ᠲᠠ ᠰᠠᠢ᠌ᠨ ᠤᠤ᠂ 2017 ᠣᠨ᠎ᠳᠤ᠂ ᠲᠥᠷᠥ ᠵᠢᠨ ᠶᠠᠪᠤᠳᠠᠯ᠎ᠤᠨ ᠬᠣᠷᠢᠶ᠎ᠠ ᠭᠠᠵᠠᠷ ᠰᠢᠨᠵᠢᠯᠡᠭᠡᠨ᠎ᠤ ᠬᠠᠢ᠌ᠨ ᠪᠠᠢ᠌ᠴᠠᠭ᠋ᠠᠯᠲᠠ ᠵᠢᠨ ᠬᠢᠷᠢ ᠭᠡᠮ᠎ᠢ ᠬᠦᠴᠦᠨ ᠥᠬᠡᠢ ᠪᠣᠯᠭ᠋ᠠᠬᠤ ᠬᠢᠨᠠᠨ ᠵᠦᠪᠰᠢᠶᠡᠷᠡᠯ᠎ᠢ ᠨᠡᠢ᠌ᠲᠡᠯᠡᠵᠦ᠂ ᠠᠵᠢᠯ ᠬᠡᠷᠡᠭ᠎ᠤᠨ ᠳᠤᠮᠳᠠᠬᠢ ᠪᠠ ᠠᠵᠢᠯ ᠬᠡᠷᠡᠭ᠎ᠤᠨ ᠳᠠᠷᠠᠭ᠋ᠠᠬᠢ ᠬᠢᠨᠠᠯᠲᠠ ᠬᠠᠮᠢᠶᠠᠷᠤᠯᠲᠠ ᠵᠢ ᠴᠢᠩᠭ᠋ᠠᠳᠭ᠋ᠠᠬᠤ ᠵᠢ ᠱᠠᠭ᠋ᠠᠷᠳᠠᠪᠠ᠃ ᠮᠠᠨ᠎ᠤ ᠶᠠᠮᠤᠨ ᠲᠣᠰ ᠱᠠᠭ᠋ᠠᠷᠳᠠᠯᠭ᠎ᠠ ᠶᠣᠰᠣᠭ᠋ᠠᠷ᠂ 《ᠭᠠᠵᠠᠷ ᠰᠢᠨᠵᠢᠯᠡᠭᠡᠨ᠎ᠤ ᠬᠠᠶ᠋ᠢᠨ ᠪᠠᠶ᠋ᠢᠴᠠᠭ᠋ᠠᠬᠤ ᠠᠵᠢᠯᠯᠠᠭ᠎ᠠ ᠵᠢᠨ ᠬᠢᠨᠠᠯᠲᠠ ᠬᠠᠮᠢᠶᠠᠷᠤᠯᠲᠠ ᠵᠢᠨ ᠠᠷᠭ᠎ᠠ (ᠲᠤᠷᠰᠢᠨ ᠬᠡᠷᠡᠭᠵᠢᠭᠦᠯᠬᠦ)》 ᠵᠢ ᠳᠠᠷᠤᠮᠠᠯᠯᠠᠨ ᠲᠠᠷᠬᠠᠭ᠋ᠠᠵᠤ᠂ 《ᠪᠥᠬᠦ ᠤᠯᠤᠰ᠎ᠤᠨ ᠭᠠᠵᠠᠷ ᠰᠢᠨᠵᠢᠯᠡᠭᠡᠨ᠎ᠤ ᠬᠠᠶ᠋ᠢᠨ ᠪᠠᠶ᠋ᠢᠴᠠᠭ᠋ᠠᠬᠤ ᠠᠵᠢᠯ ᠲᠥᠷᠥᠯ᠎ᠤᠨ ᠬᠢᠨᠠᠯᠲᠠ ᠬᠠᠮᠢᠶᠠᠷᠤᠯᠲᠠ ᠵᠢᠨ ᠦᠢ᠍ᠯᠡᠴᠢᠯᠡᠭᠡᠨ᠎ᠤ ᠲᠠᠪᠴᠠᠩ》᠎ᠢ ᠨᠢᠭᠡᠳᠦᠯᠲᠡᠶ ᠪᠠᠶ᠋ᠢᠭᠤᠯᠵᠤ᠂ ᠭᠠᠵᠠᠷ ᠰᠢᠨᠵᠢᠯᠡᠭᠡᠨ᠎ᠤ ᠬᠠᠶ᠋ᠢᠨ ᠪᠠᠶ᠋ᠢᠴᠠᠭ᠋ᠠᠬᠤ ᠨᠢᠭᠡᠴᠢ ᠵᠢᠨ ᠦᠨᠳᠦᠰᠦᠨ ᠮᠡᠳᠡᠭᠡ ᠵᠠᠩᠭᠢ᠂ ᠭᠠᠵᠠᠷ ᠰᠢᠨᠵᠢᠯᠡᠭᠡᠨ᠎ᠤ ᠬᠠᠶ᠋ᠢᠨ ᠪᠠᠶ᠋ᠢᠴᠠᠭ᠋ᠠᠬᠤ ᠠᠵᠢᠯᠯᠠᠭ᠎ᠠ ᠵᠢᠨ ᠮᠡᠳᠡᠭᠡ ᠵᠠᠩᠭᠢ ᠵᠢᠴᠢ ᠵᠠᠰᠠᠭ᠎ᠤᠨ ᠣᠷᠳᠣᠨ᠎ᠤ ᠬᠢᠨᠠᠯᠲᠠ ᠬᠠᠮᠢᠶᠠᠷᠤᠯᠲᠠ ᠵᠢᠨ ᠮᠡᠳᠡᠭᠡ ᠵᠠᠩᠭᠢ ᠵᠢ ᠬᠠᠤᠯᠢ ᠶᠣᠰᠣᠭ᠋ᠠᠷ ᠴᠤᠭᠯᠠᠭᠤᠯᠤᠨ ᠬᠠᠮᠲᠤ᠎ᠪᠠᠷ ᠡᠳ᠋ᠯᠡᠨ᠎ᠡ᠃ ᠬᠡᠷᠪᠡ ᠬᠢᠨᠠᠨ ᠬᠠᠮᠢᠶᠠᠷᠬᠤ ᠦᠢ᠍ᠯᠡᠴᠢᠯᠡᠭᠡᠨ᠎ᠤ ᠲᠠᠪᠴᠠᠩ᠎ᠤᠨ ᠮᠡᠳᠡᠭᠡ ᠵᠠᠩᠭᠢ ᠵᠢ ᠲᠠᠭᠯᠠᠨ ᠮᠡᠳᠡᠭᠦᠯᠬᠦ ᠳᠤᠮᠳᠠ ᠮᠡᠷᠭᠡᠵᠢᠯ᠎ᠤᠨ ᠠᠰᠠᠭᠤᠳᠠᠯ ᠲᠤᠯᠭ᠋ᠠᠷᠠᠪᠠᠯ᠂ ᠠᠰᠠᠭᠤᠨ ᠯᠠᠪᠯᠠᠬᠤ ᠤᠲᠠᠰᠤ 010 — 63882429᠃