ᠭᠠᠵᠠᠷ ᠰᠢᠨᠵᠢᠯᠡᠬᠡᠨ᠎ᠤ ᠠᠵᠢᠯ ᠲᠦᠷᠦᠯ᠎ᠤᠨ ᠬᠠᠮᠢᠶᠠᠷᠤᠯᠳᠠ ᠪᠤᠯᠤᠨ ᠭᠠᠵᠠᠷ ᠰᠢᠷᠤᠢ ᠵᠢᠨ ᠭᠠᠮᠰᠢᠭ᠎ᠢ ᠵᠠᠰᠠᠬᠤ ᠢᠨᠵᠧᠨᠧᠷᠢᠩ᠎ᠤᠨ ᠬᠢᠷᠢ ᠬᠡᠮ᠎ᠤᠨ ᠬᠠᠷᠢᠴᠠᠭ᠎ᠠ
2024-11-08

   ᠯᠠᠪᠯᠠᠯᠭ᠎ᠠ᠄ ᠭᠠᠵᠠᠷ᠎ᠤᠨ ᠭᠠᠶ ᠭᠠᠮᠰᠢᠭ᠎ᠢ ᠵᠠᠰᠠᠬᠤ ᠢᠨᠵᠧᠨᠧᠷᠢᠩ᠎ᠤᠨ 《ᠬᠠᠶ᠋ᠢᠨ ᠪᠠᠶ᠋ᠢᠴᠠᠭ᠋ᠠᠵᠤ ᠵᠢᠷᠤᠵᠤ ᠲᠥᠯᠥᠪᠯᠡᠬᠦ᠂ ᠪᠠᠷᠢᠯᠭ᠎ᠠ ᠪᠠᠷᠢᠬᠤ᠂ ᠬᠢᠨᠠᠨ ᠬᠠᠮᠢᠶᠠᠷᠬᠤ》 ᠳᠤᠮᠳᠠᠬᠢ ᠨᠢᠭᠡ ᠵᠦᠢ᠍ᠯ᠎ᠤᠨ ᠪᠤᠶᠤ ᠣᠯᠠᠨ ᠵᠦᠢ᠍ᠯ᠎ᠤᠨ ᠬᠢᠷᠢ ᠬᠡᠮ᠎ᠲᠠᠢ ᠪᠤᠶᠤ ᠭᠠᠵᠠᠷ᠎ᠤᠨ ᠭᠠᠶ ᠭᠠᠮᠰᠢᠭ᠎ᠢ ᠵᠠᠰᠠᠬᠤ ᠢᠨᠵᠧᠨᠧᠷᠢᠩ᠎ᠤᠨ 《ᠬᠠᠶ᠋ᠢᠨ ᠪᠠᠶ᠋ᠢᠴᠠᠭ᠋ᠠᠵᠤ ᠵᠢᠷᠤᠵᠤ ᠲᠥᠯᠥᠪᠯᠡᠬᠦ᠂ ᠪᠠᠷᠢᠯᠭ᠎ᠠ ᠪᠠᠷᠢᠬᠤ᠂ ᠬᠢᠨᠠᠨ ᠬᠠᠮᠢᠶᠠᠷᠬᠤ》 ᠵᠡᠷᠭᠡ ᠲᠤᠬᠠᠶ᠋ᠢᠯᠠᠭᠰᠠᠨ ᠠᠵᠢᠯ᠎ᠤᠨ ᠠᠵᠢᠯᠯᠠᠭ᠎ᠠ ᠵᠢ ᠥᠷᠨᠢᠭᠦᠯᠦᠭᠰᠡᠨ ᠠᠵᠤ ᠠᠬᠤᠶ᠋ᠢᠯᠠᠯ (ᠨᠢᠭᠡᠴᠢ)᠂ ᠭᠠᠵᠠᠷ ᠰᠢᠨᠵᠢᠯᠡᠭᠡᠨ᠎ᠤ ᠬᠠᠶ᠋ᠢᠨ ᠪᠠᠶ᠋ᠢᠴᠠᠭ᠋ᠠᠬᠤ ᠠᠵᠢᠯ ᠲᠥᠷᠥᠯ᠎ᠳᠤ ᠣᠷᠣᠭᠤᠯᠤᠨ ᠬᠠᠮᠢᠶᠠᠷᠤᠯᠲᠠ ᠶᠠᠪᠤᠭᠤᠯᠬᠤ ᠡᠰᠡᠬᠦ? ᠭᠠᠵᠠᠷ ᠰᠢᠨᠵᠢᠯᠡᠭᠡᠨ᠎ᠤ ᠠᠵᠢᠯ ᠲᠥᠷᠥᠯ᠎ᠳᠤ ᠣᠷᠣᠭᠤᠯᠤᠨ ᠬᠠᠮᠢᠶᠠᠷᠤᠨ᠎ᠠ ᠦᠦ?

   ᠬᠠᠷᠢᠭᠤᠯᠲᠠ᠄ ᠲᠠ ᠰᠠᠶ᠋ᠢᠨ! 《ᠭᠠᠵᠠᠷ᠎ᠤᠨ ᠭᠠᠶ ᠭᠠᠮᠰᠢᠭ᠎ᠢ ᠰᠡᠷᠭᠡᠶ᠋ᠢᠯᠡᠨ ᠵᠠᠰᠠᠬᠤ ᠨᠢᠭᠡᠴᠢ ᠵᠢᠨ ᠬᠢᠷᠢ ᠬᠡᠮ᠎ᠤᠨ ᠬᠠᠮᠢᠶᠠᠷᠤᠯᠲᠠ ᠵᠢᠨ ᠠᠷᠭ᠎ᠠ》 (ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ᠎ᠤ ᠵᠠᠷᠯᠢᠭ 8 ᠳ᠋ᠤᠭ᠋ᠠᠷ ᠲᠣᠭ᠋ᠠᠲᠤ)᠎ᠤᠨ ᠬᠤᠷᠢᠨ ᠳᠥᠷᠪᠡᠳᠦᠭᠡᠷ ᠵᠦᠢ᠍ᠯ᠎ᠳᠤ᠂ ᠭᠠᠵᠠᠷ᠎ᠤᠨ ᠭᠠᠶ ᠭᠠᠮᠰᠢᠭ᠎ᠢ ᠰᠡᠷᠭᠡᠶ᠋ᠢᠯᠡᠨ ᠵᠠᠰᠠᠬᠤ ᠨᠢᠭᠡᠴᠢ ᠪᠥᠬᠦ ᠤᠯᠤᠰ᠎ᠤᠨ ᠭᠠᠵᠠᠷ ᠰᠢᠨᠵᠢᠯᠡᠭᠡᠨ᠎ᠤ ᠬᠠᠶ᠋ᠢᠨ ᠪᠠᠶ᠋ᠢᠴᠠᠭ᠋ᠠᠬᠤ ᠠᠵᠢᠯ ᠲᠥᠷᠥᠯ᠎ᠤᠨ ᠬᠢᠨᠠᠯᠲᠠ ᠬᠠᠮᠢᠶᠠᠷᠤᠯᠲᠠ ᠵᠢᠨ ᠦᠢ᠍ᠯᠡᠴᠢᠯᠡᠭᠡᠨ᠎ᠤ ᠲᠠᠪᠴᠠᠩ᠎ᠳᠤ ᠨᠢᠭᠡᠴᠢ ᠵᠢᠨ ᠦᠨᠳᠦᠰᠦᠨ ᠪᠠᠶ᠋ᠢᠳᠠᠯ᠂ ᠭᠠᠵᠠᠷ᠎ᠤᠨ ᠭᠠᠶ ᠭᠠᠮᠰᠢᠭ᠎ᠤᠨ ᠠᠶᠤᠯᠲᠤ ᠴᠢᠨᠠᠷ᠎ᠢ ᠦᠨᠡᠯᠡᠨ ᠵᠢᠱ᠌ᠢᠬᠦ ᠲᠥᠷᠥᠯ ᠵᠦᠢ᠍ᠯ᠂ ᠭᠠᠵᠠᠷ᠎ᠤᠨ ᠭᠠᠶ ᠭᠠᠮᠰᠢᠭ᠎ᠢ ᠵᠠᠰᠠᠬᠤ ᠢᠨᠵᠧᠨᠧᠷᠢᠩ᠎ᠤᠨ ᠲᠥᠷᠥᠯ ᠵᠦᠢ᠍ᠯ ᠵᠡᠷᠭᠡ ᠭᠠᠵᠠᠷ᠎ᠤᠨ ᠭᠠᠶ ᠭᠠᠮᠰᠢᠭ᠎ᠢ ᠰᠡᠷᠭᠡᠶ᠋ᠢᠯᠡᠨ ᠵᠠᠰᠠᠬᠤ ᠠᠵᠢᠯᠯᠠᠭ᠎ᠠ ᠵᠡᠷᠭᠡ ᠮᠡᠳᠡᠭᠡ ᠵᠠᠩᠭᠢ ᠵᠢ ᠲᠠᠭᠯᠠᠨ ᠮᠡᠳᠡᠭᠦᠯᠬᠦ ᠵᠢᠨ ᠬᠠᠮᠲᠤ ᠨᠡᠶ᠋ᠢᠭᠡᠮ᠎ᠳᠤ ᠢᠯᠡ ᠨᠡᠶ᠋ᠢᠲᠡᠯᠡᠬᠦ ᠬᠡᠷᠡᠭᠲᠡᠶ ᠭᠡᠵᠦ ᠲᠣᠭᠲᠠᠭ᠋ᠠᠵᠠᠶ᠃ ᠭᠠᠵᠠᠷ᠎ᠤᠨ ᠭᠠᠶ ᠭᠠᠮᠰᠢᠭ᠎ᠢ ᠵᠠᠰᠠᠬᠤ ᠢᠨᠵᠧᠨᠧᠷᠢᠩ᠎ᠤᠨ ᠬᠠᠮᠢᠶ᠎ᠠ ᠪᠥᠬᠦᠶ ᠬᠢᠷᠢ ᠴᠢᠳᠠᠮᠵᠢ᠎ᠲᠠᠢ ᠨᠢᠭᠡᠴᠢ ᠵᠢ ᠲᠠᠪᠴᠠᠩ᠎ᠳᠤ ᠣᠷᠣᠭᠤᠯᠤᠨ ᠨᠢᠭᠡᠳᠦᠯᠲᠡᠶ ᠬᠠᠮᠢᠶᠠᠷᠬᠤ ᠬᠡᠷᠡᠭᠲᠡᠶ᠃

 

ᠢᠷᠡᠯᠲᠡ᠄ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ