ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠦᠭᠦᠯᠡᠯ᠎ᠳᠦ ᠤᠯᠤᠰ᠎ᠤᠨ ᠳᠣᠲᠣᠭᠠᠳᠤ᠎ᠶ᠋ᠢᠨ ᠳᠠᠭᠠᠭᠤᠯᠢ ᠣᠳᠣᠨ᠎ᠤ ᠭᠠᠵᠠᠷ᠎ᠤᠨ ᠵᠢᠷᠤᠭ᠎ᠢ ᠬᠡᠷᠡᠭ᠌ᠯᠡᠨ ᠭᠠᠵᠠᠷ᠎ᠤᠨ ᠵᠢᠷᠤᠭ᠎ᠢ ᠬᠡᠷᠬᠢᠨ ᠬᠢᠨᠠᠨ ᠬᠠᠷᠭᠤᠭᠤᠯᠬᠤ ᠪᠤᠢ?
2025-07-24

  ᠵᠥᠪᠯᠡᠯᠭᠡ ᠄ ᠣᠳᠣ ᠲᠤᠰ ᠬᠥᠮᠦᠨ ᠨᠢ ᠱᠢᠨᠵᠢᠯᠡᠬᠦ᠌ ᠤᠬᠠᠭᠠᠨ᠎ᠤ᠋ ᠰᠤᠳᠤᠯᠭᠠᠨ᠎ᠤ᠋ ᠬᠡᠷᠡᠭ᠌ᠴᠡᠭᠡ᠎ᠡᠴᠡ ᠪᠣᠯᠵᠤ᠂ ᠪᠦᠬᠦ᠌ ᠤᠯᠤᠰ᠎ᠤ᠋ᠨ ᠵᠠᠰᠠᠭ ᠵᠠᠬᠢᠷᠭᠠᠨ᠎ᠤ᠋ ᠣᠷᠣᠨ᠎ᠤ᠋ ᠬᠤᠪᠢᠶᠠᠷᠢᠯᠠᠯ᠎ᠤᠨ ᠵᠠᠭᠠᠭ᠎ᠤ᠋ᠨ ᠵᠢᠷᠤᠭ ᠪᠣᠯᠤᠨ ᠲᠤᠰᠭᠠᠢ ᠤᠷᠤᠨ᠎ᠤ ᠳᠡᠰ᠎ᠦ᠋ᠨ ᠬᠣᠲᠠ᠎ᠶᠢᠨ ᠳᠠᠭᠠᠭᠤᠯᠢ ᠣᠳᠣᠨ᠎ᠤ᠋ ᠵᠢᠷᠤᠭ ᠳᠡᠭᠡᠷ᠎ᠡ ᠡᠷᠳᠡᠮ ᠱᠢᠨᠵᠢᠯᠡᠭᠡᠨ᠎ᠦ᠌ ᠥᠭᠦᠯᠡᠯ ᠪᠢᠴᠢᠬᠦ᠌ ᠴᠢᠬᠤᠯᠠᠲᠠᠢ ᠪᠠᠢᠨ᠎ᠠ᠂ ᠭᠡᠪᠡᠴᠦ᠍ ᠣᠳᠣ ᠪᠠᠢᠭ᠎ᠠ ᠲᠣᠭ᠍ᠲᠠᠭᠠᠯ᠎ᠢ᠋ ᠦᠨᠳᠦᠰᠦᠯᠡᠪᠡᠯ ᠂ ᠳᠡᠭᠡᠷ᠎ᠡ ᠶᠠᠷᠢᠭ᠍ᠰᠠᠨ ᠭᠠᠵᠠᠷ᠎ᠤᠨ ᠵᠢᠷᠤᠭ᠎ᠨᠢ ᠵᠢᠷᠤᠭ ᠬᠢᠨᠠᠬᠤ ᠶᠠᠪᠤᠴᠠ᠎ᠶ᠋ᠢ ᠥᠩᠭᠡᠷᠡᠭᠡᠬᠦ᠌ ᠴᠢᠬᠤᠯᠠᠲᠠᠢ᠂ ᠣᠴᠢᠷ ᠨᠢ ᠮᠢᠨᠤ ᠬᠤᠪᠢ ᠬᠥᠮᠥᠨ᠎ᠦ ᠬᠡᠷᠡᠭᠯᠡᠭᠰᠡᠨ ᠲᠣᠭ᠎ᠠ ᠪᠠᠷᠢᠮᠲᠠ᠎ᠶᠢᠨ ᠢᠷᠡᠯᠲᠡ ᠨᠢ ᠤᠯᠤᠰ᠎ᠤᠨ ᠲᠣᠭᠲᠠᠭᠠᠯ᠎ᠳᠤ ᠨᠡᠢᠴᠡᠬᠦ᠎ᠶᠢ ᠪᠠᠲᠤᠯᠠᠬᠤ᠎ᠶᠢᠨ ᠠᠷᠭ᠎ᠠ ᠦᠭᠡᠢ᠂ ᠲᠠᠨ᠎ᠤ ᠪᠠᠢᠭᠤᠯᠭ᠎ᠠ ᠶ᠋ᠢᠨ ᠬᠢᠨ ᠪᠦᠬᠦ ᠤᠯᠤᠰ᠎ᠤᠨ ᠵᠠᠰᠠᠭ ᠵᠠᠬᠢᠷᠭᠠᠨ᠎ᠤ ᠣᠷᠣᠨ᠎ᠤ ᠬᠤᠪᠢᠶᠠᠷᠢᠯᠠᠯ᠎ᠤᠨ ᠵᠠᠭᠠᠭ᠎ᠤᠨ ᠵᠢᠷᠤᠭ ᠪᠣᠯᠣᠨ ᠲᠤᠰᠬᠠᠢ ᠣᠷᠣᠨ᠎ᠤ ᠳᠡᠰ᠎ᠤᠨ ᠬᠣᠲᠠ ᠶ᠋ᠢᠨ ᠳᠠᠭᠠᠭᠤᠯᠢ ᠣᠳᠣᠨ᠎ᠤ ᠵᠢᠷᠤᠭ ᠳᠦᠷᠰᠦ ᠶ᠋ᠢ ᠬᠠᠩᠭᠠᠵᠦ᠍ ᠰᠢᠨᠵᠢᠯᠡᠬᠦ ᠤᠬᠠᠭᠠᠨ᠎ᠤ ᠰᠤᠳᠤᠯᠭᠠᠨ᠎ᠳᠤ ᠬᠡᠷᠡᠭ᠌ᠯᠡᠵᠦ᠍ ᠪᠤᠯᠤᠨ᠎ᠠ ᠦᠦ ?

  ᠬᠠᠷᠢᠭᠤᠯᠲᠠ ᠄ ᠰᠠᠢᠨ ᠦᠦ !  ᠪᠥᠬᠦ᠌ ᠤᠯᠤᠰ᠎ᠤᠨ ᠭᠠᠵᠠᠷ ᠵᠦᠶ᠎ᠶ᠋ᠢᠨ ᠮᠡᠳᠡᠭᠡ ᠵᠠᠩᠭᠢ᠎ᠶ᠋ᠢᠨ ᠡᠬᠢ ᠪᠠᠶᠠᠯᠢᠭ᠎ᠤᠨ ᠭᠠᠷᠴᠠᠭ᠎ᠤᠨ ᠦᠢᠯᠡᠴᠢᠯᠡᠭᠡᠨ᠎ᠤ ᠱᠢᠰᠲ᠋ᠧᠮ᠎ᠤᠨ ᠬᠡᠷᠡᠭ᠌ᠰᠡᠬᠦ᠌ ᠭᠠᠵᠠᠷ ᠵᠦᠶ᠎ᠶ᠋ᠢᠨ ᠮᠡᠳᠡᠭᠡ ᠵᠠᠩᠭᠢ᠎ᠶ᠋ᠢᠨ ᠲᠤᠭ᠎ᠠ ᠪᠠᠷᠢᠮᠲᠠ᠎ᠶ᠋ᠢᠨ ᠪᠠᠢᠳᠠᠯ (https://www.webmap.cn)᠎ᠢ ᠰᠤᠷᠪᠤᠯᠵᠢᠯᠠᠬᠤ᠎ᠶ᠋ᠢᠨ ᠬᠠᠮᠲᠤ᠌᠂ ᠰᠦᠯᠵᠢᠶᠡᠨ᠎ᠤ ᠵᠢᠯᠣᠭᠤᠳᠣᠯᠭ᠎ᠠ ᠶᠣᠰᠣᠭᠠᠷ ᠬᠠᠮᠢᠶ᠎ᠠ ᠪᠥᠬᠦᠶ ᠲᠤᠭ᠎ᠠ ᠪᠠᠷᠢᠮᠲᠠ᠎ᠶ᠋ᠢ ᠣᠯᠵᠤ ᠪᠣᠯᠤᠨ᠎ᠠ᠃ ᠬᠠᠮᠢᠶ᠎ᠠ ᠪᠦᠬᠦᠢ ᠲᠣᠭ᠎ᠠ ᠪᠠᠷᠢᠮᠲᠠ᠎ᠶ᠋ᠢ ᠨᠠᠢᠷᠠᠭᠤᠯᠤᠨ ᠵᠣᠬᠢᠶᠠᠬᠤ ᠭᠠᠵᠠᠷ᠎ᠤᠨ ᠵᠢᠷᠤᠭ᠎ᠢ ᠬᠡᠷᠡᠭ᠌ᠯᠡᠪᠡᠯ᠂ ᠵᠢᠱ᠌ᠢᠶᠡᠯᠡᠪᠡᠯ ᠨᠡᠢᠭᠡᠮ ᠨᠡᠶ᠋ᠢᠲᠡ᠎ᠳᠦ ᠢᠯᠡ ᠪᠣᠯᠭᠠᠬᠤ᠎ᠳᠤ᠂ ᠭᠠᠵᠠᠷ᠎ᠤᠨ ᠵᠢᠷᠤᠭ᠎ᠤᠨ ᠬᠠᠮᠢᠶᠠᠷᠤᠯᠲᠠ᠎ᠶ᠋ᠢᠨ ᠬᠠᠮᠢᠶ᠎ᠠ ᠪᠦᠬᠦᠢ ᠲᠣᠭ᠍ᠲᠠᠭᠠᠯ ᠶᠣᠰᠣᠭᠠᠷ ᠂ ᠭᠠᠵᠠᠷ᠎ᠤᠨ ᠵᠢᠷᠤᠭ᠎ᠤᠨ ᠬᠢᠨᠠᠨ ᠬᠠᠷᠭᠤᠭᠤᠯᠬᠤ ᠳᠡᠰ ᠳᠠᠷᠠᠭᠠᠯᠠᠯ᠎ᠢ ᠭᠦᠢᠴᠡᠳᠭᠡᠬᠦ᠌ ᠬᠡᠷᠡᠭ᠌ᠲᠡᠶ᠃ ( ᠭᠠᠵᠠᠷ ᠵᠦᠢ᠎ᠶ᠋ᠢᠨ ᠮᠡᠳᠡᠭᠡ ᠵᠠᠩᠭᠢ᠎ᠶ᠋ᠢᠨ ᠬᠠᠮᠢᠶᠠᠷᠤᠯᠲᠠ᠎ᠶ᠋ᠢᠨ ᠵᠤᠷᠭᠠᠨ )

ᠢᠷᠡᠯᠲᠡ᠄ ᠪᠠᠢᠭᠠᠯᠢ᠎ᠶ᠋ᠢᠨ ᠡᠬᠢ ᠪᠠᠶᠠᠯᠢᠭ᠎ᠤᠨ ᠶᠠᠮᠤᠨ