ᠨᠢᠭᠡᠳᠦᠭᠡᠷ ᠵᠦᠢ᠍ᠯ ᠠᠭᠤᠷᠬᠠᠶ ᠵᠢᠨ ᠦᠢ᠍ᠯᠡᠰ᠎ᠤᠨ ᠡᠷᠬᠡᠲᠦ ᠬᠥᠮᠦᠨ᠎ᠢ ᠬᠠᠶ᠋ᠢᠨ ᠪᠠᠶ᠋ᠢᠴᠠᠭ᠋ᠠᠵᠤ ᠨᠡᠭᠡᠭᠡᠨ ᠮᠠᠯᠲᠠᠬᠤ ᠠᠵᠢᠯᠯᠠᠭ᠎ᠠ ᠵᠢᠨ ᠶᠠᠪᠤᠳᠠᠯ᠎ᠤᠨ ᠳᠤᠮᠳᠠᠬᠢ ᠪᠠ ᠳᠠᠷᠠᠭ᠋ᠠᠬᠢ ᠬᠢᠨᠠᠯᠲᠠ ᠬᠠᠮᠢᠶᠠᠷᠤᠯᠲᠠ ᠵᠢ ᠵᠢᠷᠤᠮᠵᠢᠭᠤᠯᠵᠤ᠂ ᠠᠭᠤᠷᠬᠠᠶ ᠵᠢᠨ ᠦᠢ᠍ᠯᠡᠰ᠎ᠤᠨ ᠡᠷᠬᠡᠲᠦ ᠬᠥᠮᠦᠨ᠎ᠤ ᠦᠨᠡᠨᠴᠢ ᠢᠲᠡᠭᠡᠮᠵᠢᠲᠡᠶ᠎ᠪᠠᠷ ᠥᠪᠡᠷ᠎ᠢ᠎ᠪᠠᠨ ᠱᠠᠭ᠋ᠠᠷᠳᠠᠬᠤ ᠵᠢ ᠠᠬᠢᠭᠤᠯᠤᠨ᠂ ᠡᠷᠬᠡ ᠲᠡᠭᠰᠢ᠎ᠪᠠᠷ ᠥᠷᠢᠰᠦᠯᠳᠦᠬᠦ ᠵᠠᠬ᠎ᠠ ᠳᠡᠯᠭᠡᠭᠦᠷ᠎ᠤᠨ ᠣᠷᠴᠢᠨ ᠲᠣᠭᠤᠷᠢᠨ᠎ᠢ ᠪᠣᠶ ᠪᠣᠯᠭ᠋ᠠᠬᠤ ᠵᠢᠨ ᠲᠤᠰᠠᠳᠠ᠂ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠤᠨ ᠬᠠᠤᠯᠢ》᠂ 《ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ᠎ᠢ ᠰᠢᠯᠢᠳᠡᠭᠵᠢᠭᠦᠯᠬᠦ ᠲᠦᠷᠢᠮ》 ᠵᠡᠷᠭᠡ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠢ ᠦᠨᠳᠦᠰᠦᠯᠡᠨ᠂ ᠲᠣᠰ ᠠᠷᠭ᠎ᠠ ᠵᠢ ᠲᠣᠭᠲᠠᠭ᠋ᠠᠪᠠ᠃
ᠬᠣᠶᠠᠳᠤᠭ᠋ᠠᠷ ᠵᠦᠢ᠍ᠯ ᠠᠭᠤᠷᠬᠠᠶ ᠵᠢᠨ ᠦᠢ᠍ᠯᠡᠰ᠎ᠤᠨ ᠡᠷᠬᠡᠲᠦ ᠬᠥᠮᠦᠨ ᠬᠠᠶ᠋ᠢᠨ ᠪᠠᠶ᠋ᠢᠴᠠᠭ᠋ᠠᠵᠤ ᠨᠡᠭᠡᠭᠡᠨ ᠮᠠᠯᠲᠠᠬᠤ ᠮᠡᠳᠡᠭᠡ ᠵᠠᠩᠭᠢ᠎ᠪᠠᠨ ᠲᠠᠭᠯᠠᠨ ᠮᠡᠳᠡᠭᠦᠯᠬᠦ᠂ ᠢᠯᠡ ᠨᠡᠶ᠋ᠢᠲᠡᠯᠡᠬᠦ᠂ ᠬᠢᠨᠠᠨ ᠪᠠᠶ᠋ᠢᠴᠠᠭ᠋ᠠᠬᠤ᠂ ᠬᠡᠷᠡᠭᠯᠡᠬᠦ ᠵᠡᠷᠭᠡ ᠠᠵᠢᠯᠯᠠᠭ᠎ᠠ᠎ᠳᠤ ᠲᠤᠰ ᠠᠷᠭ᠎ᠠ ᠲᠣᠬᠢᠷᠠᠨ᠎ᠠ᠃
ᠭᠤᠷᠪᠠᠳᠤᠭ᠋ᠠᠷ ᠵᠦᠢ᠍ᠯ ᠠᠭᠤᠷᠬᠠᠶ ᠵᠢᠨ ᠡᠷᠬᠡᠲᠦ ᠬᠥᠮᠦᠨ ᠬᠠᠶ᠋ᠢᠨ ᠪᠠᠶ᠋ᠢᠴᠠᠭ᠋ᠠᠵᠤ ᠨᠡᠭᠡᠭᠡᠨ ᠮᠠᠯᠲᠠᠬᠤ ᠮᠡᠳᠡᠭᠡ ᠵᠠᠩᠭᠢ ᠵᠢᠨ ᠬᠠᠮᠢᠶᠠᠷᠤᠯᠲᠠ᠎ᠳᠤ ᠪᠠᠭᠲᠠᠭ᠋ᠠᠮᠵᠢᠲᠠᠶ ᠬᠢᠨᠠᠭᠤᠷ ᠪᠣᠯᠭᠤᠮᠵᠢᠲᠠᠶ ᠪᠠᠶ᠋ᠢᠬᠤ ᠵᠠᠷᠴᠢᠮ᠎ᠢ ᠪᠠᠷᠢᠮᠲᠠᠯᠠᠨ᠂ ᠠᠭᠤᠷᠬᠠᠶ ᠵᠢᠨ ᠡᠷᠬᠡᠲᠦ ᠬᠥᠮᠦᠨ᠎ᠤ ᠬᠠᠤᠯᠢ ᠶᠣᠰᠣᠨ᠎ᠤ ᠡᠷᠬᠡ ᠠᠰᠢᠭ᠎ᠢ ᠬᠠᠮᠠᠭ᠋ᠠᠯᠠᠬᠤ ᠬᠡᠷᠡᠭᠲᠡᠶ᠃
ᠳᠥᠷᠪᠡᠳᠦᠭᠡᠷ ᠵᠦᠢ᠍ᠯ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ᠎ᠠᠴᠠ ᠪᠦᠬᠦ ᠤᠯᠤᠰ᠎ᠤᠨ ᠠᠭᠤᠷᠬᠠᠶ ᠵᠢᠨ ᠦᠢ᠍ᠯᠡᠰ᠎ᠤᠨ ᠡᠷᠬᠡᠲᠦ ᠬᠥᠮᠦᠨ᠎ᠤ ᠬᠠᠶ᠋ᠢᠨ ᠪᠠᠶ᠋ᠢᠴᠠᠭ᠋ᠠᠵᠤ ᠨᠡᠭᠡᠭᠡᠨ ᠮᠠᠯᠲᠠᠬᠤ ᠮᠡᠳᠡᠭᠡ ᠵᠠᠩᠭᠢ ᠵᠢᠨ ᠬᠠᠮᠢᠶᠠᠷᠤᠯᠲᠠ ᠵᠢᠨ ᠠᠵᠢᠯ᠎ᠢ ᠬᠠᠷᠢᠭᠤᠴᠠᠵᠤ᠂ ᠪᠦᠬᠦ ᠤᠯᠤᠰ᠎ᠤᠨ ᠠᠭᠤᠷᠬᠠᠶ ᠵᠢᠨ ᠦᠢ᠍ᠯᠡᠰ᠎ᠤᠨ ᠡᠷᠬᠡᠲᠦ ᠬᠥᠮᠦᠨ᠎ᠤ ᠬᠠᠶ᠋ᠢᠨ ᠪᠠᠶ᠋ᠢᠴᠠᠭ᠋ᠠᠵᠤ ᠨᠡᠭᠡᠭᠡᠨ ᠮᠠᠯᠲᠠᠬᠤ ᠮᠡᠳᠡᠭᠡ ᠵᠠᠩᠭᠢ ᠵᠢᠨ ᠬᠠᠮᠢᠶᠠᠷᠤᠯᠲᠠ ᠵᠢᠨ ᠰᠢᠰᠲ᠋ᠧᠮ᠎ᠢ ᠵᠣᠬᠢᠶᠠᠨ ᠪᠠᠶ᠋ᠢᠭᠤᠯᠤᠨ᠎ᠠ᠃
ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠲᠣᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠳᠣᠲᠣᠷᠠᠬᠢ ᠠᠭᠤᠷᠬᠠᠶ ᠵᠢᠨ ᠦᠢ᠍ᠯᠡᠰ᠎ᠤᠨ ᠡᠷᠬᠡᠲᠦ ᠬᠥᠮᠦᠨ᠎ᠤ ᠬᠠᠶ᠋ᠢᠨ ᠪᠠᠶ᠋ᠢᠴᠠᠭ᠋ᠠᠵᠤ ᠨᠡᠭᠡᠭᠡᠨ ᠮᠠᠯᠲᠠᠬᠤ ᠮᠡᠳᠡᠭᠡ ᠵᠠᠩᠭᠢ ᠵᠢᠨ ᠬᠠᠮᠢᠶᠠᠷᠤᠯᠲᠠ ᠵᠢᠨ ᠠᠵᠢᠯ᠎ᠢ ᠬᠠᠷᠢᠭᠤᠴᠠᠨ᠎ᠠ᠃
ᠲᠠᠪᠤᠳᠤᠭ᠋ᠠᠷ ᠵᠦᠢ᠍ᠯ ᠠᠭᠤᠷᠬᠠᠶ ᠵᠢᠨ ᠦᠢ᠍ᠯᠡᠰ᠎ᠤᠨ ᠡᠷᠬᠡᠲᠦ ᠬᠥᠮᠦᠨ᠎ᠨᠢ ᠬᠠᠶ᠋ᠢᠨ ᠪᠠᠶ᠋ᠢᠴᠠᠭ᠋ᠠᠵᠤ ᠨᠡᠭᠡᠭᠡᠨ ᠮᠠᠯᠲᠠᠬᠤ ᠮᠡᠳᠡᠭᠡ ᠵᠠᠩᠭᠢ ᠵᠢ 《ᠬᠡᠨ ᠭᠠᠷᠭ᠋ᠠᠭᠰᠠᠨ ᠪᠣᠯ᠂ ᠬᠡᠨ ᠲᠠᠭᠯᠠᠨ ᠮᠡᠳᠡᠭᠦᠯᠬᠦ》 ᠵᠠᠷᠴᠢᠮ᠎ᠤᠨ ᠶᠣᠰᠣᠭ᠋ᠠᠷ᠂ ᠠᠭᠤᠷᠬᠠᠶ ᠵᠢᠨ ᠦᠢ᠍ᠯᠡᠰ᠎ᠤᠨ ᠡᠷᠬᠡᠲᠦ ᠬᠥᠮᠦᠨ ᠪᠣᠯᠤᠨ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠪᠦᠬᠦ ᠤᠯᠤᠰ᠎ᠤᠨ ᠠᠭᠤᠷᠬᠠᠶ ᠵᠢᠨ ᠦᠢ᠍ᠯᠡᠰ᠎ᠤᠨ ᠡᠷᠬᠡᠲᠦ ᠬᠥᠮᠦᠨ᠎ᠤ ᠬᠠᠶ᠋ᠢᠨ ᠪᠠᠶ᠋ᠢᠴᠠᠭ᠋ᠠᠵᠤ ᠨᠡᠭᠡᠭᠡᠨ ᠮᠠᠯᠲᠠᠬᠤ ᠮᠡᠳᠡᠭᠡ ᠵᠠᠩᠭᠢ ᠵᠢᠨ ᠬᠠᠮᠢᠶᠠᠷᠤᠯᠲᠠ ᠵᠢᠨ ᠰᠢᠰᠲ᠋ᠧᠮ᠎ᠳᠤ ᠬᠠᠷᠢᠭᠤᠴᠠᠨ ᠲᠠᠭᠯᠠᠨ ᠮᠡᠳᠡᠭᠦᠯᠬᠦ ᠵᠢᠨ ᠬᠠᠮᠲᠤ᠂ ᠲᠤᠰ ᠠᠷᠭ᠎ᠠ ᠵᠢᠨ ᠲᠣᠭᠲᠠᠭ᠋ᠠᠯ ᠶᠣᠰᠣᠭ᠋ᠠᠷ ᠨᠡᠶ᠋ᠢᠭᠡᠮ᠎ᠳᠤ ᠢᠯᠡ ᠨᠡᠶ᠋ᠢᠲᠡᠯᠡᠬᠦ ᠬᠡᠷᠡᠭᠲᠡᠶ᠃
ᠵᠢᠷᠭᠤᠳᠤᠭ᠋ᠠᠷ ᠵᠦᠢ᠍ᠯ ᠳᠣᠤᠷᠠᠬᠢ ᠮᠡᠳᠡᠭᠡ ᠵᠠᠩᠭᠢ ᠵᠢ ᠠᠭᠤᠷᠬᠠᠶ ᠬᠠᠶ᠋ᠢᠬᠤ ᠡᠷᠬᠡᠲᠦ ᠬᠥᠮᠦᠨ ᠬᠠᠷᠢᠭᠤᠴᠠᠨ ᠲᠠᠭᠯᠠᠨ ᠮᠡᠳᠡᠭᠦᠯᠦᠨ᠎ᠡ᠄
(ᠨᠢᠭᠡ) ᠬᠠᠶ᠋ᠢᠨ ᠪᠠᠶ᠋ᠢᠴᠠᠭ᠋ᠠᠬᠤ ᠠᠵᠢᠯ᠎ᠢ ᠡᠭᠦᠷᠭᠡᠯᠡᠵᠦ ᠪᠠᠶ᠋ᠢᠭ᠎ᠠ ᠨᠢᠭᠡᠴᠢ ᠵᠢᠨ ᠨᠡᠷᠡᠶ᠋ᠢᠳᠦᠯ᠂ ᠬᠠᠶᠢᠭ ᠵᠡᠷᠭᠡ ᠪᠠᠶ᠋ᠢᠳᠠᠯ;
(ᠬᠤᠶᠠᠷ) ᠣᠨ᠎ᠤ ᠬᠠᠶ᠋ᠢᠨ ᠪᠠᠶ᠋ᠢᠴᠠᠭ᠋ᠠᠬᠤ ᠪᠡᠯᠡ ᠣᠷᠣᠭᠤᠯᠥᠯᠳᠡ ᠵᠢᠨ ᠲᠤᠭ᠎ᠠ ᠭᠡᠮᠵᠢᠶ᠎ᠠ᠂ ᠠᠭᠤᠷᠬᠠᠢ ᠬᠠᠶ᠋ᠢᠬᠤ ᠢᠨᠵᠸᠨ᠋ᠸᠷᠢᠩ᠂ ᠦᠯᠢᠭᠡᠷ ᠡᠳ᠋᠎ᠤᠨ ᠵᠠᠳᠡᠯᠥᠯᠳᠡ ᠵᠡᠷᠭᠡ ᠭᠤᠤᠯ ᠪᠤᠯᠬᠤ ᠪᠤᠳᠡᠳᠣ ᠶᠠᠭᠤᠮ᠎ᠠ ᠵᠢᠨ ᠠᠵᠢᠯ᠎ᠤᠨ ᠭᠡᠮᠵᠢᠶ᠎ᠠ ᠵᠢᠨ ᠪᠠᠶᠠᠯᠠᠬᠦᠯᠥᠭᠰᠡᠨ ᠲᠤᠭ᠎ᠠ ᠭᠡᠮᠵᠢᠶ᠎ᠠ ᠵᠢᠴᠢ ᠬᠠᠶ᠋ᠢᠨ ᠪᠠᠶ᠋ᠢᠴᠠᠭ᠋ᠠᠭᠰᠠᠨ ᠦᠷ᠎ᠠ ᠪᠦᠳᠦᠭᠡᠯ᠎ᠤᠨ ᠮᠡᠳᠡᠬᠦᠯᠥᠯᠳᠡ ᠵᠢ ᠨᠡᠶ᠋ᠢᠷᠡᠭᠤᠯᠥᠨ ᠵᠤᠬᠢᠶᠬᠠᠰᠠᠨ ᠡᠰᠡᠬᠦ ᠵᠡᠷᠭᠡ ᠪᠠᠶ᠋ᠢᠳᠠᠯ;
(ᠭᠤᠷᠪᠠ) ᠠᠭᠤᠷᠬᠠᠢ ᠵᠢᠨ ᠲᠦᠷᠦᠯ᠂ ᠬᠠᠶ᠋ᠢᠨ ᠪᠠᠶ᠋ᠢᠴᠠᠭ᠋ᠠᠬᠤ ᠱᠠᠳᠦ ᠦᠶ᠎ᠡ ᠵᠢᠴᠢ ᠲᠠᠭ᠋ᠠᠯᠳᠣᠭᠰᠠᠨ ᠠᠭᠤᠷᠬᠠᠢ ᠵᠢᠨ ᠭᠠᠷᠣᠯᠳᠠ᠎ᠳᠤ ᠶᠡᠷᠦᠩᠬᠡᠶ᠋ᠢᠯᠡᠭᠰᠡᠨ ᠬᠠᠶ᠋ᠢᠨ ᠪᠠᠶ᠋ᠢᠴᠠᠭ᠋ᠠᠯᠳᠠ ᠪᠠ ᠦᠨᠡᠯᠡᠯᠳᠡ ᠬᠢᠭᠰᠡᠨ ᠡᠰᠡᠬᠦ ᠵᠡᠷᠭᠡ ᠪᠠᠶ᠋ᠢᠳᠠᠯ;
(ᠲᠦᠷᠪᠡ) ᠬᠠᠶ᠋ᠢᠨ ᠪᠠᠶ᠋ᠢᠴᠠᠭ᠋ᠠᠬᠤ ᠠᠵᠢᠯ ᠳᠠᠭᠤᠰᠤᠭᠰᠠᠨ᠎ᠤ ᠳᠠᠷᠠᠭ᠎ᠠ ᠦᠯᠡᠳᠡᠭᠳᠡᠭᠰᠡᠨ ᠬᠤᠳᠳᠤᠭ᠎ᠢ ᠴᠠᠭ ᠲᠤᠬᠠᠢᠳᠤᠨᠢ ᠪᠢᠳᠡᠬᠦᠮᠵᠢᠯᠡᠭᠰᠡᠨ ᠡᠰᠡᠬᠦ;
(ᠲᠠᠪᠤ) ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠤᠨ ᠬᠠᠮᠢᠶᠠᠷᠤᠯᠲᠠ ᠵᠢᠨ ᠬᠠᠤᠯᠢ ᠴᠠᠭ᠋ᠠᠵᠠ ᠬᠠᠤᠯᠢ ᠲᠣᠭᠲᠠᠭ᠋ᠠᠯ ᠵᠡᠷᠭᠡ ᠬᠤᠯᠪᠣᠭᠳᠠᠯ ᠪᠥᠬᠦᠶ ᠲᠣᠭᠲᠠᠭ᠋ᠠᠯ ᠶᠣᠰᠣᠭ᠋ᠠᠷ ᠬᠠᠮᠢᠶ᠎ᠠ ᠪᠥᠬᠦᠶ ᠵᠠᠷᠤᠳᠠᠯ ᠲᠤᠰᠢᠶᠠᠭᠰᠠᠨ ᠪᠠᠶ᠋ᠢᠳᠠᠯ;
(ᠵᠢᠷᠭᠤᠭ᠎ᠠ) ᠭᠠᠵᠠᠷ ᠰᠢᠨᠵᠢᠯᠡᠭᠡᠨ᠎ᠤ ᠮᠠᠲ᠋ᠧᠷᠢᠶᠠᠯ᠎ᠢ ᠬᠤᠷᠢᠶᠠᠩᠭᠤᠶ᠋ᠢᠯᠠᠨ ᠲᠤᠰᠢᠶᠠᠭᠰᠠᠨ ᠡᠭᠦᠷᠭᠡ ᠵᠢ ᠭᠦᠢ᠍ᠴᠡᠳᠭᠡᠭᠰᠡᠨ ᠪᠠᠶ᠋ᠢᠳᠠᠯ;
(ᠳᠤᠯᠤᠭ᠎ᠠ) ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠳᠤ ᠲᠣᠭᠲᠠᠭ᠋ᠠᠭᠰᠠᠨ ᠬᠠᠶ᠋ᠢᠨ ᠪᠠᠶ᠋ᠢᠴᠠᠭ᠋ᠠᠬᠤ ᠪᠤᠰᠤᠳ ᠡᠭᠦᠷᠭᠡ ᠵᠢ ᠭᠦᠢ᠍ᠴᠡᠳᠭᠡᠭᠰᠡᠨ ᠪᠠᠶ᠋ᠢᠳᠠᠯ᠃
ᠳᠣᠯᠣᠳᠤᠭ᠋ᠠᠷ ᠵᠦᠢ᠍ᠯ ᠳᠣᠤᠷᠠᠬᠢ ᠮᠡᠳᠡᠭᠡ ᠵᠠᠩᠭᠢ ᠵᠢ ᠠᠭᠤᠷᠬᠠᠶ ᠮᠠᠯᠲᠠᠬᠤ ᠡᠷᠬᠡᠲᠦ ᠬᠥᠮᠦᠨ ᠬᠠᠷᠢᠭᠤᠴᠠᠨ ᠲᠠᠭᠯᠠᠨ ᠮᠡᠳᠡᠭᠦᠯᠦᠨ᠎ᠡ᠄
(ᠨᠢᠭᠡ) ᠠᠭᠤᠷᠬᠠᠢ ᠵᠢᠨ ᠪᠠᠶ᠋ᠢᠳᠠᠯ᠂ ᠪᠣᠳᠠᠲᠠᠢ ᠨᠡᠭᠡᠭᠡᠨ ᠮᠠᠯᠲᠠᠵᠤ ᠠᠰᠢᠭᠯᠠᠬᠤ ᠠᠭᠤᠷᠬᠠᠢ ᠵᠢᠨ ᠵᠦᠢ᠍ᠯ᠂ ᠵᠢᠴᠢ ᠠᠭᠤᠷᠬᠠᠢ ᠵᠢᠨ ᠬᠠᠳᠠᠭ᠋ᠠᠯᠠᠭᠳᠠᠴᠠ ᠵᠢᠨ ᠣᠨ᠎ᠤ ᠮᠡᠳᠡᠭᠦᠯᠦᠯᠲᠡ ᠵᠢ ᠨᠠᠶ᠋ᠢᠷᠠᠭᠤᠯᠤᠨ ᠵᠣᠬᠢᠶᠠᠬᠤ ᠡᠰᠡᠬᠦ᠂ ᠬᠠᠳᠠᠭ᠋ᠠᠯᠠᠭᠳᠠᠴᠠ ᠵᠢᠨ ᠪᠦᠷᠢᠳᠬᠡᠯ᠎ᠤᠨ ᠰᠠᠭᠤᠷᠢ ᠬᠦᠰᠦᠨᠦᠭᠲᠦ ᠵᠢ ᠮᠡᠳᠡᠭᠦᠯᠦᠨ ᠬᠦᠷᠭᠡᠭᠰᠡᠨ ᠡᠰᠡᠬᠦ᠂ ᠠᠭᠤᠷᠬᠠᠢ ᠵᠢᠨ ᠭᠠᠷᠤᠯᠲᠠ ᠵᠢᠨ ᠡᠬᠢ ᠪᠠᠶᠠᠯᠢᠭ᠎ᠢ ᠶᠡᠷᠦᠩᠬᠡᠶ᠋ᠢᠯᠡᠨ ᠠᠰᠢᠭᠯᠠᠬᠤ᠂ ᠠᠭᠤᠷᠬᠠᠢ ᠵᠢᠨ ᠠᠮᠢ ᠠᠬᠤᠢ ᠵᠢ ᠵᠠᠰᠠᠨ ᠰᠡᠷᠭᠦᠭᠡᠬᠦ ᠵᠡᠷᠭᠡ ᠦᠨᠳᠦᠰᠦᠨ ᠪᠠᠶ᠋ᠢᠳᠠᠯ;
(ᠬᠤᠶᠠᠷ) ᠠᠭᠤᠷᠬᠠᠶ ᠨᠡᠭᠡᠭᠡᠨ ᠮᠠᠯᠲᠠᠭᠰᠠᠨᠤ ᠳᠠᠬᠢᠵᠤ ᠮᠠᠯᠲᠠᠵᠤ ᠭᠠᠷᠭ᠋ᠠᠭᠰᠠᠨ ᠨᠣᠷᠮ᠎ᠠ᠂ ᠬᠦᠳᠡᠷ ᠰᠢᠯᠢᠵᠦ ᠡᠭᠡᠭᠦᠯᠦᠨ ᠬᠤᠷᠢᠶᠠᠭᠰᠠᠨ ᠨᠣᠷᠮ᠎ᠠ᠂ ᠶᠡᠷᠦᠩᠬᠡᠶ᠋ᠢᠯᠡᠨ ᠠᠰᠢᠭᠯᠠᠭᠰᠠᠨ ᠨᠣᠷᠮ᠎ᠠ᠂ ᠬᠦᠳᠡᠷ ᠮᠠᠯᠲᠠᠵᠤ ᠭᠠᠷᠭ᠋ᠠᠭᠰᠠᠨ ᠬᠡᠮᠵᠢᠶ᠎ᠡ᠂ ᠦᠯᠡᠳᠡᠭᠳᠡᠯ ᠬᠦᠳᠡᠷ᠂ ᠬᠠᠶᠠᠭᠳᠠᠮᠠᠯ ᠴᠢᠯᠠᠭᠤ ᠵᠢᠴᠢ ᠬᠠᠮᠲᠤ ᠭᠠᠷᠴᠤ ᠢᠷᠡᠭᠰᠡᠨ ᠠᠭᠤᠷᠬᠠᠶ ᠵᠢᠨ ᠭᠠᠷᠤᠯᠲᠠ ᠵᠡᠷᠭᠡ ᠵᠢ ᠠᠰᠢᠭᠯᠠᠵᠤ ᠪᠠᠶ᠋ᠢᠭ᠎ᠠ ᠪᠠᠶ᠋ᠢᠳᠠᠯ;
(ᠭᠤᠷᠪᠠ) ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠤᠨ ᠬᠠᠮᠢᠶᠠᠷᠤᠯᠲᠠ ᠵᠢᠨ ᠬᠠᠤᠯᠢ ᠴᠠᠭ᠋ᠠᠵᠠ ᠬᠠᠤᠯᠢ ᠲᠣᠭᠲᠠᠭ᠋ᠠᠯ ᠵᠡᠷᠭᠡ ᠬᠤᠯᠪᠣᠭᠳᠠᠯ ᠪᠥᠬᠦᠶ ᠲᠣᠭᠲᠠᠭ᠋ᠠᠯ ᠶᠣᠰᠣᠭ᠋ᠠᠷ ᠬᠠᠮᠢᠶ᠎ᠠ ᠪᠥᠬᠦᠶ ᠵᠠᠷᠤᠳᠠᠯ ᠲᠤᠰᠢᠶᠠᠭᠰᠠᠨ ᠪᠠᠶ᠋ᠢᠳᠠᠯ;
(ᠲᠦᠷᠪᠡ) ᠭᠠᠵᠠᠷ ᠰᠢᠨᠵᠢᠯᠡᠭᠡᠨ᠎ᠤ ᠮᠠᠲ᠋ᠧᠷᠢᠶᠠᠯ᠎ᠢ ᠬᠤᠷᠢᠶᠠᠩᠭᠤᠶ᠋ᠢᠯᠠᠨ ᠲᠤᠰᠢᠶᠠᠭᠰᠠᠨ ᠡᠭᠦᠷᠭᠡ ᠵᠢ ᠭᠦᠢ᠍ᠴᠡᠳᠭᠡᠭᠰᠡᠨ ᠪᠠᠶ᠋ᠢᠳᠠᠯ;
(ᠲᠠᠪᠤ) ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠳᠤ ᠲᠣᠭᠲᠠᠭ᠋ᠠᠭᠰᠠᠨ ᠨᠡᠭᠡᠭᠡᠨ ᠠᠰᠢᠭᠯᠠᠯᠲᠠ ᠵᠢᠨ ᠪᠤᠰᠤᠳ ᠡᠭᠦᠷᠭᠡ ᠵᠢ ᠭᠦᠢ᠍ᠴᠡᠳᠭᠡᠭᠰᠡᠨ ᠪᠠᠢ᠌ᠳᠠᠯ᠃
ᠨᠠᠢ᠍ᠮᠠᠳᠤᠭ᠋ᠠᠷ ᠵᠦᠢ᠍ᠯ ᠳᠣᠣᠷ᠎ᠠ ᠵᠢᠭᠰᠠᠭ᠋ᠠᠭᠰᠠᠨ ᠮᠡᠳᠡᠭᠡ ᠵᠠᠩᠭᠢ ᠵᠢ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠬᠠᠷᠢᠭᠤᠴᠠᠨ ᠲᠠᠭᠯᠠᠨ ᠮᠡᠳᠡᠭᠦᠯᠦᠨ᠎ᠡ᠄
(ᠨᠢᠭᠡ) ᠠᠭᠤᠷᠬᠠᠢ ᠵᠢᠨ ᠦᠢ᠍ᠯᠡᠰ᠎ᠤᠨ ᠡᠷᠬᠡ ᠵᠢ ᠰᠢᠨ᠎ᠡ᠎ᠪᠠᠷ ᠪᠠᠶ᠋ᠢᠭᠤᠯᠬᠤ᠂ ᠦᠷᠭᠦᠯᠵᠢᠯᠡᠭᠦᠯᠬᠦ᠂ ᠬᠤᠪᠢᠷᠠᠭᠤᠯᠬᠤ (ᠰᠢᠯᠵᠢᠭᠦᠯᠦᠨ ᠥᠭᠬᠦ)) ᠳᠠᠩᠰᠠᠯᠠᠯ᠎ᠤᠨ ᠮᠡᠳᠡᠭᠡ ᠵᠠᠩᠭᠢ;
(ᠬᠣᠶᠠᠷ) ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠢ ᠬᠠᠶ᠋ᠢᠨ ᠪᠠᠶ᠋ᠢᠴᠠᠭ᠋ᠠᠬᠤ ᠵᠢᠨ ᠬᠡᠷᠡᠭᠵᠢᠭᠦᠯᠬᠦ ᠲᠥᠰᠦᠯ᠂ ᠨᠡᠭᠡᠭᠡᠨ ᠠᠰᠢᠭᠯᠠᠬᠤ ᠲᠥᠰᠦᠯ᠂ ᠠᠭᠤᠷᠬᠠᠶ ᠵᠢᠨ ᠭᠠᠵᠠᠷ᠎ᠤᠨ ᠣᠷᠴᠢᠨ ᠲᠣᠭᠣᠷᠢᠨ᠎ᠢ ᠬᠠᠮᠠᠭ᠋ᠠᠯᠠᠬᠤ ᠬᠢᠭᠡᠳ ᠭᠠᠵᠠᠷ ᠰᠢᠷᠣᠶ ᠵᠢ ᠳᠠᠬᠢᠨ ᠬᠠᠭ᠋ᠠᠯᠪᠤᠷᠢᠯᠠᠬᠤ ᠲᠥᠰᠦᠯ᠎ᠢ ᠬᠢᠨᠠᠨ ᠪᠠᠶ᠋ᠢᠴᠠᠭ᠋ᠠᠬᠤ (ᠳᠠᠩᠰᠠᠯᠠᠭᠤᠯᠬᠤ) ᠪᠠᠶ᠋ᠢᠳᠠᠯ ᠵᠢᠴᠢ ᠱᠠᠲᠤ ᠦᠶ᠎ᠡ ᠵᠢᠨ ᠰᠢᠯᠭ᠋ᠠᠨ ᠠᠪᠬᠤ ᠮᠡᠳᠡᠭᠡ ᠵᠠᠩᠭᠢ;
(ᠭᠤᠷᠪᠠ) ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠤᠨ ᠬᠠᠳᠠᠭ᠋ᠠᠯᠠᠭᠳᠠᠴᠠ ᠵᠢ ᠬᠢᠨᠠᠨ ᠲᠣᠭᠲᠠᠭ᠋ᠠᠵᠤ ᠳᠠᠩᠰᠠᠯᠠᠭᠰᠠᠨ ᠪᠠᠶ᠋ᠢᠳᠠᠯ;
(ᠲᠦᠷᠪᠡ) ᠠᠭᠤᠷᠬᠠᠶ ᠵᠢᠨ ᠦᠢ᠍ᠯᠡᠰ᠎ᠤᠨ ᠡᠷᠬᠡᠲᠦ ᠬᠥᠮᠦᠨ᠎ᠨᠢ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠤᠨ ᠬᠠᠮᠢᠶᠠᠷᠤᠯᠲᠠ ᠵᠢᠨ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠵᠥᠷᠢᠴᠡᠭᠰᠡᠨ᠎ᠠᠴᠠ ᠪᠣᠯᠵᠣ ᠵᠠᠰᠠᠭ ᠵᠠᠬᠢᠷᠭ᠋ᠠᠨ᠎ᠤ ᠰᠢᠢ᠍ᠳᠭᠡᠯ ᠣᠯᠤᠭᠰᠠᠨ ᠮᠡᠳᠡᠭᠡ ᠵᠠᠩᠭᠢ;
(ᠲᠠᠪᠤ) ᠠᠭᠤᠷᠬᠠᠶ ᠵᠢᠨ ᠦᠢ᠍ᠯᠡᠰ᠎ᠤᠨ ᠡᠷᠬᠡᠲᠦ ᠬᠥᠮᠦᠨ᠎ᠤ ᠬᠠᠶ᠋ᠢᠨ ᠪᠠᠶ᠋ᠢᠴᠠᠭ᠋ᠠᠵᠤ ᠨᠡᠭᠡᠭᠡᠨ ᠮᠠᠯᠲᠠᠬᠤ ᠪᠠᠶ᠋ᠢᠳᠠᠯ᠎ᠳᠤ ᠬᠣᠯᠪᠣᠭᠳᠠᠬᠤ ᠪᠤᠰᠤᠳ ᠮᠡᠳᠡᠭᠡ ᠵᠠᠩᠭᠢ᠃
ᠶᠢᠰᠦᠳᠦᠭᠡᠷ ᠵᠦᠢ᠍ᠯ ᠠᠭᠤᠷᠬᠠᠶ ᠵᠢᠨ ᠦᠢ᠍ᠯᠡᠰ᠎ᠤᠨ ᠡᠷᠬᠡᠲᠦ ᠬᠥᠮᠦᠨ᠎ᠨᠢ ᠵᠢᠯ ᠪᠦᠷᠢ ᠵᠢᠨ 3 ᠳ᠋ᠤᠭ᠋ᠠᠷ ᠰᠠᠷ᠎ᠠ ᠵᠢᠨ 31᠎ᠤ ᠡᠳᠦᠷ᠎ᠠᠴᠠ ᠡᠮᠦᠨ᠎ᠡ ᠳᠡᠭᠡᠷ᠎ᠡ ᠨᠢᠭᠡ ᠵᠢᠯ᠎ᠤᠨ ᠬᠠᠶ᠋ᠢᠨ ᠪᠠᠶ᠋ᠢᠴᠠᠭ᠋ᠠᠵᠤ ᠨᠡᠭᠡᠭᠡᠨ ᠮᠠᠯᠲᠠᠬᠤ ᠮᠡᠳᠡᠭᠡ ᠵᠠᠩᠭᠢ᠎ᠪᠠᠨ ᠲᠠᠭᠯᠠᠨ ᠮᠡᠳᠡᠭᠦᠯᠬᠦ ᠬᠡᠷᠡᠭᠲᠡᠶ ᠭᠡᠪᠡᠴᠦ ᠳᠡᠭᠡᠷ᠎ᠡ ᠨᠢᠭᠡ ᠵᠢᠯ᠎ᠤᠨ ᠪᠠᠶ᠋ᠢᠭᠤᠯᠤᠭᠰᠠᠨ ᠠᠭᠤᠷᠬᠠᠶ ᠵᠢᠨ ᠦᠢ᠍ᠯᠡᠰ᠎ᠤᠨ ᠡᠷᠬᠡ᠎ᠠᠴᠠ ᠬᠠᠮᠤᠭ᠎ᠤᠨ ᠣᠷᠣᠶ ᠲᠠᠭᠯᠠᠨ ᠮᠡᠳᠡᠭᠦᠯᠬᠦ ᠡᠳᠦᠷ᠎ᠨᠢ ᠵᠢᠷᠭᠤᠭ᠋ᠠᠨ ᠰᠠᠷ᠎ᠠ ᠳᠦᠭᠦᠷᠦᠭᠡᠳᠦᠶ᠎ᠨᠢ ᠡᠭᠦᠨ᠎ᠳᠤ ᠪᠠᠭᠲᠠᠬᠤ ᠦᠭᠡᠶ᠃
ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠬᠠᠶ᠋ᠢᠨ ᠪᠠᠶ᠋ᠢᠴᠠᠭ᠋ᠠᠵᠤ ᠨᠡᠭᠡᠭᠡᠨ ᠮᠠᠯᠲᠠᠬᠤ ᠮᠡᠳᠡᠭᠡ ᠵᠠᠩᠭᠢ ᠭᠠᠷᠤᠭᠰᠠᠨ ᠡᠳᠦᠷ᠎ᠠᠴᠠ ᠡᠬᠢᠯᠡᠨ ᠭᠤᠴᠢᠨ ᠡᠳᠦᠷ᠎ᠤᠨ ᠳᠣᠲᠣᠷ᠎ᠠ ᠲᠠᠭᠯᠠᠨ ᠮᠡᠳᠡᠭᠦᠯᠬᠦ ᠬᠡᠷᠡᠭᠲᠡᠶ᠃
ᠠᠷᠪᠠᠳᠤᠭ᠋ᠠᠷ ᠵᠦᠢ᠍ᠯ ᠠᠭᠤᠷᠬᠠᠶ ᠵᠢᠨ ᠦᠢ᠍ᠯᠡᠰ᠎ᠤᠨ ᠡᠷᠬᠡᠲᠦ ᠬᠥᠮᠦᠨ᠎ᠨᠢ ᠬᠠᠶ᠋ᠢᠨ ᠪᠠᠶ᠋ᠢᠴᠠᠭ᠋ᠠᠵᠤ ᠨᠡᠭᠡᠭᠡᠨ ᠮᠠᠯᠲᠠᠬᠤ ᠮᠡᠳᠡᠭᠡ ᠵᠠᠩᠭᠢ᠎ᠪᠠᠨ ᠲᠠᠭᠯᠠᠨ ᠮᠡᠳᠡᠭᠦᠯᠬᠦ᠂ ᠢᠯᠡ ᠨᠡᠶ᠋ᠢᠲᠡᠯᠡᠬᠦ᠎ᠳᠤ᠂ ᠤᠯᠤᠰ᠎ᠤᠨ ᠨᠢᠭᠤᠴᠠ᠂ ᠬᠤᠳᠠᠯᠳᠤᠭ᠋ᠠᠨ᠎ᠤ ᠨᠢᠭᠤᠴᠠ᠂ ᠬᠤᠪᠢ ᠬᠥᠮᠦᠨ᠎ᠤ ᠨᠢᠭᠤᠴᠠ᠂ ᠬᠤᠪᠢ ᠬᠥᠮᠦᠨ᠎ᠤ ᠮᠡᠳᠡᠭᠡ ᠵᠠᠩᠭᠢ ᠵᠡᠷᠭᠡ ᠬᠣᠯᠪᠣᠭᠳᠠᠯ ᠪᠦᠬᠦᠢ ᠬᠠᠮᠠᠭ᠋ᠠᠯᠠᠬᠤ ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠤᠨ ᠲᠣᠭᠲᠠᠭ᠋ᠠᠯ᠎ᠢ ᠵᠢᠷᠤᠮᠯᠠᠬᠤ ᠬᠡᠷᠡᠭᠲᠡᠶ᠃
ᠠᠷᠪᠠᠨ ᠨᠢᠭᠡᠳᠦᠭᠡᠷ ᠵᠦᠢ᠍ᠯ ᠮᠤᠵᠢ ᠵᠢᠨ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ 《ᠬᠤᠶᠠᠷ᠎ᠢ ᠰᠤᠭᠤᠴᠢᠵᠤ᠂ ᠨᠢᠭᠡ ᠵᠢ ᠢᠯᠡ ᠪᠣᠯᠭ᠋ᠠᠬᠤ》 ᠬᠢᠨᠠᠯᠲᠠ ᠬᠠᠮᠢᠶᠠᠷᠤᠯᠲᠠ ᠵᠢᠨ ᠱᠠᠭ᠋ᠠᠷᠳᠠᠯᠭ᠎ᠠ ᠶᠣᠰᠣᠭ᠋ᠠᠷ᠂ ᠵᠣᠬᠢᠬᠤ ᠬᠠᠷᠢᠴᠠᠯ᠎ᠤᠨ ᠬᠠᠶ᠋ᠢᠨ ᠪᠠᠶ᠋ᠢᠴᠠᠭ᠋ᠠᠬᠤ ᠲᠥᠷᠥᠯ ᠵᠦᠢ᠍ᠯ ᠪᠠ ᠠᠭᠤᠷᠬᠠᠶ ᠵᠢ ᠲᠣᠬᠢᠶᠠᠯᠳᠤᠯ ᠵᠶ᠋ᠠᠷ ᠰᠤᠩᠭᠤᠵᠤ᠂ ᠬᠢᠨᠠᠨ ᠪᠠᠶ᠋ᠢᠴᠠᠭ᠋ᠠᠬᠤ ᠲᠥᠰᠦᠯ ᠲᠣᠭᠲᠠᠭ᠋ᠠᠬᠤ ᠵᠢᠨ ᠬᠠᠮᠲᠤ ᠠᠭᠤᠷᠬᠠᠶ ᠵᠢᠨ ᠦᠢ᠍ᠯᠡᠰ᠎ᠤᠨ ᠡᠷᠬᠡᠲᠦ ᠬᠥᠮᠦᠨ᠎ᠤ ᠬᠠᠶ᠋ᠢᠨ ᠪᠠᠶ᠋ᠢᠴᠠᠭ᠋ᠠᠵᠤ ᠨᠡᠭᠡᠭᠡᠨ ᠮᠠᠯᠲᠠᠬᠤ ᠮᠡᠳᠡᠭᠡ ᠵᠠᠩᠭᠢ ᠵᠢ ᠢᠯᠡ ᠨᠡᠶ᠋ᠢᠲᠡᠯᠡᠭᠰᠡᠨ ᠪᠠᠶ᠋ᠢᠳᠠᠯ᠎ᠢ ᠬᠢᠨᠠᠨ ᠪᠠᠶ᠋ᠢᠴᠠᠭ᠋ᠠᠬᠤ ᠠᠵᠢᠯ᠎ᠢ ᠵᠣᠬᠢᠶᠠᠨ ᠪᠠᠶ᠋ᠢᠭᠤᠯᠤᠨ ᠬᠡᠷᠡᠭᠵᠢᠭᠦᠯᠬᠦ ᠬᠡᠷᠡᠭᠲᠡᠶ᠃
ᠠᠷᠪᠠᠨ ᠬᠤᠶᠠᠳᠤᠭ᠋ᠠᠷ ᠵᠦᠢ᠍ᠯ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠭᠤᠷᠬᠠᠶ ᠵᠢᠨ ᠦᠢ᠍ᠯᠡᠰ᠎ᠤᠨ ᠡᠷᠬᠡᠲᠦ ᠬᠥᠮᠦᠨ᠎ᠤ ᠵᠠᠷᠯᠠᠨ ᠨᠡᠶ᠋ᠢᠲᠡᠯᠡᠭᠰᠡᠨ ᠮᠡᠳᠡᠭᠡ ᠵᠠᠩᠭᠢ ᠵᠢ ᠬᠠᠷᠭᠤᠭᠤᠯᠤᠨ ᠪᠠᠶ᠋ᠢᠴᠠᠭ᠋ᠠᠬᠤ ᠳᠤᠭᠤᠶ᠋ᠢᠯᠠᠩ ᠪᠠᠶ᠋ᠢᠭᠤᠯᠬᠤ ᠬᠡᠷᠡᠭᠲᠡᠶ᠃ ᠬᠢᠨᠠᠨ ᠪᠠᠶ᠋ᠢᠴᠠᠭ᠋ᠠᠬᠤ ᠠᠵᠢᠯᠲᠠᠨ ᠬᠢᠨᠠᠨ ᠪᠠᠶ᠋ᠢᠴᠠᠭ᠋ᠠᠭᠳᠠᠭᠰᠠᠨ ᠡᠲᠡᠭᠡᠳ᠎ᠯᠦᠭᠡ ᠠᠰᠢᠭ ᠬᠣᠤᠷ᠎ᠤᠨ ᠬᠠᠷᠢᠴᠠᠭ᠎ᠠ᠎ᠲᠠᠢ ᠪᠣᠯ ᠬᠠᠤᠯᠢ ᠶᠣᠰᠣᠭ᠋ᠠᠷ ᠵᠠᠶ᠋ᠢᠯᠠᠬᠤ ᠬᠡᠷᠡᠭᠲᠡᠶ᠃
ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠲᠤᠰᠬᠠᠶ ᠪᠠᠶ᠋ᠢᠭᠤᠯᠤᠮᠵᠢ᠎ᠳᠤ ᠨᠠᠶ᠋ᠢᠳᠠᠵᠤ ᠪᠣᠳᠠᠲᠠᠶ ᠭᠠᠵᠠᠷ᠎ᠲᠤᠨᠢ ᠬᠠᠷᠭᠤᠭᠤᠯᠤᠨ ᠪᠠᠶ᠋ᠢᠴᠠᠭ᠋ᠠᠬᠤ ᠬᠠᠮᠢᠶ᠎ᠠ ᠪᠥᠬᠦᠶ ᠠᠵᠢᠯ᠎ᠢ ᠥᠷᠨᠢᠭᠦᠯᠵᠦ ᠪᠣᠯᠤᠨ᠎ᠠ᠃
ᠠᠷᠪᠠᠨ ᠭᠤᠷᠪᠠᠳᠤᠭ᠋ᠠᠷ ᠵᠦᠢ᠍ᠯ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠬᠢᠨᠠᠨ ᠪᠠᠶ᠋ᠢᠴᠠᠭ᠋ᠠᠬᠤ ᠶᠠᠪᠤᠴᠠ᠎ᠳᠤ ᠠᠭᠤᠷᠬᠠᠶ ᠵᠢᠨ ᠦᠢ᠍ᠯᠡᠰ᠎ᠤᠨ ᠡᠷᠬᠡᠲᠦ ᠬᠥᠮᠦᠨ᠎ᠨᠢ ᠲᠣᠭᠲᠠᠭ᠋ᠠᠯ ᠶᠣᠰᠣᠭ᠋ᠠᠷ ᠬᠠᠶ᠋ᠢᠨ ᠪᠠᠶ᠋ᠢᠴᠠᠭ᠋ᠠᠵᠤ ᠨᠡᠭᠡᠭᠡᠨ ᠮᠠᠯᠲᠠᠬᠤ ᠮᠡᠳᠡᠭᠡ ᠵᠠᠩᠭᠢ ᠵᠢ ᠲᠠᠭᠯᠠᠨ ᠮᠡᠳᠡᠭᠦᠯᠦᠭᠰᠡᠨ ᠦᠭᠡᠢ ᠪᠠᠶ᠋ᠢᠬᠤ ᠵᠢ ᠣᠯᠵᠤ ᠮᠡᠳᠡᠪᠡᠯ᠂ ᠲᠡᠭᠦᠨ᠎ᠳᠤ ᠪᠢᠴᠢᠭ ᠵᠶ᠋ᠠᠷ ᠮᠡᠳᠡᠭᠳᠡᠬᠦ ᠵᠢᠨ ᠬᠠᠮᠲᠤ ᠴᠡᠭᠴᠡᠯᠡᠨ ᠰᠠᠶ᠋ᠢᠵᠢᠷᠠᠭᠤᠯᠬᠤ ᠱᠠᠭ᠋ᠠᠷᠳᠠᠯᠭ᠎ᠠ ᠳᠤᠷᠠᠳᠬᠤ ᠬᠡᠷᠡᠭᠲᠡᠶ; ᠠᠭᠤᠷᠬᠠᠢ ᠵᠢᠨ ᠦᠢ᠍ᠯᠡᠰ᠎ᠤᠨ ᠡᠷᠬᠡᠲᠦ ᠬᠥᠮᠦᠨ᠎ᠨᠢ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠤᠨ ᠬᠠᠮᠢᠶᠠᠷᠤᠯᠲᠠ ᠵᠢᠨ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠲᠣᠭᠲᠠᠭ᠋ᠠᠯ᠎ᠢ ᠵᠥᠷᠢᠴᠡᠭᠰᠡᠨ ᠪᠠᠶ᠋ᠢᠬᠤ ᠵᠢ ᠣᠯᠵᠤ ᠮᠡᠳᠡᠪᠡᠯ᠂ ᠬᠠᠤᠯᠢ ᠶᠣᠰᠣᠭ᠋ᠠᠷ ᠬᠠᠤᠯᠢ ᠴᠠᠭ᠋ᠠᠵᠠ ᠵᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃
ᠠᠷᠪᠠᠨ ᠳᠥᠷᠪᠡᠳᠦᠭᠡᠷ ᠵᠦᠢ᠍ᠯ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ᠎ᠠᠴᠠ ᠲᠡᠭᠦᠨ᠎ᠤ ᠳᠠᠩᠰᠠᠯᠠᠭᠤᠯᠤᠭᠰᠠᠨ ᠳᠠᠯᠠᠶ ᠵᠢᠨ ᠣᠷᠣᠨ᠎ᠤ ᠰᠢᠲᠠᠮᠠᠬᠠᠶ ᠬᠡᠢ ᠵᠢᠨ ᠠᠭᠤᠷᠬᠠᠶ ᠵᠢᠨ ᠦᠢ᠍ᠯᠡᠰ᠎ᠤᠨ ᠡᠷᠬᠡ ᠵᠢᠨ ᠬᠦᠨᠳᠦ ᠨᠣᠴᠢᠲᠠᠶ ᠢᠲᠡᠭᠡᠯ ᠵᠶ᠋ᠠᠨ ᠠᠯᠳᠠᠭᠰᠠᠨ ᠭᠣᠤᠯ ᠴᠣᠭᠴᠠ ᠵᠢ ᠦᠨᠡᠮᠰᠢᠬᠦ ᠪᠠ ᠬᠡᠪ᠎ᠤᠨ ᠪᠤᠰᠤ ᠨᠡᠷ᠎ᠡ ᠵᠢᠨ ᠵᠢᠭᠰᠠᠭ᠋ᠠᠯᠲᠠ ᠵᠢᠨ ᠬᠠᠮᠢᠶᠠᠷᠤᠯᠲᠠ ᠵᠢᠨ ᠠᠵᠢᠯ᠎ᠢ ᠬᠠᠷᠢᠭᠤᠴᠠᠨ᠎ᠠ᠃
ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠲᠡᠭᠦᠨ᠎ᠤ ᠳᠠᠩᠰᠠᠯᠠᠭᠤᠯᠤᠭᠰᠠᠨ ᠠᠭᠤᠷᠬᠠᠶ ᠵᠢᠨ ᠡᠷᠬᠡ ᠵᠢᠴᠢ ᠲᠣᠰ ᠵᠠᠰᠠᠭ ᠵᠠᠬᠢᠷᠭ᠋ᠠᠨ᠎ᠤ ᠣᠷᠣᠨ᠎ᠤ ᠳᠣᠲᠣᠷᠠᠬᠢ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ᠎ᠤ ᠳᠠᠩᠰᠠᠯᠠᠭᠤᠯᠤᠭᠰᠠᠨ ᠠᠭᠤᠷᠬᠠᠶ ᠵᠢᠨ ᠦᠢ᠍ᠯᠡᠰ᠎ᠤᠨ ᠡᠷᠬᠡ (ᠳᠠᠯᠠᠶ ᠵᠢᠨ ᠣᠷᠣᠨ᠎ᠤ ᠰᠢᠲᠠᠮᠠᠬᠠᠶ ᠬᠡᠶ ᠵᠢᠨ ᠠᠭᠤᠷᠬᠠᠶ ᠵᠢᠨ ᠡᠷᠬᠡ᠎ᠠᠴᠠ ᠪᠤᠰᠤᠳ) ᠵᠢᠨ ᠬᠦᠨᠳᠦ ᠨᠣᠴᠢᠲᠠᠶ ᠢᠲᠡᠭᠡᠯ ᠠᠯᠳᠠᠭᠰᠠᠨ ᠭᠤᠤᠯ ᠴᠣᠭᠴᠠ ᠵᠢ ᠮᠠᠭ᠋ᠠᠳᠯᠠᠨ ᠲᠣᠭᠲᠠᠭ᠋ᠠᠬᠤ ᠪᠠ ᠬᠡᠪ᠎ᠤᠨ ᠪᠤᠰᠤ ᠨᠡᠷᠡᠰ᠎ᠤᠨ ᠵᠢᠭᠰᠠᠭ᠋ᠠᠯᠲᠠ ᠵᠢᠨ ᠬᠠᠮᠢᠶᠠᠷᠤᠯᠲᠠ ᠵᠢᠨ ᠠᠵᠢᠯ᠎ᠢ ᠬᠠᠷᠢᠭᠤᠴᠠᠨ᠎ᠠ᠃
ᠬᠤᠲᠠ᠂ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠡᠭᠦᠨ᠎ᠤ ᠳᠠᠩᠰᠠᠯᠠᠭᠤᠯᠤᠭᠰᠠᠨ ᠠᠭᠤᠷᠬᠠᠶ ᠵᠢᠨ ᠦᠢ᠍ᠯᠡᠰ᠎ᠤᠨ ᠡᠷᠬᠡ ᠵᠢᠨ ᠬᠦᠨᠳᠦ ᠨᠣᠴᠢᠲᠠᠶ ᠢᠲᠡᠭᠡᠯ ᠠᠯᠳᠠᠭᠰᠠᠨ ᠭᠤᠤᠯ ᠴᠣᠭᠴᠠ ᠵᠢ ᠮᠠᠭ᠋ᠠᠳᠯᠠᠨ ᠲᠣᠭᠲᠠᠭ᠋ᠠᠬᠤ ᠪᠠ ᠬᠡᠪ᠎ᠤᠨ ᠪᠤᠰᠤ ᠨᠡᠷᠡᠰ᠎ᠤᠨ ᠵᠢᠭᠰᠠᠭ᠋ᠠᠯᠲᠠ ᠵᠢᠨ ᠬᠠᠮᠢᠶᠠᠷᠤᠯᠲᠠ ᠵᠢᠨ ᠠᠵᠢᠯ᠎ᠢ ᠬᠠᠷᠢᠭᠤᠴᠠᠨ᠎ᠠ᠃
ᠠᠷᠪᠠᠨ ᠲᠠᠪᠤᠳᠤᠭ᠋ᠠᠷ ᠵᠦᠢ᠍ᠯ ᠠᠭᠤᠷᠬᠠᠶ ᠵᠢᠨ ᠦᠢ᠍ᠯᠡᠰ᠎ᠤᠨ ᠡᠷᠬᠡᠲᠦ ᠬᠥᠮᠦᠨ᠎ᠨᠢ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠤᠨ ᠬᠠᠮᠢᠶᠠᠷᠤᠯᠲᠠ ᠵᠢᠨ ᠬᠠᠤᠯᠢ ᠴᠠᠭ᠋ᠠᠵᠠ ᠬᠠᠤᠯᠢ ᠲᠣᠭᠲᠠᠭ᠋ᠠᠯ ᠵᠡᠷᠭᠡ ᠬᠣᠯᠪᠣᠭᠳᠠᠯ ᠪᠦᠬᠦᠢ ᠲᠣᠭᠲᠠᠭ᠋ᠠᠯ᠎ᠢ ᠵᠥᠷᠢᠴᠡᠵᠦ᠂ ᠬᠠᠤᠯᠢ ᠶᠣᠰᠣᠭ᠋ᠠᠷ ᠨᠡᠯᠢᠶᠡᠳ ᠬᠦᠨᠳᠦ ᠵᠠᠰᠠᠭ ᠵᠠᠬᠢᠷᠭ᠋ᠠᠨ᠎ᠤ ᠰᠢᠢ᠍ᠳᠭᠡᠯ ᠣᠯᠤᠭᠰᠠᠨ ᠪᠣᠯ᠂ ᠲᠤᠰ ᠠᠷᠭ᠎ᠠ ᠵᠢᠨ ᠲᠣᠭᠲᠠᠭ᠋ᠠᠯ ᠶᠣᠰᠣᠭ᠋ᠠᠷ ᠲᠡᠭᠦᠨ᠎ᠢ ᠬᠦᠨᠳᠦ ᠨᠣᠴᠢᠲᠠᠶ ᠢᠲᠡᠭᠡᠯ ᠵᠶ᠋ᠠᠨ ᠠᠯᠳᠠᠭᠰᠠᠨ ᠭᠣᠤᠯ ᠴᠣᠭᠴᠠ᠎ᠪᠠᠷ ᠦᠨᠡᠮᠰᠢᠬᠦ ᠬᠡᠷᠡᠭᠲᠡᠶ᠃
ᠡᠮᠦᠨᠡᠬᠢ ᠵᠤᠷᠪᠤᠰ᠎ᠲᠤ ᠬᠡᠯᠡᠵᠦ ᠪᠠᠶ᠋ᠢᠭ᠎ᠠ ᠨᠡᠯᠢᠶᠡᠳ ᠬᠦᠨᠳᠦ ᠵᠠᠰᠠᠭ ᠵᠠᠬᠢᠷᠭ᠋ᠠᠨ᠎ᠤ ᠰᠢᠢ᠍ᠳᠭᠡᠯ ᠲᠣᠷᠭ᠋ᠠᠭᠤᠯᠢ᠎ᠳᠤ ᠪᠠᠭᠲᠠᠬᠤ᠎ᠨᠢ᠄
(ᠨᠢᠭᠡ) ᠵᠠᠰᠠᠭ ᠵᠠᠬᠢᠷᠭ᠋ᠠᠨ᠎ᠤ ᠰᠢᠢ᠍ᠳᠭᠡᠯ ᠲᠣᠷᠭ᠋ᠠᠭᠤᠯᠢ ᠵᠢᠨ ᠲᠠᠰᠣᠯᠥᠯᠳᠡ ᠵᠢᠨ ᠰᠠᠭᠤᠷᠢ ᠪᠡᠷᠢᠮᠵᠢᠶ᠎ᠠ ᠵᠢᠨ ᠶᠣᠰᠣᠭ᠋ᠠᠷ᠂ ᠬᠦᠨᠳᠦ᠎ᠪᠠᠷ ᠰᠢᠢ᠍ᠳᠭᠡᠬᠦ ᠵᠠᠷᠴᠢᠮ ᠶᠣᠰᠣᠭ᠋ᠠᠷ ᠵᠤᠭᠤᠰ ᠵᠶ᠋ᠠᠷ ᠲᠤᠷᠭ᠋ᠠᠬᠤ᠎ᠪᠠᠷ ᠰᠢᠢ᠍ᠳᠭᠡᠨ᠎ᠡ;
(ᠬᠤᠶᠠᠷ) ᠬᠠᠶ᠋ᠢᠨ ᠪᠠᠶ᠋ᠢᠴᠠᠭ᠋ᠠᠬᠤ ᠵᠥᠪᠰᠢᠶᠡᠷᠡᠯ᠎ᠤᠨ ᠦᠨᠡᠮᠯᠡᠯ᠂ ᠠᠭᠤᠷᠬᠠᠶ ᠮᠠᠯᠲᠠᠬᠤ ᠵᠥᠪᠰᠢᠶᠡᠷᠡᠯ᠎ᠤᠨ ᠦᠨᠡᠮᠯᠡᠯ᠎ᠢ᠎ᠨᠢ ᠬᠤᠷᠢᠶᠠᠵᠤ ᠠᠪᠤᠭ᠋ᠠᠳ ᠬᠦᠴᠦᠨ ᠦᠭᠡᠢ ᠪᠣᠯᠭ᠋ᠠᠭᠰᠠᠨ;
(ᠭᠤᠷᠪᠠ) ᠨᠢᠭᠡ ᠵᠢᠯ᠎ᠤᠨ ᠳᠣᠲᠣᠷ᠎ᠠ ᠠᠳᠠᠯᠢ ᠨᠢᠭᠡᠨ ᠠᠭᠤᠷᠬᠠᠶ ᠵᠢᠨ ᠦᠢ᠍ᠯᠡᠰ᠎ᠤᠨ ᠡᠷᠬᠡ᠎ᠠᠴᠠ ᠪᠣᠯᠵᠤ ᠬᠣᠶᠠᠷ ᠤᠳᠠᠭ᠎ᠠ ᠵᠢᠴᠢ ᠲᠡᠭᠦᠨ᠎ᠠᠴᠠ ᠳᠡᠭᠡᠭᠰᠢᠬᠢ ᠵᠠᠰᠠᠭ ᠵᠠᠬᠢᠷᠭ᠋ᠠᠨ᠎ᠤ ᠰᠢᠢ᠍ᠳᠭᠡᠯ ᠣᠯᠤᠭᠰᠠᠨ ᠪᠠᠶ᠋ᠢᠪᠠᠯ;
(ᠲᠦᠷᠪᠡ) ᠬᠠᠤᠯᠢ ᠴᠠᠭ᠍ᠠᠵᠠ ᠬᠠᠤᠯᠢ ᠲᠤᠭᠲᠠᠭ᠋ᠠᠯ᠎ᠳᠤ ᠲᠤᠭᠲᠠᠭ᠋ᠠᠭᠰᠠᠨ ᠪᠤᠰᠤᠳ ᠨᠡᠯᠢᠶᠡᠳ ᠬᠦᠨᠳᠦ ᠵᠠᠰᠠᠭ ᠵᠠᠬᠢᠷᠭ᠍ᠠᠨᠤ ᠰᠢᠢ᠍ᠳᠭᠡᠯ᠃
ᠠᠷᠪᠠᠨ ᠵᠢᠷᠭᠤᠳᠤᠭ᠋ᠠᠷ ᠵᠦᠢ᠍ᠯ ᠲᠤᠰ ᠠᠷᠭ᠎ᠠ ᠵᠢᠨ ᠠᠷᠪᠠᠨ ᠲᠠᠪᠤᠳᠤᠭ᠋ᠠᠷ ᠵᠦᠢ᠍ᠯ᠎ᠳᠤ ᠲᠣᠭᠲᠠᠭ᠋ᠠᠭᠰᠠᠨ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠤᠨ ᠬᠠᠮᠢᠶᠠᠷᠤᠯᠲᠠ ᠵᠢᠨ ᠬᠠᠤᠯᠢ ᠴᠠᠭ᠋ᠠᠵᠠ ᠬᠠᠤᠯᠢ ᠲᠣᠭᠲᠠᠭ᠋ᠠᠯ ᠵᠡᠷᠭᠡ ᠬᠤᠯᠪᠣᠭᠳᠠᠯ ᠪᠥᠬᠦᠶ ᠲᠣᠭᠲᠠᠭ᠋ᠠᠯ᠎ᠢ ᠵᠥᠷᠢᠴᠡᠪᠡᠯ᠂ ᠬᠠᠤᠯᠢ ᠶᠣᠰᠣᠭ᠋ᠠᠷ ᠨᠡᠯᠢᠶᠡᠳ ᠬᠦᠨᠳᠦ ᠵᠠᠰᠠᠭ ᠵᠠᠬᠢᠷᠭ᠋ᠠᠨ᠎ᠤ ᠰᠢᠢ᠍ᠳᠭᠡᠯ ᠣᠯᠤᠭᠰᠠᠨ ᠪᠠᠶ᠋ᠢᠳᠠᠯ᠎ᠳᠤ ᠪᠠᠭᠲᠠᠨ᠎ᠠ᠄
(ᠨᠢᠭᠡ) ᠮᠡᠬᠡᠯᠡᠬᠦ᠂ ᠬᠡᠭᠡᠯᠢ ᠬᠠᠬᠤᠤᠯᠢ ᠲᠦᠯᠬᠢᠬᠦ ᠵᠡᠷᠭᠡ ᠲᠥᠪ ᠪᠤᠰᠤ ᠠᠷᠭ᠎ᠠ ᠪᠠᠷᠢᠯ ᠵᠶ᠋ᠠᠷ ᠬᠠᠶ᠋ᠢᠨ ᠪᠠᠶ᠋ᠢᠴᠠᠭ᠋ᠠᠬᠤ ᠵᠥᠪᠰᠢᠶᠡᠷᠡᠯ᠎ᠤᠨ ᠦᠨᠡᠮᠯᠡᠯ᠂ ᠠᠭᠤᠷᠬᠠᠶ ᠮᠠᠯᠲᠠᠬᠤ ᠵᠥᠪᠰᠢᠶᠡᠷᠡᠯ᠎ᠤᠨ ᠦᠨᠡᠮᠯᠡᠯ᠎ᠢ ᠣᠯᠵᠤ᠂ 《ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠬᠠᠤᠯᠢ》 ᠵᠢᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠨᠡᠯᠢᠶᠡᠳ ᠬᠦᠨᠳᠦ ᠵᠠᠰᠠᠭ ᠵᠠᠬᠢᠷᠭ᠋ᠠᠨ᠎ᠤ ᠰᠢᠢ᠍ᠳᠭᠡᠯ ᠣᠯᠤᠭᠰᠠᠨ;
(ᠬᠤᠶᠠᠷ) ᠳᠠᠩᠰᠠᠯᠠᠭᠤᠯᠬᠤ ᠬᠤᠭᠤᠴᠠᠭ᠎ᠠ᠎ᠠᠴᠠ ᠬᠡᠲᠦᠷᠡᠭᠰᠡᠨ᠂ ᠬᠡᠪᠴᠢᠶ᠎ᠡ᠎ᠨᠢ ᠬᠠᠶ᠋ᠢᠨ ᠪᠠᠶ᠋ᠢᠴᠠᠭ᠋ᠠᠭᠰᠠᠨ᠂ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠢ ᠨᠡᠭᠡᠭᠡᠨ ᠮᠠᠯᠲᠠᠭᠰᠠᠨ᠎ᠢ 《ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠤᠨ ᠬᠠᠤᠯᠢ》 ᠵᠢᠴᠢ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠤᠨ ᠬᠠᠮᠢᠶᠠᠷᠤᠯᠲᠠ ᠵᠢᠨ ᠬᠣᠯᠪᠣᠭᠳᠠᠯ ᠪᠦᠬᠦᠢ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ ᠶᠣᠰᠣᠭ᠋ᠠᠷ ᠵᠠᠰᠠᠭ ᠵᠠᠬᠢᠷᠭ᠋ᠠᠨ ᠵᠶ᠋ᠠᠷ ᠰᠢᠢ᠍ᠳᠭᠡᠨ ᠲᠣᠷᠭ᠋ᠠᠭᠳᠠᠭᠰᠠᠨ;
(ᠭᠤᠷᠪᠠ) ᠲᠣᠭᠲᠠᠭ᠋ᠠᠯ ᠶᠣᠰᠣᠭ᠋ᠠᠷ ᠠᠭᠤᠷᠬᠠᠶ ᠵᠢᠨ ᠭᠠᠵᠠᠷ᠎ᠤᠨ ᠣᠷᠴᠢᠨ ᠲᠣᠭᠣᠷᠢᠨ᠎ᠢ ᠵᠠᠰᠠᠵᠤ ᠰᠡᠷᠭᠦᠭᠡᠬᠦ ᠪᠠ ᠭᠠᠵᠠᠷ ᠰᠢᠷᠣᠶ ᠵᠢ ᠳᠠᠬᠢᠨ ᠬᠠᠭ᠋ᠠᠯᠪᠤᠷᠢᠯᠠᠬᠤ ᠵᠢ ᠬᠡᠷᠡᠭᠵᠢᠭᠦᠯᠦᠭᠰᠡᠨ ᠦᠭᠡᠶ᠂ ᠡᠰᠡᠬᠦᠯ᠎ᠡ ᠠᠭᠤᠷᠬᠠᠶ ᠵᠢᠨ ᠭᠠᠵᠠᠷ᠎ᠤᠨ ᠣᠷᠴᠢᠨ ᠲᠣᠭᠣᠷᠢᠨ᠎ᠢ ᠵᠠᠰᠠᠵᠤ ᠰᠡᠷᠭᠦᠭᠡᠬᠦ ᠪᠠ ᠭᠠᠵᠠᠷ ᠰᠢᠷᠣᠶ ᠵᠢ ᠳᠠᠬᠢᠨ ᠬᠠᠭ᠋ᠠᠯᠪᠤᠷᠢᠯᠠᠬᠤ᠎ᠨᠢ ᠵᠢᠷᠤᠮᠵᠢᠯ᠎ᠤᠨ ᠱᠠᠭ᠋ᠠᠷᠳᠠᠯᠭ᠎ᠠ᠎ᠳᠤ ᠬᠦᠷᠦᠭᠡᠳᠦᠶ ᠪᠣᠯ᠂ 《ᠭᠠᠵᠠᠷ ᠰᠢᠷᠣᠶ ᠵᠢᠨ ᠬᠠᠮᠢᠶᠠᠷᠤᠯᠲᠠ ᠵᠢᠨ ᠬᠠᠤᠯᠢ》 ᠵᠢᠴᠢ ᠭᠠᠵᠠᠷ ᠰᠢᠷᠣᠶ ᠵᠢ ᠳᠠᠬᠢᠨ ᠬᠠᠭ᠋ᠠᠯᠪᠤᠷᠢᠯᠠᠬᠤ᠂ ᠠᠭᠤᠷᠬᠠᠶ ᠵᠢᠨ ᠭᠠᠵᠠᠷ᠎ᠤᠨ ᠣᠷᠴᠢᠨ ᠲᠣᠭᠣᠷᠢᠨ᠎ᠢ ᠬᠠᠮᠠᠭ᠋ᠠᠯᠠᠬᠤ ᠬᠣᠯᠪᠣᠭᠳᠠᠯ ᠪᠦᠬᠦᠢ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ ᠪᠣᠯᠤᠨ ᠰᠠᠯᠠᠭ᠎ᠠ ᠮᠥᠴᠢᠷ᠎ᠤᠨ ᠳᠦᠷᠢᠮ ᠲᠣᠭᠲᠠᠭ᠋ᠠᠯ ᠶᠣᠰᠣᠭ᠋ᠠᠷ ᠨᠡᠯᠢᠶᠡᠳ ᠬᠦᠨᠳᠦ ᠵᠠᠰᠠᠭ ᠵᠠᠬᠢᠷᠭ᠋ᠠᠨ᠎ᠤ ᠰᠢᠢ᠍ᠳᠭᠡᠯ ᠲᠣᠷᠭ᠋ᠠᠭᠤᠯᠢ ᠬᠦᠷᠲᠡᠭᠰᠡᠨ ᠪᠠᠶ᠋ᠢᠪᠠᠯ;
(ᠲᠦᠷᠪᠡ) ᠭᠠᠵᠠᠷ ᠰᠢᠨᠵᠢᠯᠡᠭᠡᠨ᠎ᠤ ᠮᠠᠲ᠋ᠧᠷᠢᠶᠠᠯ᠎ᠢ ᠲᠣᠭᠲᠠᠭᠰᠠᠨ ᠬᠤᠭᠤᠴᠠᠭ᠎ᠠ ᠶᠣᠰᠣᠭ᠋ᠠᠷ ᠬᠤᠷᠢᠶᠠᠩᠭᠤᠶ᠋ᠢᠯᠠᠨ ᠲᠤᠰᠢᠶᠠᠭᠰᠠᠨ ᠥᠬᠡᠶ᠂ ᠭᠠᠵᠠᠷ ᠰᠢᠨᠵᠢᠯᠡᠭᠡᠨ᠎ᠤ ᠮᠠᠲ᠋ᠧᠷᠢᠶᠠᠯ᠎ᠢ ᠬᠠᠭᠤᠷᠮᠠᠭ ᠵᠣᠬᠢᠶᠠᠭᠰᠠᠨ ᠪᠤᠶᠤ ᠭᠠᠵᠠᠷ ᠰᠢᠨᠵᠢᠯᠡᠭᠡᠨ᠎ᠤ ᠮᠠᠲ᠋ᠧᠷᠢᠶᠠᠯ᠎ᠢ ᠬᠤᠷᠢᠶᠠᠩᠭᠤᠶ᠋ᠢᠯᠠᠨ ᠲᠤᠰᠢᠶᠠᠬᠤ ᠳᠤᠮᠳᠠ ᠬᠤᠳᠠᠯ ᠬᠡᠯᠡᠵᠦ ᠬᠠᠭᠤᠷᠮᠠᠭᠯᠠᠨ ᠵᠣᠬᠢᠶᠠᠵᠤ᠂ 《ᠭᠠᠵᠠᠷ ᠰᠢᠨᠵᠢᠯᠡᠭᠡᠨ᠎ᠤ ᠮᠠᠲ᠋ᠧᠷᠢᠶᠠᠯ᠎ᠤᠨ ᠬᠠᠮᠢᠶᠠᠷᠤᠯᠲᠠ ᠵᠢᠨ ᠲᠦᠷᠢᠮ》᠎ᠤᠨ ᠬᠤᠯᠪᠣᠭᠳᠠᠯ ᠪᠥᠬᠦᠶ ᠲᠣᠭᠲᠠᠭ᠋ᠠᠯ ᠶᠣᠰᠣᠭ᠋ᠠᠷ ᠨᠡᠯᠢᠶᠡᠳ ᠬᠦᠨᠳᠦ ᠵᠠᠰᠠᠭ ᠵᠠᠬᠢᠷᠭ᠋ᠠᠨ᠎ᠤ ᠰᠢᠢ᠍ᠳᠭᠡᠯ ᠣᠯᠤᠭᠰᠠᠨ ᠪᠠᠢ᠌ᠪᠠᠯ;
(ᠲᠠᠪᠤ) ᠲᠣᠭᠲᠠᠭ᠋ᠠᠯ ᠶᠣᠰᠣᠭ᠋ᠠᠷ ᠳᠠᠩᠰᠠᠯᠠᠭᠤᠯᠤᠭᠰᠠᠨ ᠦᠭᠡᠶ᠂ ᠬᠣᠯᠪᠣᠭᠳᠠᠯ ᠪᠦᠬᠦᠢ ᠪᠠᠶ᠋ᠢᠳᠠᠯ᠎ᠢ ᠮᠡᠳᠡᠭᠦᠯᠦᠭᠰᠡᠨ ᠦᠭᠡᠶ᠂ ᠡᠰᠡᠬᠦᠯ᠎ᠡ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠤᠨ ᠬᠠᠳᠠᠭ᠋ᠠᠯᠠᠭᠳᠠᠴᠠ ᠵᠢᠨ ᠮᠡᠳᠡᠭᠦᠯᠦᠯᠲᠡ᠂ ᠠᠭᠤᠷᠬᠠᠶ ᠵᠢᠨ ᠬᠠᠳᠠᠭ᠋ᠠᠯᠠᠭᠳᠠᠴᠠ ᠵᠢᠨ ᠣᠨ᠎ᠤ ᠮᠡᠳᠡᠭᠦᠯᠦᠯᠲᠡ ᠵᠢ ᠬᠠᠭᠤᠷᠮᠠᠭᠯᠠᠨ ᠵᠣᠬᠢᠶᠠᠵᠤ᠂ ᠬᠤᠳᠠᠯ ᠬᠡᠯᠡᠵᠦ ᠬᠠᠭᠤᠷᠮᠠᠭᠯᠠᠨ ᠵᠣᠬᠢᠶᠠᠵᠤ᠂ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠤᠨ ᠬᠠᠮᠢᠶᠠᠷᠤᠯᠲᠠ ᠵᠢᠨ ᠬᠤᠯᠪᠣᠭᠳᠠᠯ ᠪᠦᠬᠦᠢ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠤᠨ ᠶᠣᠰᠣᠭ᠋ᠠᠷ ᠨᠡᠯᠢᠶᠡᠳ ᠬᠦᠨᠳᠦ ᠵᠠᠰᠠᠭ ᠵᠠᠬᠢᠷᠭ᠋ᠠᠨ᠎ᠤ ᠰᠢᠢ᠍ᠳᠭᠡᠯ ᠣᠯᠤᠭᠰᠠᠨ ᠪᠠᠢ᠌ᠪᠠᠯ;
(ᠵᠢᠷᠭᠤᠭ᠎ᠠ) ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠢ ᠵᠦᠢ ᠵᠣᠬᠢᠰᠲᠠᠶ ᠨᠡᠭᠡᠭᠡᠨ ᠠᠰᠢᠭᠯᠠᠬᠤ 《ᠭᠤᠷᠪᠠᠨ ᠨᠣᠷᠮ᠎ᠠ》 ᠵᠢᠨ ᠬᠠᠮᠤᠭ᠎ᠤᠨ ᠳᠣᠤᠷ᠎ᠠ ᠭᠦᠢ᠍ᠴᠡᠳᠬᠡᠬᠦ ᠲᠤᠭᠠᠳᠤ ᠬᠦᠷᠦᠭᠡᠳᠦᠶ ᠪᠣᠯ ᠲᠣᠭᠲᠠᠭ᠋ᠠᠯ ᠶᠣᠰᠣᠭ᠋ᠠᠷ ᠶᠡᠷᠦᠩᠬᠡᠶ᠋ᠢᠯᠡᠨ ᠨᠡᠭᠡᠭᠡᠨ ᠮᠠᠯᠲᠠᠬᠤ᠂ ᠶᠡᠷᠦᠩᠬᠡᠶ᠋ᠢᠯᠡᠨ ᠠᠰᠢᠭᠯᠠᠬᠤ ᠵᠢ ᠥᠷᠨᠢᠭᠦᠯᠦᠭᠰᠡᠨ ᠦᠭᠡᠶ᠂ ᠬᠠᠷᠠᠬᠠᠨ ᠠᠰᠢᠭᠯᠠᠵᠤ ᠳᠡᠶ᠋ᠢᠯᠬᠦ ᠦᠭᠡᠶ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ (ᠬᠠᠮᠲᠤ ᠣᠷᠣᠰᠢᠬᠤ ᠠᠭᠤᠷᠬᠠᠶ ᠵᠢᠨ ᠭᠠᠷᠤᠯᠲᠠ ᠪᠠᠭᠲᠠᠨ᠎ᠠ) ᠬᠠᠮᠠᠭ᠋ᠠᠯᠠᠯᠲᠠ ᠵᠢᠨ ᠴᠢᠨᠠᠷᠲᠠᠶ ᠠᠷᠭ᠎ᠠ ᠬᠡᠮᠵᠢᠶ᠎ᠡ ᠠᠪᠤᠭᠰᠠᠨ ᠦᠭᠡᠶ ᠪᠤᠶᠤ ᠡᠪᠳᠡᠯᠡᠭᠡ ᠵᠢᠨ ᠴᠢᠨᠠᠷᠲᠠᠶ ᠨᠡᠭᠡᠭᠡᠨ ᠮᠠᠯᠲᠠᠬᠤ ᠠᠷᠭ᠎ᠠ᠎ᠪᠠᠷ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠢ ᠨᠡᠭᠡᠭᠡᠨ ᠮᠠᠯᠲᠠᠭᠰᠠᠨ᠎ᠠᠴᠠ ᠪᠣᠯᠵᠤ᠂ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠢ ᠬᠣᠬᠢᠷᠠᠭᠤᠯᠵᠤ᠂ 《ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠤᠨ ᠬᠠᠤᠯᠢ》 ᠵᠢᠴᠢ ᠬᠣᠯᠪᠣᠭᠳᠠᠯ ᠪᠦᠬᠦᠢ ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠤᠨ ᠲᠣᠭᠲᠠᠭ᠋ᠠᠯ ᠶᠣᠰᠣᠭ᠋ᠠᠷ ᠨᠡᠯᠢᠶᠡᠳ ᠬᠦᠨᠳᠦ ᠵᠠᠰᠠᠭ ᠵᠠᠬᠢᠷᠭ᠋ᠠᠨ᠎ᠤ ᠰᠢᠢ᠍ᠳᠭᠡᠯ ᠣᠯᠤᠭᠰᠠᠨ ᠪᠠᠶ᠋ᠢᠪᠠᠯ;
(ᠳᠤᠯᠤᠭ᠎ᠠ) ᠬᠠᠮᠢᠶ᠎ᠠ ᠪᠦᠬᠦᠢ ᠵᠠᠷᠤᠳᠠᠯ᠎ᠢ ᠲᠣᠭᠲᠠᠭ᠋ᠠᠯ ᠶᠣᠰᠣᠭ᠋ᠠᠷ ᠲᠤᠰᠢᠶᠠᠭᠰᠠᠨ ᠦᠭᠡᠶ᠂ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠤᠨ ᠬᠠᠮᠢᠶᠠᠷᠤᠯᠲᠠ ᠵᠢᠨ ᠬᠣᠯᠪᠣᠭᠳᠠᠯ ᠪᠦᠬᠦᠢ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠤᠨ ᠲᠣᠭᠲᠠᠭ᠋ᠠᠯ ᠶᠣᠰᠣᠭ᠋ᠠᠷ ᠨᠡᠯᠢᠶᠡᠳ ᠬᠦᠨᠳᠦ ᠵᠠᠰᠠᠭ ᠵᠠᠬᠢᠷᠭ᠋ᠠᠨ᠎ᠤ ᠰᠢᠢ᠍ᠳᠭᠡᠯ ᠣᠯᠤᠭᠰᠠᠨ ᠦᠭᠡᠶ;
(ᠨᠠᠢ᠍ᠮᠠ) ᠲᠣᠭᠲᠠᠭ᠋ᠠᠯ ᠶᠣᠰᠣᠭ᠋ᠠᠷ ᠬᠠᠶ᠋ᠢᠨ ᠪᠠᠶ᠋ᠢᠴᠠᠭ᠋ᠠᠬᠤ ᠵᠥᠪᠰᠢᠶᠡᠷᠡᠯ᠎ᠤᠨ ᠦᠨᠡᠮᠯᠡᠯ᠂ ᠠᠭᠤᠷᠬᠠᠶ ᠮᠠᠯᠲᠠᠬᠤ ᠵᠥᠪᠰᠢᠶᠡᠷᠡᠯ᠎ᠤᠨ ᠦᠨᠡᠮᠯᠡᠯ᠎ᠢ ᠬᠦᠴᠦᠨ ᠦᠭᠡᠶ ᠪᠣᠯᠭ᠋ᠠᠬᠤ ᠭᠠᠷᠳᠠᠮ᠎ᠢ ᠭᠦᠢ᠍ᠴᠡᠳᠬᠡᠭᠰᠡᠨ ᠦᠭᠡᠶ᠂ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠤᠨ ᠬᠠᠮᠢᠶᠠᠷᠤᠯᠲᠠ ᠵᠢᠨ ᠬᠣᠯᠪᠣᠭᠳᠠᠯ ᠪᠦᠬᠦᠢ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠤᠨ ᠲᠣᠭᠲᠠᠭ᠋ᠠᠯ ᠶᠣᠰᠣᠭ᠋ᠠᠷ ᠵᠠᠰᠠᠭ ᠵᠠᠬᠢᠷᠭ᠋ᠠᠨ᠎ᠤ ᠨᠡᠯᠢᠶᠡᠳ ᠬᠦᠨᠳᠦ ᠰᠢᠢ᠍ᠳᠭᠡᠯ ᠣᠯᠤᠭᠰᠠᠨ ᠦᠭᠡᠶ;
(ᠶᠢᠰᠦ) ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠳᠤ᠂ ᠢᠲᠡᠭᠡᠯ ᠵᠶ᠋ᠠᠨ ᠬᠦᠨᠳᠦ ᠨᠣᠴᠢᠲᠠᠢ ᠠᠯᠳᠠᠭᠰᠠᠨ ᠪᠤᠰᠤᠳ ᠭᠣᠣᠯ ᠴᠣᠭᠴᠠ᠎ᠪᠠᠷ ᠮᠠᠭ᠋ᠠᠳᠯᠠᠨ ᠨᠤᠲᠠᠯᠠᠬᠤ ᠬᠡᠷᠡᠭᠲᠡᠢ ᠭᠡᠵᠦ ᠲᠣᠭᠲᠠᠭ᠋ᠠᠭᠰᠠᠨ ᠪᠠᠢ᠌ᠳᠠᠯ᠃
ᠠᠷᠪᠠᠨ ᠳᠣᠯᠣᠳᠤᠭ᠋ᠠᠷ ᠵᠦᠢ᠍ᠯ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠠᠭᠤᠷᠬᠠᠶ ᠵᠢᠨ ᠦᠢ᠍ᠯᠡᠰ᠎ᠤᠨ ᠡᠷᠬᠡᠲᠦ ᠬᠥᠮᠦᠨ᠎ᠢ ᠬᠦᠨᠳᠦ ᠨᠣᠴᠢᠲᠠᠶ ᠢᠲᠡᠭᠡᠯ ᠠᠯᠳᠠᠭᠰᠠᠨ ᠭᠤᠤᠯ ᠴᠣᠭᠴᠠ᠎ᠪᠠᠷ ᠮᠠᠭ᠋ᠠᠳᠯᠠᠨ ᠲᠣᠭᠲᠠᠭ᠋ᠠᠬᠤ ᠲᠣᠭᠲᠠᠭ᠋ᠠᠯ᠎ᠢ ᠳᠣᠤᠷᠠᠬᠢ ᠳᠡᠰ ᠳᠠᠷᠠᠭ᠋ᠠᠯᠠᠯ ᠵᠶ᠋ᠠᠷ ᠶᠠᠪᠤᠭᠤᠯᠤᠨ᠎ᠠ᠄
(ᠨᠢᠭᠡ) ᠪᠠᠶ᠋ᠢᠴᠠᠭ᠋ᠠᠨ ᠲᠣᠳᠣᠯᠠᠭ᠋ᠠᠳ ᠬᠦᠨᠳᠦ ᠨᠣᠴᠢᠲᠠᠢ ᠢᠲᠡᠭᠡᠯ ᠠᠯᠳᠠᠭᠰᠠᠨ ᠭᠤᠣᠯ ᠴᠣᠭᠴᠠ ᠵᠢ ᠮᠠᠭ᠋ᠠᠳᠯᠠᠨ ᠲᠣᠭᠲᠠᠭ᠋ᠠᠬᠤ ᠪᠠᠷᠢᠮᠵᠢᠶ᠎ᠠ᠎ᠳᠤ ᠨᠡᠶ᠋ᠢᠴᠡᠪᠡᠯ᠂ ᠲᠤᠬᠠᠢ ᠵᠢᠨ ᠬᠥᠮᠥᠨ᠎ᠳᠤ ᠬᠦᠨᠳᠦ ᠨᠣᠴᠢᠲᠠᠢ ᠢᠲᠡᠭᠡᠯ ᠠᠯᠳᠠᠭᠰᠠᠨ ᠭᠤᠣᠯ ᠴᠣᠭᠴᠠ ᠵᠢ ᠮᠠᠭ᠋ᠠᠳᠯᠠᠨ ᠲᠣᠭᠲᠠᠭ᠋ᠠᠬᠤ ᠮᠡᠳᠡᠭᠳᠡᠯ᠎ᠤᠨ ᠪᠢᠴᠢᠭ᠎ᠢ ᠬᠦᠷᠭᠡᠵᠦ᠂ ᠬᠦᠨᠳᠦ ᠨᠣᠴᠢᠲᠠᠢ ᠢᠲᠡᠭᠡᠯ ᠠᠯᠳᠠᠭᠰᠠᠨ ᠭᠤᠣᠯ ᠴᠣᠭᠴᠠ᠎ᠲᠠᠢ ᠪᠣᠳᠠᠲᠠᠢ ᠬᠡᠷᠡᠭ᠂ ᠤᠴᠢᠷ ᠰᠢᠯᠲᠠᠭ᠋ᠠᠨ᠂ ᠦᠨᠳᠦᠰᠦᠯᠡᠯ᠂ ᠬᠠᠮᠢᠶᠠᠷᠤᠯᠲᠠ ᠵᠢᠨ ᠠᠷᠭ᠎ᠠ ᠬᠡᠮᠵᠢᠶ᠎ᠡ ᠵᠢᠴᠢ ᠲᠤᠬᠠᠢ ᠵᠢᠨ ᠬᠥᠮᠥᠨ᠎ᠤ ᠬᠠᠤᠯᠢ ᠶᠣᠰᠣᠭ᠋ᠠᠷ ᠡᠳ᠋ᠯᠡᠬᠦ ᠲᠣᠭ᠋ᠠᠴᠢᠯᠲᠠ᠂ ᠵᠥᠪᠳᠡᠭᠡᠨ ᠲᠣᠳᠣᠷᠬᠠᠶ᠋ᠢᠯᠠᠬᠤ ᠵᠡᠷᠭᠡ ᠡᠷᠬᠡ ᠵᠢ ᠬᠡᠯᠡᠵᠦ ᠥᠭᠬᠦ ᠬᠡᠷᠡᠭᠲᠡᠢ;
(ᠬᠤᠶᠠᠷ) ᠲᠤᠬᠠᠢ ᠵᠢᠨ ᠬᠦᠮᠦᠨ᠎ᠨᠢ ᠬᠠᠮᠢᠶ᠎ᠠ ᠪᠦᠬᠦᠢ ᠮᠡᠳᠡᠭᠳᠡᠬᠦ ᠪᠢᠴᠢᠭ ᠮᠠᠲ᠋ᠧᠷᠢᠶᠠᠯ᠎ᠢ ᠣᠯᠣᠭᠰᠠᠨ᠎ᠤ ᠳᠠᠷᠠᠭ᠎ᠠ ᠠᠷᠪᠠᠨ ᠠᠵᠢᠯᠯᠠᠬᠤ ᠡᠳᠦᠷ᠎ᠤᠨ ᠲᠤᠳᠤᠷ᠎ᠠ᠂ ᠮᠠᠭ᠋ᠠᠳᠯᠠᠨ ᠲᠤᠭᠳᠠᠭ᠋ᠠᠬᠤ ᠰᠠᠯᠠᠭ᠎ᠠ ᠮᠦᠴᠢᠷ᠎ᠲᠤ ᠪᠢᠴᠢᠭ᠎ᠤᠨ ᠲᠤᠭ᠋ᠠᠴᠢᠯᠳᠠ᠂ ᠵᠥᠪᠳᠡᠭᠡᠨ ᠲᠤᠳᠣᠷᠬᠠᠶ᠋ᠢᠯᠠᠬᠤ ᠰᠠᠨᠠᠯ ᠵᠢᠴᠢ ᠬᠠᠮᠢᠶ᠎ᠠ ᠪᠦᠬᠦᠢ ᠭᠡᠷᠡᠴᠢᠯᠡᠬᠦ ᠮᠠᠲ᠋ᠧᠷᠢᠶᠠᠯ ᠵᠶ᠋ᠠᠨ ᠲᠤᠰᠢᠶᠠᠬᠤ ᠡᠷᠭᠡ᠎ᠲᠠᠢ;
(ᠭᠤᠷᠪᠠ) ᠲᠤᠬᠠᠢ ᠵᠢᠨ ᠬᠥᠮᠦᠨ ᠲᠣᠭᠲᠠᠭᠰᠠᠨ ᠴᠠᠭ᠎ᠤᠨ ᠳᠣᠲᠣᠷ᠎ᠠ ᠲᠣᠭ᠋ᠠᠴᠢᠬᠤ᠂ ᠵᠥᠪᠳᠡᠭᠡᠨ ᠲᠣᠳᠣᠷᠬᠠᠶ᠋ᠢᠯᠠᠬᠤ ᠦᠭᠡᠢ᠂ ᠵᠢᠴᠢ ᠲᠣᠭ᠋ᠠᠴᠢᠬᠤ᠂ ᠵᠥᠪᠳᠡᠭᠡᠨ ᠲᠣᠳᠣᠷᠬᠠᠶ᠋ᠢᠯᠠᠬᠤ ᠦᠶ᠎ᠡ᠎ᠳᠤ ᠳᠤᠷᠠᠳᠤᠭᠰᠠᠨ ᠪᠣᠳᠠᠲᠤ ᠬᠡᠷᠡᠭ᠂ ᠤᠴᠢᠷ ᠰᠢᠯᠲᠠᠭ᠋ᠠᠨ ᠪᠤᠶᠤ ᠭᠡᠷᠡᠴᠢ ᠪᠠᠷᠢᠮᠲᠠ᠎ᠨᠢ ᠪᠤᠢ ᠪᠣᠯᠬᠤ ᠦᠭᠡᠢ ᠪᠠᠶ᠋ᠢᠪᠠᠯ᠂ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠬᠦᠨᠳᠦ ᠨᠣᠴᠢᠲᠠᠢ ᠢᠲᠡᠭᠡᠯ ᠠᠯᠳᠠᠭᠰᠠᠨ ᠭᠤᠣᠯ ᠴᠣᠭᠴᠠ ᠵᠢᠨ ᠨᠡᠷᠡᠰ᠎ᠲᠤ ᠣᠷᠣᠭᠤᠯᠤᠭᠰᠠᠨ ᠲᠣᠭᠲᠠᠭ᠋ᠠᠯ᠎ᠤᠨ ᠪᠢᠴᠢᠭ᠎ᠢ ᠵᠣᠬᠢᠶᠠᠬᠤ ᠵᠢᠨ ᠬᠠᠮᠲᠤ ᠲᠤᠬᠠᠢ ᠵᠢᠨ ᠬᠥᠮᠦᠨ᠎ᠳᠤ ᠬᠦᠷᠭᠡᠬᠦ ᠬᠡᠷᠡᠭᠲᠡᠢ᠃
ᠠᠷᠪᠠᠨ ᠨᠠᠢ᠍ᠮᠠᠳᠤᠭ᠋ᠠᠷ ᠵᠦᠢ᠍ᠯ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠬᠦᠨᠳᠦ ᠨᠣᠴᠢᠲᠠᠶ ᠢᠲᠡᠭᠡᠯ ᠵᠶ᠋ᠠᠨ ᠠᠯᠳᠠᠭᠰᠠᠨ ᠭᠣᠤᠯ ᠴᠣᠭᠴᠠ᠎ᠪᠠᠷ ᠦᠨᠡᠮᠰᠢᠭᠰᠡᠨ ᠠᠭᠤᠷᠬᠠᠶ ᠵᠢᠨ ᠡᠷᠬᠡᠲᠦ ᠬᠥᠮᠦᠨ᠎ᠳᠤ ᠳᠣᠤᠷᠠᠬᠢ ᠬᠠᠮᠢᠶᠠᠷᠤᠯᠲᠠ ᠵᠢᠨ ᠠᠷᠭ᠎ᠠ ᠬᠡᠮᠵᠢᠶ᠎ᠡ ᠵᠢ ᠬᠡᠷᠡᠭᠵᠢᠭᠦᠯᠵᠦ ᠪᠣᠯᠤᠨ᠎ᠠ᠄
(ᠨᠢᠭᠡ) ᠪᠠᠶ᠋ᠢᠭ᠋ᠠᠯᠢ ᠵᠢᠨ ᠡᠬᠢ ᠪᠠᠶᠠᠯᠢᠭ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠵᠣᠬᠢᠶᠠᠨ ᠪᠠᠶ᠋ᠢᠭᠤᠯᠤᠭᠰᠠᠨ ᠰᠢᠯᠢᠳᠡᠭ᠎ᠢ ᠰᠢᠯᠭ᠋ᠠᠷᠠᠭᠤᠯᠬᠤ᠂ ᠲᠡᠷᠢᠭᠦᠨ᠎ᠢ ᠰᠢᠯᠭ᠋ᠠᠷᠠᠭᠤᠯᠬᠤ ᠠᠵᠢᠯᠯᠠᠭ᠎ᠠ᠎ᠳᠤ ᠣᠷᠣᠯᠴᠠᠵᠤ ᠪᠣᠯᠬᠤ ᠥᠬᠡᠶ;
(ᠬᠤᠶᠠᠷ) ᠭᠤᠤᠯᠳᠠᠯᠭ᠎ᠠ᠎ᠲᠠᠢ ᠬᠢᠨᠠᠨ ᠬᠠᠮᠢᠶᠠᠷᠬᠤ ᠡᠲᠡᠭᠡᠳ᠎ᠲᠤ ᠵᠢᠭᠰᠠᠭ᠋ᠠᠵᠤ᠂ ᠬᠠᠤᠯᠢ ᠶᠣᠰᠣᠭ᠋ᠠᠷ ᠴᠢᠩᠭ᠎ᠠ ᠬᠢᠨᠠᠨ ᠬᠠᠮᠢᠶᠠᠷᠬᠤ ᠬᠡᠷᠡᠭᠲᠡᠶ;
(ᠭᠤᠷᠪᠠ) ᠪᠠᠶ᠋ᠢᠭ᠋ᠠᠯᠢ ᠵᠢᠨ ᠡᠬᠢ ᠪᠠᠶᠠᠯᠢᠭ᠎ᠤᠨ ᠬᠠᠮᠢᠶᠠᠷᠤᠯᠲᠠ ᠵᠢᠨ ᠵᠠᠰᠠᠭ ᠵᠠᠬᠢᠷᠭ᠋ᠠᠨ᠎ᠤ ᠶᠠᠪᠤᠴᠠ᠎ᠳᠤ ᠬᠡᠯᠡᠵᠦ ᠥᠭᠬᠦ ᠠᠮᠠᠯᠠᠯᠲᠠ ᠵᠢᠨ ᠲᠦᠷᠢᠮ᠎ᠢ ᠬᠡᠷᠡᠭᠯᠡᠬᠦ ᠦᠭᠡᠢ;
(ᠲᠦᠷᠪᠡ) ᠠᠭᠤᠷᠬᠠᠶ ᠵᠢᠨ ᠦᠢ᠍ᠯᠡᠰ᠎ᠤᠨ ᠡᠷᠬᠡᠲᠦ ᠬᠥᠮᠦᠨ᠎ᠨᠢ ᠡᠳ᠋᠎ᠤᠨ ᠵᠠᠰᠠᠭ᠎ᠤᠨ ᠴᠢᠨᠠᠷᠲᠠᠶ ᠪᠡᠯᠡ ᠮᠥᠩᠭᠦ ᠵᠢᠨ ᠲᠥᠷᠥᠯ ᠵᠦᠢ᠍ᠯ ᠭᠤᠶᠤᠴᠢᠯᠠᠬᠤ᠂ ᠠᠭᠤᠷᠬᠠᠶ ᠵᠢᠨ ᠦᠢ᠍ᠯᠡᠰ᠎ᠤᠨ ᠡᠷᠬᠡ ᠵᠢᠨ ᠥᠷᠢᠰᠥᠯᠳᠦᠭᠡᠨ᠎ᠤ ᠴᠢᠨᠠᠷᠲᠠᠶ ᠰᠢᠯᠵᠢᠭᠦᠯᠦᠨ ᠥᠭᠬᠦ᠎ᠳᠤ ᠣᠷᠣᠯᠴᠠᠬᠤ ᠦᠶ᠎ᠡ᠎ᠳᠤ ᠠᠰᠢᠭ ᠦᠭᠡᠢ ᠪᠣᠳᠣᠯᠬᠢᠯᠠᠬᠤ ᠬᠦᠴᠦᠨ ᠵᠦᠢ᠍ᠯ ᠪᠣᠯᠭ᠋ᠠᠨ᠎ᠠ;
(ᠲᠠᠪᠤ) ᠬᠠᠤᠯᠢ ᠴᠠᠭ᠍ᠠᠵᠠ ᠬᠠᠤᠯᠢ ᠲᠤᠭᠲᠠᠭ᠋ᠠᠯ᠎ᠳᠤ ᠲᠤᠭᠲᠠᠭ᠋ᠠᠭᠰᠠᠨ ᠪᠤᠰᠤᠳ ᠬᠠᠮᠢᠶᠠᠷᠤᠯᠲᠠ ᠵᠢᠨ ᠠᠷᠭ᠎ᠠ ᠬᠡᠮᠵᠢᠶ᠎ᠡ᠃
ᠠᠷᠪᠠ ᠶᠢᠰᠦᠳᠦᠭᠡᠷ ᠵᠦᠢ᠍ᠯ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠬᠦᠨᠳᠦ ᠨᠣᠴᠢᠲᠠᠶ ᠢᠲᠡᠭᠡᠯ ᠠᠯᠳᠠᠭᠰᠠᠨ ᠭᠤᠤᠯ ᠴᠣᠭᠴᠠ ᠵᠢ ᠮᠠᠭ᠋ᠠᠳᠯᠠᠨ ᠲᠣᠭᠲᠠᠭ᠋ᠠᠭᠰᠠᠨ ᠲᠣᠭᠲᠠᠭ᠋ᠠᠯ ᠭᠠᠷᠭ᠋ᠠᠭᠰᠠᠨ ᠡᠳᠦᠷ᠎ᠠᠴᠠ ᠡᠬᠢᠯᠡᠨ ᠠᠷᠪᠠᠨ ᠠᠵᠢᠯᠯᠠᠬᠤ ᠡᠳᠦᠷ᠎ᠤᠨ ᠳᠣᠲᠣᠷ᠎ᠠ᠂ ᠬᠠᠮᠢᠶ᠎ᠠ ᠪᠦᠬᠦᠢ ᠮᠡᠳᠡᠭᠡ ᠵᠠᠩᠭᠢ ᠵᠢ ᠪᠥᠬᠦ ᠤᠯᠤᠰ᠎ᠤᠨ ᠠᠭᠤᠷᠬᠠᠶ ᠵᠢᠨ ᠦᠢ᠍ᠯᠡᠰ᠎ᠤᠨ ᠡᠷᠬᠡᠲᠦ ᠬᠥᠮᠦᠨ᠎ᠤ ᠬᠠᠶ᠋ᠢᠨ ᠪᠠᠶ᠋ᠢᠴᠠᠭ᠋ᠠᠵᠤ ᠨᠡᠭᠡᠭᠡᠨ ᠮᠠᠯᠲᠠᠬᠤ ᠮᠡᠳᠡᠭᠡ ᠵᠠᠩᠭᠢ ᠵᠢᠨ ᠬᠠᠮᠢᠶᠠᠷᠤᠯᠲᠠ ᠵᠢᠨ ᠰᠢᠰᠲ᠋ᠧᠮ ᠵᠶ᠋ᠠᠷ ᠳᠠᠮᠵᠢᠭᠤᠯᠤᠨ ᠨᠡᠶ᠋ᠢᠭᠡᠮ᠎ᠳᠤ ᠢᠯᠡ ᠪᠣᠯᠭ᠋ᠠᠬᠤ ᠬᠡᠷᠡᠭᠲᠡᠶ᠃
ᠬᠣᠷᠢᠳᠤᠭ᠋ᠠᠷ ᠵᠦᠢ᠍ᠯ ᠬᠦᠨᠳᠦ ᠨᠣᠴᠢᠲᠠᠶ ᠢᠲᠡᠭᠡᠯ ᠵᠶ᠋ᠠᠨ ᠠᠯᠳᠠᠭᠰᠠᠨ ᠭᠣᠤᠯ ᠴᠣᠭᠴᠠ᠎ᠳᠤ ᠢᠲᠡᠭᠡᠮᠵᠢ ᠵᠢᠨ ᠬᠠᠮᠢᠶᠠᠷᠤᠯᠲᠠ ᠵᠢᠨ ᠠᠷᠭ᠎ᠠ ᠬᠡᠮᠵᠢᠶ᠎ᠡ ᠵᠢ ᠬᠡᠷᠡᠭᠵᠢᠭᠦᠯᠬᠦ ᠬᠤᠭᠤᠴᠠᠭ᠎ᠠ ᠬᠢᠵᠠᠭ᠋ᠠᠷ᠎ᠨᠢ ᠭᠤᠷᠪᠠᠨ ᠵᠢᠯ ᠪᠣᠯᠤᠨ᠎ᠠ᠂ ᠠᠭᠤᠷᠬᠠᠶ ᠵᠢᠨ ᠡᠷᠬᠡᠲᠦ ᠬᠥᠮᠦᠨ᠎ᠤ ᠢᠲᠡᠭᠡᠯ ᠵᠶ᠋ᠠᠨ ᠬᠦᠨᠳᠦ ᠨᠣᠴᠢᠲᠠᠶ ᠠᠯᠳᠠᠭᠰᠠᠨ ᠭᠣᠤᠯ ᠴᠣᠭᠴᠠ᠎ᠪᠠᠷ ᠦᠨᠡᠮᠰᠢᠭᠳᠡᠭᠰᠡᠨ ᠡᠳᠦᠷ᠎ᠠᠴᠠ ᠡᠬᠢᠯᠡᠵᠦ ᠪᠣᠳᠣᠨ᠎ᠠ᠃
ᠬᠣᠷᠢᠨ ᠨᠢᠭᠡᠳᠦᠭᠡᠷ ᠵᠦᠢ᠍ᠯ ᠠᠭᠤᠷᠬᠠᠶ ᠵᠢᠨ ᠦᠢ᠍ᠯᠡᠰ᠎ᠤᠨ ᠡᠷᠬᠡᠲᠦ ᠬᠥᠮᠦᠨ᠎ᠨᠢ ᠬᠦᠨᠳᠦ ᠨᠣᠴᠢᠲᠠᠶ ᠢᠲᠡᠭᠡᠯ ᠵᠶ᠋ᠠᠨ ᠠᠯᠳᠠᠭᠰᠠᠨ ᠭᠣᠤᠯ ᠴᠣᠭᠴᠠ᠎ᠪᠠᠷ ᠦᠨᠡᠮᠰᠢᠭᠳᠡᠭᠰᠡᠨ ᠡᠳᠦᠷ᠎ᠠᠴᠠ ᠡᠬᠢᠯᠡᠨ ᠭᠤᠷᠪᠠᠨ ᠵᠢᠯ᠎ᠤᠨ ᠳᠣᠲᠣᠷ᠎ᠠ᠂ ᠢᠳᠡᠪᠬᠢᠲᠡᠶ᠎ᠪᠠᠷ ᠴᠡᠭᠴᠡᠯᠡᠨ ᠰᠠᠶ᠋ᠢᠵᠢᠷᠠᠭᠤᠯᠵᠤ᠂ ᠢᠲᠡᠭᠡᠯ ᠠᠯᠳᠠᠭᠰᠠᠨ ᠦᠢ᠍ᠯᠡ ᠠᠵᠢᠯᠯᠠᠭ᠎ᠠ ᠵᠢ ᠵᠠᠯᠠᠷᠠᠭᠤᠯᠵᠤ᠂ ᠮᠠᠭᠤ ᠨᠥᠯᠥᠭᠡ ᠵᠢ᠎ᠨᠢ ᠠᠷᠢᠯᠭ᠋ᠠᠵᠤ᠂ ᠢᠲᠡᠭᠡᠮᠵᠢ ᠵᠢᠨ ᠠᠮᠠᠯᠠᠯᠲᠠ ᠬᠢᠭᠰᠡᠨ ᠪᠣᠯ᠂ ᠬᠦᠨᠳᠦ ᠨᠣᠴᠢᠲᠠᠶ ᠢᠲᠡᠭᠡᠯ ᠵᠶ᠋ᠠᠨ ᠠᠯᠳᠠᠭᠰᠠᠨ ᠭᠣᠤᠯ ᠴᠣᠭᠴᠠ ᠵᠢ ᠦᠨᠡᠮᠰᠢᠬᠦ ᠪᠠᠢ᠌ᠭᠤᠯᠭ᠎ᠠ᠎ᠳᠤ ᠬᠦᠨᠳᠦ ᠨᠣᠴᠢᠲᠠᠶ ᠢᠲᠡᠭᠡᠯ ᠵᠶ᠋ᠠᠨ ᠠᠯᠳᠠᠭᠰᠠᠨ ᠭᠣᠤᠯ ᠴᠣᠭᠴᠠ ᠵᠢᠨ ᠨᠡᠷᠡᠰ᠎ᠢ ᠰᠢᠯᠵᠢᠭᠦᠯᠦᠨ ᠭᠠᠷᠭ᠋ᠠᠬᠤ ᠭᠤᠶᠤᠴᠢᠯᠠᠯ ᠵᠶ᠋ᠠᠨ ᠤᠷᠢᠳᠴᠢᠯᠠᠨ ᠳᠤᠷᠠᠳᠴᠤ ᠪᠣᠯᠤᠨ᠎ᠠ᠃
ᠬᠤᠯᠪᠣᠭᠳᠠᠯ ᠪᠦᠬᠦᠢ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠭᠤᠶᠤᠴᠢᠯᠠᠯ᠎ᠢ ᠣᠯᠤᠭᠰᠠᠨ ᠡᠳᠦᠷ᠎ᠠᠴᠠ ᠡᠬᠢᠯᠡᠨ ᠲᠠᠪᠤᠨ ᠠᠵᠢᠯᠯᠠᠬᠤ ᠡᠳᠦᠷ᠎ᠤᠨ ᠳᠣᠲᠣᠷ᠎ᠠ ᠬᠦᠯᠢᠶᠡᠨ ᠠᠪᠴᠤ ᠰᠢᠢ᠍ᠳᠪᠦᠷᠢᠯᠡᠬᠦ ᠡᠰᠡᠬᠦ ᠲᠣᠭᠲᠠᠭ᠋ᠠᠯ ᠭᠠᠷᠭ᠋ᠠᠬᠤ ᠬᠡᠷᠡᠭᠲᠡᠶ᠃
ᠬᠤᠯᠪᠣᠭᠳᠠᠯ ᠪᠥᠬᠦᠶ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠭᠥᠯᠢᠶᠡᠨ ᠠᠪᠴᠤ ᠰᠢᠢ᠍ᠳᠪᠦᠷᠢᠯᠡᠭᠰᠡᠨ ᠡᠳᠦᠷ᠎ᠠᠴᠠ ᠡᠬᠢᠯᠡᠨ ᠬᠤᠷᠢᠨ ᠠᠵᠢᠯᠯᠠᠬᠤ ᠡᠳᠦᠷ᠎ᠤᠨ ᠳᠣᠲᠣᠷ᠎ᠠ ᠭᠤᠶᠤᠴᠢᠯᠠᠯ᠎ᠢ ᠬᠢᠨᠠᠨ ᠬᠠᠷᠭᠤᠭᠤᠯᠬᠤ ᠵᠢᠨ ᠬᠠᠮᠲᠤ ᠬᠦᠨᠳᠦ ᠨᠣᠴᠢᠲᠠᠶ ᠢᠲᠡᠭᠡᠯ ᠠᠯᠳᠠᠭᠰᠠᠨ ᠭᠤᠤᠯ ᠴᠣᠭᠴᠠ ᠵᠢᠨ ᠨᠡᠷᠡᠰ᠎ᠢ ᠰᠢᠯᠵᠢᠭᠦᠯᠦᠨ ᠭᠠᠷᠭ᠋ᠠᠬᠤ ᠡᠰᠡᠬᠦ ᠲᠣᠭᠲᠠᠭ᠋ᠠᠯ ᠭᠠᠷᠭ᠋ᠠᠬᠤ ᠬᠡᠷᠡᠭᠲᠡᠶ᠃
ᠬᠤᠯᠪᠣᠭᠳᠠᠯ ᠪᠥᠬᠦᠶ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠰᠢᠯᠵᠢᠭᠦᠯᠦᠨ ᠭᠠᠷᠭ᠋ᠠᠬᠤ᠎ᠪᠠᠷ ᠲᠣᠭᠲᠠᠭ᠋ᠠᠭᠰᠠᠨ ᠪᠠᠶ᠋ᠢᠪᠠᠯ᠂ ᠰᠢᠯᠵᠢᠭᠦᠯᠦᠨ ᠭᠠᠷᠭ᠋ᠠᠬᠤ ᠵᠢ ᠵᠥᠪᠰᠢᠶᠡᠷᠡᠬᠦ ᠲᠣᠭᠲᠠᠭ᠋ᠠᠯ ᠭᠠᠷᠭ᠋ᠠᠭᠰᠠᠨ ᠡᠳᠦᠷ᠎ᠠᠴᠠ ᠡᠬᠢᠯᠡᠨ ᠲᠠᠪᠤᠨ ᠠᠵᠢᠯᠯᠠᠬᠤ ᠡᠳᠦᠷ᠎ᠤᠨ ᠳᠣᠲᠣᠷ᠎ᠠ᠂ ᠪᠥᠬᠦ ᠤᠯᠤᠰ᠎ᠤᠨ ᠠᠭᠤᠷᠬᠠᠶ ᠵᠢᠨ ᠦᠢ᠍ᠯᠡᠰ᠎ᠤᠨ ᠡᠷᠬᠡᠲᠦ ᠬᠥᠮᠦᠨ᠎ᠤ ᠬᠠᠶ᠋ᠢᠨ ᠪᠠᠶ᠋ᠢᠴᠠᠭ᠋ᠠᠵᠤ ᠨᠡᠭᠡᠭᠡᠨ ᠮᠠᠯᠲᠠᠬᠤ ᠮᠡᠳᠡᠭᠡ ᠵᠠᠩᠭᠢ ᠵᠢᠨ ᠬᠠᠮᠢᠶᠠᠷᠤᠯᠲᠠ ᠵᠢᠨ ᠰᠢᠰᠲ᠋ᠧᠮ ᠵᠶ᠋ᠠᠷ ᠳᠠᠮᠵᠢᠭᠤᠯᠤᠨ ᠨᠡᠶ᠋ᠢᠭᠡᠮ᠎ᠳᠤ ᠢᠯᠡ ᠪᠣᠯᠭ᠋ᠠᠵᠤ᠂ ᠬᠠᠮᠢᠶ᠎ᠠ ᠪᠥᠬᠦᠶ ᠬᠠᠮᠢᠶᠠᠷᠤᠯᠲᠠ ᠵᠢᠨ ᠠᠷᠭ᠎ᠠ ᠬᠡᠮᠵᠢᠶ᠎ᠡ ᠵᠢ ᠬᠦᠴᠦᠨ ᠥᠬᠡᠶ ᠪᠣᠯᠭ᠋ᠠᠬᠤ ᠬᠡᠷᠡᠭᠲᠡᠶ᠃
ᠬᠣᠷᠢᠨ ᠬᠣᠶᠠᠳᠤᠭ᠋ᠠᠷ ᠵᠦᠢ᠍ᠯ ᠳᠣᠤᠷᠠᠬᠢ ᠪᠠᠶ᠋ᠢᠳᠠᠯ᠎ᠤᠨ ᠨᠢᠭᠡ᠎ᠨᠢ ᠪᠠᠶ᠋ᠢᠪᠠᠯ᠂ ᠬᠦᠨᠳᠦ ᠨᠣᠴᠢᠲᠠᠶ ᠢᠲᠡᠭᠡᠯ ᠵᠶ᠋ᠠᠨ ᠠᠯᠳᠠᠭᠰᠠᠨ ᠭᠣᠤᠯ ᠴᠣᠭᠴᠠ ᠵᠢᠨ ᠨᠡᠷᠡᠰ᠎ᠢ ᠤᠷᠢᠳᠴᠢᠯᠠᠨ ᠰᠢᠯᠵᠢᠭᠦᠯᠦᠨ ᠭᠠᠷᠭ᠋ᠠᠬᠤ ᠦᠭᠡᠶ᠄
(ᠨᠢᠭᠡ) ᠬᠦᠨᠳᠦ ᠨᠣᠴᠢᠲᠠᠶ ᠢᠲᠡᠭᠡᠯ ᠠᠯᠳᠠᠭᠰᠠᠨ ᠭᠤᠤᠯ ᠴᠣᠭᠴᠠ ᠵᠢᠨ ᠨᠡᠷᠡᠰ᠎ᠢ ᠰᠢᠯᠵᠢᠭᠦᠯᠦᠨ ᠭᠠᠷᠭ᠋ᠠᠬᠤ ᠶᠠᠪᠤᠴᠠ᠎ᠳᠤ ᠬᠤᠳᠠᠯ ᠬᠡᠯᠡᠵᠦ ᠬᠠᠭᠤᠷᠮᠠᠭᠯᠠᠨ ᠵᠣᠬᠢᠶᠠᠭᠰᠠᠨ᠂ ᠪᠣᠳᠠᠲᠤ ᠬᠡᠷᠡᠭ᠎ᠢ ᠵᠣᠷᠢᠭᠤᠳᠠ ᠨᠢᠭᠤᠨ ᠳᠠᠯᠳᠠᠯᠠᠭᠰᠠᠨ ᠵᠡᠷᠭᠡ ᠮᠡᠬᠡᠯᠡᠬᠦ ᠦᠢ᠍ᠯᠡ ᠠᠵᠢᠯᠯᠠᠭ᠎ᠠ ᠣᠷᠣᠰᠢᠵᠤ ᠪᠠᠶ᠋ᠢᠪᠠᠯ;
(ᠬᠤᠶᠠᠷ) ᠬᠦᠨᠳᠦ ᠨᠣᠴᠢᠲᠠᠶ ᠢᠲᠡᠭᠡᠯ ᠵᠶ᠋ᠠᠨ ᠠᠯᠳᠠᠭᠰᠠᠨ ᠭᠤᠤᠯ ᠴᠣᠭᠴᠠ ᠵᠢᠨ ᠨᠡᠷᠡᠰ᠎ᠢ ᠰᠢᠯᠵᠢᠭᠦᠯᠦᠨ ᠭᠠᠷᠭ᠋ᠠᠬᠤ ᠶᠠᠪᠤᠴᠠ᠎ᠳᠤ ᠪᠠᠰᠠ ᠠᠳᠠᠯᠢ ᠨᠢᠭᠡᠨ ᠰᠢᠯᠲᠠᠭ᠋ᠠᠨ᠎ᠠᠴᠠ ᠪᠣᠯᠵᠤ ᠵᠠᠰᠠᠭ ᠵᠠᠬᠢᠷᠭ᠋ᠠᠨ᠎ᠤ ᠰᠢᠢ᠍ᠳᠬᠡᠯ ᠥᠭᠬᠦ᠎ᠪᠠᠷ ᠭᠤᠶᠤᠴᠢᠯᠠᠭᠰᠠᠨ ᠪᠠᠶ᠋ᠢᠪᠠᠯ;
(ᠭᠤᠷᠪᠠ) ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠳᠤ ᠲᠣᠭᠲᠠᠭ᠋ᠠᠭᠰᠠᠨ ᠪᠤᠰᠤᠳ ᠬᠦᠨᠳᠦ ᠨᠣᠴᠢᠲᠠᠶ ᠢᠲᠡᠭᠡᠯ ᠠᠯᠳᠠᠭᠰᠠᠨ ᠭᠣᠤᠯ ᠴᠣᠭᠴᠠ ᠵᠢᠨ ᠨᠡᠷᠡᠰ᠎ᠢ ᠰᠢᠯᠵᠢᠭᠦᠯᠦᠨ ᠭᠠᠷᠭ᠋ᠠᠬᠤ ᠦᠭᠡᠶ ᠪᠠᠶ᠋ᠢᠬᠤ ᠪᠠᠶ᠋ᠢᠳᠠᠯ᠃
ᠬᠣᠷᠢᠨ ᠭᠤᠷᠪᠠᠳᠤᠭ᠋ᠠᠷ ᠵᠦᠢ᠍ᠯ ᠠᠭᠤᠷᠬᠠᠶ ᠵᠢᠨ ᠦᠢ᠍ᠯᠡᠰ᠎ᠤᠨ ᠡᠷᠬᠡᠲᠦ ᠬᠥᠮᠦᠨ᠎ᠨᠢ ᠬᠦᠨᠳᠦ ᠨᠣᠴᠢᠲᠠᠶ ᠢᠲᠡᠭᠡᠯ ᠵᠶ᠋ᠠᠨ ᠠᠯᠳᠠᠭᠰᠠᠨ ᠭᠣᠤᠯ ᠴᠣᠭᠴᠠ᠎ᠪᠠᠷ ᠲᠣᠭᠳᠠᠭ᠋ᠠᠭᠳᠠᠭᠰᠠᠨ ᠡᠳᠦᠷ᠎ᠠᠴᠠ ᠡᠬᠢᠯᠡᠨ ᠪᠦᠬᠦᠯᠢ ᠭᠤᠷᠪᠠᠨ ᠵᠢᠯ ᠪᠣᠯᠤᠭᠰᠠᠨ ᠪᠠᠶ᠋ᠢᠪᠠᠯ᠂ ᠦᠨᠡᠮᠰᠢᠭᠰᠡᠨ ᠪᠠᠶ᠋ᠢᠭᠤᠯᠭ᠎ᠠ᠎ᠠᠴᠠ ᠬᠦᠨᠳᠦ ᠨᠣᠴᠢᠲᠠᠶ ᠢᠲᠡᠭᠡᠯ ᠵᠶ᠋ᠠᠨ ᠠᠯᠳᠠᠭᠰᠠᠨ ᠭᠣᠤᠯ ᠴᠣᠭᠴᠠ ᠵᠢᠨ ᠨᠡᠷᠡᠰ᠎ᠠᠴᠠ ᠴᠠᠭ ᠲᠤᠬᠠᠶ᠎ᠳᠤᠨᠢ ᠰᠢᠯᠵᠢᠭᠦᠯᠦᠨ ᠭᠠᠷᠭ᠋ᠠᠵᠤ᠂ ᠢᠯᠡ ᠨᠡᠶ᠋ᠢᠲᠡᠯᠡᠬᠦ ᠵᠢ ᠵᠣᠭᠰᠣᠭ᠋ᠠᠬᠤ ᠵᠢᠨ ᠬᠠᠮᠲᠤ ᠬᠠᠮᠢᠶ᠎ᠠ ᠪᠦᠬᠦᠢ ᠬᠠᠮᠢᠶᠠᠷᠤᠯᠲᠠ ᠵᠢᠨ ᠠᠷᠭ᠎ᠠ ᠬᠡᠮᠵᠢᠶ᠎ᠡ ᠵᠢ ᠬᠦᠴᠦᠨ ᠦᠭᠡᠶ ᠪᠣᠯᠭ᠋ᠠᠬᠤ ᠬᠡᠷᠡᠭᠲᠡᠶ᠃
ᠬᠣᠷᠢᠨ ᠳᠥᠷᠪᠡᠳᠦᠭᠡᠷ ᠵᠦᠢ᠍ᠯ ᠠᠭᠤᠷᠬᠠᠶ ᠵᠢᠨ ᠦᠢ᠍ᠯᠡᠰ᠎ᠤᠨ ᠡᠷᠬᠡᠲᠦ ᠬᠥᠮᠦᠨ᠎ᠳᠤ ᠳᠣᠤᠷᠠᠬᠢ ᠪᠠᠶ᠋ᠢᠳᠠᠯ᠎ᠤᠨ ᠨᠢᠭᠡ᠎ᠨᠢ ᠪᠠᠶ᠋ᠢᠪᠠᠯ᠂ ᠲᠡᠭᠦᠨ᠎ᠢ ᠬᠡᠪ᠎ᠤᠨ ᠪᠤᠰᠤ ᠪᠠᠶ᠋ᠢᠳᠠᠯ᠎ᠤᠨ ᠭᠠᠷᠴᠠᠭ᠎ᠲᠤ ᠣᠷᠣᠭᠤᠯᠬᠤ ᠵᠢᠨ ᠬᠠᠮᠲᠤ ᠪᠦᠬᠦ ᠤᠯᠤᠰ᠎ᠤᠨ ᠠᠭᠤᠷᠬᠠᠶ ᠵᠢᠨ ᠦᠢ᠍ᠯᠡᠰ᠎ᠤᠨ ᠡᠷᠬᠡᠲᠦ ᠬᠥᠮᠦᠨ᠎ᠤ ᠬᠠᠶ᠋ᠢᠨ ᠪᠠᠶ᠋ᠢᠴᠠᠭ᠋ᠠᠵᠤ ᠨᠡᠭᠡᠭᠡᠨ ᠮᠠᠯᠲᠠᠬᠤ ᠮᠡᠳᠡᠭᠡ ᠵᠠᠩᠭᠢ ᠵᠢᠨ ᠬᠠᠮᠢᠶᠠᠷᠤᠯᠲᠠ ᠵᠢᠨ ᠰᠢᠰᠲ᠋ᠧᠮ᠎ᠳᠡᠭᠡᠨ ᠲᠣᠳᠣᠷᠬᠠᠶ᠋ᠢᠯᠠᠬᠤ ᠬᠡᠷᠡᠭᠲᠡᠶ᠄
(ᠨᠢᠭᠡ) ᠬᠠᠶ᠋ᠢᠨ ᠪᠠᠶ᠋ᠢᠴᠠᠭ᠋ᠠᠵᠤ ᠨᠡᠭᠡᠭᠡᠨ ᠮᠠᠯᠲᠠᠬᠤ ᠮᠡᠳᠡᠭᠡ ᠵᠠᠩᠭᠢ ᠵᠢ ᠲᠣᠭᠲᠠᠭᠰᠠᠨ ᠬᠤᠭᠤᠴᠠᠭ᠎ᠠ ᠪᠠ ᠱᠠᠭ᠋ᠠᠷᠳᠠᠯᠭ᠎ᠠ ᠶᠣᠰᠣᠭ᠋ᠠᠷ ᠲᠠᠭᠯᠠᠨ ᠮᠡᠳᠡᠭᠦᠯᠦᠭᠰᠡᠨ ᠦᠭᠡᠢ;
(ᠬᠤᠶᠠᠷ) ᠬᠠᠶ᠋ᠢᠨ ᠪᠠᠶ᠋ᠢᠴᠠᠭ᠋ᠠᠵᠤ ᠨᠡᠭᠡᠭᠡᠨ ᠮᠠᠯᠲᠠᠭᠰᠠᠨ ᠮᠡᠳᠡᠭᠡ ᠵᠠᠩᠭᠢ᠎ᠪᠠᠨ ᠲᠠᠭᠯᠠᠨ ᠮᠡᠳᠡᠭᠦᠯᠦᠭᠰᠡᠨ;
(ᠭᠤᠷᠪᠠ) ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠤᠨ ᠬᠠᠮᠢᠶᠠᠷᠤᠯᠲᠠ ᠵᠢᠨ ᠬᠠᠤᠯᠢ ᠴᠠᠭ᠋ᠠᠵᠠ ᠬᠠᠤᠯᠢ ᠲᠣᠭᠲᠠᠭ᠋ᠠᠯ ᠵᠡᠷᠭᠡ ᠬᠤᠯᠪᠣᠭᠳᠠᠯ ᠪᠥᠬᠦᠶ ᠲᠣᠭᠲᠠᠭ᠋ᠠᠯ᠎ᠠᠴᠠ ᠵᠥᠷᠢᠴᠡᠨ ᠬᠠᠤᠯᠢ ᠶᠣᠰᠣᠭ᠋ᠠᠷ ᠵᠠᠰᠠᠭ ᠵᠠᠬᠢᠷᠭ᠋ᠠᠨ᠎ᠤ ᠰᠢᠢ᠍ᠳᠭᠡᠯ ᠣᠯᠤᠭᠰᠠᠨ ᠪᠣᠯᠪᠠᠴᠤ ᠬᠦᠨᠳᠦ ᠨᠣᠴᠢᠲᠠᠶ ᠢᠲᠡᠭᠡᠯ ᠠᠯᠳᠠᠭᠰᠠᠨ ᠪᠡᠶᠡᠴᠢ ᠴᠣᠭᠴᠠ ᠵᠢ ᠮᠠᠭ᠋ᠠᠳᠯᠠᠨ ᠲᠣᠭᠲᠠᠭ᠋ᠠᠬᠤ ᠪᠠᠷᠢᠮᠵᠢᠶ᠎ᠠ᠎ᠳᠤ ᠭᠦᠷᠦᠭᠰᠡᠨ ᠥᠬᠡᠶ;
(ᠲᠦᠷᠪᠡ) ᠬᠡᠪ᠎ᠤᠨ ᠪᠤᠰᠤ ᠨᠡᠷᠡᠰ᠎ᠤᠨ ᠵᠢᠭᠰᠠᠭ᠋ᠠᠯᠲᠠ᠎ᠳᠤ ᠤᠷᠤᠭᠤᠯᠬᠤ ᠴᠢᠬᠤᠯᠠᠲᠠᠢ ᠪᠤᠰᠤᠳ ᠪᠠᠶ᠋ᠢᠳᠠᠯ᠃
ᠠᠭᠤᠷᠬᠠᠶ ᠵᠢᠨ ᠦᠢ᠍ᠯᠡᠰ᠎ᠤᠨ ᠡᠷᠬᠡᠲᠦ ᠬᠥᠮᠦᠨ᠎ᠨᠢ ᠪᠦᠬᠦ ᠤᠯᠤᠰ᠎ᠤᠨ ᠠᠭᠤᠷᠬᠠᠶ ᠵᠢᠨ ᠦᠢ᠍ᠯᠡᠰ᠎ᠤᠨ ᠡᠷᠬᠡᠲᠦ ᠬᠥᠮᠦᠨ᠎ᠤ ᠬᠠᠶ᠋ᠢᠨ ᠪᠠᠶ᠋ᠢᠴᠠᠭ᠋ᠠᠵᠤ ᠨᠡᠭᠡᠭᠡᠨ ᠮᠠᠯᠲᠠᠬᠤ ᠮᠡᠳᠡᠭᠡ ᠵᠠᠩᠭᠢ ᠵᠢᠨ ᠬᠠᠮᠢᠶᠠᠷᠤᠯᠲᠠ ᠵᠢᠨ ᠰᠢᠰᠲ᠋ᠧᠮ᠎ᠳᠤ ᠬᠡᠬᠡᠭᠳᠡᠭᠰᠡᠨ᠂ ᠪᠤᠷᠤᠭᠤ ᠲᠠᠭᠯᠠᠵᠤ ᠬᠠᠶ᠋ᠢᠨ ᠪᠠᠶ᠋ᠢᠴᠠᠭ᠋ᠠᠵᠤ ᠨᠡᠭᠡᠭᠡᠨ ᠮᠠᠯᠲᠠᠬᠤ ᠮᠡᠳᠡᠭᠡ ᠵᠠᠩᠭᠢ ᠵᠢ ᠤᠷᠬᠢᠭᠳᠠᠭᠤᠯᠤᠭᠰᠠᠨ᠂ ᠭᠡᠪᠡᠴᠦ ᠲᠣᠭᠲᠠᠭᠰᠠᠨ ᠬᠤᠭᠤᠴᠠᠭ᠋ᠠᠨ᠎ᠳᠤ ᠴᠡᠭᠴᠡᠯᠡᠨ ᠰᠠᠶ᠋ᠢᠵᠢᠷᠠᠭᠤᠯᠬᠤ ᠵᠢ ᠪᠡᠶᠡᠯᠡᠭᠦᠯᠦᠭᠰᠡᠨ ᠪᠠᠶ᠋ᠢᠪᠠᠯ᠂ ᠬᠡᠪ᠎ᠤᠨ ᠪᠤᠰᠤ ᠨᠡᠷᠡᠰ᠎ᠤᠨ ᠵᠢᠭᠰᠠᠭ᠋ᠠᠯᠲᠠ᠎ᠳᠤ ᠣᠷᠣᠭᠤᠯᠬᠤ ᠦᠭᠡᠢ ᠪᠠᠶ᠋ᠢᠵᠤ ᠪᠣᠯᠤᠨ᠎ᠠ᠃
ᠬᠤᠷᠢᠨ ᠲᠠᠪᠤᠳᠤᠭ᠋ᠠᠷ ᠵᠦᠢ᠍ᠯ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠬᠡᠪ᠎ᠤᠨ ᠪᠤᠰᠤ ᠨᠡᠷᠡᠰ᠎ᠤᠨ ᠵᠢᠭᠰᠠᠭ᠋ᠠᠯᠲᠠ᠎ᠳᠤ ᠣᠷᠣᠭᠤᠯᠤᠭᠰᠠᠨ ᠠᠭᠤᠷᠬᠠᠶ ᠵᠢᠨ ᠦᠢ᠍ᠯᠡᠰ᠎ᠤᠨ ᠡᠷᠬᠡᠲᠦ ᠬᠥᠮᠦᠨ᠎ᠳᠤ ᠳᠣᠤᠷᠠᠬᠢ ᠬᠠᠮᠢᠶᠠᠷᠤᠯᠲᠠ ᠵᠢᠨ ᠠᠷᠭ᠎ᠠ ᠬᠡᠮᠵᠢᠶ᠎ᠡ ᠵᠢ ᠬᠡᠷᠡᠭᠵᠢᠭᠦᠯᠵᠦ ᠪᠣᠯᠤᠨ᠎ᠠ᠄
(ᠨᠢᠭᠡ) ᠭᠤᠤᠯᠳᠠᠯᠭ᠎ᠠ᠎ᠲᠠᠢ ᠬᠢᠨᠠᠨ ᠬᠠᠮᠢᠶᠠᠷᠬᠤ ᠡᠲᠡᠭᠡᠳ᠎ᠲᠤ ᠵᠢᠭᠰᠠᠭ᠋ᠠᠵᠤ᠂ ᠬᠠᠤᠯᠢ ᠶᠣᠰᠣᠭ᠋ᠠᠷ ᠴᠢᠩᠭ᠎ᠠ ᠬᠢᠨᠠᠨ ᠬᠠᠮᠢᠶᠠᠷᠬᠤ ᠬᠡᠷᠡᠭᠲᠡᠶ;
(ᠬᠤᠶᠠᠷ) ᠰᠢᠯᠢᠳᠡᠭ ᠪᠠ ᠲᠡᠷᠢᠭᠦᠨ᠎ᠢ ᠰᠢᠯᠭ᠋ᠠᠷᠠᠭᠤᠯᠬᠤ ᠵᠡᠷᠭᠡ ᠲᠠᠯ᠎ᠠ᠎ᠪᠠᠷ ᠭᠤᠣᠯᠳᠠᠯᠭ᠎ᠠ᠎ᠲᠠᠢ ᠬᠢᠨᠠᠨ ᠪᠠᠶ᠋ᠢᠴᠠᠭ᠋ᠠᠨ᠎ᠠ;
(ᠭᠤᠷᠪᠠ) ᠬᠣᠯᠪᠣᠭᠳᠠᠯ ᠪᠦᠬᠦᠢ ᠮᠡᠳᠡᠭᠡ ᠵᠠᠩᠭᠢ ᠵᠢ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠤ ᠬᠠᠩᠭ᠋ᠠᠵᠤ ᠪᠠᠶ᠋ᠢᠴᠠᠭ᠋ᠠᠨ ᠯᠠᠪᠯᠠᠭᠤᠯᠬᠤ ᠬᠡᠷᠡᠭᠲᠡᠶ᠂ ᠲᠡᠭᠦᠨ᠎ᠢ ᠬᠠᠮᠢᠶ᠎ᠠ ᠪᠦᠬᠦᠢ ᠢᠲᠡᠭᠡᠮᠵᠢ ᠵᠢᠨ ᠬᠠᠮᠢᠶᠠᠷᠤᠯᠲᠠ ᠵᠢᠨ ᠠᠵᠢᠯ᠎ᠳᠤ ᠯᠠᠪᠯᠠᠯᠲᠠ ᠪᠣᠯᠭ᠋ᠠᠨ ᠬᠡᠷᠡᠭᠯᠡᠵᠦ ᠪᠣᠯᠤᠨ᠎ᠠ;
(ᠲᠦᠷᠪᠡ) ᠬᠠᠤᠯᠢ ᠴᠠᠭ᠋ᠠᠵᠠ ᠬᠠᠤᠯᠢ ᠲᠤᠭᠲᠠᠭ᠋ᠠᠯ᠎ᠳᠤ ᠲᠤᠭᠲᠠᠭ᠋ᠠᠭᠰᠠ ᠪᠤᠰᠤᠳ ᠬᠠᠮᠢᠶᠠᠷᠤᠯᠲᠠ ᠵᠢᠨ ᠠᠷᠭ᠎ᠠ ᠬᠡᠮᠵᠢᠶ᠎ᠡ᠃
ᠬᠣᠷᠢᠨ ᠵᠢᠷᠭᠤᠳᠤᠭ᠋ᠠᠷ ᠵᠦᠢ᠍ᠯ ᠬᠡᠪ᠎ᠤᠨ ᠪᠤᠰᠤ ᠨᠡᠷᠡᠰ᠎ᠤᠨ ᠵᠢᠭᠰᠠᠭ᠋ᠠᠯᠲᠠ᠎ᠳᠤ ᠣᠷᠣᠭᠤᠯᠤᠭᠰᠠᠨ ᠠᠭᠤᠷᠬᠠᠶ ᠵᠢᠨ ᠡᠷᠬᠡᠲᠦ ᠬᠥᠮᠦᠨ᠎ᠨᠢ ᠪᠦᠬᠦ ᠤᠯᠤᠰ᠎ᠤᠨ ᠠᠭᠤᠷᠬᠠᠶ ᠵᠢᠨ ᠦᠢ᠍ᠯᠡᠰ᠎ᠤᠨ ᠡᠷᠬᠡᠲᠦ ᠬᠥᠮᠦᠨ᠎ᠤ ᠬᠠᠶ᠋ᠢᠨ ᠪᠠᠶ᠋ᠢᠴᠠᠭ᠋ᠠᠵᠤ ᠨᠡᠭᠡᠭᠡᠨ ᠮᠠᠯᠲᠠᠬᠤ ᠮᠡᠳᠡᠭᠡ ᠵᠠᠩᠭᠢ ᠵᠢᠨ ᠬᠠᠮᠢᠶᠠᠷᠤᠯᠲᠠ ᠵᠢᠨ ᠰᠢᠰᠲ᠋ᠧᠮ᠎ᠤᠨ ᠲᠣᠳᠣᠷᠬᠠᠶ᠋ᠢᠯᠠᠯᠲᠠ ᠵᠢ ᠦᠨᠳᠦᠰᠦᠯᠡᠨ ᠴᠠᠭ ᠲᠤᠬᠠᠶ᠎ᠳᠤᠨᠢ ᠴᠡᠭᠴᠡᠯᠡᠨ ᠰᠠᠶ᠋ᠢᠵᠢᠷᠠᠭᠤᠯᠬᠤ ᠵᠢᠨ ᠬᠠᠮᠲᠤ ᠴᠡᠭᠴᠡᠯᠡᠨ ᠰᠠᠶ᠋ᠢᠵᠢᠷᠠᠭᠤᠯᠬᠤ ᠵᠢ ᠪᠡᠶᠡᠯᠡᠭᠦᠯᠦᠭᠰᠡᠨ ᠪᠠᠶ᠋ᠢᠳᠠᠯ ᠵᠶ᠋ᠠᠨ ᠬᠣᠯᠪᠣᠭᠳᠠᠯ ᠪᠦᠬᠦᠢ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠮᠡᠳᠡᠭᠦᠯᠬᠦ ᠬᠡᠷᠡᠭᠲᠡᠶ᠃
ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠠᠭᠤᠷᠬᠠᠶ ᠵᠢᠨ ᠦᠢ᠍ᠯᠡᠰ᠎ᠤᠨ ᠡᠷᠬᠡᠲᠦ ᠬᠥᠮᠦᠨ᠎ᠢ ᠴᠡᠭᠴᠡᠯᠡᠨ ᠰᠠᠶ᠋ᠢᠵᠢᠷᠠᠭᠤᠯᠤᠭᠰᠠᠨ ᠪᠠᠶ᠋ᠢᠳᠠᠯ᠎ᠢ ᠬᠢᠨᠠᠨ ᠬᠠᠷᠭᠤᠭᠤᠯᠵᠤ᠂ ᠠᠭᠤᠷᠬᠠᠶ ᠵᠢᠨ ᠦᠢ᠍ᠯᠡᠰ᠎ᠤᠨ ᠡᠷᠬᠡᠲᠦ ᠬᠥᠮᠦᠨ᠎ᠢ ᠴᠡᠭᠴᠡᠯᠡᠨ ᠰᠠᠶ᠋ᠢᠵᠢᠷᠠᠭᠤᠯᠬᠤ ᠵᠢ ᠪᠡᠶᠡᠯᠡᠭᠦᠯᠦᠭᠰᠡᠨ ᠪᠠᠶ᠋ᠢᠳᠠᠯ᠎ᠢ ᠦᠨᠳᠦᠰᠦᠯᠡᠨ ᠴᠠᠭ ᠲᠤᠬᠠᠶ᠎ᠳᠤᠨᠢ ᠰᠢᠰᠲ᠋ᠧᠮ᠎ᠳᠤ ᠲᠣᠳᠣᠷᠬᠠᠶ᠋ᠢᠯᠠᠯᠲᠠ ᠵᠢ ᠬᠦᠴᠦᠨ ᠥᠬᠡᠶ ᠪᠣᠯᠭ᠋ᠠᠬᠤ ᠵᠢᠨ ᠬᠠᠮᠲᠤ᠂ ᠲᠡᠭᠦᠨ᠎ᠢ ᠬᠡᠪ᠎ᠤᠨ ᠪᠤᠰᠤ ᠨᠡᠷᠡᠰ᠎ᠤᠨ ᠵᠢᠭᠰᠠᠭ᠋ᠠᠯᠲᠠ ᠵᠢ ᠰᠢᠯᠵᠢᠭᠦᠯᠦᠨ ᠭᠠᠷᠭ᠋ᠠᠵᠤ᠂ ᠠᠭᠤᠷᠬᠠᠶ ᠵᠢᠨ ᠦᠢ᠍ᠯᠡᠰ᠎ᠤᠨ ᠡᠷᠬᠡᠲᠦ ᠬᠥᠮᠦᠨ᠎ᠤ ᠬᠡᠪ᠎ᠤᠨ ᠡᠵᠡᠩᠨᠡᠯᠲᠡ ᠵᠢᠨ ᠠᠵᠢᠯᠯᠠᠭ᠎ᠠ᠎ᠳᠤ ᠠᠰᠢᠭ ᠥᠬᠡᠶ ᠨᠥᠯᠥᠭᠡ ᠦᠵᠡᠭᠦᠯᠬᠦ᠎ᠠᠴᠠ ᠵᠠᠶ᠋ᠢᠯᠠᠰᠬᠢᠬᠦ ᠬᠡᠷᠡᠭᠲᠡᠶ᠃
ᠬᠣᠷᠢᠨ ᠳᠣᠯᠣᠳᠤᠭ᠋ᠠᠷ ᠵᠦᠢ᠍ᠯ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠢᠲᠡᠭᠡᠯ᠎ᠲᠠᠢ ᠪᠠᠶ᠋ᠢᠬᠤ ᠪᠠᠶ᠋ᠢᠳᠠᠯ ᠵᠶ᠋ᠠᠷ ᠰᠠᠶ᠋ᠢᠨ ᠠᠭᠤᠷᠬᠠᠶ ᠵᠢᠨ ᠦᠢ᠍ᠯᠡᠰ᠎ᠤᠨ ᠡᠷᠬᠡᠲᠦ ᠬᠥᠮᠦᠨ᠎ᠳᠤ ᠤᠬᠠᠭᠤᠯᠭ᠎ᠠ᠎ᠪᠠᠨ ᠴᠢᠩᠭ᠋ᠠᠳᠬᠠᠬᠤ᠂ ᠢᠯᠡ᠎ᠪᠠᠷ ᠵᠣᠷᠢᠭᠵᠢᠭᠤᠯᠬᠤ᠂ ᠳᠥᠭᠥᠮ ᠦᠵᠡᠭᠦᠯᠬᠦ ᠦᠢ᠍ᠯᠡᠴᠢᠯᠡᠭᠡ ᠬᠠᠩᠭ᠋ᠠᠬᠤ ᠵᠡᠷᠭᠡ ᠤᠷᠮᠠᠰᠢᠭᠤᠯᠬᠤ ᠠᠷᠭ᠎ᠠ ᠬᠡᠮᠵᠢᠶ᠎ᠡ ᠵᠢ ᠠᠪᠴᠤ ᠪᠣᠯᠤᠨ᠎ᠠ᠃
ᠬᠤᠷᠢᠨ ᠨᠠᠢ᠍ᠮᠠᠳᠤᠭ᠋ᠠᠷ ᠵᠦᠢ᠍ᠯ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠬᠦᠨᠳᠦ ᠨᠣᠴᠢᠲᠠᠶ ᠢᠲᠡᠭᠡᠯ ᠠᠯᠳᠠᠭᠰᠠᠨ ᠭᠤᠤᠯ ᠴᠣᠭᠴᠠ ᠵᠢ ᠮᠠᠭ᠋ᠠᠳᠯᠠᠨ ᠲᠣᠭᠲᠠᠭ᠋ᠠᠬᠤ ᠬᠠᠮᠢᠶ᠎ᠠ ᠪᠥᠬᠦᠶ ᠮᠡᠳᠡᠭᠡ ᠵᠠᠩᠭᠢ ᠵᠢ ᠪᠥᠬᠦ ᠤᠯᠤᠰ᠎ᠤᠨ ᠢᠲᠡᠭᠡᠮᠵᠢ ᠵᠢᠨ ᠮᠡᠳᠡᠭᠡ ᠵᠠᠩᠭᠢ ᠵᠢᠨ ᠬᠠᠮᠲᠤ᠎ᠪᠠᠷ ᠬᠦᠷᠲᠡᠬᠦ ᠲᠠᠪᠴᠠᠩ ᠵᠡᠷᠭᠡ ᠪᠤᠰᠤᠳ ᠰᠠᠯᠠᠭ᠎ᠠ ᠮᠥᠴᠢᠷ᠎ᠯᠦᠭᠡ ᠵᠢᠨ ᠮᠡᠳᠡᠭᠡ ᠵᠠᠩᠭᠢ᠎ᠪᠠᠨ ᠬᠠᠷᠢᠯᠴᠠᠨ ᠬᠤᠯᠪᠣᠭ᠋ᠠᠯᠠᠵᠤ ᠬᠠᠮᠲᠤ᠎ᠪᠠᠷ ᠭᠥᠷᠳᠡᠬᠦ ᠵᠢ ᠴᠢᠩᠭ᠋ᠠᠳᠬᠠᠵᠤ᠂ ᠬᠠᠤᠯᠢ ᠴᠠᠭ᠋ᠠᠵᠠ ᠬᠠᠤᠯᠢ ᠲᠣᠭᠲᠠᠭ᠋ᠠᠯ ᠵᠡᠷᠭᠡ ᠬᠠᠮᠢᠶ᠎ᠠ ᠪᠥᠬᠦᠶ ᠲᠣᠭᠲᠠᠭ᠋ᠠᠯ ᠶᠣᠰᠣᠭ᠋ᠠᠷ ᠬᠤᠯᠪᠣᠭ᠋ᠠᠯᠠᠨ ᠵᠠᠯᠬᠠᠭ᠋ᠠᠨ ᠴᠡᠭᠡᠷᠯᠡᠭᠦᠯᠬᠦ ᠵᠢ ᠬᠡᠷᠡᠭᠵᠢᠭᠦᠯᠦᠨ᠎ᠡ᠃
ᠬᠤᠷᠢ ᠶᠢᠰᠦᠳᠦᠭᠡᠷ ᠵᠦᠢ᠍ᠯ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠠᠵᠢᠯᠲᠠᠳ ᠠᠭᠤᠷᠬᠠᠶ ᠵᠢᠨ ᠦᠢ᠍ᠯᠡᠰ᠎ᠤᠨ ᠡᠷᠬᠡᠲᠦ ᠬᠥᠮᠦᠨ᠎ᠤ ᠬᠠᠶ᠋ᠢᠨ ᠪᠠᠶ᠋ᠢᠴᠠᠭ᠋ᠠᠵᠤ ᠨᠡᠭᠡᠭᠡᠨ ᠮᠠᠯᠲᠠᠬᠤ ᠮᠡᠳᠡᠭᠡ ᠵᠠᠩᠭᠢ ᠵᠢᠨ ᠬᠠᠮᠢᠶᠠᠷᠤᠯᠲᠠ ᠵᠢᠨ ᠠᠵᠢᠯ᠎ᠤᠨ ᠳᠤᠮᠳᠠ ᠲᠤᠰᠢᠶᠠᠯ ᠬᠠᠷᠢᠭᠤᠴᠠᠯᠭ᠎ᠠ᠎ᠪᠠᠨ ᠤᠮᠳᠤᠭ᠋ᠠᠢ᠌ᠯᠠᠵᠤ᠂ ᠡᠷᠬᠡ ᠲᠤᠰᠢᠶᠠᠯ ᠵᠶ᠋ᠠᠨ ᠳᠤᠷ᠎ᠠ᠎ᠪᠠᠷ ᠵᠶ᠋ᠠᠨ ᠬᠡᠷᠡᠭᠯᠡᠵᠦ᠂ ᠬᠤᠪᠢ ᠵᠢᠨ ᠨᠠᠶ᠋ᠢᠷ ᠵᠶ᠋ᠠᠷ ᠬᠠᠤᠯᠢ ᠶᠣᠰᠣ ᠵᠢ ᠵᠥᠷᠢᠴᠡᠵᠦ ᠶᠠᠯᠠᠳᠤ ᠬᠦᠷᠦᠭᠰᠡᠨ ᠪᠣᠯ᠂ ᠬᠠᠤᠯᠢ ᠶᠣᠰᠣᠭ᠋ᠠᠷ ᠡᠷᠡᠭᠦᠤ ᠵᠢᠨ ᠬᠠᠷᠢᠭᠤᠴᠠᠯᠭ᠎ᠠ ᠨᠡᠬᠡᠮᠵᠢᠯᠡᠨ᠎ᠡ; ᠬᠠᠷᠠᠬᠠᠨ ᠶᠠᠯ᠎ᠠ ᠪᠣᠯᠵᠤ ᠪᠦᠷᠢᠯᠳᠦᠭᠰᠡᠨ ᠦᠭᠡᠢ ᠪᠣᠯ ᠬᠠᠤᠯᠢ ᠶᠣᠰᠣᠭ᠋ᠠᠷ ᠰᠢᠢ᠍ᠳᠭᠡᠯ ᠥᠭᠭᠦᠨ᠎ᠡ᠃
ᠭᠤᠴᠢᠳᠤᠭ᠋ᠠᠷ ᠵᠦᠢ᠍ᠯ ᠲᠣᠰ ᠠᠷᠭ᠎ᠠ ᠵᠢ 2024 ᠣᠨ᠎ᠤ 7 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃