ᠠᠰᠠᠭᠤᠯᠲᠠ᠄ ᠲᠦᠷ ᠬᠡᠷᠡᠭᠯᠡᠬᠦ ᠭᠠᠵᠠᠷᠤᠨ ᠬᠤᠭᠤᠴᠠᠭ᠎ᠠ ᠵᠢ ᠤᠷᠲᠤᠳᠬᠠᠵᠤ ᠪᠣᠯᠬᠤ ᠦᠦ? ᠬᠡᠷᠪᠡ ᠬᠤᠭᠤᠴᠠᠭ᠎ᠠ ᠵᠢ ᠤᠷᠲᠤᠳᠬᠠᠵᠤ ᠳᠡᠶ᠋ᠢᠯᠪᠡᠯ᠂ ᠬᠤᠭᠤᠴᠠᠭ᠎ᠠ ᠵᠢ ᠤᠷᠲᠤᠳᠬᠠᠬᠤ ᠨᠥᠬᠦᠴᠡᠯ ᠵᠢᠴᠢ ᠬᠢᠨᠠᠨ ᠬᠠᠷᠭᠤᠭᠤᠯᠬᠤ ᠱᠠᠭ᠋ᠠᠷᠳᠠᠯᠭ᠎ᠠ ᠵᠢ ᠲᠤᠳᠤᠷᠬᠠᠢ᠌ᠯᠠᠬᠤ ᠬᠡᠷᠡᠭᠲᠡᠢ ᠤᠤ?
ᠬᠠᠷᠢᠭᠤᠯᠲᠠ᠄ ᠣᠳᠣ ᠵᠢᠨ ᠬᠡᠷᠡᠭᠵᠢᠭᠦᠯᠵᠦ ᠪᠠᠶ᠋ᠢᠭ᠎ᠠ 《ᠭᠠᠵᠠᠷ ᠰᠢᠷᠣᠢ ᠵᠢᠨ ᠬᠠᠮᠢᠶᠠᠷᠤᠯᠲᠠ ᠵᠢᠨ ᠬᠠᠤᠯᠢ ᠵᠢ ᠬᠡᠷᠡᠭᠵᠢᠭᠦᠯᠬᠦ ᠳᠦᠷᠢᠮ》ᠳᠤ ᠵᠠᠰᠠᠪᠤᠷᠢ ᠣᠷᠣᠭᠤᠯᠵᠤ ᠨᠡᠶ᠋ᠢᠲᠡᠯᠡᠬᠦᠠᠴᠠ ᠡᠮᠦᠨ᠎ᠡ᠂ ᠨᠢᠭᠡᠨᠲᠡ ᠵᠥᠪᠰᠢᠶᠡᠷᠡᠭᠰᠡᠨ ᠡᠨᠧᠷᠭᠢ᠂ ᠵᠠᠮ ᠬᠠᠷᠢᠯᠴᠠᠭ᠎ᠠ᠂ ᠤᠰᠤᠨ ᠠᠰᠢᠭᠯᠠᠯᠲᠠ ᠵᠡᠷᠭᠡ ᠰᠠᠭᠤᠷᠢ ᠪᠡᠯᠡᠳᠬᠡᠮᠵᠢ ᠵᠢᠨ ᠲᠦᠷ ᠴᠠᠭ ᠬᠡᠷᠡᠭᠯᠡᠬᠦ ᠭᠠᠵᠠᠷᠤᠨ ᠬᠤᠭᠤᠴᠠᠭᠠᠨᠢ ᠨᠢᠭᠡᠨᠲᠡ 2 ᠵᠢᠯ ᠬᠡᠲᠦᠷᠡᠭᠰᠡᠨ ᠮᠥᠷᠲᠡᠭᠡᠨ ᠦᠷᠭᠦᠯᠵᠢᠯᠡᠨ ᠬᠡᠷᠡᠭᠯᠡᠬᠦ ᠴᠢᠬᠤᠯᠠᠲᠠᠢ ᠪᠣᠯ᠂ ᠭᠠᠵᠠᠷ ᠬᠡᠷᠡᠭᠯᠡᠬᠦ ᠣᠷᠣᠨ ᠪᠠᠶ᠋ᠢᠷᠢ ᠵᠢ ᠬᠤᠪᠢᠷᠠᠭᠤᠯᠬᠤ ᠦᠭᠡᠢ᠂ ᠭᠠᠵᠠᠷ ᠬᠡᠷᠡᠭᠯᠡᠬᠦ ᠬᠡᠪᠴᠢᠶ᠎ᠡ ᠵᠢ ᠥᠷᠭᠡᠳᠬᠡᠬᠦ ᠦᠭᠡᠢ ᠨᠥᠬᠦᠴᠡᠯ ᠳᠣᠣᠷ᠎ᠠ᠂ ᠤᠤᠯᠤᠨ ᠬᠢᠨᠠᠨ ᠵᠥᠪᠰᠢᠶᠡᠷᠡᠭᠰᠡᠨ ᠪᠠᠶ᠋ᠢᠭᠤᠯᠭᠠᠪᠠᠷ ᠵᠥᠪᠰᠢᠶᠡᠷᠡᠭᠦᠯᠦᠭᠡᠳ ᠦᠷᠭᠦᠯᠵᠢᠯᠡᠨ ᠬᠡᠷᠡᠭᠯᠡᠵᠦ ᠪᠣᠯᠣᠨ᠎ᠠ᠂ ᠭᠡᠪᠡᠴᠦ ᠶᠡᠷᠦᠩᠬᠡᠢᠳᠤᠨᠢ ᠬᠡᠷᠡᠭᠯᠡᠬᠦ ᠬᠤᠭᠤᠴᠠᠭ᠎ᠠ ᠵᠢ ᠳᠥᠷᠪᠡᠨ ᠵᠢᠯᠠᠴᠠ ᠬᠡᠲᠦᠷᠡᠭᠦᠯᠵᠦ ᠪᠣᠯᠬᠤ ᠦᠭᠡᠢ; ᠡᠭᠦᠨᠠᠴᠠ ᠭᠠᠳᠠᠨᠠᠬᠢ ᠲᠦᠷ ᠴᠠᠭ ᠬᠡᠷᠡᠭᠯᠡᠬᠦ ᠭᠠᠵᠠᠷᠤᠨ ᠬᠤᠭᠤᠴᠠᠭ᠎ᠠ ᠵᠢ 《ᠪᠠᠶ᠋ᠢᠭ᠋ᠠᠯᠢ ᠵᠢᠨ ᠡᠬᠢ ᠪᠠᠶᠠᠯᠢᠭᠤᠨ ᠶᠠᠮᠤᠨᠤ ᠲᠦᠷ ᠴᠠᠭ ᠬᠡᠷᠡᠭᠯᠡᠬᠦ ᠭᠠᠵᠠᠷᠤᠨ ᠬᠠᠮᠢᠶᠠᠷᠤᠯᠲᠠ ᠵᠢ ᠵᠢᠷᠤᠮᠵᠢᠭᠤᠯᠬᠤ ᠲᠤᠬᠠᠢ ᠮᠡᠳᠡᠭᠳᠡᠯ》 (ᠪᠠᠶ᠋ᠢᠭ᠋ᠠᠯᠢ ᠵᠢᠨ ᠡᠬᠢ ᠪᠠᠶᠠᠯᠢᠭ ᠲᠣᠭᠲᠠᠭ᠋ᠠᠯ [2021] 2 ᠳ᠋ᠤᠭ᠋ᠠᠷ ᠲᠣᠭ᠋ᠠᠲᠤ)ᠤᠨ ᠪᠢᠴᠢᠭ ᠮᠠᠲ᠋ᠧᠷᠢᠶᠠᠯᠳᠤ ᠲᠣᠭᠲᠠᠭ᠋ᠠᠭᠰᠠᠨ ᠶᠣᠰᠣᠭ᠋ᠠᠷ ᠬᠡᠷᠡᠭᠵᠢᠭᠦᠯᠦᠨ᠎ᠡ᠃