ᠲᠡᠮᠦᠷ ᠵᠠᠮ᠂ ᠵᠠᠰᠠᠮᠠᠯ ᠵᠠᠮ᠂ ᠤᠰᠤᠨ ᠠᠰᠢᠭᠯᠠᠯᠲᠠ ᠵᠢᠨ ᠢᠨᠵᠸᠨ᠋ᠸᠷᠢᠩ᠎ᠤᠨ ᠨᠢᠷᠤᠭᠤᠪᠴᠢ ᠦᠢ᠍ᠯᠡᠳᠬᠦ ᠲᠠᠯᠠᠪᠠᠢ᠂ ᠬᠤᠯᠢᠬᠤ ᠥᠷᠲᠡᠭᠡ᠎ᠳᠤ ᠰᠢᠭᠤᠳ ᠦᠢ᠍ᠯᠡᠴᠢᠯᠡᠵᠦ᠂ ᠲᠦᠷ ᠴᠠᠭ ᠬᠡᠷᠡᠭᠯᠡᠬᠦ ᠭᠠᠵᠠᠷ᠎ᠲᠤ ᠡᠭᠦᠷᠢᠳᠡ ᠵᠢᠨ ᠦᠨᠳᠦᠰᠦᠨ ᠲᠠᠷᠢᠶᠠᠨ ᠭᠠᠵᠠᠷ᠎ᠢ ᠡᠵᠡᠯᠡᠨ ᠬᠡᠷᠡᠭᠯᠡᠵᠦ ᠪᠣᠯᠬᠤ ᠦᠭᠡᠢ᠂ ᠳᠡᠭᠡᠷ᠎ᠡ ᠳᠤᠷᠠᠳᠤᠭᠰᠠᠨ ᠬᠡᠳᠦᠨ ᠲᠥᠷᠥᠯ᠎ᠳᠤ ᠡᠭᠦᠷᠢᠳᠡ ᠵᠢᠨ ᠦᠨᠳᠦᠰᠦᠨ ᠲᠠᠷᠢᠶᠠᠨ ᠭᠠᠵᠠᠷ᠎ᠢ ᠡᠵᠡᠯᠡᠨ ᠬᠡᠷᠡᠭᠯᠡᠵᠦ ᠪᠣᠯᠬᠤ ᠦᠭᠡᠢ ᠪᠠᠶ᠋ᠢᠳᠠᠯ᠎ᠢ ᠭᠠᠷᠭ᠋ᠠᠪᠠᠯ᠂ ᠪᠤᠰᠤᠳ ᠲᠦᠷ ᠴᠠᠭ ᠬᠡᠷᠡᠭᠯᠡᠬᠦ ᠭᠠᠵᠠᠷ᠎ᠲᠤ ᠡᠭᠦᠷᠢᠳᠡ ᠵᠢᠨ ᠦᠨᠳᠦᠰᠦᠨ ᠲᠠᠷᠢᠶᠠᠨ ᠭᠠᠵᠠᠷ᠎ᠲᠠᠢ ᠬᠤᠯᠪᠣᠭᠳᠠᠪᠠᠯ᠂ ᠬᠡᠷᠬᠢᠨ ᠨᠤᠲᠠᠯᠠᠯᠲᠠ ᠬᠢᠬᠦ ᠪᠣᠶ?
2024-08-01

   ᠠᠰᠠᠭᠤᠯᠲᠠ᠄ ᠲᠡᠮᠦᠷ ᠵᠠᠮ᠂ ᠵᠠᠰᠠᠮᠠᠯ ᠵᠠᠮ᠂ ᠤᠰᠤᠨ ᠠᠰᠢᠭᠯᠠᠯᠲᠠ ᠵᠢᠨ ᠢᠨᠵᠸᠨ᠋ᠸᠷᠢᠩ᠎ᠤᠨ ᠨᠢᠷᠤᠭᠤᠪᠴᠢ ᠦᠢ᠍ᠯᠡᠳᠬᠦ ᠲᠠᠯᠠᠪᠠᠢ᠂ ᠬᠤᠯᠢᠬᠤ ᠥᠷᠲᠡᠭᠡ᠎ᠳᠤ ᠰᠢᠭᠤᠳ ᠦᠢ᠍ᠯᠡᠴᠢᠯᠡᠵᠦ᠂ ᠲᠦᠷ ᠴᠠᠭ ᠬᠡᠷᠡᠭᠯᠡᠬᠦ ᠭᠠᠵᠠᠷ᠎ᠲᠤ ᠡᠭᠦᠷᠢᠳᠡ ᠵᠢᠨ ᠦᠨᠳᠦᠰᠦᠨ ᠲᠠᠷᠢᠶᠠᠨ ᠭᠠᠵᠠᠷ᠎ᠢ ᠡᠵᠡᠯᠡᠨ ᠬᠡᠷᠡᠭᠯᠡᠵᠦ ᠪᠣᠯᠬᠤ ᠦᠭᠡᠢ᠂ ᠳᠡᠭᠡᠷ᠎ᠡ ᠳᠤᠷᠠᠳᠤᠭᠰᠠᠨ ᠬᠡᠳᠦᠨ ᠲᠥᠷᠥᠯ᠎ᠳᠤ ᠡᠭᠦᠷᠢᠳᠡ ᠵᠢᠨ ᠦᠨᠳᠦᠰᠦᠨ ᠲᠠᠷᠢᠶᠠᠨ ᠭᠠᠵᠠᠷ᠎ᠢ ᠡᠵᠡᠯᠡᠨ ᠬᠡᠷᠡᠭᠯᠡᠵᠦ ᠪᠣᠯᠬᠤ ᠦᠭᠡᠢ ᠪᠠᠶ᠋ᠢᠳᠠᠯ᠎ᠢ ᠭᠠᠷᠭ᠋ᠠᠪᠠᠯ᠂ ᠪᠤᠰᠤᠳ ᠲᠦᠷ ᠴᠠᠭ ᠬᠡᠷᠡᠭᠯᠡᠬᠦ ᠭᠠᠵᠠᠷ᠎ᠲᠤ ᠡᠭᠦᠷᠢᠳᠡ ᠵᠢᠨ ᠦᠨᠳᠦᠰᠦᠨ ᠲᠠᠷᠢᠶᠠᠨ ᠭᠠᠵᠠᠷ᠎ᠲᠠᠢ ᠬᠤᠯᠪᠣᠭᠳᠠᠪᠠᠯ᠂ ᠬᠡᠷᠬᠢᠨ ᠨᠤᠲᠠᠯᠠᠯᠲᠠ ᠬᠢᠬᠦ     ᠪᠣᠶ?

   ᠬᠠᠷᠢᠭᠤᠯᠲᠠ᠄ 《ᠡᠭᠦᠷᠢᠳᠡ ᠵᠢᠨ ᠦᠨᠳᠦᠰᠦᠨ ᠲᠠᠷᠢᠶᠠᠨ ᠭᠠᠵᠠᠷ᠎ᠢ ᠬᠠᠮᠠᠭ᠋ᠠᠯᠠᠬᠤ ᠠᠵᠢᠯ᠎ᠢ ᠴᠢᠩᠭ᠋ᠠᠳᠬᠠᠨ ᠰᠠᠶ᠋ᠢᠵᠢᠷᠠᠭᠤᠯᠬᠤ ᠲᠤᠬᠠᠶ ᠮᠡᠳᠡᠭᠳᠡᠯ》 (ᠪᠠᠶ᠋ᠢᠭ᠋ᠠᠯᠢ ᠵᠢᠨ ᠡᠬᠢ ᠪᠠᠶᠠᠯᠢᠭ ᠲᠣᠭᠲᠠᠭ᠋ᠠᠯ [2019] 1 ᠳ᠋ᠦ᠍ᠭᠡᠷ ᠲᠣᠭ᠋ᠠᠲᠤ) ᠵᠢᠴᠢ 2 ᠳ᠋ᠤᠭ᠋ᠠᠷ ᠲᠣᠭ᠋ᠠᠲᠤ ᠪᠢᠴᠢᠭ ᠮᠠᠲ᠋ᠧᠷᠢᠶᠠᠯ᠎ᠤᠨ ᠱᠠᠭ᠋ᠠᠷᠳᠠᠯᠭ᠎ᠠ ᠶᠣᠰᠣᠭ᠋ᠠᠷ᠂ ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠪᠠᠷᠢᠯᠭ᠎ᠠ ᠪᠠᠷᠢᠬᠤ ᠪᠠ ᠭᠠᠵᠠᠷ ᠰᠢᠨᠵᠢᠯᠡᠭᠡᠨ᠎ᠤ ᠬᠠᠶ᠋ᠢᠨ ᠪᠠᠶ᠋ᠢᠴᠠᠭ᠋ᠠᠯᠲᠠ᠎ᠳᠤ ᠲᠦᠷ ᠴᠠᠭ ᠬᠡᠷᠡᠭᠯᠡᠬᠦ ᠴᠢᠬᠤᠯᠠᠲᠠᠶ ᠭᠠᠵᠠᠷ᠂ ᠭᠠᠵᠠᠷ ᠰᠣᠩᠭᠤᠬᠤ᠎ᠳᠤ ᠦᠨᠡᠨ ᠬᠦ᠌ ᠡᠭᠦᠷᠢᠳᠡ ᠵᠢᠨ ᠦᠨᠳᠦᠰᠦᠨ ᠲᠠᠷᠢᠶᠠᠨ ᠭᠠᠵᠠᠷ᠎ᠢ ᠰᠢᠯᠵᠢᠭᠦᠯᠬᠦ᠎ᠳᠤ ᠬᠦᠴᠢᠷ᠎ᠲᠠᠢ ᠪᠣᠯ᠂ ᠭᠠᠵᠠᠷ ᠰᠢᠷᠣᠶ ᠬᠡᠷᠡᠭᠯᠡᠭᠴᠢ ᠬᠠᠤᠯᠢ᠎ᠪᠠᠷ ᠲᠣᠭᠲᠠᠭ᠋ᠠᠭᠰᠠᠨ ᠲᠠᠰ ᠳᠠᠷᠠᠭ᠋ᠠᠯᠠᠯ᠎ᠤᠨ ᠶᠣᠰᠣᠭ᠋ᠠᠷ ᠲᠦᠷ ᠴᠠᠭ ᠬᠡᠷᠡᠭᠯᠡᠬᠦ ᠭᠠᠵᠠᠷ ᠭᠤᠶᠤᠴᠢᠯᠠᠬᠤ ᠵᠢᠨ ᠬᠠᠮᠲᠤ ᠭᠠᠵᠠᠷ ᠰᠢᠷᠣᠶ ᠵᠢ ᠳᠠᠬᠢᠨ ᠬᠠᠭ᠋ᠠᠯᠪᠤᠷᠢᠯᠠᠬᠤ ᠲᠥᠰᠦᠯ ᠵᠣᠬᠢᠶᠠᠵᠤ᠂ ᠬᠤᠲᠠ ᠵᠢᠨ ᠱᠠᠲᠤ ᠪᠤᠶᠤ ᠬᠤᠲᠠ ᠵᠢᠨ ᠱᠠᠲᠤᠨ᠎ᠠᠴᠠ ᠳᠡᠭᠡᠭᠰᠢᠬᠢ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠶ᠋ᠠᠷ ᠵᠥᠪᠰᠢᠶᠡᠷᠡᠭᠦᠯᠦᠭᠡᠳ ᠲᠦᠷ ᠴᠠᠭ ᠡᠵᠡᠯᠡᠨ ᠬᠡᠷᠡᠭᠯᠡᠵᠦ ᠪᠣᠯᠤᠨ᠎ᠠ᠂ ᠡᠩ᠎ᠤᠨ ᠪᠠᠶ᠋ᠢᠳᠠᠯ᠎ᠳᠤ ᠬᠤᠶᠠᠷ ᠵᠢᠯ᠎ᠠᠴᠠ ᠬᠡᠲᠦᠷᠡᠭᠦᠯᠵᠦ ᠪᠣᠯᠬᠤ ᠥᠬᠡᠶ᠃  ᠲᠦᠷ ᠴᠠᠭ ᠬᠡᠷᠡᠭᠯᠡᠬᠦ ᠭᠠᠵᠠᠷ᠎ᠢ ᠬᠡᠷᠡᠭᠯᠡᠬᠦ᠎ᠳᠤ᠂ ᠲᠠᠷᠢᠶᠠᠨ ᠭᠠᠵᠠᠷ᠎ᠤᠨ ᠲᠠᠷᠢᠶᠠᠯᠠᠬᠤ ᠳᠠᠪᠬᠤᠷᠭ᠎ᠠ ᠵᠢ ᠰᠠᠯᠭ᠋ᠠᠵᠤ ᠳᠠᠬᠢᠨ ᠠᠰᠢᠭᠯᠠᠬᠤ ᠵᠡᠷᠭᠡ ᠢᠨᠵᠧᠨᠧᠷᠢᠩ᠎ᠤᠨ ᠮᠡᠷᠭᠡᠵᠢᠯ ᠵᠶ᠋ᠠᠷ ᠳᠠᠮᠵᠢᠭᠤᠯᠤᠨ᠂ ᠲᠠᠷᠢᠶᠠᠯᠠᠬᠤ ᠳᠠᠪᠬᠤᠷᠭ᠎ᠠ ᠵᠢ ᠡᠪᠳᠡᠬᠦ ᠶᠠᠪᠤᠳᠠᠯ᠎ᠢ ᠪᠠᠭ᠋ᠠᠰᠬᠠᠬᠤ ᠬᠡᠷᠡᠭᠲᠡᠶ᠃ ᠬᠡᠷᠡᠭᠯᠡᠬᠦ ᠬᠤᠭᠤᠴᠠᠭ᠎ᠠ᠎ᠨᠢ ᠲᠤᠯᠤᠭᠰᠠᠨ᠎ᠤ ᠳᠠᠷᠠᠭ᠎ᠠ᠂ ᠰᠢᠶᠠᠨ᠎ᠤ ᠱᠠᠲᠤᠨ᠎ᠤ ᠪᠠᠶ᠋ᠢᠭ᠋ᠠᠯᠢ ᠵᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠷᠢᠶᠠᠯᠠᠩ ᠬᠥᠳᠡᠭᠡ ᠲᠣᠰᠬᠤᠨ ᠵᠡᠷᠭᠡ ᠬᠠᠮᠢᠶ᠎ᠠ ᠪᠥᠬᠦᠶ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠠᠢ ᠬᠠᠮᠲᠤᠷᠠᠨ ᠭᠠᠵᠠᠷ ᠰᠢᠷᠣᠶ ᠵᠢ ᠳᠠᠬᠢᠨ ᠬᠠᠭ᠋ᠠᠯᠪᠤᠷᠢᠯᠠᠵᠤ ᠰᠢᠯᠭ᠋ᠠᠨ ᠠᠪᠬᠤ ᠠᠵᠢᠯ᠎ᠢ ᠥᠷᠨᠢᠭᠦᠯᠦᠨ᠎ᠡ᠃

 

ᠢᠷᠡᠯᠲᠡ᠄ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ