ᠵᠦᠪᠯᠡᠨ ᠯᠠᠪᠯᠠᠬᠤ᠄ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠡᠷᠡᠭᠴᠡᠭᠡ᠎ᠠᠴᠠ ᠪᠣᠯᠵᠤ ᠪᠦᠬᠦ ᠤᠯᠤᠰ᠎ᠤᠨ ᠭᠠᠵᠠᠷ᠎ᠤᠨ ᠵᠢᠷᠤᠭ᠎ᠢ ᠬᠡᠷᠡᠭᠯᠡᠬᠦ ᠬᠡᠷᠡᠭᠲᠡᠢ᠂ ᠬᠤᠭᠤᠴᠠᠭ᠋ᠠᠲᠤ ᠰᠡᠳᠭᠦᠯ᠎ᠨᠢ ᠬᠡᠪᠯᠡᠯ᠎ᠤᠨ ᠡᠷᠬᠡ ᠵᠢᠨ ᠵᠦᠪᠰᠢᠶᠡᠷᠡᠯ᠎ᠢ ᠣᠯᠬᠤ ᠴᠢᠬᠤᠯᠠᠲᠠᠢ᠂ ᠨᠠᠳᠠ᠎ᠳᠤ ᠭᠠᠵᠠᠷ᠎ᠤᠨ ᠵᠢᠷᠤᠭ᠎ᠤᠨ ᠬᠡᠪᠯᠡᠯ᠎ᠤᠨ ᠡᠷᠬᠡ ᠵᠢᠨ ᠵᠦᠪᠰᠢᠶᠡᠷᠡᠯ ᠦᠭᠡᠢ᠂ ᠲᠠ ᠭᠠᠵᠠᠷ᠎ᠤᠨ ᠵᠢᠷᠤᠭ ᠬᠡᠷᠡᠭᠯᠡᠬᠦ ᠵᠦᠪᠰᠢᠶᠡᠷᠡᠯ᠎ᠤᠨ ᠦᠨᠡᠮᠯᠡᠯ᠎ᠢ ᠬᠠᠩᠭ᠋ᠠᠵᠤ ᠳᠡᠢ᠌ᠯᠦᠨ᠎ᠡ ᠤᠤ᠃
ᠬᠠᠷᠢᠭᠤᠯᠬᠤ᠎ᠨᠢ᠄ ᠲᠠ ᠰᠠᠢ᠌ᠨ ᠤᠤ! ᠭᠠᠵᠠᠷ᠎ᠤᠨ ᠵᠢᠷᠤᠭ᠎ᠤᠨ ᠬᠠᠮᠢᠶᠠᠷᠤᠯᠲᠠ ᠵᠢᠨ ᠠᠵᠢᠯ᠎ᠢ ᠬᠠᠯᠠᠮᠵᠢᠯᠠᠨ ᠳᠡᠮᠵᠢᠭᠰᠡᠨ᠎ᠳᠤ ᠴᠢᠨᠢ ᠲᠠᠯᠠᠷᠬᠠᠵᠤ ᠪᠠᠢ᠌ᠨ᠎ᠠ! ᠮᠠᠨ᠎ᠤ ᠶᠠᠮᠤᠨ᠎ᠤ ᠪᠠᠷᠢᠮᠵᠢᠶᠠᠲᠤ ᠭᠠᠵᠠᠷ᠎ᠤᠨ ᠵᠢᠷᠤᠭ᠎ᠤᠨ ᠦᠢ᠍ᠯᠡᠴᠢᠯᠡᠭᠡᠨ᠎ᠤ ᠰᠢᠰᠲ᠋ᠧᠮ (http://bzdt.ch.mnr.gov.cn ) ᠤᠯᠠᠨ ᠨᠡᠶ᠋ᠢᠲᠡ᠎ᠳᠤ ᠪᠠᠷᠢᠮᠵᠢᠶᠠᠲᠤ ᠭᠠᠵᠠᠷ᠎ᠤᠨ ᠵᠢᠷᠤᠭ᠎ᠢ ᠰᠦᠢ᠍ᠳᠬᠡᠯ ᠬᠤᠷᠢᠶᠠᠬᠤ ᠦᠭᠡᠢ᠎ᠪᠠᠷ ᠬᠠᠩᠭ᠋ᠠᠵᠤ᠂ ᠨᠣᠮ ᠰᠡᠳᠬᠦᠯ ᠰᠣᠨᠢᠨ ᠵᠢᠭᠢᠷᠢᠭ ᠵᠢᠷᠤᠭ ᠵᠡᠷᠭᠡ᠎ᠳᠤ ᠬᠡᠷᠡᠭᠯᠡᠵᠦ᠂ ᠪᠠᠷᠢᠮᠵᠢᠶᠠᠲᠤ ᠭᠠᠵᠠᠷ᠎ᠤᠨ ᠵᠢᠷᠤᠭ᠎ᠢ ᠰᠢᠭᠤᠳ ᠬᠡᠷᠡᠭᠯᠡᠬᠦ᠎ᠳᠤ ᠵᠢᠷᠤᠭᠯᠠᠵᠤ ᠪᠣᠯᠤᠨ᠎ᠠ᠃ ᠭᠠᠵᠠᠷ᠎ᠤᠨ ᠵᠢᠷᠤᠭ᠎ᠤᠨ ᠠᠭᠤᠯᠭ᠎ᠠ ᠵᠢ ᠨᠠᠶ᠋ᠢᠷᠠᠭᠤᠯᠬᠤ (ᠶᠡᠬᠡᠰᠬᠡᠬᠦ᠂ ᠪᠠᠭ᠋ᠠᠰᠬᠠᠬᠤ ᠪᠠ ᠣᠭᠲᠣᠯᠵᠤ ᠬᠠᠢ᠌ᠴᠢᠯᠠᠬᠤ ᠪᠠᠭᠲᠠᠨ᠎ᠠ) ᠵᠢ ᠬᠤᠪᠢᠷᠠᠭᠤᠯᠬᠤ᠎ᠳᠤ᠂ ᠢᠯᠡ᠎ᠪᠠᠷ ᠬᠡᠷᠡᠭᠯᠡᠬᠦ᠎ᠠᠴᠠ ᠡᠮᠦᠨ᠎ᠡ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠬᠦᠷᠭᠡᠵᠦ ᠬᠢᠨᠠᠨ ᠬᠠᠷᠭᠤᠭᠤᠯᠬᠤ ᠴᠢᠬᠤᠯᠠᠲᠠᠶ ᠪᠠᠶ᠋ᠢᠨ᠎ᠠ᠃ ᠣᠳᠣᠬᠠᠨ᠎ᠳᠤ ᠮᠠᠨ᠎ᠤ ᠶᠠᠮᠤᠨ᠎ᠤ ᠨᠡᠶ᠋ᠢᠲᠡᠯᠡᠭᠰᠡᠨ ᠪᠠᠷᠢᠮᠵᠢᠶᠠᠲᠤ ᠭᠠᠵᠠᠷ᠎ᠤᠨ ᠵᠢᠷᠤᠭ᠄ ᠳᠤᠮᠳᠠᠳᠤ ᠤᠯᠤᠰ᠎ᠤᠨ ᠭᠠᠵᠠᠷ᠎ᠤᠨ ᠵᠢᠷᠤᠭ 275᠂ ᠳᠡᠯᠡᠬᠡᠶ ᠵᠢᠨ ᠭᠠᠵᠠᠷ᠎ᠤᠨ ᠵᠢᠷᠤᠭ 93᠂ ᠲᠤᠰᠬᠠᠶ ᠰᠡᠳᠦᠪᠲᠦ ᠭᠠᠵᠠᠷ᠎ᠤᠨ ᠵᠢᠷᠤᠭ 16 ᠵᠢ ᠪᠠᠭᠲᠠᠨ᠎ᠠ᠃ ᠲᠤᠰ ᠰᠢᠤᠳᠠᠨ᠎ᠤ ᠬᠠᠢ᠌ᠷᠴᠠᠭ᠎ᠨᠢ ᠰᠢᠭᠤᠳ ᠬᠠᠷᠢᠭᠤ ᠥᠭᠬᠦ ᠵᠢ ᠳᠡᠮᠵᠢᠬᠦ ᠦᠭᠡᠢ᠂ ᠬᠡᠷᠪᠡ ᠲᠠ ᠦᠷᠭᠦᠯᠵᠢᠯᠡᠨ ᠠᠰᠠᠭᠤᠨ ᠯᠠᠪᠯᠠᠶ᠎ᠠ ᠭᠡᠪᠡᠯ᠂ ᠪᠠᠢ᠌ᠭ᠋ᠠᠯᠢ ᠵᠢᠨ ᠡᠬᠢ ᠪᠠᠶᠠᠯᠢᠭ᠎ᠤᠨ ᠶᠠᠮᠤᠨ᠎ᠤ ᠠᠯᠪᠠᠨ ᠰᠦᠯᠵᠢᠶᠡᠨ᠎ᠳᠤ ᠭᠠᠷᠴᠤ᠂ http://box.mnr.gov.cn/ ᠰᠦᠯᠵᠢᠶᠡᠨ ᠬᠠᠶᠢᠭ ᠵᠢ ᠵᠠᠯᠭ᠋ᠠᠭ᠋ᠠᠷᠠᠢ᠃ ᠬᠠᠮᠵᠢᠯᠴᠠᠭᠰᠠᠨ᠎ᠳᠤ ᠴᠢᠨᠢ ᠪᠠᠶᠠᠷᠯᠠᠯ᠎ᠠ!