ᠭᠠᠵᠠᠷ ᠰᠢᠨᠵᠢᠯᠡᠭᠡᠨ᠎ᠤ ᠬᠠᠶ᠋ᠢᠨ ᠪᠠᠶ᠋ᠢᠴᠠᠭ᠋ᠠᠬᠤ ᠬᠢᠷᠢ ᠭᠡᠮ᠎ᠤᠨ ᠬᠠᠮᠢᠶᠠᠷᠤᠯᠲᠠ ᠵᠢᠨ ᠳᠦᠷᠢᠮ᠎ᠢ ᠬᠦᠴᠦᠨ ᠦᠭᠡᠢ ᠪᠣᠯᠭ᠋ᠠᠭᠰᠠᠨ᠎ᠤ ᠳᠠᠷᠠᠭ᠎ᠠ᠂ ᠬᠠᠲᠠᠭᠤ ᠪᠡᠶᠡᠲᠦ ᠠᠭᠤᠷᠬᠠᠢ ᠵᠢᠨ ᠭᠠᠷᠤᠯᠲᠠ ᠵᠢ ᠬᠠᠶ᠋ᠢᠨ ᠪᠠᠶ᠋ᠢᠴᠠᠭ᠋ᠠᠬᠤ ᠠᠵᠢᠯᠯᠠᠭ᠎ᠠ ᠬᠢᠬᠦ᠎ᠳᠤ ᠬᠡᠷᠡᠭᠰᠡᠬᠦ ᠬᠦᠮᠦᠰ᠎ᠤᠨ ᠱᠠᠭ᠋ᠠᠷᠳᠠᠯᠭ᠎ᠠ
2025-05-09

   ᠠᠰᠠᠭᠤᠨ ᠯᠠᠪᠯᠠᠬᠤ᠄ 2018 ᠣᠨ᠎ᠤ 《ᠭᠠᠵᠠᠷ ᠰᠢᠨᠵᠢᠯᠡᠭᠡᠨ᠎ᠤ ᠬᠠᠶ᠋ᠢᠨ ᠪᠠᠶ᠋ᠢᠴᠠᠭ᠋ᠠᠬᠤ ᠬᠢᠷᠢ ᠬᠡᠮ᠎ᠤᠨ ᠬᠠᠮᠢᠶᠠᠷᠤᠯᠲᠠ ᠵᠢᠨ ᠲᠦᠷᠢᠮ》᠎ᠢ ᠬᠦᠴᠦᠨ ᠥᠬᠡᠶ ᠪᠣᠯᠭ᠋ᠠᠭᠰᠠᠨ᠎ᠤ ᠳᠠᠷᠠᠭ᠎ᠠ᠂ ᠮᠠᠨ᠎ᠤ ᠤᠯᠤᠰ᠎ᠤᠨ ᠠᠭᠤᠷᠬᠠᠶ ᠵᠢᠨ ᠭᠠᠷᠤᠯᠲᠠ ᠵᠢᠨ ᠬᠠᠶ᠋ᠢᠨ ᠪᠠᠶ᠋ᠢᠴᠠᠭ᠋ᠠᠬᠤ ᠠᠵᠢᠯ ᠲᠥᠷᠥᠯ᠎ᠤᠨ ᠬᠢᠷᠢ ᠬᠡᠮ᠎ᠤᠨ ᠬᠢᠨᠠᠨ ᠵᠥᠪᠰᠢᠶᠡᠷᠡᠬᠦ ᠲᠦᠷᠢᠮ᠎ᠢ ᠨᠢᠭᠡᠨᠲᠡ ᠪᠥᠬᠦ ᠲᠠᠯ᠎ᠠ᠎ᠪᠠᠷ ᠬᠦᠴᠦᠨ ᠥᠬᠡᠶ ᠪᠣᠯᠭ᠋ᠠᠵᠤ᠂ ᠬᠦᠬᠡ ᠬᠥᠬᠡᠭᠴᠢᠨ ᠤᠯᠠᠭ᠋ᠠᠨ ᠲᠠᠰ᠎ᠤᠨ ᠬᠢᠷᠢ ᠬᠡᠮ᠎ᠢ ᠬᠦᠴᠦᠨ ᠥᠬᠡᠶ ᠪᠣᠯᠭ᠋ᠠᠬᠤ ᠵᠢᠨ ᠬᠠᠮᠲᠤ ᠤᠤᠯ᠎ᠤᠨ ᠲᠤᠰᠬᠠᠶ ᠮᠡᠷᠭᠡᠵᠢᠯ ᠪᠠ ᠬᠥᠮᠦᠨ᠎ᠤ ᠲᠤᠭ᠎ᠠ ᠵᠢᠨ ᠱᠠᠭ᠋ᠠᠷᠳᠠᠯᠭ᠎ᠠ ᠵᠢ ᠴᠤ᠌ ᠬᠦᠴᠦᠨ ᠥᠬᠡᠶ ᠪᠣᠯᠭ᠋ᠠᠵᠤ᠂ ᠣᠳᠣᠬᠠᠨ᠎ᠳᠤ ᠬᠠᠲᠠᠭᠤ ᠪᠡᠶᠡᠲᠦ ᠠᠭᠤᠷᠬᠠᠶ ᠵᠢᠨ ᠭᠠᠷᠤᠯᠲᠠ ᠵᠢ ᠬᠠᠶ᠋ᠢᠨ ᠪᠠᠶ᠋ᠢᠴᠠᠭ᠋ᠠᠵᠤ᠂ ᠬᠠᠢ᠌ᠨ ᠪᠠᠢ᠌ᠴᠠᠭ᠋ᠠᠯᠲᠠ ᠬᠢᠵᠦ ᠪᠠᠢ᠌ᠭ᠎ᠠ ᠬᠥᠮᠥᠰ᠎ᠲᠤ ᠡᠩ᠎ᠤᠨ ᠱᠠᠭ᠋ᠠᠷᠳᠠᠯᠭ᠎ᠠ᠎ᠨᠢ ᠶᠠᠭᠤ ᠪᠤᠢ᠂ ᠲᠤᠰᠬᠠᠢ ᠮᠡᠷᠭᠡᠵᠢᠯ᠂ ᠬᠥᠮᠥᠨ᠎ᠤ ᠲᠣᠭ᠎ᠠ᠂ ᠢᠨᠵᠧᠨᠧᠷ᠎ᠤᠨ ᠵᠡᠷᠭᠡ ᠳᠡᠰ᠎ᠲᠤ ᠰᠢᠨᠵᠢ ᠴᠢᠨᠠᠷ᠎ᠢ ᠲᠣᠭᠲᠠᠭ᠋ᠠᠬᠤ ᠱᠠᠭ᠋ᠠᠷᠳᠠᠯᠭ᠎ᠠ ᠪᠠᠢ᠌ᠨ᠎ᠠ ᠦᠦ ᠦᠭᠡᠢ ᠦᠦ?

   ᠬᠠᠷᠢᠭᠤᠯᠲᠠ᠄ ᠲᠠ ᠰᠠᠶ᠋ᠢᠨ! 2017 ᠣᠨ᠎ᠤ 9 ᠳ᠋ᠤᠭᠡᠷ ᠰᠠᠷ᠎ᠠ᠎ᠳᠤ᠂ 《ᠨᠢᠭᠡ ᠪᠦᠯᠦᠭ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠵᠦᠢ᠍ᠯᠡᠰ᠎ᠢ ᠬᠦᠴᠦᠨ ᠦᠭᠡᠢ ᠪᠣᠯᠭ᠋ᠠᠬᠤ ᠲᠤᠬᠠᠢ ᠲᠥᠷᠥ ᠵᠢᠨ ᠶᠠᠪᠤᠳᠠᠯ᠎ᠤᠨ ᠬᠤᠷᠢᠶ᠎ᠠ ᠵᠢᠨ ᠲᠣᠭᠲᠠᠭ᠋ᠠᠯ》 (ᠲᠥᠷᠥ ᠲᠠᠷᠬᠠᠭ᠋ᠠᠭᠰᠠᠨ [2017] 46 ᠳ᠋ᠤᠭ᠋ᠠᠷ  ᠲᠣᠭ᠋ᠠᠲᠤ) ᠭᠠᠵᠠᠷ ᠰᠢᠨᠵᠢᠯᠡᠭᠡᠨ᠎ᠤ ᠬᠠᠶ᠋ᠢᠨ ᠪᠠᠶ᠋ᠢᠴᠠᠭ᠋ᠠᠬᠤ ᠨᠢᠭᠡᠴᠢ ᠵᠢᠨ ᠬᠢᠷᠢ ᠴᠢᠳᠠᠮᠵᠢ ᠵᠢᠨ ᠬᠢᠨᠠᠨ ᠵᠥᠪᠰᠢᠶᠡᠷᠡᠬᠦ ᠵᠦᠢ᠍ᠯᠡᠰ᠎ᠢ ᠬᠦᠴᠦᠨ ᠦᠭᠡᠢ ᠪᠣᠯᠭ᠋ᠠᠵᠤ᠂ ᠣᠳᠣᠬᠢ ᠱᠠᠲᠤᠨ᠎ᠳᠤ ᠬᠠᠲᠠᠭᠤ ᠪᠡᠶᠡᠲᠦ ᠠᠭᠤᠷᠬᠠᠢ ᠵᠢᠨ ᠭᠠᠷᠤᠯᠲᠠ ᠵᠢᠨ ᠬᠠᠶ᠋ᠢᠨ ᠪᠠᠶ᠋ᠢᠴᠠᠭ᠋ᠠᠯᠲᠠ ᠬᠢᠬᠦ ᠨᠢᠭᠡᠴᠢ ᠪᠠ ᠠᠵᠢᠯᠲᠠᠨ᠎ᠳᠤ ᠵᠥᠪᠰᠢᠶᠡᠷᠡᠨ ᠣᠷᠣᠭᠤᠯᠬᠤ ᠬᠤᠷᠢᠭ᠎ᠠ᠎ᠲᠠᠢ ᠵᠦᠢ᠍ᠯ ᠪᠠᠶ᠋ᠢᠵᠤ ᠪᠣᠯᠬᠤ ᠦᠭᠡᠢ᠃ ᠬᠠᠶ᠋ᠢᠨ ᠪᠠᠶ᠋ᠢᠴᠠᠭ᠋ᠠᠬᠤ ᠠᠵᠢᠯᠲᠠᠳ ᠬᠤᠯᠪᠣᠭᠳᠠᠯ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ ᠵᠢᠴᠢ ᠪᠠᠷᠢᠮᠵᠢᠶ᠎ᠠ ᠵᠢᠷᠤᠮᠵᠢᠯ᠎ᠤᠨ ᠱᠠᠭ᠋ᠠᠷᠳᠠᠯᠭ᠎ᠠ ᠵᠢ ᠵᠢᠷᠤᠮᠯᠠᠵᠤ᠂ ᠠᠶᠤᠯ ᠦᠭᠡᠢ ᠦᠢ᠍ᠯᠡᠳᠪᠦᠷᠢᠯᠡᠯ᠂ ᠠᠮᠢ ᠠᠬᠤᠢ ᠵᠢ ᠬᠠᠮᠠᠭ᠋ᠠᠯᠠᠬᠤ᠂ ᠡᠬᠢ ᠪᠠᠶᠠᠯᠢᠭ᠎ᠢ ᠵᠦᠢ ᠵᠣᠬᠢᠰᠲᠠᠢ ᠠᠰᠢᠭᠯᠠᠬᠤ ᠵᠢ ᠪᠠᠲᠤᠯᠠᠬᠤ ᠬᠡᠷᠡᠭᠲᠡᠢ᠃

 

ᠢᠷᠡᠯᠲᠡ᠄ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ