ᠪᠠᠶ᠋ᠢᠭᠤᠯᠤᠮᠵᠢ ᠵᠢᠨ ᠡᠭᠦᠷᠭᠡ ᠴᠢᠳᠠᠪᠤᠷᠢ
2024-01-11

   ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠵᠥᠪᠰᠢᠶᠡᠷᠡᠭᠰᠡᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠶ᠋ᠢᠭᠤᠯᠤᠮᠵᠢ ᠵᠢᠨ ᠥᠭᠡᠷᠡᠴᠢᠯᠡᠯᠲᠡ ᠵᠢᠨ ᠲᠥᠰᠦᠯ》 ᠪᠣᠯᠤᠨ ᠥᠪᠡᠷᠲᠡᠭᠡᠨ ᠵᠠᠰᠠᠬᠤ ᠣᠷᠣᠨ᠎ᠤ ᠳᠠᠷᠤᠮᠠᠯᠯᠠᠨ ᠶᠠᠪᠤᠭᠤᠯᠤᠭᠰᠠᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠶ᠋ᠢᠭᠤᠯᠤᠮᠵᠢ ᠵᠢᠨ ᠥᠭᠡᠷᠡᠴᠢᠯᠡᠯᠲᠡ ᠵᠢᠨ ᠬᠡᠷᠡᠭᠵᠢᠭᠦᠯᠬᠦ ᠰᠠᠨᠠᠯ》᠎ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠢ ᠪᠠᠶ᠋ᠢᠭᠤᠯᠪᠠ᠃ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ ᠪᠣᠯ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠦᠷᠢᠯᠳᠦᠬᠦᠨ ᠰᠠᠯᠠᠭ᠎ᠠ ᠮᠥᠴᠢᠷ ᠪᠣᠯᠤᠨ᠎ᠠ᠃

      ᠭᠣᠣᠯ ᠡᠭᠦᠷᠭᠡ ᠬᠠᠷᠢᠭᠤᠴᠠᠯᠭ᠎ᠠ᠄

  (ᠨᠢᠭᠡ) ᠠᠷᠠᠳ ᠨᠡᠶ᠋ᠢᠲᠡ ᠵᠢᠨ ᠥᠮᠴᠢᠯᠡᠯ᠎ᠤᠨ ᠭᠠᠵᠠᠷ ᠰᠢᠷᠣᠶ᠂ ᠠᠭᠤᠷᠬᠠᠶ ᠵᠢᠨ ᠭᠠᠷᠤᠯᠲᠠ᠂ ᠣᠶ ᠰᠢᠭᠤᠶ᠂ ᠨᠤᠲᠤᠭ ᠪᠡᠯᠴᠢᠭᠡᠷ᠂ ᠨᠤᠭᠤ ᠭᠠᠵᠠᠷ᠂ ᠤᠰᠤ ᠵᠡᠷᠭᠡ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠡᠳ᠋ ᠬᠥᠷᠥᠩᠭᠡ ᠵᠢᠨ ᠥᠮᠴᠢᠯᠡᠭᠴᠢ ᠵᠢᠨ ᠡᠭᠦᠷᠭᠡ ᠬᠠᠷᠢᠭᠤᠴᠠᠯᠭ᠎ᠠ ᠪᠠ ᠪᠣᠶ ᠪᠥᠬᠥᠶ ᠤᠯᠤᠰ᠎ᠤᠨ ᠭᠠᠵᠠᠷ ᠰᠢᠷᠣᠶ ᠵᠢᠨ ᠣᠷᠣᠨ ᠵᠠᠶ ᠵᠢᠨ ᠬᠡᠷᠡᠭᠯᠡᠯᠲᠡ ᠵᠢ ᠵᠠᠬᠢᠷᠤᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠵᠢ ᠭᠦᠢ᠍ᠴᠡᠳᠭᠡᠨ᠎ᠡ᠃ ᠤᠯᠤᠰ᠎ᠤᠨ ᠬᠣᠯᠪᠣᠭᠳᠠᠯ ᠪᠦᠬᠦᠢ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠂ ᠳᠦᠷᠢᠮ ᠲᠣᠭᠲᠠᠭ᠋ᠠᠯ᠎ᠢ ᠲᠤᠭᠤᠰᠢᠯᠠᠭᠤᠯᠤᠨ ᠬᠡᠷᠡᠭᠵᠢᠭᠦᠯᠵᠦ᠂ ᠪᠠᠶ᠋ᠢᠭ᠋ᠠᠯᠢ ᠵᠢᠨ ᠡᠬᠢ ᠪᠠᠶᠠᠯᠢᠭ᠂ ᠤᠯᠤᠰ᠎ᠤᠨ ᠭᠠᠵᠠᠷ ᠰᠢᠷᠤᠢ ᠵᠢᠨ ᠣᠷᠣᠨ ᠵᠠᠢ ᠵᠢᠨ ᠲᠥᠯᠥᠪᠵᠢᠭᠦᠯᠭᠡ ᠪᠠ ᠬᠡᠮᠵᠢᠨ ᠵᠢᠷᠤᠭᠯᠠᠯᠲᠠ ᠵᠡᠷᠭᠡ ᠣᠷᠣᠨ ᠨᠤᠲᠤᠭ᠎ᠤᠨ ᠴᠢᠨᠠᠷᠲᠠᠢ ᠬᠠᠤᠯᠢ ᠲᠣᠭᠲᠠᠭ᠋ᠠᠯ᠂ ᠳᠦᠷᠢᠮ ᠲᠣᠭᠲᠠᠭ᠋ᠠᠯ᠎ᠤᠨ ᠲᠥᠰᠦᠯ᠎ᠢ ᠲᠤᠭᠤᠷᠪᠢᠨ ᠪᠢᠴᠢᠨ᠎ᠡ᠃

  (ᠬᠣᠶᠠᠷ) ᠪᠠᠶ᠋ᠢᠭ᠋ᠠᠯᠢ ᠵᠢᠨ ᠡᠬᠢ ᠪᠠᠶᠠᠯᠢᠭ᠎ᠢ ᠪᠠᠶ᠋ᠢᠴᠠᠭ᠋ᠠᠵᠤ ᠬᠢᠨᠠᠨ ᠬᠡᠮᠵᠢᠵᠦ ᠦᠨᠡᠯᠡᠬᠦ ᠵᠢ ᠬᠠᠷᠢᠭᠤᠴᠠᠨ᠎ᠠ᠃ ᠤᠯᠤᠰ᠎ᠠᠴᠠ ᠲᠣᠭᠲᠠᠭ᠋ᠠᠭᠰᠠᠨ ᠪᠠᠶ᠋ᠢᠭ᠋ᠠᠯᠢ ᠵᠢᠨ ᠡᠬᠢ ᠪᠠᠶᠠᠯᠢᠭ᠎ᠢ ᠪᠠᠶ᠋ᠢᠴᠠᠭ᠋ᠠᠨ ᠰᠢᠨᠵᠢᠵᠦ ᠦᠨᠡᠯᠡᠬᠦ ᠭᠦᠢ᠍ᠴᠡᠳᠭᠡᠯ ᠲᠣᠭ᠎ᠠ ᠵᠢᠨ ᠰᠢᠰᠲ᠋ᠧᠮᠵᠢ ᠪᠠ ᠪᠦᠷᠢᠳᠬᠡᠬᠦ ᠪᠠᠷᠢᠮᠵᠢᠶ᠎ᠠ ᠶᠣᠰᠣᠭ᠋ᠠᠷ᠂ ᠪᠥᠬᠥ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠢ ᠪᠠᠶ᠋ᠢᠴᠠᠭ᠋ᠠᠨ ᠰᠢᠨᠵᠢᠵᠦ ᠦᠨᠡᠯᠡᠬᠦ ᠨᠢᠭᠡᠳᠦᠯᠲᠡᠶ ᠵᠢᠷᠤᠮᠵᠢᠭᠰᠠᠨ ᠲᠦᠷᠢᠮ᠎ᠢ ᠪᠠᠶ᠋ᠢᠭᠤᠯᠤᠨ᠎ᠠ᠃ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠰᠠᠭᠤᠷᠢ ᠪᠠᠶ᠋ᠢᠴᠠᠭ᠋ᠠᠯᠲᠠ᠂ ᠲᠤᠰᠬᠠᠢ ᠪᠠᠶ᠋ᠢᠴᠠᠭ᠋ᠠᠯᠲᠠ ᠪᠠ ᠬᠢᠨᠠᠨ ᠬᠡᠮᠵᠢᠯᠲᠡ ᠵᠢ ᠵᠣᠬᠢᠶᠠᠨ ᠪᠠᠶ᠋ᠢᠭᠤᠯᠵᠤ ᠬᠡᠷᠡᠭᠵᠢᠭᠦᠯᠦᠨ᠎ᠡ᠃ ᠪᠠᠶ᠋ᠢᠭ᠋ᠠᠯᠢ ᠵᠢᠨ ᠡᠬᠢ ᠪᠠᠶᠠᠯᠢᠭ᠎ᠢ ᠪᠠᠶ᠋ᠢᠴᠠᠭ᠋ᠠᠵᠤ ᠬᠢᠨᠠᠨ ᠬᠡᠮᠵᠢᠵᠦ ᠦᠨᠡᠯᠡᠭᠰᠡᠨ ᠦᠷ᠎ᠡ ᠪᠦᠲᠦᠭᠡᠯ᠎ᠤᠨ ᠬᠢᠨᠠᠯᠲᠠ ᠬᠠᠮᠢᠶᠠᠷᠤᠯᠲᠠ ᠪᠠ ᠮᠡᠳᠡᠭᠡ ᠵᠠᠩᠭᠢ ᠨᠡᠶ᠋ᠢᠲᠡᠯᠡᠬᠦ ᠠᠵᠢᠯ᠎ᠢ ᠬᠠᠷᠢᠭᠤᠴᠠᠨ᠎ᠠ᠃ ᠡᠯ᠎ᠡ ᠭᠠᠵᠠᠷ᠎ᠤᠨ᠎ᠬᠢᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠢ ᠪᠠᠶ᠋ᠢᠴᠠᠭ᠋ᠠᠵᠤ ᠬᠢᠨᠠᠨ ᠬᠡᠮᠵᠢᠵᠦ ᠦᠨᠡᠯᠡᠬᠦ ᠠᠵᠢᠯ ᠥᠷᠨᠢᠭᠦᠯᠬᠦ ᠵᠢ ᠵᠢᠯᠣᠭᠣᠳᠤᠨ᠎ᠠ᠃

  (ᠭᠤᠷᠪᠠ) ᠪᠠᠶ᠋ᠢᠭ᠋ᠠᠯᠢ ᠵᠢᠨ ᠡᠬᠢ ᠪᠠᠶᠠᠯᠢᠭ᠎ᠤᠨ ᠡᠷᠬᠡ ᠵᠢ ᠨᠢᠭᠡᠳᠦᠯᠲᠡᠶ ᠨᠤᠲᠠᠯᠠᠨ ᠲᠣᠭᠲᠠᠭ᠋ᠠᠵᠤ ᠳᠠᠩᠰᠠᠯᠠᠬᠤ ᠠᠵᠢᠯ᠎ᠢ ᠬᠠᠷᠢᠭᠤᠴᠠᠨ᠎ᠠ᠃ ᠤᠯᠤᠰ᠎ᠠᠴᠠ ᠲᠣᠭᠲᠠᠭ᠋ᠠᠭᠰᠠᠨ ᠡᠯ᠎ᠡ ᠲᠥᠷᠥᠯ᠎ᠤᠨ ᠪᠠᠶ᠋ᠢᠭ᠋ᠠᠯᠢ ᠵᠢᠨ ᠡᠬᠢ ᠪᠠᠶᠠᠯᠢᠭ ᠪᠠ ᠥᠯᠥ ᠬᠥᠳᠡᠯᠬᠦ ᠬᠥᠷᠥᠩᠭᠡ ᠵᠢᠨ ᠡᠷᠬᠡ ᠵᠢ ᠨᠢᠭᠡᠳᠦᠯᠲᠡᠶ ᠨᠤᠲᠠᠯᠠᠨ ᠲᠣᠭᠲᠠᠭ᠋ᠠᠵᠤ ᠳᠠᠩᠰᠠᠯᠠᠬᠤ᠂ ᠡᠷᠬᠡ ᠵᠢᠨ ᠬᠠᠷᠢᠶ᠎ᠠ ᠵᠢ ᠪᠠᠶ᠋ᠢᠴᠠᠭ᠋ᠠᠬᠤ᠂ ᠥᠯᠥ ᠬᠥᠳᠡᠯᠬᠦ ᠬᠥᠷᠥᠩᠭᠡ ᠵᠢ ᠬᠡᠮᠵᠢᠨ ᠵᠢᠷᠤᠬᠤ᠂ ᠮᠠᠷᠭᠤᠯᠳᠤᠭ᠋ᠠᠨ᠎ᠢ ᠵᠣᠬᠢᠴᠠᠭᠤᠯᠤᠨ ᠰᠢᠢ᠍ᠳᠪᠦᠷᠢᠯᠡᠬᠦ᠂ ᠦᠷ᠎ᠡ ᠪᠦᠲᠦᠭᠡᠯ᠎ᠢ ᠬᠡᠷᠡᠭᠯᠡᠬᠦ ᠲᠦᠷᠢᠮ᠂ ᠪᠠᠷᠢᠮᠵᠢᠶ᠎ᠠ᠂ ᠵᠢᠷᠤᠮᠵᠢᠯ᠎ᠢ ᠵᠣᠬᠢᠶᠠᠨ ᠪᠠᠶ᠋ᠢᠭᠤᠯᠤᠨ ᠨᠠᠶ᠋ᠢᠳᠠᠪᠤᠷᠢᠵᠢᠭᠤᠯᠤᠨ᠎ᠠ᠃ ᠪᠥᠬᠥ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ ᠪᠠ ᠥᠯᠥ ᠬᠥᠳᠡᠯᠬᠦ ᠬᠥᠷᠥᠩᠭᠡ ᠵᠢ ᠳᠡᠩᠰᠡᠯᠡᠨ ᠲᠡᠮᠳᠡᠭᠯᠡᠭᠦᠯᠦᠭᠰᠡᠨ ᠮᠡᠳᠡᠭᠡ ᠵᠠᠩᠭᠢ ᠵᠢᠨ ᠬᠠᠮᠢᠶᠠᠷᠤᠯᠲᠠ ᠵᠢᠨ ᠰᠠᠭᠤᠷᠢ ᠲᠠᠪᠴᠠᠩ᠎ᠢ ᠪᠠᠶ᠋ᠢᠭᠤᠯᠤᠨ ᠪᠦᠷᠢᠨᠰᠢᠭᠦᠯᠦᠨ᠎ᠡ᠃ ᠪᠠᠶ᠋ᠢᠭ᠋ᠠᠯᠢ ᠵᠢᠨ ᠡᠬᠢ ᠪᠠᠶᠠᠯᠢᠭ ᠪᠠ ᠥᠯᠥ ᠬᠥᠳᠡᠯᠬᠦ ᠬᠥᠷᠥᠩᠭᠡ ᠵᠢ ᠳᠡᠩᠰᠡᠯᠡᠨ ᠲᠡᠮᠳᠡᠭᠯᠡᠭᠦᠯᠦᠭᠰᠡᠨ ᠮᠠᠲ᠋ᠧᠷᠢᠶᠠᠯ᠎ᠢ ᠴᠤᠭᠯᠠᠭᠤᠯᠬᠤ᠂ ᠡᠮᠬᠢᠯᠡᠬᠦ᠂ ᠬᠠᠮᠲᠤ᠎ᠳᠤ᠎ᠪᠠᠨ ᠭᠥᠷᠳᠡᠬᠦ᠂ ᠬᠤᠷᠢᠶᠠᠩᠭᠤᠶ᠋ᠢᠯᠠᠨ ᠲᠤᠰᠢᠶᠠᠬᠤ ᠬᠠᠮᠢᠶᠠᠷᠤᠯᠲᠠ ᠵᠡᠷᠭᠡ ᠵᠢ ᠬᠠᠷᠢᠭᠤᠴᠠᠨ᠎ᠠ᠃ ᠪᠦᠬᠦ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ ᠪᠣᠯᠤᠨ ᠦᠯᠦ ᠬᠥᠳᠡᠯᠬᠦ ᠬᠥᠷᠥᠩᠭᠡ ᠵᠢᠨ ᠡᠷᠬᠡ ᠵᠢ ᠨᠤᠲᠠᠯᠠᠨ ᠲᠣᠭᠲᠠᠭ᠋ᠠᠵᠤ ᠳᠠᠩᠰᠠᠯᠠᠬᠤ ᠠᠵᠢᠯ᠎ᠢ ᠵᠢᠯᠣᠭᠣᠳᠤᠨ ᠬᠢᠨᠠᠯᠲᠠ ᠲᠠᠯᠪᠢᠨ᠎ᠠ᠃

  (ᠳᠥᠷᠪᠡ) ᠪᠠᠶ᠋ᠢᠭ᠋ᠠᠯᠢ ᠵᠢᠨ ᠡᠬᠢ ᠪᠠᠶᠠᠯᠢᠭ᠎ᠤᠨ ᠡᠳ᠋ ᠬᠥᠷᠥᠩᠭᠡ ᠵᠢ ᠲᠥᠯᠥᠪᠦᠷᠢ᠎ᠲᠠᠢ ᠬᠡᠷᠡᠭᠯᠡᠬᠦ ᠠᠵᠢᠯ᠎ᠢ ᠬᠠᠷᠢᠭᠤᠴᠠᠨ᠎ᠠ᠃ ᠤᠯᠤᠰ᠎ᠠᠴᠠ ᠲᠣᠭᠲᠠᠭ᠋ᠠᠭᠰᠠᠨ ᠠᠷᠠᠳ ᠨᠡᠶ᠋ᠢᠲᠡ ᠵᠢᠨ ᠥᠮᠴᠢᠯᠡᠯᠲᠦ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠡᠳ᠋ ᠬᠥᠷᠥᠩᠭᠡ ᠵᠢ ᠪᠦᠷᠢᠳᠬᠡᠬᠦ ᠲᠦᠷᠢᠮ ᠶᠣᠰᠣᠭ᠋ᠠᠷ᠂ ᠪᠥᠬᠥ ᠣᠷᠣᠨ᠎ᠤ ᠠᠷᠠᠳ ᠨᠡᠶ᠋ᠢᠲᠡ ᠵᠢᠨ ᠥᠮᠴᠢᠯᠡᠯᠲᠦ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠡᠳ᠋ ᠬᠥᠷᠥᠩᠭᠡ ᠵᠢᠨ ᠲᠣᠭ᠋ᠠᠴᠠᠭ᠎ᠠ ᠬᠢᠬᠦ ᠵᠢ ᠬᠠᠷᠢᠭᠤᠴᠠᠨ᠎ᠠ᠃ ᠠᠷᠠᠳ ᠨᠡᠶ᠋ᠢᠲᠡ ᠵᠢᠨ ᠥᠮᠴᠢᠯᠡᠯ᠎ᠤᠨ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠡᠳ᠋ ᠬᠥᠷᠥᠩᠭᠡ ᠵᠢᠨ ᠥᠷᠢ ᠥᠭᠴᠡᠭᠡ ᠵᠢᠨ ᠬᠦᠰᠦᠨᠦᠭᠲᠦ ᠵᠢ ᠨᠠᠶ᠋ᠢᠷᠠᠭᠤᠯᠤᠨ ᠵᠣᠬᠢᠶᠠᠵᠤ᠂ ᠰᠢᠯᠭ᠋ᠠᠨ ᠬᠢᠨᠠᠬᠤ ᠪᠠᠷᠢᠮᠵᠢᠶ᠎ᠠ ᠵᠢ ᠲᠣᠭᠲᠠᠭ᠋ᠠᠨ᠎ᠠ᠃  ᠠᠷᠠᠳ ᠨᠡᠶ᠋ᠢᠲᠡ ᠵᠢᠨ ᠥᠮᠴᠢᠯᠡᠯ᠎ᠤᠨ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠡᠳ᠋ ᠬᠥᠷᠥᠩᠭᠡ ᠵᠢ ᠰᠢᠯᠵᠢᠭᠦᠯᠦᠨ ᠥᠭᠬᠦ᠂ ᠰᠢᠯᠵᠢᠭᠦᠯᠦᠨ ᠥᠭᠬᠦ᠂ ᠲᠦᠷᠢᠶᠡᠰᠦᠯᠡᠭᠦᠯᠬᠦ᠂ ᠬᠠᠩᠰᠢᠯᠠᠵᠤ ᠪᠠᠯᠠ ᠭᠠᠷᠭ᠋ᠠᠬᠤ ᠪᠠ ᠭᠠᠵᠠᠷ ᠰᠢᠷᠣᠶ ᠨᠥᠭᠡᠴᠡᠯᠡᠬᠦ ᠲᠥᠷᠥ ᠵᠢᠨ ᠪᠣᠳᠣᠯᠭ᠎ᠠ ᠵᠢ ᠵᠣᠬᠢᠶᠠᠨ ᠪᠠᠶ᠋ᠢᠭᠤᠯᠤᠨ ᠬᠡᠷᠡᠭᠵᠢᠭᠦᠯᠵᠦ᠂ ᠠᠷᠠᠳ ᠨᠡᠶ᠋ᠢᠲᠡ ᠵᠢᠨ ᠥᠮᠴᠢᠯᠡᠯ᠎ᠤᠨ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠡᠳ᠋ ᠬᠥᠷᠥᠩᠭᠡ ᠵᠢ ᠵᠦᠶ ᠵᠣᠬᠢᠰᠲᠠᠶ    ᠳᠣᠭᠢᠷᠠᠭᠤᠯᠤᠨ᠎ᠠ᠃ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠡᠳ᠋ ᠬᠥᠷᠥᠩᠭᠡ ᠵᠢᠨ ᠥᠷᠲᠡᠭ᠎ᠢ ᠦᠨᠡᠯᠡᠨ ᠵᠢᠱ᠌ᠢᠵᠦ ᠬᠠᠮᠢᠶᠠᠷᠬᠤ ᠵᠢ ᠬᠠᠷᠢᠭᠤᠴᠠᠨ᠂ ᠬᠠᠮᠢᠶ᠎ᠠ ᠪᠥᠬᠥᠶ ᠡᠳ᠋ ᠬᠥᠷᠥᠩᠭᠡ ᠵᠢᠨ ᠠᠰᠢᠭ ᠣᠯᠵᠠᠪᠤᠷᠢ ᠵᠢ ᠬᠠᠤᠯᠢ ᠶᠣᠰᠣᠭ᠋ᠠᠷ ᠬᠣᠷᠢᠶᠠᠨ ᠲᠤᠰᠢᠶᠠᠯᠭ᠋ᠠᠨ᠎ᠠ᠃

  (ᠲᠠᠪᠤ) ᠪᠠᠶ᠋ᠢᠭ᠋ᠠᠯᠢ ᠵᠢᠨ ᠡᠬᠢ ᠪᠠᠶᠠᠯᠢᠭ᠎ᠢ ᠵᠦᠢ ᠵᠣᠬᠢᠰᠲᠠᠢ ᠨᠡᠭᠡᠭᠡᠨ ᠠᠰᠢᠭᠯᠠᠬᠤ ᠠᠵᠢᠯ᠎ᠢ ᠬᠠᠷᠢᠭᠤᠴᠠᠨ᠎ᠠ᠃ ᠪᠦᠬᠦ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠬᠥᠭᠵᠢᠯᠲᠡ ᠵᠢᠨ ᠲᠥᠯᠥᠪᠵᠢᠭᠦᠯᠭᠡ ᠵᠢ ᠵᠣᠬᠢᠶᠠᠨ ᠪᠠᠶ᠋ᠢᠭᠤᠯᠤᠨ ᠲᠤᠭᠤᠷᠪᠢᠵᠤ᠂ ᠤᠯᠤᠰ᠎ᠤᠨ ᠪᠠᠶ᠋ᠢᠭ᠋ᠠᠯᠢ ᠵᠢᠨ ᠡᠬᠢ ᠪᠠᠶᠠᠯᠢᠭ᠎ᠢ ᠨᠡᠭᠡᠭᠡᠨ ᠠᠰᠢᠭᠯᠠᠬᠤ ᠪᠠᠷᠢᠮᠵᠢᠶ᠎ᠠ ᠵᠢ ᠨᠠᠶ᠋ᠢᠳᠠᠪᠤᠷᠢᠵᠢᠭᠤᠯᠤᠨ᠂ ᠵᠠᠰᠠᠭ᠎ᠤᠨ ᠣᠷᠳᠣᠨ᠎ᠤ ᠢᠯᠡ ᠨᠡᠶ᠋ᠢᠲᠡᠯᠡᠭᠰᠡᠨ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠦᠨ᠎ᠡ ᠬᠠᠩᠰᠢ ᠵᠢᠨ ᠰᠢᠰᠲ᠋ᠧᠮᠵᠢ ᠵᠢ ᠪᠠᠶ᠋ᠢᠭᠤᠯᠵᠤ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠳᠡᠰ ᠬᠤᠪᠢᠶᠠᠨ ᠳᠡᠰ ᠲᠣᠭᠲᠠᠭ᠋ᠠᠬᠤ ᠦᠨ᠎ᠡ ᠬᠠᠩᠰᠢ ᠵᠢ ᠦᠨᠡᠯᠡᠨ ᠵᠢᠱ᠌ᠢᠬᠦ ᠵᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠠᠰᠢᠭᠯᠠᠯᠲᠠ ᠵᠢ ᠦᠨᠡᠯᠡᠵᠦ ᠰᠢᠯᠭ᠋ᠠᠨ ᠬᠢᠨᠠᠬᠤ ᠵᠢ ᠥᠷᠨᠢᠭᠦᠯᠦᠨ᠂ ᠠᠷᠪᠢᠲᠠᠶ ᠡᠷᠴᠢᠮᠯᠢᠭ ᠠᠰᠢᠭᠯᠠᠬᠤ ᠵᠢ ᠵᠢᠯᠣᠭᠣᠳᠤᠨ᠎ᠠ᠃ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢ ᠬᠠᠷᠢᠭᠤᠴᠠᠨ᠎ᠠ᠃ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠬᠠᠮᠢᠶᠠᠷᠤᠯᠲᠠ ᠵᠢᠨ ᠬᠣᠷᠸ᠎ᠠ ᠲᠤᠬᠢᠷᠠᠭᠤᠯᠤᠯ ᠡᠵᠡᠮᠳᠡᠯ᠂ ᠣᠷᠣᠨ ᠪᠦᠰᠡ ᠵᠢᠨ ᠵᠣᠬᠢᠴᠠᠭᠤᠯᠭ᠎ᠠ ᠪᠠ ᠬᠤᠳᠠ ᠬᠥᠳᠡᠭᠡ ᠵᠢ ᠨᠢᠭᠡᠳᠦᠯᠲᠡᠢ ᠲᠥᠯᠥᠪᠯᠡᠬᠦ᠎ᠳᠤ ᠬᠣᠯᠪᠣᠭᠳᠠᠭᠰᠠᠨ ᠲᠦᠷᠦ ᠵᠢᠨ ᠪᠤᠳᠤᠯᠭ᠎ᠠ ᠠᠷᠭ᠎ᠠ ᠬᠡᠮᠵᠢᠶ᠎ᠡ ᠵᠢ ᠵᠣᠬᠢᠶᠠᠨ ᠪᠠᠶ᠋ᠢᠭᠤᠯᠵᠤ ᠰᠤᠳᠤᠯᠤᠨ᠎ᠠ᠃

  (ᠵᠢᠷᠭᠤᠭ᠎ᠠ) ᠣᠷᠣᠨ ᠵᠠᠶ ᠵᠢᠨ ᠲᠥᠯᠥᠪᠵᠢᠭᠦᠯᠭᠡ ᠵᠢᠨ ᠰᠢᠰᠲ᠋ᠧᠮᠵᠢ ᠵᠢ ᠬᠠᠷᠢᠭᠤᠴᠠᠨ ᠪᠠᠶ᠋ᠢᠭᠤᠯᠬᠤ ᠵᠢᠨ ᠬᠠᠮᠲᠤ ᠬᠢᠨᠠᠯᠲᠠ ᠲᠠᠯᠪᠢᠵᠤ    ᠬᠡᠷᠡᠭᠵᠢᠭᠦᠯᠦᠨ᠎ᠡ᠃ ᠪᠡᠶᠡᠴᠢ ᠴᠣᠭᠴᠠ ᠵᠢᠨ ᠴᠢᠳᠠᠮᠵᠢᠲᠤ ᠣᠷᠣᠨ᠎ᠤ ᠪᠠᠶ᠋ᠢᠯᠳᠤᠬᠤ ᠪᠣᠳᠣᠯᠭ᠎ᠠ ᠪᠣᠯᠤᠨ ᠳᠦᠷᠢᠮ᠎ᠢ ᠲᠦᠯᠬᠢᠨ ᠠᠬᠢᠭᠤᠯᠵᠤ᠂ ᠤᠯᠤᠰ᠎ᠤᠨ ᠭᠠᠵᠠᠷ ᠰᠢᠷᠣᠶ ᠵᠢᠨ ᠣᠷᠣᠨ ᠵᠠᠶ ᠵᠢᠨ ᠲᠥᠯᠥᠪᠵᠢᠭᠦᠯᠭᠡ ᠪᠣᠯᠤᠨ ᠬᠠᠮᠢᠶ᠎ᠠ ᠪᠦᠬᠦᠢ ᠲᠤᠰᠬᠠᠶ ᠵᠦᠢ᠍ᠯ᠎ᠤᠨ ᠲᠥᠯᠥᠪᠵᠢᠭᠦᠯᠭᠡ ᠵᠢ ᠵᠣᠬᠢᠶᠠᠨ ᠪᠠᠶ᠋ᠢᠭᠤᠯᠤᠨ ᠨᠠᠶ᠋ᠢᠷᠠᠭᠤᠯᠤᠨ ᠵᠣᠬᠢᠶᠠᠬᠤ ᠵᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠤᠯᠤᠰ᠎ᠤᠨ ᠭᠠᠵᠠᠷ ᠰᠢᠷᠣᠶ ᠵᠢᠨ ᠣᠷᠣᠨ ᠵᠠᠢ ᠵᠢ ᠨᠡᠭᠡᠭᠡᠨ ᠠᠰᠢᠭᠯᠠᠬᠤ ᠲᠣᠬᠢᠷᠠᠮᠵᠢᠲᠠᠢ ᠴᠢᠨᠠᠷ᠎ᠲᠤ ᠦᠨᠡᠯᠡᠯᠲᠡ ᠬᠢᠵᠦ᠂ ᠤᠯᠤᠰ᠎ᠤᠨ ᠭᠠᠵᠠᠷ ᠰᠢᠷᠣᠶ ᠵᠢᠨ᠎ᠤᠨ ᠣᠷᠣᠨ ᠵᠠᠢ ᠵᠢᠨ ᠲᠥᠯᠥᠪᠵᠢᠭᠦᠯᠭᠡ ᠵᠢ ᠬᠡᠷᠡᠭᠵᠢᠭᠦᠯᠵᠦ ᠪᠠᠶ᠋ᠢᠭ᠎ᠠ ᠪᠠᠶ᠋ᠢᠳᠠᠯ᠎ᠢ ᠬᠢᠨᠠᠨ ᠬᠡᠮᠵᠢᠬᠦ᠂ ᠦᠨᠡᠯᠡᠨ ᠵᠢᠱ᠌ᠢᠬᠦ ᠪᠠ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮ᠎ᠢ ᠪᠠᠶ᠋ᠢᠭᠤᠯᠤᠨ᠎ᠠ᠃ ᠠᠮᠢ ᠠᠬᠤᠢ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠂ ᠡᠭᠦᠷᠢᠳᠡ ᠵᠢᠨ ᠦᠨᠳᠦᠰᠦᠨ ᠲᠠᠷᠢᠶᠠᠨ ᠭᠠᠵᠠᠷ᠂ ᠬᠣᠲᠠ ᠪᠠᠯᠭ᠋ᠠᠰᠤ ᠵᠢ ᠨᠡᠭᠡᠭᠡᠨ ᠬᠥᠭᠵᠢᠭᠦᠯᠬᠦ ᠵᠠᠭ᠋ᠠᠭ ᠬᠢᠵᠠᠭ᠋ᠠᠷ ᠵᠡᠷᠭᠡ ᠬᠢᠵᠠᠭ᠋ᠠᠷᠯᠠᠬᠤ ᠱᠤᠭᠤᠮ᠎ᠢ ᠵᠣᠬᠢᠶᠠᠨ ᠪᠠᠶ᠋ᠢᠭᠤᠯᠤᠨ ᠵᠠᠭ᠋ᠠᠭᠯᠠᠨ ᠲᠣᠭᠲᠠᠭ᠋ᠠᠵᠤ᠂ ᠡᠬᠢ ᠪᠠᠶᠠᠯᠢᠭ᠎ᠢ ᠠᠷᠪᠢᠯᠠᠬᠤ ᠪᠠ ᠣᠷᠴᠢᠨ ᠠᠬᠤᠢ ᠵᠢ ᠬᠠᠮᠠᠭ᠋ᠠᠯᠠᠬᠤ ᠦᠢ᠍ᠯᠡᠳᠪᠦᠷᠢᠯᠡᠯ᠂ ᠠᠮᠢᠳᠤᠷᠠᠯ᠂ ᠠᠮᠢ ᠠᠬᠤᠢ ᠵᠢᠨ ᠣᠷᠣᠨ ᠵᠠᠢ ᠵᠢᠨ ᠪᠠᠶ᠋ᠢᠷᠢᠰᠢᠯ᠎ᠢ ᠪᠠᠶ᠋ᠢᠭᠤᠯᠤᠨ᠎ᠠ᠃ ᠪᠦᠬᠦ ᠣᠷᠣᠨ᠎ᠤ ᠤᠯᠤᠰ᠎ᠤᠨ ᠭᠠᠵᠠᠷ ᠰᠢᠷᠣᠶ ᠵᠢᠨ ᠣᠷᠣᠨ ᠵᠠᠶ ᠵᠢᠨ ᠬᠡᠷᠡᠭᠯᠡᠮᠵᠢ ᠵᠢ ᠵᠠᠬᠢᠷᠤᠨ ᠬᠠᠮᠢᠶᠠᠷᠬᠤ ᠳᠦᠷᠢᠮ᠎ᠢ ᠪᠠᠶ᠋ᠢᠭᠤᠯᠤᠨ ᠪᠦᠷᠢᠨᠰᠢᠭᠦᠯᠵᠦ᠂ ᠬᠣᠲᠠ ᠬᠥᠳᠡᠭᠡ ᠵᠢᠨ ᠲᠥᠯᠥᠪᠵᠢᠭᠦᠯᠭᠡ ᠵᠢᠨ ᠲᠥᠷᠥ ᠵᠢᠨ ᠪᠣᠳᠣᠯᠭ᠎ᠠ ᠵᠢ ᠰᠤᠳᠤᠯᠤᠨ ᠲᠣᠭᠲᠠᠭ᠋ᠠᠬᠤ ᠵᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠭᠠᠵᠠᠷ ᠰᠢᠷᠣᠢ ᠵᠡᠷᠭᠡ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠣᠨ᠎ᠤ ᠠᠰᠢᠭᠯᠠᠯᠲᠠ ᠵᠢᠨ ᠲᠥᠯᠥᠪᠯᠡᠭᠡ ᠵᠢ ᠵᠣᠬᠢᠶᠠᠨ ᠪᠠᠶ᠋ᠢᠭᠤᠯᠵᠤ ᠲᠤᠭᠤᠷᠪᠢᠨ ᠲᠣᠭᠲᠠᠭ᠋ᠠᠬᠤ ᠪᠥᠭᠡᠳ ᠬᠡᠷᠡᠭᠵᠢᠭᠦᠯᠦᠨ᠎ᠡ᠃ ᠭᠠᠵᠠᠷ ᠰᠢᠷᠣᠶ ᠵᠡᠷᠭᠡ ᠤᠯᠤᠰ᠎ᠤᠨ ᠭᠠᠵᠠᠷ ᠰᠢᠷᠣᠶ ᠵᠢᠨ ᠣᠷᠣᠨ ᠵᠠᠶ ᠵᠢᠨ ᠬᠡᠷᠡᠭᠴᠡᠭᠡ ᠵᠢ ᠰᠢᠯᠵᠢᠭᠦᠯᠦᠨ ᠬᠡᠷᠡᠭᠯᠡᠬᠦ ᠠᠵᠢᠯ᠎ᠢ ᠬᠠᠷᠢᠭᠤᠴᠠᠨ᠎ᠠ᠃ ᠭᠠᠵᠠᠷ ᠰᠢᠷᠣᠶ ᠲᠠᠲᠠᠪᠤᠷᠢᠯᠠᠨ ᠬᠡᠷᠡᠭᠯᠡᠬᠦ ᠬᠠᠮᠢᠶᠠᠷᠤᠯᠲᠠ ᠵᠢ ᠬᠠᠷᠢᠭᠤᠴᠠᠨ᠎ᠠ᠃

  (ᠳᠣᠯᠣᠭ᠎ᠠ) ᠤᠯᠤᠰ᠎ᠤᠨ ᠭᠠᠵᠠᠷ ᠰᠢᠷᠣᠶ ᠵᠢᠨ ᠣᠷᠣᠨ ᠵᠠᠶ ᠵᠢᠨ ᠠᠮᠢ ᠠᠬᠤᠶ ᠵᠢ ᠰᠡᠷᠭᠦᠭᠡᠬᠦ ᠵᠢ ᠨᠢᠭᠡᠳᠦᠯᠲᠡᠶ ᠲᠥᠯᠥᠪᠵᠢᠭᠦᠯᠦᠨ᠎ᠡ᠃ ᠤᠯᠤᠰ᠎ᠤᠨ ᠭᠠᠵᠠᠷ ᠰᠢᠷᠣᠶ ᠵᠢᠨ ᠣᠷᠣᠨ ᠵᠠᠢ ᠵᠢᠨ ᠠᠮᠢ ᠠᠬᠤᠢ ᠵᠢ ᠵᠠᠰᠠᠨ ᠰᠡᠷᠭᠦᠭᠡᠬᠦ ᠲᠥᠯᠥᠪᠵᠢᠭᠦᠯᠭᠡ ᠵᠢ ᠵᠣᠬᠢᠶᠠᠨ ᠪᠠᠶ᠋ᠢᠭᠤᠯᠤᠨ ᠨᠠᠶ᠋ᠢᠷᠠᠭᠤᠯᠤᠨ ᠵᠣᠬᠢᠶᠠᠬᠤ ᠵᠢᠨ ᠬᠠᠮᠲᠤ ᠠᠮᠢ ᠠᠬᠤᠢ ᠵᠢ ᠵᠠᠰᠠᠨ ᠰᠡᠷᠭᠦᠭᠡᠬᠦ ᠬᠣᠯᠪᠣᠭᠳᠠᠯ ᠪᠦᠬᠦᠢ ᠴᠢᠬᠤᠯᠠ ᠶᠡᠬᠡ ᠢᠨᠵᠧᠨᠧᠷᠢᠩ᠎ᠢ ᠬᠡᠷᠡᠭᠵᠢᠭᠦᠯᠦᠨ᠎ᠡ᠃ ᠵᠠᠰᠠᠭ᠎ᠤᠨ ᠣᠷᠳᠣᠨ᠎ᠠᠴᠠ ᠪᠡᠯᠡ ᠣᠷᠣᠭᠤᠯᠤᠭᠰᠠᠨ ᠤᠯᠤᠰ᠎ᠤᠨ ᠭᠠᠵᠠᠷ ᠰᠢᠷᠣᠶ ᠵᠢᠨ ᠣᠷᠣᠨ ᠵᠠᠶ ᠵᠢ ᠶᠡᠷᠦᠩᠬᠡᠶ᠋ᠢᠯᠡᠨ ᠴᠡᠭᠴᠡᠯᠡᠨ ᠵᠠᠰᠠᠬᠤ᠂ ᠭᠠᠵᠠᠷ ᠰᠢᠷᠣᠶ ᠵᠢ ᠡᠮᠬᠢᠯᠡᠨ ᠳᠠᠬᠢᠨ     ᠬᠠᠭ᠋ᠠᠯᠪᠤᠷᠢᠯᠠᠬᠤ᠂ ᠠᠭᠤᠷᠬᠠᠶ ᠵᠢᠨ ᠭᠠᠵᠠᠷ᠎ᠤᠨ ᠣᠷᠴᠢᠨ ᠲᠣᠭᠣᠷᠢᠨ᠎ᠢ ᠰᠡᠷᠭᠦᠭᠡᠨ ᠵᠠᠰᠠᠬᠤ ᠠᠵᠢᠯ᠎ᠢ ᠵᠣᠬᠢᠶᠠᠨ ᠪᠠᠶ᠋ᠢᠭᠤᠯᠤᠨ᠎ᠠ᠃ ᠠᠮᠢ ᠠᠬᠤᠶ ᠵᠢᠨ ᠬᠠᠮᠠᠭ᠋ᠠᠯᠠᠯᠲᠠ ᠵᠢᠨ ᠨᠥᠬᠥᠪᠥᠷᠢ ᠵᠢᠨ ᠳᠦᠷᠢᠮ᠎ᠢ ᠲᠦᠷᠦᠭᠦᠯᠡᠨ ᠪᠠᠶ᠋ᠢᠭᠤᠯᠤᠨ ᠬᠡᠷᠡᠭᠵᠢᠭᠦᠯᠵᠦ᠂ ᠨᠡᠶ᠋ᠢᠭᠡᠮ᠎ᠤᠨ ᠪᠡᠯᠡ ᠮᠥᠩᠭᠥ ᠵᠢ ᠵᠦᠢ ᠵᠣᠬᠢᠰᠲᠠᠶ ᠠᠰᠢᠭᠯᠠᠨ ᠠᠮᠢ ᠠᠬᠤᠶ ᠵᠢ ᠰᠡᠷᠭᠦᠭᠡᠬᠦ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠲᠣᠭᠲᠠᠭ᠋ᠠᠨ᠂ ᠴᠢᠬᠤᠯᠠ ᠶᠡᠬᠡ ᠪᠡᠯᠡᠳᠬᠡᠯ ᠲᠥᠷᠥᠯ ᠵᠦᠢ᠍ᠯ᠎ᠢ ᠳᠤᠷᠠᠳᠤᠨ᠎ᠠ᠃

  (ᠨᠠᠢ᠍ᠮᠠ) ᠲᠠᠷᠢᠶᠠᠨ ᠭᠠᠵᠠᠷ᠎ᠢ ᠬᠠᠮᠠᠭ᠋ᠠᠯᠠᠬᠤ ᠬᠠᠮᠤᠭ᠎ᠤᠨ ᠴᠢᠩᠭ᠎ᠠ ᠳᠦᠷᠢᠮ᠎ᠢ ᠬᠠᠷᠢᠭᠤᠴᠠᠨ ᠵᠣᠬᠢᠶᠠᠨ ᠪᠠᠶ᠋ᠢᠭᠤᠯᠤᠨ ᠬᠡᠷᠡᠭᠵᠢᠭᠦᠯᠦᠨ᠎ᠡ᠃ ᠲᠠᠷᠢᠶᠠᠨ ᠭᠠᠵᠠᠷ᠎ᠢ ᠬᠠᠮᠠᠭ᠋ᠠᠯᠠᠬᠤ ᠲᠥᠷᠥ ᠵᠢᠨ ᠪᠣᠳᠣᠯᠭ᠎ᠠ ᠵᠢ ᠲᠦᠷᠦᠭᠦᠯᠡᠨ ᠬᠡᠷᠡᠭᠵᠢᠭᠦᠯᠵᠦ᠂ ᠲᠠᠷᠢᠶᠠᠨ ᠭᠠᠵᠠᠷ᠎ᠤᠨ ᠲᠣᠭ᠎ᠠ ᠬᠡᠮᠵᠢᠶ᠎ᠡ᠂ ᠶᠠᠰᠤ ᠴᠢᠨᠠᠷ᠂ ᠠᠮᠢ ᠠᠬᠤᠶ ᠵᠢᠨ ᠬᠠᠮᠠᠭ᠋ᠠᠯᠠᠯᠲᠠ ᠵᠢ ᠬᠠᠷᠢᠭᠤᠴᠠᠨ᠎ᠠ᠃ ᠲᠠᠷᠢᠶᠠᠨ ᠭᠠᠵᠠᠷ᠎ᠢ ᠬᠠᠮᠠᠭ᠋ᠠᠯᠠᠬᠤ ᠬᠠᠷᠢᠭᠤᠴᠠᠯᠭ᠎ᠠ ᠵᠢᠨ ᠬᠠᠷᠠᠯᠲᠠ ᠵᠢ ᠬᠢᠨᠠᠨ ᠰᠢᠯᠭ᠋ᠠᠬᠤ ᠪᠠ ᠡᠭᠦᠷᠢᠳᠡ ᠵᠢᠨ ᠦᠨᠳᠦᠰᠦᠨ ᠲᠠᠷᠢᠶᠠᠨ ᠭᠠᠵᠠᠷ᠎ᠤᠨ ᠣᠨᠴᠠᠭ᠋ᠠᠢ ᠬᠠᠮᠠᠭ᠋ᠠᠯᠠᠯᠲᠠ ᠵᠢ ᠵᠣᠬᠢᠶᠠᠨ ᠪᠠᠶ᠋ᠢᠭᠤᠯᠤᠨ ᠬᠡᠷᠡᠭᠵᠢᠭᠦᠯᠦᠨ᠎ᠡ᠃ ᠲᠠᠷᠢᠶᠠᠨ ᠭᠠᠵᠠᠷ᠎ᠢ ᠡᠵᠡᠯᠡᠬᠦ ᠪᠠ ᠨᠥᠬᠥᠪᠥᠷᠢᠯᠡᠬᠦ ᠵᠢ ᠲᠡᠩᠴᠡᠭᠦᠷᠢ᠎ᠲᠠᠢ ᠪᠠᠶ᠋ᠢᠯᠭ᠋ᠠᠬᠤ ᠳᠦᠷᠢᠮ᠎ᠢ ᠲᠡᠭᠦᠯᠳᠡᠷᠵᠢᠭᠦᠯᠵᠦ᠂ ᠲᠠᠷᠢᠶᠠᠨ ᠭᠠᠵᠠᠷ᠎ᠢ ᠡᠵᠡᠯᠡᠨ ᠬᠡᠷᠡᠭᠯᠡᠭᠰᠡᠨ᠎ᠤ ᠨᠥᠬᠥᠪᠥᠷᠢ ᠥᠭᠬᠦ ᠳᠦᠷᠢᠮ᠎ᠢ ᠬᠡᠷᠡᠭᠵᠢᠭᠦᠯᠵᠦ ᠪᠠᠶ᠋ᠢᠭ᠎ᠠ ᠪᠠᠶ᠋ᠢᠳᠠᠯ᠎ᠳᠤ ᠬᠢᠨᠠᠯᠲᠠ ᠲᠠᠯᠪᠢᠨ᠎ᠠ᠃

  (ᠶᠢᠰᠦ) ᠭᠠᠵᠠᠷ ᠰᠢᠨᠵᠢᠯᠡᠭᠡᠨ᠎ᠤ ᠬᠠᠶ᠋ᠢᠨ ᠪᠠᠶ᠋ᠢᠴᠠᠭ᠋ᠠᠬᠤ ᠠᠵᠢᠯ ᠲᠥᠷᠥᠯ ᠪᠠ ᠭᠠᠵᠠᠷ ᠰᠢᠨᠵᠢᠯᠡᠭᠡᠨ᠎ᠤ ᠠᠵᠢᠯ᠎ᠢ ᠬᠠᠷᠢᠭᠤᠴᠠᠨ ᠬᠠᠮᠢᠶᠠᠷᠤᠨ᠎ᠠ᠃ ᠭᠠᠵᠠᠷ ᠰᠢᠨᠵᠢᠯᠡᠭᠡᠨ᠎ᠤ ᠬᠠᠶ᠋ᠢᠨ ᠪᠠᠶ᠋ᠢᠴᠠᠭ᠋ᠠᠬᠤ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠬᠤ ᠵᠢᠨ ᠬᠠᠮᠲᠤ ᠬᠡᠷᠡᠭᠵᠢᠭᠦᠯᠵᠦ ᠪᠠᠶ᠋ᠢᠭ᠎ᠠ ᠪᠠᠶ᠋ᠢᠳᠠᠯ᠎ᠳᠤ ᠬᠢᠨᠠᠯᠲᠠ ᠲᠠᠯᠪᠢᠵᠤ ᠪᠠᠶ᠋ᠢᠴᠠᠭ᠋ᠠᠨ᠎ᠠ᠃ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠭᠠᠵᠠᠷ ᠰᠢᠨᠵᠢᠯᠡᠭᠡᠨ᠎ᠤ ᠬᠠᠶ᠋ᠢᠨ ᠪᠠᠶ᠋ᠢᠴᠠᠭ᠋ᠠᠬᠤ ᠲᠥᠷᠥᠯ ᠵᠦᠢ᠍ᠯ᠎ᠢ ᠬᠠᠮᠢᠶᠠᠷᠤᠨ᠎ᠠ᠃ ᠪᠦᠬᠦ ᠣᠷᠣᠨ᠎ᠤ ᠰᠠᠭᠤᠷᠢ ᠴᠢᠨᠠᠷᠲᠠᠶ᠂ ᠨᠡᠶ᠋ᠢᠲᠡ ᠵᠢᠨ ᠠᠰᠠᠷᠠᠮᠵᠢ ᠵᠢᠨ ᠴᠢᠨᠠᠷᠲᠠᠶ ᠭᠠᠵᠠᠷ ᠰᠢᠨᠵᠢᠯᠡᠭᠡᠨ᠎ᠤ ᠪᠠᠶ᠋ᠢᠴᠠᠭ᠋ᠠᠯᠲᠠ ᠪᠣᠯᠤᠨ ᠪᠠᠶ᠋ᠢᠯᠳᠤᠬᠤ ᠪᠣᠳᠣᠯᠭ᠎ᠠ ᠵᠢᠨ ᠴᠢᠨᠠᠷᠲᠠᠶ ᠭᠠᠵᠠᠷ ᠰᠢᠨᠵᠢᠯᠡᠭᠡᠨ ᠠᠭᠤᠷᠬᠠᠶ ᠵᠢᠨ ᠭᠠᠷᠤᠯᠲᠠ ᠵᠢᠨ ᠬᠠᠶ᠋ᠢᠨ ᠪᠠᠶ᠋ᠢᠴᠠᠭ᠋ᠠᠬᠤ ᠠᠵᠢᠯ᠎ᠢ ᠬᠠᠷᠢᠭᠤᠴᠠᠨ᠎ᠠ᠃ ᠭᠠᠵᠠᠷ᠎ᠤᠨ ᠭᠠᠮᠰᠢᠭ᠎ᠢ ᠰᠡᠷᠭᠡᠶ᠋ᠢᠯᠡᠬᠦ ᠪᠠ ᠵᠠᠰᠠᠬᠤ ᠵᠢ ᠬᠠᠷᠢᠭᠤᠴᠠᠵᠤ᠂ ᠭᠠᠵᠠᠷ ᠳᠤᠤᠷᠠᠬᠢ ᠤᠰᠤ ᠵᠢ ᠬᠡᠲᠦᠷᠡᠲᠡᠯ᠎ᠡ ᠨᠡᠭᠡᠭᠡᠨ ᠮᠠᠯᠲᠠᠬᠤ ᠵᠢᠴᠢ ᠭᠠᠵᠠᠷ᠎ᠤᠨ ᠭᠠᠳᠠᠷᠭᠤ ᠳᠣᠷᠣᠭᠰᠢ ᠰᠠᠭᠤᠬᠤ ᠵᠡᠷᠭᠡ ᠭᠠᠵᠠᠷ ᠰᠢᠨᠵᠢᠯᠡᠭᠡᠨ᠎ᠤ ᠠᠰᠠᠭᠤᠳᠠᠯ᠎ᠢ ᠬᠢᠨᠠᠨ ᠬᠠᠮᠢᠶᠠᠷᠤᠨ᠎ᠠ᠃ ᠡᠷᠲᠡᠨ᠎ᠤ ᠠᠮᠢᠳᠤ ᠪᠣᠳᠠᠰ᠎ᠤᠨ ᠴᠢᠯᠠᠭᠤᠵᠢᠮᠠᠯ᠎ᠤᠨ ᠬᠢᠨᠠᠯᠲᠠ ᠬᠠᠮᠢᠶᠠᠷᠤᠯᠲᠠ ᠵᠢ ᠬᠠᠷᠢᠭᠤᠴᠠᠨ᠎ᠠ᠃

  (ᠠᠷᠪᠠ) ᠭᠠᠮᠰᠢᠭ᠎ᠢ ᠰᠡᠷᠭᠡᠶ᠋ᠢᠯᠡᠵᠦ ᠭᠠᠮᠰᠢᠭ᠎ᠢ ᠪᠠᠭ᠋ᠠᠰᠬᠠᠬᠤ ᠶᠡᠷᠦᠩᠬᠡᠶ᠋ᠢᠯᠡᠭᠰᠡᠨ ᠲᠥᠯᠥᠪᠵᠢᠭᠦᠯᠭᠡ ᠵᠢᠨ ᠬᠠᠮᠢᠶ᠎ᠠ ᠪᠦᠬᠦᠢ ᠱᠠᠭ᠋ᠠᠷᠳᠠᠯᠭ᠎ᠠ ᠵᠢ ᠬᠠᠷᠢᠭᠤᠴᠠᠨ ᠨᠠᠶ᠋ᠢᠳᠠᠪᠤᠷᠢᠵᠢᠭᠤᠯᠵᠤ᠂ ᠭᠠᠵᠠᠷ᠎ᠤᠨ ᠭᠠᠮᠰᠢᠭ᠎ᠢ ᠰᠡᠷᠭᠡᠶ᠋ᠢᠯᠡᠨ ᠵᠠᠰᠠᠬᠤ ᠲᠥᠯᠥᠪᠵᠢᠭᠦᠯᠭᠡ ᠵᠢ ᠵᠣᠬᠢᠶᠠᠨ ᠪᠠᠶ᠋ᠢᠭᠤᠯᠤᠨ ᠨᠠᠶ᠋ᠢᠷᠠᠭᠤᠯᠤᠨ ᠵᠣᠬᠢᠶᠠᠬᠤ ᠵᠢᠨ ᠬᠠᠮᠲᠤ ᠵᠢᠯᠣᠭᠣᠳᠤᠨ ᠬᠡᠷᠡᠭᠵᠢᠭᠦᠯᠦᠨ᠎ᠡ᠃ ᠭᠠᠵᠠᠷ᠎ᠤᠨ ᠭᠠᠮᠰᠢᠭ᠎ᠢ ᠪᠠᠶ᠋ᠢᠴᠠᠭ᠋ᠠᠵᠤ ᠦᠨᠡᠯᠡᠬᠦ ᠵᠢᠴᠢ ᠳᠠᠯᠳᠠ ᠭᠡᠮ᠎ᠢ ᠨᠡᠶ᠋ᠢᠳᠡᠮ ᠪᠠᠶ᠋ᠢᠴᠠᠭ᠋ᠠᠬᠤ᠂ ᠨᠠᠷᠢᠨ ᠪᠠᠶ᠋ᠢᠴᠠᠭ᠋ᠠᠬᠤ᠂ ᠵᠢᠭᠰᠠᠭ᠋ᠠᠨ ᠪᠠᠶ᠋ᠢᠴᠠᠭ᠋ᠠᠬᠤ ᠵᠢ ᠵᠣᠬᠢᠶᠠᠨ ᠪᠠᠶ᠋ᠢᠭᠤᠯᠤᠨ ᠵᠢᠯᠣᠭᠣᠳᠴᠤ ᠵᠣᠬᠢᠴᠠᠭᠤᠯᠬᠤ ᠪᠠ ᠬᠢᠨᠠᠯᠲᠠ ᠲᠠᠯᠪᠢᠨ᠎ᠠ᠃ ᠣᠯᠠᠨ ᠵᠶ᠋ᠠᠷ ᠵᠶ᠋ᠠᠨ ᠬᠡᠮᠵᠢᠵᠦ ᠣᠯᠠᠨ ᠵᠶ᠋ᠠᠷ ᠵᠶ᠋ᠠᠨ ᠰᠡᠷᠭᠡᠶ᠋ᠢᠯᠡᠬᠦ᠂ ᠲᠤᠰᠬᠠᠶ ᠬᠢᠨᠠᠨ ᠬᠡᠮᠵᠢᠬᠦ ᠪᠠ ᠤᠷᠢᠳᠴᠢᠯᠠᠨ ᠮᠡᠳᠡᠭᠦᠯᠵᠦ ᠰᠡᠷᠡᠮᠵᠢᠯᠡᠭᠦᠯᠬᠦ ᠵᠡᠷᠭᠡ ᠠᠵᠢᠯ᠎ᠢ ᠵᠢᠯᠣᠭᠣᠳᠤᠨ ᠥᠷᠨᠢᠭᠦᠯᠵᠦ᠂ ᠭᠠᠵᠠᠷ᠎ᠤᠨ ᠭᠠᠮᠰᠢᠭ᠎ᠤᠨ ᠢᠨᠵᠧᠨᠧᠷᠢᠩ᠎ᠢ ᠵᠠᠰᠠᠬᠤ ᠠᠵᠢᠯ ᠥᠷᠨᠢᠭᠦᠯᠬᠦ ᠵᠢ ᠵᠢᠯᠣᠭᠣᠳᠤᠨ᠎ᠠ᠃ ᠭᠠᠵᠠᠷ᠎ᠤᠨ ᠭᠠᠮᠰᠢᠭ᠎ᠤᠨ ᠪᠠᠴᠢᠮ ᠪᠠᠶ᠋ᠢᠳᠠᠯ᠎ᠢ ᠠᠷᠭ᠋ᠠᠴᠠᠵᠤ ᠠᠪᠤᠷᠠᠨ ᠲᠤᠰᠠᠯᠠᠬᠤ ᠮᠡᠷᠭᠡᠵᠢᠯ᠎ᠤᠨ ᠲᠤᠯᠭ᠋ᠠᠭᠤᠷᠢᠯᠠᠬᠤ ᠠᠵᠢᠯ᠎ᠢ ᠡᠭᠦᠷᠭᠡᠯᠡᠨ᠎ᠡ᠃

  (ᠠᠷᠪᠠᠨ ᠨᠢᠭᠡ) ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠤᠨ ᠬᠠᠮᠢᠶᠠᠷᠤᠯᠲᠠ ᠵᠢᠨ ᠠᠵᠢᠯ᠎ᠢ ᠬᠠᠷᠢᠭᠤᠴᠠᠨ᠎ᠠ᠃ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠤᠨ ᠬᠠᠳᠠᠭ᠋ᠠᠯᠠᠭᠳᠠᠴᠠ ᠵᠢᠨ ᠬᠠᠮᠢᠶᠠᠷᠤᠯᠲᠠ ᠵᠢᠴᠢ ᠳᠠᠷᠤᠵᠤ ᠪᠦᠷᠬᠦᠭᠰᠡᠨ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠢ ᠬᠢᠨᠠᠨ ᠵᠥᠪᠰᠢᠶᠡᠷᠡᠬᠦ ᠵᠢ ᠬᠠᠷᠢᠭᠤᠴᠠᠨ᠎ᠠ᠃ ᠪᠦᠬᠦ ᠣᠷᠣᠨ᠎ᠤ ᠠᠭᠤᠷᠬᠠᠶ ᠵᠢᠨ ᠦᠢ᠍ᠯᠡᠰ᠎ᠤᠨ ᠡᠷᠬᠡ ᠵᠢᠨ ᠬᠠᠮᠢᠶᠠᠷᠤᠯᠲᠠ ᠵᠢ ᠬᠠᠷᠢᠭᠤᠴᠠᠨ᠎ᠠ᠃ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠬᠠᠮᠠᠭ᠋ᠠᠯᠠᠯᠲᠠ ᠵᠢᠨ ᠴᠢᠨᠠᠷᠲᠠᠶ ᠨᠡᠭᠡᠭᠡᠨ ᠮᠠᠯᠲᠠᠬᠤ ᠣᠨᠴᠠ ᠲᠣᠭᠲᠠᠭ᠋ᠠᠭᠰᠠᠨ ᠠᠭᠤᠷᠬᠠᠶ ᠵᠢᠨ ᠲᠥᠷᠥᠯ᠂ ᠳᠠᠪᠠᠭᠤᠯᠢᠭ ᠠᠭᠤᠷᠬᠠᠶ ᠵᠢᠨ ᠭᠠᠷᠤᠯᠲᠠ ᠵᠢᠨ ᠲᠣᠬᠢᠷᠠᠭᠤᠯᠭ᠎ᠠ ᠡᠵᠡᠮᠰᠢᠯ ᠵᠢᠴᠢ ᠬᠠᠮᠢᠶ᠎ᠠ ᠪᠦᠬᠦᠢ ᠠᠵᠢᠯ᠎ᠢ ᠨᠠᠶ᠋ᠢᠳᠠᠪᠤᠷᠢᠵᠢᠭᠤᠯᠬᠤ ᠬᠡᠷᠡᠭᠲᠡᠶ᠃ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠢ ᠵᠦᠢ ᠵᠣᠬᠢᠰᠲᠠᠶ ᠠᠰᠢᠭᠯᠠᠬᠤ ᠪᠠ ᠬᠠᠮᠠᠭ᠋ᠠᠯᠠᠬᠤ᠎ᠳᠤ ᠬᠢᠨᠠᠯᠲᠠ ᠲᠠᠯᠪᠢᠨ ᠵᠢᠯᠣᠭᠣᠳᠤᠨ᠎ᠠ᠃

  (ᠠᠷᠪᠠᠨ ᠬᠣᠶᠠᠷ) ᠭᠠᠵᠠᠷ ᠵᠦᠶ ᠵᠢᠨ ᠮᠡᠳᠡᠭᠡ ᠵᠠᠩᠭᠢ ᠵᠢ ᠬᠡᠮᠵᠢᠨ ᠵᠢᠷᠤᠬᠤ ᠬᠠᠮᠢᠶᠠᠷᠤᠯᠲᠠ ᠵᠢᠨ ᠠᠵᠢᠯ᠎ᠢ ᠬᠠᠷᠢᠭᠤᠴᠠᠨ᠎ᠠ᠃ ᠰᠠᠭᠤᠷᠢ ᠬᠡᠮᠵᠢᠨ ᠵᠢᠷᠤᠬᠤ ᠪᠠ ᠬᠡᠮᠵᠢᠨ ᠵᠢᠷᠤᠬᠤ ᠠᠵᠢᠯ ᠲᠥᠷᠥᠯ᠎ᠤᠨ ᠬᠠᠮᠢᠶᠠᠷᠤᠯᠲᠠ ᠵᠢ ᠬᠠᠷᠢᠭᠤᠴᠠᠨ᠎ᠠ᠃ ᠬᠡᠮᠵᠢᠨ ᠵᠢᠷᠤᠬᠤ ᠬᠢᠷᠢ ᠬᠡᠮ ᠪᠣᠯᠤᠨ ᠢᠲᠡᠭᠡᠮᠵᠢ ᠵᠢᠨ ᠬᠠᠮᠢᠶᠠᠷᠤᠯᠲᠠ ᠵᠢ ᠬᠠᠷᠢᠭᠤᠴᠠᠨ᠎ᠠ᠃ ᠭᠠᠵᠠᠷ ᠵᠦᠶ ᠵᠢᠨ ᠮᠡᠳᠡᠭᠡ ᠵᠠᠩᠭᠢ ᠵᠢᠨ ᠠᠮᠤᠷ ᠲᠦᠪᠰᠢᠨ ᠪᠠ ᠵᠠᠬ᠎ᠠ ᠳᠡᠯᠭᠡᠭᠦᠷ᠎ᠤᠨ ᠡᠮᠬᠢ ᠳᠢᠭᠯᠢᠮ᠎ᠢ ᠬᠢᠨᠠᠨ ᠬᠠᠮᠢᠶᠠᠷᠤᠨ᠎ᠠ᠃ ᠭᠠᠵᠠᠷ ᠵᠦᠶ ᠵᠢᠨ ᠮᠡᠳᠡᠭᠡ ᠵᠠᠩᠭᠢ ᠵᠢᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠬᠠᠮᠢᠶᠠᠷᠤᠯᠲᠠ ᠵᠢ ᠬᠠᠷᠢᠭᠤᠴᠠᠨ᠎ᠠ᠃ ᠬᠡᠮᠵᠢᠯᠲᠡ ᠵᠢᠨ ᠲᠡᠮᠳᠡᠭ᠎ᠤᠨ ᠬᠠᠮᠠᠭ᠋ᠠᠯᠠᠯᠲᠠ ᠵᠢ ᠬᠠᠷᠢᠭᠤᠴᠠᠨ᠎ᠠ᠃

  (ᠠᠷᠪᠠᠨ ᠭᠤᠷᠪᠠ) ᠪᠠᠶ᠋ᠢᠭ᠋ᠠᠯᠢ ᠵᠢᠨ ᠡᠬᠢ ᠪᠠᠶᠠᠯᠢᠭ᠎ᠤᠨ ᠬᠦᠷᠢᠶᠡᠨ᠎ᠳᠠᠬᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠥᠭᠵᠢᠯᠲᠡ ᠵᠢ ᠲᠦᠯᠬᠢᠨ ᠠᠬᠢᠭᠤᠯᠤᠨ᠎ᠠ᠃ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠬᠦᠷᠢᠶᠡᠨ᠎ᠳᠠᠬᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠬᠥᠭᠵᠢᠯᠲᠡ ᠪᠠ ᠴᠢᠳᠠᠪᠤᠷᠢᠲᠠᠨ᠎ᠢ ᠬᠥᠮᠦᠵᠢᠭᠦᠯᠬᠦ ᠪᠠᠶ᠋ᠢᠯᠳᠤᠬᠤ ᠪᠤᠳᠤᠯᠭ᠎ᠠ᠂ ᠲᠥᠯᠥᠪᠵᠢᠭᠦᠯᠭᠡ ᠪᠠ ᠲᠥᠯᠥᠪᠯᠡᠭᠡ ᠵᠢ ᠲᠣᠭᠲᠠᠭ᠋ᠠᠨ ᠬᠡᠷᠡᠭᠵᠢᠭᠦᠯᠦᠨ᠎ᠡ᠃ ᠬᠣᠯᠪᠣᠭᠳᠠᠯ ᠪᠦᠬᠦᠢ ᠮᠡᠷᠭᠡᠵᠢᠯ᠎ᠤᠨ ᠪᠠᠷᠢᠮᠵᠢᠶ᠎ᠠ᠂ ᠳᠦᠷᠢᠮ ᠵᠢᠷᠤᠮᠵᠢᠯ᠎ᠢ ᠵᠣᠬᠢᠶᠠᠨ ᠪᠠᠶ᠋ᠢᠭᠤᠯᠤᠨ ᠨᠠᠶ᠋ᠢᠳᠠᠪᠤᠷᠢᠵᠢᠭᠤᠯᠤᠨ᠎ᠠ᠃ ᠴᠢᠬᠤᠯᠠ ᠶᠡᠬᠡ ᠰᠢᠨᠵᠢᠯᠡᠬᠦ ᠤᠬᠠᠭ᠋ᠠᠨ ᠮᠡᠷᠭᠡᠵᠢᠯ᠎ᠤᠨ ᠢᠨᠵᠧᠨᠧᠷᠢᠩ ᠵᠢᠴᠢ ᠰᠢᠨ᠎ᠡ ᠵᠢ ᠡᠭᠦᠳᠬᠦ ᠴᠢᠳᠠᠪᠤᠷᠢ ᠵᠢᠨ ᠪᠠᠶ᠋ᠢᠭᠤᠯᠤᠯᠲᠠ ᠵᠢ ᠵᠣᠬᠢᠶᠠᠨ ᠪᠠᠶ᠋ᠢᠭᠤᠯᠤᠨ ᠬᠡᠷᠡᠭᠵᠢᠭᠦᠯᠵᠦ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠮᠡᠳᠡᠭᠡ ᠵᠠᠩᠭᠢᠵᠢᠯᠲᠠ ᠪᠠ ᠮᠡᠳᠡᠭᠡ ᠵᠠᠩᠭᠢ ᠵᠢᠨ ᠮᠠᠲ᠋ᠧᠷᠢᠶᠠᠯ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡ ᠵᠢ ᠲᠦᠯᠬᠢᠨ ᠠᠬᠢᠭᠤᠯᠤᠨ᠎ᠠ᠃

  (ᠠᠷᠪᠠᠨ ᠳᠥᠷᠪᠡ) ᠪᠠᠶ᠋ᠢᠭ᠋ᠠᠯᠢ ᠵᠢᠨ ᠡᠬᠢ ᠪᠠᠶᠠᠯᠢᠭ ᠪᠠ ᠤᠯᠤᠰ᠎ᠤᠨ ᠭᠠᠵᠠᠷ ᠰᠢᠷᠣᠶ ᠵᠢᠨ ᠣᠷᠣᠨ ᠵᠠᠶ ᠵᠢᠨ ᠲᠥᠯᠥᠪᠵᠢᠭᠦᠯᠭᠡ ᠵᠢᠨ ᠲᠤᠬᠠᠶ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠴᠢᠬᠤᠯᠠ ᠶᠡᠬᠡ ᠴᠢᠭᠯᠡᠯᠲᠡ ᠲᠥᠷᠥ ᠵᠢᠨ ᠪᠣᠳᠣᠯᠭ᠎ᠠ᠂ ᠰᠢᠢ᠍ᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢᠴᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠬᠡᠷᠡᠭᠵᠢᠭᠦᠯᠦᠭᠰᠡᠨ ᠪᠠᠶ᠋ᠢᠳᠠᠯ᠎ᠢ ᠰᠢᠮᠳᠠᠭᠤᠯᠤᠨ ᠪᠠᠶ᠋ᠢᠴᠠᠭ᠋ᠠᠬᠤ ᠰᠠᠨᠠᠯ᠎ᠢ    ᠨᠠᠶ᠋ᠢᠳᠠᠪᠤᠷᠢᠵᠢᠭᠤᠯᠤᠨ᠎ᠠ᠃ ᠪᠠᠶ᠋ᠢᠭ᠋ᠠᠯᠢ ᠵᠢᠨ ᠡᠬᠢ ᠪᠠᠶᠠᠯᠢᠭ᠎ᠢ ᠨᠡᠭᠡᠭᠡᠨ ᠠᠰᠢᠭᠯᠠᠬᠤ ᠪᠠ ᠤᠯᠤᠰ᠎ᠤᠨ ᠭᠠᠵᠠᠷ ᠰᠢᠷᠣᠶ ᠵᠢᠨ ᠣᠷᠣᠨ ᠵᠠᠢ ᠵᠢᠨ ᠲᠥᠯᠥᠪᠵᠢᠭᠦᠯᠭᠡ ᠵᠢᠴᠢ ᠬᠡᠮᠵᠢᠨ ᠵᠢᠷᠤᠬᠤ ᠠᠵᠢᠯ᠎ᠤᠨ ᠬᠠᠤᠯᠢ ᠵᠢ ᠵᠥᠷᠢᠴᠡᠭᠰᠡᠨ ᠬᠦᠨᠳᠦ ᠶᠡᠬᠡ ᠬᠡᠷᠡᠭ᠎ᠢ ᠪᠠᠶ᠋ᠢᠴᠠᠭ᠋ᠠᠨ ᠰᠢᠢ᠍ᠳᠪᠦᠷᠢᠯᠡᠨ᠎ᠡ᠃ ᠠᠶ᠋ᠢᠮᠠᠭ ᠬᠣᠲᠠ ᠵᠢᠨ ᠬᠣᠯᠪᠣᠭᠳᠠᠯ ᠪᠦᠬᠦᠢ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯ᠎ᠢ ᠵᠢᠯᠣᠭᠣᠳᠤᠨ᠎ᠠ᠃ ᠡᠷᠬᠡ ᠣᠯᠭᠣᠯᠲᠠ ᠵᠢ ᠦᠨᠳᠦᠰᠦᠯᠡᠨ ᠠᠶ᠋ᠢᠮᠠᠭ ᠬᠣᠲᠠ᠂ ᠬᠣᠰᠢᠭᠤ ᠰᠢᠶᠠᠨ (ᠬᠣᠲᠠ᠂ ᠲᠣᠭᠣᠷᠢᠭ)᠎ᠤ ᠵᠠᠰᠠᠭ᠎ᠤᠨ ᠣᠷᠳᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ ᠪᠠ ᠤᠯᠤᠰ᠎ᠤᠨ ᠭᠠᠵᠠᠷ ᠰᠢᠷᠣᠶ ᠵᠢᠨ ᠣᠷᠣᠨ ᠵᠠᠶ ᠵᠢᠨ ᠲᠥᠯᠥᠪᠵᠢᠭᠦᠯᠭᠡ ᠵᠡᠷᠭᠡ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠬᠡᠷᠡᠭᠵᠢᠭᠦᠯᠵᠦ ᠪᠠᠶ᠋ᠢᠭ᠎ᠠ ᠪᠠᠶ᠋ᠢᠳᠠᠯ᠎ᠢ ᠬᠢᠨᠠᠨ ᠪᠠᠶ᠋ᠢᠴᠠᠭ᠋ᠠᠨ᠎ᠠ᠃

  (ᠠᠷᠪᠠᠨ ᠲᠠᠪᠤ) ᠪᠦᠬᠦ ᠣᠷᠣᠨ᠎ᠤ ᠭᠠᠵᠠᠷ ᠰᠢᠨᠵᠢᠯᠡᠭᠡᠨ᠎ᠤ ᠬᠠᠶ᠋ᠢᠨ ᠪᠠᠶ᠋ᠢᠴᠠᠭ᠋ᠠᠬᠤ ᠨᠢᠭᠡᠴᠢ ᠵᠢᠨ ᠬᠠᠮᠢᠶᠠᠷᠤᠯᠲᠠ ᠪᠣᠯᠤᠨ ᠥᠭᠡᠷᠡᠴᠢᠯᠡᠯᠲᠡ ᠵᠢᠨ ᠠᠵᠢᠯ᠎ᠢ ᠵᠢᠯᠣᠭᠣᠳᠤᠨ᠎ᠠ᠃ ᠪᠡᠯᠡ ᠭᠠᠷᠭ᠋ᠠᠭᠰᠠᠨ ᠠᠵᠤ ᠠᠬᠤᠶ᠋ᠢᠯᠠᠯ᠎ᠢ ᠬᠢᠨᠠᠨ ᠬᠠᠮᠢᠶᠠᠷᠬᠤ ᠠᠵᠢᠯ᠎ᠢ ᠬᠠᠷᠢᠭᠤᠴᠠᠨ᠎ᠠ᠃

  (ᠠᠷᠪᠠᠨ ᠵᠢᠷᠭᠤᠭ᠎ᠠ) ᠤᠯᠤᠰ᠎ᠤᠨ ᠭᠠᠵᠠᠷ ᠰᠢᠷᠣᠶ ᠵᠢᠨ ᠣᠷᠣᠨ ᠵᠠᠶ ᠵᠢᠨ ᠲᠥᠯᠥᠪᠵᠢᠭᠦᠯᠭᠡ᠎ᠳᠤ ᠠᠶᠤᠯᠭᠦᠢ ᠦᠢ᠍ᠯᠡᠳᠪᠦᠷᠢᠯᠡᠯ᠎ᠤᠨ ᠠᠵᠢᠯ᠎ᠢ ᠨᠢᠭᠡᠳᠦᠯᠲᠡᠶ ᠲᠥᠯᠥᠪᠯᠡᠨ ᠪᠣᠳᠣᠯᠬᠢᠯᠠᠬᠤ ᠵᠢ ᠬᠠᠷᠢᠭᠤᠴᠠᠨ᠎ᠠ᠃ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠠᠵᠢᠯ ᠲᠥᠷᠥᠯ᠎ᠤᠨ ᠬᠠᠮᠢᠶ᠎ᠠ ᠪᠦᠬᠦᠢ ᠠᠶᠤᠯᠭᠦᠢ ᠦᠢ᠍ᠯᠡᠳᠪᠦᠷᠢᠯᠡᠯ᠎ᠤᠨ ᠠᠵᠢᠯ᠎ᠢ ᠡᠭᠦᠷᠭᠡᠯᠡᠨ᠎ᠡ᠃

  (ᠠᠷᠪᠠᠨ ᠳᠣᠯᠣᠭ᠎ᠠ) ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠣᠯᠤᠨ ᠨᠤᠲᠤᠭ ᠪᠡᠯᠴᠢᠭᠡᠷ᠎ᠤᠨ ᠲᠣᠪᠴᠢᠶ᠎ᠠ ᠵᠢ ᠨᠢᠭᠡᠳᠦᠯᠲᠡᠶ ᠬᠠᠮᠢᠶᠠᠷᠬᠤ ᠪᠠ ᠵᠣᠬᠢᠴᠠᠭᠤᠯᠤᠨ᠎ᠠ᠃

  (ᠠᠷᠪᠠᠨ ᠨᠠᠢ᠍ᠮᠠ) ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠲᠤᠰᠢᠶᠠᠭᠰᠠᠨ ᠪᠤᠰᠤᠳ ᠡᠭᠦᠷᠭᠡ ᠵᠢ ᠪᠡᠶᠡᠯᠡᠭᠦᠯᠦᠨ᠎ᠡ᠃

  (ᠠᠷᠪᠠ ᠶᠢᠰᠦ) ᠡᠭᠦᠷᠭᠡ ᠴᠢᠳᠠᠪᠤᠷᠢ᠎ᠪᠠᠨ ᠬᠤᠪᠢᠷᠠᠭᠤᠯᠬᠤ᠃ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ ᠪᠦᠬᠦ ᠠᠷᠠᠳ᠎ᠤᠨ ᠥᠮᠴᠢᠯᠡᠯ᠎ᠤᠨ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠡᠳ᠋ ᠬᠦᠷᠦᠩᠭᠡ ᠵᠢᠨ ᠥᠮᠴᠢᠯᠡᠭᠴᠢ ᠵᠢᠨ ᠲᠤᠰᠢᠶᠠᠯ ᠬᠠᠷᠢᠭᠤᠴᠠᠯᠭ᠎ᠠ ᠵᠢ ᠨᠢᠭᠡᠳᠦᠯᠲᠡᠢ ᠬᠡᠷᠡᠭᠵᠢᠭᠦᠯᠬᠦ᠂ ᠪᠤᠢ ᠪᠦᠬᠦᠢ ᠤᠯᠤᠰ᠎ᠤᠨ ᠭᠠᠵᠠᠷ ᠰᠢᠷᠣᠶ ᠵᠢᠨ ᠣᠷᠣᠨ ᠵᠠᠢ ᠵᠢᠨ ᠬᠡᠷᠡᠭᠴᠡᠭᠡ ᠵᠢ ᠵᠠᠬᠢᠷᠤᠨ ᠬᠠᠮᠢᠶᠠᠷᠬᠤ ᠪᠠ ᠠᠮᠢ ᠠᠬᠤᠢ ᠵᠢ ᠬᠠᠮᠠᠭ᠋ᠠᠯᠠᠨ ᠰᠡᠷᠭᠦᠭᠡᠬᠦ ᠲᠤᠰᠢᠶᠠᠯ ᠬᠠᠷᠢᠭᠤᠴᠠᠯᠭ᠎ᠠ ᠵᠢ ᠨᠢᠭᠡᠳᠦᠯᠲᠡᠢ ᠬᠡᠷᠡᠭᠵᠢᠭᠦᠯᠬᠦ ᠲᠤᠬᠠᠢ ᠲᠥᠪ᠎ᠤᠨ ᠱᠠᠭ᠋ᠠᠷᠳᠠᠯᠭ᠎ᠠ ᠵᠢ ᠨᠠᠶ᠋ᠢᠳᠠᠪᠤᠷᠢᠵᠢᠭᠤᠯᠵᠤ᠂ ᠤᠯᠤᠰ᠎ᠤᠨ ᠭᠠᠵᠠᠷ ᠰᠢᠷᠣᠶ ᠵᠢᠨ ᠣᠷᠣᠨ ᠵᠠᠢ ᠵᠢᠨ ᠲᠥᠯᠥᠪᠵᠢᠭᠦᠯᠭᠡ ᠵᠢᠨ ᠬᠠᠮᠢᠶᠠᠷᠤᠨ ᠡᠵᠡᠮᠳᠡᠬᠦ ᠦᠢ᠍ᠯᠡᠳᠦᠯ᠎ᠢ ᠪᠠᠳᠠᠷᠠᠭᠤᠯᠵᠤ᠂ ᠪᠠᠶ᠋ᠢᠭ᠋ᠠᠯᠢ ᠵᠢᠨ ᠡᠬᠢ ᠪᠠᠶᠠᠯᠢᠭ᠎ᠢ ᠬᠠᠮᠠᠭ᠋ᠠᠯᠠᠬᠤ ᠪᠠ ᠵᠦᠢ ᠵᠣᠬᠢᠰᠲᠠᠢ ᠨᠡᠭᠡᠭᠡᠨ ᠠᠰᠢᠭᠯᠠᠬᠤ᠎ᠳᠤ ᠰᠢᠨᠵᠢᠯᠡᠬᠦ ᠤᠬᠠᠭ᠋ᠠᠨᠴᠢ ᠵᠢᠯᠤᠭᠤᠳᠤᠯᠭ᠎ᠠ ᠬᠠᠩᠭ᠋ᠠᠬᠤ ᠬᠡᠷᠡᠭᠲᠡᠢ᠃   ᠪᠠᠶ᠋ᠢᠭ᠋ᠠᠯᠢ ᠵᠢᠨ ᠡᠬᠢ ᠪᠠᠶᠠᠯᠢᠭ᠎ᠢ ᠬᠠᠮᠠᠭ᠋ᠠᠯᠠᠬᠤ ᠪᠠ ᠵᠦᠶ ᠵᠣᠬᠢᠰᠲᠠᠶ ᠨᠡᠭᠡᠭᠡᠨ ᠠᠰᠢᠭᠯᠠᠬᠤ ᠵᠢ ᠤᠯᠠᠮ ᠨᠢᠭᠡ ᠠᠯᠬᠤᠮ ᠴᠢᠩᠭ᠍ᠠᠳᠬᠠᠵᠤ᠂ ᠡᠬᠢ ᠡᠭᠦᠰᠦᠯ᠎ᠠᠴᠠ᠎ᠨᠢ ᠬᠠᠮᠠᠭ᠋ᠠᠯᠠᠬᠤ ᠪᠠ ᠪᠦᠬᠦ ᠶᠠᠪᠤᠴᠠ ᠵᠢ᠎ᠨᠢ ᠰᠡᠷᠭᠦᠭᠡᠨ ᠵᠠᠰᠠᠬᠤ ᠵᠢ ᠬᠠᠷᠢᠯᠴᠠᠨ ᠤᠶᠠᠯᠳᠤᠭᠤᠯᠤᠭᠰᠠᠨ ᠠᠵᠢᠯ᠎ᠤᠨ ᠲᠣᠭᠲᠠᠴᠠ ᠵᠢ ᠪᠠᠶ᠋ᠢᠭᠤᠯᠤᠨ ᠪᠦᠷᠢᠨᠰᠢᠭᠦᠯᠵᠦ᠂ ᠪᠦᠬᠦᠯᠢ ᠴᠣᠭᠴᠠ᠎ᠪᠠᠷ᠎ᠨᠢ ᠬᠠᠮᠠᠭ᠋ᠠᠯᠠᠬᠤ᠂ ᠰᠢᠰᠲᠸᠮ ᠵᠶ᠋ᠠᠷ᠎ᠨᠢ ᠰᠡᠷᠭᠦᠭᠡᠬᠦ᠂ ᠶᠡᠷᠦᠩᠬᠡᠶ᠋ᠢᠯᠡᠨ ᠵᠠᠰᠠᠬᠤ ᠵᠢ ᠪᠡᠶᠡᠯᠡᠭᠦᠯᠬᠦ ᠬᠡᠷᠡᠭᠲᠡᠶ᠃ ᠤᠷᠮᠠᠰᠢᠭᠤᠯᠬᠤ ᠪᠠ ᠬᠢᠵᠠᠭ᠋ᠠᠷᠯᠠᠬᠤ ᠵᠢ ᠵᠡᠷᠭᠡ᠎ᠪᠠᠷ ᠴᠢᠬᠤᠯᠠᠴᠢᠯᠠᠬᠤ ᠳᠦᠷᠢᠮ ᠠᠷᠭ᠎ᠠ ᠬᠡᠮᠵᠢᠶ᠎ᠡ ᠵᠢᠨ ᠲᠠᠯ᠎ᠠ᠎ᠪᠠᠷ ᠰᠢᠨ᠎ᠡ ᠵᠢ ᠡᠭᠦᠳᠴᠦ᠂ ᠪᠠᠶ᠋ᠢᠭ᠋ᠠᠯᠢ ᠵᠢᠨ ᠡᠬᠢ ᠪᠠᠶᠠᠯᠢᠭ᠎ᠢ ᠠᠷᠪᠢᠲᠠᠢ ᠪᠥᠭᠡᠳ ᠡᠷᠴᠢᠮᠯᠢᠭ ᠠᠰᠢᠭᠯᠠᠬᠤ ᠵᠢ ᠲᠦᠯᠬᠢᠨ ᠠᠬᠢᠭᠤᠯᠤᠨ᠎ᠠ᠃  ᠬᠣᠯᠪᠣᠭᠳᠠᠯ ᠪᠥᠬᠥᠶ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠵᠦᠢ᠍ᠯᠡᠰ᠎ᠢ ᠤᠯᠠᠮ ᠨᠢᠭᠡ ᠠᠯᠬᠤᠮ ᠴᠣᠮᠬᠠᠳᠬᠠᠨ ᠳᠣᠷᠣᠭᠰᠢ ᠪᠠᠭᠤᠯᠭ᠋ᠠᠵᠤ᠂ ᠬᠢᠨᠠᠯᠲᠠ ᠬᠠᠮᠢᠶᠠᠷᠤᠯᠲᠠ ᠵᠢᠨ ᠡᠷᠴᠢᠮ᠎ᠢ ᠴᠢᠩᠭ᠋ᠠᠷᠠᠭᠤᠯᠤᠨ᠂ ᠡᠬᠢ ᠪᠠᠶᠠᠯᠢᠭ᠎ᠤᠨ ᠲᠣᠬᠢᠷᠠᠭᠤᠯᠤᠯᠲᠠ᠎ᠳᠤ ᠦᠵᠡᠭᠦᠯᠬᠦ ᠵᠠᠬ᠎ᠠ ᠳᠡᠯᠭᠡᠭᠦᠷ᠎ᠤᠨ ᠰᠢᠢ᠍ᠳᠪᠦᠷᠢᠯᠡᠭᠴᠢ ᠴᠢᠨᠠᠷᠲᠠᠶ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠬᠠᠮᠢᠶᠠᠷᠤᠯᠲᠠ ᠵᠢᠨ ᠲᠦᠷᠢᠮ᠂ ᠪᠠᠷᠢᠮᠵᠢᠶ᠎ᠠ᠂ ᠲᠦᠷᠢᠮ᠎ᠤᠨ ᠬᠢᠵᠠᠭ᠋ᠠᠷᠯᠠᠬᠤ ᠴᠢᠨᠠᠷᠲᠠᠶ ᠦᠢ᠍ᠯᠡᠳᠦᠯ᠎ᠢ ᠴᠢᠩᠭ᠋ᠠᠷᠠᠭᠤᠯᠤᠨ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠡᠷᠬᠡ ᠵᠢ ᠨᠤᠲᠠᠯᠠᠨ ᠲᠣᠭᠲᠠᠭ᠋ᠠᠵᠤ ᠳᠡᠩᠰᠡᠯᠡᠨ ᠲᠡᠮᠳᠡᠭᠯᠡᠬᠦ ᠪᠠ ᠦᠨᠡᠯᠡᠨ ᠵᠢᠱ᠌ᠢᠬᠦ ᠵᠢᠨ ᠠᠷᠠᠳ᠎ᠲᠤ ᠲᠥᠬᠥᠮ ᠦᠵᠡᠭᠦᠯᠵᠦ ᠥᠨᠳᠥᠷ ᠪᠦᠲᠦᠮᠵᠢᠲᠡᠶ ᠪᠠᠶ᠋ᠢᠯᠭ᠋ᠠᠬᠤ ᠵᠢ ᠠᠬᠢᠭᠤᠯᠤᠨ᠎ᠠ᠃


ᠳᠣᠲᠣᠭ᠋ᠠᠳᠤ ᠪᠠᠶ᠋ᠢᠭᠤᠯᠤᠮᠵᠢ᠄

  (ᠨᠢᠭᠡ) ᠠᠯᠪᠠᠨ ᠭᠡᠷ᠃ ᠪᠠᠶ᠋ᠢᠭᠤᠯᠭ᠎ᠠ ᠵᠢᠨ ᠡᠳᠦᠷ ᠲᠤᠲᠤᠮ᠎ᠤᠨ ᠠᠵᠢᠯ᠎ᠢ ᠬᠠᠷᠢᠭᠤᠴᠠᠨ᠎ᠠ᠃ ᠠᠮᠤᠷ ᠲᠦᠪᠰᠢᠨ ᠪᠥᠭᠡᠳ ᠨᠢᠭᠤᠴᠠ ᠵᠢ ᠬᠠᠮᠠᠭ᠋ᠠᠯᠠᠬᠤ᠂ ᠵᠠᠬᠢᠳᠠᠯ ᠰᠤᠷᠪᠤᠯᠵᠢᠯᠠᠯ᠂ ᠰᠣᠨᠢᠨ ᠮᠡᠳᠡᠭᠡᠨ᠎ᠤ ᠤᠬᠠᠭᠤᠯᠭ᠎ᠠ᠂ ᠵᠠᠰᠠᠭ᠎ᠤᠨ ᠶᠠᠪᠤᠳᠠᠯ᠎ᠤᠨ ᠮᠡᠳᠡᠭᠡ ᠵᠠᠩᠭᠢ᠂ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ᠂ ᠵᠠᠰᠠᠭ᠎ᠤᠨ ᠶᠠᠪᠤᠳᠠᠯ᠎ᠤᠨ ᠬᠢᠨᠠᠨ ᠪᠠᠶ᠋ᠢᠴᠠᠭ᠋ᠠᠬᠤ ᠪᠠ ᠭᠠᠳᠠᠭ᠋ᠠᠳᠤ ᠶᠠᠪᠤᠳᠠᠯ ᠵᠡᠷᠭᠡ ᠠᠵᠢᠯ᠎ᠢ ᠡᠭᠦᠷᠭᠡᠯᠡᠵᠦ᠂ ᠪᠠᠶ᠋ᠢᠭᠤᠯᠭ᠎ᠠ ᠵᠢᠨ ᠡᠳ᠋᠎ᠤᠨ ᠶᠠᠪᠤᠳᠠᠯ᠂ ᠡᠳ᠋ ᠬᠥᠷᠥᠩᠭᠡ ᠵᠢᠨ ᠬᠠᠮᠢᠶᠠᠷᠤᠯᠲᠠ ᠵᠡᠷᠭᠡ ᠠᠵᠢᠯ᠎ᠢ ᠡᠭᠦᠷᠭᠡᠯᠡᠨ᠎ᠡ᠃ ᠬᠢᠨᠠᠯᠲᠠ ᠲᠠᠯᠪᠢᠬᠤ ᠬᠠᠮᠢᠶᠠᠷᠤᠯᠲᠠ ᠵᠢᠨ ᠲᠢᠩᠬᠢᠮ᠎ᠤᠨ ᠵᠠᠰᠠᠭ᠎ᠤᠨ ᠶᠠᠪᠤᠳᠠᠯ᠎ᠤᠨ ᠲᠢᠩᠬᠢᠮ᠃

   (ᠬᠣᠶᠠᠷ) ᠶᠡᠷᠦᠩᠬᠡᠶ᠋ᠢᠯᠡᠭᠰᠡᠨ ᠭᠠᠵᠠᠷ᠃ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠬᠥᠭᠵᠢᠯᠲᠡ ᠵᠢᠨ ᠪᠠᠶ᠋ᠢᠯᠳᠤᠬᠤ ᠪᠤᠳᠤᠯᠭ᠎ᠠ᠂ ᠤᠷᠲᠤᠪᠲᠤᠷ ᠪᠠ ᠤᠷᠳᠤ ᠬᠤᠭᠤᠴᠠᠭ᠋ᠠᠨ᠎ᠤ ᠲᠥᠯᠥᠪᠵᠢᠭᠦᠯᠭᠡ ᠪᠠ ᠣᠨ᠎ᠤ ᠲᠥᠯᠥᠪᠯᠡᠭᠡ ᠵᠢ ᠵᠣᠬᠢᠶᠠᠨ ᠪᠠᠶ᠋ᠢᠭᠤᠯᠵᠤ ᠨᠠᠶ᠋ᠢᠷᠠᠭᠤᠯᠤᠨ ᠵᠣᠬᠢᠶᠠᠨ᠎ᠠ᠃ ᠴᠢᠬᠤᠯᠠ ᠶᠡᠬᠡ ᠠᠰᠠᠭᠤᠳᠠᠯ᠎ᠤᠨ ᠪᠠᠶ᠋ᠢᠴᠠᠭ᠋ᠠᠨ ᠰᠤᠳᠤᠯᠤᠯᠲᠠ ᠵᠢ ᠥᠷᠨᠢᠭᠦᠯᠵᠦ᠂ ᠴᠢᠬᠤᠯᠠ ᠪᠢᠴᠢᠭ ᠮᠠᠲ᠋ᠧᠷᠢᠶᠠᠯ᠎ᠤᠨ ᠡᠬᠡ ᠨᠤᠤᠷᠠᠭ᠎ᠢ ᠲᠤᠭᠤᠷᠪᠢᠬᠤ ᠵᠢ ᠬᠠᠷᠢᠭᠤᠴᠠᠨ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠬᠦᠷᠢᠶᠡᠨ᠎ᠤ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢᠨ ᠬᠣᠯᠪᠣᠭᠳᠠᠯ ᠪᠦᠬᠦᠢ ᠠᠵᠢᠯ᠎ᠢ ᠵᠣᠬᠢᠶᠠᠨ ᠪᠠᠶ᠋ᠢᠭᠤᠯᠤᠨ ᠵᠣᠬᠢᠴᠠᠭᠤᠯᠤᠨ᠎ᠠ᠃ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠬᠦᠷᠢᠶᠡᠨ᠎ᠳᠠᠬᠢ ᠴᠡᠷᠢᠭ ᠠᠷᠠᠳ᠎ᠤᠨ ᠬᠡᠷᠡᠭᠯᠡᠭᠡ ᠵᠢ ᠠᠭᠤᠰᠤᠯᠴᠠᠭᠤᠯᠬᠤ ᠪᠠ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠠᠵᠢᠯ᠎ᠢ ᠵᠣᠬᠢᠴᠠᠭᠤᠯᠤᠨ᠎ᠠ᠃ ᠶᠡᠷᠦᠩᠬᠡᠶ᠋ᠢᠯᠡᠭᠰᠡᠨ ᠲᠣᠭ᠎ᠠ ᠪᠦᠷᠢᠳᠬᠡᠯ᠎ᠤᠨ ᠵᠠᠳᠠᠯᠤᠯᠲᠠ ᠪᠠ ᠬᠠᠮᠢᠶ᠎ᠠ ᠪᠦᠬᠦᠢ ᠲᠤᠰᠬᠠᠶ ᠠᠵᠢᠯ᠎ᠤᠨ ᠲᠣᠭ᠎ᠠ ᠪᠦᠷᠢᠳᠬᠡᠯ᠎ᠤᠨ ᠰᠢᠰᠲ᠋ᠧᠮᠵᠢᠭᠦᠯᠦᠨ ᠬᠠᠮᠢᠶᠠᠷᠬᠤ ᠵᠢ ᠡᠭᠦᠷᠭᠡᠯᠡᠨ᠎ᠡ᠃

   (ᠭᠤᠷᠪᠠ) ᠬᠠᠤᠯᠢ ᠲᠣᠭᠲᠠᠭ᠋ᠠᠯ᠎ᠤᠨ ᠭᠠᠵᠠᠷ᠃ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠬᠠᠮᠢᠶᠠᠷᠤᠯᠲᠠ ᠵᠢᠨ ᠣᠷᠣᠨ ᠨᠤᠲᠤᠭ᠎ᠤᠨ ᠴᠢᠨᠠᠷᠲᠠᠢ ᠬᠠᠤᠯᠢ ᠲᠣᠭᠲᠠᠭ᠋ᠠᠯ᠂ ᠲᠦᠷᠢᠮ ᠲᠣᠭᠲᠠᠭ᠋ᠠᠯ᠎ᠤᠨ ᠲᠥᠰᠦᠯ᠎ᠢ ᠵᠣᠬᠢᠶᠠᠨ ᠪᠠᠶ᠋ᠢᠭᠤᠯᠵᠤ ᠲᠤᠭᠤᠷᠪᠢᠨ ᠪᠢᠴᠢᠨ᠎ᠡ᠃ ᠬᠣᠯᠪᠣᠭᠳᠠᠯ ᠪᠦᠬᠦᠢ ᠵᠢᠷᠤᠮᠵᠢᠯ᠎ᠤᠨ ᠴᠢᠨᠠᠷᠲᠠᠶ ᠪᠢᠴᠢᠭ ᠮᠠᠲᠸᠷᠢᠶᠠᠯ᠎ᠤᠨ ᠬᠠᠤᠯᠢ ᠶᠣᠰᠣᠴᠢ ᠴᠢᠨᠠᠷ᠎ᠢ ᠬᠢᠨᠠᠨ ᠪᠠᠶ᠋ᠢᠴᠠᠭ᠋ᠠᠬᠤ ᠪᠠ ᠢᠯᠭ᠋ᠠᠷᠠᠭᠤᠯᠬᠤ ᠠᠵᠢᠯ᠎ᠢ ᠡᠭᠦᠷᠭᠡᠯᠡᠨ᠎ᠡ᠃ ᠬᠠᠤᠯᠢ᠎ᠪᠠᠷ ᠵᠠᠰᠠᠬᠤ ᠤᠬᠠᠭᠤᠯᠭ᠎ᠠ ᠬᠥᠮᠦᠵᠢᠯ᠎ᠢ ᠵᠣᠬᠢᠶᠠᠨ ᠪᠠᠶ᠋ᠢᠭᠤᠯᠤᠨ ᠥᠷᠨᠢᠭᠦᠯᠦᠨ᠎ᠡ᠃ ᠵᠠᠰᠠᠭ ᠵᠠᠬᠢᠷᠭ᠋ᠠᠨ ᠵᠶ᠋ᠠᠷ ᠳᠠᠬᠢᠨ ᠵᠥᠪᠯᠡᠬᠦ᠂ ᠵᠠᠰᠠᠭ ᠵᠠᠬᠢᠷᠭ᠋ᠠᠨ᠎ᠤ ᠵᠠᠷᠭᠤ ᠵᠢᠨ ᠬᠣᠯᠪᠣᠭᠳᠠᠯ ᠪᠦᠬᠦᠢ ᠠᠵᠢᠯ᠎ᠢ ᠡᠭᠦᠷᠭᠡᠯᠡᠨ᠎ᠡ᠃

   (ᠳᠥᠷᠪᠡ) ᠪᠠᠶ᠋ᠢᠭ᠋ᠠᠯᠢ ᠵᠢᠨ ᠡᠬᠢ ᠪᠠᠶᠠᠯᠢᠭ᠎ᠢ ᠪᠠᠶ᠋ᠢᠴᠠᠭ᠋ᠠᠵᠤ ᠬᠢᠨᠠᠨ ᠬᠡᠮᠵᠢᠬᠦ ᠭᠠᠵᠠᠷ᠃ ᠤᠯᠤᠰ᠎ᠤᠨ ᠪᠠᠶ᠋ᠢᠭ᠋ᠠᠯᠢ ᠵᠢᠨ ᠡᠬᠢ ᠪᠠᠶᠠᠯᠢᠭ᠎ᠢ ᠪᠠᠶ᠋ᠢᠴᠠᠭ᠋ᠠᠵᠤ ᠬᠢᠨᠠᠨ ᠬᠡᠮᠵᠢᠵᠦ ᠦᠨᠡᠯᠡᠬᠦ ᠭᠦᠢ᠍ᠴᠡᠳᠬᠡᠯ ᠲᠣᠭ᠎ᠠ ᠵᠢᠨ ᠰᠢᠰᠲᠸᠮᠵᠢ ᠪᠣᠯᠤᠨ ᠪᠦᠷᠢᠳᠬᠡᠬᠦ ᠪᠠᠷᠢᠮᠵᠢᠶ᠎ᠠ ᠶᠣᠰᠣᠭ᠋ᠠᠷ᠂ ᠪᠦᠬᠦ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠪᠠᠶ᠋ᠢᠴᠠᠭ᠋ᠠᠵᠤ ᠬᠢᠨᠠᠨ ᠬᠡᠮᠵᠢᠵᠦ ᠦᠨᠡᠯᠡᠬᠦ ᠳᠦᠷᠢᠮ᠎ᠢ ᠪᠠᠶ᠋ᠢᠭᠤᠯᠬᠤ ᠬᠡᠷᠡᠭᠲᠡᠶ᠃ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠰᠠᠭᠤᠷᠢ ᠪᠠᠶ᠋ᠢᠴᠠᠭ᠋ᠠᠯᠲᠠ᠂ ᠬᠤᠪᠢᠷᠠᠯᠲᠠ ᠵᠢᠨ ᠪᠠᠶ᠋ᠢᠴᠠᠭ᠋ᠠᠯᠲᠠ᠂ ᠬᠥᠳᠡᠯᠦᠩᠭᠦᠶ ᠪᠠᠶ᠋ᠢᠳᠠᠯ᠎ᠤᠨ ᠬᠢᠨᠠᠨ ᠬᠡᠮᠵᠢᠯᠲᠡ ᠪᠠ ᠵᠠᠳᠠᠯᠤᠯᠲᠠ ᠦᠨᠡᠯᠡᠯᠲᠡ ᠵᠢᠨ ᠠᠵᠢᠯ᠎ᠢ ᠵᠣᠬᠢᠶᠠᠨ ᠪᠠᠶ᠋ᠢᠭᠤᠯᠤᠨ ᠬᠡᠷᠡᠭᠵᠢᠭᠦᠯᠦᠨ᠎ᠡ᠃ ᠤᠰᠤ᠂ ᠣᠶ ᠰᠢᠭᠤᠶ᠂ ᠨᠤᠲᠤᠭ ᠪᠡᠯᠴᠢᠭᠡᠷ᠂ ᠨᠤᠭᠤ ᠭᠠᠵᠠᠷ᠎ᠤᠨ ᠡᠬᠢ ᠪᠠᠶᠠᠯᠢᠭ ᠪᠠ ᠭᠠᠵᠠᠷ ᠵᠦᠶ ᠵᠢᠨ ᠤᠯᠤᠰ᠎ᠤᠨ ᠪᠠᠶ᠋ᠢᠳᠠᠯ ᠵᠡᠷᠭᠡ ᠵᠢ ᠲᠤᠰᠬᠠᠶ ᠵᠦᠢ᠍ᠯ ᠵᠶ᠋ᠠᠷ ᠪᠠᠶ᠋ᠢᠴᠠᠭ᠋ᠠᠨ ᠰᠢᠨᠵᠢᠵᠦ ᠦᠨᠡᠯᠡᠬᠦ ᠠᠵᠢᠯ᠎ᠢ ᠵᠣᠬᠢᠶᠠᠨ ᠪᠠᠶ᠋ᠢᠭᠤᠯᠤᠨ ᠥᠷᠨᠢᠭᠦᠯᠦᠨ᠎ᠡ᠃ ᠪᠦᠬᠦ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠢ ᠪᠠᠶ᠋ᠢᠴᠠᠭ᠋ᠠᠵᠤ ᠬᠢᠨᠠᠨ ᠬᠡᠮᠵᠢᠵᠦ ᠦᠨᠡᠯᠡᠭᠰᠡᠨ ᠦᠷ᠎ᠡ ᠪᠦᠲᠦᠭᠡᠯ᠎ᠢ ᠬᠤᠷᠢᠶᠠᠩᠭᠤᠶ᠋ᠢᠯᠠᠨ ᠲᠤᠰᠢᠶᠠᠬᠤ᠂ ᠬᠠᠮᠢᠶᠠᠷᠬᠤ᠂    ᠬᠠᠮᠠᠭ᠋ᠠᠯᠠᠬᠤ᠂ ᠨᠡᠶ᠋ᠢᠲᠡᠯᠡᠬᠦ᠂ ᠬᠠᠮᠲᠤᠪᠠᠷ ᠡᠳ᠋ᠯᠡᠬᠦ ᠪᠠ ᠠᠰᠢᠭᠯᠠᠬᠤ᠎ᠳᠤ ᠬᠢᠨᠠᠯᠲᠠ ᠲᠠᠯᠪᠢᠬᠤ ᠵᠢ ᠡᠭᠦᠷᠭᠡᠯᠡᠨ᠎ᠡ᠃

   (ᠲᠠᠪᠤ) ᠪᠠᠶ᠋ᠢᠭ᠋ᠠᠯᠢ ᠵᠢᠨ ᠡᠬᠢ ᠪᠠᠶᠠᠯᠢᠭ᠎ᠤᠨ ᠡᠷᠬᠡ ᠵᠢ ᠨᠤᠲᠠᠯᠠᠨ ᠳᠠᠩᠰᠠᠯᠠᠬᠤ ᠲᠣᠪᠴᠢᠶ᠎ᠠ᠃ ᠤᠯᠤᠰ᠎ᠠᠴᠠ ᠲᠣᠭᠲᠠᠭ᠋ᠠᠭᠰᠠᠨ ᠪᠠᠶ᠋ᠢᠭ᠋ᠠᠯᠢ ᠵᠢᠨ ᠡᠬᠢ ᠪᠠᠶᠠᠯᠢᠭ ᠪᠠ ᠥᠯᠥ ᠬᠥᠳᠡᠯᠬᠦ ᠬᠥᠷᠥᠩᠭᠡ ᠵᠢᠨ ᠡᠷᠬᠡ ᠵᠢ ᠨᠢᠭᠡᠳᠦᠯᠲᠡᠶ ᠨᠤᠲᠠᠯᠠᠨ ᠲᠣᠭᠲᠠᠭ᠋ᠠᠵᠤ ᠳᠠᠩᠰᠠᠯᠠᠬᠤ᠂ ᠡᠷᠬᠡ ᠵᠢᠨ ᠬᠠᠷᠢᠶ᠎ᠠ ᠵᠢ ᠪᠠᠶ᠋ᠢᠴᠠᠭ᠋ᠠᠬᠤ᠂ ᠥᠯᠥ ᠬᠥᠳᠡᠯᠬᠦ ᠬᠥᠷᠥᠩᠭᠡ ᠵᠢ ᠬᠡᠮᠵᠢᠨ ᠵᠢᠷᠤᠬᠤ᠂ ᠮᠠᠷᠭᠤᠯᠳᠤᠭ᠋ᠠᠨ᠎ᠢ ᠵᠣᠬᠢᠴᠠᠭᠤᠯᠤᠨ ᠰᠢᠢ᠍ᠳᠪᠦᠷᠢᠯᠡᠬᠦ᠂ ᠦᠷ᠎ᠡ ᠪᠦᠲᠦᠭᠡᠯ᠎ᠢ ᠬᠡᠷᠡᠭᠯᠡᠬᠦ ᠲᠦᠷᠢᠮ᠂ ᠪᠠᠷᠢᠮᠵᠢᠶ᠎ᠠ᠂ ᠵᠢᠷᠤᠮᠵᠢᠯ᠎ᠢ ᠨᠠᠶ᠋ᠢᠳᠠᠪᠤᠷᠢᠵᠢᠭᠤᠯᠤᠨ᠎ᠠ᠃ ᠪᠦᠬᠦ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ ᠪᠠ ᠦᠯᠦ ᠬᠥᠳᠡᠯᠬᠦ ᠬᠥᠷᠥᠩᠭᠡ ᠵᠢᠨ ᠡᠷᠬᠡ ᠵᠢ ᠲᠣᠳᠣᠷᠬᠠᠶ᠋ᠢᠯᠠᠨ ᠳᠠᠩᠰᠠᠯᠠᠬᠤ ᠠᠵᠢᠯ᠎ᠢ ᠵᠢᠯᠣᠭᠣᠳᠤᠨ ᠬᠢᠨᠠᠯᠲᠠ ᠲᠠᠯᠪᠢᠬᠤ ᠠᠵᠢᠯ᠎ᠢ ᠡᠭᠦᠷᠭᠡᠯᠡᠨ᠎ᠡ᠃ ᠪᠦᠬᠦ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ ᠪᠠ ᠦᠯᠦ ᠬᠥᠳᠡᠯᠬᠦ ᠬᠥᠷᠥᠩᠭᠡ ᠵᠢ ᠳᠠᠩᠰᠠᠯᠠᠨ ᠲᠡᠮᠳᠡᠭᠯᠡᠬᠦ ᠮᠡᠳᠡᠭᠡ ᠵᠠᠩᠭᠢ ᠵᠢᠨ ᠬᠠᠮᠢᠶᠠᠷᠤᠯᠲᠠ ᠵᠢᠨ ᠰᠠᠭᠤᠷᠢ ᠲᠠᠪᠴᠠᠩ᠂ ᠬᠠᠮᠢᠶᠠᠷᠤᠨ ᠳᠠᠩᠰᠠᠯᠠᠨ ᠲᠡᠮᠳᠡᠭᠯᠡᠬᠦ ᠮᠠᠲ᠋ᠧᠷᠢᠶᠠᠯ᠎ᠢ ᠪᠠᠶ᠋ᠢᠭᠤᠯᠤᠨ ᠪᠦᠷᠢᠨᠰᠢᠭᠦᠯᠦᠨ᠎ᠡ᠃

    (ᠵᠢᠷᠭᠤᠭ᠎ᠠ) ᠪᠠᠶ᠋ᠢᠭ᠋ᠠᠯᠢ ᠵᠢᠨ ᠡᠬᠢ ᠪᠠᠶᠠᠯᠢᠭ᠎ᠤᠨ ᠥᠮᠴᠢᠯᠡᠭᠴᠢ ᠵᠢᠨ ᠡᠷᠬᠡ ᠠᠰᠢᠭ᠎ᠤᠨ ᠭᠠᠵᠠᠷ᠃ ᠠᠷᠠᠳ ᠨᠡᠶ᠋ᠢᠲᠡ ᠵᠢᠨ ᠥᠮᠴᠢᠯᠡᠯ᠎ᠤᠨ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠡᠳ᠋ ᠬᠥᠷᠥᠩᠭᠡ ᠵᠢ ᠪᠦᠷᠢᠳᠬᠡᠬᠦ᠂ ᠡᠬᠢ ᠪᠠᠶᠠᠯᠢᠭ᠎ᠤᠨ ᠡᠳ᠋ ᠬᠥᠷᠥᠩᠭᠡ ᠵᠢᠨ ᠥᠷᠲᠡᠭ᠎ᠢ ᠦᠨᠡᠯᠡᠨ ᠵᠢᠱ᠌ᠢᠬᠦ ᠪᠠ ᠡᠳ᠋ ᠬᠥᠷᠥᠩᠭᠡ ᠵᠢᠨ ᠲᠣᠭ᠋ᠠᠴᠠᠭ᠎ᠠ ᠬᠢᠬᠦ ᠠᠵᠢᠯ᠎ᠢ ᠵᠣᠬᠢᠶᠠᠨ ᠪᠠᠶ᠋ᠢᠭᠤᠯᠤᠨ ᠬᠡᠷᠡᠭᠵᠢᠭᠦᠯᠦᠨ᠎ᠡ᠃ ᠠᠷᠠᠳ ᠨᠡᠶ᠋ᠢᠲᠡ ᠵᠢᠨ ᠥᠮᠴᠢᠯᠡᠯ᠎ᠤᠨ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠡᠳ᠋ ᠬᠥᠷᠥᠩᠭᠡ ᠵᠢᠨ ᠥᠷᠢ ᠥᠭᠴᠡᠭᠡ ᠵᠢᠨ ᠬᠦᠰᠦᠨᠦᠭᠲᠦ ᠵᠢ ᠨᠠᠶ᠋ᠢᠷᠠᠭᠤᠯᠤᠨ ᠵᠣᠬᠢᠶᠠᠵᠤ᠂ ᠬᠠᠮᠢᠶ᠎ᠠ ᠪᠥᠬᠥᠶ ᠰᠢᠯᠭ᠋ᠠᠨ ᠬᠢᠨᠠᠬᠤ ᠪᠠᠷᠢᠮᠵᠢᠶ᠎ᠠ ᠵᠢ ᠲᠣᠭᠲᠠᠭ᠋ᠠᠨ᠎ᠠ᠃ ᠠᠷᠠᠳ ᠨᠡᠶ᠋ᠢᠲᠡ ᠵᠢᠨ ᠥᠮᠴᠢᠯᠡᠯ᠎ᠤᠨ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠡᠳ᠋ ᠬᠥᠷᠥᠩᠭᠡ ᠵᠢ ᠰᠢᠯᠵᠢᠭᠦᠯᠦᠨ ᠥᠭᠬᠦ᠂ ᠰᠢᠯᠵᠢᠭᠦᠯᠦᠨ ᠥᠭᠬᠦ᠂ ᠲᠦᠷᠢᠶᠡᠰᠦᠯᠡᠭᠦᠯᠬᠦ᠂ ᠬᠠᠩᠰᠢᠯᠠᠵᠤ ᠪᠠᠯᠠ ᠭᠠᠷᠭ᠋ᠠᠬᠤ ᠪᠠ ᠭᠠᠵᠠᠷ ᠰᠢᠷᠣᠶ ᠨᠥᠭᠡᠴᠡᠯᠡᠬᠦ ᠲᠥᠷᠥ ᠵᠢᠨ ᠪᠣᠳᠣᠯᠭ᠎ᠠ ᠵᠢ ᠵᠣᠬᠢᠶᠠᠨ ᠪᠠᠶ᠋ᠢᠭᠤᠯᠤᠨ ᠨᠠᠶ᠋ᠢᠳᠠᠪᠤᠷᠢᠵᠢᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠬᠢᠨᠠᠨ ᠵᠥᠪᠰᠢᠶᠡᠷᠡᠭᠰᠡᠨ ᠪᠠᠶ᠋ᠢᠭᠤᠯᠤᠯ ᠵᠶ᠋ᠠᠨ ᠥᠭᠡᠷᠡᠴᠢᠯᠡᠭᠰᠡᠨ ᠠᠵᠤ ᠠᠬᠤᠶ᠋ᠢᠯᠠᠯ᠎ᠤᠨ ᠤᠯᠤᠰ᠎ᠤᠨ ᠥᠮᠴᠢᠯᠡᠯᠲᠦ ᠭᠠᠵᠠᠷ ᠰᠢᠷᠣᠶ ᠵᠢᠨ ᠡᠳ᠋ ᠬᠥᠷᠥᠩᠭᠡ ᠵᠢ ᠰᠢᠢ᠍ᠳᠪᠦᠷᠢᠯᠡᠬᠦ ᠵᠢ ᠡᠭᠦᠷᠭᠡᠯᠡᠨ᠎ᠡ᠃

   (ᠳᠣᠯᠣᠭ᠎ᠠ) ᠪᠠᠶ᠋ᠢᠭ᠋ᠠᠯᠢ ᠵᠢᠨ ᠡᠬᠢ ᠪᠠᠶᠠᠯᠢᠭ᠎ᠢ ᠨᠡᠭᠡᠭᠡᠨ ᠠᠰᠢᠭᠯᠠᠬᠤ ᠭᠠᠵᠠᠷ᠃ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠡᠳ᠋ ᠬᠦᠷᠦᠨᠭᠭᠡ ᠵᠢ ᠦᠨ᠎ᠡ ᠲᠥᠯᠥᠪᠦᠷᠢ᠎ᠲᠠᠢ᠎ᠪᠠᠷ ᠬᠡᠷᠡᠭᠯᠡᠬᠦ ᠲᠦᠷᠢᠮ᠎ᠢ ᠵᠣᠬᠢᠶᠠᠨ ᠪᠠᠶ᠋ᠢᠭᠤᠯᠤᠨ ᠨᠠᠶ᠋ᠢᠳᠠᠪᠤᠷᠢᠵᠢᠭᠤᠯᠵᠤ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠵᠠᠬ᠎ᠠ ᠳᠡᠯᠭᠡᠭᠦᠷ᠎ᠤᠨ ᠠᠷᠠᠯᠵᠢᠶᠠᠨ᠎ᠤ ᠲᠦᠷᠢᠮ ᠪᠠ ᠠᠷᠠᠯᠵᠢᠶᠠᠨ᠎ᠤ ᠲᠠᠪᠴᠠᠩ᠎ᠢ ᠪᠠᠶ᠋ᠢᠭᠤᠯᠵᠤ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠵᠠᠬ᠎ᠠ ᠳᠡᠯᠭᠡᠭᠦᠷ᠎ᠤᠨ ᠲᠤᠬᠢᠷᠠᠭᠤᠯᠤᠯ ᠡᠵᠡᠮᠳᠡᠯ᠎ᠢ ᠥᠷᠨᠢᠭᠦᠯᠦᠨ᠎ᠡ᠃ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠪᠠ ᠬᠥᠳᠡᠯᠦᠩᠭᠦᠶ ᠬᠢᠨᠠᠨ ᠬᠡᠮᠵᠢᠬᠦ ᠵᠢ ᠬᠠᠷᠢᠭᠤᠴᠠᠨ᠎ᠠ᠃ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠵᠠᠬ᠎ᠠ ᠳᠡᠯᠭᠡᠭᠦᠷ᠎ᠤᠨ ᠢᠲᠡᠭᠡᠮᠵᠢ ᠵᠢᠨ ᠰᠢᠰᠲ᠋ᠧᠮ᠎ᠢ ᠪᠠᠶ᠋ᠢᠭᠤᠯᠤᠨ᠎ᠠ᠃ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠡᠰ ᠬᠤᠪᠢᠶᠠᠭᠰᠠᠨ ᠦᠨ᠎ᠡ ᠬᠠᠩᠰᠢ ᠵᠢ ᠦᠨᠡᠯᠡᠨ ᠵᠢᠱ᠌ᠢᠬᠦ ᠠᠵᠢᠯ᠎ᠢ ᠵᠣᠬᠢᠶᠠᠨ ᠪᠠᠶ᠋ᠢᠭᠤᠯᠵᠤ ᠥᠷᠨᠢᠭᠦᠯᠦᠨ᠎ᠡ᠃ ᠪᠠᠶ᠋ᠢᠭ᠋ᠠᠯᠢ ᠵᠢᠨ ᠡᠬᠢ ᠪᠠᠶᠠᠯᠢᠭ᠎ᠢ ᠨᠡᠭᠡᠭᠡᠨ ᠠᠰᠢᠭᠯᠠᠬᠤ ᠪᠠᠷᠢᠮᠵᠢᠶ᠎ᠠ ᠵᠢ ᠨᠠᠶ᠋ᠢᠳᠠᠪᠤᠷᠢᠵᠢᠭᠤᠯᠵᠤ᠂ ᠦᠨᠡᠯᠡᠵᠦ ᠬᠢᠨᠠᠨ ᠰᠢᠯᠭ᠋ᠠᠬᠤ ᠠᠵᠢᠯ᠎ᠢ ᠥᠷᠨᠢᠭᠦᠯᠦᠨ᠂ ᠠᠷᠪᠢᠯᠠᠨ ᠭᠠᠮᠨᠠᠵᠤ ᠡᠷᠴᠢᠮᠵᠢᠭᠦᠯᠦᠨ ᠠᠰᠢᠭᠯᠠᠬᠤ ᠵᠢ ᠵᠢᠯᠣᠭᠣᠳᠤᠨ᠎ᠠ᠃

   (ᠨᠠᠢ᠍ᠮᠠ) ᠤᠯᠤᠰ᠎ᠤᠨ ᠭᠠᠵᠠᠷ ᠰᠢᠷᠤᠢ ᠵᠢᠨ ᠣᠷᠣᠨ ᠵᠠᠢ ᠵᠢᠨ ᠲᠥᠯᠥᠪᠵᠢᠭᠦᠯᠭᠡ ᠵᠢᠨ ᠲᠤᠪᠴᠢᠶ᠎ᠠ᠃ ᠪᠦᠬᠦ ᠣᠷᠣᠨ᠎ᠤ ᠤᠯᠤᠰ᠎ᠤᠨ ᠭᠠᠵᠠᠷ ᠰᠢᠷᠣᠶ ᠵᠢᠨ ᠣᠷᠣᠨ ᠵᠠᠶ ᠵᠢᠨ ᠲᠥᠯᠥᠪᠵᠢᠭᠦᠯᠭᠡ ᠵᠢᠨ ᠬᠠᠮᠢᠶ᠎ᠠ ᠪᠦᠬᠦᠢ ᠲᠥᠷᠥ ᠵᠢᠨ ᠪᠣᠳᠣᠯᠭ᠎ᠠ ᠵᠢ ᠲᠤᠭᠤᠷᠪᠢᠨ ᠲᠣᠭᠲᠠᠭ᠋ᠠᠵᠤ᠂ ᠪᠦᠬᠦ ᠣᠷᠣᠨ᠎ᠤ ᠣᠷᠣᠨ ᠵᠠᠶ ᠵᠢᠨ ᠲᠥᠯᠥᠪᠵᠢᠭᠦᠯᠭᠡ ᠵᠢᠨ ᠰᠢᠰᠲᠸᠮᠵᠢ ᠵᠢᠨ ᠠᠵᠢᠯ᠎ᠢ ᠪᠠᠶ᠋ᠢᠭᠤᠯᠬᠤ ᠵᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠪᠦᠬᠦ ᠣᠷᠣᠨ᠎ᠤ ᠤᠯᠤᠰ᠎ᠤᠨ ᠭᠠᠵᠠᠷ ᠰᠢᠷᠣᠶ ᠵᠢᠨ ᠣᠷᠣᠨ ᠵᠠᠶ ᠵᠢᠨ ᠲᠥᠯᠥᠪᠵᠢᠭᠦᠯᠭᠡ᠂ ᠠᠶ᠋ᠢᠯ ᠲᠣᠰᠬᠣᠨ᠎ᠤ ᠲᠥᠯᠥᠪᠵᠢᠭᠦᠯᠭᠡ ᠪᠣᠯᠤᠨ ᠬᠠᠮᠢᠶ᠎ᠠ ᠪᠦᠬᠦᠢ ᠲᠤᠰᠬᠠᠶ ᠵᠦᠢ᠍ᠯ᠎ᠤᠨ ᠲᠥᠯᠥᠪᠵᠢᠭᠦᠯᠭᠡ ᠵᠢ ᠵᠣᠬᠢᠶᠠᠨ ᠪᠠᠶ᠋ᠢᠭᠤᠯᠤᠨ ᠨᠠᠶ᠋ᠢᠷᠠᠭᠤᠯᠤᠨ ᠵᠣᠬᠢᠶᠠᠬᠤ ᠵᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠲᠣᠭᠲᠠᠭ᠋ᠠᠭᠰᠠᠨ ᠡᠷᠬᠡ ᠮᠡᠳᠡᠯ᠎ᠤᠨ ᠶᠣᠰᠣᠭ᠋ᠠᠷ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠭᠠᠵᠠᠷ ᠰᠢᠷᠣᠶ ᠵᠢᠨ ᠣᠷᠣᠨ ᠵᠠᠶ ᠵᠢᠨ ᠲᠥᠯᠥᠪᠵᠢᠭᠦᠯᠭᠡ ᠵᠢ ᠬᠢᠨᠠᠬᠤ᠂ ᠮᠡᠳᠡᠭᠦᠯᠦᠨ ᠵᠥᠪᠰᠢᠶᠡᠷᠡᠭᠦᠯᠬᠦ ᠠᠵᠢᠯ᠎ᠢ ᠬᠠᠷᠢᠭᠤᠴᠠᠨ᠎ᠠ᠃ ᠤᠯᠤᠰ᠎ᠤᠨ ᠭᠠᠵᠠᠷ ᠰᠢᠷᠣᠶ ᠵᠢᠨ ᠣᠷᠣᠨ ᠵᠠᠶ ᠵᠢ ᠨᠡᠭᠡᠭᠡᠨ ᠠᠰᠢᠭᠯᠠᠬᠤ᠎ᠳᠤ ᠬᠣᠯᠪᠣᠭᠳᠠᠬᠤ ᠥᠪᠡᠷᠲᠡᠭᠡᠨ ᠵᠠᠰᠠᠬᠤ ᠣᠷᠣᠨ᠎ᠤ ᠴᠢᠬᠤᠯᠠ ᠶᠡᠬᠡ ᠲᠤᠰᠬᠠᠶ ᠵᠦᠢ᠍ᠯ᠎ᠤᠨ ᠲᠥᠯᠥᠪᠵᠢᠭᠦᠯᠭᠡ ᠵᠢ ᠵᠢᠯᠣᠭᠣᠳᠬᠤ ᠪᠠ ᠬᠢᠨᠠᠨ ᠬᠠᠷᠭᠤᠭᠤᠯᠤᠨ᠎ᠠ᠃ ᠪᠥᠬᠥ ᠣᠷᠣᠨ᠎ᠤ ᠤᠯᠤᠰ᠎ᠤᠨ ᠭᠠᠵᠠᠷ ᠰᠢᠷᠣᠶ ᠵᠢᠨ ᠣᠷᠣᠨ ᠵᠠᠶ ᠵᠢ ᠨᠡᠭᠡᠭᠡᠨ ᠬᠥᠭᠵᠢᠭᠦᠯᠬᠦ᠎ᠳᠤ ᠳᠣᠭᠢᠷᠠᠬᠤ ᠴᠢᠨᠠᠷ᠎ᠤᠨ ᠦᠨᠡᠯᠡᠯᠲᠡ ᠵᠢ ᠥᠷᠨᠢᠭᠦᠯᠵᠦ᠂ ᠪᠥᠬᠥ ᠣᠷᠣᠨ᠎ᠤ ᠤᠯᠤᠰ᠎ᠤᠨ ᠭᠠᠵᠠᠷ ᠰᠢᠷᠣᠶ ᠵᠢᠨ ᠣᠷᠣᠨ ᠵᠠᠶ ᠵᠢᠨ ᠲᠥᠯᠥᠪᠵᠢᠭᠦᠯᠭᠡ ᠵᠢ ᠬᠡᠷᠡᠭᠵᠢᠭᠦᠯᠦᠭᠰᠡᠨ᠎ᠢ ᠬᠢᠨᠠᠨ ᠰᠢᠨᠵᠢᠬᠦ᠂ ᠦᠨᠡᠯᠡᠨ ᠵᠢᠱ᠌ᠢᠬᠦ ᠪᠠ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮᠵᠢ ᠵᠢ ᠪᠠᠶ᠋ᠢᠭᠤᠯᠤᠨ᠎ᠠ᠃

   (ᠶᠢᠰᠦ) ᠤᠯᠤᠰ᠎ᠤᠨ ᠭᠠᠵᠠᠷ ᠰᠢᠷᠣᠶ ᠵᠢᠨ ᠣᠷᠣᠨ ᠵᠠᠶ ᠵᠢᠨ ᠬᠡᠷᠡᠭᠯᠡᠯᠲᠡ ᠵᠢ ᠵᠠᠬᠢᠷᠤᠨ ᠬᠠᠮᠢᠶᠠᠷᠬᠤ ᠭᠠᠵᠠᠷ᠃ ᠤᠯᠤᠰ᠎ᠤᠨ ᠭᠠᠵᠠᠷ ᠰᠢᠷᠣᠶ ᠵᠢᠨ ᠣᠷᠣᠨ ᠵᠠᠢ ᠵᠢᠨ ᠬᠡᠷᠡᠭᠴᠡᠭᠡ ᠵᠢ ᠵᠠᠬᠢᠷᠤᠨ ᠬᠠᠮᠢᠶᠠᠷᠬᠤ ᠲᠦᠷᠢᠮ᠎ᠤᠨ ᠵᠢᠷᠤᠮᠵᠢᠯ ᠪᠠ ᠮᠡᠷᠭᠡᠵᠢᠯ᠎ᠤᠨ ᠪᠠᠷᠢᠮᠵᠢᠶ᠎ᠠ ᠵᠢ ᠨᠠᠶ᠋ᠢᠳᠠᠪᠤᠷᠢᠵᠢᠭᠤᠯᠤᠨ᠎ᠠ᠃ ᠭᠠᠵᠠᠷ ᠰᠢᠷᠣᠢ ᠵᠢᠨ ᠣᠨ᠎ᠤ ᠠᠰᠢᠭᠯᠠᠯᠲᠠ ᠵᠢᠨ ᠲᠥᠯᠥᠪᠯᠡᠭᠡ ᠵᠢ ᠳᠤᠷᠠᠳᠬᠤ ᠵᠢᠨ ᠬᠠᠮᠲᠤ ᠵᠣᠬᠢᠶᠠᠨ ᠪᠠᠶ᠋ᠢᠭᠤᠯᠵᠤ ᠬᠡᠷᠡᠭᠵᠢᠭᠦᠯᠦᠨ᠎ᠡ᠃ ᠪᠦᠬᠦ ᠣᠷᠣᠨ᠎ᠤ ᠲᠠᠷᠢᠶᠠᠨ ᠭᠠᠵᠠᠷ᠂ ᠣᠶ᠋ᠢᠲᠤ ᠭᠠᠵᠠᠷ᠂ ᠪᠡᠯᠴᠢᠭᠡᠷ᠂ ᠨᠤᠭᠤ ᠭᠠᠵᠠᠷ ᠵᠡᠷᠭᠡ ᠤᠯᠤᠰ᠎ᠤᠨ ᠭᠠᠵᠠᠷ ᠰᠢᠷᠣᠶ ᠵᠢᠨ ᠣᠷᠣᠨ ᠵᠠᠶ ᠵᠢᠨ ᠬᠡᠷᠡᠭᠴᠡᠭᠡ ᠵᠢ ᠰᠢᠯᠵᠢᠭᠦᠯᠦᠨ ᠬᠡᠷᠡᠭᠯᠡᠬᠦ ᠲᠥᠷᠥ ᠵᠢᠨ ᠪᠣᠳᠣᠯᠭ᠎ᠠ ᠵᠢ ᠵᠣᠬᠢᠶᠠᠨ ᠪᠠᠶ᠋ᠢᠭᠤᠯᠤᠨ ᠲᠤᠭᠤᠷᠪᠢᠵᠤ᠂ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠳᠤ ᠬᠡᠷᠡᠭᠯᠡᠬᠦ ᠭᠠᠵᠠᠷ᠎ᠢ ᠤᠷᠢᠳᠴᠢᠯᠠᠨ ᠬᠢᠨᠠᠬᠤ ᠠᠵᠢᠯ᠎ᠢ ᠬᠠᠷᠢᠭᠤᠴᠠᠨ᠎ᠠ᠃ ᠲᠣᠭᠲᠠᠭ᠋ᠠᠭᠰᠠᠨ ᠡᠷᠬᠡ ᠮᠡᠳᠡᠯ᠎ᠤᠨ ᠶᠣᠰᠣᠭ᠋ᠠᠷ ᠥᠪᠡᠷᠲᠡᠭᠡᠨ ᠵᠠᠰᠠᠬᠤ ᠣᠷᠣᠨ᠎ᠤ ᠡᠯ᠎ᠡ ᠲᠥᠷᠥᠯ᠎ᠤᠨ ᠭᠠᠵᠠᠷ ᠰᠢᠷᠣᠶ ᠵᠢᠨ ᠬᠡᠷᠡᠭᠯᠡᠮᠵᠢ ᠵᠢ ᠤᠯᠠᠷᠢᠭᠤᠯᠤᠨ ᠬᠡᠷᠡᠭᠯᠡᠬᠦ ᠵᠢ ᠬᠢᠨᠠᠬᠤ᠂ ᠮᠡᠳᠡᠭᠦᠯᠦᠨ ᠵᠥᠪᠰᠢᠶᠡᠷᠡᠭᠦᠯᠬᠦ ᠠᠵᠢᠯ᠎ᠢ ᠬᠠᠷᠢᠭᠤᠴᠠᠬᠤ ᠬᠡᠷᠡᠭᠲᠡᠶ᠃ ᠬᠣᠲᠠ ᠬᠥᠳᠡᠭᠡ ᠵᠢᠨ ᠲᠥᠯᠥᠪᠵᠢᠭᠦᠯᠭᠡ ᠵᠢᠨ ᠬᠠᠮᠢᠶᠠᠷᠤᠯᠲᠠ ᠵᠢ ᠥᠷᠨᠢᠭᠦᠯᠬᠦ ᠵᠡᠷᠭᠡ ᠬᠡᠷᠡᠭᠴᠡᠭᠡᠨ᠎ᠤ ᠬᠠᠮᠢᠶᠠᠷᠤᠯᠲᠠ ᠵᠢᠨ ᠲᠥᠷᠥ ᠵᠢᠨ ᠪᠣᠳᠣᠯᠭ᠎ᠠ ᠵᠢ ᠲᠤᠭᠤᠷᠪᠢᠨ ᠲᠣᠭᠲᠠᠭ᠋ᠠᠬᠤ ᠵᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃

    (ᠠᠷᠪᠠ) ᠤᠯᠤᠰ᠎ᠤᠨ ᠭᠠᠵᠠᠷ ᠰᠢᠷᠣᠶ ᠵᠢᠨ ᠣᠷᠣᠨ ᠵᠠᠶ ᠵᠢᠨ ᠠᠮᠢ ᠠᠬᠤᠶ ᠵᠢᠨ ᠰᠡᠯᠭᠦᠨ ᠰᠡᠷᠭᠦᠬᠦ ᠭᠠᠵᠠᠷ᠃ ᠪᠦᠬᠦ ᠣᠷᠣᠨ᠎ᠤ ᠤᠯᠤᠰ᠎ᠤᠨ ᠭᠠᠵᠠᠷ ᠰᠢᠷᠣᠶ ᠵᠢᠨ ᠣᠷᠣᠨ ᠵᠠᠶ ᠵᠢᠨ ᠠᠮᠢ ᠠᠬᠤᠶ ᠵᠢ ᠰᠡᠷᠭᠦᠭᠡᠬᠦ ᠲᠥᠯᠥᠪᠵᠢᠭᠦᠯᠭᠡ ᠵᠢ ᠲᠣᠭᠲᠠᠭ᠋ᠠᠨ᠎ᠠ᠃ ᠤᠯᠤᠰ᠎ᠤᠨ ᠭᠠᠵᠠᠷ ᠰᠢᠷᠣᠶ ᠵᠢᠨ ᠣᠷᠣᠨ ᠵᠠᠶ ᠵᠢ ᠶᠡᠷᠦᠩᠬᠡᠶ᠋ᠢᠯᠡᠨ ᠴᠡᠭᠴᠡᠯᠡᠨ ᠵᠠᠰᠠᠬᠤ᠂ ᠭᠠᠵᠠᠷ ᠰᠢᠷᠣᠶ ᠵᠢ ᠡᠮᠬᠢᠯᠡᠵᠦ ᠳᠠᠬᠢᠨ ᠬᠠᠭ᠋ᠠᠯᠪᠤᠷᠢᠯᠠᠬᠤ᠂ ᠠᠭᠤᠷᠬᠠᠶ ᠵᠢᠨ ᠭᠠᠵᠠᠷ᠎ᠤᠨ ᠣᠷᠴᠢᠨ ᠲᠣᠭᠣᠷᠢᠨ᠎ᠢ ᠰᠡᠷᠭᠦᠭᠡᠨ ᠵᠠᠰᠠᠬᠤ ᠵᠡᠷᠭᠡ ᠠᠵᠢᠯ᠎ᠢ ᠵᠣᠬᠢᠶᠠᠨ ᠪᠠᠶ᠋ᠢᠭᠤᠯᠤᠨ ᠬᠡᠷᠡᠭᠵᠢᠭᠦᠯᠦᠨ᠎ᠡ᠃ ᠠᠮᠢ ᠠᠬᠤᠢ ᠵᠢᠨ ᠬᠠᠮᠠᠭ᠋ᠠᠯᠠᠯᠲᠠ ᠵᠢᠨ ᠨᠥᠬᠥᠪᠥᠷᠢ ᠵᠢᠨ ᠳᠦᠷᠢᠮ᠎ᠢ ᠪᠠᠶ᠋ᠢᠭᠤᠯᠤᠨ ᠬᠡᠷᠡᠭᠵᠢᠭᠦᠯᠦᠨ᠎ᠡ᠃ ᠠᠮᠢ ᠠᠬᠤᠶ ᠵᠢ ᠰᠡᠷᠭᠦᠭᠡᠬᠦ ᠬᠣᠯᠪᠣᠭᠳᠠᠯ ᠪᠦᠬᠦᠢ ᠴᠢᠬᠤᠯᠠ ᠶᠡᠬᠡ ᠢᠨᠵᠧᠨᠧᠷᠢᠩ᠎ᠢ ᠵᠣᠬᠢᠶᠠᠨ ᠪᠠᠶ᠋ᠢᠭᠤᠯᠤᠨ ᠬᠡᠷᠡᠭᠵᠢᠭᠦᠯᠦᠨ᠎ᠡ᠃ ᠠᠭᠤᠷᠬᠠᠶ ᠵᠢᠨ ᠦᠢ᠍ᠯᠡᠰ᠎ᠤᠨ ᠦᠯᠡᠳᠡᠭᠳᠡᠯ᠎ᠢ ᠬᠠᠮᠠᠭ᠋ᠠᠯᠠᠬᠤ ᠠᠵᠢᠯ᠎ᠢ ᠵᠣᠬᠢᠶᠠᠨ ᠪᠠᠶ᠋ᠢᠭᠤᠯᠤᠨ ᠥᠷᠨᠢᠭᠦᠯᠦᠨ᠎ᠡ᠃ ᠣᠷᠣᠨ ᠨᠤᠲᠤᠭ᠎ᠤᠨ ᠤᠯᠤᠰ᠎ᠤᠨ ᠭᠠᠵᠠᠷ ᠰᠢᠷᠣᠶ ᠵᠢᠨ ᠣᠷᠣᠨ ᠵᠠᠶ ᠵᠢᠨ ᠠᠮᠢ ᠠᠬᠤᠶ ᠵᠢ ᠵᠠᠰᠠᠨ ᠰᠡᠷᠭᠦᠭᠡᠬᠦ ᠠᠵᠢᠯ᠎ᠢ ᠵᠢᠯᠣᠭᠣᠳᠤᠨ᠎ᠠ᠃ ᠪᠣᠬᠢᠷᠲᠤᠯ ᠦᠭᠡᠢ ᠠᠭᠤᠷᠬᠠᠢ ᠵᠢᠨ ᠪᠦᠲᠦᠭᠡᠨ ᠪᠠᠶ᠋ᠢᠭᠤᠯᠤᠯᠲᠠ ᠵᠢᠨ ᠠᠵᠢᠯ᠎ᠢ ᠵᠢᠯᠣᠭᠣᠳᠤᠨ᠎ᠠ᠃

   (ᠠᠷᠪᠠᠨ ᠨᠢᠭᠡ) ᠲᠠᠷᠢᠶᠠᠨ ᠭᠠᠵᠠᠷ᠎ᠤᠨ ᠬᠠᠮᠠᠭ᠋ᠠᠯᠠᠯᠲᠠ᠎ᠳᠤ ᠬᠢᠨᠠᠯᠲᠠ ᠲᠠᠯᠪᠢᠬᠤ ᠭᠠᠵᠠᠷ᠃ ᠲᠠᠷᠢᠶᠠᠨ ᠭᠠᠵᠠᠷ᠎ᠢ ᠬᠠᠮᠠᠭ᠋ᠠᠯᠠᠬᠤ ᠲᠥᠷᠥ ᠵᠢᠨ ᠪᠣᠳᠣᠯᠭ᠎ᠠ ᠵᠢ ᠬᠠᠷᠢᠭᠤᠴᠠᠨ ᠬᠡᠷᠡᠭᠵᠢᠭᠦᠯᠵᠦ᠂ ᠲᠠᠷᠢᠶᠠᠨ ᠭᠠᠵᠠᠷ᠎ᠢ ᠬᠠᠮᠠᠭ᠋ᠠᠯᠠᠬᠤ ᠬᠠᠷᠢᠭᠤᠴᠠᠯᠭ᠎ᠠ ᠵᠢᠨ ᠬᠠᠷᠠᠯᠲᠠ ᠵᠢ ᠬᠢᠨᠠᠨ ᠰᠢᠯᠭ᠋ᠠᠬᠤ ᠪᠠ ᠡᠭᠦᠷᠢᠳᠡ ᠵᠢᠨ ᠦᠨᠳᠦᠰᠦᠨ ᠲᠠᠷᠢᠶᠠᠨ ᠭᠠᠵᠠᠷ᠎ᠤᠨ ᠤᠨᠴᠠᠭ᠋ᠠᠢ ᠬᠠᠮᠠᠭ᠋ᠠᠯᠠᠯᠲᠠ ᠵᠢ ᠵᠣᠬᠢᠶᠠᠨ ᠪᠠᠶ᠋ᠢᠭᠤᠯᠤᠨ ᠬᠡᠷᠡᠭᠵᠢᠭᠦᠯᠵᠦ᠂ ᠡᠭᠦᠷᠢᠳᠡ ᠵᠢᠨ ᠦᠨᠳᠦᠰᠦᠨ ᠲᠠᠷᠢᠶᠠᠨ ᠭᠠᠵᠠᠷ᠎ᠢ ᠬᠤᠪᠢᠶᠠᠷᠢᠯᠠᠨ ᠲᠣᠭᠲᠠᠭ᠋ᠠᠬᠤ᠂ ᠡᠵᠡᠯᠡᠨ ᠬᠡᠷᠡᠭᠯᠡᠬᠦ ᠪᠠ ᠨᠥᠬᠥᠵᠦ ᠬᠤᠪᠢᠶᠠᠷᠢᠯᠠᠬᠤ ᠵᠢᠨ ᠬᠢᠨᠠᠯᠲᠠ ᠬᠠᠮᠢᠶᠠᠷᠤᠯᠲᠠ ᠵᠢ ᠬᠠᠷᠢᠭᠤᠴᠠᠨ᠎ᠠ᠃ ᠲᠠᠷᠢᠶᠠᠨ ᠭᠠᠵᠠᠷ᠎ᠢ ᠡᠵᠡᠯᠡᠬᠦ ᠪᠠ ᠨᠥᠬᠥᠪᠥᠷᠢᠯᠡᠬᠦ ᠵᠢ ᠲᠡᠩᠴᠡᠭᠦᠯᠬᠦ ᠬᠠᠮᠢᠶᠠᠷᠤᠯᠲᠠ ᠵᠢᠨ ᠠᠵᠢᠯ᠎ᠢ ᠡᠭᠦᠷᠭᠡᠯᠡᠨ᠎ᠡ᠃ ᠭᠠᠵᠠᠷ ᠰᠢᠷᠣᠶ ᠲᠠᠲᠠᠪᠤᠷᠢᠯᠠᠨ ᠬᠡᠷᠡᠭᠯᠡᠬᠦ ᠬᠠᠮᠢᠶᠠᠷᠤᠯᠲᠠ ᠵᠢᠨ ᠠᠵᠢᠯ᠎ᠢ ᠡᠭᠦᠷᠭᠡᠯᠡᠨ᠎ᠡ᠃ ᠲᠠᠷᠢᠶᠠᠨ ᠭᠠᠵᠠᠷ᠎ᠢ ᠬᠠᠮᠠᠭ᠋ᠠᠯᠠᠬᠤ ᠲᠥᠷᠥ ᠵᠢᠨ ᠪᠣᠳᠣᠯᠭ᠎ᠠ ᠵᠢ ᠣᠶ᠋ᠢᠲᠤ ᠭᠠᠵᠠᠷ᠂ ᠪᠡᠯᠴᠢᠭᠡᠷ᠂ ᠨᠤᠭᠤ ᠭᠠᠵᠠᠷ ᠵᠡᠷᠭᠡ ᠭᠠᠵᠠᠷ ᠰᠢᠷᠣᠶ ᠵᠢᠨ ᠡᠬᠢ ᠪᠠᠶᠠᠯᠢᠭ᠎ᠢ ᠬᠠᠮᠠᠭ᠋ᠠᠯᠠᠬᠤ ᠲᠥᠷᠥ ᠵᠢᠨ ᠪᠣᠳᠣᠯᠭ᠎ᠠ᠎ᠯᠤᠭ᠎ᠠ ᠵᠣᠯᠭ᠋ᠠᠭᠤᠯᠬᠤ ᠵᠢ ᠬᠠᠷᠢᠭᠤᠴᠠᠨ᠎ᠠ᠃

  (ᠠᠷᠪᠠᠨ ᠬᠣᠶᠠᠷ) ᠭᠠᠵᠠᠷ ᠰᠢᠨᠵᠢᠯᠡᠭᠡᠨ᠎ᠤ ᠬᠠᠶ᠋ᠢᠨ ᠪᠠᠶ᠋ᠢᠴᠠᠭ᠋ᠠᠬᠤ ᠬᠠᠮᠢᠶᠠᠷᠤᠯᠲᠠ ᠵᠢᠨ ᠭᠠᠵᠠᠷ᠃ ᠪᠦᠬᠦ ᠣᠷᠣᠨ᠎ᠤ ᠭᠠᠵᠠᠷ ᠰᠢᠨᠵᠢᠯᠡᠭᠡᠨ᠎ᠤ ᠠᠵᠢᠯ᠎ᠢ ᠬᠠᠷᠢᠭᠤᠴᠠᠵᠤ᠂ ᠭᠠᠵᠠᠷ ᠰᠢᠨᠵᠢᠯᠡᠭᠡᠨ᠎ᠤ ᠬᠠᠶ᠋ᠢᠨ ᠪᠠᠶ᠋ᠢᠴᠠᠭ᠋ᠠᠬᠤ ᠠᠵᠢᠯ ᠲᠥᠷᠥᠯ᠎ᠢ ᠬᠠᠮᠢᠶᠠᠷᠴᠤ᠂ ᠭᠠᠵᠠᠷ ᠰᠢᠨᠵᠢᠯᠡᠭᠡᠨ᠎ᠤ ᠬᠠᠶ᠋ᠢᠨ ᠪᠠᠶ᠋ᠢᠴᠠᠭ᠋ᠠᠬᠤ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠬᠤ ᠵᠢᠨ ᠬᠠᠮᠲᠤ ᠬᠡᠷᠡᠭᠵᠢᠭᠦᠯᠵᠦ ᠪᠠᠶ᠋ᠢᠭ᠎ᠠ ᠪᠠᠶ᠋ᠢᠳᠠᠯ᠎ᠳᠤ ᠬᠢᠨᠠᠯᠲᠠ ᠲᠠᠯᠪᠢᠵᠤ ᠪᠠᠶ᠋ᠢᠴᠠᠭ᠋ᠠᠨ᠎ᠠ᠃ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠭᠠᠵᠠᠷ ᠰᠢᠨᠵᠢᠯᠡᠭᠡᠨ᠎ᠤ ᠬᠠᠶ᠋ᠢᠨ ᠪᠠᠶ᠋ᠢᠴᠠᠭ᠋ᠠᠬᠤ ᠲᠥᠷᠥᠯ ᠵᠦᠢ᠍ᠯ᠎ᠢ ᠬᠠᠮᠢᠶᠠᠷᠴᠤ᠂ ᠰᠠᠭᠤᠷᠢ ᠴᠢᠨᠠᠷᠲᠠᠶ᠂ ᠨᠡᠶ᠋ᠢᠲᠡ ᠵᠢᠨ ᠠᠰᠠᠷᠠᠮᠵᠢ ᠵᠢᠨ ᠴᠢᠨᠠᠷᠲᠠᠶ ᠭᠠᠵᠠᠷ ᠰᠢᠨᠵᠢᠯᠡᠭᠡᠨ᠎ᠤ ᠪᠠᠶ᠋ᠢᠴᠠᠭ᠋ᠠᠯᠲᠠ ᠪᠣᠯᠤᠨ ᠪᠠᠶ᠋ᠢᠯᠳᠤᠬᠤ ᠪᠣᠳᠣᠯᠭ᠎ᠠ ᠵᠢᠨ ᠴᠢᠨᠠᠷᠲᠠᠶ ᠭᠠᠵᠠᠷ ᠰᠢᠨᠵᠢᠯᠡᠭᠡᠨ᠎ᠤ ᠠᠭᠤᠷᠬᠠᠶ ᠵᠢᠨ ᠭᠠᠷᠤᠯᠲᠠ ᠵᠢᠨ ᠬᠠᠶ᠋ᠢᠨ ᠪᠠᠶ᠋ᠢᠴᠠᠭ᠋ᠠᠬᠤ ᠠᠵᠢᠯ᠎ᠢ ᠬᠠᠷᠢᠭᠤᠴᠠᠨ᠎ᠠ᠃ ᠭᠠᠵᠠᠷ᠎ᠤᠨ ᠭᠠᠮᠰᠢᠭ᠎ᠢ ᠰᠡᠷᠭᠡᠶ᠋ᠢᠯᠡᠬᠦ ᠪᠠ ᠵᠠᠰᠠᠬᠤ ᠠᠵᠢᠯ᠎ᠢ ᠡᠭᠦᠷᠭᠡᠯᠡᠵᠦ᠂ ᠭᠠᠵᠠᠷ ᠳᠣᠣᠷᠠᠬᠢ ᠤᠰᠤ ᠵᠢ ᠬᠡᠲᠦᠷᠡᠲᠡᠯ᠎ᠡ ᠨᠡᠭᠡᠭᠡᠨ ᠮᠠᠯᠲᠠᠭᠰᠠᠨ ᠵᠢᠴᠢ ᠭᠠᠵᠠᠷ᠎ᠤᠨ ᠭᠠᠳᠠᠷᠭᠤ ᠳᠣᠷᠣᠭᠰᠢ ᠰᠠᠭᠤᠭᠰᠠᠨ ᠵᠡᠷᠭᠡ ᠭᠠᠵᠠᠷ ᠰᠢᠨᠵᠢᠯᠡᠭᠡᠨ᠎ᠤ ᠠᠰᠠᠭᠤᠳᠠᠯ᠎ᠢ ᠬᠢᠨᠠᠨ ᠬᠠᠮᠢᠶᠠᠷᠤᠨ᠎ᠠ᠃

  (ᠠᠷᠪᠠᠨ ᠭᠤᠷᠪᠠ) ᠠᠭᠤᠷᠬᠠᠶ ᠵᠢᠨ ᠦᠢ᠍ᠯᠡᠰ᠎ᠤᠨ ᠡᠷᠬᠡ ᠵᠢᠨ ᠬᠠᠮᠢᠶᠠᠷᠤᠯᠲᠠ ᠵᠢᠨ ᠭᠠᠵᠠᠷ᠃ ᠪᠦᠬᠦ ᠣᠷᠣᠨ᠎ᠤ ᠠᠭᠤᠷᠬᠠᠶ ᠵᠢᠨ ᠦᠢ᠍ᠯᠡᠰ᠎ᠤᠨ ᠡᠷᠬᠡ ᠵᠢᠨ ᠬᠠᠮᠢᠶᠠᠷᠤᠯᠲᠠ ᠵᠢᠨ ᠲᠥᠷᠥ ᠵᠢᠨ ᠪᠣᠳᠣᠯᠭ᠎ᠠ ᠵᠢ ᠲᠤᠭᠤᠷᠪᠢᠬᠤ ᠵᠢᠨ ᠬᠠᠮᠲᠤ ᠵᠣᠬᠢᠶᠠᠨ ᠪᠠᠶ᠋ᠢᠭᠤᠯᠤᠨ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠡᠷᠬᠡ ᠮᠡᠳᠡᠯ᠎ᠲᠠᠢ ᠠᠭᠤᠷᠬᠠᠶ ᠵᠢᠨ ᠦᠢ᠍ᠯᠡᠰ᠎ᠤᠨ ᠡᠷᠬᠡ ᠵᠢ ᠬᠢᠮᠳᠠ᠎ᠪᠠᠷ ᠬᠤᠳᠠᠯᠳᠤᠬᠤ ᠵᠢᠴᠢ ᠬᠢᠨᠠᠨ ᠵᠥᠪᠰᠢᠶᠡᠷᠡᠵᠦ ᠳᠠᠩᠰᠠᠯᠠᠬᠤ ᠵᠢ ᠬᠠᠮᠢᠶᠠᠷᠤᠨ᠎ᠠ᠃ ᠪᠦᠬᠦ ᠣᠷᠣᠨ᠎ᠤ ᠠᠭᠤᠷᠬᠠᠶ ᠬᠠᠶ᠋ᠢᠬᠤ ᠡᠷᠬᠡ᠂ ᠠᠭᠤᠷᠬᠠᠶ ᠮᠠᠯᠲᠠᠬᠤ ᠡᠷᠬᠡ ᠵᠢ ᠬᠢᠨᠠᠨ ᠵᠥᠪᠰᠢᠶᠡᠷᠡᠵᠦ ᠳᠠᠩᠰᠠᠯᠠᠬᠤ ᠵᠢ ᠵᠢᠯᠣᠭᠣᠳᠴᠤ᠂ ᠴᠢᠬᠤᠯᠠ ᠶᠡᠬᠡ ᠡᠷᠬᠡ ᠵᠢᠨ ᠬᠠᠷᠢᠶ᠎ᠠ ᠵᠢᠨ ᠵᠢᠭᠤᠷᠠᠯᠳᠤᠭ᠋ᠠᠨ᠎ᠢ ᠡᠶᠡᠳᠡᠭᠦᠯᠦᠨ ᠰᠢᠢ᠍ᠳᠪᠦᠷᠢᠯᠡᠨ᠎ᠡ᠃ ᠬᠠᠮᠠᠭ᠋ᠠᠯᠠᠯᠲᠠ ᠵᠢᠨ ᠴᠢᠨᠠᠷᠲᠠᠶ ᠨᠡᠭᠡᠭᠡᠨ ᠮᠠᠯᠲᠠᠬᠤ ᠣᠨᠴᠠ ᠲᠣᠭᠲᠠᠭᠰᠠᠨ ᠠᠭᠤᠷᠬᠠᠶ ᠵᠢᠨ ᠲᠥᠷᠥᠯ᠂ ᠳᠠᠪᠠᠭᠤᠯᠢᠭ ᠠᠭᠤᠷᠬᠠᠶ ᠵᠢᠨ ᠭᠠᠷᠤᠯᠲᠠ ᠵᠢᠨ ᠨᠡᠭᠡᠭᠡᠨ ᠮᠠᠯᠲᠠᠬᠤ ᠶᠡᠷᠦᠩᠬᠡᠶ ᠬᠡᠮᠵᠢᠶ᠎ᠡ ᠵᠢ ᠡᠵᠡᠮᠳᠡᠬᠦ ᠵᠡᠷᠭᠡ ᠬᠠᠮᠢᠶ᠎ᠠ ᠪᠦᠬᠦᠢ ᠠᠵᠢᠯ᠎ᠢ ᠨᠠᠶ᠋ᠢᠳᠠᠪᠤᠷᠢᠵᠢᠭᠤᠯᠤᠨ᠎ᠠ᠃

  (ᠠᠷᠪᠠᠨ ᠳᠥᠷᠪᠡ) ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠤᠨ ᠬᠠᠮᠠᠭ᠋ᠠᠯᠠᠯᠲᠠ᠎ᠳᠤ ᠬᠢᠨᠠᠯᠲᠠ ᠲᠠᠯᠪᠢᠬᠤ ᠭᠠᠵᠠᠷ᠃ ᠪᠦᠬᠦ ᠣᠷᠣᠨ᠎ᠤ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠤᠨ ᠲᠥᠯᠥᠪᠵᠢᠭᠦᠯᠭᠡ ᠵᠢ ᠵᠣᠬᠢᠶᠠᠨ ᠪᠠᠶ᠋ᠢᠭᠤᠯᠤᠨ ᠨᠠᠶ᠋ᠢᠷᠠᠭᠤᠯᠤᠨ ᠵᠣᠬᠢᠶᠠᠵᠤ ᠬᠡᠷᠡᠭᠵᠢᠭᠦᠯᠦᠨ᠂ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠢ ᠵᠦᠢ ᠵᠣᠬᠢᠰᠲᠠᠶ ᠠᠰᠢᠭᠯᠠᠬᠤ ᠪᠠ ᠬᠠᠮᠠᠭ᠋ᠠᠯᠠᠬᠤ᠎ᠳᠤ ᠬᠢᠨᠠᠯᠲᠠ ᠲᠠᠯᠪᠢᠨ ᠵᠢᠯᠣᠭᠣᠳᠤᠨ᠎ᠠ᠃ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠤᠨ ᠬᠠᠳᠠᠭ᠋ᠠᠯᠠᠭᠳᠠᠴᠠ ᠵᠢ ᠬᠢᠨᠠᠨ ᠲᠣᠭᠲᠠᠭ᠋ᠠᠬᠤ᠂ ᠳᠠᠩᠰᠠᠯᠠᠭᠤᠯᠬᠤ᠂ ᠪᠦᠷᠢᠳᠬᠡᠬᠦ ᠪᠠ ᠮᠡᠳᠡᠭᠡ ᠵᠠᠩᠭᠢ ᠨᠡᠶ᠋ᠢᠲᠡᠯᠡᠬᠦ ᠵᠢᠴᠢ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠢ ᠳᠠᠷᠤᠬᠤ ᠬᠢᠨᠠᠨ ᠵᠥᠪᠰᠢᠶᠡᠷᠡᠬᠦ ᠬᠠᠮᠢᠶᠠᠷᠤᠯᠲᠠ ᠵᠢᠨ ᠠᠵᠢᠯ᠎ᠢ ᠡᠭᠦᠷᠭᠡᠯᠡᠨ᠎ᠡ᠃ ᠠᠭᠤᠷᠬᠠᠶ ᠵᠢᠨ ᠬᠠᠳᠠᠭ᠋ᠠᠯᠠᠭᠳᠠᠴᠠ ᠵᠢᠨ ᠬᠥᠳᠡᠯᠦᠩᠭᠦᠶ ᠬᠠᠮᠢᠶᠠᠷᠤᠯᠲᠠ ᠵᠢ ᠵᠢᠯᠣᠭᠣᠳᠤᠨ᠎ᠠ᠃ ᠭᠠᠵᠠᠷ ᠰᠢᠨᠵᠢᠯᠡᠭᠡᠨ᠎ᠤ ᠮᠠᠲ᠋ᠧᠷᠢᠶᠠᠯ᠎ᠢ ᠡᠮᠬᠢᠳᠬᠡᠨ ᠲᠤᠰᠢᠶᠠᠬᠤ᠂ ᠬᠠᠳᠠᠭ᠋ᠠᠯᠠᠬᠤ ᠪᠠ ᠠᠰᠢᠭᠯᠠᠬᠤ᠎ᠳᠤ ᠬᠢᠨᠠᠯᠲᠠ ᠲᠠᠯᠪᠢᠵᠤ᠂ ᠡᠷᠲᠡᠨ᠎ᠤ ᠠᠮᠢᠳᠤ ᠪᠣᠳᠠᠰ᠎ᠤᠨ ᠴᠢᠯᠠᠭᠤᠵᠢᠮᠠᠯ ᠵᠡᠷᠭᠡ ᠭᠠᠵᠠᠷ ᠰᠢᠨᠵᠢᠯᠡᠭᠡᠨ᠎ᠤ ᠦᠯᠡᠳᠡᠭᠳᠡᠯ᠎ᠢ ᠬᠢᠨᠠᠵᠤ ᠬᠠᠮᠢᠶᠠᠷᠤᠨ᠎ᠠ᠃

  (ᠠᠷᠪᠠᠨ ᠲᠠᠪᠤ) ᠬᠡᠮᠵᠢᠨ ᠵᠢᠷᠤᠬᠤ ᠭᠠᠵᠠᠷ᠃ ᠥᠪᠡᠷᠲᠡᠭᠡᠨ ᠵᠠᠰᠠᠬᠤ ᠣᠷᠣᠨ᠎ᠤ ᠬᠡᠮᠵᠢᠨ ᠵᠢᠷᠤᠬᠤ ᠭᠠᠵᠠᠷ ᠵᠦᠶ ᠵᠢᠨ ᠮᠡᠳᠡᠭᠡ ᠵᠠᠩᠭᠢ ᠵᠢᠨ ᠬᠠᠮᠢᠶᠠᠷᠤᠯᠲᠠ ᠵᠢᠨ ᠲᠥᠷᠥ ᠵᠢᠨ ᠪᠣᠳᠣᠯᠭ᠎ᠠ ᠵᠢ ᠲᠤᠭᠤᠷᠪᠢᠬᠤ ᠵᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠬᠡᠮᠵᠢᠨ ᠵᠢᠷᠤᠬᠤ ᠠᠵᠢᠯᠯᠠᠭ᠎ᠠ᠂ ᠶᠠᠰᠤ ᠴᠢᠨᠠᠷ᠂ ᠠᠷᠠᠳ᠎ᠤᠨ ᠬᠡᠷᠡᠭᠯᠡᠭᠡᠨ᠎ᠤ ᠬᠡᠮᠵᠢᠨ ᠵᠢᠷᠤᠬᠤ ᠠᠭ᠋ᠠᠷ᠎ᠤᠨ ᠠᠶᠠᠯᠠᠯ᠎ᠤᠨ ᠭᠡᠷᠡᠯ ᠵᠢᠷᠤᠭ ᠠᠪᠬᠤ ᠪᠠ ᠳᠠᠭ᠋ᠠᠭᠤᠯᠢ ᠣᠳᠣᠨ ᠠᠯᠤᠰ ᠰᠡᠷᠡᠯ᠎ᠢ ᠬᠢᠨᠠᠨ ᠬᠠᠮᠢᠶᠠᠷᠴᠤ᠂ ᠬᠡᠮᠵᠢᠨ ᠵᠢᠷᠤᠬᠤ ᠬᠢᠷᠢ ᠴᠢᠳᠠᠯ ᠬᠢᠷᠢ ᠬᠡᠮ᠎ᠢ ᠬᠠᠮᠢᠶᠠᠷᠤᠨ᠎ᠠ᠃ ᠥᠪᠡᠷᠲᠡᠭᠡᠨ ᠵᠠᠰᠠᠬᠤ ᠣᠷᠣᠨ᠎ᠤ ᠬᠡᠮᠵᠢᠨ ᠵᠢᠷᠤᠬᠤ ᠰᠠᠭᠤᠷᠢ ᠪᠠᠷᠢᠮᠵᠢᠶ᠎ᠠ᠂ ᠬᠡᠮᠵᠢᠨ ᠵᠢᠷᠤᠬᠤ ᠰᠢᠰᠲᠸᠮ᠎ᠢ ᠪᠠᠶ᠋ᠢᠭᠤᠯᠤᠨ ᠬᠠᠮᠢᠶᠠᠷᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ᠎ᠤ ᠰᠠᠭᠤᠷᠢ ᠬᠡᠮᠵᠢᠨ ᠵᠢᠷᠤᠬᠤ ᠲᠥᠯᠥᠪᠵᠢᠭᠦᠯᠭᠡ᠂ ᠣᠨ᠎ᠤ ᠲᠥᠯᠥᠪᠯᠡᠭᠡ ᠵᠢᠴᠢ ᠴᠢᠬᠤᠯᠠ ᠶᠡᠬᠡ ᠲᠥᠷᠥᠯ ᠵᠦᠢ᠍ᠯ᠎ᠤᠨ ᠲᠥᠯᠥᠪᠯᠡᠭᠡ ᠵᠢ ᠲᠤᠭᠤᠷᠪᠢᠬᠤ ᠵᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠭᠠᠵᠠᠷ ᠵᠦᠶ ᠵᠢᠨ ᠮᠡᠳᠡᠭᠡ ᠵᠠᠩᠭᠢ ᠵᠢᠨ ᠦᠷ᠎ᠡ ᠪᠦᠲᠦᠭᠡᠯ᠎ᠤᠨ ᠬᠠᠮᠢᠶᠠᠷᠤᠯᠲᠠ᠂ ᠠᠮᠤᠷ ᠲᠦᠪᠰᠢᠨ᠎ᠤ ᠬᠠᠮᠢᠶᠠᠷᠤᠯᠲᠠ ᠵᠢ ᠬᠠᠷᠢᠭᠤᠴᠠᠵᠤ᠂ ᠭᠠᠵᠠᠷ᠎ᠤᠨ ᠵᠢᠷᠤᠭ᠎ᠤᠨ ᠬᠠᠮᠢᠶᠠᠷᠤᠯᠲᠠ ᠪᠠ ᠬᠡᠮᠵᠢᠯᠲᠡ ᠵᠢᠨ ᠲᠡᠮᠳᠡᠭ᠎ᠤᠨ ᠬᠠᠮᠠᠭ᠋ᠠᠯᠠᠯᠲᠠ ᠵᠢ ᠬᠠᠷᠢᠭᠤᠴᠠᠵᠤ᠂ ᠭᠠᠵᠠᠷ ᠵᠦᠶ ᠵᠢᠨ ᠴᠢᠬᠤᠯᠠ ᠮᠡᠳᠡᠭᠡ ᠵᠠᠩᠭᠢ ᠵᠢᠨ ᠲᠣᠭ᠎ᠠ ᠪᠠᠷᠢᠮᠲᠠ ᠵᠢ ᠬᠢᠨᠠᠨ ᠬᠠᠷᠭᠤᠭᠤᠯᠵᠤ᠂ ᠭᠠᠵᠠᠷ ᠵᠦᠶ ᠵᠢᠨ ᠮᠡᠳᠡᠭᠡ ᠵᠠᠩᠭᠢ ᠵᠢ ᠬᠡᠮᠵᠢᠨ ᠵᠢᠷᠤᠬᠤ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠪᠠᠲᠤᠯᠠᠭ᠎ᠠ ᠬᠠᠩᠭ᠋ᠠᠵᠤ᠂ ᠭᠠᠵᠠᠷ ᠵᠦᠶ ᠵᠢᠨ ᠮᠡᠳᠡᠭᠡ ᠵᠠᠩᠭᠢ ᠵᠢᠨ ᠣᠯᠠᠨ ᠨᠡᠶ᠋ᠢᠲᠡ ᠵᠢᠨ ᠦᠢ᠍ᠯᠡᠴᠢᠯᠡᠭᠡ ᠵᠢ ᠵᠢᠯᠣᠭᠣᠳᠤᠨ ᠬᠢᠨᠠᠯᠲᠠ ᠲᠠᠯᠪᠢᠨ᠎ᠠ᠃

   (ᠠᠷᠪᠠᠨ ᠵᠢᠷᠭᠤᠭ᠎ᠠ) ᠬᠠᠤᠯᠢ ᠬᠡᠷᠡᠭᠵᠢᠭᠦᠯᠬᠦ ᠲᠣᠪᠴᠢᠶ᠎ᠠ (ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠡᠷᠦᠩᠬᠡᠶ ᠬᠢᠨᠠᠨ ᠪᠠᠶ᠋ᠢᠴᠠᠭ᠋ᠠᠬᠤ ᠠᠯᠪᠠᠨ ᠬᠡᠷ)᠃ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠭᠠᠵᠠᠷ ᠰᠢᠷᠣᠶ ᠵᠢᠨ ᠣᠷᠣᠨ ᠵᠠᠶ ᠵᠢᠨ ᠲᠥᠯᠥᠪᠵᠢᠭᠦᠯᠭᠡ ᠪᠣᠯᠤᠨ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠬᠠᠤᠯᠢ᠎ᠠᠴᠠ ᠵᠥᠷᠢᠴᠡᠭᠰᠡᠨ ᠴᠢᠬᠤᠯᠠ ᠶᠡᠬᠡ ᠬᠡᠷᠡᠭ᠎ᠢ ᠪᠠᠶ᠋ᠢᠴᠠᠭ᠋ᠠᠨ ᠰᠢᠢ᠍ᠳᠪᠦᠷᠢᠯᠡᠵᠦ᠂ ᠪᠦᠬᠦ ᠣᠷᠣᠨ᠎ᠤ ᠬᠠᠤᠯᠢ᠎ᠠᠴᠠ ᠵᠥᠷᠢᠴᠡᠭᠰᠡᠨ ᠬᠡᠷᠡᠭ᠎ᠢ ᠪᠠᠶ᠋ᠢᠴᠠᠭ᠋ᠠᠨ ᠰᠢᠢ᠍ᠳᠪᠦᠷᠢᠯᠡᠬᠦ ᠠᠵᠢᠯ᠎ᠢ ᠵᠢᠯᠣᠭᠣᠳᠤᠨ ᠵᠣᠬᠢᠴᠠᠭᠤᠯᠵᠤ᠂ ᠣᠷᠣᠨ ᠪᠦᠰᠡ ᠠᠯᠤᠰᠯᠠᠨ ᠬᠠᠤᠯᠢ᠎ᠠᠴᠠ ᠵᠥᠷᠢᠴᠡᠭᠰᠡᠨ ᠬᠡᠷᠡᠭ᠎ᠢ ᠪᠠᠶ᠋ᠢᠴᠠᠭ᠋ᠠᠨ ᠰᠢᠢ᠍ᠳᠪᠦᠷᠢᠯᠡᠬᠦ ᠵᠢ ᠵᠣᠬᠢᠴᠠᠭᠤᠯᠤᠨ ᠰᠢᠢ᠍ᠳᠪᠦᠷᠢᠯᠡᠨ᠎ᠡ᠃ ᠪᠦᠬᠦ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠬᠠᠤᠯᠢ ᠬᠡᠷᠡᠭᠵᠢᠭᠦᠯᠬᠦ ᠪᠠᠶ᠋ᠢᠭᠤᠯᠤᠮᠵᠢ ᠪᠣᠯᠤᠨ ᠡᠩᠨᠡᠭᠡᠨ᠎ᠤ ᠪᠠᠶ᠋ᠢᠭᠤᠯᠤᠯᠲᠠ ᠵᠢ ᠵᠢᠯᠣᠭᠣᠳᠤᠨ᠎ᠠ᠃ ᠡᠷᠬᠡ ᠣᠯᠭᠣᠭᠰᠠᠨ ᠨᠠᠶ᠋ᠢᠳᠠᠯᠭ᠎ᠠ ᠵᠢ ᠦᠨᠳᠦᠰᠦᠯᠡᠨ ᠠᠶ᠋ᠢᠮᠠᠭ ᠬᠣᠲᠠ᠂ ᠬᠣᠰᠢᠭᠤ ᠰᠢᠶᠠᠨ (ᠬᠣᠲᠠ᠂ ᠲᠣᠭᠣᠷᠢᠭ)᠎ᠤ ᠵᠠᠰᠠᠭ᠎ᠤᠨ ᠣᠷᠳᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ ᠪᠠ ᠤᠯᠤᠰ᠎ᠤᠨ ᠭᠠᠵᠠᠷ ᠰᠢᠷᠣᠶ ᠵᠢᠨ ᠣᠷᠣᠨ ᠵᠠᠶ ᠵᠢᠨ ᠲᠥᠯᠥᠪᠵᠢᠭᠦᠯᠭᠡ ᠵᠡᠷᠭᠡ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠬᠡᠷᠡᠭᠵᠢᠭᠦᠯᠦᠭᠰᠡᠨ ᠪᠠᠶ᠋ᠢᠳᠠᠯ᠎ᠳᠤ ᠬᠢᠨᠠᠨ ᠪᠠᠶ᠋ᠢᠴᠠᠭ᠋ᠠᠯᠲᠠ ᠥᠷᠨᠢᠭᠦᠯᠦᠨ᠎ᠡ᠃ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠢ ᠬᠢᠨᠠᠨ ᠪᠠᠶ᠋ᠢᠴᠠᠭ᠋ᠠᠬᠤ ᠬᠠᠮᠢᠶ᠎ᠠ ᠪᠥᠬᠥᠶ ᠲᠥᠷᠥ ᠵᠢᠨ ᠪᠣᠳᠣᠯᠭ᠎ᠠ ᠵᠢᠨ ᠲᠦᠷᠢᠮ᠎ᠢ ᠲᠣᠭᠲᠠᠭ᠋ᠠᠨ᠎ᠠ᠃ ᠤᠯᠤᠰ᠎ᠤᠨ ᠪᠠᠶ᠋ᠢᠭ᠋ᠠᠯᠢ ᠵᠢᠨ ᠡᠬᠢ ᠪᠠᠶᠠᠯᠢᠭ᠎ᠢ ᠬᠢᠨᠠᠨ ᠪᠠᠶ᠋ᠢᠴᠠᠭ᠋ᠠᠬᠤ ᠪᠠᠶ᠋ᠢᠭᠤᠯᠤᠮᠵᠢ᠎ᠲᠠᠢ ᠬᠠᠮᠵᠢᠯᠴᠠᠨ ᠠᠵᠢᠯ ᠵᠶ᠋ᠠᠨ ᠥᠷᠨᠢᠭᠦᠯᠦᠨ᠎ᠡ᠃

   (ᠠᠷᠪᠠᠨ ᠳᠣᠯᠣᠭ᠎ᠠ) ᠰᠢᠨᠵᠢᠯᠡᠬᠦ ᠤᠬᠠᠭ᠋ᠠᠨ ᠮᠡᠷᠭᠡᠵᠢᠯ ᠬᠢᠭᠡᠳ ᠮᠡᠳᠡᠭᠡ ᠵᠠᠩᠭᠢ ᠵᠢᠨ ᠭᠠᠵᠠᠷ᠃ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠬᠦᠷᠢᠶᠡᠨ᠎ᠳᠠᠬᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠥᠭᠵᠢᠯᠲᠡ ᠵᠢᠨ ᠪᠠᠶ᠋ᠢᠯᠳᠤᠬᠤ ᠪᠤᠳᠤᠯᠭ᠎ᠠ᠂ ᠲᠥᠯᠥᠪᠵᠢᠭᠦᠯᠭᠡ ᠪᠠ ᠲᠥᠯᠥᠪᠯᠡᠭᠡ ᠵᠢ ᠲᠣᠭᠲᠠᠭ᠋ᠠᠨ᠎ᠠ᠃ ᠬᠣᠯᠪᠣᠭᠳᠠᠯ ᠪᠦᠬᠦᠢ ᠮᠡᠷᠭᠡᠵᠢᠯ᠎ᠤᠨ ᠪᠠᠷᠢᠮᠵᠢᠶ᠎ᠠ᠂ ᠲᠦᠷᠢᠮ ᠲᠣᠭᠲᠠᠭ᠋ᠠᠯ᠎ᠢ ᠲᠤᠭᠤᠷᠪᠢᠨ ᠲᠣᠭᠲᠠᠭ᠋ᠠᠵᠤ᠂ ᠴᠢᠬᠤᠯᠠ ᠶᠡᠬᠡ ᠰᠢᠨᠵᠢᠯᠡᠬᠦ ᠤᠬᠠᠭ᠋ᠠᠨ ᠮᠡᠷᠭᠡᠵᠢᠯ᠎ᠤᠨ ᠢᠨᠵᠧᠨᠧᠷᠢᠩ᠂ ᠵᠦᠢ᠍ᠯᠡᠰ ᠵᠢᠴᠢ ᠰᠢᠨ᠎ᠡ ᠵᠢ ᠡᠭᠦᠳᠬᠦ ᠴᠢᠳᠠᠪᠤᠷᠢ ᠵᠢᠨ ᠪᠠᠶ᠋ᠢᠭᠤᠯᠤᠯᠲᠠ ᠵᠢ ᠵᠣᠬᠢᠶᠠᠨ ᠪᠠᠶ᠋ᠢᠭᠤᠯᠵᠤ ᠬᠡᠷᠡᠭᠵᠢᠭᠦᠯᠦᠨ᠎ᠡ᠃ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠤᠨ ᠬᠡᠷᠡᠭᠯᠡᠯᠲᠡ ᠪᠠ ᠬᠠᠮᠢᠶᠠᠷᠤᠯᠲᠠ ᠵᠢ ᠡᠭᠦᠷᠭᠡᠯᠡᠵᠦ᠂ ᠳᠠᠭ᠋ᠠᠭᠤᠯᠢ ᠤᠳᠤᠨ᠎ᠤ ᠠᠯᠤᠰ ᠰᠡᠷᠡᠯ ᠵᠡᠷᠭᠡ ᠳᠡᠭᠡᠳᠦ ᠰᠢᠨ᠎ᠡ ᠮᠡᠷᠭᠡᠵᠢᠯ᠎ᠤᠨ ᠰᠢᠰᠲ᠋ᠧᠮ᠎ᠤᠨ ᠪᠠᠶ᠋ᠢᠭᠤᠯᠤᠯᠲᠠ ᠵᠢ ᠥᠷᠨᠢᠭᠦᠯᠦᠨ᠎ᠡ᠃ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠡᠯᠧᠺᠲᠷᠣᠨ ᠵᠠᠰᠠᠭ᠎ᠤᠨ ᠶᠠᠪᠤᠳᠠᠯ᠂ ᠰᠦᠯᠵᠢᠶᠡᠨ᠎ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠵᠢᠨ ᠪᠠᠶ᠋ᠢᠭᠤᠯᠤᠯᠲᠠ ᠵᠢᠨ ᠬᠠᠮᠢᠶᠠᠷᠤᠯᠲᠠ ᠵᠢᠨ ᠠᠵᠢᠯ᠎ᠢ ᠬᠠᠷᠢᠭᠤᠴᠠᠨ᠎ᠠ᠃

   (ᠠᠷᠪᠠᠨ ᠨᠠᠢ᠍ᠮᠠ) ᠡᠳ᠋᠎ᠤᠨ ᠶᠠᠪᠤᠳᠠᠯ ᠬᠢᠭᠡᠳ ᠪᠠᠯᠠ ᠮᠥᠩᠭᠥ ᠵᠢᠨ ᠬᠡᠷᠡᠭᠯᠡᠯᠲᠡ ᠵᠢᠨ ᠭᠠᠵᠠᠷ᠃ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠤᠰᠬᠠᠶ ᠵᠦᠢ᠍ᠯ᠎ᠤᠨ ᠣᠷᠣᠯᠭ᠎ᠠ ᠵᠢ ᠬᠤᠷᠢᠶᠠᠵᠤ ᠲᠤᠰᠢᠶᠠᠬᠤ ᠬᠠᠮᠢᠶᠠᠷᠤᠯᠲᠠ ᠵᠢᠨ ᠠᠵᠢᠯ᠎ᠢ ᠡᠭᠦᠷᠭᠡᠯᠡᠨ᠎ᠡ᠃ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠠᠰᠢᠭ ᠣᠷᠣᠯᠭ᠎ᠠ ᠵᠢ ᠬᠤᠪᠢᠶᠠᠷᠢᠯᠠᠬᠤ ᠵᠡᠷᠭᠡ ᠬᠣᠯᠪᠣᠭᠳᠠᠯ ᠪᠦᠬᠦᠢ ᠡᠳ᠋᠎ᠤᠨ ᠶᠠᠪᠤᠳᠠᠯ᠎ᠤᠨ ᠲᠦᠷᠢᠮ᠎ᠢ ᠲᠤᠭᠤᠷᠪᠢᠨ ᠲᠣᠭᠲᠠᠭ᠋ᠠᠵᠤ᠂ ᠲᠤᠰᠬᠠᠢ ᠪᠡᠯᠡ ᠮᠥᠩᠭᠥ᠂ ᠰᠠᠯᠠᠭ᠎ᠠ ᠮᠥᠴᠢᠷ᠎ᠤᠨ ᠲᠥᠰᠦᠪ ᠪᠠ ᠲᠥᠰᠦᠪ᠎ᠤᠨ ᠭᠦᠢ᠍ᠴᠡᠳᠬᠡᠯ᠂ ᠵᠠᠰᠠᠭ᠎ᠤᠨ ᠣᠷᠳᠣᠨ᠎ᠤ ᠬᠤᠳᠠᠯᠳᠤᠨ ᠠᠪᠬᠤ᠂ ᠤᠯᠤᠰ᠎ᠤᠨ ᠬᠥᠮᠥᠷᠭᠡ᠎ᠠᠴᠠ ᠲᠥᠪᠯᠡᠷᠡᠭᠦᠯᠦᠨ ᠥᠭᠬᠦ᠂ ᠳᠣᠲᠣᠭ᠋ᠠᠳᠤ᠎ᠳᠠᠭᠠᠨ ᠬᠢᠨᠠᠨ ᠪᠤᠳᠤᠬᠤ᠂ ᠤᠯᠤᠰ᠎ᠤᠨ ᠥᠮᠴᠢᠯᠡᠯ᠎ᠤᠨ ᠡᠳ᠋ ᠬᠦᠷᠦᠨᠭᠭᠡ ᠵᠢ ᠬᠢᠨᠠᠨ ᠬᠠᠮᠢᠶᠠᠷᠬᠤ ᠠᠵᠢᠯ᠎ᠢ ᠬᠠᠷᠢᠭᠤᠴᠠᠨ᠎ᠠ᠃ ᠣᠷᠣᠨ ᠨᠤᠲᠤᠭ᠎ᠤᠨ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠲᠤᠰᠬᠠᠶ ᠵᠦᠢ᠍ᠯ᠎ᠤᠨ ᠣᠷᠣᠯᠭ᠎ᠠ ᠵᠢ ᠬᠤᠷᠢᠶᠠᠵᠤ ᠲᠤᠰᠢᠶᠠᠬᠤ ᠠᠵᠢᠯ᠎ᠢ ᠵᠢᠯᠣᠭᠣᠳᠤᠨ᠎ᠠ᠃

    (ᠠᠷᠪᠠ ᠶᠢᠰᠦ) ᠠᠵᠢᠯᠲᠠᠨ᠎ᠤ ᠬᠡᠯᠲᠡᠰ᠃ ᠪᠠᠢ᠌ᠭᠤᠯᠭ᠎ᠠ ᠪᠣᠯᠤᠨ ᠬᠠᠷᠢᠶ᠎ᠠ ᠨᠢᠭᠡᠴᠢ ᠵᠢᠨ ᠠᠵᠢᠯᠲᠠᠨ᠎ᠤ ᠶᠠᠪᠤᠳᠠᠯ᠎ᠤᠨ ᠬᠠᠮᠢᠶᠠᠷᠤᠯᠲᠠ᠂ ᠪᠠᠶ᠋ᠢᠭᠤᠯᠤᠮᠵᠢ ᠵᠢᠨ ᠣᠷᠣᠨ ᠲᠣᠭ᠎ᠠ᠂ ᠬᠥᠳᠡᠯᠮᠦᠷᠢ ᠴᠠᠯᠢᠩ ᠪᠣᠯᠤᠨ ᠬᠥᠮᠦᠵᠢᠯ ᠪᠣᠯᠪᠠᠰᠤᠷᠠᠯ᠎ᠤᠨ ᠠᠵᠢᠯ᠎ᠢ ᠡᠭᠦᠷᠭᠡᠯᠡᠵᠦ᠂ ᠴᠢᠳᠠᠪᠤᠷᠢᠲᠠᠨ᠎ᠤ ᠡᠩᠨᠡᠭᠡᠨ᠎ᠤ ᠪᠠᠶ᠋ᠢᠭᠤᠯᠤᠯᠲᠠ ᠵᠡᠷᠭᠡ ᠠᠵᠢᠯ᠎ᠢ ᠵᠢᠯᠣᠭᠣᠳᠤᠨ᠎ᠠ᠃

   (ᠬᠣᠷᠢ) ᠪᠠᠶ᠋ᠢᠭᠤᠯᠭ᠎ᠠ ᠵᠢᠨ ᠨᠠᠮ᠎ᠤᠨ ᠬᠣᠷᠢᠶ᠎ᠠ᠃ ᠪᠠᠶ᠋ᠢᠭᠤᠯᠭ᠎ᠠ ᠪᠠ ᠬᠠᠷᠢᠶ᠎ᠠ ᠨᠢᠭᠡᠴᠢ ᠵᠢᠨ ᠨᠠᠮ ᠪᠠ ᠤᠯᠠᠨ ᠲᠦᠮᠡᠨ᠂ ᠰᠠᠬᠢᠯᠭ᠎ᠠ ᠪᠠᠲᠤ ᠪᠠᠶ᠋ᠢᠴᠠᠭ᠋ᠠᠬᠤ ᠠᠵᠢᠯ᠎ᠢ ᠬᠠᠷᠢᠭᠤᠴᠠᠨ᠎ᠠ᠃

  (ᠬᠣᠷᠢᠨ ᠨᠢᠭᠡ) ᠠᠵᠢᠯ᠎ᠠᠴᠠ᠎ᠪᠠᠨ ᠠᠮᠠᠷᠠᠭᠰᠠᠳ᠎ᠤᠨ ᠠᠵᠢᠯ᠎ᠤᠨ ᠭᠠᠵᠠᠷ᠃ ᠠᠵᠢᠯ᠎ᠠᠴᠠ ᠠᠮᠠᠷᠠᠭᠰᠠᠳ᠎ᠤᠨ ᠬᠠᠮᠢᠶᠠᠷᠤᠯᠲᠠ ᠵᠢᠨ ᠠᠵᠢᠯ᠎ᠢ ᠬᠠᠷᠢᠭᠤᠴᠠᠨ᠎ᠠ᠃

    ᠠᠵᠢᠯᠯᠠᠬᠤ ᠭᠠᠵᠠᠷ᠄ ᠬᠥᠬᠡᠬᠣᠲᠠ ᠵᠢᠨ ᠰᠠᠶ᠋ᠢᠬᠠᠨ ᠲᠣᠭᠣᠷᠢᠭ᠎ᠤᠨ ᠡᠮᠦᠨ᠎ᠡ ᠬᠣᠶᠠᠳᠤᠭ᠋ᠠᠷ ᠲᠣᠭᠣᠷᠢᠯ ᠵᠠᠮ᠎ᠤᠨ 11 ᠳ᠋ᠦ᠍ᠭᠡᠷ ᠨᠣᠮᠧᠷ

   ᠠᠵᠢᠯᠯᠠᠬᠤ ᠴᠠᠭ᠄ ᠠᠵᠢᠯᠯᠠᠬᠤ ᠡᠳᠦᠷ᠎ᠤᠨ 9᠄ 00 —12᠄ 00᠂ 14᠄ 00 —17᠄ 30

   ᠬᠠᠷᠢᠯᠴᠠᠬᠤ ᠠᠷᠭ᠎ᠠ᠄ 0471 — 4215866

   ᠬᠠᠷᠢᠭᠤᠴᠠᠯᠭ᠋ᠠᠲᠠᠨ᠄ ᠵᠤᠤ ᠳ᠋ᠠ ᠶᠦᠩ


ᠬᠠᠷᠢᠶ᠎ᠠ  ᠨᠢᠭᠡᠴᠢ᠄

  (ᠨᠢᠭᠡ) ᠥᠪᠥᠷ ᠮᠣᠩᠭᠣᠯ᠎ᠤᠨ ᠪᠠᠶ᠋ᠢᠭ᠋ᠠᠯᠢ ᠵᠢᠨ ᠮᠦᠽᠧᠶ (ᠥᠪᠥᠷ ᠮᠣᠩᠭᠣᠯ᠎ᠤᠨ ᠡᠷᠲᠡᠨ᠎ᠤ ᠠᠮᠢᠳᠤ ᠪᠣᠳᠠᠰ᠎ᠤᠨ ᠴᠢᠯᠠᠭᠤᠵᠢᠮᠠᠯ᠎ᠢ ᠬᠠᠮᠠᠭ᠋ᠠᠯᠠᠬᠤ ᠰᠤᠳᠤᠯᠭ᠋ᠠᠨ᠎ᠤ ᠭᠠᠵᠠᠷ᠎ᠤᠨ ᠫᠠᠶ᠋ᠢᠰᠠ ᠵᠢ ᠡᠯᠭᠦᠨ᠎ᠡ)᠃

  1 . ᠪᠠᠶ᠋ᠢᠭ᠋ᠠᠯᠢ ᠵᠢᠨ ᠥᠪ ᠬᠥᠷᠥᠩᠭᠡ ᠵᠢ ᠴᠤᠭᠯᠠᠭᠤᠯᠬᠤ᠂ ᠳᠠᠨᠵᠢᠯᠠᠬᠤ᠂ ᠳᠡᠯᠭᠡᠨ ᠦᠵᠡᠭᠦᠯᠬᠦ ᠪᠣᠳᠠᠲᠤ ᠵᠦᠢ᠍ᠯ᠎ᠢ ᠬᠠᠷᠢᠭᠤᠴᠠᠨ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠰᠢᠨᠵᠢᠯᠡᠬᠦ ᠤᠬᠠᠭ᠋ᠠᠨ᠎ᠤ ᠰᠤᠳᠤᠯᠤᠯ᠂ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠠᠵᠢᠯ ᠵᠢᠴᠢ ᠰᠤᠳᠤᠯᠤᠨ ᠰᠤᠷᠤᠯᠴᠠᠬᠤ ᠠᠵᠢᠯᠯᠠᠭ᠎ᠠ ᠵᠢ ᠥᠷᠨᠢᠭᠦᠯᠦᠨ᠎ᠡ᠃

  2 . ᠡᠷᠲᠡᠨ᠎ᠤ ᠠᠮᠢᠳᠤ ᠪᠣᠳᠠᠰ᠎ᠤᠨ ᠴᠢᠯᠠᠭᠤᠵᠢᠮᠠᠯ᠎ᠢ ᠪᠠᠶ᠋ᠢᠴᠠᠭ᠋ᠠᠬᠤ᠂ ᠮᠠᠯᠲᠠᠬᠤ᠂ ᠰᠤᠳᠤᠯᠬᠤ᠂ ᠬᠠᠮᠠᠭ᠋ᠠᠯᠠᠬᠤ ᠠᠵᠢᠯ᠎ᠢ ᠡᠭᠦᠷᠭᠡᠯᠡᠨ᠎ᠡ᠃

  3 . ᠦᠯᠢᠭᠡᠷ ᠵᠣᠬᠢᠶᠠᠬᠤ᠂ ᠬᠠᠳᠠᠭ᠋ᠠᠯᠠᠬᠤ᠂ ᠰᠤᠳᠤᠯᠬᠤ᠂ ᠰᠣᠯᠢᠯᠴᠠᠬᠤ᠂ ᠪᠡᠯᠡᠭᠯᠡᠨ ᠬᠦᠷᠭᠡᠬᠦ ᠵᠢ ᠬᠦᠯᠢᠶᠡᠨ ᠠᠪᠬᠤ ᠪᠠ ᠰᠢᠯᠵᠢᠭᠦᠯᠦᠨ ᠲᠤᠰᠢᠶᠠᠬᠤ ᠵᠢ ᠥᠷᠨᠢᠭᠦᠯᠬᠦ ᠵᠢᠨ ᠬᠠᠮᠲᠤ ᠲᠥᠷᠥᠯ ᠬᠤᠪᠢᠶᠠᠨ ᠬᠠᠮᠢᠶᠠᠷᠬᠤ ᠬᠡᠷᠡᠭᠲᠡᠶ᠃

   4 . ᠪᠠᠶ᠋ᠢᠩᠭᠤ ᠵᠢᠨ ᠦᠵᠡᠭᠦᠯᠭᠡ᠂ ᠲᠦᠷ ᠴᠠᠭ᠎ᠤᠨ ᠦᠵᠡᠭᠦᠯᠭᠡ ᠵᠢ ᠲᠥᠰᠦᠪᠯᠡᠨ ᠬᠡᠷᠡᠭᠵᠢᠭᠦᠯᠬᠦ ᠵᠢᠴᠢ ᠵᠢᠭᠡᠯᠡᠵᠦ ᠳᠡᠯᠭᠡᠨ ᠦᠵᠡᠭᠦᠯᠬᠦ᠂ ᠬᠠᠷᠢᠯᠴᠠᠨ ᠳᠡᠯᠭᠡᠨ ᠦᠵᠡᠭᠦᠯᠬᠦ ᠪᠠ ᠰᠣᠶᠣᠯ᠎ᠤᠨ ᠡᠭᠦᠳᠦᠨ ᠪᠦᠲᠦᠭᠡᠬᠦ ᠪᠦᠲᠦᠭᠡᠭᠳᠡᠬᠦᠨ᠎ᠢ ᠨᠡᠭᠡᠭᠡᠨ ᠬᠥᠭᠵᠢᠭᠦᠯᠬᠦ ᠠᠵᠢᠯ᠎ᠢ ᠬᠠᠷᠢᠭᠤᠴᠠᠨ᠎ᠠ᠃

  5 . ᠣᠯᠠᠨ ᠨᠡᠶ᠋ᠢᠲᠡ ᠵᠢᠨ ᠨᠡᠭᠡᠭᠡᠯᠲᠡ ᠬᠢᠬᠦ ᠵᠢ ᠵᠣᠬᠢᠶᠠᠨ ᠪᠠᠶ᠋ᠢᠭᠤᠯᠤᠨ ᠬᠡᠷᠡᠭᠵᠢᠭᠦᠯᠬᠦ ᠵᠢ ᠰᠠᠶ᠋ᠢᠲᠤᠷ ᠬᠢᠨ᠎ᠡ᠃ ᠨᠡᠶ᠋ᠢᠭᠡᠮ᠎ᠤᠨ ᠰᠤᠷᠭ᠋ᠠᠨ ᠬᠥᠮᠦᠵᠢᠯ᠎ᠢ ᠥᠷᠨᠢᠭᠦᠯᠵᠦ᠂ ᠬᠠᠮᠢᠶ᠎ᠠ ᠪᠦᠬᠦᠢ ᠮᠡᠳᠡᠯᠭᠡ ᠵᠢ ᠲᠦᠭᠡᠮᠡᠯᠵᠢᠭᠦᠯᠦᠨ᠎ᠡ᠃

  6 . ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠤᠨ ᠲᠤᠰᠢᠶᠠᠨ ᠭᠦᠢ᠍ᠴᠡᠳᠬᠡᠯᠭᠡᠬᠦ ᠪᠤᠰᠤᠳ ᠬᠠᠮᠢᠶ᠎ᠠ ᠪᠦᠬᠦᠢ ᠠᠵᠢᠯ᠎ᠢ ᠡᠭᠦᠷᠭᠡᠯᠡᠨ᠎ᠡ᠃

    ᠳᠣᠲᠣᠭ᠋ᠠᠳᠤ᠎ᠳᠠᠭᠠᠨ ᠵᠢᠩᠬᠢᠨᠢ ᠰᠠᠯᠠᠭ᠋ᠠᠨ᠎ᠤ ᠲᠠᠰ᠎ᠤᠨ ᠪᠠᠶ᠋ᠢᠭᠤᠯᠤᠮᠵᠢ 9 ᠪᠣᠶ᠄ ᠠᠯᠪᠠᠨ ᠬᠡᠷ᠂ ᠨᠠᠮ ᠪᠠ ᠣᠯᠠᠨ ᠲᠦᠮᠡᠨ᠎ᠤ ᠠᠵᠢᠯᠲᠠᠨ᠎ᠤ ᠬᠡᠯᠲᠡᠰ᠂ ᠬᠠᠳᠠᠭ᠋ᠠᠯᠠᠮᠠᠯ᠎ᠤᠨ ᠵᠦᠢ᠍ᠯᠡᠰ᠎ᠤᠨ ᠬᠠᠮᠢᠶᠠᠷᠤᠯᠲᠠ ᠵᠢᠨ ᠬᠡᠯᠲᠡᠰ᠂ ᠠᠮᠤᠷ᠎ᠢ ᠬᠠᠮᠠᠭ᠋ᠠᠯᠠᠬᠤ ᠬᠡᠯᠲᠡᠰ᠂ ᠮᠡᠳᠡᠭᠡ ᠵᠠᠩᠭᠢ ᠵᠢᠨ ᠦᠢ᠍ᠯᠡᠴᠢᠯᠡᠭᠡᠨ᠎ᠤ ᠬᠡᠯᠲᠡᠰ᠂ ᠳᠡᠯᠭᠡᠨ ᠦᠵᠡᠭᠦᠯᠬᠦ ᠬᠡᠯᠲᠡᠰ᠂ ᠰᠤᠳᠤᠯᠤᠨ ᠬᠠᠮᠠᠭ᠋ᠠᠯᠠᠬᠤ ᠬᠡᠯᠲᠡᠰ᠂ ᠠᠵᠢᠯᠯᠠᠭ᠋ᠠᠨ᠎ᠢ ᠬᠠᠮᠠᠭ᠋ᠠᠯᠠᠬᠤ ᠬᠡᠯᠲᠡᠰ᠂ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠰᠤᠷᠭ᠋ᠠᠨ ᠬᠥᠮᠦᠵᠢᠯ᠎ᠤᠨ ᠬᠡᠯᠲᠡᠰ᠃

    ᠠᠵᠢᠯᠯᠠᠬᠤ ᠭᠠᠵᠠᠷ᠄ ᠬᠥᠬᠡᠬᠣᠲᠠ ᠵᠢᠨ ᠰᠠᠶ᠋ᠢᠬᠠᠨ ᠲᠣᠭᠣᠷᠢᠭ᠎ᠤᠨ ᠡᠮᠦᠨ᠎ᠡ ᠬᠣᠶᠠᠳᠤᠭ᠋ᠠᠷ ᠴᠠᠭ᠋ᠠᠷᠢᠭ 13 ᠳ᠋ᠤᠭ᠋ᠠᠷ ᠨᠤᠮᠸᠷ

   ᠠᠵᠢᠯᠯᠠᠬᠤ ᠴᠠᠭ᠄ ᠠᠵᠢᠯᠯᠠᠬᠤ ᠡᠳᠦᠷ᠎ᠤᠨ 9᠄ 00 —17᠄ 30

   ᠦᠵᠡᠭᠦᠯᠭᠡ ᠨᠡᠭᠡᠭᠡᠬᠦ ᠴᠠᠭ᠄ 9᠄ 00 —17᠄ 00᠂ 16᠄ 00 ᠴᠠᠭ᠎ᠲᠤ ᠲᠠᠯᠠᠪᠤᠷ᠎ᠲᠤ ᠣᠷᠣᠬᠤ᠎ᠪᠠᠨ ᠵᠣᠭᠰᠣᠨ᠎ᠠ᠂ (ᠭᠠᠷᠠᠭ᠎ᠤᠨ ᠨᠢᠭᠡᠨ᠎ᠳᠤ ᠡᠭᠦᠳᠡ᠎ᠪᠠᠨ ᠬᠠᠭ᠋ᠠᠨ᠎ᠠ᠂ ᠪᠠᠶᠠᠷ ᠳᠤᠷᠠᠰᠬᠠᠯ ᠠᠮᠠᠷᠠᠯᠲᠠ ᠵᠢᠨ ᠡᠳᠦᠷ᠎ᠠᠴᠠ ᠭᠠᠳᠠᠨ᠎ᠠ)

   ᠬᠠᠷᠢᠯᠴᠠᠬᠤ ᠠᠷᠭ᠎ᠠ᠄ 0471 — 6381817

   ᠬᠠᠷᠢᠭᠤᠴᠠᠯᠭ᠋ᠠᠲᠠᠨ᠄ ᠯᠢ ᡁᠢ ᠢᠦᠶ

  (ᠬᠣᠶᠠᠷ) ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠤᠨ ᠶᠡᠷᠦᠩᠬᠡᠶ᠋ᠢᠯᠡᠭᠰᠡᠨ ᠪᠠᠲᠤᠯᠠᠭ᠎ᠠ ᠵᠢᠨ ᠲᠥᠪ

    1 . ᠲᠢᠩᠬᠢᠮ᠎ᠤᠨ ᠪᠠᠢ᠌ᠭᠤᠯᠭ᠎ᠠ ᠵᠢᠨ ᠨᠢᠭᠤᠴᠠ ᠵᠢ ᠬᠠᠮᠠᠭ᠋ᠠᠯᠠᠬᠤ᠂ ᠠᠯᠪᠠᠨ ᠪᠢᠴᠢᠭ᠎ᠤᠨ ᠠᠵᠢᠯᠯᠠᠭ᠋ᠠᠨ᠎ᠢ ᠵᠣᠬᠢᠶᠠᠨ ᠲᠠᠷᠬᠠᠭ᠋ᠠᠬᠤ ᠵᠡᠷᠭᠡ ᠬᠠᠪᠰᠤᠷᠤᠮᠵᠢ ᠠᠵᠢᠯ᠎ᠢ ᠡᠭᠦᠷᠭᠡᠯᠡᠨ᠎ᠡ; ᠲᠢᠩᠬᠢᠮ᠎ᠤᠨ ᠪᠠᠶ᠋ᠢᠭᠤᠯᠭ᠎ᠠ ᠵᠢᠨ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ᠂ ᠵᠠᠰᠠᠭ᠎ᠤᠨ ᠶᠠᠪᠤᠳᠠᠯ᠎ᠤᠨ ᠬᠦᠴᠦᠨ ᠴᠢᠳᠠᠪᠤᠷᠢ ᠵᠢ ᠪᠦᠷᠢᠳᠬᠡᠬᠦ ᠵᠡᠷᠭᠡ ᠬᠠᠪᠰᠤᠷᠤᠮᠵᠢ ᠠᠵᠢᠯ᠎ᠢ ᠡᠭᠦᠷᠭᠡᠯᠡᠨ᠎ᠡ; ᠲᠢᠩᠬᠢᠮ᠎ᠤᠨ ᠪᠠᠢ᠌ᠭᠤᠯᠭ᠎ᠠ ᠵᠢᠨ ᠰᠣᠨᠢᠨ ᠮᠡᠳᠡᠭᠡᠨ᠎ᠤ ᠤᠬᠠᠭᠤᠯᠭ᠎ᠠ᠂ ᠲᠡᠦᠬᠡ ᠣᠶ᠋ᠢᠯᠠᠯᠭ᠎ᠠ ᠵᠢᠨ ᠣᠨ᠎ᠤ ᠣᠶ᠋ᠢᠯᠠᠪᠤᠷᠢ ᠨᠠᠶ᠋ᠢᠷᠠᠭᠤᠯᠬᠤ᠂ ᠶᠠᠷᠢᠶ᠎ᠠ ᠬᠡᠯᠡᠯᠴᠡᠭᠡᠨ᠎ᠤ ᠪᠠᠶ᠋ᠢᠳᠠᠯ᠎ᠢ ᠬᠢᠨᠠᠨ ᠬᠡᠮᠵᠢᠬᠦ ᠵᠡᠷᠭᠡ ᠬᠠᠪᠰᠤᠷᠤᠮᠵᠢ ᠠᠵᠢᠯ᠎ᠢ ᠡᠭᠦᠷᠭᠡᠯᠡᠨ᠎ᠡ; ᠲᠢᠩᠬᠢᠮ᠎ᠤᠨ ᠪᠠᠶ᠋ᠢᠭᠤᠯᠭ᠎ᠠ ᠵᠢᠨ ᠤᠯᠠᠨ ᠲᠦᠮᠡᠨ᠎ᠤ ᠵᠠᠬᠢᠳᠠᠯ ᠰᠤᠷᠪᠤᠯᠵᠢᠯᠠᠭ᠎ᠠ ᠵᠢ ᠬᠦᠯᠢᠶᠡᠨ ᠠᠪᠬᠤ ᠵᠢᠴᠢ ᠵᠠᠬᠢᠳᠠᠯ ᠰᠤᠷᠪᠤᠯᠵᠢᠯᠠᠭ᠎ᠠ ᠵᠢᠨ ᠵᠦᠢ᠍ᠯᠡᠰ᠎ᠢ ᠰᠢᠢ᠍ᠳᠪᠦᠷᠢᠯᠡᠬᠦ ᠵᠡᠷᠭᠡ ᠲᠤᠰᠠᠯᠠᠬᠤ ᠠᠵᠢᠯ᠎ᠢ ᠡᠭᠦᠷᠭᠡᠯᠡᠨ᠎ᠡ᠃

   2 . ᠲᠢᠩᠬᠢᠮ᠎ᠤᠨ ᠪᠠᠢ᠌ᠭᠤᠯᠭ᠎ᠠ ᠵᠢᠨ ᠶᠡᠷᠦᠩᠬᠡᠶ᠋ᠢᠯᠡᠭᠰᠡᠨ ᠳᠠᠩᠰᠠ ᠡᠪᠬᠡᠮᠡᠯ᠎ᠢ ᠳᠠᠩᠰᠠ ᠡᠪᠬᠡᠮᠡᠯ᠎ᠳᠤ ᠣᠷᠣᠭᠤᠯᠬᠤ᠂ ᠲᠣᠭ᠋ᠠᠴᠢᠯᠠᠬᠤ ᠵᠢᠴᠢ ᠠᠰᠢᠭᠯᠠᠬᠤ ᠵᠡᠷᠭᠡ ᠠᠵᠢᠯ᠎ᠢ ᠬᠠᠷᠢᠭᠤᠴᠠᠨ᠎ᠠ; ᠲᠢᠩᠬᠢᠮ᠎ᠤᠨ ᠪᠠᠢ᠌ᠭᠤᠯᠭ᠎ᠠ ᠵᠢᠨ ᠲᠣᠭᠲᠠᠮᠠᠯ ᠬᠥᠷᠥᠩᠭᠡ ᠵᠢᠨ ᠬᠠᠮᠢᠶᠠᠷᠤᠯᠲᠠ ᠵᠡᠷᠭᠡ ᠠᠵᠢᠯ᠎ᠢ ᠬᠠᠷᠢᠭᠤᠴᠠᠨ᠎ᠠ; ᠪᠥᠬᠥ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠣᠭ᠎ᠠ ᠪᠠᠷᠢᠮᠲᠠ ᠵᠢ ᠴᠤᠭᠯᠠᠭᠤᠯᠬᠤ᠂ ᠡᠮᠬᠢᠯᠡᠨ ᠨᠡᠶ᠋ᠢᠯᠡᠭᠦᠯᠬᠦ ᠵᠡᠷᠭᠡ ᠠᠵᠢᠯ᠎ᠢ ᠥᠷᠨᠢᠭᠦᠯᠦᠨ᠎ᠡ; ᠲᠢᠩᠬᠢᠮ᠎ᠤᠨ ᠪᠠᠶ᠋ᠢᠭᠤᠯᠭ᠎ᠠ ᠵᠢᠨ 《ᠪᠠᠭᠤᠯᠭ᠋ᠠᠬᠤ᠂ ᠬᠠᠮᠢᠶᠠᠷᠬᠤ᠂ ᠦᠢ᠍ᠯᠡᠴᠢᠯᠡᠬᠦ》 ᠵᠡᠷᠭᠡ ᠲᠤᠰᠠᠯᠠᠬᠤ ᠠᠵᠢᠯ᠎ᠢ ᠡᠭᠦᠷᠭᠡᠯᠡᠨ᠎ᠡ; ᠵᠠᠰᠠᠭ᠎ᠤᠨ ᠶᠠᠪᠤᠳᠠᠯ᠎ᠤᠨ ᠶᠡᠬᠡ ᠲᠢᠩᠬᠢᠮ᠎ᠤᠨ ᠲᠤᠬᠠᠶ᠋ᠢᠯᠠᠭᠰᠠᠨ ᠠᠵᠢᠯ᠎ᠤᠨ ᠬᠠᠮᠢᠶᠠᠷᠤᠯᠲᠠ ᠵᠢᠨ ᠬᠠᠮᠢᠶ᠎ᠠ ᠪᠥᠬᠥᠶ ᠠᠵᠢᠯ᠎ᠢ ᠬᠠᠷᠢᠭᠤᠴᠠᠨ᠎ᠠ; ᠲᠢᠩᠬᠢᠮ᠎ᠤᠨ ᠪᠠᠶ᠋ᠢᠭᠤᠯᠭ᠎ᠠ ᠵᠢᠨ ᠰᠦᠯᠵᠢᠶ᠎ᠡ ᠵᠢᠴᠢ ᠦᠵᠦᠭᠦᠷᠯᠢᠭ᠎ᠲᠤ ᠠᠵᠢᠯᠯᠠᠭ᠋ᠠᠨ᠎ᠤ ᠪᠠᠲᠤᠯᠠᠭ᠎ᠠ ᠪᠠ ᠮᠡᠷᠭᠡᠵᠢᠯ᠎ᠤᠨ ᠲᠤᠯᠭ᠋ᠠᠭᠤᠷᠢᠯᠠᠯ ᠬᠠᠩᠭ᠋ᠠᠨ᠎ᠠ᠃

  3 . ᠲᠢᠩᠬᠢᠮ᠎ᠤᠨ ᠪᠠᠶ᠋ᠢᠭᠤᠯᠭ᠎ᠠ ᠵᠢᠨ ᠶᠠᠪᠤᠳᠠᠯ᠎ᠤᠨ ᠪᠠᠲᠤᠯᠠᠭ᠎ᠠ ᠵᠢᠨ ᠠᠵᠢᠯ᠎ᠢ ᠡᠭᠦᠷᠭᠡᠯᠡᠨ᠎ᠡ; ᠲᠢᠩᠬᠢᠮ᠎ᠤᠨ ᠪᠠᠶ᠋ᠢᠭᠤᠯᠭ᠎ᠠ ᠵᠢᠨ ᠶᠠᠪᠤᠳᠠᠯ᠎ᠤᠨ ᠠᠵᠢᠯ᠎ᠤᠨ ᠲᠦᠷᠢᠮ ᠲᠣᠭᠲᠠᠭ᠋ᠠᠯ᠎ᠢ ᠲᠤᠭᠤᠷᠪᠢᠨ ᠲᠣᠭᠲᠠᠭ᠋ᠠᠬᠤ ᠵᠢᠨ ᠬᠠᠮᠲᠤ ᠵᠣᠬᠢᠶᠠᠨ ᠪᠠᠶ᠋ᠢᠭᠤᠯᠵᠤ ᠬᠡᠷᠡᠭᠵᠢᠭᠦᠯᠦᠨ᠎ᠡ᠃

  4 . ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠤᠨ ᠲᠤᠰᠢᠶᠠᠨ ᠭᠦᠢ᠍ᠴᠡᠳᠬᠡᠯᠭᠡᠬᠦ ᠪᠤᠰᠤᠳ ᠬᠠᠮᠢᠶ᠎ᠠ ᠪᠦᠬᠦᠢ ᠠᠵᠢᠯ᠎ᠢ ᠡᠭᠦᠷᠭᠡᠯᠡᠨ᠎ᠡ᠃

    ᠳᠣᠲᠣᠭ᠋ᠠᠳᠤ ᠰᠠᠯᠠᠭ᠎ᠠ ᠵᠢᠨ ᠲᠠᠰ᠎ᠤᠨ ᠪᠠᠶ᠋ᠢᠭᠤᠯᠤᠮᠵᠢ 8᠄ ᠠᠯᠪᠠᠨ ᠬᠡᠷ᠂ ᠡᠳ᠋᠎ᠤᠨ ᠶᠠᠪᠤᠳᠠᠯ ᠬᠢᠭᠡᠳ ᠡᠳ᠋ ᠬᠥᠷᠥᠩᠭᠡ ᠵᠢᠨ ᠬᠠᠮᠢᠶᠠᠷᠤᠯᠲᠠ ᠵᠢᠨ ᠰᠠᠯᠠᠭ᠎ᠠ᠂ ᠬᠦᠴᠦᠨ ᠴᠢᠳᠠᠪᠤᠷᠢ ᠵᠢ ᠬᠢᠨᠠᠨ ᠰᠢᠨᠵᠢᠬᠦ ᠪᠠ ᠪᠠᠲᠤᠯᠠᠬᠤ ᠰᠠᠯᠠᠭ᠎ᠠ᠂ ᠨᠢᠭᠤᠴᠠ ᠴᠢᠬᠤᠯᠠ ᠲᠠᠩᠰᠠ ᠡᠪᠬᠡᠮᠡᠯ᠎ᠤᠨ ᠰᠠᠯᠠᠭ᠎ᠠ᠂ ᠤᠬᠠᠭᠤᠯᠬᠤ ᠰᠠᠯᠠᠭ᠎ᠠ (ᠰᠤᠷᠪᠤᠯᠵᠢᠯᠠᠭᠴᠢ ᠵᠢᠨ ᠥᠷᠲᠡᠭᠡ)᠂ ᠵᠠᠬᠢᠳᠠᠯ ᠰᠤᠷᠪᠤᠯᠵᠢᠯᠠᠯ᠎ᠤᠨ ᠰᠠᠯᠠᠭ᠎ᠠ᠂ ᠰᠦᠯᠵᠢᠶᠡᠨ᠎ᠤ ᠲᠣᠭ᠎ᠠ ᠪᠠᠷᠢᠮᠲᠠ ᠵᠢᠨ ᠰᠠᠯᠠᠭ᠎ᠠ᠂ ᠬᠡᠷᠡᠭ ᠶᠠᠪᠤᠳᠠᠯ᠎ᠤᠨ ᠪᠠᠲᠤᠯᠠᠭ᠎ᠠ ᠵᠢᠨ ᠰᠠᠯᠠᠭ᠎ᠠ᠃

     ᠠᠵᠢᠯᠯᠠᠬᠤ ᠭᠠᠵᠠᠷ᠄ ᠬᠥᠬᠡᠬᠣᠲᠠ ᠵᠢᠨ ᠰᠠᠶ᠋ᠢᠬᠠᠨ ᠲᠣᠭᠣᠷᠢᠭ᠎ᠤᠨ ᠡᠮᠦᠨ᠎ᠡ ᠬᠣᠶᠠᠳᠤᠭ᠋ᠠᠷ ᠲᠣᠭᠣᠷᠢᠯ ᠵᠠᠮ᠎ᠤᠨ 11 ᠳ᠋ᠦ᠍ᠭᠡᠷ ᠨᠣᠮᠧᠷ

   ᠠᠵᠢᠯᠯᠠᠬᠤ ᠴᠠᠭ᠄ ᠠᠵᠢᠯᠯᠠᠬᠤ ᠡᠳᠦᠷ᠎ᠤᠨ 9᠄ 00 —12᠄ 00᠂ 14᠄ 00 —17᠄ 30

   ᠬᠠᠷᠢᠯᠴᠠᠬᠤ ᠠᠷᠭ᠎ᠠ᠄ 0471 — 4216481

   ᠬᠠᠷᠢᠭᠤᠴᠠᠯᠭ᠋ᠠᠲᠠᠨ᠄ ᠸᠠᠩ ᠪᠢᠨ

   (ᠭᠤᠷᠪᠠ) ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠢ ᠬᠢᠨᠠᠨ ᠪᠠᠶ᠋ᠢᠴᠠᠭ᠋ᠠᠵᠤ ᠪᠠᠲᠤᠯᠠᠬᠤ ᠲᠥᠪ

  1 . ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠢ ᠬᠢᠨᠠᠨ ᠪᠠᠶ᠋ᠢᠴᠠᠭ᠋ᠠᠬᠤ ᠪᠠᠶ᠋ᠢᠭᠤᠯᠤᠮᠵᠢ ᠵᠢ ᠬᠠᠮᠵᠢᠨ ᠪᠥᠬᠥ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠢ ᠬᠠᠮᠢᠶᠠᠷᠬᠤ ᠪᠠ ᠠᠰᠢᠭᠯᠠᠭᠰᠠᠨ ᠪᠠᠶ᠋ᠢᠳᠠᠯ᠎ᠳᠤ ᠬᠢᠨᠠᠨ ᠪᠠᠶ᠋ᠢᠴᠠᠭ᠋ᠠᠯᠲᠠ ᠥᠷᠨᠢᠭᠦᠯᠦᠨ᠎ᠡ᠃

  2 . ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠵᠤᠷᠰᠢᠯᠲᠤ ᠬᠢᠨᠠᠨ ᠪᠠᠶ᠋ᠢᠴᠠᠭ᠋ᠠᠬᠤ᠂ ᠲᠤᠰᠬᠠᠶ ᠬᠢᠨᠠᠨ ᠪᠠᠶ᠋ᠢᠴᠠᠭ᠋ᠠᠬᠤ᠂ ᠲᠠᠰᠢᠷᠠᠮ ᠳᠠᠭ᠋ᠠᠤ ᠬᠢᠨᠠᠨ ᠪᠠᠶ᠋ᠢᠴᠠᠭ᠋ᠠᠬᠤ ᠵᠢᠨ ᠲᠤᠰᠠᠯᠠᠬᠤ ᠠᠵᠢᠯ᠎ᠢ ᠡᠭᠦᠷᠭᠡᠯᠡᠵᠦ᠂ ᠬᠢᠨᠠᠨ ᠪᠠᠶ᠋ᠢᠴᠠᠭ᠋ᠠᠬᠤ ᠲᠥᠯᠥᠪᠵᠢᠭᠦᠯᠭᠡ᠂ ᠣᠨ᠎ᠤ ᠲᠦᠯᠦᠪᠵᠢᠭᠦᠯᠭᠡ᠂ ᠬᠢᠨᠠᠨ ᠪᠠᠶ᠋ᠢᠴᠠᠭ᠋ᠠᠬᠤ ᠲᠥᠰᠦᠯ ᠵᠡᠷᠭᠡ ᠰᠠᠨᠠᠭᠤᠯᠭ᠎ᠠ ᠳᠤᠷᠠᠳᠤᠨ᠎ᠠ; ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠢ ᠬᠢᠨᠠᠨ ᠪᠠᠶ᠋ᠢᠴᠠᠭ᠋ᠠᠬᠤ ᠪᠠᠶ᠋ᠢᠭᠤᠯᠤᠮᠵᠢ ᠵᠢ ᠬᠠᠮᠵᠢᠨ ᠬᠢᠨᠠᠨ ᠪᠠᠶ᠋ᠢᠴᠠᠭ᠋ᠠᠭᠰᠠᠨ ᠮᠡᠳᠡᠭᠦᠯᠦᠯᠲᠡ᠂ ᠬᠢᠨᠠᠨ ᠪᠠᠶ᠋ᠢᠴᠠᠭ᠋ᠠᠭᠰᠠᠨ ᠪᠠᠶ᠋ᠢᠳᠠᠯ᠎ᠢ ᠬᠠᠷᠢᠭᠤ ᠲᠤᠰᠬᠠᠬᠤ ᠵᠡᠷᠭᠡ ᠬᠠᠮᠢᠶ᠎ᠠ ᠪᠥᠬᠥᠶ ᠠᠵᠢᠯ᠎ᠢ ᠪᠡᠶᠡᠯᠡᠭᠦᠯᠦᠨ᠎ᠡ᠃

   3 . ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠢ ᠬᠢᠨᠠᠨ ᠪᠠᠶ᠋ᠢᠴᠠᠭ᠋ᠠᠬᠤ ᠪᠠᠶ᠋ᠢᠭᠤᠯᠤᠮᠵᠢ ᠵᠢ ᠬᠠᠮᠵᠢᠨ ᠬᠢᠨᠠᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠵᠤ ᠨᠠᠶ᠋ᠢᠳᠠᠪᠤᠷᠢᠵᠢᠭᠤᠯᠬᠤ ᠠᠵᠢᠯ᠎ᠢ ᠥᠷᠨᠢᠭᠦᠯᠵᠦ᠂ ᠴᠡᠭᠴᠡᠯᠡᠨ ᠰᠠᠶ᠋ᠢᠵᠢᠷᠠᠭᠤᠯᠬᠤ ᠲᠥᠰᠦᠯ᠂ ᠰᠡᠷᠡᠮᠵᠢᠯᠡᠭᠦᠯᠦᠨ ᠪᠣᠯᠵᠣᠨ ᠶᠠᠷᠢᠯᠴᠠᠬᠤ ᠵᠡᠷᠭᠡ ᠠᠵᠢᠯ᠎ᠤᠨ ᠰᠠᠨᠠᠭᠤᠯᠭ᠎ᠠ ᠵᠢ ᠳᠤᠷᠠᠳᠴᠤ᠂ ᠬᠢᠨᠠᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠬᠤ ᠡᠭᠦᠷᠭᠡ ᠵᠢ ᠨᠠᠶ᠋ᠢᠳᠠᠪᠤᠷᠢᠵᠢᠭᠤᠯᠬᠤ᠎ᠳᠤ ᠲᠤᠬᠠᠶ᠋ᠢᠯᠠᠭᠰᠠᠨ ᠠᠵᠢᠯ᠎ᠤᠨ ᠪᠠᠲᠤᠯᠠᠭ᠎ᠠ ᠬᠠᠩᠭ᠋ᠠᠨ᠎ᠠ᠃

  4 . ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠢ ᠬᠢᠨᠠᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠤᠭᠰᠠᠨ ᠦᠷ᠎ᠡ ᠪᠦᠲᠦᠮᠵᠢ ᠵᠢ ᠦᠨᠡᠯᠡᠨ ᠵᠢᠱ᠌ᠢᠬᠦ ᠵᠢ ᠡᠭᠦᠷᠭᠡᠯᠡᠵᠦ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠬᠠᠮᠢᠶᠠᠷᠤᠯᠲᠠ ᠵᠢᠨ ᠲᠥᠷᠥ ᠵᠢᠨ ᠪᠣᠳᠣᠯᠭ᠎ᠠ ᠪᠠ ᠬᠢᠨᠠᠨ ᠪᠠᠶ᠋ᠢᠴᠠᠭ᠋ᠠᠬᠤ ᠲᠦᠷᠢᠮ᠎ᠤᠨ ᠪᠠᠶ᠋ᠢᠭᠤᠯᠤᠯᠲᠠ ᠵᠢ ᠲᠡᠭᠦᠯᠳᠡᠷᠵᠢᠭᠦᠯᠬᠦ ᠰᠠᠨᠠᠭᠤᠯᠭ᠎ᠠ ᠳᠤᠷᠠᠳᠤᠨ᠎ᠠ᠃

  5 . ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠤᠨ ᠲᠤᠰᠢᠶᠠᠨ ᠭᠦᠢ᠍ᠴᠡᠳᠬᠡᠯᠭᠡᠬᠦ ᠪᠤᠰᠤᠳ ᠬᠠᠮᠢᠶ᠎ᠠ ᠪᠦᠬᠦᠢ ᠠᠵᠢᠯ᠎ᠢ ᠡᠭᠦᠷᠭᠡᠯᠡᠨ᠎ᠡ᠃

     ᠳᠣᠲᠣᠭ᠋ᠠᠳᠤ᠎ᠳᠠᠭᠠᠨ ᠵᠢᠩᠬᠢᠨᠢ ᠰᠠᠯᠠᠭ᠋ᠠᠨ᠎ᠤ ᠲᠠᠰ᠎ᠤᠨ ᠪᠠᠶ᠋ᠢᠭᠤᠯᠤᠮᠵᠢ 7 ᠪᠣᠶ᠄ ᠠᠯᠪᠠᠨ ᠬᠡᠷ᠂ ᠶᠡᠷᠦᠩᠬᠡᠶ᠋ᠢᠯᠡᠭᠰᠡᠨ ᠲᠠᠰᠤᠭ᠂ ᠬᠢᠨᠠᠨ ᠪᠠᠶ᠋ᠢᠴᠠᠭ᠋ᠠᠵᠤ ᠪᠠᠲᠤᠯᠠᠬᠤ ᠨᠢᠭᠡᠳᠦᠭᠡᠷ ᠲᠠᠰᠤᠭ᠂ ᠬᠢᠨᠠᠨ ᠪᠠᠶ᠋ᠢᠴᠠᠭ᠋ᠠᠵᠤ ᠪᠠᠲᠤᠯᠠᠬᠤ ᠬᠣᠶᠠᠳᠤᠭ᠋ᠠᠷ ᠲᠠᠰᠤᠭ᠂ ᠬᠢᠨᠠᠨ ᠪᠠᠶ᠋ᠢᠴᠠᠭ᠋ᠠᠵᠤ ᠪᠠᠲᠤᠯᠠᠬᠤ ᠭᠤᠷᠪᠠᠳᠤᠭ᠋ᠠᠷ ᠲᠠᠰᠤᠭ᠂ ᠬᠢᠨᠠᠨ ᠪᠠᠶ᠋ᠢᠴᠠᠭ᠋ᠠᠵᠤ ᠪᠠᠲᠤᠯᠠᠬᠤ ᠳᠥᠷᠪᠡᠳᠦᠭᠡᠷ ᠲᠠᠰᠤᠭ᠂ ᠬᠢᠨᠠᠨ ᠪᠠᠶ᠋ᠢᠴᠠᠭ᠋ᠠᠵᠤ ᠪᠠᠲᠤᠯᠠᠬᠤ ᠲᠠᠪᠤᠳᠤᠭ᠋ᠠᠷ ᠲᠠᠰᠤᠭ᠃

    ᠠᠵᠢᠯᠯᠠᠬᠤ ᠭᠠᠵᠠᠷ᠄ ᠬᠥᠬᠡᠬᠣᠲᠠ ᠵᠢᠨ ᠰᠠᠶ᠋ᠢᠬᠠᠨ ᠲᠣᠭᠣᠷᠢᠭ᠎ᠤᠨ ᠡᠮᠦᠨ᠎ᠡ ᠬᠣᠶᠠᠳᠤᠭ᠋ᠠᠷ ᠲᠣᠭᠣᠷᠢᠯ ᠵᠠᠮ᠎ᠤᠨ 11 ᠳ᠋ᠦ᠍ᠭᠡᠷ ᠨᠣᠮᠧᠷ

   ᠠᠵᠢᠯᠯᠠᠬᠤ ᠴᠠᠭ᠄ ᠠᠵᠢᠯᠯᠠᠬᠤ ᠡᠳᠦᠷ᠎ᠤᠨ 9᠄ 00 —12᠄ 00᠂ 14᠄ 00 —17᠄ 30

   ᠬᠠᠷᠢᠯᠴᠠᠬᠤ ᠠᠷᠭ᠎ᠠ᠄ 0471— 4215915

   ᠬᠠᠷᠢᠭᠤᠴᠠᠯᠭ᠋ᠠᠲᠠᠨ᠄ ᠰᠤ᠌ ᠰᠢᠤᠸᠠᠢ ᠵᠢᠶᠧ

   (ᠳᠥᠷᠪᠡ) ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠢ ᠬᠠᠮᠠᠭ᠋ᠠᠯᠠᠬᠤ ᠪᠠ ᠠᠰᠢᠭᠯᠠᠬᠤ ᠰᠤᠳᠤᠯᠬᠤ ᠲᠦᠪ

  1 . ᠪᠠᠶ᠋ᠢᠭ᠋ᠠᠯᠢ ᠵᠢᠨ ᠡᠬᠢ ᠪᠠᠶᠠᠯᠢᠭ᠎ᠤᠨ ᠬᠥᠭᠵᠢᠯᠲᠡ ᠵᠢᠨ ᠪᠠᠶ᠋ᠢᠯᠳᠤᠬᠤ ᠪᠣᠳᠣᠯᠭ᠎ᠠ᠂ ᠤᠷᠲᠤᠪᠲᠤᠷ ᠪᠠ ᠣᠷᠳᠣ ᠬᠤᠭᠤᠴᠠᠭ᠋ᠠᠨ᠎ᠤ ᠲᠥᠯᠥᠪᠵᠢᠭᠦᠯᠭᠡ᠂ ᠴᠢᠬᠤᠯᠠ ᠥᠭᠡᠷᠡᠴᠢᠯᠡᠯᠲᠡ ᠵᠢᠨ ᠵᠦᠢ᠍ᠯᠡᠰ ᠵᠡᠷᠭᠡ ᠰᠠᠭᠤᠷᠢ ᠴᠢᠨᠠᠷᠲᠠᠶ᠂ ᠪᠥᠬᠥ ᠲᠠᠯ᠎ᠠ ᠵᠢᠨ ᠴᠢᠨᠠᠷᠲᠠᠶ᠂ ᠶᠡᠷᠦᠩᠬᠡᠶ᠋ᠢᠯᠡᠭᠰᠡᠨ ᠴᠢᠨᠠᠷᠲᠠᠶ᠂ ᠣᠷᠳᠣ ᠬᠤᠭᠤᠴᠠᠭ᠋ᠠᠲᠤ ᠴᠢᠨᠠᠷᠲᠠᠶ᠂ ᠪᠠᠷᠠᠯᠠᠯᠲᠦ ᠴᠢᠨᠠᠷᠲᠠᠶ ᠵᠢᠴᠢ ᠴᠢᠬᠤᠯᠠ ᠶᠡᠬᠡ ᠠᠰᠠᠭᠤᠳᠠᠯ᠎ᠤᠨ ᠰᠤᠳᠤᠯᠭ᠋ᠠᠨ᠎ᠢ ᠥᠷᠨᠢᠭᠦᠯᠦᠨ᠎ᠡ᠃

  2 . ᠪᠠᠶ᠋ᠢᠭ᠋ᠠᠯᠢ ᠵᠢᠨ ᠡᠬᠢ ᠪᠠᠶᠠᠯᠢᠭ᠎ᠢ ᠬᠠᠮᠠᠭ᠋ᠠᠯᠠᠬᠤ᠂ ᠠᠰᠢᠭᠯᠠᠬᠤ ᠪᠠ ᠡᠷᠬᠡ ᠠᠰᠢᠭ᠎ᠤᠨ ᠲᠥᠷᠥ ᠵᠢᠨ ᠪᠣᠳᠣᠯᠭ᠎ᠠ ᠵᠢᠨ ᠰᠤᠳᠤᠯᠤᠯ᠎ᠢ ᠥᠷᠨᠢᠭᠦᠯᠦᠨ᠎ᠡ᠃

  3 . ᠪᠠᠶ᠋ᠢᠭ᠋ᠠᠯᠢ ᠵᠢᠨ ᠡᠬᠢ ᠪᠠᠶᠠᠯᠢᠭ᠎ᠤᠨ ᠬᠦᠷᠢᠶᠡᠨ᠎ᠳᠠᠬᠢ ᠰᠠᠭᠤᠷᠢ ᠰᠢᠨᠵᠢᠯᠡᠬᠦ ᠤᠬᠠᠭ᠋ᠠᠨ᠂ ᠬᠠᠮᠢᠶᠠᠷᠤᠯᠲᠠ ᠵᠢᠨ ᠠᠷᠭ᠎ᠠ ᠵᠡᠷᠭᠡ ᠡᠷᠳᠡᠮ ᠰᠢᠨᠵᠢᠯᠡᠭᠡᠨ᠎ᠤ ᠰᠤᠳᠤᠯᠭ᠋ᠠᠨ ᠬᠢᠭᠡᠳ ᠰᠣᠯᠢᠯᠴᠠᠭ᠎ᠠ ᠬᠠᠮᠲᠤᠷᠠᠯᠴᠠᠭ᠎ᠠ ᠵᠢ ᠥᠷᠨᠢᠭᠦᠯᠦᠨ᠎ᠡ᠃

  4 . ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠤᠨ ᠲᠤᠰᠢᠶᠠᠨ ᠭᠦᠢ᠍ᠴᠡᠳᠬᠡᠯᠭᠡᠬᠦ ᠪᠤᠰᠤᠳ ᠬᠠᠮᠢᠶ᠎ᠠ ᠪᠦᠬᠦᠢ ᠠᠵᠢᠯ᠎ᠢ ᠡᠭᠦᠷᠭᠡᠯᠡᠨ᠎ᠡ᠃

   ᠳᠣᠲᠣᠭ᠋ᠠᠳᠤ᠎ᠳᠠᠭᠠᠨ ᠵᠢᠩᠬᠢᠨᠢ ᠰᠠᠯᠠᠭ᠋ᠠᠨ᠎ᠤ ᠲᠠᠰ᠎ᠤᠨ ᠪᠠᠶ᠋ᠢᠭᠤᠯᠤᠮᠵᠢ 6 ᠪᠣᠶ᠄ ᠠᠯᠪᠠᠨ ᠬᠡᠷ᠂ ᠪᠠᠶ᠋ᠢᠯᠳᠤᠬᠤ ᠪᠣᠳᠣᠯᠭ᠎ᠠ ᠵᠢᠨ ᠲᠥᠯᠥᠪᠵᠢᠭᠦᠯᠭᠡ ᠰᠤᠳᠤᠯᠬᠤ ᠲᠠᠰᠤᠭ᠂ ᠶᠡᠷᠦᠩᠬᠡᠶ᠋ᠢᠯᠡᠭᠰᠡᠨ ᠥᠭᠡᠷᠡᠴᠢᠯᠡᠯᠲᠡ ᠪᠠ ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ ᠰᠤᠳᠤᠯᠬᠤ ᠲᠠᠰᠤᠭ᠂ ᠨᠡᠭᠡᠭᠡᠨ ᠬᠥᠭᠵᠢᠭᠦᠯᠵᠦ ᠠᠰᠢᠭᠯᠠᠬᠤ ᠰᠤᠳᠤᠯᠬᠤ ᠲᠠᠰᠤᠭ᠂ ᠬᠠᠮᠠᠭ᠋ᠠᠯᠠᠯᠲᠠ ᠬᠢᠨᠠᠯᠲᠠ ᠬᠠᠮᠢᠶᠠᠷᠤᠯᠲᠠ ᠵᠢᠨ ᠰᠤᠳᠤᠯᠬᠤ ᠲᠠᠰᠤᠭ᠂ ᠬᠠᠮᠲᠤᠷᠠᠯᠴᠠᠭ᠎ᠠ ᠰᠣᠯᠢᠯᠴᠠᠭ᠋ᠠᠨ᠎ᠤ ᠬᠡᠯᠲᠡᠰ᠃

    ᠠᠵᠢᠯᠯᠠᠬᠤ ᠭᠠᠵᠠᠷ᠄ ᠬᠥᠬᠡᠬᠣᠲᠠ ᠵᠢᠨ ᠰᠠᠶ᠋ᠢᠬᠠᠨ ᠲᠣᠭᠣᠷᠢᠭ᠎ᠤᠨ ᠡᠮᠦᠨ᠎ᠡ ᠬᠣᠶᠠᠳᠤᠭ᠋ᠠᠷ ᠲᠤᠭᠤᠷᠢᠯ ᠵᠠᠮ᠎ᠤᠨ 11 ᠳ᠋ᠦ᠍ᠭᠡᠷ ᠨᠤᠮᠸᠷ

   ᠠᠵᠢᠯᠯᠠᠬᠤ ᠴᠠᠭ᠄ ᠠᠵᠢᠯᠯᠠᠬᠤ ᠡᠳᠦᠷ᠎ᠤᠨ 9᠄ 00 —12᠄ 00᠂ 14᠄ 00 —17᠄ 30

   ᠬᠠᠷᠢᠯᠴᠠᠬᠤ ᠠᠷᠭ᠎ᠠ᠄ 0471 — 4216415

   ᠬᠠᠷᠢᠭᠤᠴᠠᠯᠭ᠋ᠠᠲᠠᠨ᠄ ᠵᠠᠩ ᠮᠧᠶ

  (ᠲᠠᠪᠤ) ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠡᠮᠵᠢᠨ ᠵᠢᠷᠤᠬᠤ ᠭᠠᠵᠠᠷ ᠵᠦᠶ ᠵᠢᠨ ᠮᠡᠳᠡᠭᠡ ᠵᠠᠩᠭᠢ ᠵᠢᠨ ᠲᠥᠪ

   1 . ᠪᠥᠬᠥ ᠣᠷᠣᠨ᠎ᠤ ᠬᠡᠮᠵᠢᠨ ᠵᠢᠷᠤᠬᠤ ᠰᠠᠭᠤᠷᠢ ᠪᠠᠷᠢᠮᠵᠢᠶ᠎ᠠ ᠪᠠ ᠬᠡᠮᠵᠢᠨ ᠵᠢᠷᠤᠬᠤ ᠰᠢᠰᠲ᠋ᠧᠮ᠎ᠢ ᠪᠠᠶ᠋ᠢᠭᠤᠯᠬᠤ ᠪᠠ ᠬᠠᠮᠠᠭ᠋ᠠᠯᠠᠬᠤ᠂ ᠭᠠᠵᠠᠷ ᠵᠦᠶ ᠵᠢᠨ ᠰᠠᠭᠤᠷᠢ ᠮᠡᠳᠡᠭᠡ ᠵᠠᠩᠭᠢ ᠵᠢᠨ ᠲᠣᠭ᠎ᠠ ᠪᠠᠷᠢᠮᠲᠠ ᠵᠢ ᠴᠤᠭᠯᠠᠭᠤᠯᠬᠤ ᠪᠠ ᠰᠢᠨᠡᠳᠬᠡᠬᠦ᠂ ᠭᠠᠵᠠᠷ ᠵᠦᠶ ᠵᠢᠨ ᠰᠠᠭᠤᠷᠢ ᠮᠡᠳᠡᠭᠡ ᠵᠠᠩᠭᠢ ᠵᠢᠨ ᠲᠣᠭ᠎ᠠ ᠪᠠᠷᠢᠮᠲᠠ ᠵᠢᠨ ᠦᠢ᠍ᠯᠡᠴᠢᠯᠡᠭᠡᠨ᠎ᠤ ᠲᠠᠪᠴᠠᠩ᠎ᠢ ᠲᠥᠯᠥᠪᠵᠢᠭᠦᠯᠬᠦ ᠵᠢᠴᠢ ᠲᠣᠭ᠎ᠠ ᠪᠠᠷᠢᠮᠲᠠ ᠵᠢᠨ ᠦᠢ᠍ᠯᠡᠴᠢᠯᠡᠭᠡ ᠬᠢᠭᠡᠳ ᠬᠡᠷᠡᠭᠯᠡᠯᠲᠡ᠂ ᠠᠭ᠋ᠠᠷ᠎ᠤᠨ ᠠᠶᠠᠯᠠᠯ᠎ᠤᠨ ᠬᠡᠷᠡᠯ ᠵᠢᠷᠤᠭ ᠬᠡᠮᠵᠢᠯᠲᠡ ᠬᠢᠭᠡᠳ ᠠᠯᠤᠰ ᠰᠡᠷᠡᠯ᠂ ᠪᠣᠳᠠᠲᠤ ᠦᠵᠡᠮᠵᠢ ᠵᠢᠨ ᠭᠤᠷᠪᠠᠨ ᠬᠡᠮᠵᠢᠯ᠂ ᠭᠠᠵᠠᠷ᠎ᠤᠨ ᠵᠢᠷᠤᠭ ᠨᠠᠶ᠋ᠢᠷᠠᠭᠤᠯᠤᠨ ᠵᠣᠬᠢᠶᠠᠬᠤ ᠵᠡᠷᠭᠡ ᠰᠠᠭᠤᠷᠢ ᠬᠡᠮᠵᠢᠨ ᠵᠢᠷᠤᠬᠤ ᠵᠢ ᠬᠡᠷᠡᠭᠵᠢᠭᠦᠯᠬᠦ ᠠᠵᠢᠯ᠎ᠢ ᠡᠭᠦᠷᠭᠡᠯᠡᠬᠦ ᠵᠢᠨ ᠬᠠᠮᠲᠤ ᠮᠡᠷᠭᠡᠵᠢᠯ᠎ᠤᠨ ᠲᠤᠯᠭ᠋ᠠᠭᠤᠷᠢᠯᠠᠯ ᠬᠠᠩᠭ᠋ᠠᠨ᠎ᠠ; ᠪᠥᠬᠥ ᠣᠷᠣᠨ᠎ᠤ ᠭᠠᠵᠠᠷ᠎ᠤᠨ ᠵᠢᠷᠤᠭ᠎ᠤᠨ ᠬᠡᠪᠯᠡᠯ᠎ᠤᠨ ᠬᠢᠨᠠᠨ ᠪᠠᠶ᠋ᠢᠴᠠᠭ᠋ᠠᠯᠲᠠ᠎ᠳᠤ ᠮᠡᠷᠭᠡᠵᠢᠯ᠎ᠤᠨ ᠲᠤᠯᠭ᠋ᠠᠭᠤᠷᠢᠯᠠᠯ ᠬᠠᠩᠭ᠋ᠠᠬᠤ ᠠᠵᠢᠯ᠎ᠢ ᠡᠭᠦᠷᠭᠡᠯᠡᠨ᠎ᠡ;

   2 . ᠪᠦᠬᠦ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠰᠠᠭᠤᠷᠢ ᠪᠠᠶ᠋ᠢᠴᠠᠭ᠋ᠠᠯᠲᠠ᠂ ᠬᠤᠪᠢᠷᠠᠯᠲᠠ ᠵᠢᠨ ᠪᠠᠶ᠋ᠢᠴᠠᠭ᠋ᠠᠯᠲᠠ᠂ ᠲᠤᠰᠬᠠᠶ ᠵᠦᠢ᠍ᠯ᠎ᠤᠨ ᠪᠠᠶ᠋ᠢᠴᠠᠭ᠋ᠠᠯᠲᠠ᠂ ᠬᠥᠳᠡᠯᠦᠯ ᠪᠠᠶ᠋ᠢᠳᠠᠯ᠎ᠤᠨ ᠬᠢᠨᠠᠨ ᠬᠡᠮᠵᠢᠯᠲᠡ᠂ ᠭᠠᠵᠠᠷ ᠵᠦᠶ ᠵᠢᠨ ᠤᠯᠤᠰ᠎ᠤᠨ ᠪᠠᠶ᠋ᠢᠳᠠᠯ᠎ᠤᠨ ᠬᠢᠨᠠᠨ ᠬᠡᠮᠵᠢᠯᠲᠡ ᠪᠣᠯᠤᠨ ᠵᠠᠳᠠᠯᠤᠯᠲᠠ ᠦᠨᠡᠯᠡᠯᠲᠡ ᠵᠢᠨ ᠮᠡᠷᠭᠡᠵᠢᠯ᠎ᠤᠨ ᠲᠤᠯᠭ᠋ᠠᠭᠤᠷᠢᠯᠠᠬᠤ ᠠᠵᠢᠯ᠎ᠢ ᠡᠭᠦᠷᠭᠡᠯᠡᠨ᠎ᠡ;

  3 . ᠪᠦᠬᠦ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ ᠪᠠ ᠦᠯᠦ ᠬᠥᠳᠡᠯᠬᠦ ᠬᠥᠷᠥᠩᠭᠡ ᠵᠢᠨ ᠡᠷᠬᠡ ᠵᠢ ᠨᠢᠭᠡᠳᠦᠯᠲᠡᠶ ᠨᠤᠲᠠᠯᠠᠨ ᠲᠣᠭᠲᠠᠭ᠋ᠠᠵᠤ ᠳᠠᠩᠰᠠᠯᠠᠬᠤ᠂ ᠡᠷᠬᠡ ᠵᠢᠨ ᠬᠠᠷᠢᠶ᠎ᠠ ᠵᠢ ᠪᠠᠶ᠋ᠢᠴᠠᠭ᠋ᠠᠬᠤ᠂ ᠦᠯᠦ ᠬᠥᠳᠡᠯᠬᠦ ᠬᠥᠷᠥᠩᠭᠡ ᠵᠢ ᠬᠡᠮᠵᠢᠨ ᠵᠢᠷᠤᠬᠤ᠂ ᠡᠷᠬᠡ ᠵᠢᠨ ᠬᠠᠷᠢᠶ᠎ᠠ ᠵᠢᠨ ᠮᠠᠷᠭᠤᠯᠳᠤᠭ᠋ᠠᠨ᠎ᠢ ᠵᠣᠬᠢᠴᠠᠭᠤᠯᠤᠨ ᠰᠢᠢ᠍ᠳᠪᠦᠷᠢᠯᠡᠬᠦ ᠮᠡᠷᠭᠡᠵᠢᠯ᠎ᠤᠨ ᠲᠤᠯᠭ᠋ᠠᠭᠤᠷᠢᠯᠠᠬᠤ ᠠᠵᠢᠯ᠎ᠢ ᠡᠭᠦᠷᠭᠡᠯᠡᠨ᠎ᠡ;

  4 . ᠪᠦᠬᠦ ᠣᠷᠣᠨ᠎ᠤ ᠳᠠᠭ᠋ᠠᠭᠤᠯᠢ ᠣᠳᠣᠨ᠎ᠤ ᠬᠡᠷᠡᠭᠯᠡᠭᠡᠨ᠎ᠤ ᠮᠡᠷᠭᠡᠵᠢᠯ᠎ᠤᠨ ᠦᠢ᠍ᠯᠡᠴᠢᠯᠡᠭᠡ ᠪᠣᠯᠤᠨ ᠪᠠᠴᠢᠮ ᠪᠠᠶ᠋ᠢᠳᠠᠯ᠎ᠢ ᠠᠷᠭ᠋ᠠᠴᠠᠵᠤ ᠬᠡᠮᠵᠢᠨ ᠵᠢᠷᠤᠬᠤ ᠪᠠᠲᠤᠯᠠᠭ᠎ᠠ ᠵᠢᠨ ᠮᠡᠷᠭᠡᠵᠢᠯ᠎ᠤᠨ ᠲᠤᠯᠭ᠋ᠠᠭᠤᠷᠢᠯᠠᠬᠤ ᠠᠵᠢᠯ᠎ᠢ ᠡᠭᠦᠷᠭᠡᠯᠡᠨ᠎ᠡ; 

   5 . ᠥᠪᠡᠷᠲᠡᠭᠡᠨ ᠵᠠᠰᠠᠬᠤ ᠣᠷᠣᠨ᠎ᠤ ᠳᠣᠬᠢᠭᠤᠷ ᠳᠣᠯᠣᠭ᠋ᠠᠨ ᠣᠳᠣ ᠠᠶᠠᠯᠠᠯ ᠵᠠᠯᠠᠬᠤ ᠰᠠᠭᠤᠷᠢ ᠪᠠᠷᠢᠮᠵᠢᠶᠠᠲᠤ ᠦᠢ᠍ᠯᠡᠴᠢᠯᠡᠭᠡᠨ᠎ᠤ ᠰᠢᠰᠲ᠋ᠧᠮ᠎ᠤᠨ ᠪᠦᠲᠦᠭᠡᠨ ᠪᠠᠶ᠋ᠢᠭᠤᠯᠤᠯᠲᠠ᠂ ᠬᠠᠮᠠᠭ᠋ᠠᠯᠠᠯᠲᠠ᠂ ᠬᠡᠷᠡᠭᠯᠡᠯᠲᠡ ᠪᠠ ᠬᠡᠮᠵᠢᠯᠲᠡ ᠵᠢᠨ ᠲᠡᠮᠳᠡᠭ᠎ᠤᠨ ᠨᠡᠶ᠋ᠢᠳᠡᠮ ᠪᠠᠶ᠋ᠢᠴᠠᠭ᠋ᠠᠯᠲᠠ᠂ ᠬᠠᠮᠠᠭ᠋ᠠᠯᠠᠯᠲᠠ ᠵᠢᠨ ᠠᠵᠢᠯ᠎ᠢ ᠡᠭᠦᠷᠭᠡᠯᠡᠨ᠎ᠡ;

  6 . ᠪᠥᠬᠥ ᠣᠷᠣᠨ᠎ᠤ ᠬᠡᠮᠵᠢᠨ ᠵᠢᠷᠤᠭᠯᠠᠬᠤ ᠭᠠᠵᠠᠷ ᠵᠦᠶ ᠵᠢᠨ ᠮᠡᠳᠡᠭᠡ ᠵᠠᠩᠭᠢ᠂ ᠪᠠᠶ᠋ᠢᠭ᠋ᠠᠯᠢ ᠵᠢᠨ ᠡᠬᠢ ᠪᠠᠶᠠᠯᠢᠭ᠎ᠢ ᠪᠠᠶ᠋ᠢᠴᠠᠭ᠋ᠠᠵᠤ ᠬᠢᠨᠠᠨ ᠰᠢᠨᠵᠢᠵᠦ ᠦᠨᠡᠯᠡᠬᠦ᠂ ᠡᠷᠬᠡ ᠵᠢ ᠨᠢᠭᠡᠳᠦᠯᠲᠡᠶ ᠨᠤᠲᠠᠯᠠᠨ ᠲᠣᠭᠲᠠᠭ᠋ᠠᠵᠤ ᠳᠡᠩᠰᠡᠯᠡᠨ ᠲᠡᠮᠳᠡᠭᠯᠡᠬᠦ ᠵᠡᠷᠭᠡ ᠦᠷ᠎ᠡ ᠪᠦᠲᠦᠭᠡᠯ᠎ᠢ ᠬᠤᠷᠢᠶᠠᠩᠭᠤᠶ᠋ᠢᠯᠠᠨ ᠲᠤᠰᠢᠶᠠᠬᠤ ᠪᠠ ᠲᠠᠩᠰᠠ ᠡᠪᠬᠡᠮᠡᠯ᠎ᠤᠨ ᠮᠠᠲ᠋ᠧᠷᠢᠶᠠᠯ᠎ᠤᠨ ᠬᠠᠮᠢᠶᠠᠷᠤᠯᠲᠠ ᠵᠢᠨ ᠠᠵᠢᠯ᠎ᠢ ᠡᠭᠦᠷᠭᠡᠯᠡᠬᠦ ᠵᠢᠨ ᠬᠠᠮᠲᠤ᠂ ᠲᠡᠭᠦᠨ᠎ᠢ ᠬᠡᠷᠡᠭᠯᠡᠬᠦ ᠪᠠ ᠬᠠᠮᠲᠤᠪᠠᠷ ᠭᠥᠷᠳᠡᠬᠦ᠎ᠳᠤ ᠮᠡᠷᠭᠡᠵᠢᠯ᠎ᠤᠨ ᠲᠤᠯᠭ᠋ᠠᠭᠤᠷᠢᠯᠠᠯ ᠬᠠᠩᠭ᠋ᠠᠨ᠎ᠠ;

   7 . ᠥᠪᠡᠷᠲᠡᠭᠡᠨ ᠵᠠᠰᠠᠬᠤ ᠣᠷᠣᠨ᠎ᠤ ᠭᠠᠵᠠᠷ ᠰᠢᠨᠵᠢᠯᠡᠭᠡᠨ᠎ᠤ ᠬᠠᠶ᠋ᠢᠨ ᠪᠠᠶ᠋ᠢᠴᠠᠭ᠋ᠠᠯᠲᠠ ᠵᠢᠨ ᠰᠠᠭᠤᠷᠢ ᠮᠥᠩᠭᠥ ᠵᠢᠨ ᠲᠥᠷᠥᠯ ᠵᠦᠢ᠍ᠯ᠎ᠤᠨ ᠬᠠᠮᠢᠶᠠᠷᠤᠯᠲᠠ ᠵᠢᠨ ᠮᠡᠷᠭᠡᠵᠢᠯ᠎ᠤᠨ ᠲᠤᠯᠭ᠋ᠠᠭᠤᠷᠢᠯᠠᠬᠤ ᠠᠵᠢᠯ᠎ᠢ ᠡᠭᠦᠷᠭᠡᠯᠡᠨ᠎ᠡ;

  8 . ᠬᠠᠮᠢᠶ᠎ᠠ ᠪᠦᠬᠦᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠤᠳᠤᠯᠤᠨ ᠨᠡᠭᠡᠭᠡᠬᠦ ᠪᠠ ᠰᠣᠯᠢᠯᠴᠠᠬᠤ ᠵᠢ ᠥᠷᠨᠢᠭᠦᠯᠵᠦ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠪᠠ ᠳᠡᠯᠭᠡᠷᠡᠭᠦᠯᠦᠨ ᠬᠡᠷᠡᠭᠯᠡᠬᠦ ᠠᠵᠢᠯ᠎ᠢ ᠬᠠᠷᠢᠭᠤᠴᠠᠨ᠎ᠠ;

  9 . ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠠᠴᠠ ᠲᠤᠰᠢᠶᠠᠭᠰᠠᠨ ᠪᠤᠰᠤᠳ ᠡᠭᠦᠷᠭᠡ ᠵᠢ ᠪᠡᠶᠡᠯᠡᠭᠦᠯᠦᠨ᠎ᠡ᠃

    ᠳᠣᠲᠣᠭ᠋ᠠᠳᠤ ᠵᠢᠨ ᠪᠠᠶ᠋ᠢᠭᠤᠯᠤᠮᠵᠢ 23 ᠪᠤᠢ᠄ ᠠᠯᠪᠠᠨ ᠭᠡᠷ᠂ ᠨᠠᠮ ᠪᠠ ᠣᠯᠠᠨ ᠲᠦᠮᠡᠨ᠎ᠤ ᠠᠵᠢᠯ᠎ᠤᠨ ᠬᠡᠯᠲᠡᠰ (ᠰᠠᠬᠢᠯᠭ᠎ᠠ ᠪᠠᠲᠤ ᠪᠠᠶ᠋ᠢᠴᠠᠭ᠋ᠠᠬᠤ ᠲᠠᠰᠤᠭ)᠂ ᠡᠳ᠋᠎ᠤᠨ ᠶᠠᠪᠤᠳᠠᠯ᠎ᠤᠨ ᠬᠡᠯᠲᠡᠰ᠂ ᠠᠵᠢᠯᠲᠠᠨ᠎ᠤ ᠰᠤᠷᠭ᠋ᠠᠨ ᠬᠥᠮᠦᠵᠢᠯ᠎ᠤᠨ ᠭᠠᠵᠠᠷ᠂ ᠶᠡᠷᠦᠩᠬᠡᠶ ᠢᠨᠵᠧᠨᠧᠷ᠎ᠤᠨ ᠠᠯᠪᠠᠨ ᠬᠡᠷ᠂ ᠦᠢ᠍ᠯᠡᠳᠪᠦᠷᠢᠯᠡᠯ ᠲᠥᠯᠥᠪᠯᠡᠭᠡᠨ᠎ᠤ ᠭᠠᠵᠠᠷ᠂ ᠰᠠᠭᠤᠷᠢ ᠮᠥᠩᠭᠥᠨ᠎ᠤ ᠲᠥᠷᠥᠯ ᠵᠦᠢ᠍ᠯ ᠬᠠᠮᠢᠶᠠᠷᠬᠤ ᠭᠠᠵᠠᠷ᠂ ᠰᠠᠭᠤᠷᠢ ᠬᠡᠮᠵᠢᠨ ᠵᠢᠷᠤᠭᠯᠠᠬᠤ ᠭᠠᠵᠠᠷ᠂ ᠡᠬᠡ ᠭᠠᠵᠠᠷ ᠬᠡᠮᠵᠢᠬᠦ ᠭᠠᠵᠠᠷ᠂ ᠭᠡᠷᠡᠯ ᠵᠢᠷᠤᠭ ᠬᠡᠮᠵᠢᠯᠲᠡ ᠪᠠ ᠠᠯᠤᠰ ᠰᠡᠷᠡᠯ᠎ᠤᠨ ᠭᠠᠵᠠᠷ᠂ ᠭᠠᠵᠠᠷ᠎ᠤᠨ ᠵᠢᠷᠤᠭ ᠨᠠᠶ᠋ᠢᠷᠠᠭᠤᠯᠤᠨ ᠰᠤᠳᠤᠯᠬᠤ ᠭᠠᠵᠠᠷ᠂ ᠰᠠᠭᠤᠷᠢ ᠭᠠᠵᠠᠷ ᠵᠦᠶ ᠵᠢᠨ ᠮᠡᠳᠡᠭᠡ ᠵᠠᠩᠭᠢ ᠵᠢᠨ ᠭᠠᠵᠠᠷ᠂ ᠳᠠᠭ᠋ᠠᠭᠤᠯᠢ ᠣᠳᠣᠨ᠎ᠤ ᠲᠣᠭ᠎ᠠ ᠪᠠᠷᠢᠮᠲᠠ ᠬᠤᠷᠢᠶᠠᠬᠤ ᠭᠠᠵᠠᠷ᠂ ᠳᠠᠭ᠋ᠠᠭᠤᠯᠢ ᠣᠳᠣᠨ᠎ᠤ ᠲᠣᠭ᠎ᠠ ᠪᠠᠷᠢᠮᠲᠠ ᠬᠡᠷᠡᠭᠯᠡᠬᠦ ᠭᠠᠵᠠᠷ᠂ ᠳᠠᠭ᠋ᠠᠭᠤᠯᠢ ᠣᠳᠣᠨ᠎ᠤ ᠠᠯᠤᠰ ᠰᠡᠷᠡᠯ᠎ᠤᠨ ᠮᠡᠷᠭᠡᠵᠢᠯ᠎ᠤᠨ ᠭᠠᠵᠠᠷ᠂ ᠪᠠᠴᠢᠮ᠎ᠢ ᠠᠷᠭ᠋ᠠᠴᠠᠬᠤ ᠬᠡᠮᠵᠢᠨ ᠵᠢᠷᠤᠬᠤ ᠮᠡᠷᠭᠡᠵᠢᠯ᠎ᠤᠨ ᠭᠠᠵᠠᠷ᠂ ᠪᠠᠶ᠋ᠢᠴᠠᠭ᠋ᠠᠨ ᠰᠢᠯᠭ᠋ᠠᠬᠤ ᠭᠠᠵᠠᠷ᠂ ᠥᠯᠥ ᠬᠥᠳᠡᠯᠬᠦ ᠬᠥᠷᠥᠩᠭᠡ ᠳᠠᠩᠰᠠᠯᠠᠬᠤ ᠭᠠᠵᠠᠷ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠡᠷᠬᠡ ᠵᠢ ᠨᠤᠲᠠᠯᠠᠨ ᠲᠣᠭᠲᠠᠭ᠋ᠠᠬᠤ ᠭᠠᠵᠠᠷ᠂ ᠡᠷᠬᠡ ᠬᠠᠷᠢᠶ᠎ᠠ ᠵᠢ ᠡᠶᠡᠳᠡᠭᠦᠯᠬᠦ ᠭᠠᠵᠠᠷ᠂ ᠳᠣᠬᠢᠭᠤᠷ ᠲᠤᠯᠤᠭ᠋ᠠᠨ ᠣᠲᠣ ᠵᠠᠮᠴᠢᠯᠠᠭ᠎ᠠ ᠵᠢᠨ ᠬᠡᠷᠡᠭᠯᠡᠭᠡᠨ᠎ᠤ ᠭᠠᠵᠠᠷ᠂ ᠳᠠᠩᠰᠠ ᠡᠪᠬᠡᠮᠡᠯ᠎ᠤᠨ ᠮᠠᠲ᠋ᠧᠷᠢᠶᠠᠯ᠎ᠤᠨ ᠰᠠᠩ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠦᠭᠵᠢᠯᠲᠡ ᠵᠢᠨ ᠬᠡᠯᠲᠡᠰ᠃

    ᠠᠵᠢᠯ᠎ᠠᠴᠠ᠎ᠪᠠᠨ ᠠᠮᠠᠷᠠᠭᠰᠠᠳ᠎ᠤᠨ ᠠᠵᠢᠯ᠎ᠤᠨ ᠭᠠᠵᠠᠷ᠃ ᠠᠵᠢᠯ᠎ᠠᠴᠠ᠎ᠪᠠᠨ ᠠᠮᠠᠷᠠᠭᠰᠠᠳ᠎ᠤᠨ ᠬᠠᠮᠢᠶᠠᠷᠤᠯᠲᠠ ᠦᠢ᠍ᠯᠡᠴᠢᠯᠡᠭᠡᠨ᠎ᠤ ᠠᠵᠢᠯ᠎ᠢ ᠬᠠᠷᠢᠭᠤᠴᠠᠨ᠎ᠠ᠃

   ᠠᠵᠢᠯᠯᠠᠬᠤ ᠭᠠᠵᠠᠷ᠄ ᠬᠥᠬᠡᠬᠣᠲᠠ ᠵᠢᠨ ᠬᠢᠩᠭ᠋ᠠᠨ ᠡᠮᠦᠨ᠎ᠡ ᠵᠠᠮ᠎ᠤᠨ 42 ᠳ᠋ᠤᠭ᠋ᠠᠷ ᠨᠣᠮᠧᠷ

   ᠠᠵᠢᠯᠯᠠᠬᠤ ᠴᠠᠭ᠄ ᠠᠵᠢᠯᠯᠠᠬᠤ ᠡᠳᠦᠷ᠎ᠤᠨ 8᠄ 30 —12᠄ 00᠂ 14᠄ 30 —17᠄ 30᠃

   ᠬᠠᠷᠢᠯᠴᠠᠬᠤ ᠠᠷᠭ᠎ᠠ᠄ 0471 — 6537065

   ᠬᠠᠷᠢᠭᠤᠴᠠᠯᠭ᠋ᠠᠲᠠᠨ᠄ ᠵᠠᠩ ᠷᠦᠢ ᠰᠢᠨ

   (ᠵᠢᠷᠭᠤᠭ᠎ᠠ) ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠠᠵᠠᠷ ᠰᠢᠨᠵᠢᠯᠡᠭᠡᠨ᠎ᠤ ᠪᠠᠶ᠋ᠢᠴᠠᠭ᠋ᠠᠨ ᠰᠤᠳᠤᠯᠬᠤ ᠬᠦᠷᠢᠶᠡᠯᠡᠩ

   1 . ᠥᠪᠡᠷᠲᠡᠭᠡᠨ ᠵᠠᠰᠠᠬᠤ ᠣᠷᠣᠨ᠎ᠤ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠤᠨ ᠶᠡᠷᠦᠩᠬᠡᠶ ᠲᠥᠯᠥᠪᠵᠢᠭᠦᠯᠭᠡ ᠵᠢ ᠨᠠᠶ᠋ᠢᠷᠠᠭᠤᠯᠤᠨ    ᠵᠣᠬᠢᠶᠠᠬᠤ᠂ ᠥᠪᠡᠷᠲᠡᠭᠡᠨ ᠵᠠᠰᠠᠬᠤ ᠣᠷᠣᠨ᠎ᠤ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠤᠨ ᠬᠠᠳᠠᠭ᠋ᠠᠯᠠᠭᠳᠠᠴᠠ ᠵᠢ ᠬᠢᠨᠠᠨ ᠲᠣᠭᠲᠠᠭ᠋ᠠᠬᠤ ᠪᠠ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠳᠠᠷᠤᠭᠳᠠᠮᠠᠯ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠤᠨ ᠬᠠᠳᠠᠭ᠋ᠠᠯᠠᠭᠳᠠᠴᠠ ᠵᠢ ᠬᠢᠨᠠᠨ ᠲᠣᠭᠲᠠᠭ᠋ᠠᠬᠤ᠂ ᠠᠭᠤᠷᠬᠠᠶ ᠵᠢᠨ ᠦᠢ᠍ᠯᠡᠰ᠎ᠤᠨ ᠡᠷᠬᠡᠲᠦ ᠬᠥᠮᠦᠨ᠎ᠤ ᠬᠠᠶ᠋ᠢᠨ ᠪᠠᠶ᠋ᠢᠴᠠᠭ᠋ᠠᠵᠤ ᠨᠡᠭᠡᠭᠡᠨ ᠮᠠᠯᠲᠠᠬᠤ ᠮᠡᠳᠡᠭᠡ ᠵᠠᠩᠭᠢ ᠵᠢ ᠢᠯᠡ ᠨᠡᠶ᠋ᠢᠲᠡᠯᠡᠬᠦ᠎ᠳᠤ ᠲᠠᠰᠢᠷᠠᠮ ᠳᠠᠭ᠋ᠠᠤ ᠰᠤᠭᠤᠴᠢᠨ ᠪᠠᠶ᠋ᠢᠴᠠᠭ᠋ᠠᠬᠤ᠂ ᠠᠭᠤᠷᠬᠠᠶ ᠵᠢᠨ ᠬᠠᠳᠠᠭ᠋ᠠᠯᠠᠭᠳᠠᠴᠠ ᠵᠢᠨ ᠬᠥᠳᠡᠯᠦᠩᠭᠦᠶ ᠬᠠᠮᠢᠶᠠᠷᠤᠯᠲᠠ ᠵᠢ ᠬᠡᠷᠡᠭᠵᠢᠭᠦᠯᠬᠦ ᠵᠡᠷᠭᠡ ᠮᠡᠷᠭᠡᠵᠢᠯ᠎ᠤᠨ ᠲᠤᠯᠭ᠋ᠠᠭᠤᠷᠢᠯᠠᠬᠤ ᠠᠵᠢᠯ᠎ᠢ ᠡᠭᠦᠷᠭᠡᠯᠡᠨ᠎ᠡ; ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠢ ᠨᠡᠭᠡᠭᠡᠨ ᠠᠰᠢᠭᠯᠠᠬᠤ ᠲᠥᠰᠦᠯ᠎ᠢ ᠬᠢᠨᠠᠨ ᠪᠠᠶ᠋ᠢᠴᠠᠭ᠋ᠠᠬᠤ᠂ ᠭᠠᠵᠠᠷ ᠰᠢᠨᠵᠢᠯᠡᠭᠡᠨ᠎ᠤ ᠦᠯᠡᠳᠡᠭᠳᠡᠯ᠎ᠢ ᠬᠢᠨᠠᠨ ᠬᠡᠮᠵᠢᠬᠦ ᠵᠢᠴᠢ ᠬᠢᠨᠠᠯᠲᠠ ᠲᠠᠯᠪᠢᠵᠤ ᠬᠠᠮᠢᠶᠠᠷᠬᠤ᠂ ᠭᠠᠵᠠᠷ ᠰᠢᠨᠵᠢᠯᠡᠭᠡᠨ᠎ᠤ ᠮᠠᠲ᠋ᠧᠷᠢᠶᠠᠯ᠎ᠳᠤ ᠬᠢᠨᠠᠯᠲᠠ ᠲᠠᠯᠪᠢᠵᠤ ᠬᠠᠮᠢᠶᠠᠷᠬᠤ᠂ ᠬᠠᠤᠯᠢ ᠪᠤᠰᠤ᠎ᠪᠠᠷ ᠠᠭᠤᠷᠬᠠᠶ ᠮᠠᠯᠲᠠᠭᠰᠠᠨ᠎ᠢ ᠬᠢᠨᠠᠨ ᠲᠣᠭᠲᠠᠭ᠋ᠠᠬᠤ᠂ ᠪᠣᠬᠢᠷᠲᠤᠯ ᠦᠭᠡᠶ ᠬᠠᠶ᠋ᠢᠨ ᠪᠠᠶ᠋ᠢᠴᠠᠭ᠋ᠠᠬᠤ ᠵᠡᠷᠭᠡ ᠮᠡᠷᠭᠡᠵᠢᠯ᠎ᠤᠨ ᠲᠤᠯᠭ᠋ᠠᠭᠤᠷᠢᠯᠠᠬᠤ ᠠᠵᠢᠯ᠎ᠢ ᠡᠭᠦᠷᠭᠡᠯᠡᠨ᠎ᠡ; ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠤᠨ ᠬᠦᠷᠢᠶᠡᠨ᠎ᠤ ᠠᠶᠤᠯᠭᠦᠢ ᠦᠢ᠍ᠯᠡᠳᠪᠦᠷᠢᠯᠡᠯ᠎ᠳᠤ ᠬᠢᠨᠠᠯᠲᠠ ᠲᠠᠯᠪᠢᠵᠤ ᠬᠠᠮᠢᠶᠠᠷᠬᠤ ᠮᠡᠷᠭᠡᠵᠢᠯ᠎ᠤᠨ ᠲᠤᠯᠭ᠋ᠠᠭᠤᠷᠢᠯᠠᠬᠤ ᠠᠵᠢᠯ᠎ᠢ ᠡᠭᠦᠷᠭᠡᠯᠡᠨ᠎ᠡ;

   2 . ᠥᠪᠡᠷᠲᠡᠭᠡᠨ ᠵᠠᠰᠠᠬᠤ ᠣᠷᠣᠨ᠎ᠤ ᠭᠠᠵᠠᠷ ᠰᠢᠨᠵᠢᠯᠡᠭᠡᠨ᠎ᠤ ᠬᠠᠶ᠋ᠢᠨ ᠪᠠᠶ᠋ᠢᠴᠠᠭ᠋ᠠᠬᠤ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠬᠤ᠂ ᠰᠠᠭᠤᠷᠢ ᠴᠢᠨᠠᠷᠲᠠᠶ ᠭᠠᠵᠠᠷ ᠰᠢᠨᠵᠢᠯᠡᠭᠡᠨ᠎ᠤ ᠪᠠᠶ᠋ᠢᠴᠠᠭ᠋ᠠᠯᠲᠠ ᠵᠢᠨ ᠲᠥᠷᠥᠯ ᠵᠦᠢ᠍ᠯ ᠪᠣᠯᠤᠨ ᠭᠠᠵᠠᠷ ᠰᠢᠨᠵᠢᠯᠡᠭᠡᠨ᠎ᠤ ᠣᠷᠴᠢᠨ ᠲᠣᠭᠣᠷᠢᠨ᠎ᠢ ᠵᠠᠰᠠᠬᠤ ᠲᠥᠷᠥᠯ ᠵᠦᠢ᠍ᠯ᠎ᠤᠨ ᠮᠡᠷᠭᠡᠵᠢᠯ᠎ᠤᠨ ᠬᠠᠮᠢᠶᠠᠷᠤᠯᠲᠠ ᠵᠢ ᠡᠭᠦᠷᠭᠡᠯᠡᠵᠦ᠂ ᠪᠦᠬᠦ ᠣᠷᠣᠨ᠎ᠤ ᠭᠠᠵᠠᠷ᠎ᠤᠨ ᠭᠠᠮᠰᠢᠭ᠎ᠢ ᠰᠡᠷᠭᠡᠶ᠋ᠢᠯᠡᠨ ᠵᠠᠰᠠᠬᠤ ᠪᠠ ᠬᠢᠨᠠᠨ ᠬᠡᠮᠵᠢᠬᠦ᠂ ᠪᠦᠬᠦ ᠣᠷᠣᠨ᠎ᠤ ᠭᠠᠵᠠᠷ ᠳᠣᠣᠷᠠᠬᠢ ᠤᠰᠤᠨ᠎ᠤ ᠣᠷᠴᠢᠨ ᠲᠣᠭᠣᠷᠢᠨ᠎ᠢ ᠬᠢᠨᠠᠨ ᠬᠡᠮᠵᠢᠬᠦ ᠵᠡᠷᠭᠡ ᠮᠡᠷᠭᠡᠵᠢᠯ᠎ᠤᠨ ᠲᠤᠯᠭ᠋ᠠᠭᠤᠷᠢᠯᠠᠬᠤ ᠠᠵᠢᠯ᠎ᠢ ᠡᠭᠦᠷᠭᠡᠯᠡᠨ᠎ᠡ;

   3 . ᠥᠪᠡᠷᠲᠡᠭᠡᠨ ᠵᠠᠰᠠᠬᠤ ᠣᠷᠣᠨ᠎ᠤ ᠭᠠᠵᠠᠷ ᠰᠢᠨᠵᠢᠯᠡᠭᠡᠨ᠎ᠤ ᠬᠠᠶ᠋ᠢᠨ ᠪᠠᠶ᠋ᠢᠴᠠᠭ᠋ᠠᠬᠤ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠬᠤ᠂ ᠰᠠᠭᠤᠷᠢ ᠴᠢᠨᠠᠷᠲᠠᠶ ᠭᠠᠵᠠᠷ ᠰᠢᠨᠵᠢᠯᠡᠭᠡᠨ᠎ᠤ ᠪᠠᠶ᠋ᠢᠴᠠᠭ᠋ᠠᠯᠲᠠ ᠵᠢᠨ ᠲᠥᠷᠥᠯ ᠵᠦᠢ᠍ᠯ ᠪᠣᠯᠤᠨ ᠭᠠᠵᠠᠷ ᠰᠢᠨᠵᠢᠯᠡᠭᠡᠨ᠎ᠤ ᠣᠷᠴᠢᠨ ᠲᠣᠭᠣᠷᠢᠨ᠎ᠢ ᠵᠠᠰᠠᠬᠤ ᠲᠥᠷᠥᠯ ᠵᠦᠢ᠍ᠯ᠎ᠤᠨ ᠮᠡᠷᠭᠡᠵᠢᠯ᠎ᠤᠨ ᠬᠠᠮᠢᠶᠠᠷᠤᠯᠲᠠ ᠵᠢ ᠡᠭᠦᠷᠭᠡᠯᠡᠵᠦ᠂ ᠪᠦᠬᠦ ᠣᠷᠣᠨ᠎ᠤ ᠭᠠᠵᠠᠷ᠎ᠤᠨ ᠭᠠᠮᠰᠢᠭ᠎ᠢ ᠰᠡᠷᠭᠡᠶ᠋ᠢᠯᠡᠨ ᠵᠠᠰᠠᠬᠤ ᠪᠠ ᠬᠢᠨᠠᠨ ᠬᠡᠮᠵᠢᠬᠦ᠂ ᠪᠦᠬᠦ ᠣᠷᠣᠨ᠎ᠤ ᠭᠠᠵᠠᠷ ᠳᠣᠣᠷᠠᠬᠢ ᠤᠰᠤᠨ᠎ᠤ ᠣᠷᠴᠢᠨ ᠲᠣᠭᠣᠷᠢᠨ᠎ᠢ ᠬᠢᠨᠠᠨ ᠬᠡᠮᠵᠢᠬᠦ ᠵᠡᠷᠭᠡ ᠮᠡᠷᠭᠡᠵᠢᠯ᠎ᠤᠨ ᠲᠤᠯᠭ᠋ᠠᠭᠤᠷᠢᠯᠠᠬᠤ ᠠᠵᠢᠯ᠎ᠢ ᠡᠭᠦᠷᠭᠡᠯᠡᠨ᠎ᠡ;

  4 .   ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠭᠠᠵᠠᠷ ᠰᠢᠷᠣᠶ ᠵᠢᠨ ᠣᠷᠣᠨ ᠵᠠᠶ ᠵᠢᠨ ᠠᠮᠢ ᠠᠬᠤᠶ ᠵᠢᠨ ᠬᠠᠮᠠᠭ᠋ᠠᠯᠠᠯᠲᠠ ᠬᠢᠭᠡᠳ ᠰᠡᠷᠭᠦᠭᠡᠨ ᠵᠠᠰᠠᠬᠤ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠬᠤ᠂ ᠭᠠᠵᠠᠷ ᠰᠢᠷᠣᠶ ᠵᠢ ᠳᠠᠬᠢᠨ ᠬᠠᠭ᠋ᠠᠯᠪᠤᠷᠢᠯᠠᠬᠤ᠂ ᠠᠭᠤᠷᠬᠠᠶ ᠵᠢᠨ ᠭᠠᠵᠠᠷ᠎ᠤᠨ ᠣᠷᠴᠢᠨ ᠲᠣᠭᠣᠷᠢᠨ᠎ᠢ ᠬᠢᠨᠠᠨ ᠬᠡᠮᠵᠢᠬᠦ ᠬᠢᠭᠡᠳ ᠠᠮᠢ ᠠᠬᠤᠶ ᠵᠢ ᠰᠡᠷᠭᠦᠭᠡᠨ ᠵᠠᠰᠠᠬᠤ᠂ ᠪᠣᠬᠢᠷᠲᠤᠯ ᠦᠭᠡᠶ ᠠᠭᠤᠷᠬᠠᠶ ᠵᠢᠨ ᠪᠦᠲᠦᠭᠡᠨ ᠪᠠᠶ᠋ᠢᠭᠤᠯᠤᠯᠲᠠ᠂ ᠠᠮᠢ ᠠᠬᠤᠶ ᠵᠢᠨ ᠬᠠᠮᠠᠭ᠋ᠠᠯᠠᠯᠲᠠ ᠵᠢᠨ ᠨᠥᠬᠥᠪᠥᠷᠢ ᠵᠢᠨ ᠳᠦᠷᠢᠮ᠎ᠢ ᠪᠠᠶ᠋ᠢᠭᠤᠯᠬᠤ ᠪᠠ ᠬᠡᠷᠡᠭᠵᠢᠭᠦᠯᠬᠦ ᠵᠢᠴᠢ ᠠᠭᠤᠷᠬᠠᠶ ᠵᠢᠨ ᠦᠢ᠍ᠯᠡᠰ᠎ᠤᠨ ᠦᠯᠡᠳᠡᠭᠳᠡᠯ᠎ᠢ ᠬᠠᠮᠠᠭ᠋ᠠᠯᠠᠬᠤ ᠵᠡᠷᠭᠡ ᠮᠡᠷᠭᠡᠵᠢᠯ᠎ᠤᠨ ᠲᠤᠯᠭ᠋ᠠᠭᠤᠷᠢᠯᠠᠬᠤ ᠠᠵᠢᠯ᠎ᠢ ᠡᠭᠦᠷᠭᠡᠯᠡᠨ᠎ᠡ; ᠠᠮᠢ ᠠᠬᠤᠢ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠎ᠢ ᠦᠨᠡᠯᠡᠨ ᠵᠢᠱ᠌ᠢᠵᠦ ᠲᠣᠬᠢᠷᠠᠭᠤᠯᠬᠤ ᠮᠡᠷᠭᠡᠵᠢᠯ᠎ᠤᠨ ᠲᠤᠯᠭ᠋ᠠᠭᠤᠷᠢᠯᠠᠬᠤ ᠠᠵᠢᠯ᠎ᠢ ᠡᠭᠦᠷᠭᠡᠯᠡᠨ᠎ᠡ;

     5 . ᠪᠦᠬᠦ ᠣᠷᠣᠨ᠎ᠤ ᠰᠠᠭᠤᠷᠢ ᠴᠢᠨᠠᠷᠲᠠᠶ᠂ ᠨᠡᠶ᠋ᠢᠲᠡ ᠵᠢᠨ ᠠᠰᠠᠷᠠᠮᠵᠢ ᠵᠢᠨ ᠴᠢᠨᠠᠷᠲᠠᠶ ᠭᠠᠵᠠᠷ ᠰᠢᠨᠵᠢᠯᠡᠭᠡᠨ᠎ᠤ ᠪᠠᠶ᠋ᠢᠴᠠᠭ᠋ᠠᠯᠲᠠ ᠪᠣᠯᠤᠨ ᠪᠠᠶ᠋ᠢᠯᠳᠤᠬᠤ ᠪᠣᠳᠣᠯᠭ᠎ᠠ ᠵᠢᠨ ᠴᠢᠨᠠᠷᠲᠠᠶ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ ᠬᠢᠭᠡᠳ ᠤᠰᠤᠨ᠎ᠤ ᠡᠬᠢ ᠪᠠᠶᠠᠯᠢᠭ᠎ᠢ ᠪᠠᠶ᠋ᠢᠴᠠᠭ᠋ᠠᠵᠤ ᠦᠨᠡᠯᠡᠬᠦ ᠠᠵᠢᠯ᠎ᠢ ᠥᠷᠨᠢᠭᠦᠯᠦᠨ᠎ᠡ; ᠪᠦᠬᠦ ᠣᠷᠣᠨ᠎ᠤ ᠠᠭᠤᠷᠬᠠᠶ ᠵᠢᠨ ᠣᠷᠴᠢᠨ ᠲᠣᠭᠣᠷᠢᠨ᠂ ᠭᠠᠵᠠᠷ ᠰᠢᠨᠵᠢᠯᠡᠭᠡᠨ᠎ᠤ ᠦᠯᠡᠳᠡᠭᠳᠡᠯ ᠵᠢᠴᠢ ᠭᠠᠵᠠᠷ ᠰᠢᠨᠵᠢᠯᠡᠭᠡᠨ᠎ᠤ ᠭᠠᠶ ᠭᠠᠮᠰᠢᠭ (ᠭᠠᠵᠠᠷ ᠳᠣᠷᠣᠭᠰᠢ ᠰᠠᠭᠤᠬᠤ)᠎ᠢ ᠪᠠᠶ᠋ᠢᠴᠠᠭ᠋ᠠᠨ ᠦᠨᠡᠯᠡᠬᠦ ᠠᠵᠢᠯ᠎ᠢ ᠥᠷᠨᠢᠭᠦᠯᠦᠨ᠎ᠡ; ᠠᠮᠢ ᠠᠬᠤᠶ ᠵᠢᠨ ᠬᠠᠮᠠᠭ᠋ᠠᠯᠠᠯᠲᠠ ᠬᠢᠭᠡᠳ ᠰᠡᠷᠭᠦᠭᠡᠨ ᠵᠠᠰᠠᠬᠤ᠂ ᠭᠠᠵᠠᠷ ᠰᠢᠷᠣᠶ ᠵᠢ ᠳᠠᠬᠢᠨ ᠬᠠᠭ᠋ᠠᠯᠪᠤᠷᠢᠯᠠᠬᠤ ᠴᠢᠬᠤᠯᠠ ᠶᠡᠬᠡ ᠢᠨᠵᠧᠨᠧᠷᠢᠩ᠎ᠤᠨ ᠪᠠᠶ᠋ᠢᠴᠠᠭ᠋ᠠᠨ ᠦᠨᠡᠯᠡᠬᠦ ᠵᠡᠷᠭᠡ ᠬᠠᠮᠢᠶ᠎ᠠ ᠪᠥᠬᠥᠶ ᠠᠵᠢᠯ᠎ᠢ ᠥᠷᠨᠢᠭᠦᠯᠦᠨ᠎ᠡ;

   6 . ᠭᠠᠵᠠᠷ ᠰᠢᠨᠵᠢᠯᠡᠭᠡᠨ᠂ ᠠᠮᠢ ᠠᠬᠤᠶ ᠵᠡᠷᠭᠡ ᠲᠠᠯ᠎ᠠ ᠵᠢᠨ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠠᠵᠢᠯ᠎ᠢ ᠥᠷᠨᠢᠭᠦᠯᠦᠨ᠎ᠡ᠃ ᠴᠢᠯᠠᠭᠤᠯᠢᠭ᠂ ᠡᠷᠦᠳᠡᠰᠦ᠂ ᠤᠰᠤᠨ᠎ᠤ ᠴᠢᠨᠠᠷ ᠵᠡᠷᠭᠡ ᠭᠠᠵᠠᠷ ᠰᠢᠨᠵᠢᠯᠡᠭᠡᠨ᠎ᠤ ᠰᠢᠯᠭ᠋ᠠᠨ ᠪᠠᠶ᠋ᠢᠴᠠᠭ᠋ᠠᠵᠤ ᠪᠠᠶ᠋ᠢᠴᠠᠭ᠋ᠠᠨ ᠬᠡᠮᠵᠢᠬᠦ ᠠᠵᠢᠯ᠎ᠢ ᠥᠷᠨᠢᠭᠦᠯᠦᠨ᠎ᠡ; ᠪᠦᠬᠦ ᠣᠷᠣᠨ᠎ᠤ ᠭᠠᠵᠠᠷ ᠰᠢᠨᠵᠢᠯᠡᠭᠡᠨ᠎ᠤ ᠮᠠᠲ᠋ᠧᠷᠢᠶᠠᠯ᠎ᠤᠨ ᠬᠠᠮᠢᠶᠠᠷᠤᠯᠲᠠ ᠵᠢᠴᠢ ᠨᠡᠭᠡᠭᠡᠨ ᠠᠰᠢᠭᠯᠠᠬᠤ ᠰᠤᠳᠤᠯᠭ᠋ᠠᠨ᠎ᠤ ᠠᠵᠢᠯ᠎ᠢ ᠥᠷᠨᠢᠭᠦᠯᠦᠨ᠎ᠡ; ᠪᠠᠶ᠋ᠢᠭ᠋ᠠᠯᠢ ᠵᠢᠨ ᠡᠬᠢ ᠪᠠᠶᠠᠯᠢᠭ᠎ᠤᠨ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠪᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠬᠤᠪᠢᠷᠠᠭᠤᠯᠬᠤ ᠠᠵᠢᠯ᠎ᠢ    ᠥᠷᠨᠢᠭᠦᠯᠦᠨ᠎ᠡ;

  7 . ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠳᠤ ᠬᠡᠷᠡᠭᠯᠡᠬᠦ ᠭᠠᠵᠠᠷ᠎ᠤᠨ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠤᠨ ᠮᠡᠳᠡᠭᠡ ᠵᠠᠩᠭᠢ ᠵᠢ ᠪᠠᠶ᠋ᠢᠴᠠᠭ᠋ᠠᠨ ᠯᠠᠪᠯᠠᠬᠤ᠂ ᠠᠮᠢ ᠠᠬᠤᠶ ᠵᠢᠨ ᠤᠯᠠᠭ᠋ᠠᠨ ᠱᠤᠭᠤᠮ᠎ᠢ ᠪᠠᠶ᠋ᠢᠴᠠᠭ᠋ᠠᠨ ᠯᠠᠪᠯᠠᠬᠤ ᠵᠢᠴᠢ ᠭᠠᠵᠠᠷ ᠰᠢᠨᠵᠢᠯᠡᠭᠡᠨ᠎ᠤ ᠣᠷᠴᠢᠨ ᠲᠣᠭᠣᠷᠢᠨ᠎ᠤ ᠠᠯᠪᠠᠨ ᠮᠡᠳᠡᠭᠡ᠂ ᠭᠠᠵᠠᠷ ᠰᠢᠨᠵᠢᠯᠡᠭᠡᠨ᠎ᠤ ᠭᠠᠶ ᠭᠠᠮᠰᠢᠭ᠎ᠤᠨ ᠴᠠᠭ ᠠᠭᠤᠷ᠎ᠤᠨ ᠰᠡᠷᠡᠮᠵᠢᠯᠡᠭᠦᠯᠦᠯ ᠤᠷᠢᠳᠴᠢᠯᠠᠨ ᠮᠡᠳᠡᠭᠡᠯᠡᠬᠦ ᠵᠡᠷᠭᠡ ᠠᠵᠢᠯ᠎ᠢ ᠥᠷᠨᠢᠭᠦᠯᠦᠨ᠎ᠡ᠃

  8 . ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠠᠴᠠ ᠲᠤᠰᠢᠶᠠᠭᠰᠠᠨ ᠪᠤᠰᠤᠳ ᠡᠭᠦᠷᠭᠡ ᠵᠢ ᠪᠡᠶᠡᠯᠡᠭᠦᠯᠦᠨ᠎ᠡ᠃

   ᠳᠣᠲᠣᠭ᠋ᠠᠳᠤ ᠵᠢᠨ ᠪᠠᠶ᠋ᠢᠭᠤᠯᠤᠮᠵᠢ 18 ᠪᠤᠢ᠄ ᠠᠯᠪᠠᠨ ᠬᠡᠷ᠂ ᠨᠠᠮ᠎ᠤᠨ ᠶᠠᠪᠤᠳᠠᠯ᠎ᠤᠨ ᠠᠵᠢᠯ᠎ᠤᠨ ᠬᠡᠯᠲᠡᠰ (ᠰᠠᠬᠢᠯᠭ᠎ᠠ ᠪᠠᠲᠤ ᠪᠠᠶ᠋ᠢᠴᠠᠭ᠋ᠠᠬᠤ ᠲᠠᠰᠤᠭ)᠂ ᠠᠵᠢᠯᠲᠠᠨ᠎ᠤ ᠶᠠᠪᠤᠳᠠᠯ᠎ᠤᠨ ᠰᠤᠷᠭ᠋ᠠᠨ ᠬᠥᠮᠦᠵᠢᠯ᠎ᠤᠨ ᠭᠠᠵᠠᠷ᠂ ᠲᠥᠯᠥᠪᠯᠡᠭᠡ ᠡᠳ᠋᠎ᠤᠨ ᠶᠠᠪᠤᠳᠠᠯ᠎ᠤᠨ ᠭᠠᠵᠠᠷ᠂ ᠶᠡᠷᠦᠩᠬᠡᠶ ᠢᠨᠵᠧᠨᠧᠷ᠎ᠤᠨ ᠠᠯᠪᠠᠨ ᠬᠡᠷ᠂ ᠶᠡᠷᠦᠩᠬᠡᠶ᠋ᠢᠯᠡᠭᠰᠡᠨ ᠰᠤᠳᠤᠯᠭ᠋ᠠᠨ᠎ᠤ ᠲᠠᠰᠤᠭ᠂ ᠬᠠᠳᠠᠭ᠋ᠠᠯᠠᠭᠳᠠᠴᠠ ᠵᠢ ᠬᠢᠨᠠᠨ ᠲᠣᠭᠲᠠᠭ᠋ᠠᠬᠤ ᠲᠥᠪ᠂ ᠰᠠᠭᠤᠷᠢ ᠪᠠᠶ᠋ᠢᠴᠠᠭ᠋ᠠᠯᠲᠠ ᠵᠢᠨ ᠬᠡᠯᠲᠡᠰ᠂ ᠡᠬᠢ ᠪᠠᠶᠠᠯᠢᠭ᠎ᠢ ᠦᠨᠡᠯᠡᠬᠦ ᠬᠡᠯᠲᠡᠰ᠂ ᠭᠠᠵᠠᠷ ᠰᠢᠨᠵᠢᠯᠡᠭᠡᠨ᠎ᠤ ᠭᠠᠶ ᠭᠠᠮᠰᠢᠭ᠎ᠢ ᠰᠡᠷᠭᠡᠶ᠋ᠢᠯᠡᠨ ᠵᠠᠰᠠᠬᠤ ᠭᠠᠵᠠᠷ᠂ ᠪᠣᠬᠢᠷᠲᠤᠯ ᠥᠬᠡᠶ ᠠᠭᠤᠷᠬᠠᠶ ᠵᠢᠨ ᠮᠡᠷᠭᠡᠵᠢᠯ᠎ᠤᠨ ᠭᠠᠵᠠᠷ᠂ ᠠᠮᠢ ᠠᠬᠤᠶ ᠵᠢᠨ ᠭᠠᠵᠠᠷ ᠰᠢᠨᠵᠢᠯᠡᠭᠡᠨ᠎ᠤ ᠬᠢᠨᠠᠨ ᠬᠡᠮᠵᠢᠬᠦ ᠭᠠᠵᠠᠷ᠂ ᠠᠮᠢ ᠠᠬᠤᠶ ᠵᠢᠨ ᠬᠠᠮᠠᠭ᠋ᠠᠯᠠᠯᠲᠠ ᠬᠢᠭᠡᠳ ᠵᠠᠰᠠᠨ ᠰᠡᠷᠭᠦᠭᠡᠬᠦ ᠭᠠᠵᠠᠷ᠂ ᠰᠢᠨᠵᠢᠯᠡᠬᠦ ᠤᠬᠠᠭ᠋ᠠᠨ ᠮᠡᠷᠭᠡᠵᠢᠯ ᠬᠢᠭᠡᠳ ᠮᠡᠳᠡᠭᠡ ᠵᠠᠩᠭᠢ ᠵᠢᠨ ᠲᠠᠰᠤᠭ᠂ ᠵᠠᠳᠠᠯᠤᠨ ᠰᠢᠯᠭ᠋ᠠᠬᠤ ᠲᠥᠪ᠂ ᠭᠠᠵᠠᠷ ᠰᠢᠨᠵᠢᠯᠡᠭᠡᠨ᠎ᠤ ᠮᠠᠲ᠋ᠧᠷᠢᠶᠠᠯ᠎ᠤᠨ ᠣᠷᠳᠣᠨ᠂ ᠪᠣᠳᠠᠲᠤ ᠶᠠᠭᠤᠮ᠎ᠠ ᠭᠠᠵᠠᠷ ᠰᠢᠨᠵᠢᠯᠡᠭᠡᠨ᠎ᠤ ᠮᠠᠲ᠋ᠧᠷᠢᠶᠠᠯ᠎ᠤᠨ ᠣᠷᠳᠣᠨ᠂ ᠬᠡᠷᠡᠭ ᠶᠠᠪᠤᠳᠠᠯ᠎ᠤᠨ ᠦᠢ᠍ᠯᠡᠴᠢᠯᠡᠭᠡᠨ᠎ᠤ ᠲᠥᠪ ᠵᠡᠷᠭᠡ ᠪᠣᠯᠤᠨ᠎ᠠ᠃

   ᠠᠵᠢᠯ᠎ᠠᠴᠠ᠎ᠪᠠᠨ ᠠᠮᠠᠷᠠᠭᠰᠠᠳ᠎ᠤᠨ ᠠᠵᠢᠯ᠎ᠤᠨ ᠭᠠᠵᠠᠷ᠃ ᠠᠵᠢᠯ᠎ᠠᠴᠠ᠎ᠪᠠᠨ ᠠᠮᠠᠷᠠᠭᠰᠠᠳ᠎ᠤᠨ ᠬᠠᠮᠢᠶᠠᠷᠤᠯᠲᠠ ᠵᠢᠨ ᠠᠵᠢᠯ᠎ᠢ ᠬᠠᠷᠢᠭᠤᠴᠠᠨ᠎ᠠ᠃

   ᠠᠵᠢᠯᠯᠠᠬᠤ ᠭᠠᠵᠠᠷ᠄ ᠬᠥᠬᠡᠬᠣᠲᠠ ᠵᠢᠨ ᠵᠢᠨᠴᠢᠶᠤᠤ ᠨᠡᠭᠡᠭᠡᠨ ᠬᠥᠭᠵᠢᠭᠦᠯᠬᠦ ᠣᠷᠣᠨ᠎ᠤ ᠪᠤᠭᠤᠲᠤ ᠵᠢᠨ ᠶᠡᠬᠡ ᠵᠡᠭᠡᠯᠢ

   ᠠᠵᠢᠯᠯᠠᠬᠤ ᠴᠠᠭ᠄ ᠠᠵᠢᠯᠯᠠᠬᠤ ᠡᠳᠦᠷ᠎ᠤᠨ 8᠄ 30 — 12᠄ 00᠂ 14᠄ 30 —17᠄ 30

   ᠬᠠᠷᠢᠯᠴᠠᠬᠤ ᠠᠷᠭ᠎ᠠ᠄ 0471— 3355818᠂ 3355884

   ᠬᠠᠷᠢᠭᠤᠴᠠᠯᠭ᠋ᠠᠲᠠᠨ᠄ ᠤᠨᠤᠨ

   (ᠳᠣᠯᠣᠭ᠎ᠠ) ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠭᠠᠵᠠᠷ ᠰᠢᠷᠣᠶ ᠵᠢᠨ ᠣᠷᠣᠨ ᠵᠠᠶ ᠵᠢᠨ ᠲᠥᠯᠥᠪᠵᠢᠭᠦᠯᠭᠡ ᠵᠢᠨ ᠬᠦᠷᠢᠶᠡᠯᠡᠩ

  1 . ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠭᠠᠵᠠᠷ ᠰᠢᠷᠣᠶ ᠵᠢᠨ ᠣᠷᠣᠨ ᠵᠠᠶ ᠵᠢᠨ ᠲᠥᠯᠥᠪᠵᠢᠭᠦᠯᠭᠡ ᠵᠢᠴᠢ ᠬᠠᠮᠢᠶ᠎ᠠ ᠪᠦᠬᠦᠢ ᠲᠤᠰᠬᠠᠶ ᠵᠦᠢ᠍ᠯ᠎ᠤᠨ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠬᠤ᠂ ᠵᠠᠰᠠᠪᠤᠷᠢ ᠣᠷᠣᠭᠤᠯᠬᠤ᠂ ᠦᠨᠡᠯᠡᠨ ᠵᠢᠱ᠌ᠢᠵᠦ ᠰᠡᠷᠡᠮᠵᠢᠯᠡᠭᠦᠯᠬᠦ ᠬᠢᠭᠡᠳ ᠬᠡᠷᠡᠭᠵᠢᠭᠦᠯᠬᠦ ᠵᠢ ᠪᠠᠲᠤᠯᠠᠬᠤ ᠵᠡᠷᠭᠡ ᠮᠡᠷᠭᠡᠵᠢᠯ᠎ᠤᠨ ᠴᠢᠨᠠᠷᠲᠠᠶ᠂ ᠲᠤᠰᠠᠯᠠᠬᠤ ᠴᠢᠨᠠᠷᠲᠠᠶ ᠠᠵᠢᠯ᠎ᠢ ᠡᠭᠦᠷᠭᠡᠯᠡᠨ᠎ᠡ᠃

    2 . ᠤᠯᠤᠰ᠎ᠤᠨ ᠭᠠᠵᠠᠷ ᠰᠢᠷᠣᠶ ᠵᠢᠨ ᠣᠷᠣᠨ ᠵᠠᠶ ᠵᠢᠨ ᠶᠡᠷᠦᠩᠬᠡᠶ ᠲᠥᠯᠥᠪᠵᠢᠭᠦᠯᠭᠡ ᠵᠢᠨ ᠮᠡᠷᠭᠡᠵᠢᠯ᠎ᠤᠨ ᠬᠢᠨᠠᠨ ᠪᠠᠶ᠋ᠢᠴᠠᠭ᠋ᠠᠯᠲᠠ᠂ ᠠᠵᠢᠯ ᠲᠥᠷᠥᠯ᠎ᠤᠨ ᠲᠤᠰᠬᠠᠶ ᠲᠥᠯᠥᠪᠵᠢᠭᠦᠯᠭᠡ ᠵᠢᠨ ᠨᠢᠭᠡᠳᠦᠯᠲᠦ ᠴᠢᠨᠠᠷᠲᠠᠶ ᠬᠠᠷᠭᠤᠭᠤᠯᠤᠯᠲᠠ᠂ ᠨᠠᠷᠢᠨ ᠲᠣᠳᠣᠷᠬᠠᠶ ᠲᠥᠯᠥᠪᠵᠢᠭᠦᠯᠭᠡ ᠵᠢᠨ ᠳᠠᠩᠰᠠᠯᠠᠯ᠂ ᠬᠣᠲᠠ ᠵᠢᠨ ᠪᠡᠶ᠎ᠡ ᠵᠢᠨ ᠪᠠᠶ᠋ᠢᠴᠠᠭ᠋ᠠᠯᠲᠠ ᠵᠢᠨ ᠮᠡᠷᠭᠡᠵᠢᠯ᠎ᠤᠨ ᠲᠤᠯᠭ᠋ᠠᠭᠤᠷᠢᠯᠠᠯ᠎ᠤᠨ ᠠᠵᠢᠯ᠎ᠢ ᠡᠭᠦᠷᠭᠡᠯᠡᠨ᠎ᠡ᠃

   3 . ᠤᠯᠤᠰ᠎ᠤᠨ ᠭᠠᠵᠠᠷ ᠰᠢᠷᠣᠶ ᠵᠢᠨ ᠣᠷᠣᠨ ᠵᠠᠶ ᠵᠢᠨ ᠲᠥᠯᠥᠪᠵᠢᠭᠦᠯᠭᠡ ᠵᠢᠨ ᠰᠢᠰᠲ᠋ᠧᠮᠵᠢ ᠵᠢ ᠪᠠᠶ᠋ᠢᠭᠤᠯᠬᠤ ᠵᠢᠴᠢ ᠴᠢᠬᠤᠯᠠ ᠡᠵᠡᠮᠳᠡᠬᠦ ᠱᠤᠭᠤᠮ᠎ᠢ ᠦᠨᠡᠯᠡᠨ ᠵᠢᠱ᠌ᠢᠵᠦ ᠢᠯᠭ᠋ᠠᠨ ᠲᠣᠭᠲᠠᠭ᠋ᠠᠬᠤ ᠵᠢᠴᠢ ᠬᠠᠮᠢᠶ᠎ᠠ ᠪᠦᠬᠦᠢ ᠮᠡᠷᠭᠡᠵᠢᠯ᠎ᠤᠨ ᠲᠤᠯᠭ᠋ᠠᠭᠤᠷᠢᠯᠠᠯ᠎ᠳᠤ ᠲᠣᠬᠢᠷᠠᠭᠤᠯᠤᠯᠲᠠ ᠬᠢᠬᠦ ᠠᠵᠢᠯ᠎ᠢ ᠡᠭᠦᠷᠭᠡᠯᠡᠵᠦ᠂ ᠡᠬᠢ ᠪᠠᠶᠠᠯᠢᠭ ᠣᠷᠴᠢᠨ ᠲᠣᠭᠣᠷᠢᠨ᠎ᠤ ᠳᠠᠭ᠋ᠠᠭ᠋ᠠᠬᠤ ᠴᠢᠳᠠᠪᠤᠷᠢ ᠪᠠ ᠤᠯᠤᠰ᠎ᠤᠨ ᠭᠠᠵᠠᠷ ᠰᠢᠷᠣᠶ ᠵᠢ ᠨᠡᠭᠡᠭᠡᠨ ᠬᠥᠭᠵᠢᠭᠦᠯᠬᠦ᠎ᠳᠤ ᠲᠣᠬᠢᠷᠠᠬᠤ ᠴᠢᠨᠠᠷ᠎ᠢ ᠦᠨᠡᠯᠡᠬᠦ ᠠᠵᠢᠯ᠎ᠢ ᠥᠷᠨᠢᠭᠦᠯᠦᠨ᠎ᠡ᠃

   4 . ᠤᠯᠤᠰ᠎ᠤᠨ ᠭᠠᠵᠠᠷ ᠰᠢᠷᠣᠶ ᠵᠢᠨ ᠣᠷᠣᠨ ᠵᠠᠶ ᠵᠢᠨ ᠬᠡᠷᠡᠭᠴᠡᠭᠡ ᠵᠢ ᠬᠢᠨᠠᠨ ᠬᠡᠮᠵᠢᠬᠦ᠂ ᠰᠢᠯᠵᠢᠭᠦᠯᠦᠨ ᠬᠡᠷᠡᠭᠯᠡᠬᠦ ᠵᠢᠴᠢ ᠬᠠᠮᠢᠶᠠᠷᠤᠨ ᠡᠵᠡᠮᠳᠡᠬᠦ ᠳᠦᠷᠢᠮ᠎ᠢ ᠦᠨᠡᠯᠡᠬᠦ ᠮᠡᠷᠭᠡᠵᠢᠯ᠎ᠤᠨ ᠠᠵᠢᠯ᠎ᠢ ᠡᠭᠦᠷᠭᠡᠯᠡᠵᠦ᠂ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠳᠤ ᠬᠡᠷᠡᠭᠯᠡᠬᠦ ᠭᠠᠵᠠᠷ᠎ᠢ ᠮᠡᠳᠡᠭᠦᠯᠦᠨ ᠵᠥᠪᠰᠢᠶᠡᠷᠡᠭᠦᠯᠬᠦ ᠤᠭᠰᠠᠷᠠᠭ᠎ᠠ ᠲᠣᠨᠣᠭ᠂ ᠬᠣᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠢ ᠰᠢᠯᠢᠳᠡᠭᠵᠢᠭᠦᠯᠦᠨ ᠠᠰᠢᠭᠯᠠᠬᠤ ᠵᠢᠨ ᠲᠤᠰᠠᠯᠠᠬᠤ ᠠᠵᠢᠯ᠎ᠢ ᠥᠷᠨᠢᠭᠦᠯᠦᠨ᠎ᠡ᠃

   5 . ᠤᠯᠤᠰ᠎ᠤᠨ ᠭᠠᠵᠠᠷ ᠰᠢᠷᠣᠶ ᠡᠬᠢ ᠪᠠᠶᠠᠯᠢᠭ᠎ᠢ ᠨᠡᠭᠡᠭᠡᠨ ᠠᠰᠢᠭᠯᠠᠬᠤ᠂ ᠭᠠᠵᠠᠷ ᠰᠢᠷᠣᠶ ᠵᠢᠨ ᠵᠠᠬ᠎ᠠ ᠳᠡᠯᠭᠡᠭᠦᠷ᠎ᠢ ᠵᠠᠳᠠᠯᠵᠤ ᠰᠤᠳᠤᠯᠤᠨ ᠮᠠᠭ᠋ᠠᠳᠯᠠᠬᠤ᠂ ᠬᠣᠲᠠ ᠬᠥᠳᠡᠭᠡ ᠵᠢᠨ ᠭᠠᠵᠠᠷ ᠰᠢᠷᠣᠶ ᠵᠢ ᠳᠡᠰ ᠬᠤᠪᠢᠶᠠᠬᠤ ᠪᠠ ᠨᠡᠶ᠋ᠢᠲᠡ᠎ᠳᠤ ᠵᠠᠷᠯᠠᠬᠤ ᠦᠨ᠎ᠡ ᠬᠠᠩᠰᠢ ᠵᠢᠨ ᠰᠢᠰᠲ᠋ᠧᠮᠵᠢ ᠵᠢ ᠦᠨᠡᠯᠡᠨ ᠵᠢᠱ᠌ᠢᠬᠦ ᠪᠠᠶ᠋ᠢᠭᠤᠯᠤᠯᠲᠠ ᠵᠡᠷᠭᠡ ᠮᠡᠷᠭᠡᠵᠢᠯ᠎ᠤᠨ ᠲᠤᠯᠭ᠋ᠠᠭᠤᠷᠢᠯᠠᠬᠤ ᠠᠵᠢᠯ᠎ᠢ ᠡᠭᠦᠷᠭᠡᠯᠡᠨ᠎ᠡ᠃

  6 . ᠲᠠᠷᠢᠶᠠᠨ ᠭᠠᠵᠠᠷ ᠪᠣᠯᠤᠨ ᠥᠨᠢᠳᠡ ᠵᠢᠨ ᠦᠨᠳᠦᠰᠦᠨ ᠲᠠᠷᠢᠶᠠᠨ ᠭᠠᠵᠠᠷ᠎ᠢ ᠬᠠᠮᠠᠭ᠋ᠠᠯᠠᠬᠤ᠂ ᠲᠠᠷᠢᠶᠠᠨ ᠭᠠᠵᠠᠷ᠎ᠢ ᠡᠵᠡᠯᠡᠬᠦ ᠪᠠ ᠨᠥᠬᠥᠪᠥᠷᠢᠯᠡᠬᠦ ᠵᠢ ᠲᠡᠩᠴᠡᠭᠦᠷᠢ᠎ᠲᠠᠢ ᠪᠠᠶ᠋ᠢᠯᠭ᠋ᠠᠬᠤ᠂ ᠤᠯᠤᠰ᠎ᠤᠨ ᠭᠠᠵᠠᠷ ᠰᠢᠷᠣᠶ ᠵᠢ ᠶᠡᠷᠦᠩᠬᠡᠶ᠋ᠢᠯᠡᠨ ᠴᠡᠭᠴᠡᠯᠡᠨ ᠵᠠᠰᠠᠬᠤ᠂ ᠲᠠᠲᠠᠪᠤᠷᠢᠯᠠᠬᠤ ᠭᠠᠵᠠᠷ ᠣᠷᠣᠨ᠎ᠤ ᠬᠡᠰᠡᠭ᠎ᠤᠨ ᠶᠡᠷᠦᠩᠬᠡᠶ᠋ᠢᠯᠡᠭᠰᠡᠨ ᠭᠠᠵᠠᠷ᠎ᠤᠨ ᠦᠨ᠎ᠡ ᠵᠢ ᠰᠢᠨᠡᠳᠬᠡᠬᠦ᠂ ᠲᠠᠷᠢᠶᠠᠨ ᠭᠠᠵᠠᠷ᠎ᠤᠨ ᠶᠠᠰᠤ ᠴᠢᠨᠠᠷ᠎ᠢ ᠲᠥᠷᠥᠯ ᠬᠤᠪᠢᠶᠠᠬᠤ ᠵᠡᠷᠭᠡ ᠮᠡᠷᠭᠡᠵᠢᠯ᠎ᠤᠨ ᠲᠤᠯᠭ᠋ᠠᠭᠤᠷᠢᠯᠠᠬᠤ ᠠᠵᠢᠯ᠎ᠢ ᠡᠭᠦᠷᠭᠡᠯᠡᠨ᠎ᠡ᠃

   7 . ᠠᠷᠠᠳ ᠨᠡᠶ᠋ᠢᠲᠡ ᠵᠢᠨ ᠥᠮᠴᠢᠯᠡᠯᠲᠦ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠡᠳ᠋ ᠬᠥᠷᠥᠩᠭᠡ ᠵᠢᠨ ᠡᠷᠬᠡ ᠠᠰᠢᠭ᠎ᠢ ᠬᠠᠮᠠᠭ᠋ᠠᠯᠠᠬᠤ᠂ ᠥᠷᠢ ᠥᠭᠴᠡᠭᠡ ᠵᠢᠨ ᠬᠦᠰᠦᠨᠦᠭᠲᠦ ᠵᠢ ᠨᠠᠶ᠋ᠢᠷᠠᠭᠤᠯᠤᠨ ᠵᠣᠬᠢᠶᠠᠬᠤ᠂ ᠠᠮᠢ ᠠᠬᠤᠶ ᠵᠢᠨ ᠥᠷᠲᠡᠭ᠎ᠤᠨ ᠲᠣᠭ᠋ᠠᠴᠠᠭ᠎ᠠ ᠬᠢᠬᠦ᠂ ᠨᠠᠷᠢᠨ ᠬᠠᠭᠤᠳᠠᠰᠤ ᠵᠢᠨ ᠬᠠᠮᠢᠶᠠᠷᠤᠯᠲᠠ ᠵᠢᠴᠢ ᠭᠠᠵᠠᠷ ᠰᠢᠷᠣᠶ᠎ᠪᠠᠷ ᠭᠤᠤᠯ ᠪᠣᠯᠭ᠋ᠠᠭᠰᠠᠨ ᠡᠳ᠋ ᠬᠥᠷᠥᠩᠭᠡ ᠵᠢ ᠢᠯᠭ᠋ᠠᠷᠠᠭᠤᠯᠤᠨ ᠪᠠᠶ᠋ᠢᠴᠠᠭ᠋ᠠᠵᠤ ᠪᠦᠷᠢᠳᠬᠡᠬᠦ᠂ ᠨᠥᠭᠡᠴᠡᠯᠡᠵᠦ ᠬᠢᠨᠠᠨ ᠰᠢᠨᠵᠢᠬᠦ ᠮᠡᠷᠭᠡᠵᠢᠯ᠎ᠤᠨ ᠲᠤᠯᠭ᠋ᠠᠭᠤᠷᠢᠯᠠᠯ᠎ᠤᠨ ᠠᠵᠢᠯ᠎ᠢ ᠡᠭᠦᠷᠭᠡᠯᠡᠨ᠎ᠡ᠃

   8 . ᠤᠯᠤᠰ᠎ᠤᠨ ᠭᠠᠵᠠᠷ ᠰᠢᠷᠣᠶ ᠵᠢᠨ ᠣᠷᠣᠨ ᠵᠠᠶ ᠵᠢᠨ ᠲᠥᠯᠥᠪᠵᠢᠭᠦᠯᠭᠡ ᠵᠢᠨ ᠲᠤᠬᠠᠶ᠋ᠢᠯᠠᠭᠰᠠᠨ ᠠᠵᠢᠯ᠎ᠤᠨ ᠮᠡᠷᠭᠡᠵᠢᠯ᠂ ᠣᠨᠣᠯ ᠠᠷᠭ᠎ᠠ᠂ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢᠨ ᠰᠤᠳᠤᠯᠤᠯ᠎ᠢ ᠥᠷᠨᠢᠭᠦᠯᠵᠦ᠂ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠰᠠᠭᠤᠷᠢᠨ ᠭᠠᠵᠠᠷ᠎ᠤᠨ ᠪᠦᠲᠦᠭᠡᠨ ᠪᠠᠶ᠋ᠢᠭᠤᠯᠤᠯᠲᠠ᠂ ᠮᠡᠷᠭᠡᠵᠢᠯ᠎ᠤᠨ ᠵᠢᠷᠤᠮᠵᠢᠯ᠎ᠤᠨ ᠪᠠᠷᠢᠮᠵᠢᠶ᠎ᠠ ᠵᠢ ᠰᠤᠳᠤᠯᠤᠨ ᠦᠢ᠍ᠯᠡᠳᠬᠦ ᠵᠡᠷᠭᠡ ᠠᠵᠢᠯ᠎ᠢ ᠬᠠᠷᠢᠭᠤᠴᠠᠨ᠎ᠠ᠃

  9 . ᠤᠯᠤᠰ᠎ᠤᠨ ᠭᠠᠵᠠᠷ ᠰᠢᠷᠣᠶ ᠵᠢᠨ ᠣᠷᠣᠨ ᠵᠠᠶ ᠵᠢᠨ ᠲᠥᠯᠥᠪᠵᠢᠭᠦᠯᠭᠡ ᠵᠢᠨ 《ᠨᠢᠭᠡ ᠬᠠᠭᠤᠳᠠᠰᠦ ᠵᠢᠷᠤᠭ》 ᠵᠢᠴᠢ ᠬᠠᠮᠢᠶ᠎ᠠ ᠪᠦᠬᠦᠢ ᠲᠤᠬᠠᠶ᠋ᠢᠯᠠᠭᠰᠠᠨ ᠠᠵᠢᠯ᠎ᠤᠨ ᠰᠢᠰᠲ᠋ᠧᠮ᠎ᠢ ᠰᠢᠨᠡᠳᠬᠡᠬᠦ᠂ ᠲᠣᠭ᠎ᠠ ᠪᠠᠷᠢᠮᠲᠠ ᠵᠢ ᠬᠠᠮᠠᠭ᠋ᠠᠯᠠᠬᠤ ᠪᠠ ᠬᠡᠷᠡᠭᠯᠡᠬᠦ ᠵᠡᠷᠭᠡ ᠠᠵᠢᠯ᠎ᠢ ᠬᠠᠷᠢᠭᠤᠴᠠᠨ᠎ᠠ᠃

  10 . ᠤᠯᠤᠰ᠎ᠤᠨ ᠭᠠᠵᠠᠷ ᠰᠢᠷᠤᠢ ᠵᠢᠨ ᠣᠷᠣᠨ ᠵᠠᠢ ᠵᠢᠨ ᠲᠥᠯᠥᠪᠵᠢᠭᠦᠯᠭᠡ ᠵᠢᠴᠢ ᠬᠣᠯᠪᠣᠭᠳᠠᠯ ᠪᠦᠬᠦᠢ ᠲᠤᠬᠠᠶ᠋ᠢᠯᠠᠭᠰᠠᠨ ᠠᠵᠢᠯ᠎ᠤᠨ ᠨᠡᠶ᠋ᠢᠭᠡᠮᠴᠢᠯᠡᠭᠰᠡᠨ ᠵᠥᠪᠯᠡᠯᠭᠡ ᠥᠭᠬᠦ ᠦᠢ᠍ᠯᠡᠴᠢᠯᠡᠭᠡ᠂ ᠳᠡᠯᠭᠡᠷᠡᠭᠦᠯᠦᠨ ᠬᠡᠷᠡᠭᠯᠡᠬᠦ᠂ ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ ᠤᠬᠠᠭᠤᠯᠭ᠎ᠠ ᠵᠡᠷᠭᠡ ᠠᠵᠢᠯ᠎ᠢ ᠥᠷᠨᠢᠭᠦᠯᠦᠨ᠎ᠡ᠃

  11 . ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠠᠴᠠ ᠲᠤᠰᠢᠶᠠᠭᠰᠠᠨ ᠪᠤᠰᠤᠳ ᠡᠭᠦᠷᠭᠡ ᠵᠢ ᠪᠡᠶᠡᠯᠡᠭᠦᠯᠦᠨ᠎ᠡ᠃

     ᠳᠣᠲᠣᠭ᠋ᠠᠳᠤ ᠵᠢᠨ ᠪᠠᠶ᠋ᠢᠭᠤᠯᠤᠮᠵᠢ 13 ᠪᠤᠢ᠄ ᠠᠯᠪᠠᠨ ᠭᠡᠷ᠂ ᠵᠣᠬᠢᠶᠠᠨ ᠪᠠᠶ᠋ᠢᠭᠤᠯᠤᠯᠲᠠ ᠠᠵᠢᠯᠲᠠᠨ᠎ᠤ ᠶᠠᠪᠤᠳᠠᠯ᠎ᠤᠨ ᠭᠠᠵᠠᠷ᠂ ᠡᠳ᠋᠎ᠤᠨ ᠶᠠᠪᠤᠳᠠᠯ᠎ᠤᠨ ᠭᠠᠵᠠᠷ᠂ ᠶᠡᠷᠦᠩᠬᠡᠶ ᠲᠥᠯᠥᠪᠵᠢᠭᠦᠯᠭᠡ ᠵᠢᠨ ᠭᠠᠵᠠᠷ᠂ ᠲᠤᠰᠬᠠᠶ ᠵᠦᠢ᠍ᠯ᠎ᠤᠨ ᠲᠥᠯᠥᠪᠵᠢᠭᠦᠯᠭᠡ ᠵᠢᠨ ᠭᠠᠵᠠᠷ᠂ ᠬᠡᠷᠡᠭᠴᠡᠭᠡ ᠵᠢᠨ ᠬᠠᠮᠢᠶᠠᠷᠤᠯᠲᠠ ᠵᠢᠨ ᠭᠠᠵᠠᠷ᠂ ᠨᠡᠭᠡᠭᠡᠨ ᠬᠥᠭᠵᠢᠭᠦᠯᠵᠦ ᠠᠰᠢᠭᠯᠠᠬᠤ ᠵᠢ ᠦᠨᠡᠯᠡᠬᠦ ᠭᠠᠵᠠᠷ᠂ ᠲᠠᠷᠢᠶᠠᠨ ᠭᠠᠵᠠᠷ᠎ᠤᠨ ᠬᠠᠮᠠᠭ᠋ᠠᠯᠠᠯᠲᠠ ᠵᠢ ᠬᠢᠨᠠᠨ ᠰᠢᠨᠵᠢᠬᠦ ᠭᠠᠵᠠᠷ᠂ ᠪᠠᠶ᠋ᠢᠭ᠋ᠠᠯᠢ ᠵᠢᠨ ᠡᠬᠢ ᠪᠠᠶᠠᠯᠢᠭ ᠡᠳ᠋ ᠬᠥᠷᠥᠩᠭᠡ ᠵᠢᠨ ᠡᠷᠬᠡ ᠠᠰᠢᠭ᠎ᠤᠨ ᠭᠠᠵᠠᠷ᠂ ᠭᠠᠵᠠᠷ ᠰᠢᠷᠣᠶ ᠵᠢᠨ ᠵᠠᠬ᠎ᠠ ᠳᠡᠯᠭᠡᠭᠦᠷ᠎ᠤᠨ ᠵᠠᠳᠠᠯᠤᠯᠲᠠ ᠵᠢᠨ ᠭᠠᠵᠠᠷ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠥᠭᠵᠢᠯᠲᠡ ᠵᠢᠨ ᠭᠠᠵᠠᠷ᠂ ᠦᠷ᠎ᠡ ᠪᠦᠲᠦᠭᠡᠯ᠎ᠤᠨ ᠶᠠᠰᠤ ᠴᠢᠨᠠᠷ᠎ᠤᠨ ᠬᠠᠮᠢᠶᠠᠷᠤᠯᠲᠠ ᠵᠢᠨ ᠭᠠᠵᠠᠷ᠂ ᠤᠯᠤᠰ᠎ᠤᠨ ᠭᠠᠵᠠᠷ ᠰᠢᠷᠣᠶ ᠵᠢᠨ ᠣᠷᠣᠨ ᠵᠠᠶ ᠵᠢᠨ ᠲᠣᠭ᠎ᠠ ᠪᠠᠷᠢᠮᠲᠠ ᠵᠢᠨ ᠵᠠᠳᠠᠯᠤᠯᠲᠠ ᠵᠢᠨ ᠲᠥᠪ᠃

     ᠠᠵᠢᠯ᠎ᠠᠴᠠ᠎ᠪᠠᠨ ᠠᠮᠠᠷᠠᠭᠰᠠᠳ᠎ᠤᠨ ᠠᠵᠢᠯ᠎ᠤᠨ ᠭᠠᠵᠠᠷ᠃ ᠠᠵᠢᠯ᠎ᠠᠴᠠ᠎ᠪᠠᠨ ᠠᠮᠠᠷᠠᠭᠰᠠᠳ᠎ᠤᠨ ᠬᠠᠮᠢᠶᠠᠷᠤᠯᠲᠠ ᠦᠢ᠍ᠯᠡᠴᠢᠯᠡᠭᠡᠨ᠎ᠤ ᠠᠵᠢᠯ᠎ᠢ ᠬᠠᠷᠢᠭᠤᠴᠠᠨ᠎ᠠ᠃

   ᠠᠵᠢᠯᠯᠠᠬᠤ ᠭᠠᠵᠠᠷ᠄ ᠬᠥᠬᠡᠬᠣᠲᠠ ᠵᠢᠨ ᠰᠠᠶ᠋ᠢᠬᠠᠨ ᠲᠣᠭᠣᠷᠢᠭ᠎ᠤᠨ ᠰᠢᠤᠸᠠᠢ ᠶᠤᠸᠠᠨ ᠵᠡᠭᠦᠨ ᠵᠡᠭᠡᠯᠢ ᠵᠢᠨ 11 ᠳ᠋ᠦ᠍ᠭᠡᠷ ᠨᠣᠮᠧᠷ

   ᠠᠵᠢᠯᠯᠠᠬᠤ ᠴᠠᠭ᠄ ᠠᠵᠢᠯᠯᠠᠬᠤ ᠡᠳᠦᠷ᠎ᠤᠨ 8᠄ 30 —12᠄ 00᠂ 14᠄ 30 —17᠄ 30

   ᠬᠠᠷᠢᠯᠴᠠᠬᠤ ᠠᠷᠭ᠎ᠠ᠄ 0471— 4306673

   ᠬᠠᠷᠢᠭᠤᠴᠠᠯᠭ᠋ᠠᠲᠠᠨ᠄ ᠶᠠᠩ ᠵᠢᠶᠦ᠋ᠨ ᠵᠢᠶᠧ

 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ