2022 ᠣᠨ᠎ᠳᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ᠎ᠤ ᠠᠯᠪᠠᠨ ᠲᠢᠩᠬᠢᠮ 《ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ᠎ᠤ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠡᠮᠵᠢᠨ ᠵᠢᠷᠤᠬᠤ ᠪᠠᠲᠤᠯᠠᠭ᠎ᠠ ᠵᠢᠨ ᠲᠥᠰᠦᠯ》᠎ᠢ ᠳᠠᠷᠤᠮᠠᠯᠯᠠᠨ ᠲᠠᠷᠬᠠᠭ᠋ᠠᠵᠤ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠵᠢ ᠴᠤᠤᠷᠢᠶᠠᠳᠤᠨ ᠳᠠᠭ᠋ᠠᠬᠤ ᠲᠠᠯ᠎ᠠ᠎ᠪᠠᠷ ᠠᠯᠢ ᠭᠤᠷᠪᠠᠨ ᠬᠡᠮᠵᠢᠨ ᠵᠢᠷᠤᠬᠤ ᠭᠠᠵᠠᠷ ᠵᠦᠶ ᠵᠢᠨ ᠮᠡᠳᠡᠭᠡ ᠵᠠᠩᠭᠢ ᠵᠢᠨ ᠪᠠᠲᠤᠯᠠᠭ᠎ᠠ ᠵᠢᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠵᠡᠷᠭᠡ ᠳᠡᠰ᠎ᠢ ᠲᠣᠭᠲᠠᠭ᠋ᠠᠭᠰᠠᠨ ᠪᠣᠶ?
2024-03-13

   ᠲᠠ ᠰᠠᠶ᠋ᠢᠨ ᠤᠤ? 《ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ᠎ᠤ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠡᠮᠵᠢᠨ ᠵᠢᠷᠤᠬᠤ ᠪᠠᠲᠤᠯᠠᠭ᠎ᠠ ᠵᠢᠨ ᠲᠥᠰᠦᠯ》᠎ᠢ ᠦᠨᠳᠦᠰᠦᠯᠡᠪᠡᠯ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠪᠠᠲᠤᠯᠠᠭ᠎ᠠ ᠵᠢᠨ ᠠᠵᠢᠯ᠎ᠢ ᠭᠤᠷᠪᠠᠨ ᠲᠠᠰ ᠬᠤᠪᠢᠶᠠᠨ᠎ᠠ᠄ Ⅰ  ᠲᠠᠰ᠎ᠤᠨ ᠴᠤᠤᠷᠢᠶᠠᠳᠤᠨ ᠳᠠᠭ᠋ᠠᠬᠤ᠄ ᠤᠯᠤᠰ᠎ᠤᠨ ᠣᠨᠴᠠᠭ᠋ᠠᠶ ᠬᠦᠨᠳᠦ ᠶᠡᠭᠡ᠂ ᠬᠦᠨᠳᠦ ᠶᠡᠭᠡ ᠭᠡᠨᠡᠳᠲᠡ ᠵᠢᠨ ᠬᠡᠷᠡᠭ᠎ᠢ ᠠᠷᠭ᠋ᠠᠴᠠᠭ᠋ᠠᠬᠤ᠂ ᠡᠰᠡᠬᠦᠯ᠎ᠡ ᠨᠠᠮ᠎ᠤᠨ ᠲᠥᠪ ᠬᠤᠷᠢᠶ᠎ᠠ᠂ ᠲᠥᠷᠥ ᠵᠢᠨ ᠶᠠᠪᠤᠳᠠᠯ᠎ᠤᠨ ᠬᠤᠷᠢᠶᠠᠨ᠎ᠤ ᠲᠤᠰᠢᠶᠠᠨ ᠰᠢᠢ᠍ᠳᠪᠦᠷᠢᠯᠡᠭᠦᠯᠬᠦ ᠠᠵᠢᠯ᠎ᠢ ᠨᠠᠶ᠋ᠢᠳᠠᠪᠤᠷᠢᠵᠢᠭᠤᠯᠬᠤ ᠵᠢᠨ ᠲᠥᠯᠥᠭᠡ᠂ ᠪᠥᠬᠦ ᠤᠯᠤᠰ᠎ᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠡᠮᠵᠢᠨ ᠵᠢᠷᠤᠬᠤ ᠪᠠᠲᠤᠯᠠᠭ᠎ᠠ ᠵᠢᠨ ᠬᠦᠴᠦᠨ᠎ᠢ ᠳᠣᠭᠢᠷᠠᠭᠤᠯᠵᠤ᠂ ᠶᠡᠭᠡ ᠬᠡᠪᠴᠢᠶᠡᠨ᠎ᠤ ᠲᠤᠬᠠᠶ ᠵᠢᠨ ᠲᠠᠯᠠᠪᠤᠷ᠎ᠤᠨ ᠲᠤᠭ᠎ᠠ ᠪᠠᠷᠢᠮᠲᠠ ᠵᠢ ᠴᠤᠭᠯᠠᠭᠤᠯᠬᠤ᠂ ᠰᠢᠢ᠍ᠳᠪᠦᠷᠢᠯᠡᠵᠦ ᠵᠠᠳᠠᠯᠬᠤ ᠪᠠ ᠬᠠᠮᠲᠤ᠎ᠪᠠᠷ ᠡᠳ᠋ᠯᠡᠬᠦ ᠦᠢ᠍ᠯᠡᠴᠢᠯᠡᠭᠡᠨ᠎ᠤ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠡᠮᠵᠢᠨ ᠵᠢᠷᠤᠬᠤ ᠠᠵᠢᠯᠯᠠᠭ᠎ᠠ ᠵᠢ ᠬᠠᠮᠲᠤᠷᠠᠨ ᠥᠷᠨᠢᠭᠦᠯᠦᠨ᠎ᠡ᠃ Ⅱ  ᠲᠠᠰ᠎ᠤᠨ ᠴᠤᠤᠷᠢᠶᠠᠳᠤᠨ ᠳᠠᠭ᠋ᠠᠬᠤ᠄ ᠭᠡᠨᠡᠳᠲᠡ ᠵᠢᠨ ᠬᠡᠷᠡᠭ᠎ᠢ ᠠᠷᠭ᠋ᠠᠴᠠᠬᠤ ᠳᠤᠮᠳᠠ᠂ ᠮᠤᠵᠢ ᠠᠯᠤᠰᠯᠠᠭᠰᠠᠨ ᠵᠠᠰᠠᠭ ᠵᠠᠬᠢᠷᠭ᠋ᠠᠨ᠎ᠤ ᠣᠷᠣᠨ ᠠᠯᠤᠰᠯᠠᠭᠰᠠᠨ ᠪᠠᠶ᠋ᠢᠪᠠᠯ᠂ ᠤᠯᠤᠰ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ ᠬᠡᠮᠵᠢᠨ ᠵᠢᠷᠤᠬᠤ ᠪᠠᠲᠤᠯᠠᠭ᠎ᠠ ᠵᠢᠨ ᠬᠦᠴᠦᠨ᠎ᠢ ᠲᠣᠬᠢᠷᠠᠭᠤᠯᠵᠤ᠂ ᠲᠤᠬᠠᠶ ᠵᠢᠨ ᠲᠠᠯᠠᠪᠤᠷ᠎ᠤᠨ ᠲᠣᠭ᠎ᠠ ᠪᠠᠷᠢᠮᠲᠠ ᠵᠢ ᠴᠤᠭᠯᠠᠭᠤᠯᠬᠤ᠂ ᠰᠢᠢ᠍ᠳᠪᠦᠷᠢᠯᠡᠵᠦ ᠵᠠᠳᠠᠯᠬᠤ ᠪᠠ ᠬᠠᠮᠲᠤ᠎ᠳᠠᠭᠠᠨ ᠡᠳ᠋ᠯᠡᠬᠦ ᠦᠢ᠍ᠯᠡᠴᠢᠯᠡᠭᠡᠨ᠎ᠤ ᠪᠠᠴᠢᠮ ᠪᠠᠶ᠋ᠢᠳᠠᠯ᠎ᠢ ᠠᠷᠭ᠋ᠠᠴᠠᠬᠤ ᠬᠡᠮᠵᠢᠨ ᠵᠢᠷᠤᠬᠤ ᠠᠵᠢᠯᠯᠠᠭ᠎ᠠ ᠵᠢ ᠴᠤᠤᠷᠢᠶᠠᠲᠤᠨ ᠲᠠᠭ᠋ᠠᠬᠤ ᠵᠢ ᠬᠠᠮᠲᠤᠷᠠᠨ ᠥᠷᠨᠢᠭᠦᠯᠬᠦ ᠬᠡᠷᠡᠭᠲᠡᠶ᠃ Ⅲ  ᠲᠠᠰ᠎ᠤᠨ ᠴᠤᠤᠷᠢᠶᠠᠳᠤᠨ ᠳᠠᠭ᠋ᠠᠬᠤ᠄ ᠭᠡᠨᠡᠳᠲᠡ ᠵᠢᠨ ᠬᠡᠷᠡᠭ᠎ᠢ ᠠᠷᠭ᠋ᠠᠴᠠᠭ᠋ᠠᠬᠤ ᠳᠤᠮᠳᠠ᠂ ᠡᠭᠦᠰᠦᠭᠰᠡᠨ ᠭᠠᠵᠠᠷ᠎ᠤᠨ ᠮᠤᠵᠢ ᠵᠢᠨ ᠱᠠᠲᠤᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠠᠷᠭ᠋ᠠᠴᠠᠬᠤ ᠴᠢᠳᠠᠪᠤᠷᠢ᠎ᠠᠴᠠ ᠬᠡᠲᠦᠷᠡᠵᠦ᠂ ᠤᠯᠤᠰ᠎ᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠡᠮᠵᠢᠨ ᠵᠢᠷᠤᠬᠤ ᠪᠠᠲᠤᠯᠠᠭ᠎ᠠ ᠵᠢᠨ ᠬᠦᠴᠦᠨ᠎ᠠᠴᠠ ᠰᠠᠭᠤᠷᠢ ᠬᠡᠮᠵᠢᠨ ᠵᠢᠷᠤᠬᠤ ᠦᠷ᠎ᠡ ᠪᠦᠲᠦᠭᠡᠯ᠂ ᠳᠠᠭ᠋ᠠᠭᠤᠯᠢ ᠣᠳᠣᠨ᠎ᠤ ᠠᠯᠤᠰ ᠰᠡᠷᠡᠯ᠎ᠤᠨ ᠵᠢᠷᠤᠭ ᠳᠦᠷᠰᠦ᠂ ᠲᠤᠰᠬᠠᠶ ᠰᠡᠳᠦᠪᠲᠦ ᠭᠠᠵᠠᠷ ᠵᠦᠶ ᠵᠢᠨ ᠮᠡᠳᠡᠭᠡ ᠵᠠᠩᠭᠢ ᠵᠢᠨ ᠲᠤᠭ᠎ᠠ ᠪᠠᠷᠢᠮᠲᠠ ᠪᠤᠶᠤ ᠭᠠᠵᠠᠷ ᠵᠦᠶ ᠵᠢᠨ ᠮᠡᠳᠡᠭᠡ ᠵᠠᠩᠭᠢ ᠵᠢᠨ ᠲᠤᠭ᠎ᠠ ᠪᠠᠷᠢᠮᠲᠠ ᠵᠢ ᠵᠠᠳᠠᠯᠬᠤ᠂ ᠵᠠᠳᠠᠯᠤᠨ ᠣᠷᠴᠢᠭᠤᠯᠬᠤ ᠵᠡᠷᠭᠡ ᠮᠡᠷᠭᠡᠵᠢᠯ᠎ᠤᠨ ᠳᠡᠮᠵᠢᠯᠭᠡ ᠦᠵᠡᠭᠦᠯᠦᠭᠰᠡᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠡᠮᠵᠢᠨ ᠵᠢᠷᠤᠭᠯᠠᠯᠲᠠ ᠵᠢᠨ ᠳᠠᠭ᠋ᠠᠬᠤ ᠵᠢ ᠱᠠᠭ᠋ᠠᠷᠳᠠᠨ᠎ᠠ᠃ ᠲᠠᠨ᠎ᠤ ᠬᠡᠮᠵᠢᠨ ᠵᠢᠷᠤᠬᠤ ᠭᠠᠵᠠᠷ ᠵᠦᠢ ᠵᠢᠨ ᠮᠡᠳᠡᠭᠡ ᠵᠠᠩᠭᠢ ᠵᠢᠨ ᠬᠠᠮᠢᠶᠠᠷᠤᠯᠲᠠ ᠵᠢᠨ ᠠᠵᠢᠯ᠎ᠢ ᠬᠠᠯᠠᠮᠵᠢᠯᠠᠭᠰᠠᠨ᠎ᠳᠤ ᠲᠠᠯᠠᠷᠬᠠᠵᠤ ᠪᠠᠶ᠋ᠢᠨ᠎ᠠ᠃

 

ᠢᠷᠡᠯᠲᠡ᠄ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ