ᠲᠠ ᠰᠠᠶ᠋ᠢᠨ ᠤᠤ᠂ 《ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠢ ᠬᠠᠶ᠋ᠢᠨ ᠪᠠᠶ᠋ᠢᠴᠠᠭ᠋ᠠᠵᠤ ᠨᠡᠭᠡᠭᠡᠨ ᠮᠠᠯᠲᠠᠬᠤ ᠵᠢ ᠳᠠᠩᠰᠠᠯᠠᠨ ᠬᠠᠮᠢᠶᠠᠷᠬᠤ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠲᠤᠬᠠᠶ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ᠎ᠤ ᠮᠡᠳᠡᠭᠳᠡᠯ》᠎ᠤᠨ ᠲᠠᠪᠤᠳᠤᠭ᠋ᠠᠷ ᠵᠦᠢ᠍ᠯ᠎ᠤᠨ ᠳᠣᠯᠣᠳᠤᠭ᠋ᠠᠷ ᠵᠣᠷᠪᠤᠰ᠎ᠲᠤ᠂ 《ᠪᠤᠰᠤᠳ ᠠᠭᠤᠷᠬᠠᠢ ᠵᠢᠨ ᠭᠠᠷᠤᠯᠲᠠ ᠵᠢᠨ ᠠᠭᠤᠷᠬᠠᠢ ᠮᠠᠯᠲᠠᠬᠤ ᠡᠷᠬᠡ᠎ᠳᠤ ᠬᠠᠢ᠌ᠷ ᠴᠢᠯᠠᠭᠤ ᠰᠢᠷᠤᠢ ᠵᠢᠨ ᠲᠦᠷᠦᠯ᠎ᠤᠨ ᠠᠭᠤᠷᠬᠠᠢ ᠵᠢᠨ ᠭᠠᠷᠤᠯᠲᠠ ᠵᠢ ᠬᠤᠪᠢᠷᠠᠭᠤᠯᠬᠤ ᠪᠤᠶᠤ ᠨᠡᠮᠡᠵᠦ ᠤᠷᠤᠭᠤᠯᠬᠤ ᠵᠢ ᠵᠦᠪᠰᠢᠶᠡᠷᠡᠬᠦ ᠦᠭᠡᠢ》 ᠭᠡᠵᠦ ᠲᠣᠭᠲᠠᠭ᠋ᠠᠵᠠᠶ᠃ ᠲᠡᠭᠡᠪᠡᠯ ᠨᠡᠭᠦᠷᠡᠰᠦᠨ ᠠᠭᠤᠷᠬᠠᠶ ᠵᠢᠨ ᠠᠭᠤᠷᠬᠠᠶ ᠬᠠᠶ᠋ᠢᠬᠤ ᠡᠷᠬᠡ᠎ᠨᠢ ᠬᠠᠶ᠋ᠢᠷ ᠴᠢᠯᠠᠭᠤ ᠰᠢᠷᠣᠶ ᠵᠢᠨ ᠲᠥᠷᠥᠯ᠎ᠤᠨ ᠠᠭᠤᠷᠬᠠᠶ ᠵᠢᠨ ᠭᠠᠷᠤᠯᠲᠠ ᠵᠢᠨ ᠠᠭᠤᠷᠬᠠᠶ ᠮᠠᠯᠲᠠᠬᠤ ᠡᠷᠬᠡ ᠵᠢ ᠨᠡᠮᠡᠵᠦ ᠵᠢᠭᠰᠠᠭ᠋ᠠᠵᠤ ᠪᠣᠯᠬᠤ ᠤᠤ? ᠠᠷᠪᠠᠨ ᠨᠢᠭᠡᠳᠦᠭᠡᠷ ᠵᠦᠢ᠍ᠯ᠎ᠤᠨ ᠨᠢᠭᠡᠳᠦᠭᠡᠷ ᠵᠤᠷᠪᠤᠰ᠎ᠲᠤ ᠲᠣᠭᠲᠠᠭ᠋ᠠᠭᠰᠠᠨ᠎ᠨᠢ᠂ 《ᠰᠢᠨ᠎ᠡ᠎ᠪᠠᠷ ᠪᠠᠶ᠋ᠢᠭᠤᠯᠤᠭᠰᠠᠨ ᠠᠭᠤᠷᠬᠠᠶ ᠬᠠᠶ᠋ᠢᠬᠤ ᠡᠷᠬᠡ ᠠᠭᠤᠷᠬᠠᠶ ᠮᠠᠯᠲᠠᠬᠤ ᠡᠷᠬᠡ ᠵᠢ ᠭᠤᠶᠤᠴᠢᠯᠠᠬᠤ ᠬᠡᠪᠴᠢᠶ᠎ᠡ ᠬᠢᠭᠡᠳ ᠨᠢᠭᠡᠨᠲᠡ ᠪᠠᠶ᠋ᠢᠭᠤᠯᠤᠭᠰᠠᠨ ᠠᠭᠤᠷᠬᠠᠶ ᠵᠢᠨ ᠦᠢ᠍ᠯᠡᠰ᠎ᠤᠨ ᠡᠷᠬᠡ ᠵᠢᠨ ᠡᠭᠴᠡ ᠲᠤᠰᠬᠠᠯᠲᠠ ᠵᠢᠨ ᠬᠡᠪᠴᠢᠶ᠎ᠡ ᠳᠠᠪᠬᠤᠴᠠᠵᠤ ᠪᠣᠯᠬᠤ ᠥᠬᠡᠶ᠂ ᠭᠡᠪᠡᠴᠦ ᠳᠣᠤᠷᠠᠬᠢ ᠪᠠᠶ᠋ᠢᠳᠠᠯ ᠡᠭᠦᠨ᠎ᠳᠤ ᠪᠠᠭᠲᠠᠬᠤ ᠥᠬᠡᠶ᠄ 1᠂ ᠭᠤᠶᠤᠴᠢᠯᠠᠬᠤ ᠬᠡᠪᠴᠢᠶ᠎ᠡ ᠬᠢᠭᠡᠳ ᠨᠢᠭᠡᠨᠲᠡ ᠪᠠᠶ᠋ᠢᠭᠤᠯᠤᠭᠰᠠᠨ ᠠᠭᠤᠷᠬᠠᠶ ᠵᠢᠨ ᠦᠢ᠍ᠯᠡᠰ᠎ᠤᠨ ᠡᠷᠬᠡ ᠵᠢᠨ ᠬᠡᠪᠴᠢᠶ᠎ᠡ ᠳᠠᠪᠬᠤᠴᠠᠵᠤ᠂ ᠭᠤᠶᠤᠴᠢᠯᠠᠭᠴᠢ ᠬᠢᠭᠡᠳ ᠨᠢᠭᠡᠨᠲᠡ ᠪᠠᠶ᠋ᠢᠭᠤᠯᠤᠭᠰᠠᠨ ᠠᠭᠤᠷᠬᠠᠶ ᠵᠢᠨ ᠦᠢ᠍ᠯᠡᠰ᠎ᠤᠨ ᠡᠷᠬᠡᠲᠦ ᠬᠥᠮᠦᠨ᠎ᠨᠢ ᠠᠳᠠᠯᠢ ᠨᠢᠭᠡᠨ ᠭᠤᠤᠯ ᠴᠣᠭᠴᠠ ᠪᠣᠯᠵᠠᠶ》 ᠭᠡᠵᠦ ᠲᠣᠭᠲᠠᠭ᠋ᠠᠪᠠ᠃ ᠲᠡᠭᠡᠪᠡᠯ ᠨᠡᠭᠦᠷᠡᠰᠦᠨ ᠠᠭᠤᠷᠬᠠᠶ ᠵᠢᠨ ᠠᠭᠤᠷᠬᠠᠶ ᠬᠠᠶ᠋ᠢᠬᠤ ᠡᠷᠬᠡ᠎ᠨᠢ ᠲᠤᠰ ᠠᠭᠤᠷᠬᠠᠶ ᠵᠢᠨ ᠣᠷᠣᠨ᠎ᠤ ᠬᠡᠪᠴᠢᠶᠡᠨ ᠳᠣᠲᠣᠷᠠᠬᠢ ᠬᠠᠶ᠋ᠢᠷ ᠴᠢᠯᠠᠭᠤᠨ᠎ᠤ ᠲᠥᠷᠥᠯ᠎ᠤᠨ ᠠᠭᠤᠷᠬᠠᠶ ᠵᠢᠨ ᠭᠠᠷᠤᠯᠲᠠ ᠵᠢᠨ ᠠᠭᠤᠷᠬᠠᠶ ᠮᠠᠯᠲᠠᠬᠤ ᠡᠷᠬᠡ ᠵᠢ ᠭᠤᠶᠤᠴᠢᠯᠠᠵᠤ ᠪᠣᠯᠤᠨ᠎ᠠ ᠤᠤ ᠦᠭᠡᠶ ᠤᠤ?
2024-03-13

   ᠲᠠ ᠰᠠᠶ᠋ᠢᠨ ᠤᠤ? 《ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠤᠨ ᠬᠠᠮᠢᠶᠠᠷᠤᠯᠲᠠ ᠵᠢᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠵᠦᠢ᠍ᠯᠡᠰ᠎ᠤᠳ᠎ᠤᠨ ᠲᠤᠬᠠᠶ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ᠎ᠤ ᠰᠠᠨᠠᠯ》 (ᠪᠠᠶ᠋ᠢᠭ᠋ᠠᠯᠢ ᠵᠢᠨ ᠡᠬᠢ ᠪᠠᠶᠠᠯᠢᠭ ᠲᠤᠭᠲᠠᠭ᠋ᠠᠭᠰᠠᠨ [2023] 6 ᠳ᠋ᠤᠭ᠋ᠠᠷ ᠲᠣᠭ᠋ᠠᠲᠤ)᠎ᠤᠨ ᠲᠣᠭᠲᠠᠭ᠋ᠠᠯ᠄ ᠵᠥᠪᠯᠡᠯᠴᠡᠭᠡᠷ ᠵᠶ᠋ᠠᠷ ᠰᠢᠯᠵᠢᠭᠦᠯᠦᠨ ᠬᠤᠳᠠᠯᠳᠤᠬᠤ ᠵᠡᠷᠭᠡ ᠣᠨᠴᠠᠭ᠋ᠠᠶ ᠪᠠᠶ᠋ᠢᠳᠠᠯ᠎ᠠᠴᠠ ᠭᠠᠳᠠᠨ᠎ᠠ᠂ ᠠᠭᠤᠷᠬᠠᠶ ᠵᠢᠨ ᠦᠢ᠍ᠯᠡᠰ᠎ᠤᠨ ᠡᠷᠬᠡ ᠵᠢ ᠴᠥᠮ 《ᠠᠭᠤᠷᠬᠠᠶ ᠵᠢᠨ ᠦᠢ᠍ᠯᠡᠰ᠎ᠤᠨ ᠡᠷᠬᠡ ᠵᠢ ᠰᠢᠯᠵᠢᠭᠦᠯᠦᠨ ᠬᠤᠳᠠᠯᠳᠤᠬᠤ ᠠᠷᠠᠯᠵᠢᠶᠠᠨ᠎ᠤ ᠲᠦᠷᠢᠮ》 (ᠪᠠᠶ᠋ᠢᠭ᠋ᠠᠯᠢ ᠵᠢᠨ ᠡᠬᠢ ᠪᠠᠶᠠᠯᠢᠭ ᠲᠤᠭᠲᠠᠭ᠋ᠠᠭᠰᠠᠨ [2020] 1 ᠳ᠋ᠦ᠍ᠭᠡᠷ ᠲᠣᠭ᠋ᠠᠲᠤ) ᠶᠣᠰᠣᠭ᠋ᠠᠷ ᠳᠠᠭ᠋ᠠᠭ᠋ᠠᠴᠢᠯᠠᠯᠲᠠ ᠵᠠᠷᠯᠠᠬᠤ᠂ ᠦᠨ᠎ᠡ ᠬᠠᠶᠠᠨ ᠬᠤᠳᠠᠯᠳᠤᠬᠤ᠂ ᠦᠨ᠎ᠡ ᠬᠠᠳᠠᠬᠤ ᠠᠷᠭ᠎ᠠ ᠮᠠᠶᠢᠭ ᠵᠶ᠋ᠠᠷ ᠢᠯᠡ᠎ᠪᠠᠷ ᠥᠷᠢᠰᠥᠯᠳᠦᠭᠦᠯᠦᠨ ᠰᠢᠯᠵᠢᠭᠦᠯᠦᠨ ᠬᠤᠳᠠᠯᠳᠤᠨ᠎ᠠ᠃ 《ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠢ ᠬᠠᠶ᠋ᠢᠨ ᠪᠠᠶ᠋ᠢᠴᠠᠭ᠋ᠠᠵᠤ ᠨᠡᠭᠡᠭᠡᠨ ᠮᠠᠯᠲᠠᠬᠤ ᠵᠢ ᠳᠠᠩᠰᠠᠯᠠᠨ ᠬᠠᠮᠢᠶᠠᠷᠬᠤ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠲᠤᠬᠠᠶ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ᠎ᠤ ᠮᠡᠳᠡᠭᠳᠡᠯ》 (ᠪᠠᠶ᠋ᠢᠭ᠋ᠠᠯᠢ ᠵᠢᠨ ᠡᠬᠢ ᠪᠠᠶᠠᠯᠢᠭ ᠲᠤᠭᠲᠠᠭ᠋ᠠᠭᠰᠠᠨ [2020] 4 ᠳ᠋ᠦ᠍ᠭᠡᠷ ᠲᠣᠭ᠋ᠠᠲᠤ)᠎ᠳᠤ᠄ ᠠᠭᠤᠷᠬᠠᠶ ᠬᠠᠶ᠋ᠢᠬᠤ ᠡᠷᠬᠡᠲᠦ ᠬᠥᠮᠦᠨ᠎ᠨᠢ ᠬᠠᠶ᠋ᠢᠨ ᠪᠠᠶ᠋ᠢᠴᠠᠭ᠋ᠠᠬᠤ ᠣᠷᠣᠨ ᠪᠦᠰᠡ᠎ᠳᠠᠬᠢ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ (ᠡᠩ᠎ᠤᠨ ᠪᠠᠷᠢᠯᠭ᠎ᠠ᠎ᠳᠤ ᠬᠡᠷᠡᠭᠯᠡᠬᠦ ᠬᠠᠶ᠋ᠢᠷ ᠴᠢᠯᠠᠭᠤ ᠰᠢᠷᠣᠶ ᠵᠡᠷᠭᠡ ᠳᠠᠭ᠋ᠠᠭ᠋ᠠᠴᠢᠯᠠᠯᠲᠠ ᠵᠠᠷᠯᠠᠵᠤ ᠦᠨ᠎ᠡ ᠬᠠᠶᠠᠯᠴᠠᠭᠤᠯᠤᠨ ᠦᠨ᠎ᠡ ᠬᠠᠳᠠᠬᠤ ᠠᠷᠭ᠎ᠠ ᠮᠠᠶᠢᠭ ᠵᠶ᠋ᠠᠷ ᠠᠭᠤᠷᠬᠠᠶ ᠮᠠᠯᠲᠠᠬᠤ ᠡᠷᠬᠡ ᠵᠢ ᠰᠢᠭᠤᠳ ᠰᠢᠯᠵᠢᠭᠦᠯᠦᠨ ᠬᠤᠳᠠᠯᠳᠤᠬᠤ᠎ᠠᠴᠠ ᠭᠠᠳᠠᠨ᠎ᠠ) ᠶᠡᠷᠦᠩᠬᠡᠶ᠋ᠢᠯᠡᠭᠰᠡᠨ ᠬᠠᠶ᠋ᠢᠨ ᠪᠠᠶ᠋ᠢᠴᠠᠭ᠋ᠠᠬᠤ᠂ ᠶᠡᠷᠦᠩᠬᠡᠶ᠋ᠢᠯᠡᠨ ᠦᠨᠡᠯᠡᠬᠦ ᠠᠵᠢᠯ᠎ᠢ ᠥᠷᠨᠢᠭᠦᠯᠬᠦ᠎ᠳᠤ᠂ ᠬᠠᠶ᠋ᠢᠨ ᠪᠠᠶ᠋ᠢᠴᠠᠭ᠋ᠠᠬᠤ ᠠᠭᠤᠷᠬᠠᠶ ᠵᠢᠨ ᠵᠦᠢ᠍ᠯ᠎ᠤᠨ ᠬᠤᠪᠢᠷᠠᠯᠲᠠ (ᠨᠡᠮᠡᠵᠦ ᠵᠢᠭᠰᠠᠭ᠋ᠠᠬᠤ)᠎ᠳᠤ ᠳᠠᠩᠰᠠᠯᠠᠭᠤᠯᠬᠤ ᠴᠢᠬᠤᠯᠠ ᠦᠭᠡᠢ᠃

 

ᠢᠷᠡᠯᠲᠡ᠄ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ