᠬᠦ᠌ ᠱᠠᠭᠠᠷᠳᠠᠯᠭ᠎ᠠ᠎ᠶ᠋ᠢ ᠱᠠᠳᠤ ᠳᠠᠷᠠᠭᠠᠯᠠᠨ ᠨᠠᠢᠳᠠᠪᠤᠷᠢᠵᠢᠭᠤᠯᠤᠨ᠎ᠠ᠃
ᠠᠢᠮᠠᠭ ᠬᠣᠲᠠ᠎ᠶᠢᠨ ᠲᠥᠯᠥᠪᠵᠢᠭᠦᠯᠦᠨ ᠵᠢᠯᠣᠭᠣᠳᠭᠤ᠎ᠶᠢ ᠴᠢᠩᠭᠠᠳᠭᠠᠨ᠎ᠠ
ᠲᠥᠯᠦᠪᠵᠢᠭᠦᠯᠭᠡ᠎ᠶ᠋ᠢᠨ ᠪᠠᠢᠯᠳᠤᠬᠤ ᠪᠣᠳᠣᠯᠭ᠎ᠠ᠎ᠶ᠋ᠢ ᠱᠢᠨᠵᠢᠯᠡᠬᠦ᠌ ᠤᠬᠠᠭᠠᠨᠴᠢ᠎ᠪᠠᠷ ᠲᠥᠯᠥᠪᠯᠡᠬᠦ᠌
ᠲᠦᠯᠦᠪᠵᠢᠭᠦᠯᠭᠡ᠎ᠶ᠋ᠢᠨ ᠭᠦᠢᠴᠡᠳᠭᠡᠯ ᠲᠤᠭ᠎ᠠ᠎ᠶ᠋ᠢ ᠵᠦᠢ ᠵᠤᠬᠢᠰᠲᠠᠢ ᠲᠤᠭ᠍ᠲᠠᠭᠠᠨᠠ
ᠤᠷᠤᠨ ᠵᠠᠢ᠎ᠶ᠋ᠢᠨ ᠪᠠᠢᠷᠢᠱᠢᠯ᠎ᠢ ᠰᠢᠯᠢᠳᠡᠭᠵᠢᠭᠦᠯᠦᠨ᠎ᠡ
ᠲᠤᠰᠭᠠᠢ ᠲᠦᠯᠦᠪᠵᠢᠭᠦᠯᠭᠡ᠎ᠶ᠋ᠢᠨ ᠬᠢᠵᠠᠭᠠᠷᠯᠠᠯ᠎ᠢ ᠴᠢᠩᠭᠠᠳᠭᠠᠨ᠎ᠠ
ᠡᠯ᠎ᠡ ᠲᠥᠷᠥᠯ᠎ᠦ᠋ᠨ ᠤᠯᠤᠰ᠎ᠤ᠋ᠨ ᠭᠠᠵᠠᠷ ᠰᠢᠷᠤᠢ ᠣᠷᠣᠨ ᠵᠠᠢ᠎ᠶᠢᠨ ᠲᠤᠰᠭᠠᠢ ᠵᠦᠢᠯ᠎ᠦ᠋ᠨ ᠲᠥᠯᠥᠪᠵᠢᠭᠦᠯᠭᠡ᠎ᠶᠢ ᠨᠢᠭᠡᠳᠦᠯᠲᠡᠢ ᠲᠦᠯᠦᠪᠯᠡᠨ᠎ᠡ
ᠬᠤᠷᠢᠭ᠎ᠠ ᠱᠤᠭᠤᠮ᠎ᠤᠨ ᠬᠢᠵᠠᠭᠠᠷᠯᠠᠯ᠎ᠢ ᠴᠢᠩᠭᠠᠳᠭᠠᠨ᠎ᠠ
ᠣᠢᠷ᠎ᠠ᠎ᠶ᠋ᠢᠨ ᠬᠤᠭᠤᠴᠠᠭᠠᠨ᠎ᠤ ᠲᠥᠯᠥᠪᠵᠢᠭᠦᠯᠭᠡ
ᠤᠯᠤᠰ᠎ᠤᠨ ᠭᠠᠵᠠᠷ ᠰᠢᠷᠤᠢ᠎ᠶᠢᠨ ᠣᠷᠣᠨ ᠵᠠᠢ᠎ᠶ᠋ᠢ ᠬᠠᠮᠠᠭᠠᠯᠠᠨ ᠨᠡᠭᠡᠭᠡᠨ ᠠᠱᠢᠭ᠍ᠯᠠᠬᠤ ᠪᠠᠢᠷᠢᠱᠢᠯ᠎ᠢ ᠱᠢᠯᠢᠳᠡᠭ᠌ᠵᠢᠭᠦᠯᠦᠨ᠎ᠡ
ᠭᠤᠷᠪᠠᠨ ᠬᠢᠵᠠᠭᠠᠷᠯᠠᠬᠤ ᠱᠤᠭᠤᠮ᠎ᠢ ᠵᠠᠭᠠᠭ᠍ᠯᠠᠨ ᠲᠣᠭ᠍ᠲᠠᠭᠠᠬᠤ ᠪᠠ ᠬᠠᠮᠢᠶᠠᠷᠤᠨ ᠡᠵᠡᠮᠳᠡᠬᠦ᠌ ᠡᠭᠦᠷᠭᠡ᠎ᠶ᠋ᠢ ᠨᠠᠢᠳᠠᠪᠤᠷᠢᠵᠢᠭᠤᠯᠤᠨ᠎ᠠ
ᠠᠮᠢ ᠠᠬᠤᠢ᠎ᠶ᠋ᠢ ᠬᠠᠮᠠᠭᠠᠯᠠᠬᠤ ᠪᠠ ᠵᠠᠰᠠᠨ ᠰᠡᠷᠭᠦᠭᠡᠬᠦ᠌ ᠡᠷᠴᠢᠮᠶ᠋ᠢᠡᠨ ᠴᠢᠩᠭ᠍ᠠᠷᠠᠭᠤᠯᠤᠨᠠ
ᠲᠠᠷᠢᠶᠠᠯᠠᠩ ᠮᠠᠯ ᠠᠵᠤ ᠠᠬᠤᠢ᠎ᠶ᠋ᠢᠨ ᠬᠡᠷᠡᠭ᠌ᠯᠡᠬᠦ᠌ ᠭᠠᠵᠠᠷ᠎ᠤᠨ ᠣᠷᠣᠨ ᠵᠠᠢ᠎ᠶ᠋ᠢ ᠱᠢᠯᠢᠳᠡᠭ᠌ᠵᠢᠭᠦᠯᠦᠨ᠎ᠡ
ᠬᠤᠲᠠ ᠪᠠᠯᠭᠠᠰᠤᠨ᠎ᠤ ᠪᠦᠲᠦᠭᠡᠨ ᠪᠠᠢᠭᠤᠯᠤᠯᠲᠠ᠎ᠳᠤ ᠬᠡᠷᠡᠭ᠌ᠯᠡᠬᠦ᠌ ᠭᠠᠵᠠᠷ᠎ᠤᠨ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌᠎ᠶ᠋ᠢ ᠠᠬᠢᠭᠤᠯᠤᠨ᠎ᠠ
ᠵᠠᠮ ᠬᠠᠷᠢᠯᠴᠠᠭᠠᠨ᠎ᠤ ᠰᠠᠭᠤᠷᠢ ᠲᠦᠬᠦᠭᠡᠷᠥᠮᠵᠢ ᠪᠠ ᠪᠠᠷᠠᠭᠠᠨ᠎ᠤ ᠭᠦᠢ᠍ᠯᠭᠡᠭᠡᠨᠦ ᠬᠦᠢᠰᠦ᠎ᠶ᠋ᠢᠨ ᠭᠠᠵᠠᠷ ᠬᠡᠷᠡᠭ᠌ᠯᠡᠬᠦ᠌᠎ᠶ᠋ᠢ ᠪᠠᠲᠤᠯᠠᠨ᠎ᠠ
ᠡᠨᠧᠷᠭᠢ᠎ᠶ᠋ᠢᠨ ᠰᠠᠭᠤᠷᠢ ᠲᠦᠬᠦᠭᠡᠷᠥᠮᠵᠢ᠎ᠶ᠋ᠢᠨ ᠪᠠᠢᠭᠤᠯᠤᠯᠲᠠ᠎ᠶ᠋ᠢ ᠠᠬᠢᠭᠤᠯᠤᠨ᠎ᠠ
ᠤᠰᠤᠨ ᠠᠱᠢᠭ᠍ᠯᠠᠯᠲᠠ᠎ᠶ᠋ᠢᠨ ᠰᠠᠭᠤᠷᠢ ᠲᠦᠬᠦᠭᠡᠷᠥᠮᠵᠢ᠎ᠶ᠋ᠢᠨ ᠪᠦᠲᠦᠭᠡᠨ ᠪᠠᠢᠭᠤᠯᠤᠯᠲᠠ᠎ᠳᠤ ᠬᠡᠷᠡᠭ᠌ᠯᠡᠬᠦ᠌ ᠭᠠᠵᠠᠷ᠎ᠢ ᠵᠦᠢ ᠵᠣᠬᠢᠰᠲᠠᠢ ᠲᠣᠬᠢᠷᠠᠭᠤᠯᠤᠨ᠎ᠠ
ᠪᠣᠭᠤᠮᠲᠠ᠎ᠶ᠋ᠢᠨ ᠴᠢᠳᠠᠮᠵᠢ᠎ᠶ᠋ᠢ ᠥᠷᠭᠡᠳᠭᠡᠨ ᠥᠭᠡᠷᠡᠴᠢᠯᠡᠵᠦ᠍ ᠪᠦᠲᠦᠭᠡᠨ ᠪᠠᠢᠭᠤᠯᠬᠤ᠎ᠶ᠋ᠢ ᠳᠡᠮᠵᠢᠨ᠎ᠡ
ᠬᠠᠲᠤᠨ ᠭᠤᠤᠯ᠎ᠤᠨ ᠰᠠᠪᠠ ᠭᠠᠵᠠᠷ᠎ᠤᠨ ᠴᠢᠨᠠᠷ ᠰᠠᠢᠲᠠᠶ ᠬᠥᠭ᠌ᠵᠢᠯᠲᠡ᠎ᠳᠤ ᠭᠠᠵᠠᠷ ᠬᠡᠷᠡᠭ᠌ᠯᠡᠬᠦ᠌᠎ᠶ᠋ᠢ ᠪᠠᠲᠤᠯᠠᠨ᠎ᠠ
13
ᠲᠥᠯᠥᠪᠵᠢᠭᠦᠯᠭᠡ᠎ᠶ᠋ᠢ ᠬᠡᠷᠡᠭ᠌ᠵᠢᠭᠦᠯᠬᠦ᠌
ᠤᠯᠤᠰ᠎ᠤᠨ ᠭᠠᠵᠠᠷ ᠰᠢᠷᠤᠢ᠎ᠶᠢᠨ ᠣᠷᠣᠨ ᠵᠠᠶ᠎ᠶ᠋ᠢ ᠵᠠᠰᠠᠬᠤ ᠴᠢᠳᠠᠪᠤᠷᠢ᠎ᠶ᠋ᠢ ᠣᠳᠣᠬᠢᠴᠢᠯᠠᠬᠤ᠎ᠶ᠋ᠢ ᠪᠡᠶᠡᠯᠡᠭᠦᠯᠬᠦ᠌᠎ᠪᠠᠷ ᠬᠠᠷᠠᠯᠲᠠ ᠪᠣᠯᠭᠠᠨ᠂ ᠤᠯᠤᠰ᠎ᠤᠨ ᠭᠠᠵᠠᠷ ᠱᠢᠷᠣᠶ᠎ᠶ᠋ᠢᠨ ᠣᠷᠣᠨ ᠵᠠᠶ᠎ᠶ᠋ᠢᠨ ᠲᠥᠯᠥᠪᠵᠢᠭᠦᠯᠭᠡ᠎ᠶ᠋ᠢ ᠵᠣᠬᠢᠶᠠᠨ ᠪᠠᠢᠭᠤᠯᠤᠨ ᠵᠣᠬᠢᠴᠠᠭᠤᠯᠬᠤ᠂ ᠵᠢᠯᠣᠭᠤᠳᠭᠤ ᠪᠠ ᠬᠢᠨᠠᠨ ᠬᠠᠮᠢᠶᠠᠷᠬᠤ᠎ᠶ᠋ᠢ ᠴᠢᠩᠭᠠᠳᠭᠠᠵᠤ᠂ ᠣᠷᠣᠨ ᠨᠤᠲᠤᠭ᠎ᠤᠨ ᠡᠯ᠎ᠡ ᠱᠠᠲᠤᠨ᠎ᠤ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ ᠪᠠ ᠰᠠᠯᠠᠭ᠎ᠠ ᠮᠥᠴᠢᠷ᠎ᠤᠨ ᠬᠠᠷᠢᠭᠤᠴᠠᠯᠭ᠎ᠠ᠎ᠶ᠋ᠢ ᠨᠠᠢᠳᠠᠪᠤᠷᠢᠵᠢᠭᠤᠯᠤᠨ᠂ ᠣᠯᠠᠨ ᠨᠡᠢᠲᠡ᠎ᠶ᠋ᠢᠨ ᠣᠷᠣᠯᠴᠠᠬᠤ ᠠᠷᠭ᠎ᠠ ᠵᠠᠮ᠎ᠢ ᠰᠠᠭᠠᠳ ᠥᠬᠡᠶ ᠨᠡᠪᠲᠡᠷᠡᠭᠦᠯᠵᠦ᠍᠂ ᠲᠥᠯᠥᠪᠵᠢᠭᠦᠯᠭᠡ᠎ᠶ᠋ᠢᠨ ᠬᠠᠤᠯᠢ ᠲᠣᠭ᠍ᠲᠠᠭᠠᠯ ᠲᠦᠷᠢᠮ ᠪᠠ ᠪᠠᠷᠢᠮᠵᠢᠶ᠎ᠠ᠎ᠶ᠋ᠢᠨ ᠱᠢᠰᠲ᠋ᠧᠮᠵᠢ᠎ᠶ᠋ᠢ ᠪᠦᠷᠢᠨᠱᠢᠬᠦᠯᠦᠨ᠂ ᠤᠯᠤᠰ᠎ᠤᠨ ᠭᠠᠵᠠᠷ ᠱᠢᠷᠣᠶ᠎ᠶ᠋ᠢᠨ ᠣᠷᠣᠨ ᠵᠠᠶ᠎ᠶ᠋ᠢᠨ ᠲᠥᠯᠥᠪᠵᠢᠭᠦᠯᠭᠡ᠎ᠶ᠋ᠢᠨ 《ᠨᠢᠭᠡ ᠵᠢᠷᠤᠭ》 ᠢ ᠪᠠᠢᠭᠤᠯᠵᠤ᠂ ᠲᠥᠯᠥᠪᠵᠢᠭᠦᠯᠭᠡ᠎ᠶ᠋ᠢ ᠪᠦᠲᠦᠮᠵᠢᠲᠡᠶ ᠬᠡᠷᠡᠭ᠌ᠵᠢᠭᠦᠯᠬᠦ᠌᠎ᠶ᠋ᠢ ᠪᠠᠲᠤᠯᠠᠨ᠎ᠠ᠃
ᠨᠠᠮ᠎ᠤᠨ ᠤᠳᠤᠷᠢᠳᠤᠯᠭ᠎ᠠ᠎ᠶ᠋ᠢ ᠴᠢᠩᠭ᠋ᠠᠳᠬᠠᠨ᠎ᠠ
ᠨᠠᠮ᠎ᠤᠨ ᠤᠳᠤᠷᠢᠳᠤᠯᠭ᠎ᠠ᠎ᠶ᠋ᠢ ᠪᠠᠷᠢᠮᠲᠠᠯᠠᠨ᠎ᠠ
ᠲᠦᠯᠦᠪᠵᠢᠭᠦᠯᠭᠡ᠎ᠶ᠋ᠢᠨ ᠭᠤᠤᠯ ᠴᠤᠭ᠍ᠴᠠ᠎ᠶ᠋ᠢᠨ ᠬᠠᠷᠢᠭᠤᠴᠠᠯᠭ᠎ᠠ᠎ᠶ᠋ᠢ ᠨᠠᠢᠳᠠᠪᠤᠷᠢᠵᠢᠭᠤᠯᠤᠨ᠎ᠠ
ᠰᠠᠯᠠᠭ᠎ᠠ ᠮᠥᠴᠢᠷ᠎ᠤᠨ ᠵᠥᠪᠳᠡᠯᠴᠡᠬᠦ᠌ ᠲᠣᠭ᠍ᠲᠠᠴᠠ᠎ᠶ᠋ᠢ ᠴᠢᠩᠭᠠᠳᠭᠠᠨ᠎ᠠ
ᠲᠥᠬᠥᠷᠵᠢᠭᠦᠯᠬᠦ ᠲᠥᠷᠥ᠎ᠶᠢᠨ ᠪᠣᠳᠣᠯᠭ᠎ᠠ ᠲᠣᠭᠲᠠᠭᠠᠬᠤ
ᠣᠷᠣᠨ ᠬᠤᠪᠢᠶᠠᠨ ᠬᠠᠮᠢᠶᠠᠷᠤᠭ᠍ᠰᠠᠨ ᠭᠠᠵᠠᠷ ᠱᠢᠷᠤᠢ᠎ᠶ᠋ᠢᠨ ᠲᠦᠷᠦ᠍᠎ᠶ᠋ᠢᠨ ᠪᠣᠳᠣᠯᠭ᠎ᠠ᠎ᠶ᠋ᠢ ᠳᠤᠭ᠍ᠲᠠᠭᠠᠨᠠ
ᠤᠯᠤᠰ᠎ᠤᠨ ᠠᠵᠤ ᠦᠢᠯᠡᠰ᠎ᠢ ᠲᠣᠬᠢᠷᠠᠭᠤᠯᠬᠤ ᠵᠢᠯᠤᠭᠤᠳᠭᠤ ᠭᠠᠷᠴᠠᠭ᠎ᠢ ᠨᠠᠢᠳᠠᠪᠤᠷᠢᠵᠢᠭᠤᠯᠤᠨ᠎ᠠ
ᠠᠵᠤ ᠦᠢᠯᠡᠰ᠎ᠦᠨ ᠵᠠᠬ᠎ᠠ ᠳᠡᠯᠭᠡᠭᠦᠷ᠎ᠲᠦ ᠣᠷᠤᠬᠤ ᠶᠢ ᠵᠦᠪᠰᠢᠶᠡᠷᠡᠬᠦ ᠪᠠ ᠤᠬᠤᠷᠢᠨ ᠭᠠᠷᠬᠤ ᠳᠦᠷᠢᠮ᠎ᠢ ᠴᠢᠩᠭ᠋ᠠᠳᠬᠠᠨ᠎ᠠ
ᠬᠦᠮᠦᠨ ᠠᠮᠠ᠎ᠶ᠋ᠢᠨ ᠨᠡᠭᠦᠵᠦ᠍ ᠣᠴᠢᠬᠤ᠎ᠶ᠋ᠢ ᠵᠣᠷᠢᠭ᠍ᠵᠢᠭᠤᠯᠬᠤ ᠲᠦᠷᠦ᠍᠎ᠶ᠋ᠢᠨ ᠪᠣᠳᠣᠯᠭ᠎ᠠ᠎ᠶ᠋ᠢ ᠳᠣᠭ᠍ᠲᠠᠭᠠᠨᠠ
ᠪᠡᠶᠡᠴᠢ ᠴᠣᠭ᠍ᠴᠠ᠎ᠶ᠋ᠢᠨ ᠴᠢᠳᠠᠮᠵᠢᠲᠤ ᠣᠷᠣᠨ᠎ᠢ ᠱᠢᠯᠭᠠᠨ ᠬᠢᠨᠠᠵᠤ ᠦᠨᠡᠯᠡᠬᠦ᠌ ᠠᠵᠢᠯ᠎ᠢ ᠴᠢᠩᠭ᠋ᠠᠳᠬᠠᠨ᠎ᠠ
ᠬᠡᠷᠡᠭ᠌ᠵᠢᠭᠦᠯᠬᠦ᠌ ᠲᠣᠭ᠍ᠲᠠᠴᠠ᠎ᠶ᠋ᠢ ᠲᠡᠭᠦᠯᠳᠡᠷᠵᠢᠭᠦᠯᠦᠨ᠎ᠡ
ᠬᠠᠮᠢᠶ᠎ᠠ ᠪᠦᠬᠦᠢ ᠳᠦᠷᠢᠮ ᠪᠠ ᠪᠠᠷᠢᠮᠵᠢᠶ᠎ᠠ᠎ᠶ᠋ᠢ ᠲᠡᠭᠦᠯᠳᠡᠷᠵᠢᠭᠦᠯᠦᠨ᠎ᠡ
ᠤᠯᠤᠰ᠎ᠤᠨ ᠭᠠᠵᠠᠷ ᠰᠢᠷᠤᠢ᠎ᠶᠢᠨ ᠣᠷᠣᠨ ᠵᠠᠢ᠎ᠶ᠋ᠢᠨ ᠬᠡᠷᠡᠭ᠌ᠯᠡᠭᠡᠨ᠎ᠤ ᠬᠠᠮᠢᠶᠠᠷᠤᠯᠲᠠ᠎ᠶ᠋ᠢ ᠨᠢᠭᠡᠳᠬᠡᠨ᠎ᠡ
ᠣᠯᠠᠨ ᠨᠡᠢᠲᠡ᠎ᠪᠡᠷ᠎ᠢᠶᠡᠨ ᠣᠷᠣᠯᠴᠠᠬᠤ᠎ᠶ᠋ᠢ ᠠᠬᠢᠭᠤᠯᠤᠨ᠎ᠠ
ᠡᠩᠨᠡᠭᠡᠨ᠎ᠦ ᠪᠠᠢᠭᠤᠯᠤᠯᠲᠠ᠎ᠶ᠋ᠢ ᠴᠢᠩᠭ᠋ᠠᠳᠬᠠᠨ᠎ᠠ
ᠨᠢᠭᠡᠳᠦᠯᠲᠡᠢ ᠲᠠᠪᠴᠠᠩ᠎ᠤᠨ ᠪᠠᠢᠭᠤᠯᠤᠯᠲᠠ
ᠤᠯᠤᠰ᠎ᠤᠨ ᠭᠠᠵᠠᠷ ᠰᠢᠷᠤᠢ᠎ᠶᠢᠨ ᠣᠷᠣᠨ ᠵᠠᠢ᠎ᠶ᠋ᠢᠨ ᠲᠤᠭᠠᠵᠢᠭᠤᠯᠤᠯᠳᠠ᠎ᠶ᠋ᠢᠨ ᠡᠬᠡ ᠵᠢᠷᠤᠭ᠎ᠢ ᠨᠢᠭᠡᠳᠭᠡᠨ᠎ᠡ
ᠤᠯᠤᠰ᠎ᠤᠨ ᠭᠠᠵᠠᠷ ᠱᠢᠷᠤᠢ᠎ᠶ᠋ᠢᠨ ᠤᠷᠤᠨ ᠵᠠᠢ᠎ᠶ᠋ᠢᠨ ᠲᠦᠯᠦᠪᠵᠢᠭᠦᠯᠭᠡ᠎ᠶ᠋ᠢᠨ 《ᠨᠢᠭᠡ ᠬᠠᠭᠤᠳᠠᠰᠤ ᠵᠢᠷᠤᠭ》 ᠢ ᠪᠠᠢᠭᠤᠯᠤᠨ᠎ᠠ
ᠤᠯᠤᠰ᠎ᠤᠨ ᠭᠠᠵᠠᠷ ᠰᠢᠷᠤᠢ᠎ᠶᠢᠨ ᠣᠷᠣᠨ ᠵᠠᠢ᠎ᠶ᠋ᠢᠨ ᠳ᠋ᠠᠢᠲ᠋ᠠ᠎ᠶ᠋ᠢ ᠬᠠᠮᠲᠤ᠎ᠪᠠᠷ ᠪᠠᠢᠭᠤᠯᠵᠤ ᠬᠠᠮᠲᠤ᠎ᠪᠠᠷ ᠡᠳ᠋ᠯᠡᠬᠦ᠌ ᠲᠣᠭ᠍ᠲᠠᠴᠠ᠎ᠶ᠋ᠢ ᠲᠡᠭᠦᠯᠳᠡᠷᠵᠢᠭᠦᠯᠦᠨ᠎ᠡ
ᠬᠢᠨᠠᠯᠲᠠ ᠬᠠᠮᠢᠶᠠᠷᠤᠯᠲᠠ᠎ᠶ᠋ᠢ ᠴᠢᠩᠭᠠᠷᠠᠭᠤᠯᠤᠨ᠎ᠠ
ᠤᠯᠤᠰ᠎ᠤ᠋ᠨ ᠭᠠᠵᠠᠷ ᠰᠢᠷᠤᠢ᠎ᠶᠢᠨ ᠣᠷᠣᠨ ᠵᠠᠢ᠎ᠶᠢᠨ ᠲᠥᠯᠥᠪᠵᠢᠭᠦᠯᠭᠡ᠎ᠶᠢ ᠬᠡᠷᠡᠭ᠌ᠵᠢᠭᠦᠯᠵᠦ᠍ ᠬᠢᠨᠠᠨ ᠬᠡᠮᠵᠢᠬᠦ᠌ ᠲᠣᠣᠷ ᠰᠦᠯᠵᠢᠶ᠎ᠡ᠎ᠶᠢ ᠪᠠᠢ᠌ᠭᠤᠯᠤᠨ᠎ᠠ
ᠲᠥᠯᠥᠪᠵᠢᠭᠦᠯᠭᠡ᠎ᠶ᠋ᠢᠨ ᠬᠥᠳᠡᠯᠦᠩᠭᠦᠶ ᠪᠠᠢᠳᠠᠯ᠎ᠢ ᠦᠨᠡᠯᠡᠨ ᠵᠢᠱ᠌ᠢᠬᠦ᠌ ᠲᠣᠬᠢᠷᠠᠭᠤᠯᠤᠯᠲᠠ᠎ᠶ᠋ᠢ ᠴᠢᠩᠳᠠᠯᠠᠨ᠎ᠠ
ᠲᠥᠯᠥᠪᠵᠢᠭᠦᠯᠭᠡ᠎ᠶ᠋ᠢᠨ ᠬᠢᠨᠠᠯᠲᠠ ᠬᠠᠮᠢᠶᠠᠷᠤᠯᠲᠠ᠎ᠶ᠋ᠢ ᠴᠢᠩᠭᠠᠳᠭᠠᠨ᠎ᠠ