ᠮᠠᠨ᠎ᠤ ᠣᠷᠣᠨ᠎ᠤ 2025 ᠣᠨ᠎ᠤ ᠭᠠᠵᠠᠷ ᠱᠢᠨᠵᠢᠯᠡᠭᠡᠨ᠎ᠤ ᠭᠠᠮᠱᠢᠭ᠎ᠢ ᠰᠡᠷᠭᠡᠢᠯᠡᠨ ᠵᠠᠰᠠᠬᠤ ᠠᠵᠢᠯ᠎ᠢ ᠦᠨᠡᠨ ᠬᠦ᠌ ᠰᠠᠢᠲᠤᠷ ᠬᠢᠵᠦ᠍᠂ ᠭᠠᠵᠠᠷ ᠱᠢᠨᠵᠢᠯᠡᠭᠡᠨ᠎ᠤ ᠭᠠᠮᠱᠢᠭ᠎ᠢ ᠰᠡᠷᠭᠡᠢᠯᠡᠨ ᠵᠠᠰᠠᠬᠤ ᠴᠢᠳᠠᠪᠤᠷᠢ᠎ᠶ᠋ᠢ ᠤᠯᠠᠮ ᠨᠢᠭᠡ ᠠᠯᠬᠤᠮ ᠳᠡᠭᠡᠭ᠌ᠰᠢᠯᠡᠭᠦᠯᠦᠨ᠂ ᠭᠠᠵᠠᠷ ᠱᠢᠨᠵᠢᠯᠡᠭᠡᠨ᠎ᠤ ᠭᠠᠮᠱᠢᠭ᠎ᠤᠨ ᠲᠦᠭ᠌ᠰᠢᠭᠦᠷᠢ᠎ᠶ᠋ᠢ ᠪᠦᠲᠦᠮᠵᠢᠲᠡᠶ ᠰᠡᠷᠭᠡᠢᠯᠡᠬᠦ᠌᠎ᠶ᠋ᠢᠨ ᠲᠥᠯᠥᠭᠡ᠂ ᠠᠷᠠᠳ ᠣᠯᠠᠨ᠎ᠤ ᠠᠮᠢ ᠨᠠᠰᠤ ᠡᠳ᠋ ᠬᠥᠷᠥᠩᠭᠡ᠎ᠶ᠋ᠢᠨ ᠠᠮᠤᠷ ᠲᠦᠪᠱᠢᠨ᠎ᠢ ᠬᠠᠮᠤᠭ᠎ᠤᠨ ᠶᠡᠭᠡ ᠬᠡᠮᠵᠢᠶ᠎ᠡ᠎ᠪᠠᠷ ᠬᠠᠮᠠᠭᠠᠯᠠᠪᠠ᠃ 2025 ᠣᠨ᠎ᠤ 5 ᠳ᠋ᠤᠭ᠋ᠠᠷ ᠰᠠᠷ᠎ᠠ᠎ᠳᠤ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠲᠢᠩᠬᠢᠮ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ 2025 ᠣᠨ᠎ᠤ ᠭᠠᠵᠠᠷ᠎ᠤᠨ ᠭᠠᠶ ᠭᠠᠮᠱᠢᠭ᠎ᠢ ᠰᠡᠷᠭᠡᠢᠯᠡᠨ ᠵᠠᠰᠠᠬᠤ ᠲᠥᠰᠦᠯ》 (ᠳᠣᠷᠣᠭ᠍ᠰᠢ 《ᠲᠥᠰᠦᠯ》 ᠭᠡᠵᠦ᠍ ᠲᠣᠪᠴᠢᠯᠠᠨ᠎ᠠ) ᠢ ᠨᠡᠢᠲᠡᠯᠡᠵᠦ᠍᠂ ᠪᠥᠬᠦ᠌ ᠣᠷᠣᠨ᠎ᠤ ᠭᠠᠵᠠᠷ᠎ᠤᠨ ᠭᠠᠶ ᠭᠠᠮᠱᠢᠭ᠎ᠢ ᠰᠡᠷᠭᠡᠢᠯᠡᠨ ᠵᠠᠰᠠᠬᠤ ᠠᠵᠢᠯ᠎ᠢ ᠤᠯᠠᠮ ᠨᠢᠭᠡ ᠠᠯᠬᠤᠮ ᠴᠢᠩᠭᠠᠳᠭᠠᠬᠤ᠎ᠳᠤ ᠦᠨᠳᠦᠰᠦᠯᠡᠯ ᠪᠠ ᠵᠢᠷᠤᠮᠯᠠᠯ ᠬᠠᠩᠭᠠᠪᠠ᠃
ᠨᠢᠭᠡ᠂ ᠶᠠᠭᠤᠨ᠎ᠳᠤ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ 2025 ᠣᠨ᠎ᠤ ᠭᠠᠵᠠᠷ᠎ᠤᠨ ᠭᠠᠮᠱᠢᠭ᠎ᠢ ᠰᠡᠷᠭᠡᠢᠯᠡᠨ ᠵᠠᠰᠠᠬᠤ ᠲᠥᠰᠦᠯ》 ᠢ ᠲᠣᠭ᠍ᠲᠠᠭᠠᠨ ᠨᠡᠢᠲᠡᠯᠡᠭ᠌ᠰᠡᠨ ᠪᠣᠶ?
《ᠭᠠᠵᠠᠷ᠎ᠤᠨ ᠭᠠᠶ ᠭᠠᠮᠱᠢᠭ᠎ᠢ ᠰᠡᠷᠭᠡᠢᠯᠡᠨ ᠵᠠᠰᠠᠬᠤ ᠲᠦᠷᠢᠮ》 ᠤᠨ ᠲᠣᠭ᠍ᠲᠠᠭᠠᠯ᠎ᠢ ᠦᠨᠳᠦᠰᠦᠯᠡᠨ᠂ ᠱᠢᠶᠠᠨ᠎ᠤ ᠱᠠᠲᠤᠨ᠎ᠠᠴᠠ ᠳᠡᠭᠡᠭ᠌ᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠪᠥᠲᠥᠭᠡᠨ ᠪᠠᠢᠭᠤᠯᠤᠯᠲᠠ᠂ ᠤᠰᠤᠨ ᠠᠱᠢᠭ᠍ᠯᠠᠯᠲᠠ᠂ ᠵᠠᠮ ᠬᠠᠷᠢᠯᠴᠠᠭ᠎ᠠ ᠵᠡᠷᠭᠡ ᠰᠠᠯᠠᠭ᠎ᠠ ᠮᠥᠴᠢᠷ᠎ᠲᠠᠢ ᠬᠠᠮᠲᠤᠷᠠᠨ ᠭᠠᠵᠠᠷ᠎ᠤᠨ ᠭᠠᠶ ᠭᠠᠮᠱᠢᠭ᠎ᠢ ᠰᠡᠷᠭᠡᠢᠯᠡᠨ ᠵᠠᠰᠠᠬᠤ ᠲᠥᠯᠥᠪᠵᠢᠭᠦᠯᠭᠡ᠎ᠶ᠋ᠢ ᠦᠨᠳᠦᠰᠦᠯᠡᠨ᠂ ᠣᠨ᠎ᠤ ᠭᠠᠵᠠᠷ᠎ᠤᠨ ᠭᠠᠶ ᠭᠠᠮᠱᠢᠭ᠎ᠢ ᠰᠡᠷᠭᠡᠢᠯᠡᠨ ᠵᠠᠰᠠᠬᠤ ᠲᠥᠰᠦᠯ᠎ᠢ ᠲᠣᠭ᠍ᠲᠠᠭᠠᠵᠤ᠂ ᠲᠣᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠦᠨ ᠵᠥᠪᠱᠢᠶᠡᠷᠡᠭᠦᠯᠦᠭ᠌ᠰᠡᠨ᠎ᠤ ᠳᠠᠷᠠᠭ᠎ᠠ ᠨᠡᠢᠲᠡᠯᠡᠵᠦ᠍᠂ ᠵᠢᠯ ᠪᠦᠷᠢ ᠨᠢᠭᠡ ᠤᠳᠠᠭ᠎ᠠ ᠨᠡᠢᠲᠡᠯᠡᠨ᠎ᠡ᠃ ᠲᠥᠰᠦᠯ᠎ᠢ ᠨᠡᠢᠲᠡᠯᠡᠨ ᠨᠠᠢᠳᠠᠪᠤᠷᠢᠵᠢᠭᠤᠯᠤᠭ᠍ᠰᠠᠨ᠎ᠨᠢ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠬᠤᠯᠪᠣᠭ᠍ᠳᠠᠯ ᠪᠦᠬᠦᠢ ᠠᠵᠢᠯ᠎ᠤᠨ ᠱᠠᠭᠠᠷᠳᠠᠯᠭ᠎ᠠ᠎ᠶ᠋ᠢ ᠨᠠᠢᠳᠠᠪᠤᠷᠢᠵᠢᠭᠤᠯᠵᠤ᠂ ᠭᠠᠵᠠᠷ᠎ᠤᠨ ᠭᠠᠶ ᠭᠠᠮᠱᠢᠭ᠎ᠢ ᠰᠡᠷᠭᠡᠢᠯᠡᠨ ᠵᠠᠰᠠᠬᠤ ᠴᠢᠳᠠᠪᠤᠷᠢ᠎ᠶ᠋ᠢᠨ ᠱᠢᠰᠲ᠋ᠧᠮᠵᠢ᠎ᠶ᠋ᠢᠨ ᠪᠠᠢᠭᠤᠯᠤᠯᠲᠠ᠎ᠶ᠋ᠢ ᠲᠦᠯᠬᠢᠨ ᠠᠬᠢᠭᠤᠯᠵᠤ᠂ ᠠᠵᠤ ᠠᠬᠤᠶ ᠨᠡᠢᠭᠡᠮ᠎ᠤᠨ ᠪᠥᠬᠦ᠌ ᠲᠠᠯ᠎ᠠ᠎ᠶ᠋ᠢᠨ ᠦᠷᠭᠦᠯᠵᠢᠯᠡᠨ ᠬᠥᠭ᠌ᠵᠢᠬᠦ᠌᠎ᠶ᠋ᠢ ᠬᠠᠮᠤᠭ᠎ᠤᠨ ᠶᠡᠭᠡ ᠬᠡᠮᠵᠢᠶ᠎ᠡ᠎ᠪᠠᠷ ᠪᠠᠲᠤᠯᠠᠵᠤ᠂ ᠠᠷᠠᠳ ᠣᠯᠠᠨ᠎ᠤ ᠠᠮᠢ ᠨᠠᠰᠤ ᠡᠳ᠋ ᠬᠥᠷᠥᠩᠭᠡ᠎ᠶ᠋ᠢᠨ ᠠᠮᠤᠷ ᠲᠦᠪᠱᠢᠨ᠎ᠢ ᠪᠠᠲᠤᠯᠠᠬᠤ᠎ᠳᠤ ᠴᠢᠬᠤᠯᠠ ᠠᠴᠢ ᠬᠤᠯᠪᠣᠭ᠍ᠳᠠᠯ᠎ᠲᠠᠢ ᠶᠤᠮ᠃
ᠬᠤᠶᠠᠷ᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ 2025 ᠣᠨ᠎ᠤ ᠭᠠᠵᠠᠷ᠎ᠤᠨ ᠭᠠᠶ ᠭᠠᠮᠱᠢᠭ᠎ᠢ ᠰᠡᠷᠭᠡᠢᠯᠡᠨ ᠵᠠᠰᠠᠬᠤ ᠲᠥᠰᠦᠯ》 ᠳᠤ ᠲᠣᠭ᠍ᠲᠠᠭᠠᠭ᠍ᠰᠠᠨ ᠭᠤᠤᠯ ᠦᠨᠳᠦᠰᠦᠯᠡᠯ᠎ᠨᠢ ᠶᠠᠭᠤ ᠪᠣᠶ?
《ᠲᠥᠰᠦᠯ》 ᠢ ᠲᠣᠭ᠍ᠲᠠᠭᠠᠬᠤ᠎ᠳᠤ᠂ ᠭᠤᠤᠯᠳᠠᠭᠤ 《ᠭᠠᠵᠠᠷ᠎ᠤᠨ ᠭᠠᠶ ᠭᠠᠮᠱᠢᠭ᠎ᠢ ᠰᠡᠷᠭᠡᠢᠯᠡᠨ ᠵᠠᠰᠠᠬᠤ ᠲᠦᠷᠢᠮ》 ᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠭᠠᠵᠠᠷ᠎ᠤᠨ ᠭᠠᠶ ᠭᠠᠮᠱᠢᠭ᠎ᠢ ᠰᠡᠷᠭᠡᠢᠯᠡᠨ ᠵᠠᠰᠠᠬᠤ ᠲᠥᠯᠥᠪᠵᠢᠭᠦᠯᠭᠡ (2021 - 2025)》᠂ 《2025 ᠣᠨ᠎ᠤ ᠪᠥᠬᠦ᠌ ᠤᠯᠤᠰ᠎ᠤᠨ ᠭᠠᠵᠠᠷ᠎ᠤᠨ ᠭᠠᠶ ᠭᠠᠮᠱᠢᠭ᠎ᠢ ᠰᠡᠷᠭᠡᠢᠯᠡᠨ ᠵᠠᠰᠠᠬᠤ ᠠᠵᠢᠯ᠎ᠤᠨ ᠭᠤᠤᠯᠳᠠᠯᠭ᠎ᠠ》 ᠂《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠭᠠᠮᠱᠢᠭ᠎ᠢ ᠰᠡᠷᠭᠡᠢᠯᠡᠨ ᠭᠠᠮᠱᠢᠭ᠎ᠢ ᠪᠠᠭᠠᠰᠭᠠᠬᠤ ᠵᠢᠯᠣᠭᠤᠳᠭᠤ ᠭᠠᠵᠠᠷ᠎ᠤᠨ 2025 ᠣᠨ᠎ᠤ ᠠᠵᠢᠯ᠎ᠤᠨ ᠭᠤᠤᠯᠳᠠᠯᠭ᠎ᠠ》 ᠵᠡᠷᠭᠡ᠎ᠶ᠋ᠢ ᠦᠨᠳᠦᠰᠦᠯᠡᠨ ᠲᠣᠭ᠍ᠲᠠᠭᠠᠨ᠎ᠠ᠃
ᠭᠤᠷᠪᠠ᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ 2025 ᠣᠨ᠎ᠤ ᠭᠠᠵᠠᠷ᠎ᠤᠨ ᠭᠠᠶ ᠭᠠᠮᠱᠢᠭ᠎ᠢ ᠰᠡᠷᠭᠡᠢᠯᠡᠨ ᠵᠠᠰᠠᠬᠤ ᠲᠥᠰᠦᠯ》 ᠤᠨ ᠭᠤᠤᠯ ᠠᠭᠤᠯᠭ᠎ᠠ᠎ᠨᠢ ᠶᠠᠭᠤ ᠶᠠᠭᠤ ᠪᠣᠶ?
《ᠲᠥᠰᠦᠯ》 ᠨᠢ ᠨᠡᠢᠲᠡ ᠲᠤᠯᠤᠭᠠᠨ ᠲᠠᠯ᠎ᠠ᠎ᠶ᠋ᠢᠨ ᠠᠭᠤᠯᠭ᠎ᠠ ᠲᠠᠢ᠂ ᠭᠤᠤᠯᠳᠠᠭᠤ ᠮᠠᠨ᠎ᠤ ᠣᠷᠣᠨ᠎ᠤ ᠭᠠᠵᠠᠷ᠎ᠤᠨ ᠭᠠᠶ ᠭᠠᠮᠱᠢᠭ᠎ᠤᠨ ᠲᠦᠢᠮᠣ ᠪᠠᠢᠳᠠᠯ᠂ 2024 ᠣᠨ᠎ᠤ ᠭᠠᠵᠠᠷ᠎ᠤᠨ ᠭᠠᠶ ᠭᠠᠮᠱᠢᠭ ᠡᠭᠦᠰᠦᠭ᠌ᠰᠡᠨ ᠪᠠᠢᠳᠠᠯ᠂ 2025 ᠣᠨ᠎ᠤ ᠭᠠᠵᠠᠷ᠎ᠤᠨ ᠭᠠᠶ ᠭᠠᠮᠱᠢᠭ᠎ᠤᠨ ᠬᠠᠨᠳᠤᠰᠢ᠎ᠶ᠋ᠢ ᠲᠥᠰᠦᠭᠡᠯᠡᠬᠦ᠂ ᠭᠠᠵᠠᠷ᠎ᠤᠨ ᠭᠠᠶ ᠭᠠᠮᠱᠢᠭ᠎ᠢ ᠰᠡᠷᠭᠡᠢᠯᠡᠨ ᠵᠠᠰᠠᠬᠤ ᠭᠤᠤᠯᠳᠠᠯᠭ᠎ᠠ᠂ 2025 ᠣᠨ᠎ᠤ ᠭᠤᠤᠯ ᠡᠭᠦᠷᠭᠡ᠎ᠳᠤ ᠬᠤᠯᠪᠣᠭ᠍ᠳᠠᠵᠤ᠂ ᠪᠠᠲᠤᠯᠠᠭ᠎ᠠ᠎ᠶ᠋ᠢᠨ ᠠᠷᠭ᠎ᠠ ᠬᠡᠮᠵᠢᠶ᠎ᠡ ᠵᠢᠴᠢ ᠭᠠᠵᠠᠷ᠎ᠤᠨ ᠭᠠᠶ ᠭᠠᠮᠱᠢᠭ᠎ᠢ ᠬᠢᠨᠠᠨ ᠬᠡᠮᠵᠢᠬᠦ᠌ ᠪᠠ ᠤᠷᠢᠳᠴᠢᠯᠠᠨ ᠰᠡᠷᠭᠡᠢᠯᠡᠬᠦ᠌ ᠬᠠᠷᠢᠭᠤᠴᠠᠯᠭ᠎ᠠ᠎ᠶ᠋ᠢ ᠪᠠᠲᠤᠯᠠᠨ᠎ᠠ᠃ ᠡᠭᠦᠨ᠎ᠳᠤ 2025 ᠣᠨ᠎ᠤ ᠭᠤᠤᠯ ᠪᠣᠯᠬᠤ ᠠᠵᠢᠯ᠎ᠤᠨ ᠡᠭᠦᠷᠭᠡ᠎ᠨᠢ ᠭᠠᠵᠠᠷ᠎ᠤᠨ ᠭᠠᠶ ᠭᠠᠮᠱᠢᠭ᠎ᠢ ᠰᠡᠷᠭᠡᠢᠯᠡᠨ ᠵᠠᠰᠠᠬᠤ ᠲᠠᠪᠴᠠᠩ᠎ᠢ ᠲᠠᠰ ᠳᠡᠪᠱᠢᠭᠦᠯᠦᠨ ᠲᠡᠭᠦᠯᠳᠡᠷᠵᠢᠭᠦᠯᠬᠦ᠂ 《ᠳᠠᠯᠳᠠ ᠬᠡᠮ᠎ᠲᠠᠢ ᠭᠠᠵᠠᠷ + ᠠᠶᠤᠯ ᠲᠦᠭ᠌ᠰᠢᠭᠦᠷᠢᠲᠦ ᠣᠷᠣᠨ》 ᠤ ᠭᠠᠵᠠᠷ᠎ᠤᠨ ᠭᠠᠶ ᠭᠠᠮᠱᠢᠭ᠎ᠢ ᠪᠠᠢᠴᠠᠭᠠᠨ ᠦᠨᠡᠯᠡᠬᠦ᠌ ᠠᠵᠢᠯ᠎ᠢ ᠦᠷᠭᠦᠯᠵᠢᠯᠡᠨ ᠠᠬᠢᠭᠤᠯᠬᠤ᠂ 《ᠠᠷᠪᠠᠨ ᠲᠠᠪᠤᠳᠤᠭᠠᠷ ᠲᠠᠪᠤᠨ ᠵᠢᠯ》 ᠤᠨ ᠭᠠᠵᠠᠷ᠎ᠤᠨ ᠭᠠᠶ ᠭᠠᠮᠱᠢᠭ᠎ᠢ ᠰᠡᠷᠭᠡᠢᠯᠡᠨ ᠵᠠᠰᠠᠬᠤ ᠲᠥᠯᠥᠪᠵᠢᠭᠦᠯᠭᠡ᠎ᠶ᠋ᠢ ᠨᠠᠢᠷᠠᠭᠤᠯᠤᠨ ᠵᠣᠬᠢᠶᠠᠬᠤ ᠠᠵᠢᠯ᠎ᠢ ᠰᠠᠢᠲᠤᠷ ᠬᠢᠬᠦ᠂ ᠳᠠᠯᠳᠠ ᠬᠥᠨᠥᠭᠡᠯ᠎ᠲᠠᠢ ᠭᠠᠵᠠᠷ ᠪᠠ ᠠᠶᠤᠯ ᠲᠦᠭ᠌ᠰᠢᠭᠦᠷᠢ᠎ᠶ᠋ᠢᠨ ᠣᠷᠣᠨ᠎ᠢ ᠱᠢᠨᠡᠳᠭᠡᠨ ᠪᠠᠢᠴᠠᠭᠠᠬᠤ ᠠᠵᠢᠯ᠎ᠢ ᠵᠣᠬᠢᠶᠠᠨ ᠪᠠᠢᠭᠤᠯᠤᠨ ᠬᠡᠷᠡᠭ᠌ᠵᠢᠭᠦᠯᠬᠦ᠂ ᠭᠠᠵᠠᠷ᠎ᠤᠨ ᠭᠠᠶ ᠭᠠᠮᠱᠢᠭ᠎ᠤᠨ ᠠᠶᠤᠯ ᠲᠦᠭ᠌ᠰᠢᠭᠦᠷᠢ᠎ᠶ᠋ᠢ ᠬᠥᠳᠡᠯᠦᠩᠭᠦᠶ᠎ᠪᠠᠷ ᠲᠣᠭᠤᠷᠢᠨ ᠪᠠᠢᠴᠠᠭᠠᠵᠤ ᠵᠢᠭ᠍ᠰᠠᠭᠠᠨ ᠪᠠᠢᠴᠠᠭᠠᠬᠤ ᠠᠵᠢᠯ᠎ᠢ ᠬᠢᠨᠠᠮᠠᠭᠠᠶ ᠥᠷᠨᠢᠭᠦᠯᠬᠦ᠂ ᠶᠡᠷᠦᠩᠬᠡᠢᠯᠡᠭ᠌ᠰᠡᠨ ᠬᠢᠨᠠᠨ ᠬᠡᠮᠵᠢᠵᠦ᠍ ᠤᠷᠢᠳᠴᠢᠯᠠᠨ ᠰᠡᠷᠡᠮᠵᠢᠯᠡᠭᠦᠯᠬᠦ᠌ ᠠᠵᠢᠯ᠎ᠢ ᠦᠷᠭᠦᠯᠵᠢᠯᠡᠨ ᠰᠠᠢᠲᠤᠷ ᠬᠢᠬᠦ᠂ ᠭᠠᠵᠠᠷ᠎ᠤᠨ ᠭᠠᠶ ᠭᠠᠮᠱᠢᠭ᠎ᠢ ᠶᠡᠷᠦᠩᠬᠡᠢᠯᠡᠨ ᠵᠠᠰᠠᠬᠤ ᠢᠨᠵᠧᠨᠧᠷᠢᠩ᠎ᠢ ᠲᠦᠷᠭᠡᠳᠭᠡᠨ ᠪᠡᠶᠡᠯᠡᠭᠦᠯᠬᠦ᠂ ᠵᠢᠵᠢᠭᠦᠷᠯᠡᠨ ᠰᠠᠬᠢᠬᠤ᠎ᠶ᠋ᠢ ᠴᠢᠩᠭᠠᠳᠭᠠᠬᠤ᠂ ᠭᠡᠨᠡᠳᠲᠡ ᠡᠭᠦᠰᠭᠦ ᠭᠠᠵᠠᠷ᠎ᠤᠨ ᠭᠠᠶ ᠭᠠᠮᠱᠢᠭ᠎ᠤᠨ ᠪᠠᠴᠢᠮ ᠪᠠᠢᠳᠠᠯ᠎ᠢ ᠠᠷᠭ᠋ᠠᠴᠠᠭ᠋ᠠᠨ ᠱᠢᠢᠳᠪᠦᠷᠢᠯᠡᠬᠦ᠌ ᠠᠷᠪᠠᠨ ᠲᠠᠯ᠎ᠠ᠎ᠶ᠋ᠢᠨ ᠠᠵᠢᠯ᠎ᠢ ᠰᠠᠢᠲᠤᠷ ᠬᠢᠬᠦ᠌ ᠵᠡᠷᠭᠡ ᠪᠠᠭ᠍ᠲᠠᠨ᠎ᠠ᠃
ᠳᠥᠷᠪᠡ᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ 2025 ᠣᠨ᠎ᠤ ᠭᠠᠵᠠᠷ᠎ᠤᠨ ᠭᠠᠶ ᠭᠠᠮᠱᠢᠭ᠎ᠢ ᠰᠡᠷᠭᠡᠢᠯᠡᠨ ᠵᠠᠰᠠᠬᠤ ᠲᠥᠰᠦᠯ》 ᠤᠨ ᠲᠣᠬᠢᠷᠠᠭᠤᠯᠤᠯᠲᠠ᠎ᠶ᠋ᠢ ᠦᠨᠳᠦᠰᠦᠯᠡᠨ᠂ 2025 ᠣᠨ᠎ᠳᠤ ᠮᠠᠨ᠎ᠤ ᠣᠷᠣᠨ᠎ᠤ ᠭᠠᠵᠠᠷ᠎ᠤᠨ ᠭᠠᠶ ᠭᠠᠮᠱᠢᠭ᠎ᠢ ᠭᠤᠤᠯᠳᠠᠯᠭ᠎ᠠ᠎ᠲᠠᠢ ᠰᠡᠷᠭᠡᠢᠯᠡᠬᠦ᠌ ᠣᠷᠣᠨ ᠪᠦᠰᠡ᠎ᠳᠤ ᠶᠠᠭᠤ ᠪᠠᠢ᠌ᠬᠤ ᠪᠣᠶ?
《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ 2025 ᠣᠨ᠎ᠤ ᠭᠠᠵᠠᠷ ᠱᠢᠨᠵᠢᠯᠡᠭᠡᠨ᠎ᠤ ᠭᠠᠮᠱᠢᠭ᠎ᠢ ᠰᠡᠷᠭᠡᠢᠯᠡᠨ ᠵᠠᠰᠠᠬᠤ ᠲᠥᠰᠥᠯ》 ᠤᠨ ᠠᠵᠢᠯ᠎ᠤᠨ ᠲᠣᠬᠢᠷᠠᠭᠤᠯᠤᠯᠲᠠ᠎ᠨᠢ ᠪᠥᠬᠦ᠌ ᠣᠷᠣᠨ᠎ᠤ ᠭᠠᠵᠠᠷ ᠱᠢᠨᠵᠢᠯᠡᠭᠡᠨ᠎ᠤ ᠭᠠᠮᠱᠢᠭ᠎ᠢ ᠰᠡᠷᠭᠡᠢᠯᠡᠨ ᠵᠠᠰᠠᠬᠤ ᠠᠵᠢᠯ᠎ᠢ ᠥᠷᠨᠢᠭᠦᠯᠬᠦ᠌᠎ᠳᠤ ᠬᠡᠷᠡᠭ᠌ᠯᠡᠨ᠎ᠡ᠂ ᠡᠭᠦᠨ᠎ᠳᠤ 2025 ᠣᠨ᠎ᠤ ᠭᠠᠵᠠᠷ ᠱᠢᠨᠵᠢᠯᠡᠭᠡᠨ᠎ᠤ ᠭᠠᠮᠱᠢᠭ᠎ᠢ ᠭᠤᠣᠯᠳᠠᠯᠭ᠎ᠠ᠎ᠲᠠᠢ ᠰᠡᠷᠭᠡᠢᠯᠡᠬᠦ᠌ ᠣᠷᠣᠨ ᠪᠦᠰᠡ᠎ᠳᠤ᠄ ᠶᠡᠭᠡ ᠬᠢᠩᠭᠠᠨ ᠳᠠᠪᠠᠭ᠎ᠠ᠎ᠶ᠋ᠢᠨ ᠠᠭᠤᠯᠠᠷᠬᠠᠭ ᠭᠠᠵᠠᠷ᠎ᠤᠨ ᠡᠮᠦᠨ᠎ᠡ ᠬᠡᠰᠡᠭ᠎ᠤᠨ ᠳᠤᠮᠳᠠ ᠪᠤᠭᠤᠨᠢ ᠠᠭᠤᠯᠠᠷᠬᠠᠭ ᠤᠷᠤᠨ ᠨᠢ ᠵᠠᠯᠠᠨ ᠠᠢᠯ — ᠤᠯᠠᠭᠠᠨᠬᠤᠳᠠ — ᠱᠤᠭᠤᠮ᠎ᠠᠴᠠ ᠡᠮᠦᠨ᠎ᠡ᠂ ᠤᠯᠠᠭᠠᠨᠬᠠᠳᠠ ᠬᠤᠳᠠ᠎ᠶ᠋ᠢᠨ ᠤᠩᠨᠢᠭᠤᠳ ᠬᠤᠱᠢᠭᠤᠨ᠎ᠠᠴᠠ ᠤᠮᠠᠷᠠᠱᠢᠬᠢ ᠤᠷᠤᠨ ; ᠮᠤᠨᠢ ᠠᠭᠤᠯᠠ᠎ᠶ᠋ᠢᠨ ᠠᠭᠤᠯᠠᠨ ᠭᠠᠵᠠᠷ᠎ᠤᠨ ᠵᠡᠭᠦᠨ ᠬᠡᠰᠡᠭ᠎ᠤᠨ ᠲᠤᠤᠷ᠎ᠠ ᠲᠤᠮᠳᠠ ᠠᠭᠤᠯᠠᠷᠬᠠᠭ ᠤᠷᠤᠨ᠂ ᠶᠠᠨᠱᠠᠨ ᠠᠭᠤᠯᠠ᠎ᠶ᠋ᠢᠨ ᠠᠷᠤ ᠬᠤᠷᠮᠤᠢ᠎ᠳᠤ ᠲᠠᠷᠬᠠᠵᠤ ᠪᠤᠢ; ᠮᠤᠨᠢ ᠠᠭᠤᠯᠠ᠎ᠶ᠋ᠢᠨ ᠲᠤᠮᠳᠠ ᠪᠠᠷᠠᠭᠤᠨ ᠬᠡᠰᠡᠭ᠎ᠤᠨ ᠲᠤᠤᠷ᠎ᠠ ᠲᠤᠮᠳᠠ ᠠᠭᠤᠯᠠᠷᠬᠠᠭ ᠤᠷᠤᠨ᠎ᠨᠢ ᠹᠧᠩᠵᠧᠨ — ᠵᠢᠨᠢᠩ᠎ᠡᠴᠡ ᠪᠠᠷᠠᠭᠤᠨᠰᠢ ᠮᠤᠨᠢ ᠠᠭᠤᠯᠠ᠎ᠶ᠋ᠢᠨ ᠠᠭᠤᠯᠠᠨ ᠭᠠᠵᠠᠷ ᠪᠤᠯᠤᠨ ᠯᠠᠩᠱᠠᠨ ᠱᠤᠭᠤᠮ᠎ᠢᠶᠠᠷ ᠲᠠᠷᠬᠠᠵᠤ ᠪᠤᠢ; ᠣᠷᠳᠣᠰ᠎ᠤᠨ ᠥᠨᠳᠦᠷᠯᠢᠭ᠎ᠤᠨ ᠱᠢᠷ᠎ᠠ ᠬᠥᠷᠥᠰᠥᠲᠦ ᠳᠣᠪᠣᠷᠬᠠᠭ ᠭᠠᠵᠠᠷ ᠵᠢᠴᠢ ᠳᠣᠯᠭᠢᠶᠠᠯᠢᠭ ᠥᠨᠳᠥᠷ ᠲᠠᠯ᠎ᠠ᠎ᠶ᠋ᠢᠨ ᠵᠡᠭᠦᠨ ᠬᠡᠰᠡᠭ᠎ᠨᠢ ᠣᠷᠳᠣᠰ᠎ᠤᠨ ᠥᠨᠳᠦᠷᠯᠢᠭ᠎ᠤᠨ ᠵᠡᠭᠦᠨ ᠬᠡᠰᠡᠭ ᠨᠢ ᠣᠷᠳᠣᠰ᠎ᠤᠨ ᠥᠨᠳᠥᠷᠯᠢᠭ᠎ᠦᠨ ᠵᠡᠭᠦᠨ ᠬᠡᠰᠡᠭ᠎ᠢᠶᠡᠷ ᠲᠠᠷᠬᠠᠵᠤ ᠪᠤᠢ ; ᠣᠷᠳᠣᠰ᠎ᠤᠨ ᠥᠨᠳᠦᠷᠯᠢᠭ᠎ᠤᠨ ᠳᠣᠣᠷ᠎ᠠ ᠳᠤᠮᠳᠠ ᠠᠭᠤᠯᠠᠷᠬᠠᠭ ᠣᠷᠣᠨ ᠨᠢ ᠣᠷᠳᠣᠰ᠎ᠤᠨ ᠥᠨᠳᠦᠷᠯᠢᠭ᠎ᠤᠨ ᠪᠠᠷᠠᠭᠤᠨ ᠬᠡᠰᠡᠭ᠎ᠤᠨ ᠱᠢᠷᠡᠭᠡ᠎ᠲᠦ ᠠᠭᠤᠯᠠᠨ᠎ᠳᠤ ᠲᠠᠷᠬᠠᠵᠤ ᠪᠤᠢ; ᠪᠣᠷᠣᠳᠣᠬᠣᠢ᠎ᠶᠢᠨ ᠲᠠᠯ᠎ᠠ ᠭᠠᠵᠠᠷ᠎ᠤᠨ ᠠᠭᠤᠯᠠ᠎ᠶᠢᠨ ᠡᠮᠦᠨ᠎ᠡ᠎ᠡᠴᠡ ᠬᠡᠯᠪᠡᠢᠭᠰᠡᠨ ᠲᠠᠯ᠎ᠠ ᠭᠠᠵᠠᠷ᠎ᠤᠨ ᠣᠷᠣᠨ ᠨᠢ ᠳᠠᠯᠠᠨ ᠬᠠᠷ᠎ᠠ ᠠᠭᠤᠯᠠ — ᠯᠠᠩᠱᠠᠨ ᠠᠭᠤᠯᠠ᠎ᠶᠢᠨ ᠡᠮᠦᠨ᠎ᠡ ᠲᠠᠷᠬᠠᠵᠤ ᠪᠣᠶ ; ᠭᠠᠵᠠᠷ ᠬᠥᠳᠡᠯᠦᠯᠲᠡ᠎ᠶᠢᠨ ᠭᠠᠵᠠᠷ᠎ᠤᠨ ᠭᠠᠮᠰᠢᠭ᠋᠎ᠲᠤ ᠨᠥᠯᠥᠭᠡᠯᠡᠭᠳᠡᠭᠰᠡᠨ ᠣᠷᠣᠨ᠎ᠳᠤ ᠭᠣᠣᠯᠳᠠᠭᠤ ᠪᠠᠶᠠᠨᠨᠠᠭᠤᠷ — ᠬᠥᠬᠡᠬᠣᠲᠠ ᠱᠤᠭᠤᠮ᠎ᠤᠨ ᠪᠣᠷᠣᠳᠣᠬᠣᠢ᠎ᠶᠢᠨ ᠢᠷᠭᠠᠢ᠎ᠶᠢᠨ ᠭᠠᠵᠠᠷ ᠬᠥᠳᠡᠯᠦᠯᠲᠡ᠎ᠶᠢᠨ ᠪᠦᠰᠡ᠂ ᠠᠯᠠᠱᠠ ᠣᠷᠣᠨ᠎ᠤ ᠠᠷᠴᠠᠨ — ᠴᠢ ᠯᠢᠶᠠᠨ ᠱᠠᠨ ᠠᠭᠤᠯᠠ᠎ᠶᠢᠨ ᠭᠠᠵᠠᠷ ᠬᠥᠳᠡᠯᠦᠯᠲᠡ᠎ᠶᠢᠨ ᠪᠦᠰᠡ ᠂ ᠤᠯᠠᠭᠠᠨᠬᠠᠳᠠ᠎ᠶᠢᠨ ᠵᠡᠭᠦᠨ ᠡᠮᠦᠨᠡᠲᠦ ᠬᠡᠰᠡᠭ᠎ᠦᠨ ᠤᠮᠠᠷᠠᠲᠤ᠎ᠶᠢᠨ ᠲᠠᠯ᠎ᠠ ᠭᠠᠵᠠᠷ᠎ᠤᠨ ᠭᠠᠵᠠᠷ ᠬᠥᠳᠡᠯᠦᠯᠲᠡ᠎ᠶᠢᠨ ᠪᠦᠰᠡ ᠪᠣᠶ ᠃
ᠲᠠᠪᠤ᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ 2025 ᠣᠨ᠎ᠤ ᠭᠠᠵᠠᠷ᠎ᠤᠨ ᠭᠠᠶ ᠭᠠᠮᠱᠢᠭ᠎ᠢ ᠰᠡᠷᠭᠡᠢᠯᠡᠨ ᠵᠠᠰᠠᠬᠤ ᠲᠥᠰᠦᠯ》᠎ᠤᠨ ᠲᠣᠬᠢᠷᠠᠭᠤᠯᠤᠯᠲᠠ᠎ᠶ᠋ᠢ ᠦᠨᠳᠦᠰᠦᠯᠡᠨ᠂ 2025 ᠣᠨ᠎ᠳᠤ ᠮᠠᠨ᠎ᠤ ᠣᠷᠣᠨ ᠭᠡᠨᠡᠳᠲᠡ ᠡᠭᠦᠰᠭᠦ ᠭᠠᠵᠠᠷ᠎ᠤᠨ ᠭᠠᠶ ᠭᠠᠮᠱᠢᠭ᠎ᠢ ᠰᠡᠷᠭᠡᠢᠯᠡᠨ ᠱᠢᠢᠳᠪᠦᠷᠢᠯᠡᠬᠦ᠌ ᠠᠵᠢᠯ᠎ᠢ ᠬᠡᠷᠬᠢᠨ ᠴᠢᠩᠭᠠᠳᠭᠠᠬᠤ ᠪᠣᠶ
ᠭᠡᠨᠡᠳᠲᠡ᠎ᠶ᠋ᠢᠨ ᠭᠠᠵᠠᠷ᠎ᠤᠨ ᠭᠠᠶ ᠭᠠᠮᠱᠢᠭ᠎ᠢ ᠰᠡᠷᠭᠡᠢᠯᠡᠨ ᠱᠢᠢᠳᠪᠦᠷᠢᠯᠡᠬᠦ᠌ ᠠᠵᠢᠯ᠎ᠢ ᠰᠠᠢᠲᠤᠷ ᠬᠢᠬᠦ᠌᠎ᠶ᠋ᠢᠨ ᠲᠤᠰᠠᠳᠠ᠂ ᠡᠯ᠎ᠡ ᠱᠠᠲᠤᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠲᠣᠰ ᠭᠠᠵᠠᠷ᠎ᠤᠨ ᠪᠠᠢᠭᠠᠯᠢ ( ᠭᠠᠵᠠᠷ ᠰᠢᠨᠵᠢᠯᠡᠭᠡ )᠎ᠦᠨ ᠭᠠᠶ ᠭᠠᠮᠱᠢᠭ᠎ᠢ ᠰᠡᠷᠭᠡᠢᠯᠡᠨ ᠵᠠᠰᠠᠬᠤ ᠬᠡᠷᠡᠭ ᠵᠥᠪᠯᠡᠵᠦ᠍ ᠵᠣᠬᠢᠴᠠᠭᠤᠯᠬᠤ ᠲᠣᠭ᠍ᠲᠠᠴᠠ᠎ᠶ᠋ᠢ ᠭᠦᠢ᠍ᠴᠡᠳ ᠠᠱᠢᠭ᠍ᠯᠠᠨ᠂ ᠣᠷᠣᠨ ᠰᠠᠭᠤᠴᠠ ᠪᠠ ᠬᠤᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠂ ᠵᠠᠮ ᠬᠠᠷᠢᠯᠴᠠᠭ᠎ᠠ ᠲᠡᠭᠡᠭᠡᠪᠦᠷᠢ᠂ ᠤᠰᠤᠨ ᠠᠱᠢᠭ᠍ᠯᠠᠯᠲᠠ᠂ ᠪᠠᠴᠢᠮ ᠪᠠᠢᠳᠠᠯ᠎ᠢ ᠠᠷᠭ᠋ᠠᠴᠠᠭ᠋ᠠᠬᠤ ᠵᠡᠷᠭᠡ ᠰᠠᠯᠠᠭ᠎ᠠ ᠮᠥᠴᠢᠷ᠎ᠤᠨ ᠪᠠᠷᠢᠯᠭ᠎ᠠ᠎ᠶ᠋ᠢᠨ ᠠᠵᠢᠯᠯᠠᠭ᠎ᠠ᠎ᠶ᠋ᠢᠨ ᠬᠦᠷᠢᠶᠡᠨ᠎ᠳᠠᠬᠢ ᠭᠠᠵᠠᠷ᠎ᠤᠨ ᠭᠠᠶ ᠭᠠᠮᠱᠢᠭ᠎ᠢ ᠰᠡᠷᠭᠡᠢᠯᠡᠨ ᠵᠠᠰᠠᠬᠤ᠎ᠶ᠋ᠢ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ᠎ᠶ᠋ᠢ ᠲᠣᠳᠣᠷᠬᠠᠢᠯᠠᠵᠤ᠂ ᠭᠠᠵᠠᠷ᠎ᠤᠨ ᠭᠠᠶ ᠭᠠᠮᠱᠢᠭ᠎ᠤᠨ ᠠᠶᠤᠯᠲᠤ ᠴᠢᠨᠠᠷ᠎ᠢ ᠦᠨᠡᠯᠡᠨ ᠵᠢᠱ᠌ᠢᠬᠦ᠌ ᠲᠦᠷᠢᠮ᠎ᠢ ᠬᠠᠮᠲᠤ᠎ᠪᠠᠷ ᠱᠢᠮᠳᠠᠭᠤᠯᠬᠤᠶ᠋ᠢᠨ ᠬᠠᠮᠲᠤ ᠴᠢᠩᠭ᠎ᠠ ᠬᠡᠷᠡᠭ᠌ᠵᠢᠭᠦᠯᠵᠦ᠍᠂ ᠭᠠᠮᠱᠢᠭ᠎ᠢ ᠰᠡᠷᠭᠡᠢᠯᠡᠬᠦ᠌ ᠭᠤᠤᠯ ᠴᠣᠭ᠍ᠴᠠ᠎ᠶ᠋ᠢᠨ ᠬᠠᠷᠢᠭᠤᠴᠠᠯᠭ᠎ᠠ ᠪᠠ ᠭᠠᠮᠱᠢᠭ᠎ᠢ ᠰᠡᠷᠭᠡᠢᠯᠡᠬᠦ᠌ ᠠᠷᠭ᠎ᠠ ᠬᠡᠮᠵᠢᠶ᠎ᠡ᠎ᠶ᠋ᠢ ᠨᠠᠢᠳᠠᠪᠤᠷᠢᠵᠢᠭᠤᠯᠬᠤ ᠬᠡᠷᠡᠭ᠌ᠲᠡᠶ᠃ ᠣᠷᠣᠨ ᠨᠤᠲᠤᠭ᠎ᠤᠨ ᠡᠯ᠎ᠡ ᠱᠠᠲᠤᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠦᠶᠡᠷ᠎ᠤᠨ ᠬᠤᠭᠤᠴᠠᠭᠠᠨ᠎ᠳᠤ 24 ᠴᠠᠭ᠎ᠢᠶᠠᠷ ᠵᠢᠵᠢᠭᠦᠷᠯᠡᠨ ᠰᠠᠬᠢᠬᠤ ᠪᠠ ᠮᠡᠳᠡᠭᠡ ᠵᠠᠩᠭᠢ ᠮᠡᠳᠡᠭᠦᠯᠦᠨ ᠬᠦᠷᠭᠡᠬᠦ᠌ ᠲᠦᠷᠢᠮ᠎ᠢ ᠴᠢᠩᠭ᠎ᠠ ᠨᠠᠢᠳᠠᠪᠤᠷᠢᠵᠢᠭᠤᠯᠵᠤ᠂ ᠭᠠᠮᠱᠢᠭ᠎ᠤᠨ ᠪᠠᠢᠳᠠᠯ ᠠᠶᠤᠯ ᠲᠦᠭ᠌ᠰᠢᠭᠦᠷᠢ ᠲᠣᠬᠢᠶᠠᠯᠳᠤᠪᠠᠯ ᠮᠡᠳᠡᠭᠡ ᠵᠠᠩᠭᠢ᠎ᠶ᠋ᠢ ᠮᠡᠳᠡᠭᠦᠯᠦᠨ ᠬᠦᠷᠭᠡᠬᠦ᠌ ᠴᠠᠭ ᠬᠤᠭᠤᠴᠠᠭᠠᠲᠤ ᠴᠢᠨᠠᠷ᠂ ᠣᠨᠣᠪᠴᠢᠲᠤ ᠴᠢᠨᠠᠷ᠂ ᠴᠢᠩᠭ᠎ᠠ ᠴᠢᠩᠭ᠎ᠠ ᠪᠠᠢᠬᠤ᠎ᠶ᠋ᠢ ᠦᠨᠡᠨ ᠬᠦ᠌ ᠪᠠᠲᠤᠯᠠᠵᠤ᠂ ᠤᠳᠠᠭᠠᠱᠢᠷᠠᠭᠤᠯᠤᠨ ᠮᠡᠳᠡᠭᠦᠯᠬᠦ᠂ ᠣᠷᠬᠢᠭ᠍ᠳᠠᠭᠤᠯᠤᠨ ᠮᠡᠳᠡᠭᠦᠯᠬᠦ᠂ ᠮᠡᠳᠡᠭᠦᠯᠬᠦ᠌ ᠥᠬᠡᠶ ᠪᠠᠢᠬᠤ ᠦᠵᠡᠭ᠌ᠳᠡᠯ᠎ᠢ ᠡᠷᠡᠰ ᠬᠤᠷᠢᠭ᠍ᠯᠠᠬᠤ ᠬᠡᠷᠡᠭ᠌ᠲᠡᠶ᠃ ᠭᠠᠵᠠᠷ᠎ᠤᠨ ᠭᠠᠮᠱᠢᠭ ᠪᠤᠶᠤ ᠭᠠᠵᠠᠷ᠎ᠤᠨ ᠭᠠᠶ ᠭᠠᠮᠱᠢᠭ᠎ᠤᠨ ᠲᠦᠭ᠌ᠰᠢᠭᠦᠷᠢᠲᠦ ᠪᠠᠢᠳᠠᠯ ᠭᠠᠷᠬᠤ ᠦᠶ᠎ᠡ᠎ᠳᠤ᠂ ᠪᠠᠴᠢᠮ ᠪᠠᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠎ᠤᠳ ᠪᠠᠴᠢᠮ ᠪᠠᠢᠳᠠᠯ᠎ᠢ ᠠᠷᠭ᠋ᠠᠴᠠᠭ᠋ᠠᠵᠤ ᠠᠪᠤᠷᠠᠨ ᠲᠤᠰᠠᠯᠠᠬᠤ᠎ᠶ᠋ᠢ ᠵᠣᠬᠢᠶᠠᠨ ᠪᠠᠢᠭᠤᠯᠤᠨ ᠵᠣᠬᠢᠴᠠᠭᠤᠯᠵᠤ ᠵᠢᠯᠣᠭᠤᠳᠭᠤ ᠠᠵᠢᠯ᠎ᠢ ᠰᠠᠢᠲᠤᠷ ᠬᠢᠬᠦ᠌ ᠬᠡᠷᠡᠭ᠌ᠲᠡᠶ; ᠪᠠᠢᠭᠠᠯᠢ᠎ᠶ᠋ᠢᠨ ᠡᠬᠢ ᠪᠠᠶᠠᠯᠢᠭ᠎ᠤᠨ ᠰᠠᠯᠠᠭ᠎ᠠ ᠮᠥᠴᠢᠷ᠎ᠤᠳ ᠭᠠᠵᠠᠷ᠎ᠤᠨ ᠭᠠᠶ ᠭᠠᠮᠱᠢᠭ᠎ᠤᠨ ᠪᠠᠴᠢᠮ ᠪᠠᠢᠳᠠᠯ᠎ᠢ ᠠᠷᠭ᠋ᠠᠴᠠᠭ᠋ᠠᠬᠤ ᠮᠡᠷᠭᠡᠵᠢᠯ᠎ᠤᠨ ᠲᠤᠯᠭᠠᠭᠤᠷᠢᠯᠠᠯ᠎ᠤᠨ ᠠᠵᠢᠯ᠎ᠢ ᠰᠠᠢᠲᠤᠷ ᠬᠢᠵᠦ᠍᠂ ᠲᠤᠰᠭᠠᠶ ᠮᠡᠷᠭᠡᠵᠢᠯᠲᠡᠨ ᠪᠠ ᠮᠡᠷᠭᠡᠵᠢᠯ᠎ᠤᠨ ᠠᠵᠢᠯᠲᠠᠳ᠎ᠢ ᠴᠠᠭ ᠲᠤᠬᠠᠶ᠎ᠳᠤᠨᠢ ᠵᠣᠬᠢᠶᠠᠨ ᠪᠠᠢᠭᠤᠯᠤᠨ ᠲᠤᠬᠠᠶ᠎ᠶ᠋ᠢᠨ ᠭᠠᠵᠠᠷ᠎ᠲᠤᠨᠢ ᠪᠠᠢᠴᠠᠭᠠᠯᠲᠠ ᠬᠢᠬᠦ᠌ ᠪᠠ ᠦᠨᠡᠯᠡᠨ ᠵᠢᠱ᠌ᠢᠬᠦ᠌ ᠠᠵᠢᠯ᠎ᠢ ᠥᠷᠨᠢᠭᠦᠯᠵᠦ᠍᠂ ᠠᠶᠤᠯ᠎ᠠᠴᠠ ᠠᠪᠤᠷᠠᠨ ᠭᠠᠮᠱᠢᠭ᠎ᠠᠴᠠ ᠠᠪᠤᠷᠠᠬᠤ᠂ ᠭᠠᠵᠠᠷ᠎ᠤᠨ ᠭᠠᠶ ᠭᠠᠮᠱᠢᠭ᠎ᠢ ᠵᠦᠶ ᠵᠣᠬᠢᠰᠲᠠᠶ ᠱᠢᠢᠳᠪᠦᠷᠢᠯᠡᠬᠦ᠌᠎ᠳᠤ ᠱᠢᠨᠵᠢᠯᠡᠬᠦ᠌ ᠤᠬᠠᠭᠠᠨᠴᠢ ᠦᠨᠳᠦᠰᠦᠯᠡᠯ ᠬᠠᠩᠭᠠᠬᠤ ᠬᠡᠷᠡᠭ᠌ᠲᠡᠶ᠃
ᠵᠢᠷᠭᠤᠭ᠎ᠠ᠂ ᠡᠯ᠎ᠡ ᠠᠢᠮᠠᠭ ᠬᠤᠲᠠ᠂ ᠬᠤᠱᠢᠭᠤ (ᠱᠢᠶᠠᠨ᠂ ᠲᠣᠭᠤᠷᠢᠭ)᠎ᠤ ᠪᠠᠢᠭᠠᠯᠢ᠎ᠶ᠋ᠢᠨ ᠡᠬᠢ ᠪᠠᠶᠠᠯᠢᠭ᠎ᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ 2025 ᠣᠨ᠎ᠤ ᠭᠠᠵᠠᠷ᠎ᠤᠨ ᠭᠠᠮᠱᠢᠭ᠎ᠢ ᠰᠡᠷᠭᠡᠢᠯᠡᠨ ᠵᠠᠰᠠᠬᠤ ᠲᠥᠰᠥᠯ》᠎ᠤᠨ ᠰᠠᠭᠤᠷᠢᠨ ᠳᠡᠭᠡᠷ᠎ᠡ ᠲᠣᠰ ᠭᠠᠵᠠᠷ ᠣᠷᠣᠨ᠎ᠤ ᠪᠣᠳᠠᠲᠤ ᠪᠠᠢᠳᠠᠯ᠎ᠲᠠᠢ᠎ᠪᠠᠨ ᠤᠶᠠᠯᠳᠤᠭᠤᠯᠤᠨ ᠭᠠᠵᠠᠷ᠎ᠤᠨ ᠭᠠᠮᠱᠢᠭ᠎ᠢ ᠰᠡᠷᠭᠡᠢᠯᠡᠨ ᠵᠠᠰᠠᠬᠤ ᠠᠵᠢᠯ᠎ᠢ ᠤᠯᠠᠮ ᠨᠢᠭᠡ ᠠᠯᠬᠤᠮ ᠨᠠᠷᠢᠯᠢᠭ᠍ᠵᠢᠭᠤᠯᠤᠨ ᠬᠡᠮᠵᠢᠶᠡᠵᠢᠭᠦᠯᠦᠨᠡ᠃
ᠮᠠᠨ᠎ᠤ ᠣᠷᠣᠨ᠎ᠤ ᠵᠡᠭᠦᠨ ᠪᠠᠷᠠᠭᠤᠨ ᠣᠷᠣᠨ᠎ᠤ ᠠᠯᠭᠠᠰᠠᠯ ᠶᠡᠭᠡ᠂ ᠠᠳᠠᠯᠢ ᠪᠤᠰᠤ ᠭᠠᠵᠠᠷ ᠣᠷᠣᠨ᠎ᠤ ᠪᠠᠢᠭᠠᠯᠢ᠎ᠶ᠋ᠢᠨ ᠨᠥᠬᠦᠴᠡᠯ᠂ ᠭᠠᠵᠠᠷ᠎ᠤᠨ ᠭᠠᠶ ᠭᠠᠮᠱᠢᠭ᠎ᠤᠨ ᠲᠥᠷᠥᠯ ᠬᠡᠯᠪᠡᠷᠢ ᠵᠢᠴᠢ ᠪᠤᠢᠵᠢᠯᠲᠠ᠎ᠶ᠋ᠢᠨ ᠬᠡᠮᠵᠢᠶ᠎ᠡ᠎ᠶ᠋ᠢᠨ ᠵᠥᠷᠢᠶ᠎ᠡ ᠢᠯᠡᠳᠲᠡ ᠪᠠᠢᠬᠤ ᠪᠥᠭᠡᠳ ᠱᠢᠨ᠎ᠡ ᠴᠠᠭ ᠦᠶ᠎ᠡ᠎ᠶ᠋ᠢᠨ ᠭᠠᠵᠠᠷ᠎ᠤᠨ ᠭᠠᠶ ᠭᠠᠮᠱᠢᠭ᠎ᠢ ᠰᠡᠷᠭᠡᠢᠯᠡᠨ ᠭᠠᠮᠱᠢᠭ᠎ᠢ ᠪᠠᠭᠠᠰᠭᠠᠬᠤ ᠠᠵᠢᠯ᠎ᠨᠢ ᠠᠳᠠᠯᠢ ᠪᠤᠰᠤ ᠭᠠᠵᠠᠷ ᠣᠷᠣᠨ᠎ᠤ ᠭᠠᠶ ᠭᠠᠮᠱᠢᠭ᠎ᠤᠨ ᠨᠥᠬᠦᠴᠡᠯ ᠪᠠ ᠪᠤᠢᠵᠢᠯᠲᠠ᠎ᠶ᠋ᠢᠨ ᠣᠨᠴᠠᠯᠢᠭᠲᠤ ᠰᠠᠭᠤᠷᠢᠯᠠᠬᠤ᠎ᠶ᠋ᠢ ᠨᠠᠩ ᠢᠯᠡᠭᠦᠦ ᠴᠢᠬᠤᠯᠠᠴᠢᠯᠠᠵᠤ᠂ ᠲᠣᠰ ᠣᠷᠣᠨ ᠪᠦᠰᠡ᠎ᠶ᠋ᠢᠨ ᠣᠨ᠎ᠤ ᠰᠡᠷᠭᠡᠢᠯᠡᠨ ᠵᠠᠰᠠᠬᠤ ᠠᠵᠢᠯ᠎ᠢ ᠰᠤᠳᠤᠯᠤᠨ ᠪᠠᠢᠷᠢᠯᠠᠭᠤᠯᠪᠠ᠃ ᠡᠢᠮᠦ᠍᠎ᠠᠴᠠ ᠡᠯ᠎ᠡ ᠠᠢᠮᠠᠭ ᠬᠤᠲᠠ᠂ ᠬᠤᠱᠢᠭᠤ (ᠱᠢᠶᠠᠨ᠂ ᠲᠣᠭᠤᠷᠢᠭ) ᠤ ᠪᠠᠢᠭᠠᠯᠢ᠎ᠶ᠋ᠢᠨ ᠡᠬᠢ ᠪᠠᠶᠠᠯᠢᠭ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠬᠤᠯᠪᠣᠭ᠍ᠳᠠᠯ ᠪᠥᠬᠦᠶ ᠲᠣᠭ᠍ᠲᠠᠭᠠᠯ᠎ᠢ ᠦᠨᠳᠦᠰᠦᠯᠡᠨ᠂ ᠳᠡᠭᠡᠳᠦ ᠱᠠᠲᠤᠨ᠎ᠤ ᠵᠠᠰᠠᠭ ᠵᠠᠬᠢᠷᠭᠠᠨ᠎ᠤ ᠪᠠᠢᠭᠤᠯᠭ᠎ᠠ᠎ᠶ᠋ᠢᠨ ᠲᠣᠭ᠍ᠲᠠᠭᠠᠭ᠍ᠰᠠᠨ ᠰᠡᠷᠭᠡᠢᠯᠡᠨ ᠵᠠᠰᠠᠬᠤ ᠲᠥᠰᠦᠯ᠎ᠢ ᠵᠦᠶ ᠵᠣᠬᠢᠰᠲᠠᠶ ᠨᠠᠷᠢᠯᠢᠬ᠍ᠵᠢᠭᠤᠯᠤᠨ ᠬᠡᠮᠵᠢᠶᠡᠵᠢᠭᠦᠯᠬᠦ᠌ ᠬᠡᠷᠡᠭ᠌ᠲᠡᠶ᠂ ᠭᠡᠪᠡᠴᠦ᠍ ᠳᠡᠭᠡᠳᠦ ᠱᠠᠲᠤᠨ᠎ᠤ ᠵᠠᠰᠠᠭ ᠵᠠᠬᠢᠷᠭᠠᠨ᠎ᠤ ᠪᠠᠢᠭᠤᠯᠭ᠎ᠠ᠎ᠶ᠋ᠢᠨ ᠬᠤᠪᠢᠶᠠᠷᠢᠯᠠᠨ ᠲᠣᠭ᠍ᠲᠠᠭᠠᠭ᠍ᠰᠠᠨ ᠲᠠᠰ ᠳᠠᠷᠠᠭᠠᠯᠠᠯ ᠪᠤᠶᠤ ᠬᠡᠮᠵᠢᠶ᠎ᠡ᠎ᠠᠴᠠ ᠬᠡᠲᠦᠷᠡᠭᠦᠯᠵᠦ᠍ ᠪᠣᠯᠬᠤ ᠥᠬᠡᠶ᠃ ᠲᠤᠰ ᠣᠷᠣᠨ ᠪᠦᠰᠡ᠎ᠶ᠋ᠢᠨ ᠭᠠᠵᠠᠷ᠎ᠤᠨ ᠭᠠᠮᠱᠢᠭ᠎ᠢ ᠰᠡᠷᠭᠡᠢᠯᠡᠨ ᠵᠠᠰᠠᠬᠤ ᠲᠥᠰᠦᠯ᠎ᠢ ᠲᠣᠭ᠍ᠲᠠᠭᠠᠬᠤ᠎ᠳᠠᠭᠠᠨ᠂ ᠲᠤᠰ ᠭᠠᠵᠠᠷ ᠣᠷᠣᠨ᠎ᠤ᠎ᠪᠠᠨ ᠠᠵᠤ ᠠᠬᠤᠶ᠎ᠶ᠋ᠢᠨ ᠬᠥᠭ᠌ᠵᠢᠯᠲᠡ᠎ᠶ᠋ᠢᠨ ᠬᠢᠷᠢ ᠬᠡᠮᠵᠢᠶ᠎ᠡ᠂ ᠭᠠᠮᠱᠢᠭ᠎ᠤᠨ ᠬᠥᠨᠥᠭᠡᠯ᠎ᠦᠨ ᠬᠡᠮᠵᠢᠶ᠎ᠡ ᠵᠢᠴᠢ ᠭᠠᠵᠠᠷ᠎ᠤᠨ ᠭᠠᠮᠱᠢᠭ᠎ᠤᠨ ᠬᠥᠳᠡᠯᠦᠩᠭᠦᠶ ᠬᠤᠪᠢᠷᠠᠯᠲᠠ ᠵᠡᠷᠭᠡ ᠪᠣᠳᠠᠲᠤ ᠪᠠᠢᠳᠠᠯ᠎ᠯᠤᠭ᠎ᠠ ᠯᠠᠪᠯᠠᠯᠲᠠ ᠪᠣᠯᠭᠠᠨ ᠰᠡᠷᠭᠡᠢᠯᠡᠨ ᠵᠠᠰᠠᠬᠤ ᠣᠷᠣᠨ ᠪᠦᠰᠡ ᠪᠣᠯᠤᠨ ᠰᠡᠷᠭᠡᠢᠯᠡᠨ ᠵᠠᠰᠠᠬᠤ ᠠᠷᠭ᠎ᠠ ᠬᠡᠮᠵᠢᠶ᠎ᠡ᠎ᠶ᠋ᠢ ᠤᠯᠠᠮ ᠨᠢᠭᠡ ᠠᠯᠬᠤᠮ ᠨᠠᠷᠢᠯᠢᠭ᠍ᠵᠢᠭᠤᠯᠤᠨ ᠬᠡᠮᠵᠢᠶᠡᠵᠢᠭᠦᠯᠵᠦ᠍᠂ ᠲᠤᠰ ᠣᠷᠣᠨ ᠪᠦᠰᠡ᠎ᠶ᠋ᠢᠨ ᠭᠠᠵᠠᠷ᠎ᠤᠨ ᠭᠠᠮᠱᠢᠭ᠎ᠢ ᠰᠡᠷᠭᠡᠢᠯᠡᠨ ᠵᠠᠰᠠᠬᠤ ᠦᠷ᠎ᠡ ᠪᠦᠲᠦᠮᠵᠢ᠎ᠶ᠋ᠢ ᠦᠨᠡᠨ ᠬᠦ᠌ ᠳᠡᠭᠡᠭ᠌ᠰᠢᠯᠡᠭᠦᠯᠬᠦ᠌ ᠬᠡᠷᠡᠭ᠌ᠲᠡᠶ᠃