ᠪᠠᠢᠭᠠᠯᠢ᠎ᠶ᠋ᠢᠨ ᠡᠬᠢ ᠪᠠᠶᠠᠯᠢᠭ᠎ᠤᠨ ᠶᠠᠮᠤᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠥᠮᠴᠢᠯᠡᠭ᠌ᠴᠢ᠎ᠶ᠋ᠢᠨ ᠡᠷᠬᠡ ᠠᠱᠢᠭ᠎ᠤᠨ ᠵᠤᠷᠭᠠᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠶᠡᠷᠦᠩᠬᠡᠶ ᠲᠣᠪᠴᠢᠶ᠎ᠠ᠎ᠶ᠋ᠢᠨ ᠰᠦᠯᠵᠢᠶᠡᠨ᠎ᠤ ᠠᠷᠠᠯᠵᠢᠶᠠᠨ᠎ᠤ ᠬᠢᠨᠠᠯᠲᠠ ᠬᠠᠮᠢᠶᠠᠷᠤᠯᠲᠠ᠎ᠶ᠋ᠢᠨ ᠵᠤᠷᠭᠠᠨ᠎ᠤ ᠬᠤᠯᠪᠣᠭ᠍ᠳᠠᠯ ᠪᠥᠬᠦᠶ ᠬᠠᠷᠢᠭᠤᠴᠠᠯᠭᠠᠲᠠᠨ ᠱᠢᠨ᠎ᠡ᠎ᠪᠠᠷ ᠵᠠᠰᠠᠪᠤᠷᠢ ᠣᠷᠣᠭᠤᠯᠤᠭ᠍ᠰᠠᠨ 《ᠤᠯᠤᠰ᠎ᠤᠨ ᠥᠮᠴᠢᠯᠡᠯᠲᠦ ᠪᠥᠲᠥᠭᠡᠨ ᠪᠠᠢᠭᠤᠯᠤᠯᠲᠠ᠎ᠳᠤ ᠬᠡᠷᠡᠭ᠌ᠯᠡᠬᠦ᠌ ᠭᠠᠵᠠᠷ᠎ᠤᠨ ᠬᠡᠷᠡᠭ᠌ᠯᠡᠬᠦ᠌ ᠡᠷᠬᠡ᠎ᠶ᠋ᠢ ᠱᠢᠯᠵᠢᠭᠦᠯᠦᠨ ᠥᠭ᠌ᠬᠦ ᠭᠡᠷ᠎ᠡ (ᠵᠢᠱ᠌ᠢᠶ᠎ᠡ ᠦᠵᠡᠭᠦᠯᠬᠦ᠌ ᠪᠢᠴᠢᠭ)》᠎ᠳᠤ ᠲᠠᠢᠯᠤᠮᠵᠢ ᠬᠢᠪᠠ
2025-07-07

  ᠣᠢᠷ᠎ᠠ᠎ᠳᠤ᠂ ᠪᠠᠢᠭᠠᠯᠢ᠎ᠶ᠋ᠢᠨ ᠡᠬᠢ ᠪᠠᠶᠠᠯᠢᠭ᠎ᠤᠨ ᠶᠠᠮᠤᠨ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠶᠡᠷᠦᠩᠬᠡᠶ ᠲᠣᠪᠴᠢᠶ᠎ᠠ᠎ᠠᠴᠠ 《ᠤᠯᠤᠰ᠎ᠤᠨ ᠥᠮᠴᠢᠯᠡᠯᠲᠦ ᠪᠥᠲᠥᠭᠡᠨ ᠪᠠᠢᠭᠤᠯᠤᠯᠲᠠ᠎ᠳᠤ ᠬᠡᠷᠡᠭ᠌ᠯᠡᠬᠦ᠌ ᠭᠠᠵᠠᠷ᠎ᠤᠨ ᠬᠡᠷᠡᠭ᠌ᠯᠡᠬᠦ᠌ ᠡᠷᠬᠡ᠎ᠶ᠋ᠢ ᠱᠢᠯᠵᠢᠭᠦᠯᠦᠨ ᠥᠭ᠌ᠬᠦ ᠭᠡᠷ᠎ᠡ (ᠵᠢᠱ᠌ᠢᠶ᠎ᠡ ᠦᠵᠡᠭᠦᠯᠬᠦ᠌ ᠪᠢᠴᠢᠭ)》 (ᠳᠣᠷᠣᠭ᠍ᠰᠢ 《ᠭᠡᠷ᠎ᠡ᠎ᠶ᠋ᠢᠨ ᠵᠢᠱ᠌ᠢᠶ᠎ᠡ ᠦᠵᠡᠭᠦᠯᠬᠦ᠌ ᠪᠢᠴᠢᠭ》 ᠭᠡᠵᠦ᠍ ᠲᠣᠪᠴᠢᠯᠠᠨ᠎ᠠ) ᠂ ᠡᠭᠦᠨ᠎ᠦ ᠬᠠᠮᠲᠤ ᠪᠠᠢᠭᠠᠯᠢ᠎ᠶᠢᠨ ᠡᠬᠢ ᠪᠠᠶᠠᠯᠢᠭ᠋ ᠲᠠᠷᠬᠠᠭᠠᠭᠰᠠᠨ [2025] 102 ᠳ᠋ᠤᠭᠠᠷ ᠲᠣᠭᠠᠲᠤ ᠪᠢᠴᠢᠭ ᠮᠠᠲᠧᠷᠢᠶᠠᠯ᠎ᠢ ᠬᠠᠮᠲᠤᠷᠠᠨ ᠳᠠᠷᠤᠮᠠᠯᠯᠠᠨ ᠲᠠᠷᠬᠠᠭᠠᠪᠠ᠃ ᠪᠠᠢᠭᠠᠯᠢ᠎ᠶ᠋ᠢᠨ ᠡᠬᠢ ᠪᠠᠶᠠᠯᠢᠭ᠎ᠤᠨ ᠶᠠᠮᠤᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠥᠮᠴᠢᠯᠡᠭ᠌ᠴᠢ᠎ᠶ᠋ᠢᠨ ᠡᠷᠬᠡ ᠠᠱᠢᠭ᠎ᠤᠨ ᠵᠤᠷᠭᠠᠨ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠶᠡᠷᠦᠩᠬᠡᠶ ᠲᠣᠪᠴᠢᠶ᠎ᠠ᠎ᠶ᠋ᠢᠨ ᠰᠦᠯᠵᠢᠶᠡᠨ᠎ᠤ ᠠᠷᠠᠯᠵᠢᠶᠠᠨ᠎ᠤ ᠬᠢᠨᠠᠯᠲᠠ ᠬᠠᠮᠢᠶᠠᠷᠤᠯᠲᠠ᠎ᠶ᠋ᠢᠨ ᠵᠤᠷᠭᠠᠨ᠎ᠤ ᠬᠤᠯᠪᠣᠭ᠍ᠳᠠᠯ ᠪᠥᠬᠦᠶ ᠬᠠᠷᠢᠭᠤᠴᠠᠯᠭᠠᠲᠠᠨ ᠭᠡᠷ᠎ᠡ᠎ᠶ᠋ᠢᠨ ᠵᠢᠱ᠌ᠢᠶ᠎ᠡ ᠦᠵᠡᠭᠦᠯᠬᠦ᠌ ᠪᠢᠴᠢᠭ᠎ᠲᠤ ᠵᠠᠰᠠᠪᠤᠷᠢ ᠣᠷᠣᠭᠤᠯᠤᠭ᠍ᠰᠠᠨ ᠠᠬᠤᠶ ᠪᠠᠢᠳᠠᠯ᠂ ᠭᠤᠤᠯ ᠵᠠᠰᠠᠪᠤᠷᠢ ᠣᠷᠣᠭᠤᠯᠤᠭ᠍ᠰᠠᠨ ᠠᠭᠤᠯᠭ᠎ᠠ ᠵᠢᠴᠢ ᠭᠡᠷ᠎ᠡ᠎ᠶ᠋ᠢᠨ ᠵᠢᠱ᠌ᠢᠶ᠎ᠡ ᠦᠵᠡᠭᠦᠯᠬᠦ᠌ ᠲᠣᠪᠬᠢᠮᠠᠯ᠎ᠢ ᠬᠡᠷᠬᠢᠨ ᠰᠠᠢᠲᠤᠷ ᠬᠡᠷᠡᠭ᠌ᠯᠡᠬᠦ᠌ ᠵᠡᠷᠭᠡ ᠲᠠᠯ᠎ᠠ᠎ᠪᠠᠷ ᠲᠠᠢᠯᠤᠮᠵᠢ ᠬᠢᠪᠠ᠃

  ᠨᠢᠭᠡ᠂ ᠭᠡᠷ᠎ᠡ᠎ᠶ᠋ᠢᠨ ᠵᠢᠱ᠌ᠢᠶ᠎ᠡ ᠦᠵᠡᠭᠦᠯᠬᠦ᠌ ᠪᠢᠴᠢᠭ᠎ᠲᠤ ᠵᠠᠰᠠᠪᠤᠷᠢ ᠣᠷᠣᠭᠤᠯᠤᠭ᠍ᠰᠠᠨ ᠠᠬᠤᠢ ᠪᠠᠢᠳᠠᠯ ᠪᠠ ᠵᠣᠷᠢᠯᠭ᠎ᠠ᠎ᠨᠢ ᠶᠠᠭᠤ ᠪᠣᠢ?

  ᠨᠠᠮ᠎ᠤᠨ ᠬᠤᠷᠢᠳᠤᠭᠠᠷ ᠬᠤᠭᠤᠴᠠᠭᠠᠨ᠎ᠤ ᠲᠥᠪ ᠬᠤᠷᠢᠶᠠᠨ᠎ᠤ ᠭᠤᠷᠪᠠᠳᠤᠭᠠᠷ ᠪᠦᠬᠦᠳᠡ ᠬᠤᠷᠠᠯ᠎ᠠᠴᠠ 《ᠡᠷᠬᠡᠪᠰᠢ ᠵᠠᠬ᠎ᠠ ᠳᠡᠯᠭᠡᠭᠦᠷ᠎ᠤᠨ ᠲᠣᠭ᠍ᠲᠠᠴᠠ᠎ᠶ᠋ᠢᠨ ᠦᠢᠯᠡᠳᠦᠯ᠎ᠢ ᠨᠡᠩ ᠰᠠᠢᠲᠤᠷ ᠪᠠᠳᠠᠷᠠᠭᠤᠯᠵᠤ᠂ ᠨᠡᠩ ᠡᠷᠬᠡ ᠲᠡᠭ᠌ᠰᠢ᠂ ᠨᠡᠩ ᠠᠮᠢᠵᠢᠷᠠᠯ᠎ᠤᠨ ᠬᠦᠴᠦᠨ᠎ᠲᠠᠢ ᠵᠠᠬ᠎ᠠ ᠳᠡᠯᠭᠡᠭᠦᠷ᠎ᠤᠨ ᠣᠷᠴᠢᠨ ᠨᠥᠬᠦᠴᠡᠯ᠎ᠢ ᠡᠭᠦᠳᠴᠦ᠍᠂ ᠡᠬᠢ ᠪᠠᠶᠠᠯᠢᠭ᠎ᠢ ᠲᠣᠬᠢᠷᠠᠭᠤᠯᠬᠤ ᠦᠷ᠎ᠡ ᠪᠦᠲᠦᠮᠵᠢ᠎ᠶ᠋ᠢ ᠱᠢᠯᠢᠳᠡᠭ᠌ᠵᠢᠭᠦᠯᠬᠦ᠌ ᠪᠠ ᠦᠷ᠎ᠡ ᠠᠱᠢᠭ᠎ᠢ ᠬᠠᠮᠤᠭ᠎ᠤᠨ ᠶᠡᠭᠡ ᠪᠣᠯᠭᠠᠬᠤ》 ᠎ᠶ᠋ᠢ ᠪᠡᠶᠡᠯᠡᠭᠦᠯᠵᠦ᠍᠂ 《ᠪᠦᠬᠦ᠌ ᠤᠯᠤᠰ᠎ᠤᠨ ᠨᠢᠭᠡᠳᠦᠯᠲᠡᠢ ᠲᠤᠮᠤ ᠵᠠᠬ᠎ᠠ ᠳᠡᠯᠭᠡᠭᠦᠷ᠎ᠢ ᠪᠠᠢᠭᠤᠯᠬᠤ》᠂ 《ᠪᠦᠬᠦ᠌ ᠡᠯᠧᠮᠧᠨ᠋ᠲ᠎ᠤᠨ ᠵᠠᠬ᠎ᠠ ᠳᠡᠯᠭᠡᠭᠦᠷ᠎ᠤᠨ ᠲᠦᠷᠢᠮ ᠪᠠ ᠲᠦᠷᠢᠮ᠎ᠢ ᠲᠡᠭᠦᠯᠳᠡᠷᠵᠢᠭᠦᠯᠵᠦ᠍᠂ ᠦᠢᠯᠡᠳᠪᠦᠷᠢᠯᠡᠯ᠎ᠤᠨ ᠡᠯᠧᠮᠧᠨ᠋ᠲ᠎ᠢ ᠰᠠᠭᠠᠳ ᠦᠭᠡᠢ ᠨᠡᠪᠲᠡᠷᠡᠭᠦᠯᠬᠦ᠂ ᠡᠯ᠎ᠡ ᠲᠦᠷᠦᠯ᠎ᠤᠨ ᠡᠬᠢ ᠪᠠᠶᠠᠯᠢᠭ᠎ᠢ ᠥᠨᠳᠥᠷ ᠪᠦᠲᠦᠮᠵᠢᠲᠡᠢ ᠲᠤᠬᠢᠷᠠᠭᠤᠯᠬᠤ᠂ ᠵᠠᠬ᠎ᠠ ᠳᠡᠯᠭᠡᠭᠦᠷ᠎ᠤᠨ ᠳᠠᠯᠳᠠ ᠬᠦᠴᠦᠨ᠎ᠢ ᠭᠦᠢᠴᠡᠳ ᠪᠠᠳᠠᠷᠠᠭᠤᠯᠬᠤ》 ᠎ᠶ᠋ᠢ ᠠᠬᠢᠭᠤᠯᠬᠤ ᠬᠡᠷᠡᠭ᠌ᠲᠡᠢ ᠭᠡᠵᠦ᠍ ᠳᠤᠷᠠᠳᠴᠠᠢ᠃ ᠣᠢᠷ᠎ᠠ᠎ᠶ᠋ᠢᠨ ᠵᠢᠯ᠎ᠤᠳ᠎ᠲᠤ᠌᠂ 《ᠪᠥᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠢᠷᠭᠡᠨ᠎ᠤ ᠬᠠᠤᠯᠢ᠎ᠶ᠋ᠢᠨ ᠪᠢᠴᠢᠭ》 ᠎ᠢ ᠨᠡᠢᠲᠡᠯᠡᠨ ᠬᠡᠷᠡᠭ᠌ᠵᠢᠭᠦᠯᠵᠦ᠍᠂ 《ᠪᠥᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠭᠠᠵᠠᠷ ᠱᠢᠷᠣᠶ᠎ᠶ᠋ᠢᠨ ᠬᠠᠮᠢᠶᠠᠷᠤᠯᠲᠠ᠎ᠶ᠋ᠢᠨ ᠬᠠᠤᠯᠢ》 ᠂ 《ᠪᠥᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠭᠠᠵᠠᠷ ᠱᠢᠷᠣᠶ᠎ᠶ᠋ᠢᠨ ᠬᠠᠮᠢᠶᠠᠷᠤᠯᠲᠠ᠎ᠶ᠋ᠢᠨ ᠬᠠᠤᠯᠢ᠎ᠶ᠋ᠢ ᠬᠡᠷᠡᠭ᠌ᠵᠢᠭᠦᠯᠬᠦ᠌ ᠲᠦᠷᠢᠮ》 ᠎ᠳᠤ ᠵᠠᠯᠭᠠᠭ᠎ᠠ᠎ᠪᠠᠷ ᠵᠠᠰᠠᠪᠤᠷᠢ ᠣᠷᠣᠭᠤᠯᠵᠤ᠂ ᠭᠠᠵᠠᠷ ᠱᠢᠷᠣᠶ᠎ᠶ᠋ᠢ ᠲᠦᠯᠦᠪᠦᠷᠢᠲᠡᠢ ᠱᠢᠯᠵᠢᠭᠦᠯᠬᠦ᠌ ᠬᠠᠮᠢᠶᠠᠷᠤᠯᠲᠠ᠎ᠶ᠋ᠢᠨ ᠠᠵᠢᠯ᠎ᠳᠤ ᠱᠢᠨ᠎ᠡ ᠱᠠᠭᠠᠷᠳᠠᠯᠭ᠎ᠠ ᠳᠤᠷᠠᠳᠪᠠ᠃

  2008 ᠣᠨ᠎ᠳᠤ ᠤᠤᠯ᠎ᠤᠨ ᠤᠯᠤᠰ᠎ᠤᠨ ᠭᠠᠵᠠᠷ ᠱᠢᠷᠣᠶ ᠡᠬᠢ ᠪᠠᠶᠠᠯᠢᠭ᠎ᠤᠨ ᠶᠠᠮᠤᠨ ᠂ ᠤᠯᠤᠰ᠎ᠤᠨ ᠠᠵᠤ ᠦᠢᠯᠡᠳᠪᠦᠷᠢ ᠬᠤᠳᠠᠯᠳᠤᠭ᠎ᠠ᠎ᠶ᠋ᠢᠨ ᠵᠠᠰᠠᠭ ᠵᠠᠬᠢᠷᠭᠠᠨ᠎ᠤ ᠬᠠᠮᠢᠶᠠᠷᠤᠯᠲᠠ᠎ᠶ᠋ᠢᠨ ᠶᠡᠷᠦᠩᠬᠡᠶ ᠲᠣᠪᠴᠢᠶ᠎ᠠ ᠬᠠᠮᠲᠤᠷᠠᠨ ᠳᠠᠷᠤᠮᠠᠯᠯᠠᠨ ᠲᠠᠷᠬᠠᠭᠠᠵᠤ ᠬᠡᠷᠡᠭ᠌ᠵᠢᠭᠦᠯᠦᠭ᠌ᠰᠡᠨ 《ᠤᠯᠤᠰ᠎ᠤᠨ ᠥᠮᠴᠢᠯᠡᠯᠲᠦ ᠪᠦᠲᠦᠭᠡᠨ ᠪᠠᠢᠭᠤᠯᠤᠯᠲᠠ᠎ᠳᠤ ᠬᠡᠷᠡᠭ᠌ᠯᠡᠬᠦ᠌ ᠭᠠᠵᠠᠷ᠎ᠤᠨ ᠬᠡᠷᠡᠭ᠌ᠯᠡᠬᠦ᠌ ᠡᠷᠬᠡ᠎ᠶ᠋ᠢ ᠱᠢᠯᠵᠢᠭᠦᠯᠦᠨ ᠥᠭ᠌ᠬᠦ ᠭᠡᠷ᠎ᠡ 》 ᠎ᠶ᠋ᠢᠨ ᠵᠢᠱ᠌ᠢᠶ᠎ᠡ ᠦᠵᠡᠭᠦᠯᠬᠦ᠌ ᠲᠣᠪᠬᠢᠮᠠᠯ ( GF - 2008-2601) ᠂ ᠭᠠᠵᠠᠷ ᠱᠢᠷᠣᠶ᠎ᠶ᠋ᠢᠨ ᠵᠠᠬ᠎ᠠ ᠳᠡᠯᠭᠡᠭᠦᠷ᠎ᠦᠨ ᠡᠮᠬᠢ ᠳᠢᠭ᠌ᠯᠢᠮ᠎ᠢ ᠵᠢᠷᠤᠮᠵᠢᠭᠤᠯᠬᠤ ᠂ ᠭᠡᠷ᠎ᠡ᠎ᠶ᠋ᠢᠨ ᠡᠯ᠎ᠡ ᠲᠠᠯ᠎ᠠ᠎ᠶ᠋ᠢᠨ ᠬᠠᠤᠯᠢ ᠶᠣᠰᠣᠨ᠎ᠤ ᠡᠷᠬᠡ ᠠᠱᠢᠭ᠎ᠢ ᠬᠠᠮᠠᠭᠠᠯᠠᠬᠤ ᠲᠠᠯ᠎ᠠ᠎ᠪᠠᠷ ᠢᠳᠡᠪᠬᠢᠲᠡᠶ ᠦᠢᠯᠡᠳᠦᠯ ᠦᠵᠡᠭᠦᠯᠪᠡ ᠃ ᠭᠡᠪᠡᠴᠦ᠍ ᠬᠤᠯᠪᠣᠭ᠍ᠳᠠᠯ ᠪᠦᠬᠦᠢ ᠬᠠᠤᠯᠢ ᠴᠠᠭᠠᠵᠠ ᠬᠠᠤᠯᠢ ᠲᠣᠭ᠍ᠲᠠᠭᠠᠯ᠎ᠢ ᠨᠡᠢᠲᠡᠯᠡᠬᠦ᠂ ᠵᠠᠰᠠᠪᠤᠷᠢ ᠣᠷᠣᠭᠤᠯᠬᠤ᠎ᠶ᠋ᠢ ᠳᠠᠭᠠᠯᠳᠤᠨ᠂ ᠠᠮᠢ ᠠᠬᠤᠶ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢᠨ ᠠᠬᠢᠴᠠ᠎ᠶ᠋ᠢ ᠠᠯᠬᠤᠮ ᠠᠯᠬᠤᠮ᠎ᠢᠶᠠᠷ ᠠᠬᠢᠭᠤᠯᠵᠤ᠂ ᠠᠷᠠᠳ ᠨᠡᠢᠲᠡ᠎ᠶ᠋ᠢᠨ ᠥᠮᠴᠢᠯᠡᠯ᠎ᠤᠨ ᠪᠠᠢᠭᠠᠯᠢ᠎ᠶ᠋ᠢᠨ ᠡᠬᠢ ᠪᠠᠶᠠᠯᠢᠭ ᠡᠳ᠋ ᠬᠥᠷᠥᠩᠭᠡ᠎ᠶ᠋ᠢᠨ ᠬᠠᠮᠢᠶᠠᠷᠤᠯᠲᠠ᠎ᠶ᠋ᠢᠨ ᠪᠠᠢᠭᠤᠯᠤᠯ᠎ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠍᠂ ᠥᠮᠴᠢᠯᠡᠭ᠌ᠴᠢ᠎ᠶ᠋ᠢᠨ ᠡᠭᠦᠷᠭᠡ ᠬᠠᠷᠢᠭᠤᠴᠠᠯᠭ᠎ᠠ᠎ᠶ᠋ᠢ ᠠᠯᠬᠤᠮ ᠠᠯᠬᠤᠮ᠎ᠢᠶᠠᠷ ᠨᠠᠢᠳᠠᠪᠤᠷᠢᠵᠢᠭᠤᠯᠵᠤ᠂ ᠤᠤᠯ᠎ᠤᠨ ᠭᠡᠷ᠎ᠡ᠎ᠶ᠋ᠢᠨ ᠵᠢᠱ᠌ᠢᠶ᠎ᠡ ᠦᠵᠡᠭᠦᠯᠬᠦ᠌ ᠲᠣᠪᠬᠢᠮᠠᠯ ᠨᠢᠭᠡᠨᠲᠡ ᠣᠳᠣᠬᠠᠨ᠎ᠤ ᠭᠠᠵᠠᠷ ᠱᠢᠷᠣᠶ᠎ᠶ᠋ᠢᠨ ᠵᠠᠬ᠎ᠠ ᠳᠡᠯᠭᠡᠭᠦᠷ᠎ᠤᠨ ᠬᠥᠭ᠌ᠵᠢᠯᠲᠡ᠎ᠶ᠋ᠢᠨ ᠪᠣᠳᠠᠲᠤ ᠪᠠᠢᠳᠠᠯ ᠪᠠ ᠭᠠᠵᠠᠷ ᠱᠢᠷᠣᠶ᠎ᠶ᠋ᠢᠨ ᠡᠳ᠋ ᠬᠥᠷᠥᠩᠭᠡ᠎ᠶ᠋ᠢᠨ ᠬᠠᠮᠢᠶᠠᠷᠤᠯᠲᠠ᠎ᠶ᠋ᠢᠨ ᠱᠠᠭᠠᠷᠳᠠᠯᠭ᠎ᠠ᠎ᠳᠤ ᠵᠣᠬᠢᠴᠠᠬᠤ ᠦᠭᠡᠶ ᠪᠣᠯᠵᠠᠶ᠃ ᠡᠭᠦᠨ᠎ᠤ ᠬᠠᠮᠲᠤ᠌᠂ ᠦᠢᠯᠡᠳᠦᠯᠭᠡ᠎ᠶ᠋ᠢᠨ ᠳᠤᠮᠳᠠ ᠡᠯ᠎ᠡ ᠭᠠᠵᠠᠷ᠎ᠤᠨ᠎ᠬᠢᠨ ᠪᠠᠰᠠ ᠵᠠᠷᠢᠮ ᠰᠠᠨᠠᠯ ᠰᠠᠨᠠᠭᠤᠯᠭ᠎ᠠ ᠳᠤᠷᠠᠳᠴᠤ᠌᠂ ᠭᠡᠷ᠎ᠡ᠎ᠶ᠋ᠢᠨ ᠵᠢᠱ᠌ᠢᠶ᠎ᠡ ᠦᠵᠡᠭᠦᠯᠬᠦ᠌ ᠪᠢᠴᠢᠭ᠎ᠲᠤ ᠱᠢᠯᠵᠢᠭᠦᠯᠦᠨ ᠥᠭ᠌ᠭᠦᠭ᠌ᠰᠡᠨ ᠦᠨ᠎ᠡ᠎ᠶ᠋ᠢᠨ ᠵᠣᠭᠤᠰ᠎ᠢ ᠬᠤᠭᠤᠴᠠᠭ᠎ᠠ ᠬᠤᠪᠢᠶᠠᠨ ᠵᠣᠭᠤᠰ ᠲᠤᠱᠢᠶᠠᠬᠤ ᠪᠠᠷᠢᠮᠵᠢᠶ᠎ᠠ᠂ ᠭᠡᠷ᠎ᠡ᠎ᠶ᠋ᠢ ᠵᠥᠷᠢᠴᠡᠭ᠌ᠰᠡᠨ ᠮᠥᠩᠭᠦ᠎ᠶ᠋ᠢ ᠪᠤᠳᠤᠬᠤ ᠪᠠᠷᠢᠮᠵᠢᠶ᠎ᠠ᠂ 《ᠴᠡᠪᠡᠷ ᠭᠠᠵᠠᠷ》 ᠎ᠤᠨ ᠨᠥᠬᠦᠴᠡᠯ᠂ ᠪᠢᠴᠢᠭ ᠬᠠᠷ᠎ᠠ᠎ᠶ᠋ᠢ ᠬᠦᠷᠭᠡᠬᠦ᠌ ᠵᠡᠷᠭᠡ ᠠᠰᠠᠭᠤᠳᠠᠯ᠎ᠢ ᠲᠣᠳᠣᠷᠬᠠᠢ ᠪᠥᠭᠡᠳ ᠨᠠᠷᠢᠯᠢᠭ᠍ᠵᠢᠭᠤᠯᠵᠤ᠂ ᠭᠡᠷ᠎ᠡ᠎ᠶ᠋ᠢᠨ ᠵᠦᠢᠯ ᠵᠤᠷᠪᠤᠰ᠎ᠤᠨ ᠬᠡᠷᠡᠭ᠌ᠵᠢᠭᠦᠯᠵᠦ᠍ ᠪᠣᠯᠬᠤᠢᠴᠠ ᠴᠢᠨᠠᠷ᠎ᠢ ᠴᠢᠩᠭᠠᠳᠭᠠᠵᠤ᠂ ᠣᠳᠣᠬᠠᠨ᠎ᠤ ᠭᠠᠵᠠᠷ ᠱᠢᠷᠣᠢ᠎ᠶ᠋ᠢᠨ ᠵᠠᠬ᠎ᠠ ᠳᠡᠯᠭᠡᠭᠦᠷ᠎ᠤᠨ ᠬᠥᠭ᠌ᠵᠢᠯᠲᠡ ᠪᠠ ᠬᠡᠷᠡᠭ᠌ᠴᠡᠭᠡ ᠱᠠᠭᠠᠷᠳᠠᠯᠭ᠎ᠠ᠎ᠳᠤ ᠵᠣᠬᠢᠴᠠᠬᠤ᠎ᠶ᠋ᠢ ᠬᠦᠰᠡᠵᠦ᠍ ᠪᠠᠢᠨ᠎ᠠ᠃ ᠡᠢᠮᠦ᠍᠎ᠡᠴᠡ᠂ ᠤᠭ ᠭᠡᠷ᠎ᠡ᠎ᠶ᠋ᠢᠨ ᠵᠢᠱ᠌ᠢᠶ᠎ᠡ ᠦᠵᠡᠭᠦᠯᠬᠦ᠌ ᠪᠢᠴᠢᠭ᠎ᠲᠦ ᠵᠣᠬᠢᠬᠤ ᠵᠠᠰᠠᠪᠤᠷᠢ ᠤᠷᠤᠭᠤᠯᠬᠤ ᠨᠢ ᠮᠠᠰᠢ ᠴᠢᠬᠤᠯᠠ ᠪᠥᠭᠡᠳ ᠲᠤᠯᠭᠠᠮ᠎ᠠ ᠱᠠᠭᠠᠷᠳᠠᠭ᠍ᠳᠠᠵᠤ ᠪᠠᠢᠨ᠎ᠠ᠃

  ᠬᠤᠶᠠᠷ᠂ ᠭᠡᠷ᠎ᠡ᠎ᠶ᠋ᠢᠨ ᠵᠢᠱ᠌ᠢᠶ᠎ᠡ ᠦᠵᠡᠭᠦᠯᠬᠦ᠌ ᠪᠢᠴᠢᠭ ᠬᠠᠷ᠎ᠠ᠎ᠳᠤ ᠵᠠᠰᠠᠪᠤᠷᠢ ᠣᠷᠣᠭᠤᠯᠤᠭ᠍ᠰᠠᠨ ᠭᠤᠤᠯ ᠠᠭᠤᠯᠭ᠎ᠠ᠎ᠨᠢ ᠶᠠᠭᠤ ᠶᠠᠭᠤ ᠪᠣᠶ?

  ᠤᠯᠤᠰ᠎ᠤᠨ ᠥᠮᠴᠢᠯᠡᠯ᠎ᠤᠨ ᠪᠦᠲᠦᠭᠡᠨ ᠪᠠᠢᠭᠤᠯᠤᠯᠲᠠ᠎ᠳᠤ ᠬᠡᠷᠡᠭ᠌ᠯᠡᠬᠦ᠌ ᠭᠠᠵᠠᠷ᠎ᠤᠨ ᠬᠡᠷᠡᠭ᠌ᠯᠡᠬᠦ᠌ ᠡᠷᠬᠡ᠎ᠶ᠋ᠢ ᠱᠢᠯᠵᠢᠭᠦᠯᠦᠨ ᠥᠭ᠌ᠬᠦ ᠭᠡᠷ᠎ᠡ ᠲᠣᠭ᠍ᠲᠠᠬᠤ ᠪᠠ ᠭᠡᠷ᠎ᠡ᠎ᠶ᠋ᠢ ᠭᠦᠢᠴᠡᠳᠭᠡᠬᠦ᠌᠎ᠳᠤ ᠬᠤᠯᠪᠣᠭ᠍ᠳᠠᠬᠤ ᠬᠠᠮᠢᠶᠠᠷᠤᠯᠲᠠ᠎ᠶ᠋ᠢᠨ ᠬᠡᠯᠬᠢᠶ᠎ᠡ ᠤᠷᠳᠤ᠂ ᠡᠵᠡᠩᠨᠡᠯᠲᠡ᠎ᠶ᠋ᠢᠨ ᠪᠡᠶᠡᠴᠢ ᠴᠣᠭ᠍ᠴᠠ᠎ᠨᠢ ᠥᠷᠭᠡᠨ ᠳᠡᠯᠭᠡᠷ ᠮᠥᠷᠲᠡᠭᠡᠨ ᠡᠯ᠎ᠡ ᠭᠠᠵᠠᠷ᠎ᠤᠨ ᠡᠬᠢ ᠪᠠᠶᠠᠯᠢᠭ᠂ ᠬᠠᠮᠢᠶᠠᠷᠤᠯᠲᠠ᠎ᠶ᠋ᠢᠨ ᠬᠢᠷᠢ ᠬᠡᠮᠵᠢᠶ᠎ᠡ ᠵᠡᠷᠭᠡ ᠲᠠᠯ᠎ᠠ᠎ᠪᠠᠷ ᠴᠥᠮ ᠵᠥᠷᠢᠶ᠎ᠡ᠎ᠲᠠᠢ ᠪᠠᠢᠵᠤ᠂ ᠭᠡᠷ᠎ᠡ᠎ᠶ᠋ᠢᠨ ᠵᠢᠱ᠌ᠢᠶ᠎ᠡ ᠦᠵᠡᠭᠦᠯᠬᠦ᠌ ᠪᠢᠴᠢᠭ ᠮᠠᠲ᠋ᠧᠷᠢᠶᠠᠯ᠎ᠨᠢ ᠵᠣᠬᠢᠬᠤ ᠦᠷᠭᠦᠯᠵᠢᠯᠡᠬᠦ᠌ ᠴᠢᠨᠠᠷ᠎ᠢ ᠪᠠᠲᠤᠯᠠᠬᠤ᠎ᠶ᠋ᠢᠨ ᠬᠠᠮᠲᠤ ᠡᠩ᠎ᠤᠨ ᠯᠠᠪᠯᠠᠯᠲᠠ᠎ᠶ᠋ᠢᠨ ᠦᠢᠯᠡᠳᠦᠯ᠎ᠢ ᠪᠠᠳᠠᠷᠠᠭᠤᠯᠪᠠ᠃ ᠲᠣᠰ ᠤᠳᠠᠭ᠎ᠠ 《ᠶᠡᠭᠡ ᠲᠣᠭ᠍ᠲᠠᠭᠤᠨ᠂ ᠪᠠᠭ᠎ᠠ ᠲᠣᠬᠢᠷᠠᠭᠤᠯᠤᠯᠲᠠ》 ᠎ᠶ᠋ᠢᠨ ᠵᠠᠷᠴᠢᠮ᠎ᠢ ᠪᠠᠷᠢᠮᠲᠠᠯᠠᠵᠤ᠂ ᠭᠡᠷ᠎ᠡ᠎ᠶ᠋ᠢᠨ ᠵᠢᠱ᠌ᠢᠶ᠎ᠡ ᠦᠵᠡᠭᠦᠯᠬᠦ᠌ ᠪᠢᠴᠢᠭ᠎ᠲᠤ ᠵᠠᠰᠠᠪᠤᠷᠢ ᠣᠷᠣᠭᠤᠯᠬᠤ ᠠᠵᠢᠯ᠎ᠢ ᠵᠣᠬᠢᠶᠠᠨ ᠪᠠᠢᠭᠤᠯᠤᠨ ᠥᠷᠨᠢᠭᠦᠯᠪᠡ᠃

  ᠵᠠᠰᠠᠪᠤᠷᠢ ᠣᠷᠣᠭᠤᠯᠤᠭ᠍ᠰᠠᠨ᠎ᠤ ᠳᠠᠷᠠᠭᠠᠬᠢ ᠭᠡᠷ᠎ᠡ᠎ᠶ᠋ᠢᠨ ᠵᠢᠱ᠌ᠢᠶ᠎ᠡ ᠦᠵᠡᠭᠦᠯᠬᠦ ᠪᠢᠴᠢᠭ᠎ᠨᠢ ᠶᠡᠷᠦᠩᠬᠡᠢ ᠪᠦᠲᠦᠴᠡ᠎ᠶ᠋ᠢ ᠬᠤᠪᠢᠷᠠᠭᠤᠯᠬᠤ ᠦᠭᠡᠢ ᠪᠠᠢᠬᠤ᠎ᠶ᠋ᠢ ᠪᠠᠲᠤᠯᠠᠵᠤ᠂ ᠬᠡᠷᠡᠭ᠌ᠯᠡᠭ᠌ᠰᠡᠨ ᠲᠣᠳᠣᠷᠬᠠᠢᠯᠠᠯᠲᠠ ᠨᠡᠢᠲᠡ 17 ᠵᠤᠷᠪᠤᠰ᠂ ᠭᠤᠣᠯ ᠵᠣᠬᠢᠶᠠᠯ᠎ᠨᠢ ᠨᠡᠢᠲᠡ 9 ᠪᠦᠯᠦᠭ᠂ 43 ᠵᠤᠷᠪᠤᠰ᠂ ᠳᠠᠭᠠᠯᠳᠤᠭᠤᠯᠤᠯ 3 ᠪᠤᠯᠤᠨ᠎ᠠ᠃ ᠵᠠᠰᠠᠪᠤᠷᠢ ᠣᠷᠣᠭᠤᠯᠤᠭ᠍ᠰᠠᠨ ᠠᠭᠤᠯᠭ᠎ᠠ᠎ᠨᠢ ᠭᠤᠣᠯᠳᠠᠭᠤ 3 ᠲᠠᠯ᠎ᠠ᠎ᠪᠠᠷ ᠢᠯᠡᠷᠡᠵᠦ᠍ ᠪᠠᠢᠨ᠎ᠠ᠄

  ᠨᠢᠭᠡ᠎ᠳᠤ᠂ ᠳᠡᠭᠡᠳᠦ ᠱᠠᠲᠤᠨ᠎ᠤ ᠬᠠᠤᠯᠢ᠎ᠶ᠋ᠢᠨ ᠲᠣᠭ᠍ᠲᠠᠭᠠᠯ᠎ᠤᠨ ᠱᠠᠭᠠᠷᠳᠠᠯᠭ᠎ᠠ᠎ᠶ᠋ᠢ ᠪᠦᠲᠦᠮᠵᠢᠲᠡᠶ ᠵᠣᠯᠭᠠᠭᠤᠯᠬᠤ ᠬᠡᠷᠡᠭ᠌ᠲᠡᠶ᠃ 《ᠪᠥᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠢᠷᠭᠡᠨ᠎ᠤ ᠬᠠᠤᠯᠢ᠎ᠶ᠋ᠢᠨ ᠪᠢᠴᠢᠭ》᠂ 《ᠪᠥᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠭᠠᠵᠠᠷ ᠱᠢᠷᠣᠶ᠎ᠶ᠋ᠢᠨ ᠬᠠᠮᠢᠶᠠᠷᠤᠯᠲᠠ᠎ᠶ᠋ᠢᠨ ᠬᠠᠤᠯᠢ》᠂ 《ᠪᠥᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠬᠤᠲᠠ᠎ᠶ᠋ᠢᠨ ᠭᠡᠷ ᠪᠠᠢᠱᠢᠩ ᠭᠠᠵᠠᠷ ᠬᠥᠷᠥᠩᠭᠡ᠎ᠶ᠋ᠢᠨ ᠬᠠᠮᠢᠶᠠᠷᠤᠯᠲᠠ᠎ᠶ᠋ᠢᠨ ᠬᠠᠤᠯᠢ》 ᠂ 《ᠪᠥᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠭᠠᠵᠠᠷ ᠱᠢᠷᠣᠶ᠎ᠶ᠋ᠢᠨ ᠬᠠᠮᠢᠶᠠᠷᠤᠯᠲᠠ᠎ᠶ᠋ᠢᠨ ᠬᠠᠤᠯᠢ᠎ᠶ᠋ᠢ ᠬᠡᠷᠡᠭ᠌ᠵᠢᠭᠦᠯᠬᠦ᠌ ᠲᠦᠷᠢᠮ》 ᠵᠡᠷᠭᠡ ᠬᠠᠤᠯᠢ ᠴᠠᠭᠠᠵᠠ ᠬᠠᠤᠯᠢ ᠲᠣᠭ᠍ᠲᠠᠭᠠᠯ᠎ᠤᠨ ᠲᠣᠭ᠍ᠲᠠᠭᠠᠯ ᠶᠣᠰᠣᠭᠠᠷ᠂ ᠱᠢᠯᠵᠢᠭᠦᠯᠦᠨ ᠥᠭ᠌ᠭᠦᠭ᠌ᠴᠢ ᠪᠣᠯᠤᠨ ᠱᠢᠯᠵᠢᠭᠦᠯᠦᠨ ᠠᠪᠤᠭ᠍ᠴᠢ ᠬᠤᠶᠠᠷ ᠲᠠᠯ᠎ᠠ᠎ᠶ᠋ᠢᠨ ᠡᠷᠬᠡ ᠲᠡᠭ᠌ᠰᠢ ᠢᠷᠭᠡᠨ᠎ᠤ ᠬᠡᠷᠡᠭ᠎ᠤᠨ ᠪᠡᠶᠡᠴᠢ ᠴᠣᠭ᠍ᠴᠠ᠎ᠶ᠋ᠢᠨ ᠪᠣᠳᠣᠯᠬᠢᠯᠠᠯ᠎ᠳᠤ ᠰᠠᠭᠤᠷᠢᠯᠠᠵᠦ᠍᠂ ᠬᠠᠮᠢᠶ᠎ᠠ ᠪᠦᠬᠦᠢ ᠵᠦᠢᠯ ᠵᠤᠷᠪᠤᠰ᠎ᠤᠨ ᠠᠭᠤᠯᠭ᠎ᠠ᠎ᠶ᠋ᠢ ᠱᠢᠯᠢᠳᠡᠭ᠌ᠵᠢᠭᠦᠯᠦᠨ ᠲᠡᠭᠦᠯᠳᠡᠷᠵᠢᠭᠦᠯᠦᠨ᠎ᠡ᠃  ᠵᠢᠱ᠌ᠢᠶᠡᠯᠡᠪᠡᠯ᠂ 《ᠡᠷᠬᠡ ᠲᠡᠭ᠌ᠰᠢ᠂ ᠦᠨᠡᠨᠴᠢ ᠢᠲᠡᠭᠡᠮᠵᠢᠲᠡᠶ》 ᠪᠠᠢᠬᠤ᠎ᠶ᠋ᠢ ᠭᠡᠷ᠎ᠡ ᠲᠣᠭ᠍ᠲᠠᠭᠠᠬᠤ ᠵᠠᠷᠴᠢᠮ ᠪᠣᠯᠭᠠᠨ᠎ᠠ; ᠤᠯᠤᠰ᠎ᠤᠨ ᠥᠮᠴᠢᠯᠡᠯ᠎ᠤᠨ ᠪᠦᠲᠦᠭᠡᠨ ᠪᠠᠢᠭᠤᠯᠤᠯᠲᠠ᠎ᠳᠤ ᠬᠡᠷᠡᠭ᠌ᠯᠡᠬᠦ᠌ ᠭᠠᠵᠠᠷ᠎ᠤᠨ ᠬᠡᠷᠡᠭ᠌ᠯᠡᠬᠦ᠌ ᠡᠷᠬᠡ᠎ᠶ᠋ᠢᠨ ᠡᠷᠬᠡ ᠴᠢᠳᠠᠪᠤᠷᠢ᠎ᠶ᠋ᠢ ᠵᠢᠷᠤᠮᠵᠢᠭᠤᠯᠤᠨ᠎ᠠ; ᠪᠣᠬᠢᠷᠲᠤᠯ ᠦᠭᠡᠢ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠲᠤᠭᠤᠱᠢᠯᠠᠭᠤᠯᠬᠤ᠂ ᠡᠷᠬᠡᠲᠦ ᠬᠥᠮᠦᠨ᠎ᠤ ᠬᠠᠤᠯᠢ ᠶᠣᠰᠣᠨ᠎ᠤ ᠡᠷᠬᠡ ᠠᠱᠢᠭ᠎ᠢ ᠬᠠᠮᠠᠭᠠᠯᠠᠬᠤ᠎ᠳᠤ ᠠᠱᠢᠭ᠍ᠲᠠᠶ ᠱᠠᠭᠠᠷᠳᠠᠯᠭ᠎ᠠ ᠶᠣᠰᠣᠭᠠᠷ᠂ ᠭᠡᠷ᠎ᠡ ᠭᠦᠢᠴᠡᠳᠭᠡᠬᠦ᠌ ᠵᠠᠷᠴᠢᠮ᠎ᠢ ᠨᠡᠮᠡᠭ᠌ᠳᠡᠭᠦᠯᠵᠦ᠍᠂ ᠲᠤᠬᠠᠶ᠎ᠶ᠋ᠢᠨ ᠬᠥᠮᠦᠨ᠎ᠨᠢ ᠪᠣᠯᠵᠣᠨ ᠲᠣᠭ᠍ᠲᠠᠭ᠍ᠰᠠᠨ ᠶᠣᠰᠣᠭᠠᠷ ᠡᠷᠬᠡ᠎ᠪᠠᠨ ᠬᠡᠷᠡᠭ᠌ᠵᠢᠭᠦᠯᠵᠦ᠍᠂ ᠡᠭᠦᠷᠭᠡ᠎ᠪᠠᠨ ᠭᠦᠢᠴᠡᠳᠭᠡᠬᠦ᠌᠎ᠶ᠋ᠢ ᠲᠣᠳᠣᠷᠬᠠᠢᠯᠠᠨ᠎ᠠ᠃ ᠲᠤᠬᠠᠢᠲᠠᠶ ᠬᠥᠮᠦᠨ ᠭᠡᠷ᠎ᠡ᠎ᠶ᠋ᠢ ᠭᠦᠢᠴᠡᠳᠭᠡᠬᠦ᠌ ᠶᠠᠪᠤᠴᠠ᠎ᠳᠤ᠂ ᠡᠬᠢ ᠪᠠᠶᠠᠯᠢᠭ᠎ᠢ ᠪᠦᠷᠢᠯᠭᠡᠨ ᠰᠦᠢᠳᠭᠡᠬᠦ᠂ ᠣᠷᠴᠢᠨ ᠲᠣᠭᠣᠷᠢᠨ᠎ᠢ ᠪᠣᠬᠢᠷᠲᠤᠭᠤᠯᠬᠤ ᠪᠠ ᠠᠮᠢ ᠠᠬᠤᠶ᠎ᠶ᠋ᠢ ᠡᠪᠳᠡᠬᠦ᠌᠎ᠡᠴᠡ ᠵᠠᠢᠯᠠᠰᠭᠢᠵᠦ᠍᠂ ᠭᠠᠵᠠᠷ ᠱᠢᠷᠣᠶ᠎ᠶ᠋ᠢᠨ ᠬᠡᠷᠡᠭ᠌ᠴᠡᠭᠡ᠎ᠶ᠋ᠢᠨ ᠲᠤᠬᠠᠶ ᠬᠠᠤᠯᠢ ᠴᠠᠭᠠᠵᠠ᠂ ᠵᠠᠰᠠᠭ ᠵᠠᠬᠢᠷᠭᠠᠨ᠎ᠤ ᠬᠠᠤᠯᠢ ᠲᠣᠭ᠍ᠲᠠᠭᠠᠯ᠎ᠤᠨ ᠲᠣᠭ᠍ᠲᠠᠭᠠᠯ᠎ᠢ ᠵᠢᠷᠤᠮᠯᠠᠵᠤ᠂ ᠨᠢᠭᠡᠨᠲᠡ ᠲᠣᠭ᠍ᠲᠠᠭᠠᠭ᠍ᠰᠠᠨ ᠬᠡᠷᠡᠭ᠌ᠯᠡᠵᠦ᠍ ᠠᠱᠢᠭ ᠣᠯᠬᠤ ᠪᠣᠳᠠᠰ᠎ᠤᠨ ᠡᠷᠬᠡ᠎ᠶ᠋ᠢ ᠬᠣᠬᠢᠷᠠᠭᠤᠯᠵᠤ ᠪᠣᠯᠬᠤ ᠦᠭᠡᠶ᠃ ᠲᠦᠯᠦᠪᠦᠷᠢ᠎ᠲᠠᠢ ᠱᠢᠯᠵᠢᠭᠦᠯᠦᠨ ᠠᠪᠤᠭ᠍ᠴᠢ ᠱᠢᠯᠵᠢᠭᠦᠯᠦᠨ ᠠᠪᠤᠭ᠍ᠴᠢ᠎ᠶ᠋ᠢᠨ ᠬᠠᠤᠯᠢ ᠶᠣᠰᠣᠨ᠎ᠤ ᠡᠷᠬᠡ᠎ᠪᠠᠨ ᠬᠡᠷᠡᠭ᠌ᠵᠢᠭᠦᠯᠬᠦ᠌᠎ᠳᠤ ᠭᠠᠷ ᠲᠥᠷᠥᠵᠦ᠍ ᠪᠣᠯᠬᠤ ᠦᠭᠡᠢ; ᠡᠪᠰᠡᠬᠦ᠌᠎ᠶ᠋ᠢ ᠨᠡᠮᠡᠭᠳᠡᠭᠦᠯᠵᠦ᠂ ᠡᠶᠡᠳᠡᠭᠦᠯᠭᠡ᠎ᠪᠡᠷ ᠮᠠᠷᠭᠤᠯᠳᠤᠭᠠᠨ᠎ᠢ ᠰᠢᠢᠳᠪᠦᠷᠢᠯᠡᠬᠦ ᠠᠷᠭ᠎ᠠ ᠮᠠᠶᠢᠭ᠋ ᠪᠣᠯᠭᠠᠨ᠎ᠠ;  ᠱᠢᠯᠵᠢᠭᠦᠯᠦᠨ ᠠᠪᠤᠭ᠍ᠴᠢ ᠦᠨ᠎ᠡ᠎ᠶ᠋ᠢᠨ ᠵᠣᠭᠤᠰ᠎ᠢ ᠬᠤᠢᠱᠢᠯᠠᠭᠤᠯᠬᠤ᠂ ᠱᠢᠯᠵᠢᠭᠦᠯᠦᠨ ᠥᠭ᠌ᠭᠦᠭ᠌ᠴᠢ᠎ᠶ᠋ᠢᠨ ᠲᠤᠱᠢᠶᠠᠨ ᠥᠭ᠌ᠬᠦ᠎ᠶ᠋ᠢ ᠤᠳᠠᠭᠠᠱᠢᠷᠠᠭᠤᠯᠬᠤ ᠵᠡᠷᠭᠡ ᠵᠦᠢᠯ ᠵᠤᠷᠪᠤᠰ᠎ᠤᠨ ᠠᠭᠤᠯᠭ᠎ᠠ᠎ᠶ᠋ᠢ ᠱᠢᠯᠢᠳᠡᠭ᠌ᠵᠢᠭᠦᠯᠦᠨ᠎ᠡ᠃

  ᠬᠤᠶᠠᠷ᠎ᠲᠤ᠌᠂ ᠭᠠᠵᠠᠷ ᠱᠢᠷᠣᠶ᠎ᠶ᠋ᠢᠨ ᠪᠥᠬᠦ᠌ ᠠᠮᠢ ᠨᠠᠰᠤᠨ᠎ᠤ ᠦᠶᠡᠯᠡᠯ᠎ᠤᠨ ᠬᠤᠭᠤᠴᠠᠭᠠᠨ᠎ᠤ ᠬᠠᠮᠢᠶᠠᠷᠤᠯᠲᠠ᠎ᠶ᠋ᠢ ᠴᠢᠬᠤᠯᠠᠴᠢᠯᠠᠨ᠎ᠠ᠃ ᠣᠢᠷ᠎ᠠ᠎ᠶ᠋ᠢᠨ ᠵᠢᠯ᠎ᠤᠨ ᠲᠤᠷᠱᠢᠬᠢ ᠭᠠᠵᠠᠷ ᠱᠢᠷᠣᠶ᠎ᠶ᠋ᠢ ᠱᠢᠯᠵᠢᠭᠦᠯᠦᠨ ᠥᠭ᠌ᠬᠦ ᠲᠥᠷᠥ᠎ᠶ᠋ᠢᠨ ᠪᠣᠳᠣᠯᠭ᠎ᠠ᠂ ᠬᠡᠷᠡᠭ᠌ᠯᠡᠯᠲᠡ᠎ᠶ᠋ᠢ ᠲᠥᠷᠥᠯ ᠬᠤᠪᠢᠶᠠᠬᠤ᠂ ᠲᠥᠯᠥᠪᠵᠢᠭᠦᠯᠭᠡ᠎ᠶ᠋ᠢᠨ ᠨᠥᠬᠦᠴᠡᠯ᠎ᠢ ᠭᠠᠷᠭᠠᠵᠤ ᠥᠭ᠌ᠬᠦ᠂ ᠱᠢᠯᠵᠢᠭᠦᠯᠦᠨ ᠥᠭ᠌ᠭᠦᠭ᠌ᠰᠡᠨ ᠵᠣᠭᠤᠰ᠎ᠢ ᠲᠠᠲᠠᠪᠤᠷᠢᠯᠠᠨ ᠬᠠᠮᠢᠶᠠᠷᠬᠤ᠂ ᠥᠯᠥ᠍ ᠬᠥᠳᠡᠯᠬᠦ᠌ ᠬᠥᠷᠥᠩᠭᠡ᠎ᠶ᠋ᠢ ᠳᠡᠩᠰᠡᠯᠡᠨ ᠲᠡᠮᠳᠡᠭ᠌ᠯᠡᠬᠦ᠌ ᠵᠡᠷᠭᠡ ᠪᠠᠢᠭᠠᠯᠢ᠎ᠶ᠋ᠢᠨ ᠡᠬᠢ ᠪᠠᠶᠠᠯᠢᠭ ᠡᠳ᠋ ᠬᠥᠷᠥᠩᠭᠡ᠎ᠶ᠋ᠢᠨ ᠬᠠᠮᠢᠶᠠᠷᠤᠯᠲᠠ᠎ᠶ᠋ᠢᠨ ᠬᠦᠷᠢᠶᠡᠨ᠎ᠳᠠᠬᠢ ᠱᠢᠨ᠎ᠡ ᠲᠥᠷᠥ᠎ᠶ᠋ᠢᠨ ᠪᠣᠳᠣᠯᠭ᠎ᠠ᠎ᠲᠠᠢ ᠤᠶᠠᠯᠳᠤᠭᠤᠯᠤᠨ᠂ ᠪᠠᠢᠭᠤᠯᠤᠮᠵᠢ᠎ᠶ᠋ᠢᠨ ᠥᠭᠡᠷᠡᠴᠢᠯᠡᠯᠲᠡ᠎ᠶ᠋ᠢᠨ ᠲᠥᠯᠥᠪᠵᠢᠭᠦᠯᠭᠡ᠎ᠶ᠋ᠢ ᠵᠥᠪᠱᠢᠶᠡᠷᠡᠬᠦ᠌ ᠵᠡᠷᠭᠡ ᠬᠠᠮᠢᠶᠠᠷᠤᠯᠲᠠ᠎ᠶ᠋ᠢᠨ ᠡᠭᠦᠷᠭᠡ ᠬᠠᠷᠢᠭᠤᠴᠠᠯᠭ᠎ᠠ᠎ᠶ᠋ᠢᠨ ᠲᠣᠬᠢᠷᠠᠭᠤᠯᠤᠯᠲᠠ᠎ᠲᠠᠢ ᠵᠣᠯᠭᠠᠭᠤᠯᠵᠤ᠂ ᠪᠥᠬᠦ᠌ ᠠᠮᠢ ᠨᠠᠰᠤᠨ᠎ᠤ ᠦᠶᠡᠯᠡᠯ᠎ᠤᠨ ᠬᠤᠭᠤᠴᠠᠭᠠᠨ᠎ᠤ ᠬᠠᠮᠢᠶᠠᠷᠤᠯᠲᠠ᠎ᠶ᠋ᠢᠨ ᠣᠨᠣᠯᠵᠢᠬᠤᠨ᠎ᠢ ᠭᠠᠵᠠᠷ ᠱᠢᠷᠣᠶ᠎ᠶ᠋ᠢ ᠱᠢᠯᠵᠢᠭᠦᠯᠦᠨ ᠥᠭ᠌ᠬᠦ ᠬᠠᠮᠢᠶᠠᠷᠤᠯᠲᠠ᠎ᠶ᠋ᠢᠨ ᠪᠥᠬᠦ᠌ ᠶᠠᠪᠤᠴᠠ᠎ᠶ᠋ᠢᠨ ᠡᠯ᠎ᠡ ᠭᠤᠭ᠍ᠴᠤᠭ᠎ᠠ᠎ᠳᠤ ᠲᠤᠭᠤᠱᠢᠯᠠᠭᠤᠯᠵᠤ᠂ ᠵᠣᠬᠢᠬᠤ ᠵᠦᠢᠯ ᠵᠤᠷᠪᠤᠰ᠎ᠤᠨ ᠠᠭᠤᠯᠭ᠎ᠠ᠎ᠶ᠋ᠢ ᠱᠢᠨᠡᠳᠭᠡᠬᠦ᠌ ᠬᠡᠷᠡᠭ᠌ᠲᠡᠢ᠃ ᠡᠭᠦᠨ᠎ᠤ ᠬᠠᠮᠲᠤ᠌᠂ ᠭᠡᠷ᠎ᠡ᠎ᠶ᠋ᠢᠨ ᠵᠢᠱ᠌ᠢᠶ᠎ᠡ ᠦᠵᠡᠭᠦᠯᠬᠦ᠌ ᠪᠢᠴᠢᠭ ᠬᠠᠷ᠎ᠠ᠎ᠶ᠋ᠢᠨ ᠨᠡᠢᠳᠡᠮ ᠬᠡᠷᠡᠭ᠌ᠯᠡᠭᠡᠨ᠎ᠤ ᠱᠢᠯᠭᠠᠯᠲᠠ᠎ᠳᠤ ᠣᠷᠣᠯᠴᠠᠬᠤ ᠴᠢᠨᠠᠷ᠎ᠢ ᠳᠣᠪᠤᠢᠯᠭᠠᠵᠤ᠂ ᠭᠡᠷ᠎ᠡ᠎ᠶ᠋ᠢᠨ ᠲᠤᠬᠠᠢ᠎ᠶ᠋ᠢᠨ ᠬᠤᠶᠠᠷ ᠲᠠᠯ᠎ᠠ᠎ᠪᠠᠷ᠎ᠢᠶᠠᠨ ᠬᠠᠷᠢᠶ᠎ᠠ ᠭᠠᠵᠠᠷ᠎ᠤᠨ ᠲᠥᠷᠥ᠎ᠶ᠋ᠢᠨ ᠪᠣᠳᠣᠯᠭ᠎ᠠ᠎ᠶ᠋ᠢᠨ ᠲᠣᠭ᠍ᠲᠠᠭᠠᠯ᠂ ᠬᠡᠰᠡᠭ ᠭᠠᠵᠠᠷ᠎ᠤᠨ ᠪᠣᠳᠠᠲᠠᠶ ᠪᠠᠢᠳᠠᠯ᠎ᠲᠠᠢ ᠤᠶᠠᠯᠳᠤᠭᠤᠯᠤᠨ᠂ ᠬᠠᠤᠯᠢ ᠶᠣᠰᠣᠭᠠᠷ ᠲᠣᠬᠢᠷᠠᠭᠤᠯᠤᠯᠲᠠ ᠬᠢᠵᠦ᠍᠂ ᠪᠥᠬᠦ᠌ ᠴᠤᠪᠤᠷᠠᠯ᠎ᠤᠨ ᠬᠠᠮᠢᠶᠠᠷᠤᠯᠲᠠ᠎ᠶ᠋ᠢ ᠨᠡᠮᠡᠭ᠌ᠳᠡᠭᠦᠯᠬᠦ᠌ ᠵᠡᠷᠭᠡ ᠬᠠᠮᠢᠶ᠎ᠠ ᠪᠥᠬᠦᠶ ᠵᠦᠢᠯ ᠵᠤᠷᠪᠤᠰ᠎ᠢ ᠤᠷᠢᠳᠴᠢᠯᠠᠨ ᠦᠯᠡᠳᠡᠭᠡᠪᠡ᠃

  ᠭᠤᠷᠪᠠ ᠳ᠋ᠤ᠂ ᠥᠮᠴᠢᠯᠡᠭ᠌ᠴᠢ ᠎ᠶ᠋ᠢᠨ ᠡᠭᠦᠷᠭᠡ ᠬᠠᠷᠢᠭᠤᠴᠠᠯᠭ᠎ᠠ ᠪᠠ ᠬᠢᠨᠠᠨ ᠬᠠᠮᠢᠶᠠᠷᠤᠭ᠍ᠴᠢ ᠎ᠶ᠋ᠢᠨ ᠡᠭᠦᠷᠭᠡ ᠬᠠᠷᠢᠭᠤᠴᠠᠯᠭ᠎ᠠ ᠎ᠶᠢ ᠤᠯᠠᠮ ᠨᠢᠭᠡ ᠠᠯᠬᠤᠮ ᠢᠯᠭ᠋ᠠᠬᠤ ᠬᠡᠷᠡᠭ᠌ᠲᠡᠶ ᠃ ᠥᠭᠡᠷᠡᠴᠢᠯᠡᠯᠲᠡ᠎ᠶ᠋ᠢᠨ ᠱᠠᠭᠠᠷᠳᠠᠯᠭ᠎ᠠ ᠶᠣᠰᠣᠭᠠᠷ᠂ ᠭᠡᠷ᠎ᠡ᠎ᠶ᠋ᠢᠨ ᠵᠦᠢᠯ ᠵᠤᠷᠪᠤᠰ᠎ᠤᠨ ᠠᠭᠤᠯᠭ᠎ᠠ᠎ᠨᠢ ᠤᠯᠤᠰ᠎ᠤᠨ ᠥᠮᠴᠢᠯᠡᠯ᠎ᠤᠨ ᠪᠦᠲᠦᠭᠡᠨ ᠪᠠᠢᠭᠤᠯᠤᠯᠲᠠ᠎ᠳᠤ ᠬᠡᠷᠡᠭ᠌ᠯᠡᠬᠦ᠌ ᠭᠠᠵᠠᠷ᠎ᠤᠨ ᠬᠡᠷᠡᠭ᠌ᠯᠡᠬᠦ᠌ ᠡᠷᠬᠡ᠎ᠶ᠋ᠢ ᠪᠠᠢᠭᠤᠯᠬᠤ ᠪᠠ ᠬᠠᠮᠢᠶᠠᠷᠬᠤ ᠵᠡᠷᠭᠡ ᠪᠦᠬᠦ᠌ ᠠᠷᠠᠳ᠎ᠤᠨ ᠥᠮᠴᠢᠯᠡᠯ᠎ᠤᠨ ᠪᠠᠢᠭᠠᠯᠢ᠎ᠶ᠋ᠢᠨ ᠡᠬᠢ ᠪᠠᠶᠠᠯᠢᠭ ᠡᠳ᠋ ᠬᠦᠷᠦᠩᠭᠡ᠎ᠶ᠋ᠢᠨ ᠥᠮᠴᠢᠯᠡᠭ᠌ᠴᠢ᠎ᠶ᠋ᠢᠨ ᠡᠭᠦᠷᠭᠡ ᠬᠠᠷᠢᠭᠤᠴᠠᠯᠭ᠎ᠠ᠎ᠶ᠋ᠢᠨ ᠵᠦᠢᠯᠡᠰ᠎ᠲᠤ ᠠᠩᠬᠠᠷᠤᠯ᠎ᠢᠶᠠᠨ ᠲᠥᠪᠯᠡᠷᠡᠭᠦᠯᠵᠦ᠍᠂ ᠵᠠᠷᠢᠮ ᠬᠢᠨᠠᠨ ᠬᠠᠮᠢᠶᠠᠷᠬᠤ ᠵᠦᠢᠯᠡᠰ᠂ ᠵᠠᠰᠠᠭ ᠵᠠᠬᠢᠷᠭᠠᠨ᠎ᠤ ᠰᠢᠢ᠍ᠳᠭᠡᠯ ᠲᠣᠷᠭᠠᠭᠤᠯᠢ᠎ᠶ᠋ᠢᠨ ᠵᠦᠢᠯᠡᠰ᠎ᠢ ᠭᠡᠷ᠎ᠡ᠎ᠶ᠋ᠢᠨ ᠵᠢᠱ᠌ᠢᠶ᠎ᠡ ᠦᠵᠡᠭᠦᠯᠬᠦ᠌ ᠪᠢᠴᠢᠭ᠎ᠲᠤ ᠣᠷᠣᠭᠤᠯᠬᠤ ᠦᠭᠡᠢ᠃

  ᠭᠤᠷᠪᠠ᠂ ᠭᠡᠷ᠎ᠡ᠎ᠶ᠋ᠢᠨ  ᠵᠢᠱ᠌ᠢᠶ᠎ᠠ ᠦᠵᠡᠭᠦᠯᠬᠦ  ᠪᠢᠴᠢᠭ᠎ᠢ ᠬᠡᠷᠬᠢᠨ ᠰᠠᠢᠲᠤᠷ ᠬᠡᠷᠡᠭ᠌ᠯᠡᠬᠦ᠌ ᠪᠤᠢ?

  ᠡᠯ᠎ᠡ ᠭᠠᠵᠠᠷ᠎ᠤᠨ᠎ᠬᠢᠨ ᠭᠡᠷ᠎ᠡ᠎ᠶ᠋ᠢᠨ ᠵᠢᠱ᠌ᠢᠶ᠎ᠡ ᠦᠵᠡᠭᠦᠯᠬᠦ᠌ ᠪᠢᠴᠢᠭ ᠮᠠᠲ᠋ᠧᠷᠢᠶᠠᠯ᠎ᠢᠶᠠᠷ ᠯᠠᠪᠯᠠᠯᠲᠠ ᠪᠣᠯᠭᠠᠵᠤ ᠪᠣᠳᠠᠲᠠᠢ ᠬᠡᠰᠡᠭ ᠭᠠᠵᠠᠷ᠎ᠢ ᠱᠢᠯᠵᠢᠭᠦᠯᠦᠨ ᠬᠤᠳᠠᠯᠳᠤᠬᠤ ᠭᠡᠷ᠎ᠡ᠎ᠶ᠋ᠢ ᠲᠣᠭ᠍ᠲᠠᠭᠠᠬᠤ᠎ᠳᠠᠭᠠᠨ ᠳᠣᠣᠷᠠᠬᠢ ᠬᠡᠳᠦᠨ ᠵᠠᠷᠴᠢᠮ᠎ᠢ ᠰᠠᠢᠲᠤᠷ ᠡᠵᠡᠮᠱᠢᠬᠦ᠌ ᠬᠡᠷᠡᠭ᠌ᠲᠡᠢ᠄

  ᠬᠠᠤᠯᠢ ᠲᠣᠭᠲᠠᠭᠠᠯ᠎ᠳᠤ ᠨᠡᠢᠴᠡᠬᠦ᠎ᠶᠢ ᠪᠠᠷᠢᠮᠲᠠᠯᠠᠨ᠎ᠠ᠃ ᠲᠤᠬᠠᠢ᠎ᠶ᠋ᠢᠨ ᠦᠶ᠎ᠡ᠎ᠳᠤ 《ᠪᠥᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠢᠷᠭᠡᠨ᠎ᠤ ᠬᠠᠤᠯᠢ᠎ᠶ᠋ᠢᠨ ᠪᠢᠴᠢᠭ》 ᠎ᠤᠨ ᠲᠣᠭ᠍ᠲᠠᠭᠠᠯ ᠶᠣᠰᠣᠭᠠᠷ᠂ ᠡᠷᠬᠡ ᠲᠡᠭ᠌ᠰᠢ᠂ ᠰᠠᠢᠨ ᠳᠤᠷ᠎ᠠ᠎ᠶ᠋ᠢᠨ᠂ ᠲᠥᠪ ᠭᠤᠤᠯᠴᠢ᠂ ᠦᠨᠡᠨᠴᠢ ᠢᠲᠡᠭᠡᠮᠵᠢᠲᠡᠶ᠂ ᠲᠥᠯᠥᠪᠦᠷᠢ᠎ᠲᠠᠢ ᠪᠠᠢᠬᠤ ᠵᠠᠷᠴᠢᠮ᠎ᠢ ᠵᠢᠷᠤᠮᠯᠠᠬᠤ ᠬᠡᠷᠡᠭ᠌ᠲᠡᠶ᠂ ᠬᠠᠤᠯᠢ ᠴᠠᠭᠠᠵᠠ᠂ ᠵᠠᠰᠠᠭ ᠵᠠᠬᠢᠷᠭᠠᠨ᠎ᠤ ᠬᠠᠤᠯᠢ ᠲᠣᠭ᠍ᠲᠠᠭᠠᠯ᠎ᠤᠨ ᠠᠯᠪᠠᠳᠠᠯᠭ᠎ᠠ᠎ᠶ᠋ᠢᠨ ᠴᠢᠨᠠᠷᠲᠠᠶ ᠲᠣᠭ᠍ᠲᠠᠭᠠᠯ᠎ᠢ ᠵᠥᠷᠢᠴᠡᠬᠦ᠌ ᠦᠭᠡᠢ᠂ ᠨᠡᠢᠲᠡ᠎ᠶ᠋ᠢᠨ ᠡᠮᠬᠢ ᠵᠢᠷᠤᠮ ᠪᠠ ᠰᠠᠢᠨ ᠰᠠᠢᠬᠠᠨ ᠬᠡᠪ ᠵᠠᠩᠱᠢᠯ᠎ᠠᠴᠠ ᠵᠥᠷᠢᠴᠡᠬᠦ᠌ ᠦᠭᠡᠢ᠂ ᠵᠦᠶ ᠵᠣᠬᠢᠰᠲᠠᠶ ᠭᠡᠷ᠎ᠡ᠎ᠶ᠋ᠢᠨ ᠪᠣᠯᠵᠤᠭ᠎ᠠ᠎ᠪᠠᠷ ᠳᠠᠮᠵᠢᠭᠤᠯᠤᠨ᠂ ᠬᠤᠶᠠᠷ ᠲᠠᠯ᠎ᠠ᠎ᠶ᠋ᠢᠨ ᠡᠷᠬᠡ᠂ ᠡᠭᠦᠷᠭᠡ᠂ ᠬᠠᠷᠢᠭᠤᠴᠠᠯᠭ᠎ᠠ᠎ᠶ᠋ᠢ ᠲᠣᠳᠣᠷᠬᠠᠢᠯᠠᠵᠤ᠂ ᠭᠠᠵᠠᠷ ᠱᠢᠷᠣᠶ᠎ᠶ᠋ᠢᠨ ᠵᠠᠬ᠎ᠠ ᠳᠡᠯᠭᠡᠭᠦᠷ᠎ᠤᠨ ᠰᠠᠢᠨ ᠰᠠᠢᠬᠠᠨ ᠡᠮᠬᠢ ᠵᠢᠷᠤᠮ᠎ᠢ ᠬᠠᠮᠠᠭᠠᠯᠠᠨ᠎ᠠ᠃

  ᠢᠯᠡ ᠲᠣᠳᠣ ᠲᠥᠪ ᠭᠤᠣᠯᠴᠢ ᠪᠠᠢᠬᠤ᠎ᠶ᠋ᠢ ᠪᠠᠷᠢᠮᠲᠠᠯᠠᠨ᠎ᠠ᠃ ᠭᠡᠷ᠎ᠡ᠎ᠶ᠋ᠢᠨ ᠵᠦᠢᠯ ᠵᠤᠷᠪᠤᠰ᠎ᠲᠤ ᠬᠣᠯᠪᠣᠭ᠍ᠳᠠᠬᠤ ᠬᠢᠮᠳᠠ ᠦᠨ᠎ᠡ᠎ᠪᠡᠷ ᠬᠤᠳᠠᠯᠳᠤᠬᠤ ᠬᠠᠷᠠᠯᠲᠠ ᠂ ᠦᠨ᠎ᠡ᠎ᠶ᠋ᠢᠨ ᠵᠣᠭᠣᠰ ᠥᠭ᠌ᠬᠦ ᠂ ᠭᠠᠵᠠᠷ ᠱᠢᠷᠣᠶ ᠲᠤᠱᠢᠶᠠᠨ ᠥᠭ᠌ᠬᠦ ᠂ ᠭᠡᠷ᠎ᠡ᠎ᠡᠴᠡ ᠵᠥᠷᠢᠴᠡᠭ᠌ᠰᠡᠨ᠎ᠦ ᠬᠠᠷᠢᠭᠤᠴᠠᠯᠭ᠎ᠠ ᠵᠡᠷᠭᠡ ᠠᠭᠤᠯᠭ᠎ᠠ᠎ᠳᠤ ᠬᠢᠮᠳᠠ᠎ᠪᠠᠷ ᠬᠤᠳᠠᠯᠳᠤᠬᠤ ᠲᠥᠰᠦᠯ ᠂ ᠬᠢᠮᠳᠠ᠎ᠪᠠᠷ ᠬᠤᠳᠠᠯᠳᠤᠬᠤ ᠪᠢᠴᠢᠭ ᠮᠠᠲ᠋ᠧᠷᠢᠶᠠᠯ᠎ᠯᠤᠭ᠎ᠠ ᠨᠢᠭᠡᠳᠦᠯᠲᠡᠶ ᠪᠠᠢᠯᠭᠠᠬᠤ᠎ᠶ᠋ᠢᠨ ᠬᠠᠮᠲᠤ ᠬᠢᠮᠳᠠ᠎ᠪᠠᠷ ᠬᠤᠳᠠᠯᠳᠤᠬᠤ ᠠᠯᠪᠠᠨ ᠵᠠᠷ᠎ᠲᠤ ᠭᠦᠢᠴᠡᠳ ᠨᠡᠢᠲᠡᠯᠡᠵᠦ᠍ ᠂ ᠥᠷᠢᠰᠥᠯᠳᠦᠨ ᠬᠤᠳᠠᠯᠳᠤᠨ ᠠᠪᠤᠭ᠍ᠴᠢ᠎ᠳᠤ ᠬᠢᠮᠳᠠ᠎ᠪᠠᠷ ᠬᠤᠳᠠᠯᠳᠤᠬᠤ ᠬᠡᠰᠡᠭ ᠭᠠᠵᠠᠷ᠎ᠤᠨ ᠮᠡᠳᠡᠭᠡ ᠵᠠᠩᠭᠢ᠎ᠶ᠋ᠢ ᠭᠦᠢᠴᠡᠳ ᠣᠢᠯᠠᠭᠠᠭᠤᠯᠵᠤ ᠂ ᠱᠢᠨᠵᠢᠯᠡᠬᠦ᠌ ᠤᠬᠠᠭᠠᠨᠴᠢ᠎ᠪᠠᠷ ᠥᠷᠢᠰᠥᠯᠳᠦᠨ ᠬᠤᠳᠠᠯᠳᠤᠨ ᠠᠪᠬᠤ ᠱᠢᠶ᠋ᠳᠪᠦᠷᠢᠲᠦ ᠪᠣᠳᠣᠯᠭ᠎ᠠ ᠭᠠᠷᠭᠠᠬᠤ ᠬᠡᠷᠡᠭ᠌ᠲᠡᠶ ᠃ ᠭᠡᠷ᠎ᠡ ᠲᠣᠭ᠍ᠲᠠᠭ᠍ᠰᠠᠨ᠎ᠤ ᠳᠠᠷᠠᠭ᠎ᠠ᠂ ᠲᠤᠬᠠᠢ᠎ᠶ᠋ᠢᠨ ᠬᠤᠶᠠᠷ ᠲᠠᠯ᠎ᠠ᠎ᠪᠠᠷ᠎ᠢᠶᠠᠨ ᠭᠡᠷ᠎ᠡ᠎ᠶ᠋ᠢᠨ ᠵᠣᠷᠢᠭ ᠰᠠᠨᠠᠭ᠎ᠠ᠎ᠶ᠋ᠢ ᠴᠢᠩᠭ᠎ᠠ ᠵᠢᠷᠤᠮᠯᠠᠵᠤ᠂ ᠪᠣᠯᠵᠣᠨ ᠲᠣᠭ᠍ᠲᠠᠭ᠍ᠰᠠᠨ ᠶᠣᠰᠣᠭᠠᠷ ᠡᠯ᠎ᠡ ᠲᠠᠯ᠎ᠠ᠎ᠶ᠋ᠢᠨ ᠡᠭᠦᠷᠭᠡ᠎ᠪᠠᠨ ᠪᠦᠬᠦ᠌ ᠲᠠᠯ᠎ᠠ᠎ᠪᠠᠷ ᠭᠦᠢᠴᠡᠳᠭᠡᠬᠦ᠌᠎ᠶ᠋ᠢᠨ ᠬᠠᠮᠲᠤ ᠭᠡᠷ᠎ᠡ ᠲᠣᠭ᠍ᠲᠠᠬᠤ ᠪᠠ ᠭᠦᠢᠴᠡᠳᠭᠡᠬᠦ᠌᠎ᠠᠴᠠ ᠪᠣᠯᠤᠭ᠍ᠰᠠᠨ ᠵᠣᠬᠢᠴᠠᠩᠭᠤᠶ ᠬᠠᠤᠯᠢ ᠴᠠᠭᠠᠵᠠ᠎ᠶ᠋ᠢᠨ ᠦᠷ᠎ᠡ ᠳ᠋ᠦᠩ᠎ᠢ ᠡᠭᠦᠷᠭᠡᠯᠡᠬᠦ᠌ ᠬᠡᠷᠡᠭ᠌ᠲᠡᠶ᠃

  ᠭᠠᠵᠠᠷ ᠣᠷᠣᠨ᠎ᠤ ᠪᠠᠢᠳᠠᠯ᠎ᠳᠤ ᠨᠢ ᠲᠣᠬᠢᠷᠠᠭᠤᠯᠤᠨ᠎ᠠ᠃ ᠭᠡᠷ᠎ᠡ᠎ᠶ᠋ᠢᠨ ᠦᠯᠢᠭᠡᠷ ᠳᠠᠭᠤᠷᠢᠶᠠᠯ ᠪᠣᠯᠬᠤ᠎ᠶ᠋ᠢᠨ ᠵᠣᠷᠢᠯᠭ᠎ᠠ ᠪᠣᠯ ᠣᠳᠣ᠎ᠶ᠋ᠢᠨ ᠬᠡᠷᠡᠭ᠌ᠵᠢᠭᠦᠯᠵᠦ᠍ ᠪᠠᠢᠭ᠎ᠠ ᠭᠠᠵᠠᠷ ᠱᠢᠷᠤᠢ᠎ᠶ᠋ᠢ ᠱᠢᠯᠵᠢᠭᠦᠯᠵᠦ᠍ ᠥᠭ᠌ᠬᠦ ᠬᠤᠯᠪᠣᠭ᠍ᠳᠠᠯ ᠪᠦᠬᠦᠢ ᠬᠠᠤᠯᠢ ᠴᠠᠭᠠᠵᠠ ᠬᠠᠤᠯᠢ ᠲᠣᠭ᠍ᠲᠠᠭᠠᠯ ᠪᠠ ᠲᠥᠷᠥ᠎ᠶ᠋ᠢᠨ ᠪᠣᠳᠣᠯᠭ᠎ᠠ᠎ᠶ᠋ᠢᠨ ᠲᠣᠭ᠍ᠲᠠᠭᠠᠯ᠎ᠢ ᠦᠨᠳᠦᠰᠦᠯᠡᠨ᠂ ᠭᠡᠷ᠎ᠡ᠎ᠶ᠋ᠢᠨ ᠲᠤᠬᠠᠢ᠎ᠶ᠋ᠢᠨ ᠬᠡᠷᠡᠭ ᠪᠠ ᠬᠤᠶᠠᠷ ᠲᠠᠯ᠎ᠠ᠎ᠳᠤ ᠨᠡᠢᠳᠡᠮ ᠲᠣᠬᠢᠷᠠᠬᠤ ᠴᠢᠨᠠᠷ᠎ᠲᠠᠢ ᠯᠠᠪᠯᠠᠯᠲᠠ᠎ᠶ᠋ᠢᠨ ᠪᠢᠴᠢᠭ ᠮᠠᠲ᠋ᠧᠷᠢᠶᠠᠯ᠎ᠢ ᠬᠠᠩᠭᠠᠬᠤ᠎ᠶ᠋ᠢᠨ ᠲᠥᠯᠥᠭᠡ ᠶᠤᠮ᠃ ᠱᠢᠯᠵᠢᠭᠦᠯᠦᠨ ᠬᠤᠳᠠᠯᠳᠤᠭ᠍ᠴᠢ ᠨᠢ ᠲᠤᠬᠠᠶ᠎ᠶ᠋ᠢᠨ ᠭᠠᠵᠠᠷ᠎ᠤᠨ ᠲᠥᠷᠥ᠎ᠶ᠋ᠢᠨ ᠪᠣᠳᠣᠯᠭ᠎ᠠ᠎ᠶ᠋ᠢᠨ ᠲᠣᠭ᠍ᠲᠠᠭᠠᠯ ᠪᠣᠯᠤᠨ ᠬᠡᠰᠡᠭ ᠭᠠᠵᠠᠷ᠎ᠤᠨ ᠪᠣᠳᠠᠲᠠᠶ ᠪᠠᠢᠳᠠᠯ᠎ᠲᠠᠶ ᠤᠶᠠᠯᠳᠤᠭᠤᠯᠤᠨ ᠂ ᠭᠡᠷ᠎ᠡ᠎ᠳᠦ ᠲᠤᠰ ᠠᠵᠢᠯ ᠬᠢᠬᠦ᠌ ᠬᠣᠶᠠᠷ ᠲᠠᠯ᠎ᠠ᠎ᠪᠠᠷ᠎ᠢᠶᠠᠨ ᠵᠥᠪᠳᠡᠯᠴᠡᠭᠡᠳ ᠰᠠᠨᠠᠯ ᠨᠢᠭᠡᠳᠦᠭ᠌ᠰᠡᠨ ᠪᠠᠢᠪᠠᠯ ᠂ ᠬᠠᠤᠯᠢ ᠴᠠᠭᠠᠵᠠ ᠬᠠᠤᠯᠢ ᠲᠣᠭ᠍ᠲᠠᠭᠠᠯ ᠲᠥᠷᠥ᠎ᠶ᠋ᠢᠨ ᠪᠣᠳᠣᠯᠭ᠎ᠠ᠎ᠶ᠋ᠢᠨ ᠵᠥᠪᠱᠢᠶᠡᠷᠡᠬᠦ᠌ ᠬᠡᠪᠴᠢᠶᠡᠨ ᠳᠣᠲᠣᠷ᠎ᠠ ᠭᠡᠷ᠎ᠡ᠎ᠶ᠋ᠢᠨ ᠵᠢᠱ᠌ᠢᠶ᠎ᠡ ᠦᠵᠡᠭᠦᠯᠬᠦ᠌ ᠲᠣᠪᠬᠢᠮᠠᠯ᠎ᠢᠶᠠᠷ ᠯᠠᠪᠯᠠᠯᠲᠠ ᠪᠣᠯᠭᠠᠵᠤ ᠂ ᠬᠡᠰᠡᠭ ᠵᠦᠢᠯ ᠵᠤᠷᠪᠤᠰ᠎ᠤᠨ ᠠᠭᠤᠯᠭ᠎ᠠ᠎ᠳᠤ ᠲᠣᠬᠢᠷᠠᠭᠤᠯᠤᠯᠲᠠ ᠬᠢᠵᠦ᠍ ᠂ ᠭᠡᠷ᠎ᠡ᠎ᠶ᠋ᠢᠨ ᠬᠠᠮᠢᠶᠠᠷᠤᠯᠲᠠ᠎ᠶ᠋ᠢᠨ ᠱᠢᠨᠵᠢᠯᠡᠬᠦ᠌ ᠤᠬᠠᠭᠠᠨᠴᠢ ᠴᠢᠨᠠᠷ ᠎ᠢ ᠴᠢᠩᠭᠠᠷᠠᠭᠤᠯᠤᠨ ᠂ ᠭᠠᠵᠠᠷ ᠱᠢᠷᠣᠶ᠎ᠶ᠋ᠢᠨ ᠴᠢᠬᠤᠯᠠ ᠬᠦᠴᠦᠨ ᠵᠦᠢᠯ᠎ᠦᠨ ᠲᠣᠬᠢᠷᠠᠭᠤᠯᠤᠯᠲᠠ᠎ᠶ᠋ᠢᠨ ᠲᠤᠢᠯ᠎ᠤᠨ ᠣᠨᠣᠪᠴᠢᠲᠤ ᠴᠢᠨᠠᠷ ᠪᠣᠯᠤᠨ ᠠᠱᠢᠭ᠍ᠯᠠᠯᠲᠠ᠎ᠶ᠋ᠢᠨ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠦᠨ᠎ᠡ ᠃

ᠢᠷᠡᠯᠲᠡ᠄ ᠪᠠᠢᠭᠠᠯᠢ᠎ᠶ᠋ᠢᠨ ᠡᠬᠢ ᠪᠠᠶᠠᠯᠢᠭ᠎ᠤᠨ ᠶᠠᠮᠤᠨ