ᠲᠥᠷᠥ ᠵᠢᠨ ᠶᠠᠪᠤᠳᠠᠯ᠎ᠤᠨ ᠬᠣᠷᠢᠶᠠᠨ᠎ᠤ ᠭᠠᠵᠠᠷ ᠬᠡᠷᠡᠭᠯᠡᠬᠦ ᠵᠢ ᠵᠥᠪᠰᠢᠶᠡᠷᠡᠭᠰᠡᠨ ᠴᠣᠬᠣᠯᠠᠪᠤᠷᠢᠯᠠᠭᠰᠠᠨ ᠪᠢᠴᠢᠭ ᠮᠠᠲ᠋ᠧᠷᠢᠶᠠᠯ᠎ᠤᠨ ᠪᠣᠳᠠᠲᠠᠢ ᠠᠭᠤᠯᠭ᠎ᠠ ᠵᠢ ᠬᠡᠷᠬᠢᠨ ᠪᠠᠢ᠌ᠴᠠᠭ᠋ᠠᠨ ᠯᠠᠪᠯᠠᠬᠤ ᠪᠣᠶ
2025-05-09

   ᠠᠰᠠᠭᠤᠨ ᠯᠠᠪᠯᠠᠬᠤ᠄ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ᠎ᠤ ᠠᠯᠪᠠᠨ ᠰᠦᠯᠵᠢᠶ᠎ᠡ᠎ᠠᠴᠠ ᠲᠥᠷᠥ ᠵᠢᠨ ᠶᠠᠪᠤᠳᠠᠯ᠎ᠤᠨ ᠬᠤᠷᠢᠶ᠎ᠠ ᠵᠢᠨ ᠭᠠᠵᠠᠷ ᠬᠡᠷᠡᠭᠯᠡᠬᠦ ᠵᠢ ᠵᠥᠪᠰᠢᠶᠡᠷᠡᠭᠰᠡᠨ ᠴᠣᠬᠤᠯᠠᠪᠤᠷᠢᠯᠠᠭᠰᠠᠨ ᠪᠢᠴᠢᠭ ᠮᠠᠲ᠋ᠧᠷᠢᠶᠠᠯ᠎ᠤᠨ ᠴᠣᠬᠤᠯᠠᠪᠤᠷᠢ ᠮᠡᠳᠡᠭᠡ ᠵᠠᠩᠭᠢ (ᠲᠥᠷᠥᠯ ᠵᠦᠢ᠍ᠯ᠎ᠤᠨ ᠨᠡᠷᠡᠶ᠋ᠢᠳᠦᠯ᠂ ᠵᠥᠪᠰᠢᠶᠡᠷᠡᠭᠰᠡᠨ ᠪᠢᠴᠢᠭ ᠮᠠᠲ᠋ᠧᠷᠢᠶᠠᠯ᠎ᠤᠨ ᠳ᠋ᠤᠭ᠋ᠠᠷ ᠵᠡᠷᠭᠡ) ᠵᠢ ᠪᠠᠶ᠋ᠢᠴᠠᠭ᠋ᠠᠨ ᠯᠠᠪᠯᠠᠵᠤ᠂ ᠪᠣᠳᠠᠲᠠᠶ ᠴᠣᠬᠤᠯᠠᠪᠤᠷᠢᠯᠠᠭᠰᠠᠨ ᠪᠢᠴᠢᠭ ᠮᠠᠲ᠋ᠧᠷᠢᠶᠠᠯ᠎ᠤᠨ ᠠᠭᠤᠯᠭ᠎ᠠ ᠵᠢ ᠪᠠᠶ᠋ᠢᠴᠠᠭ᠋ᠠᠨ ᠯᠠᠪᠯᠠᠵᠤ ᠣᠯᠤᠭᠰᠠᠨ ᠥᠬᠡᠶ᠂ ᠶᠠᠮᠠᠷ ᠶᠠᠮᠠᠷ ᠠᠷᠭ᠎ᠠ ᠵᠠᠮ ᠵᠶ᠋ᠠᠷ ᠪᠠᠶ᠋ᠢᠴᠠᠭ᠋ᠠᠨ ᠯᠠᠪᠯᠠᠵᠤ ᠪᠣᠯᠬᠤ ᠪᠣᠶ? (ᠰᠦᠯᠵᠢᠶᠡᠨ ᠳᠡᠭᠡᠷ᠎ᠡ᠂ ᠰᠦᠯᠵᠢᠶᠡᠨ ᠭᠠᠳᠠᠨ᠎ᠠ ᠶᠠᠮᠠᠷ ᠶᠠᠮᠠᠷ ᠠᠰᠠᠭᠤᠨ ᠯᠠᠪᠯᠠᠬᠤ᠂ ᠪᠠᠶ᠋ᠢᠴᠠᠭ᠋ᠠᠨ ᠯᠠᠪᠯᠠᠬᠤ ᠠᠷᠭ᠎ᠠ ᠮᠠᠶᠢᠭ ᠪᠠᠶ᠋ᠢᠬᠤ ᠪᠣᠶ?)

   ᠬᠠᠷᠢᠭᠤᠯᠲᠠ᠄ ᠲᠠ ᠰᠠᠶ᠋ᠢᠨ! ᠮᠠᠨ᠎ᠤ ᠶᠠᠮᠤᠨ ᠨᠢᠭᠡᠨᠲᠡ 《ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠫᠤᠷᠲᠸᠯ ᠸᠸᠪ ᠰᠠᠢ᠌ᠲ》 ᠵᠢᠨ 《ᠭᠠᠵᠠᠷ ᠬᠡᠷᠡᠭᠯᠡᠬᠦ ᠵᠢ ᠬᠢᠨᠠᠨ ᠵᠥᠪᠰᠢᠶᠡᠷᠡᠭᠰᠡᠨ ᠮᠡᠳᠡᠭᠡ ᠵᠠᠩᠭᠢ ᠵᠢ ᠢᠯᠡ ᠪᠣᠯᠭ᠋ᠠᠬᠤ》 ᠨᠢᠭᠤᠷ᠎ᠲᠤ ᠲᠥᠷᠥ ᠵᠢᠨ ᠶᠠᠪᠤᠳᠠᠯ᠎ᠤᠨ ᠬᠤᠷᠢᠶᠠᠨ᠎ᠤ ᠭᠠᠵᠠᠷ ᠬᠡᠷᠡᠭᠯᠡᠬᠦ ᠵᠢ ᠵᠥᠪᠰᠢᠶᠡᠷᠡᠭᠰᠡᠨ ᠴᠣᠬᠤᠯᠠᠪᠤᠷᠢᠯᠠᠯ᠎ᠤᠨ ᠪᠢᠴᠢᠭ ᠮᠠᠲ᠋ᠧᠷᠢᠶᠠᠯ (ᠰᠦᠯᠵᠢᠶᠡᠨ᠎ᠤ ᠬᠠᠶᠢᠭ᠄ https://zwfw.mnr.gov.cn/)᠂ ᠬᠡᠷᠪᠡ ᠬᠠᠮᠢᠶ᠎ᠠ ᠪᠥᠬᠦᠶ ᠪᠢᠴᠢᠭ ᠮᠠᠲ᠋ᠧᠷᠢᠶᠠᠯ᠎ᠢ ᠪᠠᠭᠤᠯᠭ᠋ᠠᠵᠤ ᠨᠡᠭᠡᠭᠡᠬᠦ ᠵᠢᠨ ᠠᠷᠭ᠎ᠠ ᠥᠬᠡᠶ ᠪᠣᠯ ᠭᠤᠶᠤᠴᠢᠯᠠᠯ ᠵᠶ᠋ᠠᠷ ᠢᠯᠡ ᠪᠣᠯᠭ᠋ᠠᠬᠤ ᠠᠷᠭ᠎ᠠ ᠵᠠᠮ ᠵᠶ᠋ᠠᠷ ᠳᠠᠮᠵᠢᠭᠤᠯᠤᠨ ᠬᠡᠷᠡᠭᠰᠡᠬᠦ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠣᠯᠵᠤ ᠪᠣᠯᠤᠨ᠎ᠠ᠃ ᠲᠣᠰ ᠪᠠᠶ᠋ᠢᠭᠤᠯᠭ᠎ᠠ ᠵᠢᠨ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠭᠤᠶᠤᠴᠢᠯᠠᠯ᠎ᠢ ᠭᠥᠯᠢᠶᠡᠨ ᠠᠪᠴᠤ ᠰᠢᠢ᠍ᠳᠪᠦᠷᠢᠯᠡᠬᠦ ᠪᠠᠶ᠋ᠢᠭᠤᠯᠤᠮᠵᠢ : ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ᠎ᠤ ᠵᠠᠰᠠᠭ᠎ᠤᠨ ᠶᠠᠪᠤᠳᠠᠯ᠎ᠤᠨ ᠶᠡᠭᠡ ᠲᠢᠩᠬᠢᠮ; ᠠᠵᠢᠯᠯᠠᠬᠤ ᠬᠠᠶᠢᠭ᠄ ᠪᠡᠭᠡᠵᠢᠩ ᠬᠤᠲᠠ ᠵᠢᠨ ᠰᠢ ᠴᠧᠩ ᠲᠣᠭᠤᠷᠢᠭ᠎ᠤᠨ ᠹᠦ᠋ ᠨᠧᠢ ᠶᠡᠭᠡ ᠵᠡᠭᠡᠯᠢ ᠵᠢᠨ 64 ᠳ᠋ᠦ᠍ᠭᠡᠷ ᠲᠣᠭ᠋ᠠᠲᠤ (ᠰᠢᠤᠳᠠᠨ᠎ᠤ ᠨᠣᠮᠧᠷ 100812); ᠡᠯᠸᠺᠲᠷᠣᠨ ᠰᠢᠤᠳᠠᠨ᠎ᠤ ᠬᠠᠶ᠋ᠢᠷᠴᠠᠭ᠄ zwdt@mail.mnr.gov.cn ᠃ ᠪᠣᠳᠠᠲᠠᠶ ᠭᠦᠢ᠍ᠴᠡᠳᠭᠡᠬᠦ ᠱᠠᠭ᠋ᠠᠷᠳᠠᠯᠭ᠎ᠠ᠎ᠨᠢ 《ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ᠎ᠤ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠵᠦᠭᠯᠡᠭᠦᠷ》 (ᠰᠦᠯᠵᠢᠶᠡᠨ᠎ᠤ ᠬᠠᠶᠢᠭ᠄ https᠄ //m.mnr.gov.cn/gk/gkzn᠎ᠢ ᠨᠠᠷᠢᠨ ᠦᠵᠡᠭᠡᠷᠡᠶ᠃

 

ᠢᠷᠡᠯᠲᠡ᠄ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ