ᠪᠠᠢᠭᠠᠯᠢ ᠎ᠶ᠋ᠢᠨ ᠡᠬᠢ ᠪᠠᠶᠠᠯᠢᠭ᠎ᠤᠨ ᠶᠠᠮᠤᠨ᠎ᠤ ᠬᠣᠯᠪᠣᠭ᠍ᠳᠠᠯ ᠪᠦᠬᠦᠢ ᠵᠤᠷᠭᠠᠨ ᠲᠤᠪᠴᠢᠶ᠎ᠠ᠎ᠶᠢᠨ ᠬᠠᠷᠢᠭᠤᠴᠠᠯᠭᠠᠲᠠᠨ ᠎ᠠᠴᠠ ᠱᠢᠨ᠎ᠡ᠎ᠪᠠᠷ ᠵᠠᠰᠠᠪᠤᠷᠢ ᠣᠷᠣᠭᠤᠯᠤᠭ᠍ᠰᠠᠨ《ᠭᠠᠵᠠᠷ ᠰᠢᠷᠤᠢ᠎ᠶᠢ ᠬᠤᠪᠢᠶᠠᠷᠢᠯᠠᠨ ᠰᠠᠯᠭ᠋ᠠᠵᠤ ᠬᠡᠷᠡᠭ᠌ᠯᠡᠬᠦ᠌ ᠭᠠᠷᠴᠠᠭ》᠎ᠤᠨ ᠲᠤᠬᠠᠢ ᠲᠠᠢᠯᠤᠮᠵᠢ ᠬᠢᠪᠡ
2025-06-19

  ᠨᠠᠮ᠎ᠤᠨ ᠬᠤᠷᠢᠳᠤᠭᠠᠷ ᠬᠤᠭᠤᠴᠠᠭᠠᠨ᠎ᠤ ᠲᠥᠪ ᠬᠤᠷᠢᠶᠠᠨ᠎ᠤ ᠭᠤᠷᠪᠠᠳᠤᠭᠠᠷ ᠪᠦᠬᠦᠳᠡ ᠬᠤᠷᠠᠯ᠎ᠠᠴᠠ ᠪᠠᠢᠭᠠᠯᠢ ᠎ᠶ᠋ᠢᠨ ᠡᠬᠢ ᠪᠠᠶᠠᠯᠢᠭ᠎ᠢ ᠲᠥᠯᠥᠪᠦᠷᠢ᠎ᠲᠠᠢ ᠬᠡᠷᠡᠭ᠌ᠯᠡᠬᠦ᠌ ᠲᠦᠷᠢᠮ᠎ᠤᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠦᠨ᠎ᠡ ᠭᠡᠵᠦ᠍ ᠳᠤᠷᠠᠳᠴᠠᠢ᠃ ᠤᠯᠤᠰ᠎ᠤᠨ ᠥᠮᠴᠢᠯᠡᠯᠲᠦ ᠭᠠᠵᠠᠷ ᠱᠢᠷᠣᠶ᠎ᠶ᠋ᠢᠨ ᠡᠬᠢ ᠪᠠᠶᠠᠯᠢᠭ᠎ᠢ ᠲᠥᠯᠥᠪᠦᠷᠢ᠎ᠲᠡᠶ ᠬᠡᠷᠡᠭ᠌ᠯᠡᠬᠦ᠌ ᠳᠦᠷᠢᠮ᠎ᠢ ᠲᠡᠭᠦᠯᠳᠡᠷᠵᠢᠭᠦᠯᠬᠦ᠌ ᠲᠤᠬᠠᠶ ᠨᠠᠮ᠎ᠤᠨ ᠲᠥᠪ ᠬᠤᠷᠢᠶ᠎ᠠ᠂ ᠲᠥᠷᠥ᠎ᠶ᠋ᠢᠨ ᠶᠠᠪᠤᠳᠠᠯ᠎ᠤᠨ ᠬᠤᠷᠢᠶᠠᠨ᠎ᠤ ᠱᠢᠢᠳᠪᠦᠷᠢᠲᠦ ᠪᠣᠳᠣᠯᠭ᠎ᠠ᠎ᠶ᠋ᠢᠨ ᠪᠠᠢᠷᠢᠯᠠᠭᠤᠯᠤᠯᠲᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶ᠋ᠢᠨ ᠲᠥᠯᠦᠭᠡ᠂ ᠪᠠᠢᠭᠠᠯᠢ᠎ᠶ᠋ᠢᠨ ᠡᠬᠢ ᠪᠠᠶᠠᠯᠢᠭ᠎ᠤᠨ ᠶᠠᠮᠤᠨ᠎ᠠᠴᠠ《 ᠭᠠᠵᠠᠷ ᠰᠢᠷᠤᠢ᠎ᠶᠢ ᠬᠤᠪᠢᠶᠠᠷᠢᠯᠠᠨ ᠰᠠᠯᠭ᠋ᠠᠵᠤ ᠬᠡᠷᠡᠭ᠌ᠯᠡᠬᠦ᠌ ᠭᠠᠷᠴᠠᠭ》(ᠳᠣᠷᠣᠭ᠍ᠰᠢ 《ᠭᠠᠷᠴᠠᠭ》 ᠭᠡᠵᠦ᠍ ᠲᠣᠪᠴᠢᠯᠠᠨ᠎ᠠ)᠎ᠲᠤ ᠵᠠᠰᠠᠪᠤᠷᠢ ᠣᠷᠣᠭᠤᠯᠪᠠ᠃ ᠪᠠᠢᠭᠠᠯᠢ᠎ᠶ᠋ᠢᠨ ᠡᠬᠢ ᠪᠠᠶᠠᠯᠢᠭ᠎ᠤᠨ ᠶᠠᠮᠤᠨ᠎ᠤ ᠬᠠᠤᠯᠢ ᠳᠦᠷᠢᠮ᠎ᠦᠨ ᠵᠤᠷᠭᠠᠨ᠂ ᠡᠷᠬᠡ ᠠᠱᠢᠭ᠎ᠤᠨ ᠵᠤᠷᠭᠠᠨ᠎ᠤ ᠬᠠᠷᠢᠭᠤᠴᠠᠯᠭᠠᠲᠠᠨ ᠣᠢᠷ᠎ᠠ ᠎ᠳᠤ 《ᠳᠤᠮᠳᠠᠳᠤ ᠤᠯᠤᠰ᠎ᠤᠨ ᠪᠠᠢᠭᠠᠯᠢ᠎ᠶ᠋ᠢᠨ ᠡᠬᠢ ᠪᠠᠶᠠᠯᠢᠭ᠎ᠤᠨ ᠰᠣᠨᠢᠨ》᠎ᠤ ᠰᠤᠷᠪᠤᠯᠵᠢᠯᠠᠭ᠍ᠴᠢ ᠎ᠶ᠋ᠢᠨ ᠰᠤᠷᠪᠤᠯᠵᠢᠯᠠᠭ᠎ᠠ᠎ᠶ᠋ᠢ ᠬᠦᠯᠢᠶᠡᠵᠦ᠍᠂ 《ᠭᠠᠷᠴᠠᠭ》᠎ᠲᠤ ᠵᠠᠰᠠᠪᠤᠷᠢ ᠣᠷᠣᠭᠤᠯᠤᠭ᠍ᠰᠠᠨ ᠠᠬᠤᠶ ᠪᠠᠢᠳᠠᠯ᠂ ᠭᠤᠤᠯ ᠵᠠᠰᠠᠪᠤᠷᠢ ᠣᠷᠣᠭᠤᠯᠤᠭ᠍ᠰᠠᠨ ᠠᠭᠤᠯᠭ᠎ᠠ ᠪᠠ ᠱᠢᠨ᠎ᠡ᠎ᠪᠠᠷ ᠵᠠᠰᠠᠪᠤᠷᠢ ᠣᠷᠣᠭᠤᠯᠤᠭ᠍ᠰᠠᠨ 《ᠭᠠᠷᠴᠠᠭ》᠎ᠤᠨ ᠦᠢᠯᠡᠳᠦᠯ᠎ᠢ ᠬᠡᠷᠬᠢᠨ ᠪᠠᠳᠠᠷᠠᠭᠤᠯᠬᠤ ᠵᠡᠷᠭᠡ ᠠᠭᠤᠯᠭ᠎ᠠ᠎ᠶ᠋ᠢᠨ ᠲᠤᠬᠠᠶ ᠲᠠᠢᠯᠤᠮᠵᠢ ᠬᠢᠪᠠ᠃

  ᠠᠰᠠᠭᠤᠯᠲᠠ᠄ 《ᠭᠠᠷᠴᠠᠭ》᠎ᠲᠤ ᠵᠠᠰᠠᠪᠤᠷᠢ ᠣᠷᠣᠭᠤᠯᠤᠭ᠍ᠰᠠᠨ ᠠᠬᠤᠢ ᠪᠠᠢᠳᠠᠯ ᠪᠠ ᠵᠣᠷᠢᠯᠭ᠎ᠠ᠎ᠨᠢ ᠶᠠᠭᠤ ᠪᠤᠢ?

  ᠬᠠᠷᠢᠭᠤᠯᠲᠠ᠄ 《ᠢᠷᠭᠡᠨ᠎ᠤ ᠬᠠᠤᠯᠢ᠎ᠶ᠋ᠢᠨ ᠪᠢᠴᠢᠭ》᠎ᠤᠨ ᠭᠤᠷᠪᠠᠨ ᠵᠠᠭᠤ ᠳᠥᠴᠢᠨ ᠳᠣᠯᠣᠳᠤᠭᠠᠷ ᠵᠣᠷᠪᠣᠰ᠎ᠲᠤ᠂ ᠪᠥᠲᠥᠭᠡᠨ ᠪᠠᠢᠭᠤᠯᠤᠯᠲᠠ᠎ᠳᠤ ᠬᠡᠷᠡᠭ᠌ᠯᠡᠬᠦ᠌ ᠭᠠᠵᠠᠷ᠎ᠤᠨ ᠬᠡᠷᠡᠭ᠌ᠯᠡᠬᠦ᠌ ᠡᠷᠬᠡ᠎ᠳᠤ᠂ ᠱᠢᠯᠵᠢᠭᠦᠯᠦᠨ ᠥᠭ᠌ᠬᠦ ᠪᠤᠶᠤ ᠬᠤᠪᠢᠶᠠᠷᠢᠯᠠᠨ ᠰᠠᠯᠭᠠᠬᠤ ᠵᠡᠷᠭᠡ ᠠᠷᠭ᠎ᠠ ᠮᠠᠶᠢᠭ᠎ᠢ ᠠᠪᠴᠤ᠌ ᠪᠣᠯᠤᠨ᠎ᠠ ᠭᠡᠵᠦ᠍ ᠲᠣᠭ᠍ᠲᠠᠭᠠᠪᠠ᠃ ᠠᠵᠤ ᠦᠢᠯᠡᠳᠪᠦᠷᠢ᠂ ᠬᠤᠳᠠᠯᠳᠤᠭ᠎ᠠ᠂ ᠵᠢᠭᠤᠯᠴᠢᠯᠠᠯ᠂ ᠵᠤᠭ᠎ᠠ ᠴᠡᠩᠭᠡᠯ ᠪᠠ ᠲᠠᠸᠠᠷ᠎ᠤᠨ ᠣᠷᠣᠨ ᠰᠠᠭᠤᠴᠠ ᠵᠡᠷᠭᠡ ᠡᠵᠡᠩᠨᠡᠯᠲᠡ᠎ᠶ᠋ᠢᠨ ᠴᠢᠨᠠᠷᠲᠠᠶ ᠬᠡᠷᠡᠭ᠌ᠯᠡᠬᠦ᠌ ᠭᠠᠵᠠᠷ ᠵᠢᠴᠢ ᠠᠳᠠᠯᠢ ᠨᠢᠭᠡᠨ ᠭᠠᠵᠠᠷ ᠱᠢᠷᠣᠶ᠎ᠳᠤ ᠬᠡᠷᠡᠭ᠌ᠯᠡᠬᠦ᠌ ᠰᠠᠨᠠᠭ᠎ᠠ᠎ᠲᠠᠢ ᠬᠣᠶᠠᠷ᠎ᠠᠴᠠ ᠳᠡᠭᠡᠭ᠌ᠰᠢ ᠬᠥᠮᠦᠨ ᠪᠠᠢᠪᠠᠯ᠂ ᠳᠠᠭᠠᠭᠠᠴᠢᠯᠠᠯᠲᠠ ᠵᠠᠷᠯᠠᠬᠤ᠂ ᠦᠨ᠎ᠡ ᠬᠠᠶᠠᠯᠴᠠᠭᠤᠯᠤᠨ ᠬᠤᠳᠠᠯᠳᠤᠬᠤ ᠵᠡᠷᠭᠡ ᠢᠯᠡ᠎ᠪᠡᠷ ᠦᠨ᠎ᠡ ᠬᠠᠶᠠᠯᠴᠠᠬᠤ ᠠᠷᠭ᠎ᠠ ᠮᠠᠶᠢᠭ᠎ᠢᠶᠠᠷ ᠬᠤᠳᠠᠯᠳᠤᠬᠤ ᠬᠡᠷᠡᠭ᠌ᠲᠡᠶ᠃ ᠬᠤᠪᠢᠶᠠᠷᠯᠠᠨ ᠰᠠᠯᠭᠠᠬᠤ ᠬᠡᠯᠪᠡᠷᠢ᠎ᠪᠡᠷ ᠪᠦᠲᠦᠭᠡᠨ ᠪᠠᠢᠭᠤᠯᠤᠯᠲᠠ᠎ᠳᠤ ᠠᠱᠢᠭ᠍ᠯᠠᠬᠤ ᠭᠠᠵᠠᠷ᠎ᠤᠨ ᠠᠱᠢᠭ᠍ᠯᠠᠬᠤ ᠡᠷᠬᠡ᠎ᠶ᠋ᠢ ᠲᠣᠭ᠍ᠲᠠᠭᠠᠬᠤ᠎ᠶ᠋ᠢ ᠴᠢᠩᠭ᠎ᠠ ᠬᠢᠵᠠᠭᠠᠷᠯᠠᠨ᠎ᠠ᠃《ᠭᠠᠵᠠᠷ ᠰᠢᠷᠤᠢ᠎ᠶ᠋ᠢᠨ ᠬᠠᠮᠢᠶᠠᠷᠤᠯᠲᠠ᠎ᠶ᠋ᠢᠨ ᠬᠠᠤᠯᠢ 》᠎ᠶ᠋ᠢᠨ ᠲᠠᠪᠢᠨ ᠳᠥᠷᠪᠡᠳᠦᠭᠡᠷ ᠵᠤᠷᠪᠤᠰ᠎ᠲᠤ ᠬᠤᠪᠢᠶᠠᠷᠢᠯᠠᠨ ᠰᠠᠯᠭᠠᠵᠤ ᠬᠡᠷᠡᠭ᠌ᠯᠡᠬᠦ᠌ ᠭᠠᠵᠠᠷ᠎ᠤᠨ ᠬᠡᠪᠴᠢᠶᠡᠨ᠎ᠳᠦ ᠲᠣᠭ᠍ᠲᠠᠭᠠᠯ ᠭᠠᠷᠭᠠᠵᠤ ᠂ ᠲᠥᠷᠥ᠎ᠶ᠋ᠢᠨ ᠪᠠᠢ᠌ᠭᠤᠯᠭ᠎ᠠ᠎ᠶ᠋ᠢᠨ ᠬᠡᠷᠡᠭ᠌ᠯᠡᠬᠦ᠌ ᠭᠠᠵᠠᠷ ᠪᠠ ᠴᠡᠷᠢᠭ᠎ᠦᠨ ᠶᠠᠪᠤᠳᠠᠯ᠎ᠤᠨ ᠬᠡᠷᠡᠭ᠌ᠯᠡᠬᠦ᠌ ᠭᠠᠵᠠᠷ᠂ ᠬᠣᠲᠠ᠎ᠶ᠋ᠢᠨ ᠰᠠᠭᠤᠷᠢ ᠲᠥᠬᠦᠭᠡᠷᠦᠮᠵᠢ ᠎ᠶ᠋ᠢᠨ ᠬᠡᠷᠡᠭ᠌ᠯᠡᠬᠦ᠌ ᠭᠠᠵᠠᠷ ᠪᠠ ᠨᠡᠢᠲᠡ᠎ᠶ᠋ᠢᠨ ᠠᠰᠠᠷᠠᠮᠵᠢ᠎ᠶ᠋ᠢᠨ ᠦᠢᠯᠡᠰ᠎ᠦᠨ ᠬᠡᠷᠡᠭ᠌ᠯᠡᠬᠦ᠌ ᠭᠠᠵᠠᠷ᠂ ᠤᠯᠤᠰ᠎ᠤᠨ ᠭᠣᠤᠯᠳᠠᠯᠭ᠎ᠠ᠎ᠲᠠᠶ ᠲᠡᠳᠬᠦᠬᠦ᠌ ᠡᠨᠧᠷᠭᠢ ᠎ᠶ᠋ᠢᠨ ᠵᠠᠮ ᠬᠠᠷᠢᠯᠴᠠᠭ᠎ᠠ ᠤᠰᠤᠨ ᠠᠱᠢᠭ᠍ᠯᠠᠯᠲᠠ ᠵᠡᠷᠭᠡ ᠰᠠᠭᠤᠷᠢ ᠲᠥᠬᠦᠭᠡᠷᠦᠮᠵᠢ ᠎ᠶ᠋ᠢᠨ ᠬᠡᠷᠡᠭ᠌ᠯᠡᠬᠦ᠌ ᠭᠠᠵᠠᠷ ᠵᠡᠷᠭᠡ᠎ᠳᠦ ᠬᠤᠪᠢᠶᠠᠷᠢᠯᠠᠨ ᠰᠠᠯᠭᠠᠬᠤ ᠠᠷᠭ᠎ᠠ ᠮᠠᠶᠢᠭ᠎ᠢᠶᠠᠷ ᠭᠠᠵᠠᠷ ᠬᠠᠩᠭᠠᠵᠤ ᠪᠣᠯᠤᠨ᠎ᠠ᠃

  2001 ᠣᠨ᠎ᠳᠤ ᠂ ᠤᠤᠯ᠎ᠤᠨ ᠤᠯᠤᠰ᠎ᠤᠨ ᠭᠠᠵᠠᠷ ᠱᠢᠷᠣᠶ ᠎ᠶ᠋ᠢᠨ ᠡᠬᠢ ᠪᠠᠶᠠᠯᠢᠭ᠎ᠤᠨ ᠶᠠᠮᠤᠨ ᠨᠢ ᠰᠠᠯᠠᠭ᠎ᠠ ᠮᠥᠴᠢᠷ᠎ᠦᠨ ᠳᠦᠷᠢᠮ ᠲᠣᠭ᠍ᠲᠠᠭᠠᠯ᠎ᠤᠨ 《ᠬᠤᠪᠢᠶᠠᠷᠢᠯᠠᠨ ᠰᠠᠯᠭᠠᠭ᠍ᠰᠠᠨ ᠬᠡᠷᠡᠭ᠌ᠯᠡᠬᠦ᠌ ᠭᠠᠵᠠᠷ᠎ᠤᠨ ᠭᠠᠷᠴᠠᠭ》(ᠤᠯᠤᠰ᠎ᠤᠨ ᠭᠠᠵᠠᠷ ᠱᠢᠷᠣᠶ ᠎ᠶ᠋ᠢᠨ ᠡᠬᠢ ᠪᠠᠶᠠᠯᠢᠭ᠎ᠤᠨ ᠶᠠᠮᠤᠨ᠎ᠤ ᠵᠠᠷᠯᠢᠭ 9 ᠳ᠋ᠤᠭᠡᠷ ᠲᠣᠭᠠᠲᠤ )᠎ᠢ ᠲᠣᠭ᠍ᠲᠠᠭᠠᠨ ᠬᠡᠷᠡᠭ᠌ᠵᠢᠭᠦᠯᠵᠦ᠍ ᠂ ᠵᠢᠭ᠍ᠰᠠᠭᠠᠨ ᠲᠣᠭᠠᠴᠠᠬᠤ ᠠᠷᠭ᠎ᠠ ᠪᠠᠷ ᠳᠠᠮᠵᠢᠭᠤᠯᠤᠨ ᠂ ᠬᠤᠪᠢᠶᠠᠷᠢᠯᠠᠨ ᠰᠠᠯᠭ᠋ᠠᠵᠤ ᠬᠡᠷᠡᠭ᠌ᠯᠡᠬᠦ᠌ ᠭᠠᠵᠠᠷ᠎ᠤᠨ ᠪᠣᠳᠠᠲᠠᠶ ᠬᠡᠪᠴᠢᠶ᠎ᠡ᠎ᠶ᠋ᠢ ᠨᠠᠷᠢᠯᠢᠭ᠍ᠵᠢᠭᠤᠯᠤᠭ᠍ᠰᠠᠨ ᠪᠠᠢᠬᠤ ᠬᠡᠷᠡᠭ᠌ᠲᠡᠶ᠃ 《ᠭᠠᠷᠴᠠᠭ》᠎ᠢ ᠨᠡᠢᠲᠡᠯᠡᠨ ᠬᠡᠷᠡᠭ᠌ᠵᠢᠭᠦᠯᠦᠭ᠌ᠰᠡᠨ 24 ᠵᠢᠯ᠎ᠤᠨ ᠲᠤᠷᠰᠢ᠂ ᠭᠠᠵᠠᠷ ᠱᠢᠷᠣᠢ ᠎ᠶ᠋ᠢᠨ ᠡᠯᠧᠮᠧᠨ᠋ᠲ᠎ᠢ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠲᠣᠭ᠍ᠲᠠᠴᠠ᠎ᠶ᠋ᠢ ᠲᠡᠭᠦᠯᠳᠡᠷᠵᠢᠭᠦᠯᠬᠦ᠂ ᠬᠣᠯᠪᠣᠭ᠍ᠳᠠᠯ ᠪᠦᠬᠦᠢ ᠰᠠᠭᠤᠷᠢ ᠲᠥᠬᠦᠭᠡᠷᠦᠮᠵᠢ᠎ᠶ᠋ᠢᠨ ᠪᠦᠳᠦᠭᠡᠨ ᠪᠠᠢᠭᠤᠯᠤᠯᠲᠠ ᠪᠠ ᠨᠡᠢᠲᠡ ᠎ᠶ᠋ᠢᠨ ᠠᠰᠠᠷᠠᠮᠵᠢ᠎ᠶ᠋ᠢᠨ ᠦᠢᠯᠡᠰ᠎ᠤᠨ ᠬᠥᠭ᠌ᠵᠢᠯᠲᠡ᠎ᠶ᠋ᠢ ᠪᠠᠲᠤᠯᠠᠬᠤ᠂ ᠭᠠᠵᠠᠷ ᠱᠢᠷᠣᠢ᠎ᠶ᠋ᠢᠨ ᠵᠠᠬ᠎ᠠ ᠳᠡᠯᠭᠡᠭᠦᠷ᠎ᠤᠨ ᠡᠮᠬᠢ ᠲᠢᠭᠯᠢᠮ᠎ᠢ ᠵᠢᠷᠤᠮᠵᠢᠭᠤᠯᠬᠤ ᠵᠡᠷᠭᠡ ᠲᠠᠯ᠎ᠠ᠎ᠪᠠᠷ ᠴᠢᠬᠤᠯᠠ ᠦᠢᠯᠡᠳᠦᠯ ᠦᠵᠡᠭᠦᠯᠪᠡ᠃

  ᠠᠵᠤ ᠠᠬᠤᠶ ᠨᠡᠢᠭᠡᠮ᠎ᠤᠨ ᠬᠥᠭ᠌ᠵᠢᠯᠲᠡ᠂ ᠪᠠᠯᠠ ᠣᠷᠣᠭᠤᠯᠤᠯᠲᠠ ᠪᠠᠯᠠ ᠲᠣᠬᠢᠷᠠᠭᠤᠯᠬᠤ ᠪᠠᠢᠭᠤᠯᠤᠯ᠎ᠤᠨ ᠥᠭᠡᠷᠡᠴᠢᠯᠡᠯᠲᠡ ᠪᠠ ᠠᠵᠤ ᠦᠢᠯᠡᠰ᠎ᠤᠨ ᠡᠵᠡᠩᠨᠡᠯᠲᠡ᠎ᠶ᠋ᠢᠨ ᠪᠠᠢᠳᠠᠯ᠎ᠳᠤ ᠲᠣᠬᠢᠷᠠᠭᠤᠯᠤᠯᠲᠠ ᠬᠢᠬᠦ᠌᠎ᠶ᠋ᠢ ᠳᠠᠭᠠᠯᠳᠤᠨ᠂ ᠣᠲᠣ᠎ᠶ᠋ᠢᠨ ᠬᠡᠷᠡᠭ᠌ᠵᠢᠭᠦᠯᠵᠦ᠍ ᠪᠠᠢᠭ᠎ᠠ 《ᠭᠠᠷᠴᠠᠭ》᠎ᠲᠤ ᠨᠠᠮ᠎ᠤᠨ ᠲᠥᠪ ᠬᠤᠷᠢᠶ᠎ᠠ᠂ ᠲᠥᠷᠥ᠎ᠶ᠋ᠢᠨ ᠶᠠᠪᠤᠳᠠᠯ᠎ᠤᠨ ᠬᠤᠷᠢᠶᠠᠨ᠎ᠤ ᠱᠢᠢᠳᠪᠦᠷᠢᠲᠦ ᠪᠣᠳᠣᠯᠭ᠎ᠠ ᠎ᠶ᠋ᠢᠨ ᠪᠠᠢᠷᠢᠯᠠᠭᠤᠯᠤᠯᠲᠠ ᠶᠣᠰᠣᠭᠠᠷ ᠲᠣᠬᠢᠷᠠᠭᠤᠯᠤᠯᠲᠠ ᠬᠢᠵᠦ᠍ ᠱᠢᠯᠢᠳᠡᠭ᠌ᠵᠢᠭᠦᠯᠬᠦ᠌ ᠴᠢᠬᠤᠯᠠᠲᠠᠶ ᠪᠠᠢᠨ᠎ᠠ᠃ ᠨᠢᠭᠡ᠎ᠳᠤ᠂ 《ᠪᠥᠬᠦ᠌ ᠠᠷᠠᠳ᠎ᠤᠨ ᠥᠮᠴᠢᠯᠡᠯ᠎ᠤᠨ ᠪᠠᠢᠭᠠᠯᠢ᠎ᠶ᠋ᠢᠨ ᠡᠬᠢ ᠪᠠᠶᠠᠯᠢᠭ ᠡᠳ᠋ ᠬᠥᠷᠥᠩᠭᠡ᠎ᠶ᠋ᠢ ᠲᠥᠯᠥᠪᠦᠷᠢ᠎ᠲᠠᠢ᠎ᠪᠠᠷ ᠬᠡᠷᠡᠭ᠌ᠯᠡᠬᠦ᠌ ᠲᠦᠷᠢᠮ᠎ᠤᠨ ᠥᠭᠡᠷᠡᠴᠢᠯᠡᠯᠲᠡ᠎ᠶ᠋ᠢᠨ ᠲᠤᠬᠠᠶ ᠲᠥᠷᠥ᠎ᠶ᠋ᠢᠨ ᠶᠠᠪᠤᠳᠠᠯ ᠎ᠤᠨ ᠬᠤᠷᠢᠶᠠᠨ᠎ᠤ ᠵᠢᠯᠣᠭᠤᠳᠭᠤ ᠰᠠᠨᠠᠯ》 ᠵᠡᠷᠭᠡ ᠴᠢᠬᠤᠯᠠ ᠲᠥᠷᠥ᠎ᠶ᠋ᠢᠨ ᠪᠣᠳᠣᠯᠭ᠎ᠠ᠎ᠶ᠋ᠢᠨ ᠪᠢᠴᠢᠭ ᠬᠠᠷ᠎ᠠ ᠎ᠶ᠋ᠢ ᠤᠷᠢᠳ ᠬᠤᠵᠢᠳ ᠳᠤᠷᠠᠳᠴᠤ᠌᠂ ᠭᠠᠵᠠᠷ ᠱᠢᠷᠣᠶ᠎ᠶ᠋ᠢᠨ ᠡᠯᠧᠮᠧᠨ᠋ᠲ᠎ᠢ ᠵᠠᠬ᠎ᠠ ᠳᠡᠯᠭᠡᠭᠦᠷᠴᠢᠯᠡᠬᠦ᠌ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠦᠨ᠂ ᠤᠯᠤᠰ᠎ᠤᠨ ᠥᠮᠴᠢᠯᠡᠯ᠎ᠤᠨ ᠪᠥᠲᠥᠭᠡᠨ ᠪᠠᠢᠭᠤᠯᠤᠯᠲᠠ᠎ᠳᠤ ᠬᠡᠷᠡᠭ᠌ᠯᠡᠬᠦ᠌ ᠭᠠᠵᠠᠷ᠎ᠢ ᠲᠥᠯᠥᠪᠦᠷᠢ᠎ᠲᠠᠢ ᠎ᠪᠠᠷ ᠬᠡᠷᠡᠭ᠌ᠯᠡᠬᠦ᠌ ᠬᠡᠪᠴᠢᠶ᠎ᠡ᠎ᠶ᠋ᠢ ᠥᠷᠭᠡᠳᠭᠡᠵᠦ᠍᠂ ᠬᠤᠪᠢᠶᠠᠷᠢᠯᠠᠨ ᠰᠠᠯᠭ᠋ᠠᠵᠦ ᠬᠡᠷᠡᠭ᠌ᠯᠡᠬᠦ᠌ ᠭᠠᠵᠠᠷ᠎ᠤᠨ ᠭᠠᠷᠴᠠᠭ᠎ᠲᠤ ᠵᠠᠰᠠᠪᠤᠷᠢ ᠣᠷᠣᠭᠤᠯᠬᠤ᠎ᠶ᠋ᠢ ᠲᠦᠷᠭᠡᠳᠭᠡᠨ᠎ᠡ᠃ ᠡᠳ᠋ᠡᠭᠡᠷ ᠥᠭᠡᠷᠡᠴᠢᠯᠡᠯᠲᠡ᠎ᠶ᠋ᠢᠨ ᠱᠠᠭᠠᠷᠳᠠᠯᠭ᠎ᠠ ᠎ᠶ᠋ᠢ ᠲᠦᠷᠬᠡᠨ ᠨᠠᠢᠳᠠᠪᠤᠷᠢᠵᠢᠭᠤᠯᠬᠤ ᠬᠡᠷᠡᠭ᠌ᠲᠡᠢ᠃ ᠬᠣᠶᠠᠷ᠎ᠲᠤ᠂ ᠰᠠᠭᠤᠷᠢ ᠲᠥᠬᠥᠭᠡᠷᠦᠮᠵᠢ᠎ᠶ᠋ᠢᠨ ᠪᠥᠲᠥᠭᠡᠨ ᠪᠠᠢ᠍ᠭᠤᠯᠤᠯᠲᠠ ᠪᠠ ᠨᠡᠢᠲᠡ ᠎ᠶ᠋ᠢᠨ ᠠᠰᠠᠷᠠᠮᠵᠢ ᠎ᠶ᠋ᠢᠨ ᠦᠢᠯᠡᠰ᠎ᠦᠨ ᠬᠥᠭ᠌ᠵᠢᠯᠲᠡ᠎ᠳᠦ ᠬᠡᠷᠡᠭ᠌ᠯᠡᠬᠦ᠌ ᠭᠠᠵᠠᠷ᠎ᠤᠨ ᠪᠠᠲᠤᠯᠠᠭ᠎ᠠ᠎ᠶ᠋ᠢ ᠲᠡᠭᠦᠯᠳᠡᠷᠵᠢᠭᠦᠯᠦᠨ᠎ᠡ᠃ ᠬᠤᠲᠠ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠬᠥᠭ᠌ᠵᠢᠯᠲᠡ ᠪᠠ ᠣᠢᠷ᠎ᠠ᠎ᠶ᠋ᠢᠨ ᠵᠢᠯ᠎ᠤᠨ ᠲᠤᠷᠱᠢᠬᠢ ᠭᠠᠯ ᠤᠨᠲᠠᠷᠠᠭᠠᠵᠤ ᠠᠪᠤᠷᠠᠨ ᠲᠤᠰᠠᠯᠠᠬᠤ᠂ ᠤᠯᠤᠰ᠎ᠤᠨ ᠨᠥᠭᠡᠴᠡ ᠵᠡᠷᠭᠡ ᠬᠦᠷᠢᠶ᠎ᠡ ᠴᠠᠷᠠᠭᠠᠨ ᠎ᠳᠠᠬᠢ ᠥᠭᠡᠷᠡᠴᠢᠯᠡᠯᠲᠡ᠎ᠶ᠋ᠢ ᠲᠦᠯᠬᠢᠨ ᠠᠬᠢᠭᠤᠯᠬᠤ᠎ᠶ᠋ᠢ ᠳᠠᠭᠠᠯᠳᠤᠨ᠂ ᠰᠠᠭᠤᠷᠢ ᠲᠥᠬᠦᠭᠡᠷᠦᠮᠵᠢ ᠎ᠶ᠋ᠢᠨ ᠪᠦᠲᠦᠭᠡᠨ ᠪᠠᠢᠭᠤᠯᠤᠯᠲᠠ ᠪᠠ ᠨᠡᠢᠲᠡ᠎ᠶ᠋ᠢᠨ ᠠᠰᠠᠷᠠᠮᠵᠢ᠎ᠶ᠋ᠢᠨ ᠦᠢᠯᠡᠰ᠎ᠤᠨ ᠬᠡᠷᠡᠭ᠌ᠯᠡᠬᠦ᠌ ᠭᠠᠵᠠᠷ᠎ᠤᠨ ᠲᠥᠷᠥᠯ ᠵᠦᠢᠯ᠎ᠨᠢ ᠲᠠᠰᠤᠷᠠᠯᠲᠠ ᠤᠢ᠍ᠭᠡᠢ ᠪᠠᠶᠠᠯᠢᠭ᠍ᠵᠢᠵᠤ᠂ ᠵᠠᠷᠢᠮ ᠱᠢᠨ᠎ᠡ ᠡᠵᠡᠩᠨᠡᠯᠲᠡ᠎ᠶ᠋ᠢᠨ ᠬᠡᠯᠪᠡᠷᠢ ᠪᠠᠢᠳᠠᠯ᠎ᠨᠢ ᠬᠤᠪᠢᠶᠠᠷᠢᠯᠠᠨ ᠰᠠᠯᠭ᠋ᠠᠵᠦ ᠬᠡᠷᠡᠭ᠌ᠯᠡᠬᠦ᠌ ᠭᠠᠵᠠᠷ᠎ᠤᠨ ᠳᠦᠷᠢᠮ᠎ᠳᠤ ᠨᠡᠢᠴᠡᠭ᠌ᠰᠡᠨ ᠭᠤᠣᠯ ᠵᠣᠷᠢᠯᠲᠠ᠎ᠨᠢ 《ᠭᠠᠷᠴᠠᠭ》᠎ᠤᠨ ᠬᠡᠪᠴᠢᠶᠡᠨ᠎ᠳᠤ ᠲᠣᠳᠣᠷᠬᠠᠶ ᠣᠷᠣᠭᠤᠯᠵᠤ᠂ ᠬᠡᠷᠡᠭ᠌ᠯᠡᠬᠦ᠌ ᠭᠠᠵᠠᠷ᠎ᠤᠨ ᠪᠠᠲᠤᠯᠠᠭ᠎ᠠ ᠎ᠶ᠋ᠢ ᠰᠠᠢᠲᠤᠷ ᠬᠢᠬᠦ᠌ ᠴᠢᠬᠤᠯᠠᠲᠠᠶ ᠪᠠᠢᠨ᠎ᠠ᠃ ᠭᠤᠷᠪᠠ᠎ᠳᠤ᠂ ᠵᠠᠷᠢᠮ ᠤᠯᠠᠮᠵᠢᠯᠠᠯᠲᠤ ᠰᠠᠭᠤᠷᠢ ᠳᠥᠬᠦᠭᠡᠷᠦᠮᠵᠢ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠬᠦᠷᠢᠶ᠎ᠡ ᠴᠠᠷᠠᠭᠠᠨ᠎ᠳᠦ ᠵᠠᠬ᠎ᠠ ᠳᠡᠯᠭᠡᠭᠦᠷᠴᠢᠯᠡᠭ᠌ᠰᠡᠨ ᠡᠵᠡᠩᠨᠡᠯᠲᠡ᠎ᠶ᠋ᠢᠨ ᠭᠣᠤᠯ ᠴᠣᠭ᠍ᠴᠠ ᠪᠠ ᠡᠵᠡᠩᠨᠡᠯᠲᠡ᠎ᠶ᠋ᠢᠨ ᠠᠷᠭ᠎ᠠ ᠮᠠᠶᠢᠭ ᠭᠠᠷᠴᠤ᠌᠂ ᠵᠣᠬᠢᠴᠠᠩᠭᠤᠶ ᠎ᠪᠠᠷ ᠥᠷᠢᠰᠥᠯᠳᠦᠬᠦ᠌ ᠠᠷᠭ᠎ᠠ ᠮᠠᠶᠢᠭ ᠎ᠢ ᠠᠪᠴᠤ᠌ ᠵᠠᠬ᠎ᠠ ᠳᠡᠯᠭᠡᠭᠦᠷ᠎ᠦᠨ ᠡᠯᠧᠮᠧᠨ᠋ᠲ᠎ᠢ ᠲᠣᠬᠢᠷᠠᠭᠤᠯᠵᠤ᠂ ᠬᠤᠪᠢᠶᠠᠷᠢᠯᠠᠨ ᠰᠠᠯᠭᠠᠭ᠍ᠰᠠᠨ ᠭᠠᠵᠠᠷ ᠱᠢᠷᠤᠢ ᠶ᠋ᠢ ᠬᠡᠷᠡᠭ᠌ᠯᠡᠬᠦ᠌ ᠬᠡᠷᠡᠭ᠌ᠲᠡᠢ ᠪᠠᠢᠨ᠎ᠠ᠃ ᠡᠭᠦᠨ᠎ᠠᠴᠠ ᠭᠠᠳᠠᠨ᠎ᠠ᠂ ᠣᠲᠣ᠎ᠶ᠋ᠢᠨ ᠬᠡᠷᠡᠭ᠌ᠵᠢᠭᠦᠯᠵᠦ᠍ ᠪᠠᠢᠭ᠎ᠠ 《ᠭᠠᠷᠴᠠᠭ》᠎ᠤᠨ ᠬᠤᠯᠪᠣᠭ᠍ᠳᠠᠯ ᠪᠥᠬᠦᠶ ᠠᠵᠢᠯ ᠲᠥᠷᠥᠯ᠎ᠤᠨ ᠬᠡᠷᠡᠭ᠌ᠯᠡᠬᠦ᠌ ᠭᠠᠵᠠᠷ ᠎ᠢ ᠲᠥᠷᠥᠯ ᠬᠤᠪᠢᠶᠠᠬᠤ ᠪᠠ ᠤᠬᠠᠭ᠍ᠳᠠᠬᠤᠨ᠎ᠢ ᠣᠲᠣ᠎ᠶ᠋ᠢᠨ ᠬᠡᠷᠡᠭ᠌ᠵᠢᠭᠦᠯᠵᠦ᠍ ᠪᠠᠢᠭ᠎ᠠ ᠬᠠᠤᠯᠢ ᠴᠠᠭᠠᠵᠠ ᠬᠠᠤᠯᠢ ᠲᠣᠭ᠍ᠲᠠᠭᠠᠯ ᠪᠠ ᠬᠤᠯᠪᠣᠭ᠍ᠳᠠᠯ ᠪᠥᠬᠦᠶ ᠠᠵᠢᠯ ᠲᠥᠷᠥᠯ᠎ᠤᠨ ᠬᠠᠮᠢᠶᠠᠷᠤᠯᠲᠠ᠎ᠶ᠋ᠢᠨ ᠲᠥᠷᠥ᠎ᠶ᠋ᠢᠨ ᠪᠣᠳᠣᠯᠭ᠎ᠠ᠎ᠶ᠋ᠢᠨ ᠲᠣᠭ᠍ᠲᠠᠭᠠᠯ᠎ᠲᠠᠢ ᠵᠣᠯᠭᠠᠭᠤᠯᠵᠤ᠂ ᠣᠷᠣᠨ ᠨᠤᠲᠤᠭ᠎ᠤᠨ ᠵᠠᠰᠠᠭ᠎ᠤᠨ ᠣᠷᠳᠣᠨ ᠪᠠ ᠪᠠᠢᠭᠠᠯᠢ᠎ᠶ᠋ᠢᠨ ᠡᠬᠢ ᠪᠠᠶᠠᠯᠢᠭ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠬᠡᠷᠡᠭ᠌ᠵᠢᠭᠦᠯᠬᠦ᠌᠎ᠳᠤ ᠲᠥᠬᠦᠮ ᠦᠵᠡᠭᠦᠯᠬᠦ᠌ ᠬᠡᠷᠡᠭ᠌ᠲᠡᠶ᠃

  ᠡᠭᠦᠨ᠎ᠤ ᠲᠤᠯᠠᠳᠠ᠂ ᠪᠠᠢᠭᠠᠯᠢ᠎ᠶ᠋ᠢᠨ ᠡᠬᠢ ᠪᠠᠶᠠᠯᠢᠭ᠎ᠤᠨ ᠶᠠᠮᠤᠨ᠎ᠠᠴᠠ 《ᠭᠠᠷᠴᠠᠭ》᠎ᠲᠤ ᠪᠥᠬᠦ᠌ ᠲᠠᠯ᠎ᠠ ᠎ᠪᠠᠷ ᠵᠠᠰᠠᠪᠤᠷᠢ ᠣᠷᠣᠭᠤᠯᠵᠤ᠂ ᠪᠠᠢᠭᠠᠯᠢ᠎ᠶ᠋ᠢᠨ ᠡᠬᠢ ᠪᠠᠶᠠᠯᠢᠭ᠎ᠢ ᠲᠥᠯᠥᠪᠦᠷᠢ᠎ᠲᠠᠢ ᠬᠡᠷᠡᠭ᠌ᠯᠡᠬᠦ᠌ ᠳᠦᠷᠢᠮ᠎ᠤᠨ ᠥᠭᠡᠷᠡᠴᠢᠯᠡᠯᠲᠡ᠎ᠶ᠋ᠢᠨ ᠲᠤᠬᠠᠶ ᠨᠠᠮ᠎ᠤᠨ ᠲᠥᠪ ᠬᠤᠷᠢᠶ᠎ᠠ᠂ ᠲᠥᠷᠥ᠎ᠶ᠋ᠢᠨ ᠶᠠᠪᠤᠳᠠᠯ᠎ᠤᠨ ᠬᠤᠷᠢᠶᠠᠨ᠎ᠤ ᠱᠠᠭᠠᠷᠳᠠᠯᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠭᠠᠵᠠᠷ ᠱᠢᠷᠣᠶ ᠎ᠶ᠋ᠢᠨ ᠡᠯᠧᠮᠧᠨ᠋ᠲ᠎ᠢ ᠳᠣᠭᠢᠷᠠᠭᠤᠯᠬᠤ ᠣᠨᠣᠪᠴᠢᠲᠤ ᠴᠢᠨᠠᠷ ᠪᠠ ᠠᠱᠢᠭ᠍ᠯᠠᠬᠤ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠪᠡ᠃

  ᠠᠰᠠᠭᠤᠯᠲᠠ᠄ 《ᠭᠠᠷᠴᠠᠭ》᠎ᠲᠤ ᠭᠤᠣᠯ ᠵᠠᠰᠠᠪᠤᠷᠢ ᠣᠷᠣᠭᠤᠯᠤᠭ᠍ᠰᠠᠨ ᠠᠭᠤᠯᠭ᠎ᠠ᠎ᠨᠢ ᠶᠠᠭᠤ ᠶᠠᠭᠤ ᠪᠤᠢ?

  ᠬᠠᠷᠢᠭᠤᠯᠲᠠ᠄ ᠲᠣᠰ ᠤᠳᠠᠭᠠᠨ᠎ᠤ 《ᠭᠠᠷᠴᠠᠭ》᠎ᠲᠤ ᠵᠠᠰᠠᠪᠤᠷᠢ ᠤᠷᠤᠭᠤᠯᠬᠤ ᠶᠡᠷᠦᠩᠬᠡᠢ ᠪᠣᠷᠣ ᠲᠥᠯᠥᠪ᠎ᠢ ᠬᠤᠪᠢᠷᠠᠭᠤᠯᠬᠤ ᠦᠭᠡᠢ ᠪᠠᠢᠬᠤ᠎ᠶ᠋ᠢ ᠪᠠᠲᠤᠯᠠᠵᠤ᠂《ᠭᠠᠵᠠᠷ ᠱᠢᠷᠣᠢ᠎ᠶ᠋ᠢᠨ ᠬᠠᠮᠢᠶᠠᠷᠤᠯᠲᠠ᠎ᠶ᠋ᠢᠨ ᠬᠠᠤᠯᠢ》᠎ᠶ᠋ᠢᠨ ᠲᠠᠪᠢᠨ ᠳᠥᠷᠪᠡᠳᠦᠭᠡᠷ ᠵᠤᠷᠪᠤᠰ᠎ᠲᠤ ᠵᠢᠭ᠍ᠰᠠᠭᠠᠭ᠍ᠰᠠᠨ ᠳᠥᠷᠪᠡᠨ ᠶᠡᠭᠡ ᠲᠥᠷᠥᠯ ᠵᠦᠢᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠪᠣᠳᠠᠲᠠᠶ ᠬᠡᠷᠡᠭ᠌ᠯᠡᠬᠦ᠌ ᠭᠠᠵᠠᠷ ᠎ᠤᠨ ᠲᠥᠷᠥᠯ ᠬᠡᠯᠪᠡᠷᠢ ᠪᠠ ᠠᠷᠭ᠎ᠠ ᠮᠠᠶᠢᠭ᠎ᠲᠤ ᠲᠣᠬᠢᠷᠠᠭᠤᠯᠤᠯᠲᠠ ᠬᠢᠵᠦ᠍᠂ ᠬᠠᠰᠤᠨ ᠴᠣᠮᠬᠠᠳᠭᠠᠵᠤ᠂ ᠨᠠᠷᠢᠯᠢᠭ᠍ᠵᠢᠭᠤᠯᠵᠤ᠂ ᠵᠠᠰᠠᠪᠤᠷᠢ ᠣᠷᠣᠭᠤᠯᠤᠭ᠍ᠰᠠᠨ᠎ᠤ ᠳᠠᠷᠠᠭ᠎ᠠ 20 ᠲᠥᠷᠥᠯ᠂ 106 ᠵᠦᠢᠯ᠎ᠤᠨ ᠪᠣᠳᠠᠲᠠᠶ ᠪᠠᠢᠳᠠᠯ ᠪᠤᠢ᠃

  ᠬᠤᠪᠢᠶᠠᠷᠯᠠᠨ ᠰᠠᠯᠭᠠᠬᠤ ᠠᠷᠭ᠎ᠠ ᠎ᠪᠡᠷ ᠪᠦᠲᠦᠭᠡᠨ ᠪᠠᠢᠭᠤᠯᠤᠯᠲᠠ᠎ᠳᠤ ᠬᠡᠷᠡᠭ᠌ᠯᠡᠬᠦ᠌ ᠭᠠᠵᠠᠷ᠎ᠤᠨ ᠬᠡᠷᠡᠭ᠌ᠯᠡᠬᠦ᠌ ᠡᠷᠬᠡ᠎ᠶ᠋ᠢ ᠲᠣᠭ᠍ᠲᠠᠭᠠᠬᠤ᠎ᠶ᠋ᠢ ᠴᠢᠩᠭ᠎ᠠ ᠬᠢᠵᠠᠭᠠᠷᠯᠠᠨ᠎ᠠ ᠃ ᠤᠯᠤᠰ᠎ᠤᠨ ᠥᠮᠴᠢᠯᠡᠯᠲᠦ ᠪᠦᠲᠦᠭᠡᠨ ᠪᠠᠢᠭᠤᠯᠤᠯᠲᠠ᠎ᠳᠤ ᠬᠡᠷᠡᠭ᠌ᠯᠡᠬᠦ᠌ ᠭᠠᠵᠠᠷ᠎ᠢ ᠲᠥᠯᠥᠪᠦᠷᠢ᠎ᠲᠡᠶ ᠬᠡᠷᠡᠭ᠌ᠯᠡᠬᠦ᠌ ᠳᠦᠷᠢᠮ᠎ᠢ ᠲᠡᠭᠦᠯᠳᠡᠷᠵᠢᠭᠦᠯᠬᠦ᠌ ᠲᠤᠬᠠᠶ ᠨᠠᠮ᠎ᠤᠨ ᠲᠥᠪ ᠬᠣᠷᠢᠶ᠎ᠠ᠂ ᠲᠥᠷᠥ᠎ᠶ᠋ᠢᠨ ᠶᠠᠪᠤᠳᠠᠯ᠎ᠤᠨ ᠬᠣᠷᠢᠶᠠᠨ᠎ᠤ ᠱᠠᠭᠠᠷᠳᠠᠯᠭ᠎ᠠ᠎ᠶ᠋ᠢ ᠨᠠᠢᠳᠠᠪᠤᠷᠢᠵᠢᠭᠤᠯᠵᠤ᠂ ᠤᠯᠤᠰ᠎ᠤᠨ ᠥᠮᠴᠢᠯᠡᠯᠲᠦ ᠪᠦᠲᠦᠭᠡᠨ ᠪᠠᠢᠭᠤᠯᠤᠯᠲᠠ᠎ᠳᠤ ᠬᠡᠷᠡᠭ᠌ᠯᠡᠬᠦ᠌ ᠭᠠᠵᠠᠷ ᠎ᠤᠨ ᠲᠥᠯᠥᠪᠦᠷᠢ᠎ᠲᠡᠶ ᠬᠡᠷᠡᠭ᠌ᠯᠡᠬᠦ᠌ ᠬᠡᠪᠴᠢᠶ᠎ᠡ᠎ᠶ᠋ᠢ ᠥᠷᠭᠡᠳᠭᠡᠬᠦ᠌ ᠵᠡᠷᠭᠡ ᠱᠠᠭᠠᠷᠳᠠᠯᠭ᠎ᠠ᠎ᠶ᠋ᠢ ᠨᠠᠢᠳᠠᠪᠤᠷᠢᠵᠢᠭᠤᠯᠵᠤ᠂ ᠬᠤᠪᠢᠶᠠᠷᠢᠯᠠᠨ ᠰᠠᠯᠭᠠᠬᠤ ᠠᠷᠭ᠎ᠠ ᠮᠠᠶᠢᠭ᠎ᠢᠶᠠᠷ ᠪᠦᠲᠦᠭᠡᠨ ᠪᠠᠢᠭᠤᠯᠤᠯᠲᠠ᠎ᠳᠤ ᠬᠡᠷᠡᠭ᠌ᠯᠡᠬᠦ᠌ ᠭᠠᠵᠠᠷ᠎ᠤᠨ ᠬᠡᠷᠡᠭ᠌ᠯᠡᠬᠦ᠌ ᠡᠷᠬᠡ ᠲᠣᠭ᠍ᠲᠠᠭᠠᠬᠤ᠎ᠶ᠋ᠢ ᠴᠢᠩᠭ᠎ᠠ ᠬᠢᠵᠠᠭᠠᠷᠯᠠᠨ᠎ᠠ ᠄ ᠨᠢᠭᠡ᠎ᠳᠦ᠂ ᠲᠥᠯᠥᠪᠦᠷᠢ᠎ᠲᠡᠶ ᠬᠡᠷᠡᠭ᠌ᠯᠡᠬᠦ᠌᠎ᠶ᠋ᠢ ᠵᠣᠷᠢᠭ᠍ᠵᠢᠭᠤᠯᠬᠤ ᠶᠠᠪᠤᠳᠠᠯ᠎ᠢ ᠦᠨᠳᠦᠰᠦᠨ ᠵᠠᠷᠴᠢᠮ ᠪᠣᠯᠭᠠᠨ᠎ᠠ᠃ 《ᠭᠠᠷᠴᠠᠭ》᠎ᠲᠤ ᠵᠢᠭ᠍ᠰᠠᠭᠠᠭ᠍ᠰᠠᠨ ᠤᠯᠤᠰ᠎ᠤᠨ ᠦᠮᠴᠢᠯᠡᠯᠲᠦ ᠪᠦᠲᠦᠭᠡᠨ ᠪᠠᠢᠭᠤᠯᠤᠯᠲᠠ᠎ᠳᠤ ᠬᠡᠷᠡᠭ᠌ᠯᠡᠬᠦ᠌ ᠭᠠᠵᠠᠷ᠎ᠤᠨ ᠲᠥᠷᠥᠯ ᠵᠦᠢᠯ᠎ᠢ ᠬᠤᠪᠢᠶᠠᠷᠢᠯᠠᠨ ᠰᠠᠯᠭᠠᠬᠤ ᠠᠷᠭ᠎ᠠ ᠮᠠᠶᠢᠭ᠎ᠢᠶᠠᠷ ᠬᠠᠩᠭᠠᠵᠤ ᠪᠣᠯᠤᠨ᠎ᠠ; ᠪᠦᠲᠦᠭᠡᠨ ᠪᠠᠢᠭᠤᠯᠬᠤ ᠨᠢᠭᠡᠴᠢ᠎ᠪᠠᠷ ᠵᠥᠪᠱᠢᠶᠡᠷᠡᠭᠦᠯᠦᠭᠡᠳ᠂ ᠪᠠᠰᠠ ᠱᠢᠯᠵᠢᠭᠦᠯᠦᠨ ᠥᠭ᠌ᠬᠦ᠂ ᠲᠦᠷᠢᠶᠡᠰᠦᠯᠡᠬᠦ᠌ ᠵᠡᠷᠭᠡ ᠲᠥᠯᠥᠪᠦᠷᠢ᠎ᠲᠠᠢ ᠬᠡᠷᠡᠭ᠌ᠯᠡᠬᠦ᠌ ᠠᠷᠭ᠎ᠠ ᠮᠠᠶᠢᠭ᠎ᠢᠶᠠᠷ ᠬᠠᠩᠭᠠᠵᠤ ᠪᠣᠯᠤᠨ᠎ᠠ᠃ ᠬᠤᠶᠠᠷ᠎ᠲᠤ᠂ ᠠᠵᠢᠯ ᠲᠥᠷᠥᠯ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠰᠠᠨᠠᠯ᠎ᠲᠠᠢ ᠤᠶᠠᠯᠳᠤᠭᠤᠯᠤᠨ᠂ ᠬᠤᠪᠢᠶᠠᠷᠢᠯᠠᠨ ᠰᠠᠯᠭᠠᠭ᠍ᠰᠠᠨ ᠬᠡᠷᠡᠭ᠌ᠯᠡᠬᠦ᠌ ᠭᠠᠵᠠᠷ᠎ᠤᠨ 《ᠠᠱᠢᠭ ᠬᠤᠨᠵᠢᠪᠣᠷᠢ᠎ᠶ᠋ᠢᠨ ᠪᠤᠰᠤ ᠴᠢᠨᠠᠷ᠎ᠲᠠᠢ》᠂ 《ᠨᠡᠢᠲᠡ᠎ᠶ᠋ᠢᠨ ᠠᠰᠠᠷᠠᠮᠵᠢ᠎ᠶ᠋ᠢᠨ ᠴᠢᠨᠠᠷ᠎ᠲᠠᠢ》᠂ 《ᠡᠵᠡᠩᠨᠡᠯᠲᠡ᠎ᠶ᠋ᠢᠨ ᠪᠤᠰᠤ ᠴᠢᠨᠠᠷ᠎ᠲᠠᠢ》 ᠵᠡᠷᠭᠡ᠎ᠶ᠋ᠢ ᠤᠯᠠᠮ ᠨᠢᠭᠡ ᠠᠯᠬᠤᠮ ᠬᠢᠵᠠᠭᠠᠷᠯᠠᠪᠠ᠂ ᠵᠢᠱ᠌ᠢᠶᠡᠯᠡᠪᠡᠯ 《(ᠶᠢᠰᠦ) ᠠᠱᠢᠭ ᠬᠤᠨᠵᠢᠪᠣᠷᠢ᠎ᠶ᠋ᠢᠨ ᠪᠤᠰᠤ ᠴᠢᠨᠠᠷᠲᠠᠶ ᠣᠯᠠᠨ ᠨᠡᠢᠲᠡ᠎ᠶ᠋ᠢᠨ ᠰᠣᠶᠣᠯ ᠪᠡᠶ᠎ᠡ᠎ᠶ᠋ᠢᠨ ᠲᠠᠮᠢᠷ᠎ᠤᠨ ᠲᠦᠬᠦᠭᠡᠷᠦᠮᠵᠢ᠎ᠳᠤ ᠬᠡᠷᠡᠭ᠌ᠯᠡᠬᠦ᠌ ᠭᠠᠵᠠᠷ》᠎ᠲᠤ 《ᠣᠯᠠᠨ ᠨᠡᠢᠲᠡ᠎ᠳᠤ ᠬᠠᠨᠳᠤᠭᠤᠯᠤᠨ ᠨᠡᠭᠡᠭᠡᠬᠦ᠌》᠎ᠶ᠋ᠢ ᠣᠯᠠᠨ ᠨᠡᠢᠲᠡ᠎ᠶ᠋ᠢᠨ ᠰᠣᠶᠣᠯ ᠪᠡᠶ᠎ᠡ᠎ᠶ᠋ᠢᠨ ᠲᠠᠮᠢᠷ᠎ᠤᠨ ᠲᠦᠬᠦᠭᠡᠷᠦᠮᠵᠢ᠎ᠳᠤ ᠬᠤᠪᠢᠶᠠᠷᠢᠯᠠᠨ ᠰᠠᠯᠭᠠᠭ᠍ᠰᠠᠨ ᠬᠡᠷᠡᠭ᠌ᠯᠡᠬᠦ᠌ ᠭᠠᠵᠠᠷ ᠪᠣᠯᠭᠠᠬᠤ᠎ᠶ᠋ᠢᠨ ᠤᠷᠢᠲᠠᠯ ᠵᠡᠷᠭᠡ ᠎ᠳᠤ ᠨᠡᠮᠡᠭ᠌ᠳᠡᠭᠦᠯᠦᠨ᠎ᠡ᠃ ᠭᠤᠷᠪᠠ᠎ᠳᠤ᠂ ᠵᠠᠷᠢᠮ ᠦᠢᠯᠡᠳᠦᠯᠭᠡ᠎ᠶ᠋ᠢᠨ ᠳᠤᠮᠳᠠ ᠨᠢᠭᠡᠨᠲᠡ ᠵᠠᠬ᠎ᠠ ᠳᠡᠯᠭᠡᠭᠦᠷᠴᠢᠯᠡᠨ ᠲᠣᠬᠢᠷᠠᠭᠤᠯᠤᠭ᠍ᠰᠠᠨ ᠬᠡᠷᠡᠭ᠌ᠯᠡᠬᠦ᠌ ᠭᠠᠵᠠᠷ ᠎ᠤᠨ ᠠᠷᠭ᠎ᠠ ᠬᠡᠯᠪᠡᠷᠢ᠎ᠶ᠋ᠢ ᠬᠠᠰᠤᠪᠠ᠃ ᠳᠡᠭᠡᠷ᠎ᠡ ᠳᠤᠷᠠᠳᠤᠭ᠍ᠰᠠᠨ ᠵᠠᠰᠠᠪᠤᠷᠢ ᠣᠷᠤᠭᠤᠯᠤᠯᠲᠠ᠎ᠨᠢ ᠪᠠᠢᠭᠠᠯᠢ᠎ᠶ᠋ᠢᠨ ᠡᠬᠢ ᠪᠠᠶᠠᠯᠢᠭ᠎ᠢ ᠲᠥᠯᠥᠪᠦᠷᠢ᠎ᠲᠠᠢ ᠬᠡᠷᠡᠭ᠌ᠯᠡᠬᠦ᠌ ᠳᠦᠷᠢᠮ᠎ᠤᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠤᠯᠤᠰ᠎ᠤᠨ ᠥᠮᠴᠢᠯᠡᠯ᠎ᠤᠨ ᠪᠦᠲᠦᠭᠡᠨ ᠪᠠᠢᠭᠤᠯᠤᠯᠲᠠ᠎ᠳᠤ ᠬᠡᠷᠡᠭ᠌ᠯᠡᠬᠦ᠌ ᠭᠠᠵᠠᠷ᠎ᠢ ᠲᠥᠯᠥᠪᠦᠷᠢ᠎ᠲᠠᠢ ᠬᠡᠷᠡᠭ᠌ᠯᠡᠬᠦ᠌ ᠬᠡᠪᠴᠢᠶ᠎ᠡ᠎ᠶ᠋ᠢ ᠥᠷᠭᠡᠳᠭᠡᠬᠦ᠌ ᠱᠠᠭᠠᠷᠳᠠᠯᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶ᠋ᠢᠨ ᠵᠣᠷᠢᠯᠭ᠎ᠠ ᠪᠣᠯᠣᠨ᠎ᠠ᠃

  ᠰᠠᠭᠤᠷᠢ ᠲᠥᠬᠥᠭᠡᠷᠦᠮᠵᠢ ᠪᠠ ᠨᠡᠢᠲᠡ᠎ᠶ᠋ᠢᠨ ᠠᠰᠠᠷᠠᠮᠵᠢ᠎ᠶ᠋ᠢᠨ ᠦᠢᠯᠡᠰ᠎ᠲᠦ ᠬᠡᠷᠡᠭ᠌ᠯᠡᠬᠦ᠌ ᠭᠠᠵᠠᠷ᠎ᠤᠨ ᠲᠥᠷᠥᠯ ᠬᠡᠯᠪᠡᠷᠢ᠎ᠶ᠋ᠢ ᠲᠡᠭᠦᠯᠳᠡᠷᠵᠢᠭᠦᠯᠦᠨ᠎ᠡ᠃ ᠨᠢᠭᠡ᠎ᠳᠤ᠂ ᠭᠠᠯ ᠤᠨᠲᠠᠷᠠᠭᠠᠵᠤ ᠠᠪᠤᠷᠠᠨ ᠲᠤᠰᠠᠯᠠᠬᠤ᠂ ᠪᠠᠴᠢᠮ ᠪᠠᠢᠳᠠᠯ᠎ᠢ ᠠᠷᠭᠠᠴᠠᠭᠠᠵᠤ ᠠᠶᠤᠯ᠎ᠠᠴᠠ ᠵᠠᠢᠯᠠᠬᠤ ᠳᠦᠬᠦᠭᠡᠷᠦᠮᠵᠢ ᠵᠡᠷᠭᠡ ᠬᠡᠷᠡᠭ᠌ᠯᠡᠬᠦ᠌ ᠭᠠᠵᠠᠷ᠎ᠤᠨ ᠪᠠᠲᠤᠯᠠᠭ᠎ᠠ᠎ᠶ᠋ᠢ ᠴᠢᠩᠭᠠᠳᠭᠠᠵᠤ᠂ ᠲᠣᠰ ᠤᠳᠠᠭ᠎ᠠ ᠵᠠᠰᠠᠪᠤᠷᠢ ᠣᠷᠣᠭᠤᠯᠬᠤ᠎ᠳᠤ 《(ᠳᠥᠷᠪᠡ)ᠭᠠᠯ ᠤᠨᠲᠠᠷᠠᠭᠠᠵᠤ ᠠᠪᠤᠷᠠᠨ ᠲᠤᠰᠠᠯᠠᠬᠤ᠂ ᠪᠠᠴᠢᠮ ᠪᠠᠢᠳᠠᠯ᠎ᠢ ᠠᠷᠭᠠᠴᠠᠭᠠᠵᠤ ᠠᠶᠤᠯ᠎ᠠᠴᠠ ᠵᠠᠢᠯᠠᠬᠤ ᠲᠥᠬᠥᠭᠡᠷᠦᠮᠵᠢ᠎ᠶ᠋ᠢᠨ ᠬᠡᠷᠡᠭ᠌ᠯᠡᠬᠦ᠌ ᠭᠠᠵᠠᠷ》᠎ᠢ ᠠᠰ᠎ᠲᠤ ᠨᠢ ᠵᠢᠭ᠍ᠰᠠᠭᠠᠬᠤ᠎ᠳᠤ ᠪᠠᠲᠤᠯᠠᠭ᠎ᠠ ᠬᠠᠩᠭᠠᠬᠤ ᠬᠡᠷᠡᠭ᠌ᠲᠡᠶ᠃ ᠬᠤᠶᠠᠷ᠎ᠲᠤ᠌᠂ ᠱᠢᠨ᠎ᠡ ᠪᠠᠢᠳᠠᠯ ᠳᠣᠣᠷᠠᠬᠢ ᠰᠠᠭᠤᠷᠢ ᠲᠥᠬᠥᠭᠡᠷᠦᠮᠵᠢ ᠪᠠ ᠨᠡᠢᠲᠡ ᠎ᠶ᠋ᠢᠨ ᠠᠰᠠᠷᠠᠮᠵᠢ᠎ᠶ᠋ᠢᠨ ᠦᠢᠯᠡᠰ᠎ᠤᠨ  ᠬᠡᠷᠡᠭ᠌ᠯᠡᠬᠦ᠌ ᠭᠠᠵᠠᠷ ᠎ᠤᠨ ᠠᠷᠭ᠎ᠠ ᠮᠠᠶᠢᠭ᠎ᠢ ᠬᠠᠩᠭᠠᠵᠤ᠂ ᠤᠯᠤᠰ᠎ᠤᠨ ᠨᠥᠭᠡᠴᠡᠯᠡᠬᠦ᠌ ᠱᠢᠰᠲ᠋ᠧᠮ᠎ᠤᠨ ᠪᠦᠲᠦᠭᠡᠨ ᠪᠠᠢᠭᠤᠯᠤᠯᠲᠠ᠎ᠶ᠋ᠢᠨ ᠬᠡᠷᠡᠭ᠌ᠴᠡᠭᠡ ᠱᠠᠭᠠᠷᠳᠠᠯᠭ᠎ᠠ᠎ᠶ᠋ᠢ ᠨᠠᠢᠳᠠᠪᠤᠷᠢᠵᠢᠭᠤᠯᠤᠨ᠂ 《(ᠲᠠᠪᠤ) ᠤᠯᠤᠰ᠎ᠤᠨ ᠨᠥᠭᠡᠴᠡᠯᠡᠬᠦ᠌ ᠲᠥᠬᠥᠭᠡᠷᠦᠮᠵᠢ᠎ᠶ᠋ᠢᠨ ᠬᠡᠷᠡᠭ᠌ᠯᠡᠬᠦ᠌ ᠭᠠᠵᠠᠷ》᠎ᠢ ᠠᠰ᠎ᠲᠤ ᠨᠢ ᠵᠢᠭ᠍ᠰᠠᠭᠠᠨ᠎ᠠ; ᠬᠡᠷᠡᠭ᠌ᠯᠡᠬᠦ᠌ ᠭᠠᠵᠠᠷ᠎ᠤᠨ ᠡᠵᠡᠩᠨᠡᠯᠲᠡ᠎ᠶ᠋ᠢᠨ ᠬᠡᠯᠪᠡᠷᠢ ᠪᠠᠢᠳᠠᠯ᠎ᠳᠤ ᠱᠢᠨ᠎ᠡ ᠎ᠪᠡᠷ ᠨᠥᠬᠥᠪᠦᠷᠢᠯᠡᠯᠲᠡ ᠬᠢᠨ᠎ᠡ᠂ ᠵᠢᠱ᠌ᠢᠶᠡᠯᠡᠪᠡᠯ᠂ 《(ᠭᠤᠷᠪᠠ) ᠬᠤᠲᠠ ᠎ᠶ᠋ᠢᠨ ᠰᠠᠭᠤᠷᠢ ᠲᠥᠬᠥᠭᠡᠷᠦᠮᠵᠢ ᠎ᠶ᠋ᠢᠨ ᠬᠡᠷᠡᠭ᠌ᠯᠡᠬᠦ᠌ ᠭᠠᠵᠠᠷ》᠎ᠲᠤ 《ᠬᠤᠲᠠ᠎ᠶ᠋ᠢᠨ ᠶᠠᠪᠤᠳᠠᠯ᠎ᠤᠨ ᠬᠤᠭᠤᠯᠠᠶ᠎ᠶ᠋ᠢᠨ ᠬᠤᠩᠭᠢᠯ》᠎ᠢ ᠨᠡᠮᠡᠵᠦ᠍᠂ 《(ᠠᠷᠪᠠᠨ ᠭᠤᠷᠪᠠ) ᠴᠠᠬᠢᠯᠭᠠᠨ ᠬᠦᠴᠦᠨ᠎ᠤ ᠲᠥᠬᠥᠭᠡᠷᠦᠮᠵᠢ ᠎ᠶ᠋ᠢᠨ ᠬᠡᠷᠡᠭ᠌ᠯᠡᠬᠦ᠌ ᠭᠠᠵᠠᠷ》᠎ᠲᠤ 《ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡ ᠵᠢᠴᠢ ᠵᠣᠬᠢᠬᠤ ᠲᠥᠬᠥᠭᠡᠷᠦᠮᠵᠢ》ᠵᠡᠷᠭᠡ᠎ᠶ᠋ᠢ ᠨᠡᠮᠡᠨ᠎ᠡ᠃ ᠭᠤᠷᠪᠠ᠎ᠳᠤ᠂ ᠦᠷᠡᠭ᠌ᠳᠡᠭ᠌ᠰᠡᠨ ᠪᠠᠭᠠᠲᠤᠷᠴᠤᠳ᠎ᠤᠨ ᠵᠣᠷᠢᠭ ᠰᠠᠨᠠᠭ᠎ᠠ᠎ᠶ᠋ᠢ ᠤᠯᠠᠮᠵᠢᠯᠠᠨ ᠪᠠᠳᠠᠷᠠᠭᠤᠯᠵᠤ᠂ ᠦᠷᠡᠭ᠌ᠳᠡᠭ᠌ᠰᠡᠨ ᠪᠠᠭᠠᠲᠤᠷᠴᠤᠳ᠎ᠤᠨ ᠦᠢᠯᠡ ᠠᠵᠢᠯᠯᠠᠭ᠎ᠠ᠎ᠶ᠋ᠢᠨ ᠲᠤᠬᠠᠶ ᠤᠬᠠᠭᠤᠯᠭ᠎ᠠ ᠪᠠ ᠬᠥᠮᠦᠵᠢᠯ᠎ᠢ ᠴᠢᠩᠭᠠᠳᠭᠠᠵᠤ᠂ 《(ᠠᠷᠪᠠ ᠶᠢᠰᠦ) ᠦᠷᠡᠭ᠌ᠳᠡᠭ᠌ᠰᠡᠨ ᠪᠠᠭᠠᠲᠤᠷᠴᠤᠳ᠎ᠤᠨ ᠳᠤᠷᠠᠰᠭᠠᠯ᠎ᠤᠨ ᠲᠥᠬᠦᠭᠡᠷᠦᠮᠵᠢ᠎ᠳᠤ ᠬᠡᠷᠡᠭ᠌ᠯᠡᠬᠦ᠌ ᠭᠠᠵᠠᠷ》᠎ᠢ ᠠᠰ᠎ᠲᠤ ᠨᠢ ᠵᠢᠭ᠍ᠰᠠᠭᠠᠨ᠎ᠠ᠃ ᠲᠦᠷᠪᠡ᠎ᠳᠤ᠂ ᠤᠯᠤᠰ᠎ᠤᠨ ᠴᠡᠴᠡᠷᠯᠢᠭ᠎ᠤᠨ ᠪᠦᠳᠦᠭᠡᠨ ᠪᠠᠢᠭᠤᠯᠤᠯᠲᠠ ᠵᠡᠷᠭᠡ ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢᠨ ᠬᠡᠷᠡᠭ᠌ᠴᠡᠭᠡ᠎ᠶ᠋ᠢ ᠪᠠᠲᠤᠯᠠᠬᠤ ᠎ᠳᠤ ᠦᠢᠯᠡᠴᠢᠯᠡᠵᠦ᠍᠂ 《ᠵᠠᠰᠠᠭ᠎ᠤᠨ ᠣᠷᠳᠣᠨ᠎ᠠᠴᠠ ᠵᠣᠬᠢᠶᠠᠨ ᠪᠠᠢᠭᠤᠯᠵᠤ ᠬᠡᠷᠡᠭ᠌ᠵᠢᠭᠦᠯᠬᠦ᠌ ᠠᠮᠢ ᠠᠬᠤᠢ᠎ᠶ᠋ᠢᠨ ᠣᠷᠴᠢᠨ ᠲᠣᠭᠤᠷᠢᠨ ᠪᠠ ᠡᠬᠢ ᠪᠠᠶᠠᠯᠢᠭ᠎ᠤᠨ ᠬᠠᠮᠠᠭᠠᠯᠠᠯᠲᠠ᠎ᠶ᠋ᠢᠨ ᠦᠢᠯᠡᠰ᠎ᠤᠨ ᠬᠡᠷᠡᠭ᠌ᠴᠡᠭᠡ᠎ᠲᠠᠢ ᠬᠠᠮᠠᠭᠠᠯᠠᠯᠲᠠ ᠪᠠ ᠤᠯᠠᠨ ᠨᠡᠢᠲᠡ᠎ᠶ᠋ᠢᠨ ᠬᠠᠮᠢᠶᠠᠷᠤᠯᠲᠠ᠎ᠶ᠋ᠢᠨ ᠲᠥᠬᠦᠭᠡᠷᠦᠮᠵᠢ᠎ᠶ᠋ᠢᠨ ᠬᠡᠷᠡᠭ᠌ᠯᠡᠬᠦ᠌ ᠭᠠᠵᠠᠷ》᠎ᠢ ᠠᠰ᠎ᠲᠤ ᠨᠢ ᠵᠢᠭ᠍ᠰᠠᠭᠠᠨ᠎ᠠ᠃ ᠡᠭᠦᠨ᠎ᠤ ᠬᠠᠮᠲᠤ᠌᠂ ᠣᠢᠷ᠎ᠠ ᠎ᠶ᠋ᠢᠨ ᠵᠢᠯ ᠎ᠤᠳ ᠎ᠲᠤ ᠱᠢᠨ᠎ᠡ ᠎ᠪᠠᠷ ᠲᠣᠭ᠍ᠲᠠᠭᠠᠭ᠍ᠰᠠᠨ ᠬᠠᠤᠯᠢ ᠴᠠᠭᠠᠵᠠ ᠬᠠᠤᠯᠢ ᠲᠣᠭ᠍ᠲᠠᠭᠠᠯ ᠲᠥᠷᠥ ᠎ᠶ᠋ᠢᠨ ᠪᠣᠳᠣᠯᠭ᠎ᠠ ᠪᠠ ᠬᠠᠮᠢᠶ᠎ᠠ ᠪᠥᠬᠦᠶ ᠠᠵᠢᠯ ᠲᠥᠷᠥᠯ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠰᠠᠨᠠᠯ᠎ᠢ ᠦᠨᠳᠦᠰᠦᠯᠡᠨ᠂ ᠣᠲᠣ᠎ᠶ᠋ᠢᠨ ᠬᠡᠷᠡᠭ᠌ᠵᠢᠭᠦᠯᠵᠦ᠍ ᠪᠠᠢᠭ᠎ᠠ 《ᠭᠠᠷᠴᠠᠭ》᠎ᠲᠤ ᠵᠠᠷᠢᠮ ᠬᠡᠷᠡᠭ᠌ᠯᠡᠬᠦ᠌ ᠭᠠᠵᠠᠷ ᠠᠷᠭ᠎ᠠ ᠮᠠᠶᠢᠭ᠎ᠤᠨ ᠲᠥᠷᠥᠯ ᠵᠦᠢᠯ᠎ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠪᠡ᠃

  ᠬᠢᠨᠠᠨ ᠪᠠᠢᠴᠠᠭᠠᠬᠤ ᠪᠠᠷᠢᠮᠵᠢᠶ᠎ᠠ ᠪᠠ ᠮᠠᠭᠠᠳᠯᠠᠨ ᠲᠣᠭ᠍ᠲᠠᠭᠠᠬᠤ ᠲᠣᠭ᠍ᠲᠠᠴᠠ ᠎ᠶ᠋ᠢ ᠲᠡᠭᠦᠯᠳᠡᠷᠵᠢᠭᠦᠯᠦᠨ᠎ᠡ᠃ ᠱᠢᠨ᠎ᠡ ᠡᠵᠡᠩᠨᠡᠯᠲᠡ᠎ᠶ᠋ᠢᠨ ᠪᠠᠢᠳᠠᠯ ᠎ᠤᠨ ᠬᠥᠭ᠌ᠵᠢᠯᠲᠡ ᠪᠠ ᠪᠡᠯᠡ ᠣᠷᠣᠭᠤᠯᠤᠯᠲᠠ᠎ᠶ᠋ᠢᠨ ᠭᠤᠤᠯ ᠴᠣᠭ᠍ᠴᠠ᠎ᠶ᠋ᠢᠨ ᠣᠯᠠᠨ ᠡᠱᠢᠵᠢᠯᠲᠡ᠎ᠶ᠋ᠢ ᠳᠠᠭᠠᠯᠳᠤᠨ᠂ ᠣᠷᠣᠨ ᠨᠤᠲᠤᠭ᠎ᠤᠨ᠎ᠬᠢᠨ ᠪᠣᠳᠠᠲᠠᠶ ᠠᠵᠢᠯ᠎ᠤᠨ ᠳᠤᠮᠳᠠ 《ᠨᠡᠢᠲᠡ᠎ᠶ᠋ᠢᠨ ᠠᠰᠠᠷᠠᠮᠵᠢ᠎ᠶ᠋ᠢᠨ ᠴᠢᠨᠠᠷ》ᠵᠡᠷᠭᠡ ᠪᠠᠷᠢᠮᠵᠢᠶ᠎ᠠ᠎ᠶ᠋ᠢ ᠣᠨᠣᠪᠴᠢᠲᠠᠶ ᠡᠵᠡᠮᠱᠢᠬᠦ᠌᠎ᠳᠤ ᠪᠡᠷᠬᠡ ᠭᠡᠳᠡᠭ᠎ᠢ ᠨᠡᠢᠳᠡᠮ ᠲᠤᠰᠭᠠᠵᠤ ᠪᠠᠢᠨ᠎ᠠ᠃ ᠲᠣᠰ ᠤᠳᠠᠭ᠎ᠠ ᠵᠠᠰᠠᠪᠤᠷᠢ ᠣᠷᠣᠭᠤᠯᠬᠤ᠎ᠳᠤ ᠬᠢᠨᠠᠨ ᠪᠠᠢᠴᠠᠭᠠᠬᠤ ᠪᠠᠷᠢᠮᠵᠢᠶ᠎ᠠ ᠪᠠ ᠮᠠᠭᠠᠳᠯᠠᠨ ᠲᠣᠭ᠍ᠲᠠᠭᠠᠬᠤ ᠲᠣᠭ᠍ᠲᠠᠴᠠ᠎ᠶ᠋ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠍᠂ ᠬᠤᠪᠢᠶᠠᠷᠢᠯᠠᠨ ᠰᠠᠯᠭᠠᠭ᠍ᠰᠠᠨ ᠬᠡᠷᠡᠭ᠌ᠯᠡᠬᠦ᠌ ᠭᠠᠵᠠᠷ᠎ᠢ ᠬᠢᠨᠠᠨ ᠪᠠᠢᠴᠠᠭᠠᠬᠤ᠎ᠳᠤ᠎ᠪᠠᠨ ᠪᠥᠲᠥᠭᠡᠨ ᠪᠠᠢᠭᠤᠯᠬᠤ ᠨᠢᠭᠡᠴᠢ᠎ᠶ᠋ᠢᠨ ᠬᠠᠩᠭᠠᠭ᠍ᠰᠠᠨ ᠠᠷᠠᠳ᠎ᠠᠴᠠ ᠡᠷᠭᠢᠯᠡᠭ᠌ᠰᠡᠨ ᠠᠵᠤ ᠠᠬᠤᠢᠯᠠᠯ᠎ᠤᠨ ᠪᠤᠰᠤ ᠨᠢᠭᠡᠴᠢ᠂ ᠨᠡᠢᠭᠡᠮ᠎ᠤᠨ ᠦᠶ᠋ᠯᠡᠴᠢᠯᠡᠭᠡᠨ᠎ᠤ ᠪᠠᠢᠭᠤᠯᠤᠮᠵᠢ᠎ᠶ᠋ᠢᠨ ᠳᠠᠩᠰᠠᠯᠠᠭᠤᠯᠤᠭ᠍ᠰᠠᠨ ᠦᠨᠡᠮᠯᠡᠯ ᠵᠢᠴᠢ ᠬᠤᠯᠪᠣᠭ᠍ᠳᠠᠯ ᠪᠥᠬᠦᠶ ᠠᠵᠢᠯ ᠲᠥᠷᠥᠯ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠭᠠᠷᠭᠠᠭ᠍ᠰᠠᠨ ᠮᠠᠲ᠋ᠧᠷᠢᠶᠠᠯ ᠪᠢᠴᠢᠭ ᠬᠠᠷ᠎ᠠ ᠵᠡᠷᠭᠡ ᠎ᠶ᠋ᠢ ᠦᠨᠳᠦᠰᠦᠯᠡᠨ ᠬᠢᠨᠠᠨ ᠬᠠᠷᠭᠤᠭᠤᠯᠬᠤ᠎ᠶ᠋ᠢ ᠲᠣᠳᠣᠷᠬᠠᠢᠯᠠᠪᠠ᠃ ᠠᠵᠢᠯ᠎ᠤᠨ ᠬᠡᠷᠡᠭ᠌ᠴᠡᠭᠡ᠎ᠪᠡᠨ ᠦᠨᠳᠦᠰᠦᠯᠡᠨ ᠂ ᠬᠣᠯᠪᠣᠭ᠍ᠳᠠᠯ ᠪᠦᠬᠦᠢ ᠠᠵᠢᠯ ᠲᠥᠷᠥᠯ᠎ᠦᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠦᠨ ᠰᠠᠨᠠᠯ ᠎ᠢ ᠤᠯᠠᠮ ᠨᠢᠭᠡ ᠠᠯᠬᠤᠮ ᠬᠤᠷᠢᠶᠠᠵᠤ᠂ ᠪᠣᠳᠠᠲᠠᠶ ᠪᠠᠷᠢᠮᠵᠢᠶ᠎ᠠ ᠪᠠ ᠬᠥᠨᠳᠡᠯᠡᠨ᠎ᠢᠶᠡᠷ ᠠᠵᠢᠯᠯᠠᠬᠤ ᠲᠣᠭ᠍ᠲᠠᠴᠠ᠎ᠪᠠᠷ ᠳᠠᠮᠵᠢᠭᠤᠯᠤᠨ ᠶᠡᠷᠦᠩᠬᠡᠢᠯᠡᠨ ᠮᠠᠭᠠᠳᠯᠠᠨ ᠲᠣᠭ᠍ᠲᠠᠭᠠᠵᠤ ᠪᠣᠯᠤᠨ᠎ᠠ ᠃

  ᠠᠰᠠᠭᠤᠯᠲᠠ᠄ 《ᠭᠠᠷᠴᠠᠭ》᠎ᠲᠤ ᠵᠠᠰᠠᠪᠤᠷᠢ ᠣᠷᠣᠭᠤᠯᠤᠭ᠍ᠰᠠᠨ ᠨᠢ ᠨᠡᠢᠭᠡᠮ᠎ᠤᠨ ᠠᠵᠤ ᠠᠬᠤᠶ᠎ᠶ᠋ᠢᠨ ᠬᠥᠭ᠌ᠵᠢᠯᠲᠡ᠎ᠳᠤ ᠦᠵᠡᠭᠦᠯᠬᠦ᠌ ᠠᠬᠢᠭᠤᠯᠬᠤ ᠦᠶ᠋ᠯᠡᠳᠦᠯ᠎ᠢ ᠬᠡᠷᠬᠢᠨ ᠪᠠᠳᠠᠷᠠᠭᠤᠯᠬᠤ ᠪᠣᠶ?

  ᠬᠠᠷᠢᠭᠤᠯᠲᠠ᠄ ᠱᠢᠨ᠎ᠡ᠎ᠪᠠᠷ ᠵᠠᠰᠠᠪᠤᠷᠢ ᠣᠷᠣᠭᠤᠯᠤᠭ᠍ᠰᠠᠨ 《ᠭᠠᠷᠴᠠᠭ》᠎ᠢ ᠨᠠᠮ᠎ᠤᠨ ᠲᠥᠪ ᠬᠤᠷᠢᠶ᠎ᠠ᠂ ᠲᠥᠷᠥ᠎ᠶ᠋ᠢᠨ ᠶᠠᠪᠤᠳᠠᠯ᠎ᠤᠨ ᠬᠤᠷᠢᠶ᠎ᠠ᠎ᠶ᠋ᠢᠨ ᠱᠢᠢᠳᠪᠦᠷᠢᠲᠦ ᠪᠣᠳᠣᠯᠭ᠎ᠠ᠎ᠶ᠋ᠢᠨ ᠪᠠᠢᠷᠢᠯᠠᠭᠤᠯᠤᠯᠲᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠬᠤᠪᠢᠶᠠᠷᠢᠯᠠᠨ ᠰᠠᠯᠭ᠋ᠠᠵᠦ ᠬᠡᠷᠡᠭ᠌ᠯᠡᠬᠦ᠌ ᠭᠠᠵᠠᠷ᠎ᠤᠨ ᠬᠡᠪᠴᠢᠶ᠎ᠡ᠂ ᠬᠢᠨᠠᠨ ᠪᠠᠢᠴᠠᠭᠠᠬᠤ ᠲᠠᠰ ᠳᠠᠷᠠᠭ᠎ᠠ ᠵᠡᠷᠭᠡ ᠲᠠᠯ᠎ᠠ᠎ᠪᠠᠷ ᠲᠡᠭᠦᠯᠳᠡᠷᠵᠢᠭᠦᠯᠦᠨ ᠱᠢᠯᠢᠳᠡᠭ᠌ᠵᠢᠭᠦᠯᠵᠦ᠍᠂ ᠭᠠᠵᠠᠷ ᠱᠢᠷᠣᠶ᠎ᠶ᠋ᠢᠨ ᠡᠬᠢ ᠪᠠᠶᠠᠯᠢᠭ᠎ᠢ ᠲᠣᠬᠢᠷᠠᠭᠤᠯᠬᠤ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠬᠦ᠌᠎ᠳᠤ ᠠᠱᠢᠭ᠍ᠲᠠᠢ᠂ ᠠᠷᠠᠳ᠎ᠤᠨ ᠠᠮᠢᠳᠤᠷᠠᠯ᠎ᠤᠨ ᠢᠨᠵᠧᠨᠧᠷᠢᠩ ᠪᠠ ᠤᠯᠤᠰ᠎ᠤᠨ ᠭᠤᠣᠯᠳᠠᠯᠭ᠎ᠠ᠎ᠲᠠᠢ ᠲᠥᠷᠥᠯ ᠵᠦᠢᠯ᠎ᠤᠨ ᠪᠦᠲᠦᠭᠡᠨ ᠪᠠᠢᠭᠤᠯᠤᠯᠲᠠ᠎ᠶ᠋ᠢ ᠨᠡᠩ ᠰᠠᠢᠲᠤᠷ ᠳᠡᠮᠵᠢᠬᠦ᠌᠎ᠳᠤ ᠠᠱᠢᠭ᠍ᠲᠠᠢ᠂ ᠭᠠᠵᠠᠷ ᠱᠢᠷᠣᠶ ᠎ᠶ᠋ᠢᠨ ᠬᠠᠮᠢᠶᠠᠷᠤᠯᠲᠠ᠎ᠶ᠋ᠢᠨ ᠡᠮᠬᠢ ᠵᠢᠷᠤᠮ᠎ᠢ ᠵᠢᠷᠤᠮᠵᠢᠭᠤᠯᠬᠤ᠎ᠳᠤ ᠠᠱᠢᠭ᠍ᠲᠠᠢ᠃ ᠡᠯ᠎ᠡ ᠱᠠᠲᠤᠨ᠎ᠤ ᠪᠠᠢᠭᠠᠯᠢ ᠎ᠶ᠋ᠢᠨ ᠡᠬᠢ ᠪᠠᠶᠠᠯᠢᠭ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠱᠢᠨ᠎ᠡ ᠎ᠪᠠᠷ ᠵᠠᠰᠠᠪᠤᠷᠢ ᠣᠷᠣᠭᠤᠯᠤᠭ᠍ᠰᠠᠨ 《ᠭᠠᠷᠴᠠᠭ》᠎ᠢ ᠲᠤᠭᠤᠱᠢᠯᠠᠭᠤᠯᠤᠨ ᠬᠡᠷᠡᠭ᠌ᠵᠢᠭᠦᠯᠬᠦ᠌ ᠠᠵᠢᠯ᠎ᠢ ᠱᠠᠯᠠᠪᠳᠠᠨ ᠰᠠᠢᠲᠤᠷ ᠬᠢᠬᠦ᠌ ᠬᠡᠷᠡᠭ᠌ᠲᠡᠶ᠃

  ᠰᠤᠷᠤᠯᠴᠠᠯᠭ᠎ᠠ ᠤᠬᠠᠭᠤᠯᠭ᠎ᠠ ᠎ᠪᠠᠨ ᠴᠢᠩᠭᠠᠳᠭᠠᠨ᠎ᠠ᠃ ᠬᠤᠪᠢᠶᠠᠷᠢᠯᠠᠨ ᠰᠠᠯᠭ᠋ᠠᠵᠦ ᠬᠡᠷᠡᠭ᠌ᠯᠡᠬᠦ᠌ ᠭᠠᠵᠠᠷ᠎ᠤᠨ ᠳᠦᠷᠢᠮ ᠨᠢ ᠭᠠᠵᠠᠷ ᠱᠢᠷᠣᠶ᠎ᠶ᠋ᠢᠨ ᠬᠠᠮᠢᠶᠠᠷᠤᠯᠲᠠ ᠪᠠ ᠡᠯᠸᠮᠸᠨ᠋ᠲ᠎ᠦᠨ ᠪᠠᠲᠤᠯᠠᠭ᠎ᠠ᠎ᠶ᠋ᠢᠨ ᠠᠵᠢᠯ᠎ᠤᠨ ᠳᠤᠮᠳᠠ ᠰᠠᠭᠤᠷᠢᠯᠠᠬᠤ ᠴᠢᠨᠠᠷᠲᠠᠶ᠂ ᠨᠡᠢᠲᠡ᠎ᠶ᠋ᠢᠨ ᠠᠰᠠᠷᠠᠮᠵᠢ᠎ᠶ᠋ᠢᠨ ᠴᠢᠨᠠᠷᠲᠠᠶ᠂ ᠠᠯᠤᠰ ᠬᠡᠳᠦ᠍᠎ᠶ᠋ᠢᠨ ᠴᠢᠨᠠᠷᠲᠠᠶ ᠪᠠᠲᠤᠯᠠᠭ᠎ᠠ᠎ᠶ᠋ᠢᠨ ᠦᠢᠯᠡᠳᠦᠯ᠎ᠲᠡᠶ᠃ ᠡᠯ᠎ᠡ ᠱᠠᠲᠤᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠠᠢᠭᠠᠯᠢ ᠎ᠶ᠋ᠢᠨ ᠡᠬᠢ ᠪᠠᠶᠠᠯᠢᠭ᠎ᠢ ᠲᠥᠯᠥᠪᠦᠷᠢ᠎ᠲᠠᠢ᠎ᠪᠠᠷ ᠬᠡᠷᠡᠭ᠌ᠯᠡᠬᠦ᠌ ᠲᠦᠷᠢᠮ᠎ᠤᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌ ᠱᠠᠭᠠᠷᠳᠠᠯᠭ᠎ᠠ ᠎ᠶ᠋ᠢ ᠤᠯᠠᠮ ᠨᠢᠭᠡ ᠠᠯᠬᠤᠮ ᠰᠤᠷᠤᠯᠴᠠᠨ ᠲᠤᠭᠤᠱᠢᠯᠠᠭᠤᠯᠵᠤ᠂ ᠬᠤᠪᠢᠶᠠᠷᠢᠯᠠᠨ ᠰᠠᠯᠭ᠋ᠠᠵᠦ ᠬᠡᠷᠡᠭ᠌ᠯᠡᠬᠦ᠌ ᠭᠠᠵᠠᠷ᠎ᠤᠨ ᠲᠦᠷᠢᠮ᠎ᠤᠨ ᠬᠠᠤᠯᠢ ᠴᠠᠭᠠᠵᠠ᠎ᠶ᠋ᠢᠨ ᠡᠬᠢ ᠰᠤᠷᠪᠤᠯᠵᠢ ᠪᠠ ᠭᠤᠤᠯ ᠵᠣᠷᠢᠯᠲᠠ᠎ᠲᠠᠢ ᠤᠶᠠᠯᠳᠤᠭᠤᠯᠤᠨ᠂ ᠲᠣᠰ ᠤᠳᠠᠭ᠎ᠠ ᠵᠠᠰᠠᠪᠤᠷᠢ ᠣᠷᠣᠭᠤᠯᠤᠭ᠍ᠰᠠᠨ ᠠᠬᠤᠶ ᠪᠠᠢᠳᠠᠯ ᠪᠠ ᠭᠤᠤᠯ ᠠᠭᠤᠯᠭ᠎ᠠ᠎ᠶ᠋ᠢ ᠣᠨᠣᠪᠴᠢᠲᠠᠶ ᠤᠢᠯᠠᠭᠠᠨ ᠡᠵᠡᠮᠱᠢᠬᠦ᠌ ᠬᠡᠷᠡᠭ᠌ᠲᠡᠶ᠃ ᠮᠤᠵᠢ᠎ᠶ᠋ᠢᠨ ᠱᠠᠲᠤᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠱᠢᠨ᠎ᠡ᠎ᠪᠠᠷ ᠵᠠᠰᠠᠪᠤᠷᠢ ᠣᠷᠣᠭᠤᠯᠤᠭ᠍ᠰᠠᠨ 《ᠭᠠᠷᠴᠠᠭ》᠎ᠢ ᠣᠢᠷ᠎ᠠ᠎ᠶ᠋ᠢᠨ ᠬᠤᠭᠤᠴᠠᠭᠠᠨ᠎ᠤ ᠲᠥᠷᠥ᠎ᠶ᠋ᠢᠨ ᠪᠣᠳᠣᠯᠭ᠎ᠠ ᠬᠠᠤᠯᠢ ᠲᠣᠭ᠍ᠲᠠᠭᠠᠯ᠎ᠢ ᠤᠬᠠᠭᠤᠯᠤᠨ ᠲᠤᠭᠤᠱᠢᠯᠠᠭᠤᠯᠬᠤ ᠎ᠶ᠋ᠢᠨ ᠭᠤᠤᠯᠳᠠᠯᠭ᠎ᠠ ᠪᠣᠯᠭᠠᠵᠤ᠂ ᠡᠯ᠎ᠡ ᠵᠦᠢᠯ᠎ᠤᠨ ᠠᠷᠭ᠎ᠠ ᠮᠠᠶᠢᠭ᠎ᠢᠶᠠᠷ ᠵᠢᠯᠣᠭᠤᠳᠣᠯᠭ᠎ᠠ᠎ᠪᠠᠨ ᠴᠢᠩᠭᠠᠳᠭᠠᠬᠤ ᠬᠡᠷᠡᠭ᠌ᠲᠡᠶ᠃

  ᠴᠢᠩᠭ᠎ᠠ ᠵᠢᠷᠤᠮᠵᠢᠯ᠎ᠲᠠᠢ᠎ᠪᠠᠷ ᠬᠡᠷᠡᠭ᠌ᠵᠢᠭᠦᠯᠦᠨ᠎ᠡ᠃ ᠡᠯ᠎ᠡ ᠱᠠᠲᠤᠨ᠎ᠤ ᠪᠠᠢᠭᠠᠯᠢ ᠎ᠶ᠋ᠢᠨ ᠡᠬᠢ ᠪᠠᠶᠠᠯᠢᠭ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠬᠤᠪᠢᠶᠠᠷᠢᠯᠠᠨ ᠰᠠᠯᠭᠠᠭ᠍ᠰᠠᠨ ᠬᠡᠷᠡᠭ᠌ᠯᠡᠬᠦ᠌ ᠭᠠᠵᠠᠷ᠎ᠢ ᠬᠢᠨᠠᠨ ᠪᠠᠢᠴᠠᠭᠠᠵᠤ ᠮᠡᠳᠡᠭᠦᠯᠦᠨ ᠵᠥᠪᠱᠢᠶᠡᠷᠡᠭᠦᠯᠬᠦ᠌ ᠳᠡᠰ ᠳᠠᠷᠠᠭᠠᠯᠠᠯ ᠎ᠳᠤ ᠱᠢᠨ᠎ᠡ ᠎ᠪᠠᠷ ᠵᠠᠰᠠᠪᠤᠷᠢ ᠣᠷᠣᠭᠤᠯᠤᠭ᠍ᠰᠠᠨ 《ᠭᠠᠷᠴᠠᠭ》᠎ᠤᠨ ᠶᠣᠰᠣᠭᠠᠷ ᠴᠢᠩᠭ᠎ᠠ ᠬᠢᠨᠠᠨ ᠪᠠᠢᠴᠠᠭᠠᠵᠤ᠂ 《ᠭᠠᠷᠴᠠᠭ》᠎ᠲᠤ ᠨᠡᠢᠴᠡᠬᠦ᠌ ᠬᠡᠷᠡᠭ᠌ᠯᠡᠬᠦ᠌ ᠭᠠᠵᠠᠷ ᠎ᠤᠨ ᠲᠥᠷᠥᠯ ᠵᠦᠢᠯ᠂ ᠢᠯᠠᠩᠭᠤᠶ᠎ᠠ ᠮᠠᠰᠢ ᠣᠯᠠᠨ ᠠᠷᠠᠳ᠎ᠤᠨ ᠠᠮᠢᠳᠤᠷᠠᠯ᠎ᠤᠨ ᠢᠨᠵᠧᠨᠧᠷᠢᠩ᠎ᠳᠤ ᠬᠤᠪᠢᠶᠠᠷᠢᠯᠠᠨ ᠰᠠᠯᠭᠠᠭ᠍ᠰᠠᠨ ᠬᠡᠷᠡᠭ᠌ᠯᠡᠬᠦ᠌ ᠭᠠᠵᠠᠷ᠎ᠤᠨ ᠭᠠᠷᠳᠠᠮ᠎ᠢ ᠱᠠᠯᠠᠪᠳᠠᠨ ᠭᠦᠢᠴᠡᠳᠭᠡᠵᠦ᠍᠂ ᠡᠯᠸᠮᠸᠨ᠋ᠲ ᠎ᠤᠨ ᠪᠠᠲᠤᠯᠠᠭ᠎ᠠ᠎ᠶ᠋ᠢᠨ ᠦᠢᠯᠡᠳᠦᠯ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠬᠡᠷᠡᠭ᠌ᠲᠡᠶ᠃ 《ᠭᠠᠷᠴᠠᠭ》᠎ᠤᠨ ᠬᠡᠪᠴᠢᠶᠡᠨ᠎ᠳᠦ ᠨᠡᠢᠴᠡᠬᠦ᠌ ᠦᠭᠡᠶ ᠪᠦᠲᠦᠭᠡᠨ ᠪᠠᠢᠭᠤᠯᠤᠯᠲᠠ᠎ᠶ᠋ᠢᠨ ᠲᠥᠷᠥᠯ ᠵᠦᠢᠯ᠎ᠳᠦ ᠪᠣᠯ ᠲᠣᠭ᠍ᠲᠠᠭᠠᠯ᠎ᠠᠴᠠ ᠵᠥᠷᠢᠴᠡᠨ ᠬᠤᠪᠢᠶᠠᠷᠢᠯᠠᠨ ᠰᠠᠯᠭᠠᠬᠤ ᠠᠷᠭ᠎ᠠ ᠮᠠᠶᠢᠭ ᠎ᠢᠶᠠᠷ ᠬᠠᠩᠭᠠᠬᠤ᠎ᠶ᠋ᠢ ᠣᠭ᠍ᠲᠣ ᠵᠥᠪᠱᠢᠶᠡᠷᠡᠬᠦ᠌ ᠦᠭᠡᠶ᠂ ᠭᠠᠵᠠᠷ ᠱᠢᠷᠣᠶ᠎ᠶ᠋ᠢᠨ ᠬᠠᠮᠢᠶᠠᠷᠤᠯᠲᠠ᠎ᠶ᠋ᠢᠨ ᠡᠮᠬᠢ ᠳᠢᠭ᠌ᠯᠢᠮ᠎ᠢ ᠡᠷᠡᠰ ᠬᠠᠮᠠᠭᠠᠯᠠᠬᠤ ᠬᠡᠷᠡᠭ᠌ᠲᠡᠶ᠃ ᠪᠠᠢᠭᠠᠯᠢ᠎ᠶ᠋ᠢᠨ ᠡᠬᠢ ᠪᠠᠶᠠᠯᠢᠭ᠎ᠤᠨ ᠬᠢᠨᠠᠨ ᠪᠠᠢᠴᠠᠭᠠᠬᠤ ᠪᠠᠢᠭᠤᠯᠤᠮᠵᠢ᠎ᠨᠢ ᠬᠤᠪᠢᠶᠠᠷᠢᠯᠠᠨ ᠰᠠᠯᠭ᠋ᠠᠵᠦ ᠬᠡᠷᠡᠭ᠌ᠯᠡᠬᠦ᠌ ᠭᠠᠵᠠᠷ ᠎ᠤᠨ ᠲᠦᠷᠢᠮ᠎ᠢ ᠬᠡᠷᠡᠭ᠌ᠵᠢᠭᠦᠯᠦᠭ᠌ᠰᠡᠨ ᠪᠠᠢᠳᠠᠯ᠎ᠢ ᠬᠢᠨᠠᠨ ᠪᠠᠢᠴᠠᠭᠠᠬᠤ ᠠᠭᠤᠯᠭ᠎ᠠ ᠪᠣᠯᠭᠠᠵᠤ᠂ ᠲᠣᠭ᠍ᠲᠠᠭᠠᠯ᠎ᠠᠴᠠ ᠵᠥᠷᠢᠴᠡᠨ ᠬᠤᠪᠢᠶᠠᠷᠢᠯᠠᠨ ᠰᠠᠯᠭᠠᠭ᠍ᠰᠠᠨ ᠭᠠᠵᠠᠷ ᠱᠢᠷᠣᠶ᠎ᠶ᠋ᠢ ᠣᠯᠵᠤ ᠮᠡᠳᠡᠪᠡᠯ᠂ ᠬᠠᠤᠯᠢ ᠲᠣᠭ᠍ᠲᠠᠭᠠᠯ ᠶᠣᠰᠣᠭᠠᠷ ᠱᠠᠭᠠᠷᠳᠠᠨ ᠴᠡᠭ᠌ᠴᠡᠯᠡᠨ ᠰᠠᠢᠵᠢᠷᠠᠭᠤᠯᠤᠨ᠎ᠠ᠃

  ᠰᠠᠯᠠᠭ᠎ᠠ ᠮᠥᠴᠢᠷ᠎ᠤᠨ ᠬᠠᠮᠵᠢᠯᠴᠠᠭ᠎ᠠ᠎ᠶ᠋ᠢ ᠴᠢᠩᠭᠠᠳᠭᠠᠨ᠎ᠠ᠃ ᠬᠤᠪᠢᠶᠠᠷᠢᠯᠠᠨ ᠰᠠᠯᠭ᠋ᠠᠵᠦ ᠬᠡᠷᠡᠭ᠌ᠯᠡᠬᠦ᠌ ᠭᠠᠵᠠᠷ᠎ᠢ ᠬᠢᠨᠠᠨ ᠪᠠᠢᠴᠠᠭᠠᠬᠤ᠎ᠶ᠋ᠢᠨ ᠭᠣᠤᠯᠳᠠᠯᠭ᠎ᠠ ᠪᠠ ᠬᠦᠴᠢᠷᠳᠡᠯᠭᠡ ᠨᠢ 《ᠠᠱᠢᠭ ᠣᠯᠵᠠᠪᠤᠷᠢ᠎ᠶ᠋ᠢᠨ ᠪᠤᠰᠤ ᠴᠢᠨᠠᠷᠲᠠᠶ》᠂ 《ᠨᠡᠢᠲᠡ᠎ᠶ᠋ᠢᠨ ᠠᠰᠠᠷᠠᠮᠵᠢ᠎ᠶ᠋ᠢᠨ ᠴᠢᠨᠠᠷᠲᠠᠶ》᠂ 《ᠡᠵᠡᠩᠨᠡᠯᠲᠡ᠎ᠶ᠋ᠢᠨ ᠪᠤᠰᠤ ᠴᠢᠨᠠᠷᠲᠠᠶ》ᠵᠡᠷᠭᠡ ᠪᠠᠷᠢᠮᠵᠢᠶ᠎ᠠ᠎ᠶ᠋ᠢ ᠡᠵᠡᠮᠳᠡᠬᠦ᠌ ᠶᠠᠪᠤᠳᠠᠯ ᠪᠣᠯᠤᠨ᠎ᠠ᠃ ᠲᠣᠰ ᠤᠳᠠᠭᠠᠨ᠎ᠤ ᠨᠡᠮᠡᠯᠲᠡ᠂ ᠥᠭᠡᠷᠡᠴᠢᠯᠡᠯᠲᠡ ᠣᠷᠣᠭᠤᠯᠤᠯᠲᠠ᠎ᠳᠤ ᠬᠢᠨᠠᠨ ᠪᠠᠢᠴᠠᠭᠠᠯᠲᠠ᠎ᠶ᠋ᠢᠨ ᠪᠣᠳᠠᠲᠠᠶ ᠪᠠᠷᠢᠮᠵᠢᠶ᠎ᠠ᠎ᠶ᠋ᠢ ᠨᠥᠬᠦᠪᠥᠷᠢᠯᠡᠨ ᠲᠡᠭᠦᠯᠳᠡᠷᠵᠢᠭᠦᠯᠦᠭ᠌ᠰᠡᠨ ᠪᠣᠯᠪᠠᠴᠤ᠌ ᠱᠢᠨ᠎ᠡ ᠡᠵᠡᠩᠨᠡᠯᠲᠡ᠎ᠶ᠋ᠢᠨ ᠬᠡᠯᠪᠡᠷᠢ ᠪᠠᠢᠳᠠᠯ᠎ᠤᠨ ᠲᠠᠰᠤᠷᠠᠯᠲᠠ ᠥᠬᠡᠶ ᠢᠯᠡᠷᠡᠬᠦ᠌ ᠪᠠ ᠬᠥᠭ᠌ᠵᠢᠬᠦ᠌᠎ᠶ᠋ᠢ ᠳᠠᠭᠠᠯᠳᠤᠨ᠂ ᠣᠲᠣ᠎ᠶ᠋ᠢᠨ ᠪᠠᠷᠢᠮᠵᠢᠶ᠎ᠠ ᠴᠤ᠌ ᠠᠵᠢᠯ᠎ᠤᠨ ᠦᠢᠯᠡᠳᠦᠯᠭᠡ ᠎ᠶ᠋ᠢᠨ ᠳᠤᠮᠳᠠ ᠢᠯᠡᠷᠡᠭ᠌ᠰᠡᠨ ᠪᠣᠶ ᠪᠥᠬᠦᠶ ᠬᠡᠷᠡᠭ᠌ᠯᠡᠬᠦ᠌ ᠭᠠᠵᠠᠷ᠎ᠤᠨ ᠪᠠᠢᠳᠠᠯ᠎ᠢ ᠪᠦᠷᠢᠮᠦᠰᠦᠨ ᠬᠠᠮᠤᠷᠬᠤ ᠪᠠ ᠲᠣᠭ᠍ᠲᠠᠭᠠᠵᠤ ᠴᠢᠳᠠᠬᠤ ᠥᠬᠡᠶ ᠶᠤᠮ᠃ ᠡᠢᠮᠦ᠍᠎ᠠᠴᠠ᠂ ᠲᠣᠰ ᠤᠳᠠᠭ᠎ᠠ ᠵᠠᠰᠠᠪᠤᠷᠢ ᠣᠷᠣᠭᠤᠯᠬᠤ᠎ᠳᠤ ᠎ᠪᠠᠨ ᠰᠠᠯᠠᠭ᠎ᠠ ᠮᠥᠴᠢᠷ᠎ᠤᠨ ᠵᠣᠬᠢᠴᠠᠭᠤᠯᠤᠨ ᠣᠷᠣᠯᠴᠠᠬᠤ ᠲᠣᠭ᠍ᠲᠠᠴᠠ᠎ᠶ᠋ᠢ ᠪᠠᠢᠭᠤᠯᠬᠤ᠎ᠶ᠋ᠢ ᠬᠤᠪᠢᠶᠠᠷᠢᠯᠠᠨ ᠰᠠᠯᠭ᠋ᠠᠵᠦ ᠬᠡᠷᠡᠭ᠌ᠯᠡᠬᠦ᠌ ᠭᠠᠵᠠᠷ᠎ᠢ ᠬᠢᠨᠠᠨ ᠪᠠᠢᠴᠠᠭᠠᠬᠤ ᠲᠦᠷᠢᠮ᠎ᠢ ᠲᠡᠭᠦᠯᠳᠡᠷᠵᠢᠭᠦᠯᠬᠦ᠌᠎ᠶ᠋ᠢᠨ ᠠᠭᠤᠯᠭ᠎ᠠ ᠪᠣᠯᠭᠠᠨ᠎ᠠ᠃ ᠪᠣᠳᠠᠲᠠᠶ ᠠᠵᠢᠯ᠎ᠤᠨ ᠦᠢᠯᠡᠳᠦᠯᠭᠡ ᠳᠤᠮᠳᠠ᠂ ᠪᠠᠢᠭᠠᠯᠢ᠎ᠶ᠋ᠢᠨ ᠡᠬᠢ ᠪᠠᠶᠠᠯᠢᠭ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠪᠥᠲᠥᠭᠡᠨ ᠪᠠᠢᠭᠤᠯᠤᠯᠲᠠ᠎ᠶ᠋ᠢᠨ ᠲᠥᠷᠥᠯ ᠵᠦᠢᠯ᠎ᠤᠨ 《ᠭᠠᠷᠴᠠᠭ》᠎ᠤᠨ ᠪᠠᠷᠢᠮᠵᠢᠶ᠎ᠠ᠎ᠳᠤ ᠨᠡᠢᠴᠡᠬᠦ᠌ ᠡᠰᠡᠬᠦ᠌᠎ᠶ᠋ᠢ ᠬᠢᠨᠠᠨ ᠪᠠᠢᠴᠠᠭᠠᠬᠤ᠎ᠳᠤ ᠎ᠪᠠᠨ᠂ ᠰᠠᠨᠠᠯ ᠬᠤᠷᠢᠶᠠᠬᠤ᠂ ᠵᠥᠪᠳᠡᠯᠴᠡᠬᠦ᠌ ᠵᠡᠷᠭᠡ ᠠᠷᠭ᠎ᠠ ᠮᠠᠶᠢᠭ᠎ᠢ ᠠᠪᠴᠤ᠌ ᠠᠵᠢᠯ ᠲᠥᠷᠥᠯ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠠᠢ ᠬᠠᠮᠲᠤᠷᠠᠨ ᠰᠤᠳᠤᠯᠬᠤ᠎ᠶ᠋ᠢᠨ ᠬᠠᠮᠲᠤ ᠬᠢᠨᠠᠨ ᠪᠠᠢᠴᠠᠭᠠᠭ᠍ᠰᠠᠨ ᠳ᠋ᠦᠩᠨᠡᠯᠲᠡ ᠭᠠᠷᠭᠠᠵᠤ᠂ ᠬᠠᠤᠯᠢ ᠴᠠᠭᠠᠵᠠ᠎ᠶ᠋ᠢᠨ ᠲᠦᠷᠢᠮ᠎ᠤᠨ ᠪᠣᠷᠣ ᠲᠥᠯᠥᠪ᠎ᠤᠨ ᠳᠣᠤᠷ᠎ᠠ ᠬᠤᠪᠢᠶᠠᠷᠢᠯᠠᠨ ᠰᠠᠯᠭ᠋ᠠᠵᠦ ᠬᠡᠷᠡᠭ᠌ᠯᠡᠬᠦ᠌ ᠭᠠᠵᠠᠷ᠎ᠤᠨ ᠰᠠᠭᠤᠷᠢ ᠪᠠᠲᠤᠯᠠᠭ᠎ᠠ᠎ᠶ᠋ᠢᠨ ᠦᠢᠯᠡᠳᠦᠯ᠎ᠢ ᠭᠦᠢᠴᠡᠳ ᠪᠠᠳᠠᠷᠠᠭᠤᠯᠵᠤ ᠪᠣᠯᠤᠨ᠎ᠠ᠃

ᠢᠷᠡᠯᠲᠡ᠄ ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠪᠠᠢᠭᠠᠯᠢ᠎ᠶ᠋ᠢᠨ ᠡᠬᠢ ᠪᠠᠶᠠᠯᠢᠭ᠎ᠤᠨ ᠶᠠᠮᠤᠨ