ᠠᠰᠠᠭᠤᠨ ᠯᠠᠪᠯᠠᠬᠤ᠄ 《ᠨᠢᠭᠤᠴᠠ᠎ᠳᠤ ᠬᠣᠯᠪᠣᠭᠳᠠᠬᠤ ᠬᠡᠮᠵᠢᠨ ᠵᠢᠷᠤᠭᠯᠠᠯᠲᠠ ᠵᠢᠨ ᠦᠷ᠎ᠡ ᠪᠦᠲᠦᠭᠡᠯ᠎ᠤᠨ ᠬᠠᠮᠢᠶᠠᠷᠤᠯᠲᠠ ᠵᠢᠨ ᠠᠵᠢᠯᠲᠠᠨ᠎ᠤ ᠠᠵᠢᠯ᠎ᠤᠨ ᠪᠠᠢ᠌ᠷᠢ ᠵᠢᠨ ᠪᠣᠯᠪᠠᠰᠤᠷᠠᠯ᠎ᠤᠨ ᠦᠨᠡᠮᠯᠡᠯ》 ᠭᠡᠬᠦ ᠦᠨᠡᠮᠯᠡᠯ᠎ᠢ ᠬᠡᠵᠢᠶ᠎ᠡ ᠬᠦᠴᠦᠨ ᠦᠭᠡᠢ ᠪᠣᠯᠭ᠋ᠠᠭᠰᠠᠨ ᠪᠣᠯ? ᠠᠯᠪᠠᠨ᠎ᠤ ᠲᠠᠯ᠎ᠠ ᠵᠢᠨ ᠮᠡᠳᠡᠭᠳᠡᠯ᠎ᠤᠨ ᠴᠥᠷᠬᠡᠯᠡᠭᠡ ᠪᠠᠢ᠌ᠨ᠎ᠠ ᠤᠤ? ᠪᠥᠬᠥ ᠤᠯᠤᠰ ᠵᠶ᠋ᠠᠷ ᠵᠶ᠋ᠠᠨ ᠦᠭᠡᠢ᠌ᠰᠭᠡᠪᠡ ᠦᠦ?
ᠬᠠᠷᠢᠭᠤᠯᠲᠠ᠄ ᠰᠠᠢ᠌ᠨ ᠪᠠᠢ᠌ᠨᠤ! 《ᠨᠢᠭᠤᠴᠠ᠎ᠳᠤ ᠬᠣᠯᠪᠣᠭᠳᠠᠬᠤ ᠬᠡᠮᠵᠢᠨ ᠵᠢᠷᠤᠭᠯᠠᠯᠲᠠ ᠵᠢᠨ ᠦᠷ᠎ᠡ ᠪᠦᠲᠦᠭᠡᠯ᠎ᠤᠨ ᠬᠠᠮᠢᠶᠠᠷᠤᠯᠲᠠ ᠵᠢᠨ ᠠᠵᠢᠯᠲᠠᠨ᠎ᠤ ᠠᠵᠢᠯ᠎ᠤᠨ ᠪᠠᠢ᠌ᠷᠢ ᠵᠢᠨ ᠪᠣᠯᠪᠠᠰᠤᠷᠠᠯ᠎ᠤᠨ ᠦᠨᠡᠮᠯᠡᠯ》᠎ᠨᠢ ᠴᠥᠮ ᠲᠠᠪᠤᠨ ᠵᠢᠯ᠎ᠤᠨ ᠬᠦᠴᠦᠨ ᠪᠦᠬᠦᠢ ᠪᠣᠯᠤᠭᠰᠠᠨ᠎ᠢ ᠬᠠᠷᠠᠭᠤᠯᠵᠤ ᠪᠠᠢ᠌ᠨ᠎ᠠ᠃ ᠠᠵᠢᠯ ᠲᠥᠷᠥᠯ ᠪᠠ ᠨᠡᠶ᠋ᠢᠭᠡᠮ᠎ᠤᠨ ᠣᠯᠠᠨ ᠨᠡᠶ᠋ᠢᠲᠡ ᠵᠢᠨ ᠭᠠᠵᠠᠷ ᠵᠦᠶ ᠵᠢᠨ ᠮᠡᠳᠡᠭᠡ ᠵᠠᠩᠭᠢ ᠵᠢᠨ ᠠᠮᠤᠷ ᠲᠦᠪᠰᠢᠨ᠎ᠤ ᠪᠣᠯᠪᠠᠰᠤᠷᠠᠯ᠎ᠤᠨ ᠬᠡᠷᠡᠭᠴᠡᠭᠡ ᠱᠠᠭ᠋ᠠᠷᠳᠠᠯᠭ᠎ᠠ ᠵᠢ ᠬᠠᠩᠭ᠋ᠠᠬᠤ ᠵᠢᠨ ᠲᠥᠯᠥᠭᠡ᠂ ᠮᠠᠨ᠎ᠤ ᠶᠠᠮᠤᠨ 《ᠭᠠᠵᠠᠷ ᠵᠦᠶ ᠵᠢᠨ ᠮᠡᠳᠡᠭᠡ ᠵᠠᠩᠭᠢ ᠵᠢᠨ ᠠᠮᠤᠷ ᠲᠦᠪᠰᠢᠨ᠎ᠤ ᠰᠦᠯᠵᠢᠶᠡᠨ ᠳᠡᠭᠡᠷᠡᠬᠢ ᠪᠣᠯᠪᠠᠰᠤᠷᠠᠯ᠎ᠤᠨ ᠰᠢᠯᠭ᠋ᠠᠯᠲᠠ ᠵᠢᠨ ᠰᠢᠰᠲ᠋ᠧᠮ》᠎ᠢ ᠵᠣᠬᠢᠶᠠᠨ ᠪᠠᠶ᠋ᠢᠭᠤᠯᠤᠨ ᠰᠤᠳᠤᠯᠤᠨ ᠨᠡᠭᠡᠭᠡᠵᠦ᠂ ᠪᠥᠬᠦ ᠤᠯᠤᠰ᠎ᠲᠤ ᠬᠠᠨᠳᠤᠭᠤᠯᠤᠨ ᠰᠦᠢ᠍ᠳᠬᠡᠯ ᠬᠤᠷᠢᠶᠠᠬᠤ ᠥᠬᠡᠶ᠎ᠪᠠᠷ ᠪᠣᠯᠪᠠᠰᠤᠷᠠᠯ ᠪᠠ ᠰᠢᠯᠭ᠋ᠠᠯᠲᠠ ᠵᠢᠨ ᠦᠢ᠍ᠯᠡᠴᠢᠯᠡᠭᠡ ᠬᠠᠩᠭ᠋ᠠᠪᠠ᠃ ᠬᠠᠮᠢᠶ᠎ᠠ ᠪᠥᠬᠦᠶ ᠬᠥᠮᠦᠰ ᠪᠣᠯᠪᠠᠰᠤᠷᠠᠯ᠎ᠤᠨ ᠠᠭᠤᠯᠭ᠎ᠠ᠎ᠪᠠᠨ ᠳᠠᠩᠰᠠᠯᠠᠭᠤᠯᠬᠤ ᠵᠢᠨ ᠬᠠᠮᠲᠤ ᠲᠣᠭᠲᠠᠭ᠋ᠠᠭᠰᠠᠨ ᠪᠣᠯᠪᠠᠰᠤᠷᠠᠯ᠎ᠤᠨ ᠠᠭᠤᠯᠭ᠎ᠠ᠎ᠪᠠᠨ ᠪᠡᠶᠡᠯᠡᠭᠦᠯᠦᠭᠰᠡᠨ᠎ᠤ ᠳᠠᠷᠠᠭ᠎ᠠ᠂ ᠰᠦᠯᠵᠢᠶᠡᠨ ᠳᠡᠭᠡᠷ᠎ᠡ 《ᠭᠠᠵᠠᠷ ᠵᠦᠶ ᠵᠢᠨ ᠮᠡᠳᠡᠭᠡ ᠵᠠᠩᠭᠢ ᠵᠢᠨ ᠠᠮᠤᠷ ᠲᠦᠪᠰᠢᠨ᠎ᠤ ᠨᠢᠭᠤᠴᠠ ᠵᠢ ᠬᠠᠮᠠᠭ᠋ᠠᠯᠠᠬᠤ ᠪᠣᠯᠪᠠᠰᠤᠷᠠᠯ᠎ᠤᠨ ᠬᠢᠷᠢ ᠲᠡᠩᠴᠡᠭᠰᠡᠨ ᠭᠡᠷᠡᠴᠢ》 (ᠬᠤᠶᠠᠷ ᠬᠡᠮᠵᠢᠯᠳᠦ ᠺᠣᠳ᠋᠎ᠢ ᠢᠯᠭ᠋ᠠᠨ ᠲᠠᠨᠢᠬᠤ ᠮᠡᠷᠭᠡᠵᠢᠯ᠎ᠢ ᠬᠡᠷᠡᠭᠯᠡᠬᠦ) ᠵᠢ ᠭᠤᠶᠤᠴᠢᠯᠠᠵᠤ ᠪᠣᠯᠤᠨ᠎ᠠ᠂ ᠲᠣᠰ ᠦᠨᠡᠮᠯᠡᠯ᠎ᠨᠢ ᠪᠥᠬᠦ ᠤᠯᠤᠰ᠎ᠤᠨ ᠬᠡᠪᠴᠢᠶᠡᠨ ᠳᠣᠲᠣᠷᠠᠬᠢ ᠭᠠᠵᠠᠷ ᠵᠦᠶ ᠵᠢᠨ ᠮᠡᠳᠡᠭᠡ ᠵᠠᠩᠭᠢ ᠵᠢᠨ ᠠᠮᠤᠷ ᠲᠦᠪᠰᠢᠨ᠎ᠤ ᠪᠠᠶ᠋ᠢᠴᠠᠭ᠋ᠠᠯᠲᠠ ᠵᠢᠴᠢ ᠬᠡᠮᠵᠢᠨ ᠵᠢᠷᠤᠭᠯᠠᠯᠲᠠ ᠵᠢᠨ ᠬᠢᠷᠢ ᠬᠡᠮ᠎ᠲᠠᠢ ᠨᠢᠭᠡᠴᠢ ᠵᠢᠨ ᠠᠮᠤᠷ ᠲᠦᠪᠰᠢᠨ᠎ᠤ ᠨᠢᠭᠤᠴᠠ ᠵᠢ ᠬᠠᠮᠠᠭ᠋ᠠᠯᠠᠬᠤ ᠬᠢᠨᠠᠨ ᠪᠠᠶ᠋ᠢᠴᠠᠭ᠋ᠠᠬᠤ ᠠᠵᠢᠯ᠎ᠳᠤ ᠬᠡᠷᠡᠭᠯᠡᠵᠦ ᠪᠣᠯᠤᠨ᠎ᠠ᠃ ᠬᠢᠷᠢ ᠲᠡᠩᠴᠡᠭᠰᠡᠨ ᠡᠳᠦᠷ᠎ᠠᠴᠠ ᠡᠬᠢᠯᠡᠨ ᠬᠤᠶᠠᠷ ᠵᠢᠯ᠎ᠤᠨ ᠳᠣᠲᠣᠷ᠎ᠠ ᠬᠦᠴᠦᠨ᠎ᠲᠠᠢ ᠪᠠᠶ᠋ᠢᠵᠤ᠂ ᠣᠯᠭᠤᠭᠰᠠᠨ ᠨᠢᠭᠡᠴᠢ᠎ᠨᠢ᠄ ᠤᠯᠤᠰ᠎ᠤᠨ ᠭᠠᠵᠠᠷ ᠵᠦᠢ ᠵᠢᠨ ᠮᠡᠳᠡᠭᠡ ᠵᠠᠩᠭᠢ ᠵᠢᠨ ᠲᠥᠪ ᠪᠣᠯᠣᠨ᠎ᠠ᠃ ᠡᠭᠦᠨ᠎ᠤ ᠬᠠᠮᠲᠤ᠂ ᠡᠯ᠎ᠡ ᠭᠠᠵᠠᠷ᠎ᠤᠨ᠎ᠬᠢᠨ ᠨᠢᠭᠡᠨᠲᠡ ᠨᠡᠭᠡᠭᠡᠨ ᠠᠰᠢᠭᠯᠠᠭᠰᠠᠨ ᠪᠥᠭᠡᠳ ᠠᠰᠢᠭᠯᠠᠯᠲᠠ᠎ᠳᠤ ᠣᠷᠣᠭᠤᠯᠤᠭᠰᠠᠨ ᠰᠦᠯᠵᠢᠶᠡᠨ ᠳᠡᠭᠡᠷᠡᠬᠢ ᠠᠮᠤᠷ ᠲᠦᠪᠰᠢᠨ᠎ᠤ ᠨᠢᠭᠤᠴᠠ ᠵᠢ ᠬᠠᠮᠠᠭ᠋ᠠᠯᠠᠬᠤ ᠪᠣᠯᠪᠠᠰᠤᠷᠠᠯ᠎ᠤᠨ ᠰᠢᠰᠲ᠋ᠧᠮ᠎ᠢ ᠦᠷᠭᠦᠯᠵᠢᠯᠡᠨ ᠬᠡᠷᠡᠭᠯᠡᠵᠦ ᠪᠣᠯᠤᠨ᠎ᠠ᠃ ᠭᠠᠵᠠᠷ ᠵᠦᠢ ᠵᠢᠨ ᠮᠡᠳᠡᠭᠡ ᠵᠠᠩᠭᠢ ᠵᠢᠨ ᠠᠮᠤᠷ ᠲᠦᠪᠰᠢᠨ᠎ᠤ ᠰᠦᠯᠵᠢᠶᠡᠨ ᠳᠡᠭᠡᠷᠡᠬᠢ ᠪᠣᠯᠪᠠᠰᠤᠷᠠᠯ᠎ᠤᠨ ᠰᠢᠯᠭ᠋ᠠᠯᠲᠠ ᠵᠢᠨ ᠰᠢᠰᠲ᠋ᠧᠮ᠎ᠤᠨ ᠬᠠᠶᠢᠭ᠄ https://gistraining.webmap.cn/ ᠃