ᠬᠡᠷᠡᠭ ᠶᠠᠪᠤᠳᠠᠯ᠎ᠤᠨ ᠨᠡᠷᠡᠶ᠋ᠢᠳᠦᠯ
ᠪᠦᠲᠦᠭᠡᠨ ᠪᠠᠶ᠋ᠢᠭᠤᠯᠤᠯᠲᠠ ᠵᠢᠨ ᠳᠥᠰᠦᠯ᠎ᠳᠤ ᠬᠡᠷᠡᠭᠯᠡᠬᠦ ᠭᠠᠵᠠᠷ᠎ᠢ ᠤᠷᠢᠳᠴᠢᠯᠠᠨ ᠬᠢᠨᠠᠬᠤ ᠪᠠ ᠭᠠᠵᠠᠷ ᠰᠣᠩᠭᠣᠬᠤ ᠰᠠᠨᠠᠯ᠎ᠤᠨ ᠪᠢᠴᠢᠭ᠎ᠢ ᠬᠢᠨᠠᠨ ᠣᠯᠭᠣᠨ᠎ᠠ
ᠦᠨᠳᠦᠰᠦᠨ ᠺᠣᠳ᠋ᠯᠠᠯ᠄ 150115040W00
ᠬᠡᠷᠡᠭᠵᠢᠭᠦᠯᠬᠦ ᠳ᠋ᠤᠭ᠋ᠠᠷᠯᠠᠯ᠄ 11150000MB1910436X2150115040W00
ᠬᠡᠷᠡᠭᠵᠢᠭᠦᠯᠬᠦ ᠪᠡᠶᠡᠴᠢ ᠴᠣᠭᠴᠠ ᠄ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠵᠢᠨ ᠲᠢᠩᠬᠢᠮ
ᠬᠡᠷᠡᠭᠵᠢᠭᠦᠯᠬᠦ ᠭᠣᠣᠯ ᠴᠣᠭᠴᠠ ᠵᠢᠨ ᠺᠣᠳ᠋ᠯᠠᠯ᠄ 11150000MB1910436X
ᠬᠡᠷᠡᠭᠵᠢᠭᠦᠯᠬᠦ ᠪᠡᠶᠡᠴᠢ ᠴᠣᠭᠴᠠ ᠵᠢᠨ ᠰᠢᠨᠵᠢ ᠴᠢᠨᠠᠷ ᠄ ᠬᠠᠤᠯᠢ᠎ᠪᠠᠷ ᠲᠣᠭᠲᠠᠭ᠋ᠠᠭᠰᠠᠨ ᠪᠠᠶ᠋ᠢᠭᠤᠯᠭ᠎ᠠ
ᠬᠠᠮᠲᠤᠷᠠᠨ ᠡᠷᠬᠢᠯᠡᠬᠦ ᠪᠠᠶ᠋ᠢᠭᠤᠯᠤᠮᠵᠢ᠄ ᠦᠭᠡᠢ
ᠬᠡᠷᠡᠭ ᠤᠴᠢᠷ᠎ᠤᠨ ᠲᠦᠷᠦᠯ ᠵᠦᠢ᠍ᠯ ᠄ ᠵᠠᠰᠠᠭ ᠵᠠᠬᠢᠷᠭ᠋ᠠᠨ᠎ᠤ ᠬᠥᠬᠢᠭᠦᠯᠦᠯ
ᠡᠷᠬᠢᠯᠡᠬᠦ ᠵᠦᠢ᠍ᠯ᠎ᠤᠨ ᠲᠦᠷᠦᠯ ᠵᠦᠢ᠍ᠯ ᠄ ᠠᠮᠠᠯᠠᠯᠲᠠ ᠵᠢᠨ ᠵᠦᠢ᠍ᠯ
ᠦᠢ᠍ᠯᠡᠴᠢᠯᠡᠬᠦ ᠡᠲᠡᠭᠡᠳ ᠄ ᠪᠠᠶ᠋ᠢᠭ᠋ᠠᠯᠢ ᠵᠢᠨ ᠬᠥᠮᠦᠨ᠂ ᠠᠵᠢᠯ ᠦᠢ᠍ᠯᠡᠰ᠎ᠤᠨ ᠬᠠᠤᠯᠢ ᠵᠢᠨ ᠡᠷᠬᠡᠲᠡᠨ᠂ ᠠᠵᠤ ᠠᠬᠤᠶ᠋ᠢᠯᠠᠯ᠎ᠤᠨ ᠬᠠᠤᠯᠢ ᠵᠢᠨ ᠡᠷᠬᠡᠲᠡᠨ᠂ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠬᠠᠤᠯᠢ ᠵᠢᠨ ᠡᠷᠬᠡᠲᠡᠨ ᠪᠤᠰᠤ ᠠᠵᠤ ᠠᠬᠤᠶ᠋ᠢᠯᠠᠯ᠂ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ ᠵᠢᠨ ᠬᠠᠤᠯᠢ ᠵᠢᠨ ᠡᠷᠬᠡᠲᠡᠨ
ᠰᠢᠢ᠍ᠳᠪᠦᠷᠢᠯᠡᠬᠦ ᠬᠡᠯᠪᠡᠷᠢ᠄ ᠴᠣᠩᠬᠣ᠎ᠪᠠᠷ ᠭᠦᠢ᠍ᠴᠡᠳᠬᠡᠬᠦ᠂ ᠰᠦᠯᠵᠢᠶᠡᠨ ᠳᠡᠭᠡᠷ᠎ᠡ ᠭᠦᠢ᠍ᠴᠡᠳᠬᠡᠬᠦ
ᠰᠦᠯᠵᠢᠶᠡᠨ᠎ᠤ ᠠᠯᠪᠠᠨ ᠭᠡᠷ ᠮᠥᠨ ᠡᠰᠡᠬᠦ᠄ ᠮᠥᠨ
ᠰᠦᠢ᠍ᠳᠬᠡᠯ ᠬᠤᠷᠢᠶᠠᠬᠤ ᠦᠦ ᠦᠭᠡᠢ ᠦᠦ ᠄ ᠪᠢᠰᠢ
ᠰᠦᠯᠵᠢᠶᠡᠨ ᠳᠡᠭᠡᠷ᠎ᠡ ᠵᠣᠭᠣᠰ ᠥᠭᠬᠦ ᠵᠢ ᠳᠡᠮᠵᠢᠬᠦ ᠦᠦ ᠄ ᠪᠢᠰᠢ
ᠪᠠᠷᠠᠭ᠋ᠠᠨ᠎ᠤ ᠭᠦᠢ᠍ᠯᠭᠡᠭᠡᠨ᠎ᠤ ᠲᠦᠷᠭᠡᠨ ᠄ EMS
ᠤᠷᠢᠳᠴᠢᠯᠠᠨ ᠪᠣᠯᠵᠣᠵᠤ ᠭᠦᠢ᠍ᠴᠡᠳᠬᠡᠬᠦ ᠵᠢ ᠳᠡᠮᠵᠢᠬᠦ ᠦᠦ ᠄ ᠪᠢᠰᠢ
ᠥᠪᠡᠷ ᠵᠶ᠋ᠠᠨ ᠦᠢ᠍ᠯᠡᠴᠢᠯᠡᠬᠦ ᠦᠵᠦᠭᠦᠷ᠎ᠤᠨ ᠭᠦᠢ᠍ᠴᠡᠳᠬᠡᠯ᠎ᠢ ᠳᠡᠮᠵᠢᠬᠦ ᠦᠦ ᠄ ᠮᠥᠨ
ᠵᠠᠰᠠᠭ᠎ᠤᠨ ᠶᠠᠪᠤᠳᠠᠯ᠎ᠤᠨ ᠲᠢᠩᠬᠢᠮ᠎ᠳᠤ ᠣᠷᠣᠵᠤ ᠰᠠᠭᠤᠬᠤ ᠄ ᠮᠥᠨ
ᠵᠠᠭᠤᠴᠢᠯᠠᠬᠤ ᠦᠢ᠍ᠯᠡᠴᠢᠯᠡᠭᠡ᠄ ᠪᠢᠰᠢ
ᠬᠡᠷᠡᠭ ᠤᠴᠢᠷ᠎ᠤᠨ ᠪᠠᠶ᠋ᠢᠳᠠᠯ ᠄ ᠨᠡᠶ᠋ᠢᠲᠡᠯᠡᠬᠦ
ᠬᠡᠷᠡᠭ ᠤᠴᠢᠷ᠎ᠤᠨ ᠬᠡᠪᠯᠡᠯ ᠄ 3 ᠬᠤᠪᠢ
ᠲᠣᠭ᠎ᠠ ᠬᠡᠮᠵᠢᠶᠡᠨ᠎ᠤ ᠬᠢᠵᠠᠭ᠋ᠠᠷᠯᠠᠯ ᠄ ᠦᠭᠡᠢ
ᠰᠢᠭᠤᠳ ᠰᠢᠢ᠍ᠳᠪᠦᠷᠢᠯᠡᠬᠦ ᠬᠡᠪᠴᠢᠶ᠎ᠡ ᠄ ᠦᠭᠡᠢ
ᠰᠢᠯᠵᠢᠭᠡ ᠦᠵᠦᠭᠦᠷ᠎ᠤᠨ ᠵᠠᠯᠭ᠋ᠠᠯᠲᠠ ᠵᠢᠨ ᠳᠠᠩ ᠴᠡᠭ᠎ᠲᠤ ᠲᠡᠮᠳᠡᠭᠯᠡᠬᠦ ᠡᠰᠡᠬᠦ ᠄ ᠮᠥᠨ
ᠰᠢᠯᠵᠢᠬᠦ ᠦᠵᠦᠭᠦᠷ᠎ᠤᠨ ᠭᠦᠢ᠍ᠴᠡᠳᠬᠡᠬᠦ ᠬᠠᠶᠢᠭ ᠄ ᠨᠠᠷᠢᠨ ᠪᠠᠶ᠋ᠢᠳᠠᠯ᠎ᠢ ᠦᠵᠡᠬᠦ
ᠺᠣᠮᠫᠢᠦ᠋ᠲ᠋ᠧᠷ᠎ᠤᠨ ᠦᠵᠦᠭᠦᠷ᠎ᠢ ᠭᠠᠭᠴᠠ ᠴᠡᠭ᠎ᠲᠤ ᠵᠠᠯᠭ᠋ᠠᠬᠤ ᠡᠰᠡᠬᠦ ᠄ ᠮᠥᠨ
ᠺᠣᠮᠫᠢᠦ᠋ᠲ᠋ᠧᠷ᠎ᠤᠨ ᠦᠵᠦᠭᠦᠷ᠎ᠤᠨ ᠰᠦᠯᠵᠢᠶᠡᠨ ᠳᠡᠭᠡᠷ᠎ᠡ ᠦᠰᠦᠷᠦᠨ ᠰᠢᠯᠵᠢᠬᠦ ᠬᠠᠶᠢᠭ᠎ᠢ ᠭᠦᠢ᠍ᠴᠡᠳᠬᠡᠨ᠎ᠡ ᠄ ᠨᠠᠷᠢᠨ ᠪᠠᠶ᠋ᠢᠳᠠᠯ᠎ᠢ ᠦᠵᠡᠬᠦ
ᠡᠷᠬᠡ ᠵᠢᠨ ᠢᠷᠡᠯᠲᠡ ᠄ ᠬᠠᠤᠯᠢ᠎ᠪᠠᠷ ᠲᠣᠭᠲᠠᠭ᠋ᠠᠭᠰᠠᠨ ᠲᠤᠰ ᠱᠠᠲᠤᠨ᠎ᠤ ᠬᠡᠷᠡᠭᠵᠢᠭᠦᠯᠦᠯᠲᠡ
ᠬᠢᠨᠠᠨ ᠵᠥᠪᠰᠢᠶᠡᠷᠡᠭᠰᠡᠨ ᠦᠷ᠎ᠡ ᠳ᠋ᠦᠩ᠎ᠤᠨ ᠲᠦᠷᠦᠯ ᠵᠦᠢ᠍ᠯ ᠄ ᠪᠤᠰᠤᠳ
ᠬᠢᠨᠠᠨ ᠵᠥᠪᠰᠢᠶᠡᠷᠡᠭᠰᠡᠨ ᠦᠷ᠎ᠡ ᠳ᠋ᠦᠩ᠎ᠤᠨ ᠨᠡᠷᠡᠶ᠋ᠢᠳᠦᠯ ᠄ ᠬᠥᠬᠢᠭᠦᠯᠬᠦ
ᠬᠢᠨᠠᠨ ᠵᠥᠪᠰᠢᠶᠡᠷᠡᠭᠰᠡᠨ ᠦᠷ᠎ᠡ ᠳ᠋ᠦᠩ᠎ᠤᠨ ᠦᠯᠢᠭᠡᠷ ᠳᠡᠪᠲᠡᠷ : ᠦᠭᠡᠢ
ᠰᠦᠯᠵᠢᠶ᠎ᠡ᠎ᠪᠠᠷ ᠭᠦᠢ᠍ᠴᠡᠳᠬᠡᠬᠦ ᠭᠦᠨᠴᠡ : ᠮᠠᠲ᠋ᠧᠷᠢᠶᠠᠯ᠎ᠢ ᠤᠷᠢᠳᠴᠢᠯᠠᠨ ᠬᠢᠨᠠᠬᠤ (IV ᠳ᠋ᠤᠭ᠋ᠠᠷ ᠳᠡᠰ)
ᠬᠡᠷᠡᠭᠵᠢᠭᠦᠯᠬᠦ ᠱᠠᠳᠤ ᠳᠠᠪᠬᠤᠷᠭ᠎ᠠ : ᠥᠪᠡᠷᠲᠡᠭᠡᠨ ᠵᠠᠰᠠᠬᠤ ᠣᠷᠣᠨ᠎ᠤ ᠳᠡᠰ
ᠬᠦᠯᠢᠶᠡᠨ ᠰᠢᠢ᠍ᠳᠪᠦᠷᠢᠯᠡᠬᠦ ᠨᠥᠬᠥᠴᠡᠯ ᠄
ᠬᠠᠤᠯᠢ᠎ᠠᠴᠠ ᠵᠥᠷᠢᠴᠡᠨ ᠭᠠᠵᠠᠷ ᠬᠡᠷᠡᠭᠯᠡᠭᠰᠡᠨ᠎ᠢ ᠲᠦᠷᠢᠮ ᠲᠣᠭᠲᠠᠭ᠋ᠠᠯ᠎ᠳᠤ ᠨᠡᠶ᠋ᠢᠴᠡᠭᠦᠯᠦᠨ ᠬᠢᠨᠠᠨ ᠪᠠᠶ᠋ᠢᠴᠠᠭ᠋ᠠᠬᠤ᠄ ᠳᠥᠰᠦᠯ᠎ᠳᠤ ᠬᠠᠤᠯᠢ᠎ᠠᠴᠠ ᠵᠥᠷᠢᠴᠡᠨ ᠭᠠᠵᠠᠷ ᠬᠡᠷᠡᠭᠯᠡᠭᠰᠡᠨ ᠪᠠᠶ᠋ᠢᠳᠠᠯ ᠣᠷᠣᠰᠢᠬᠤ ᠥᠬᠡᠶ ᠪᠤᠶᠤ ᠬᠠᠤᠯᠢ᠎ᠠᠴᠠ ᠵᠥᠷᠢᠴᠡᠨ ᠭᠠᠵᠠᠷ ᠬᠡᠷᠡᠭᠯᠡᠭᠰᠡᠨ ᠪᠠᠶ᠋ᠢᠳᠠᠯ ᠣᠷᠣᠰᠢᠬᠤ ᠵᠢᠨ ᠬᠠᠮᠲᠤ ᠨᠢᠭᠡᠨᠲᠡ ᠬᠠᠤᠯᠢ ᠶᠣᠰᠣᠭ᠋ᠠᠷ ᠰᠢᠳᠬᠡᠨ ᠲᠣᠷᠭ᠋ᠠᠬᠤ ᠵᠢ ᠪᠣᠳᠠᠲᠠᠶ᠋ᠢᠵᠢᠭᠤᠯᠪᠠ᠃
(ᠨᠢᠭᠡ) ᠨᠡᠭᠡᠭᠡᠨ ᠬᠥᠭᠵᠢᠭᠦᠯᠬᠦ ᠵᠢ ᠬᠢᠵᠠᠭ᠋ᠠᠷᠯᠠᠬᠤ ᠣᠷᠣᠨ ᠪᠦᠰᠡ ᠵᠢᠴᠢ ᠬᠢᠵᠠᠭ᠋ᠠᠷᠯᠠᠬᠤ ᠲᠥᠷᠥᠯ ᠶᠣᠰᠣᠭ᠋ᠠᠷ ᠬᠠᠮᠢᠶᠠᠷᠤᠯᠲᠠ ᠬᠢᠬᠦ ᠳᠥᠰᠦᠯ᠎ᠨᠢ ᠥᠪᠡᠷᠲᠡᠭᠡᠨ ᠵᠠᠰᠠᠬᠤ ᠣᠷᠣᠨ᠎ᠤ ᠡᠯ᠎ᠡ ᠲᠥᠷᠥᠯ᠎ᠤᠨ ᠭᠣᠣᠯ ᠴᠣᠭᠴᠠ ᠵᠢᠨ ᠴᠢᠳᠠᠮᠵᠢᠲᠤ ᠣᠷᠣᠨ᠎ᠤ ᠬᠡᠪᠴᠢᠶ᠎ᠡ᠂ ᠴᠢᠳᠠᠮᠵᠢ ᠵᠢᠨ ᠪᠠᠶ᠋ᠢᠷᠢ ᠲᠣᠭᠲᠠᠭ᠋ᠠᠯᠲᠠ ᠪᠠ ᠬᠥᠭᠵᠢᠯᠲᠡ ᠵᠢᠨ ᠴᠢᠭᠯᠡᠯ᠎ᠳᠤ ᠨᠡᠶ᠋ᠢᠴᠡᠭᠰᠡᠨ ᠪᠠᠶ᠋ᠢᠬᠤ ᠬᠡᠷᠡᠭᠲᠡᠶ᠃
(ᠬᠣᠶᠠᠷ) ᠳᠥᠰᠦᠯ᠎ᠤᠨ ᠦᠨᠳᠦᠰᠦᠨ ᠪᠠᠶ᠋ᠢᠳᠠᠯ᠎ᠤᠨ ᠲᠣᠭᠲᠠᠭ᠋ᠠᠯ᠎ᠳᠤ ᠨᠡᠶ᠋ᠢᠴᠡᠬᠦ ᠴᠢᠨᠠᠷ᠎ᠤᠨ ᠬᠢᠨᠠᠨ ᠪᠠᠶ᠋ᠢᠴᠠᠭ᠋ᠠᠯᠲᠠ᠄ ᠳᠥᠰᠦᠯ᠎ᠤᠨ ᠣᠷᠣᠨ ᠪᠠᠶ᠋ᠢᠷᠢ᠂ ᠣᠳᠣᠬᠢ ᠪᠠᠶ᠋ᠢᠳᠠᠯ᠎ᠤᠨ ᠭᠠᠵᠠᠷ ᠰᠢᠷᠣᠶ ᠵᠢᠨ ᠲᠥᠷᠥᠯ᠂ ᠲᠠᠯᠠᠪᠠᠶ ᠵᠡᠷᠭᠡ ᠵᠢ ᠳ᠋ᠠᠶ᠋ᠢᠲ᠋ᠠ ᠬᠥᠮᠥᠷᠭᠡᠯᠦᠭᠡ ᠠᠳᠠᠯᠢᠳᠬᠠᠵᠤ ᠨᠢᠭᠡᠳᠦᠯᠲᠡᠶ ᠪᠠᠶ᠋ᠢᠯᠭ᠋ᠠᠨ᠎ᠠ; ᠵᠠᠬᠢᠳᠠᠯ ᠰᠤᠷᠪᠤᠯᠵᠢᠯᠠᠭ᠎ᠠ᠂ ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ ᠪᠤᠶᠤ ᠵᠠᠰᠠᠭ ᠵᠠᠬᠢᠷᠭ᠋ᠠᠨ᠎ᠤ ᠵᠠᠷᠭᠤ ᠵᠢᠨ ᠵᠦᠢ᠍ᠯ ᠣᠷᠣᠰᠢᠬᠤ ᠦᠭᠡᠶ᠃
(ᠭᠤᠷᠪᠠ) ᠳᠥᠰᠦᠯ᠎ᠤᠨ ᠰᠣᠩᠭᠣᠭᠰᠠᠨ ᠭᠠᠵᠠᠷ᠎ᠨᠢ ᠲᠣᠭᠲᠠᠭ᠋ᠠᠯ᠎ᠳᠤ ᠨᠡᠶ᠋ᠢᠴᠡᠵᠦ ᠪᠠᠶ᠋ᠢᠬᠤ ᠡᠰᠡᠬᠦ ᠵᠢ ᠬᠢᠨᠠᠨ ᠪᠠᠶ᠋ᠢᠴᠠᠭ᠋ᠠᠬᠤ᠄ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ ᠵᠢᠨ ᠲᠥᠯᠥᠪᠵᠢᠭᠦᠯᠭᠡ (ᠤᠳᠤ ᠵᠢᠨ ᠬᠡᠷᠡᠭᠵᠢᠭᠦᠯᠵᠦ ᠪᠠᠶ᠋ᠢᠭ᠎ᠠ ᠭᠠᠵᠠᠷ ᠰᠢᠷᠣᠢ ᠵᠢ ᠠᠰᠢᠭᠯᠠᠬᠤ ᠶᠡᠷᠦᠩᠬᠡᠢ ᠲᠥᠯᠥᠪᠵᠢᠭᠦᠯᠭᠡ ᠪᠠ ᠬᠤᠳᠠ᠂ ᠪᠠᠯᠭ᠋ᠠᠰᠤᠨ᠎ᠤ ᠶᠡᠷᠦᠩᠬᠡᠢ ᠲᠥᠯᠥᠪᠵᠢᠭᠦᠯᠭᠡ)᠎ᠳᠤ ᠨᠡᠶ᠋ᠢᠴᠡᠵᠦ᠂ 《ᠭᠠᠵᠠᠷ ᠰᠢᠷᠣᠢ ᠵᠢᠨ ᠬᠠᠮᠢᠶᠠᠷᠤᠯᠲᠠ ᠵᠢᠨ ᠬᠠᠤᠯᠢ》 ᠵᠢᠨ ᠬᠣᠷᠢᠨ ᠲᠠᠪᠤᠳᠤᠭ᠋ᠠᠷ ᠵᠦᠢ᠍ᠯ᠎ᠳᠤ ᠲᠣᠭᠲᠠᠭ᠋ᠠᠭᠰᠠᠨ ᠪᠠᠶ᠋ᠢᠳᠠᠯ᠎ᠳᠤ ᠬᠠᠷᠢᠶᠠᠯᠠᠭᠳᠠᠨ᠎ᠠ᠂ ᠪᠦᠳᠦᠭᠡᠨ ᠪᠠᠶ᠋ᠢᠭᠤᠯᠤᠯᠲᠠ ᠵᠢᠨ ᠵᠦᠢ᠍ᠯᠡᠰ᠎ᠲᠤ ᠬᠡᠷᠡᠭᠯᠡᠬᠦ ᠭᠠᠵᠠᠷ᠎ᠨᠢ ᠭᠠᠵᠠᠷ ᠰᠢᠷᠣᠢ ᠵᠢ ᠠᠰᠢᠭᠯᠠᠬᠤ ᠶᠡᠷᠦᠩᠬᠡᠢ ᠲᠥᠯᠥᠪᠵᠢᠭᠦᠯᠭᠡ᠎ᠳᠤ ᠵᠠᠰᠠᠪᠤᠷᠢ ᠣᠷᠣᠭᠤᠯᠬᠤ ᠴᠢᠬᠤᠯᠠᠲᠠᠢ ᠪᠠᠶ᠋ᠢᠪᠠᠯ᠂ ᠲᠥᠯᠥᠪᠵᠢᠭᠦᠯᠭᠡ᠎ᠳᠤ ᠵᠠᠰᠠᠪᠤᠷᠢ ᠣᠷᠣᠭᠤᠯᠬᠤ ᠲᠥᠰᠦᠯ᠎ᠨᠢ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠤᠨ ᠲᠣᠭᠲᠠᠭ᠋ᠠᠯ᠎ᠳᠤ ᠨᠡᠶ᠋ᠢᠴᠡᠵᠦ ᠪᠠᠶ᠋ᠢᠨ᠎ᠠ᠃ ᠬᠠᠮᠢᠶ᠎ᠠ ᠪᠦᠬᠦᠢ ᠬᠣᠰᠢᠭᠤ ᠰᠢᠶᠠᠨ (ᠬᠣᠲᠠ᠂ ᠲᠣᠭᠣᠷᠢᠭ)᠎ᠨᠢ ᠭᠠᠵᠠᠷ ᠬᠡᠷᠡᠭᠯᠡᠬᠦ ᠵᠢ ᠮᠡᠳᠡᠭᠦᠯᠦᠨ ᠵᠥᠪᠰᠢᠶᠡᠷᠡᠭᠦᠯᠬᠦ᠎ᠠᠴᠠ ᠡᠮᠦᠨ᠎ᠡ ᠲᠥᠯᠥᠪᠵᠢᠭᠦᠯᠭᠡ᠎ᠳᠤ ᠵᠠᠰᠠᠪᠤᠷᠢ ᠣᠷᠣᠭᠤᠯᠬᠤ ᠲᠤᠬᠠᠶ ᠰᠠᠨᠠᠯ ᠰᠣᠨᠣᠰᠬᠤ᠂ ᠲᠥᠯᠥᠪᠵᠢᠭᠦᠯᠭᠡ ᠵᠢ ᠬᠡᠷᠡᠭᠵᠢᠭᠦᠯᠦᠭᠰᠡᠨ᠎ᠤ ᠨᠥᠯᠥᠭᠡ ᠵᠢ ᠦᠨᠡᠯᠡᠨ ᠵᠢᠱ᠌ᠢᠬᠦ ᠪᠠ ᠲᠤᠰᠬᠠᠶ ᠮᠡᠷᠭᠡᠵᠢᠯᠲᠡᠨ ᠵᠶ᠋ᠠᠷ ᠨᠤᠲᠠᠯᠠᠭᠤᠯᠬᠤ ᠵᠡᠷᠭᠡ ᠠᠵᠢᠯ᠎ᠢ ᠪᠡᠶᠡᠯᠡᠭᠦᠯᠬᠦ᠎ᠪᠠᠷ ᠠᠮᠠᠯᠳᠠᠭᠰᠠᠨ ᠡᠰᠡᠬᠦ᠃ ᠵᠦᠢ᠍ᠯᠡᠰ᠎ᠤᠨ ᠬᠡᠷᠡᠭᠯᠡᠬᠦ ᠭᠠᠵᠠᠷ᠎ᠨᠢ ᠬᠣᠲᠠ ᠪᠠᠯᠭ᠋ᠠᠰᠤᠨ᠎ᠤ ᠶᠡᠷᠦᠩᠬᠡᠢ ᠲᠥᠯᠥᠪᠵᠢᠭᠦᠯᠭᠡ᠎ᠳᠤ ᠨᠡᠶ᠋ᠢᠴᠡᠬᠦ ᠦᠭᠡᠢ ᠪᠠᠶ᠋ᠢᠪᠠᠯ᠂ ᠬᠠᠤᠯᠢ᠎ᠪᠠᠷ ᠲᠣᠭᠲᠠᠭ᠋ᠠᠭᠰᠠᠨ ᠵᠢᠷᠤᠮ ᠶᠣᠰᠣᠭ᠋ᠠᠷ ᠵᠠᠰᠠᠪᠤᠷᠢ ᠣᠷᠣᠭᠤᠯᠤᠭ᠋ᠠᠳ ᠬᠣᠲᠠ ᠪᠠᠯᠭ᠋ᠠᠰᠤᠨ᠎ᠤ ᠶᠡᠷᠦᠩᠬᠡᠢ ᠲᠥᠯᠥᠪᠵᠢᠭᠦᠯᠭᠡ ᠵᠢ ᠬᠠᠤᠯᠢ ᠶᠣᠰᠣᠭ᠋ᠠᠷ ᠬᠢᠨᠠᠨ ᠵᠥᠪᠰᠢᠶᠡᠷᠡᠨ᠎ᠡ; ᠲᠥᠷᠥᠯ ᠵᠦᠢ᠍ᠯ᠎ᠳᠤ ᠬᠡᠷᠡᠭᠯᠡᠬᠦ ᠭᠠᠵᠠᠷ᠎ᠨᠢ ᠬᠣᠲᠠ᠂ ᠪᠠᠯᠭ᠋ᠠᠰᠤᠨ᠎ᠤ ᠶᠡᠷᠦᠩᠬᠡᠶ ᠲᠥᠯᠥᠪᠵᠢᠭᠦᠯᠭᠡ᠎ᠳᠤ ᠲᠣᠭᠲᠠᠭ᠋ᠠᠭᠰᠠᠨ ᠪᠦᠲᠦᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠤᠨ ᠬᠡᠪᠴᠢᠶᠡᠨ᠎ᠠᠴᠠ ᠭᠠᠳᠠᠨ᠎ᠠ ᠪᠠᠶ᠋ᠢᠪᠠᠯ᠂ ᠲᠤᠰᠢᠶᠠᠭᠰᠠᠨ ᠭᠠᠵᠠᠷ ᠰᠣᠩᠭᠣᠬᠤ ᠰᠤᠳᠤᠯᠤᠯ᠎ᠤᠨ ᠮᠡᠳᠡᠭᠦᠯᠦᠯᠲᠡ ᠵᠢᠴᠢ ᠨᠤᠲᠠᠯᠠᠭᠰᠠᠨ ᠰᠠᠨᠠᠯ᠎ᠨᠢ ᠵᠦᠢ ᠵᠣᠬᠢᠰᠲᠠᠶ ᠪᠥᠭᠡᠳ ᠶᠠᠪᠤᠭᠳᠠᠭᠤᠰᠢᠲᠠᠶ ᠪᠠᠶ᠋ᠢᠬᠤ ᠬᠡᠷᠡᠭᠲᠡᠶ᠃
(ᠳᠥᠷᠪᠡ) ᠡᠭᠦᠷᠢᠳᠡ ᠵᠢᠨ ᠦᠨᠳᠦᠰᠦᠨ ᠲᠠᠷᠢᠶᠠᠨ ᠭᠠᠵᠠᠷ᠎ᠢ ᠡᠵᠡᠯᠡᠨ ᠬᠡᠷᠡᠭᠯᠡᠭᠰᠡᠨ᠎ᠤ ᠲᠣᠭᠲᠠᠭ᠋ᠠᠯ᠎ᠳᠤ ᠨᠡᠶ᠋ᠢᠴᠡᠬᠦ ᠴᠢᠨᠠᠷ᠎ᠤᠨ ᠬᠢᠨᠠᠨ ᠪᠠᠶ᠋ᠢᠴᠠᠭ᠋ᠠᠯᠲᠠ᠄ 《ᠡᠭᠦᠷᠢᠳᠡ ᠵᠢᠨ ᠦᠨᠳᠦᠰᠦᠨ ᠲᠠᠷᠢᠶᠠᠨ ᠭᠠᠵᠠᠷ᠎ᠤᠨ ᠴᠢᠬᠤᠯᠠ ᠶᠡᠬᠡ ᠪᠥᠲᠥᠭᠡᠨ ᠪᠠᠶ᠋ᠢᠭᠤᠯᠤᠯᠲᠠ ᠵᠢᠨ ᠳᠥᠰᠦᠯ᠎ᠳᠤ ᠬᠡᠷᠡᠭᠯᠡᠬᠦ ᠭᠠᠵᠠᠷ᠎ᠢ ᠡᠵᠡᠯᠡᠨ ᠬᠡᠷᠡᠭᠯᠡᠬᠦ ᠵᠢ ᠤᠷᠢᠳᠴᠢᠯᠠᠨ ᠬᠢᠨᠠᠬᠤ ᠵᠢ ᠰᠠᠶ᠋ᠢᠲᠤᠷ ᠬᠢᠬᠦ ᠲᠤᠬᠠᠶ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ᠎ᠤ ᠮᠡᠳᠡᠭᠳᠡᠯ》 (ᠪᠠᠶ᠋ᠢᠭ᠋ᠠᠯᠢ ᠡᠬᠢ ᠪᠠᠶᠠᠯᠢᠭ ᠲᠣᠭᠲᠠᠭ᠋ᠠᠯ [ 2018 ] 3 ᠳ᠋ᠤᠭ᠋ᠠᠷ ᠲᠣᠭ᠋ᠠᠲᠤ) ᠪᠠ 《ᠡᠭᠦᠷᠢᠳᠡ ᠵᠢᠨ ᠦᠨᠳᠦᠰᠦᠨ ᠲᠠᠷᠢᠶᠠᠨ ᠭᠠᠵᠠᠷ᠎ᠢ ᠬᠠᠮᠠᠭ᠋ᠠᠯᠠᠬᠤ ᠠᠵᠢᠯ᠎ᠢ ᠴᠢᠩᠭ᠋ᠠᠳᠬᠠᠨ ᠰᠠᠶ᠋ᠢᠵᠢᠷᠠᠭᠤᠯᠬᠤ ᠲᠤᠬᠠᠶ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ ᠲᠠᠷᠢᠶᠠᠯᠠᠩ ᠬᠥᠳᠡᠭᠡ ᠲᠣᠰᠬᠣᠨ᠎ᠤ ᠶᠠᠮᠤᠨ᠎ᠤ ᠮᠡᠳᠡᠭᠳᠡᠯ》 (ᠪᠠᠶ᠋ᠢᠭ᠋ᠠᠯᠢ ᠡᠬᠢ ᠲᠣᠭᠲᠠᠭ᠋ᠠᠯ [ 2019 ] 1 ᠳ᠋ᠦᠭᠡᠷ ᠲᠣᠭ᠋ᠠᠲᠤ)᠎ᠤᠨ ᠲᠣᠭᠲᠠᠭ᠋ᠠᠯ᠎ᠳᠤ ᠨᠡᠶ᠋ᠢᠴᠡᠵᠦ ᠡᠭᠦᠷᠢᠳᠡ ᠵᠢᠨ ᠦᠨᠳᠦᠰᠦᠨ ᠲᠠᠷᠢᠶᠠᠨ ᠭᠠᠵᠠᠷ᠎ᠢ ᠡᠵᠡᠯᠡᠨ ᠬᠡᠷᠡᠭᠯᠡᠭᠰᠡᠨ᠎ᠨᠢ ᠴᠢᠬᠤᠯᠠ ᠪᠥᠬᠥᠶ᠂ ᠬᠡᠪᠴᠢᠶ᠎ᠡ᠎ᠨᠢ ᠵᠦᠶ ᠵᠣᠬᠢᠰᠲᠠᠶ᠂ ᠨᠠᠶ᠋ᠢᠷᠠᠭᠤᠯᠤᠨ ᠵᠣᠬᠢᠶᠠᠭᠰᠠᠨ ᠡᠭᠦᠷᠢᠳᠡ ᠵᠢᠨ ᠦᠨᠳᠦᠰᠦᠨ ᠲᠠᠷᠢᠶᠠᠨ ᠭᠠᠵᠠᠷ᠎ᠢ ᠨᠥᠬᠥᠪᠥᠷᠢᠯᠡᠨ ᠬᠤᠪᠢᠶᠠᠷᠢᠯᠠᠬᠤ ᠲᠥᠰᠦᠯ᠎ᠨᠢ ᠬᠠᠮᠢᠶ᠎ᠠ ᠪᠥᠬᠥᠶ ᠱᠠᠭ᠋ᠠᠷᠳᠠᠯᠭ᠎ᠠ᠎ᠳᠤ ᠨᠡᠶ᠋ᠢᠴᠡᠭᠰᠡᠨ ᠪᠠᠶ᠋ᠢᠬᠤ ᠬᠡᠷᠡᠭᠲᠡᠶ᠃
(ᠲᠠᠪᠤ) ᠳᠥᠰᠦᠯ᠎ᠤᠨ ᠭᠠᠵᠠᠷ ᠰᠢᠷᠣᠶ ᠬᠡᠷᠡᠭᠯᠡᠬᠦ ᠪᠠᠷᠢᠮᠵᠢᠶ᠎ᠠ ᠵᠢᠨ ᠲᠣᠭᠲᠠᠭ᠋ᠠᠯ᠎ᠳᠤ ᠨᠡᠶ᠋ᠢᠴᠡᠬᠦ ᠴᠢᠨᠠᠷ᠎ᠤᠨ ᠬᠢᠨᠠᠨ ᠪᠠᠶ᠋ᠢᠴᠠᠭ᠋ᠠᠯᠲᠠ᠄ ᠬᠢᠨᠠᠨ ᠪᠠᠶ᠋ᠢᠴᠠᠭ᠋ᠠᠬᠤ ᠲᠥᠷᠥᠯ ᠵᠦᠶᠯ᠎ᠤᠨ ᠭᠠᠵᠠᠷ ᠬᠡᠷᠡᠭᠯᠡᠬᠦ ᠶᠡᠷᠦᠩᠬᠡᠶ ᠬᠡᠪᠴᠢᠶ᠎ᠡ ᠵᠢᠴᠢ ᠡᠯ᠎ᠡ ᠴᠢᠳᠠᠮᠵᠢᠳᠤ ᠣᠷᠣᠨ ᠬᠤᠪᠢᠶᠠᠭᠰᠠᠨ ᠭᠠᠵᠠᠷ ᠬᠡᠷᠡᠭᠯᠡᠬᠦ ᠲᠠᠯᠠᠪᠠᠶ᠎ᠨᠢ ᠣᠲᠣ ᠵᠢᠨ ᠬᠡᠷᠡᠭᠵᠢᠭᠦᠯᠵᠦ ᠪᠠᠶ᠋ᠢᠭ᠎ᠠ ᠡᠯ᠎ᠡ ᠲᠥᠷᠥᠯ᠎ᠤᠨ ᠭᠠᠵᠠᠷ ᠰᠢᠷᠣᠶ ᠬᠡᠷᠡᠭᠯᠡᠬᠦ ᠪᠠᠷᠢᠮᠵᠢᠶ᠎ᠠ ᠪᠤᠶᠤ ᠠᠵᠢᠯ ᠲᠥᠷᠥᠯ᠎ᠤᠨ ᠪᠥᠲᠥᠭᠡᠨ ᠪᠠᠶ᠋ᠢᠭᠤᠯᠤᠯᠲᠠ ᠵᠢᠨ ᠪᠠᠷᠢᠮᠵᠢᠶ᠎ᠠ᠎ᠳᠤ ᠨᠡᠶ᠋ᠢᠴᠡᠵᠦ᠂ ᠭᠠᠵᠠᠷ᠎ᠢ ᠠᠷᠪᠢᠲᠠᠶ ᠡᠷᠴᠢᠮᠯᠢᠭ ᠬᠡᠷᠡᠭᠯᠡᠬᠦ ᠱᠠᠭ᠋ᠠᠷᠳᠠᠯᠭ᠎ᠠ᠎ᠳᠤ ᠨᠡᠶ᠋ᠢᠴᠡᠭᠰᠡᠨ ᠪᠠᠶ᠋ᠢᠬᠤ᠃ ᠠᠶᠤᠯ ᠦᠭᠡᠶ ᠦᠢ᠍ᠯᠡᠳᠪᠦᠷᠢᠯᠡᠯ᠂ ᠭᠠᠵᠠᠷ᠎ᠤᠨ ᠪᠠᠶ᠋ᠢᠴᠠ ᠭᠠᠵᠠᠷ᠎ᠤᠨ ᠭᠠᠳᠠᠷᠭᠤ᠂ ᠤᠷᠠᠨ ᠳᠠᠷᠬ᠎ᠠ ᠵᠢᠨ ᠮᠡᠷᠭᠡᠵᠢᠯ ᠵᠡᠷᠭᠡ ᠣᠨᠴᠣᠭᠣᠶ ᠱᠠᠭ᠋ᠠᠷᠳᠠᠯᠭ᠎ᠠ᠎ᠠᠴᠠ ᠪᠣᠯᠵᠤ᠂ ᠭᠠᠵᠠᠷ ᠰᠢᠷᠣᠶ ᠬᠡᠷᠡᠭᠯᠡᠬᠦ ᠪᠠᠷᠢᠮᠵᠢᠶ᠎ᠠ᠎ᠠᠴᠠ ᠳᠠᠪᠠᠭᠤᠯᠬᠤ ᠦᠨᠡᠨᠬᠦ ᠴᠢᠬᠤᠯᠠᠲᠠᠢ ᠵᠢᠴᠢ ᠤᠯᠤᠰ ᠪᠣᠯᠤᠨ ᠣᠷᠣᠨ ᠨᠤᠲᠤᠭ᠎ᠲᠤ ᠲᠦᠷ ᠭᠠᠵᠠᠷ ᠰᠢᠷᠣᠶ ᠬᠡᠷᠡᠭᠯᠡᠬᠦ ᠪᠠᠷᠢᠮᠵᠢᠶ᠎ᠠ ᠪᠣᠯᠤᠨ ᠪᠦᠲᠦᠭᠡᠨ ᠪᠠᠶ᠋ᠢᠭᠤᠯᠬᠤ ᠪᠠᠷᠢᠮᠵᠢᠶ᠎ᠠ ᠦᠭᠡᠶ ᠲᠥᠷᠥᠯ ᠵᠦᠢ᠍ᠯ᠎ᠳᠤ ᠪᠣᠯ ᠬᠡᠷᠡᠭᠯᠡᠬᠦ ᠭᠠᠵᠠᠷ᠎ᠢ ᠤᠷᠢᠳᠴᠢᠯᠠᠨ ᠬᠢᠨᠠᠬᠤ ᠪᠠ ᠭᠠᠵᠠᠷ ᠰᠣᠩᠭᠣᠬᠤ ᠰᠠᠨᠠᠯ᠎ᠤᠨ ᠪᠢᠴᠢᠭ᠎ᠢ ᠬᠢᠨᠠᠨ ᠣᠯᠭᠣᠭᠰᠠᠨ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠭᠠᠵᠠᠷ ᠠᠷᠪᠢᠯᠠᠭᠰᠠᠨ ᠪᠠᠶ᠋ᠢᠳᠠᠯ᠎ᠳᠤ ᠦᠨᠡᠯᠡᠯᠲᠡ ᠬᠢᠬᠦ ᠵᠢ ᠵᠣᠬᠢᠶᠠᠨ ᠪᠠᠶ᠋ᠢᠭᠤᠯᠤᠨ ᠥᠷᠨᠢᠭᠦᠯᠬᠦ ᠵᠢᠨ ᠬᠠᠮᠲᠤ ᠬᠢᠨᠠᠨ ᠲᠣᠭᠲᠠᠭ᠋ᠠᠵᠤ ᠨᠤᠲᠠᠯᠠᠯᠲᠠ ᠬᠢᠬᠦ ᠰᠠᠨᠠᠯ ᠭᠠᠷᠭ᠋ᠠᠬᠤ ᠬᠡᠷᠡᠭᠲᠡᠶ᠃
(ᠵᠢᠷᠭᠤᠭ᠎ᠠ) ᠬᠠᠶ᠋ᠢᠨ ᠰᠢᠨᠵᠢᠵᠦ ᠨᠤᠲᠠᠯᠠᠯᠲᠠ ᠬᠢᠭᠰᠡᠨ᠎ᠨᠢ ᠲᠣᠭᠲᠠᠭ᠋ᠠᠯ᠎ᠳᠤ ᠨᠡᠶ᠋ᠢᠴᠡᠬᠦ ᠴᠢᠨᠠᠷ᠎ᠤᠨ ᠬᠢᠨᠠᠨ ᠪᠠᠶ᠋ᠢᠴᠠᠭ᠋ᠠᠯᠲᠠ᠄ ᠡᠭᠦᠷᠢᠳᠡ ᠵᠢᠨ ᠦᠨᠳᠦᠰᠦᠨ ᠲᠠᠷᠢᠶᠠᠨ ᠭᠠᠵᠠᠷ ᠪᠤᠶᠤ ᠪᠤᠰᠤᠳ ᠲᠠᠷᠢᠶᠠᠨ ᠭᠠᠵᠠᠷ᠎ᠤᠨ ᠬᠡᠪᠴᠢᠶ᠎ᠡ᠎ᠨᠢ ᠨᠡᠯᠢᠶᠡᠳ ᠶᠡᠬᠡ (ᠱᠤᠭᠤᠮ᠎ᠤᠨ ᠴᠢᠨᠠᠷᠲᠠᠶ ᠪᠠᠷᠢᠯᠭ᠎ᠠ᠎ᠳᠤ ᠡᠵᠡᠯᠡᠨ ᠬᠡᠷᠡᠭᠯᠡᠭᠰᠡᠨ ᠲᠠᠷᠢᠶᠠᠨ ᠭᠠᠵᠠᠷ᠎ᠨᠢ 100 ᠾᠧᠺᠲ᠋ᠠᠷ᠎ᠠᠴᠠ ᠳᠡᠭᠡᠭᠰᠢ᠂ ᠬᠡᠰᠡᠭ ᠬᠡᠯᠪᠡᠷᠢ ᠵᠢᠨ ᠪᠠᠷᠢᠯᠭ᠎ᠠ᠎ᠨᠢ 70 ᠾᠧᠺᠲ᠋ᠠᠷ᠎ᠠᠴᠠ ᠳᠡᠭᠡᠭᠰᠢ ᠪᠤᠶᠤ ᠡᠵᠡᠯᠡᠨ ᠬᠡᠷᠡᠭᠯᠡᠭᠰᠡᠨ ᠲᠠᠷᠢᠶᠠᠨ ᠭᠠᠵᠠᠷ᠎ᠤᠨ ᠶᠡᠷᠦᠩᠬᠡᠶ ᠲᠠᠯᠠᠪᠠᠶ ᠵᠢᠨ 50 %᠎ᠠᠴᠠ ᠳᠡᠭᠡᠭᠰᠢ᠎ᠳᠤ ᠬᠦᠷᠦᠭᠰᠡᠨ᠂ ᠤᠰᠤᠨ ᠴᠥᠭᠥᠷᠥᠮ᠎ᠤᠨ ᠲᠥᠷᠥᠯ᠎ᠤᠨ ᠳᠥᠰᠦᠯᠢ ᠪᠠᠭᠲᠠᠭ᠋ᠠᠬᠤ ᠦᠭᠡᠶ) ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠶᠯ᠎ᠢ ᠨᠢᠭᠡᠨᠲᠡ ᠵᠣᠬᠢᠶᠠᠨ ᠪᠠᠶ᠋ᠢᠭᠤᠯᠤᠨ (ᠡᠭᠦᠷᠢᠳᠡ ᠵᠢᠨ ᠦᠨᠳᠦᠰᠦᠨ ᠲᠠᠷᠢᠶᠠᠨ ᠭᠠᠵᠠᠷ᠎ᠢ ᠡᠵᠡᠯᠡᠨ ᠬᠡᠷᠡᠭᠯᠡᠬᠦ ᠪᠠ ᠨᠥᠬᠥᠵᠦ ᠬᠤᠪᠢᠶᠠᠷᠢᠯᠠᠨ᠎ᠠ) ᠲᠤᠬᠠᠶ ᠵᠢᠨ ᠭᠠᠵᠠᠷ᠎ᠲᠤᠨᠢ ᠬᠠᠶ᠋ᠢᠨ ᠰᠢᠨᠵᠢᠵᠦ ᠨᠤᠲᠠᠯᠠᠯᠲᠠ ᠬᠢᠭᠰᠡᠨ ᠪᠥᠭᠡᠳ ᠨᠤᠲᠠᠯᠠᠯᠲᠠ ᠵᠢᠨ ᠰᠠᠨᠠᠯ ᠭᠠᠷᠭ᠋ᠠᠭᠰᠠᠨ᠃
(ᠳᠣᠯᠣᠭ᠎ᠠ) ᠠᠮᠠᠯᠠᠯᠲᠠ ᠵᠢᠨ ᠳᠥᠰᠦᠯ᠎ᠤᠨ ᠲᠣᠭᠲᠠᠭ᠋ᠠᠯ᠎ᠳᠤ ᠨᠡᠶ᠋ᠢᠴᠡᠬᠦ ᠴᠢᠨᠠᠷ᠎ᠤᠨ ᠬᠢᠨᠠᠨ ᠪᠠᠶ᠋ᠢᠴᠠᠭ᠋ᠠᠯᠲᠠ᠄ ᠪᠥᠲᠥᠭᠡᠨ ᠪᠠᠶ᠋ᠢᠭᠤᠯᠬᠤ ᠨᠢᠭᠡᠴᠢ᠎ᠠᠴᠠ ᠨᠢᠭᠡᠨᠲᠡ ᠲᠠᠷᠢᠶᠠᠨ ᠭᠠᠵᠠᠷ ᠨᠥᠬᠥᠪᠥᠷᠢᠯᠡᠬᠦ᠂ ᠭᠠᠵᠠᠷ ᠲᠠᠲᠠᠪᠤᠷᠢᠯᠠᠬᠤ ᠨᠥᠬᠥᠪᠥᠷᠢ᠂ ᠭᠠᠵᠠᠷ ᠰᠢᠷᠣᠶ ᠵᠢ ᠳᠠᠬᠢᠨ ᠬᠠᠭ᠋ᠠᠯᠪᠤᠷᠢᠯᠠᠬᠤ ᠵᠡᠷᠭᠡ ᠬᠠᠮᠢᠶ᠎ᠠ ᠪᠥᠬᠥᠶ ᠵᠠᠷᠤᠳᠠᠯ᠎ᠢ ᠳᠥᠰᠦᠯ᠎ᠤᠨ ᠪᠠᠷᠢᠯᠭ᠎ᠠ ᠵᠢᠨ ᠲᠣᠶ᠋ᠢᠮᠣ ᠲᠥᠰᠦᠪ᠎ᠲᠤ ᠭᠦᠢ᠍ᠣᠡᠳ ᠲᠣᠭ᠎ᠠ᠎ᠪᠠᠷ ᠣᠷᠣᠭᠤᠯᠬᠤ᠎ᠪᠠᠷ ᠠᠮᠠᠯᠠᠭᠰᠠᠨ ᠪᠥᠭᠡᠳ ᠡᠭᠦᠷᠢᠳᠡ ᠵᠢᠨ ᠦᠨᠳᠦᠰᠦᠨ ᠲᠠᠷᠢᠶᠠᠨ ᠭᠠᠵᠠᠷ᠎ᠢ ᠡᠵᠡᠯᠡᠨ ᠬᠡᠷᠡᠭᠯᠡᠭᠰᠡᠨ᠎ᠤ ᠰᠦᠢ᠍ᠳᠬᠡᠯ ᠲᠤᠰᠢᠶᠠᠬᠤ ᠪᠠᠷᠢᠮᠵᠢᠶ᠎ᠠ ᠵᠢ ᠲᠤᠬᠠᠶ ᠵᠢᠨ ᠭᠠᠵᠠᠷ᠎ᠤᠨ ᠲᠠᠷᠢᠶᠠᠨ ᠭᠠᠵᠠᠷ᠎ᠢ ᠬᠠᠭ᠋ᠠᠯᠪᠤᠷᠢᠯᠠᠬᠤ ᠰᠦᠶᠳᠬᠡᠯ᠎ᠤᠨ ᠬᠠᠮᠤᠭ᠎ᠤᠨ ᠥᠨᠳᠥᠷ ᠪᠠᠷᠢᠮᠵᠢᠶ᠎ᠠ ᠵᠢᠨ ᠬᠣᠶᠠᠷ ᠳᠠᠬᠢᠨ ᠵᠶ᠋ᠠᠷ ᠬᠡᠷᠡᠭᠵᠢᠭᠦᠯᠦᠨ᠎ᠡ᠃ ᠬᠣᠯᠪᠣᠭᠳᠠᠯ ᠪᠦᠬᠦᠢ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠰᠠᠯᠠᠭ᠎ᠠ ᠮᠥᠴᠢᠷ᠎ᠨᠢ ᠪᠦᠲᠦᠭᠡᠨ ᠪᠠᠶ᠋ᠢᠭᠤᠯᠬᠤ ᠨᠢᠭᠡᠴᠢ ᠪᠠ ᠣᠷᠣᠨ ᠨᠤᠲᠤᠭ᠎ᠤᠨ ᠵᠠᠰᠠᠭ᠎ᠤᠨ ᠣᠷᠳᠣᠨ᠎ᠢ ᠰᠢᠪᠠᠳᠠᠵᠤ᠂ ᠭᠠᠵᠠᠷ ᠰᠢᠷᠣᠢ ᠵᠢ ᠵᠢᠩᠬᠢᠨᠢ᠎ᠪᠠᠷ ᠬᠡᠷᠡᠭᠯᠡᠬᠦ ᠵᠢ ᠮᠡᠳᠡᠭᠦᠯᠦᠨ ᠵᠥᠪᠰᠢᠶᠡᠷᠡᠭᠦᠯᠬᠦ᠎ᠠᠴᠠ ᠡᠮᠦᠨ᠎ᠡ ᠭᠠᠵᠠᠷ ᠰᠢᠷᠣᠢ ᠵᠢᠨ ᠲᠠᠲᠠᠪᠤᠷᠢᠯᠠᠯᠲᠠ ᠵᠢᠨ ᠲᠥᠯᠥᠪᠦᠷᠢ ᠣᠯᠭᠣᠵᠤ ᠲᠥᠪᠬᠢᠨᠡᠭᠦᠯᠬᠦ᠂ ᠲᠠᠷᠢᠶᠠᠨ ᠭᠠᠵᠠᠷ᠎ᠢ ᠡᠵᠡᠯᠡᠬᠦ ᠪᠠ ᠨᠥᠬᠥᠪᠥᠷᠢᠯᠡᠬᠦ ᠵᠢ ᠲᠡᠩᠴᠡᠭᠦᠷᠢᠲᠡᠢ ᠪᠠᠶ᠋ᠢᠯᠭ᠋ᠠᠬᠤ ᠵᠢᠴᠢ ᠭᠠᠵᠠᠷ ᠰᠢᠷᠣᠢ ᠵᠢ ᠳᠠᠬᠢᠨ ᠬᠠᠭ᠋ᠠᠯᠪᠤᠷᠢᠯᠠᠬᠤ ᠵᠡᠷᠭᠡ ᠬᠣᠯᠪᠣᠭᠳᠠᠯ ᠪᠦᠬᠦᠢ ᠠᠵᠢᠯ᠎ᠢ ᠲᠣᠭᠲᠠᠭ᠋ᠠᠯ ᠶᠣᠰᠣᠭ᠋ᠠᠷ ᠰᠠᠶ᠋ᠢᠲᠤᠷ ᠬᠢᠬᠦ ᠬᠡᠷᠡᠭᠲᠡᠢ᠃
(ᠨᠠᠢ᠍ᠮᠠ) ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ ᠪᠤᠶᠤ ᠠᠮᠢ ᠠᠬᠤᠶ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠎ᠤᠨ ᠳᠣᠲᠣᠷᠠᠬᠢ ᠬᠡᠷᠡᠭᠯᠡᠬᠦ ᠭᠠᠵᠠᠷ᠎ᠤᠨ ᠲᠣᠭᠲᠠᠭ᠋ᠠᠯ᠎ᠳᠤ ᠨᠡᠶ᠋ᠢᠴᠡᠬᠦ ᠴᠢᠨᠠᠷ᠎ᠤᠨ ᠬᠢᠨᠠᠨ ᠪᠠᠶ᠋ᠢᠴᠠᠭ᠋ᠠᠯᠲᠠ ᠵᠢ ᠡᠵᠡᠯᠡᠨ ᠬᠡᠷᠡᠭᠯᠡᠬᠦ᠄ ᠡᠯ᠎ᠡ ᠱᠠᠲᠤᠨ᠎ᠤ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠳᠠᠬᠢ ᠬᠡᠷᠡᠭᠯᠡᠬᠦ ᠭᠠᠵᠠᠷ᠎ᠠᠴᠠ ᠦᠨᠡᠨᠬᠦ ᠵᠠᠶ᠋ᠢᠯᠠᠬᠤ ᠵᠢᠨ ᠠᠷᠭ᠎ᠠ ᠥᠬᠡᠶ ᠳᠥᠰᠦᠯ᠎ᠳᠤ ᠬᠣᠯᠪᠣᠭᠳᠠᠭᠰᠠᠨ ᠪᠠᠶ᠋ᠢᠪᠠᠯ᠂ 《ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠬᠦᠷᠢᠶ᠎ᠡ ᠬᠡᠪᠴᠢᠶ᠎ᠡ ᠵᠢᠴᠢ ᠴᠢᠳᠠᠮᠵᠢ ᠵᠢᠨ ᠣᠷᠣᠨ ᠬᠤᠪᠢᠶᠠᠷᠢ ᠵᠢ ᠰᠢᠯᠢᠳᠡᠭᠵᠢᠭᠦᠯᠦᠨ ᠲᠣᠬᠢᠷᠠᠭᠤᠯᠬᠤ ᠡᠮᠦᠨᠡᠬᠢ ᠬᠤᠭᠤᠴᠠᠭ᠋ᠠᠨ᠎ᠤ ᠬᠣᠯᠪᠣᠭᠳᠠᠯ ᠪᠥᠬᠥᠶ ᠠᠵᠢᠯ᠎ᠢ ᠰᠠᠶ᠋ᠢᠲᠤᠷ ᠬᠢᠬᠦ ᠲᠤᠬᠠᠶ ᠵᠠᠬᠢᠳᠠᠯ》 (ᠪᠠᠶ᠋ᠢᠭ᠋ᠠᠯᠢ ᠪᠠᠯᠠ ᠵᠠᠬᠢᠳᠠᠯ 2020 . 71 ᠳ᠋ᠦᠭᠡᠷ ᠲᠣᠭ᠋ᠠᠲᠤ)᠎ᠤᠨ ᠱᠠᠭ᠋ᠠᠷᠳᠠᠯᠭ᠎ᠠ᠎ᠳᠤ ᠨᠡᠶ᠋ᠢᠴᠡᠵᠦ᠂ ᠡᠩ᠎ᠤᠨ ᠡᠵᠡᠮᠳᠡᠯ᠎ᠤᠨ ᠣᠷᠣᠨ᠎ᠤ ᠳᠣᠲᠣᠷᠠᠬᠢ ᠴᠢᠬᠤᠯᠠ ᠪᠥᠬᠥᠶ ᠣᠯᠠᠨ ᠨᠡᠶ᠋ᠢᠲᠡ ᠵᠢᠨ ᠪᠡᠯᠡᠳᠬᠡᠮᠵᠢ ᠵᠢᠨ ᠪᠥᠲᠥᠭᠡᠨ ᠪᠠᠶ᠋ᠢᠭᠤᠯᠤᠯᠲᠠ᠎ᠳᠤ ᠬᠠᠷᠢᠶᠠᠯᠠᠭᠳᠠᠨ᠎ᠠ; ᠰᠢᠶᠠᠨ᠎ᠤ ᠱᠠᠲᠤᠨ᠎ᠠᠴᠠ ᠳᠡᠭᠡᠭᠰᠢᠬᠢ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠶ ᠵᠢᠨ ᠲᠥᠯᠥᠪᠵᠢᠭᠦᠯᠭᠡ᠎ᠳᠤ ᠨᠡᠶ᠋ᠢᠴᠡᠭᠰᠡᠨ ᠱᠤᠭᠤᠮᠯᠢᠭ ᠰᠠᠭᠤᠷᠢ ᠲᠥᠬᠥᠭᠡᠷᠦᠮᠵᠢ ᠵᠢᠨ ᠪᠦᠲᠦᠭᠡᠨ ᠪᠠᠶ᠋ᠢᠭᠤᠯᠤᠯᠲᠠ᠂ ᠦᠶᠡᠷ᠎ᠢ ᠰᠡᠷᠭᠡᠶ᠋ᠢᠯᠡᠬᠦ ᠪᠠ ᠤᠰᠤ ᠬᠠᠩᠭ᠋ᠠᠬᠤ ᠲᠥᠬᠥᠭᠡᠷᠦᠮᠵᠢ ᠵᠢᠨ ᠪᠦᠲᠦᠭᠡᠨ ᠪᠠᠶ᠋ᠢᠭᠤᠯᠤᠯᠲᠠ ᠬᠢᠭᠡᠳ ᠠᠵᠢᠯᠯᠠᠭ᠋ᠠᠨ᠎ᠤ ᠬᠠᠮᠠᠭ᠋ᠠᠯᠠᠯᠲᠠ᠎ᠠᠴᠠ ᠡᠷᠬᠡᠪᠰᠢ ᠵᠠᠶ᠋ᠢᠯᠠᠬᠤ ᠵᠢᠨ ᠠᠷᠭ᠎ᠠ ᠦᠭᠡᠢ; ᠨᠢᠭᠡᠨᠲᠡ ᠪᠠᠶ᠋ᠢᠭ᠎ᠠ ᠬᠠᠤᠯᠢ ᠶᠣᠰᠣᠨ᠎ᠤ ᠤᠰᠤᠨ ᠠᠰᠢᠭᠯᠠᠯᠲᠠ᠂ ᠵᠠᠮ ᠬᠠᠷᠢᠯᠴᠠᠭ᠎ᠠ ᠲᠡᠭᠡᠭᠡᠪᠦᠷᠢ ᠵᠡᠷᠭᠡ ᠪᠡᠯᠡᠳᠬᠡᠮᠵᠢ ᠵᠢᠨ ᠠᠵᠢᠯᠯᠠᠭ᠋ᠠᠨ ᠪᠠ ᠬᠠᠮᠠᠭ᠋ᠠᠯᠠᠯᠲᠠ; ᠦᠨᠡᠬᠡᠷ ᠵᠠᠶ᠋ᠢᠯᠠᠬᠤᠶᠠ ᠪᠡᠷᠬᠡ ᠴᠡᠷᠢᠭ᠎ᠤᠨ ᠶᠠᠪᠤᠳᠠᠯ᠎ᠤᠨ ᠲᠥᠬᠥᠭᠡᠷᠦᠮᠵᠢ ᠵᠢᠨ ᠪᠦᠲᠦᠭᠡᠨ ᠪᠠᠶ᠋ᠢᠭᠤᠯᠤᠯᠲᠠ ᠵᠢᠨ ᠵᠦᠢ᠍ᠯᠡᠰ᠃ ᠠᠮᠢ ᠠᠬᠤᠢ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠎ᠳᠤ ᠭᠠᠵᠠᠷ ᠬᠡᠷᠡᠭᠯᠡᠬᠦ᠎ᠠᠴᠠ ᠦᠨᠡᠬᠡᠷ ᠵᠠᠶ᠋ᠢᠯᠠᠬᠤ ᠵᠢᠨ ᠠᠷᠭ᠎ᠠ ᠦᠭᠡᠢ ᠪᠣᠯᠤᠭᠰᠠᠨ ᠵᠦᠢ᠍ᠯᠡᠰ᠎ᠲᠤ ᠬᠣᠯᠪᠣᠭᠳᠠᠭᠰᠠᠨ ᠵᠦᠢ᠍ᠯᠡᠰ᠎ᠨᠢ 《ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ ᠵᠢᠨ ᠲᠥᠯᠥᠪᠵᠢᠭᠦᠯᠭᠡ᠎ᠳᠤ ᠭᠤᠷᠪᠠᠨ ᠬᠢᠵᠠᠭ᠋ᠠᠷᠯᠠᠬᠤ ᠱᠤᠭᠤᠮ᠎ᠢ ᠨᠢᠭᠡᠳᠦᠯᠲᠡᠢ ᠲᠥᠯᠥᠪᠯᠡᠨ ᠵᠠᠭ᠋ᠠᠭᠯᠠᠨ ᠲᠣᠭᠲᠠᠭ᠋ᠠᠵᠤ ᠨᠠᠶ᠋ᠢᠳᠠᠪᠤᠷᠢᠵᠢᠭᠤᠯᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠠᠯᠪᠠᠨ ᠲᠢᠩᠬᠢᠮ ᠲᠦᠷᠦ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠤᠨ ᠵᠢᠯᠣᠭᠣᠳᠬᠤ ᠰᠠᠨᠠᠯ》᠎ᠳᠤ ᠲᠣᠭᠲᠠᠭ᠋ᠠᠭᠰᠠᠨ ᠡᠵᠡᠯᠡᠨ ᠬᠡᠷᠡᠭᠯᠡᠵᠦ ᠪᠣᠯᠬᠤ ᠵᠦᠢ᠍ᠯᠡᠰ᠎ᠤᠨ ᠬᠡᠪᠴᠢᠶᠡᠨ᠎ᠳᠤ ᠨᠡᠶ᠋ᠢᠴᠡᠵᠦ ᠪᠠᠶ᠋ᠢᠨ᠎ᠠ᠃ (ᠠᠭᠤᠷᠬᠠᠶ ᠵᠢᠴᠢ ᠠᠵᠤ ᠦᠶᠯᠡᠳᠪᠦᠷᠢ ᠵᠢᠨ ᠳᠥᠰᠦᠯ᠎ᠨᠢ ᠪᠠᠰᠠ ᠤᠰᠤᠨ ᠰᠤᠷᠪᠤᠯᠵᠢ ᠵᠢᠨ ᠭᠠᠵᠠᠷ᠎ᠤᠨ ᠬᠠᠮᠠᠭ᠋ᠠᠯᠠᠯᠲᠠ ᠵᠢᠨ ᠣᠷᠣᠨ᠂ ᠨᠤᠲᠤᠭ ᠪᠡᠯᠴᠢᠭᠡᠷ᠎ᠤᠨ ᠬᠠᠮᠠᠭ᠋ᠠᠯᠠᠯᠲᠠ ᠵᠢᠨ ᠭᠤᠤᠯ ᠣᠷᠣᠨ ᠵᠡᠷᠭᠡ᠎ᠳᠤ ᠬᠣᠯᠪᠣᠭᠳᠠᠭᠰᠠᠨ ᠵᠡᠷᠭᠡ ᠪᠠᠶ᠋ᠢᠳᠠᠯ᠎ᠢ ᠬᠢᠨᠠᠨ ᠪᠠᠶ᠋ᠢᠴᠠᠭ᠋ᠠᠨ᠎ᠠ)᠃
(ᠶᠢᠰᠦ) ᠣᠶ᠋ᠢᠲᠤ ᠭᠠᠵᠠᠷ᠂ ᠡᠪᠡᠰᠦᠲᠦ ᠭᠠᠵᠠᠷ (ᠪᠤᠰᠤᠳ ᠡᠪᠡᠰᠦᠲᠦ ᠭᠠᠵᠠᠷ ᠪᠠᠭᠲᠠᠨ᠎ᠠ)᠎ᠢ ᠡᠵᠡᠯᠡᠨ ᠬᠡᠷᠡᠭᠯᠡᠬᠦ ᠲᠤᠬᠠᠶ ᠲᠣᠭᠲᠠᠭ᠋ᠠᠯ᠎ᠤᠨ ᠴᠢᠨᠠᠷᠲᠠᠶ ᠬᠢᠨᠠᠨ ᠪᠠᠶ᠋ᠢᠴᠠᠭ᠋ᠠᠯᠲᠠ᠄ ᠵᠢᠱ᠌ᠢᠶᠡᠯᠡᠪᠡᠯ ᠳᠥᠰᠦᠯ᠎ᠳᠤ ᠣᠶ᠋ᠢᠲᠤ ᠭᠠᠵᠠᠷ᠂ ᠡᠪᠡᠰᠦᠲᠦ ᠭᠠᠵᠠᠷ᠎ᠢ ᠡᠵᠡᠯᠡᠨ ᠬᠡᠷᠡᠭᠯᠡᠬᠦ᠎ᠳᠤ ᠲᠤᠬᠠᠶ ᠵᠢᠨ ᠭᠠᠵᠠᠷ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠶ᠋ᠠᠷ ᠬᠢᠨᠠᠨ ᠬᠠᠷᠭᠤᠭᠤᠯᠵᠤ ᠵᠥᠪᠰᠢᠶᠡᠷᠡᠭᠦᠯᠦᠭᠰᠡᠨ ᠰᠠᠨᠠᠯ ᠭᠠᠷᠭ᠋ᠠᠭᠤᠯᠤᠨᠠ᠃ ᠬᠡᠷᠪᠡ ᠳᠥᠰᠦᠯᠢ ᠨᠢᠭᠡᠨᠲᠡ ᠬᠠᠤᠯᠢ᠎ᠠᠴᠠ ᠵᠥᠷᠢᠴᠡᠨ ᠠᠵᠢᠯ ᠡᠬᠢᠯᠡᠭᠦᠯᠦᠭᠰᠡᠨ ᠪᠠᠶ᠋ᠢᠪᠠᠯ᠂ 《ᠣᠶ ᠰᠢᠭᠤᠶ ᠵᠢᠨ ᠬᠠᠤᠯᠢ》᠂ 《ᠨᠤᠲᠤᠭ ᠪᠡᠯᠴᠢᠭᠡᠷ᠎ᠤᠨ ᠬᠠᠤᠯᠢ》 ᠵᠢᠨ ᠬᠠᠮᠢᠶ᠎ᠠ ᠪᠥᠬᠥᠶ ᠲᠣᠭᠲᠠᠭ᠋ᠠᠯ ᠶᠣᠰᠣᠭ᠋ᠠᠷ᠂ ᠣᠶ᠋ᠢᠲᠤ ᠭᠠᠵᠠᠷ᠂ ᠡᠪᠡᠰᠦᠲᠦ ᠭᠠᠵᠠᠷ᠎ᠢ ᠡᠵᠡᠯᠡᠨ ᠬᠡᠷᠡᠭᠯᠡᠬᠦ ᠵᠢ ᠵᠥᠪᠰᠢᠶᠡᠷᠡᠭᠰᠡᠨ ᠴᠣᠬᠣᠯᠠᠪᠤᠷᠢ ᠵᠢᠨ ᠪᠢᠴᠢᠭ ᠮᠠᠲ᠋ᠧᠷᠢᠶᠠᠯ᠎ᠢ ᠨᠢᠭᠡᠨᠲᠡ ᠭᠦᠢ᠍ᠣᠡᠳᠬᠡᠭᠰᠡᠨ ᠪᠠᠶ᠋ᠢᠬᠤ ᠬᠡᠷᠡᠭᠲᠡᠶ᠃
ᠦᠨᠳᠦᠰᠦᠯᠡᠯ ᠲᠣᠭᠲᠠᠭ᠋ᠠᠬᠤ ᠄
[ᠬᠠᠤᠯᠢ ᠴᠠᠭ᠋ᠠᠵᠠ] 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠭᠠᠵᠠᠷ ᠰᠢᠷᠣᠢ ᠵᠢᠨ ᠬᠠᠮᠢᠶᠠᠷᠤᠯᠲᠠ ᠵᠢᠨ ᠬᠠᠤᠯᠢ》 (1986 ᠣᠨ᠎ᠤ 6 ᠰᠠᠷ᠎ᠠ ᠵᠢᠨ 25᠎ᠤ ᠡᠳᠦᠷ ᠵᠢᠷᠭᠤᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶᠠᠨ᠎ᠤ ᠠᠷᠪᠠᠨ ᠵᠢᠷᠭᠤᠳᠤᠭ᠋ᠠᠷ ᠬᠤᠷᠠᠯᠳᠤᠭ᠋ᠠᠨ᠎ᠠᠴᠠ ᠪᠠᠲᠤᠯᠠᠪᠠ᠂ 2019 ᠣᠨ᠎ᠳᠤ ᠵᠠᠰᠠᠪᠤᠷᠢ ᠣᠷᠣᠭᠤᠯᠤᠭᠰᠠᠨ ᠳᠡᠪᠲᠡᠷ) ᠲᠠᠪᠢᠨ ᠭᠤᠷᠪᠠᠳᠤᠭ᠋ᠠᠷ ᠵᠦᠢ᠍ᠯ ᠨᠢᠭᠡᠨᠲᠡ ᠵᠥᠪᠰᠢᠶᠡᠷᠡᠭᠦᠯᠦᠭᠰᠡᠨ ᠪᠦᠲᠦᠭᠡᠨ ᠪᠠᠶ᠋ᠢᠭᠤᠯᠤᠯᠲᠠ ᠵᠢᠨ ᠵᠦᠢ᠍ᠯᠡᠰ᠎ᠲᠤ ᠤᠯᠤᠰ᠎ᠤᠨ ᠥᠮᠴᠢᠯᠡᠯ᠎ᠤᠨ ᠪᠦᠲᠦᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠢ ᠬᠡᠷᠡᠭᠯᠡᠬᠦ ᠴᠢᠬᠤᠯᠠᠲᠠᠢ ᠪᠠᠶ᠋ᠢᠪᠠᠯ᠂ ᠪᠦᠲᠦᠭᠡᠨ ᠪᠠᠶ᠋ᠢᠭᠤᠯᠬᠤ ᠨᠢᠭᠡᠴᠢ᠎ᠨᠢ ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠳᠤ ᠲᠣᠭᠲᠠᠭ᠋ᠠᠭᠰᠠᠨ ᠬᠣᠯᠪᠣᠭᠳᠠᠯ ᠪᠦᠬᠦᠢ ᠪᠢᠴᠢᠭ ᠮᠠᠲ᠋ᠧᠷᠢᠶᠠᠯ᠎ᠢ ᠠᠪᠴᠤ᠂ ᠵᠥᠪᠰᠢᠶᠡᠷᠡᠬᠦ ᠡᠷᠬᠡ ᠪᠦᠬᠦᠢ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠲᠤ ᠪᠦᠲᠦᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠤᠨ ᠭᠤᠶᠤᠴᠢᠯᠠᠯ ᠭᠠᠷᠭ᠋ᠠᠵᠤ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠵᠶ᠋ᠠᠷ ᠬᠢᠨᠠᠨ ᠪᠠᠶ᠋ᠢᠴᠠᠭ᠋ᠠᠯᠭ᠋ᠠᠵᠤ᠂ ᠲᠤᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠵᠦ ᠵᠥᠪᠰᠢᠶᠡᠷᠡᠭᠦᠯᠬᠦ ᠬᠡᠷᠡᠭᠲᠡᠢ᠃ ᠲᠡᠪᠢᠠ ᠳᠥᠷᠪᠡᠳᠦᠭᠡᠷ ᠵᠦᠢ᠍ᠯ ᠪᠦᠳᠦᠭᠡᠠ ᠪᠠᠶ᠋ᠢᠭᠤᠯᠬᠤ ᠨᠢᠭᠡᠴᠢ᠎ᠨᠢ ᠤᠯᠤᠰ᠎ᠤᠨ ᠥᠮᠴᠢᠯᠡᠯ᠎ᠤᠨ ᠭᠠᠵᠠᠷ ᠰᠢᠷᠣᠢ ᠵᠢ ᠬᠡᠷᠡᠭᠯᠡᠬᠦ᠎ᠳᠡᠭᠡᠨ ᠰᠢᠯᠵᠢᠭᠦᠯᠦᠨ ᠬᠤᠳᠠᠯᠳᠤᠬᠤ ᠵᠡᠷᠭᠡ ᠲᠥᠯᠥᠪᠦᠷᠢ᠎ᠲᠠᠢ᠎ᠪᠠᠷ ᠬᠡᠷᠡᠭᠯᠡᠬᠦ ᠬᠡᠯᠪᠡᠷᠢ᠎ᠪᠠᠷ ᠭᠠᠵᠠᠷ ᠰᠢᠷᠣᠢ ᠵᠢ ᠤᠯᠬᠤ ᠬᠡᠷᠡᠭᠲᠡᠢ; ᠭᠡᠪᠡᠴᠦ ᠳᠣᠣᠷ᠎ᠠ ᠵᠢᠭᠰᠠᠭ᠋ᠠᠭᠰᠠᠨ ᠪᠦᠳᠦᠭᠡᠠ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠢ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ ᠵᠶ᠋ᠠᠷ ᠬᠠᠤᠯᠢ ᠶᠣᠰᠣᠭ᠋ᠠᠷ ᠵᠥᠪᠰᠢᠶᠡᠷᠡᠭᠦᠯᠦᠭᠡᠳ ᠰᠢᠯᠵᠢᠭᠦᠯᠦᠨ ᠣᠯᠭᠣᠬᠤ ᠬᠡᠯᠪᠡᠷᠢ᠎ᠪᠠᠷ ᠣᠯᠵᠤ ᠪᠣᠯᠤᠨ᠎ᠠ᠄
(ᠨᠢᠭᠡ) ᠲᠤᠢ᠍ᠷᠦ ᠵᠢᠨ ᠪᠠᠶ᠋ᠢᠭᠤᠯᠭ᠎ᠠ ᠵᠢᠨ ᠬᠡᠷᠡᠭᠯᠡᠬᠦ ᠭᠠᠵᠠᠷ ᠪᠠ ᠴᠡᠷᠢᠭ᠎ᠤᠨ ᠶᠠᠪᠤᠳᠠᠯ᠎ᠳᠤ ᠬᠡᠷᠡᠭᠯᠡᠬᠦ ᠭᠠᠵᠠᠷ;
(ᠬᠣᠶᠠᠷ) ᠬᠤᠳᠠ ᠵᠢᠨ ᠰᠠᠭᠤᠷᠢ ᠲᠥᠬᠥᠭᠡᠷᠦᠮᠵᠢ᠎ᠳᠤ ᠬᠡᠷᠡᠭᠯᠡᠬᠦ ᠭᠠᠵᠠᠷ ᠪᠠ ᠨᠡᠶ᠋ᠢᠲᠡ ᠵᠢᠨ ᠠᠰᠠᠷᠠᠮᠵᠢ ᠵᠢᠨ ᠦᠢ᠍ᠯᠡᠰ᠎ᠲᠤ ᠬᠡᠷᠡᠭᠯᠡᠬᠦ ᠭᠠᠵᠠᠷ;
(ᠭᠤᠷᠪᠠ) ᠤᠯᠤᠰ᠎ᠠᠴᠠ ᠭᠣᠣᠯᠳᠠᠯᠭ᠎ᠠ᠎ᠲᠠᠢ᠎ᠪᠠᠷ ᠲᠡᠳᠬᠦᠨ ᠲᠡᠮᠵᠢᠵᠦ ᠪᠠᠶ᠋ᠢᠭ᠎ᠠ ᠡᠨᠧᠷᠭᠢ ᠵᠢᠨ ᠰᠤᠷᠪᠤᠯᠵᠢ᠂ ᠵᠡᠮ ᠬᠠᠷᠢᠯᠴᠠᠭ᠎ᠠ᠂ ᠤᠰᠦᠠ ᠠᠰᠢᠭᠯᠠᠯᠲᠠ ᠵᠡᠷᠭᠡ ᠰᠠᠭᠤᠷᠢ ᠲᠥᠬᠥᠭᠡᠷᠦᠮᠵᠢ᠎ᠳᠤ ᠬᠡᠷᠡᠭᠯᠡᠬᠦ ᠭᠠᠵᠠᠷ;
(ᠳᠥᠷᠪᠡ) ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠳᠤ ᠲᠣᠭᠲᠠᠭ᠋ᠠᠭᠰᠠᠨ ᠪᠤᠰᠤᠳ ᠵᠦᠢ᠍ᠯ᠎ᠤᠨ ᠬᠡᠷᠡᠭᠯᠡᠬᠦ ᠭᠠᠵᠠᠷ᠃
[ᠬᠠᠤᠯᠢ ᠴᠠᠭ᠋ᠠᠵᠠ] 《ᠪᠦᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠬᠤᠳᠠ ᠬᠥᠳᠡᠭᠡ ᠵᠢᠨ ᠲᠥᠯᠥᠪᠵᠢᠭᠦᠯᠭᠡ ᠵᠢᠨ ᠬᠠᠤᠯᠢ》 (2007 ᠣᠨ᠎ᠤ 10 ᠰᠠᠷ᠎ᠠ ᠵᠢᠨ 28᠎ᠤ ᠡᠳᠦᠷ ᠠᠷᠪᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶᠠᠨ᠎ᠤ ᠭᠤᠴᠢᠳᠤᠭ᠋ᠠᠷ ᠬᠤᠷᠠᠯᠳᠤᠭ᠋ᠠᠨ᠎ᠠᠴᠠ ᠪᠠᠲᠤᠯᠠᠵᠤ᠂ 2019 ᠣᠨ᠎ᠳᠤ ᠵᠠᠰᠠᠪᠠ) ᠭᠤᠴᠢᠨ ᠵᠢᠷᠭᠤᠳᠤᠭ᠋ᠠᠷ ᠵᠦᠢ᠍ᠯ ᠤᠯᠤᠰ᠎ᠤᠨ ᠲᠣᠭᠲᠠᠭ᠋ᠠᠯ ᠶᠣᠰᠣᠭ᠋ᠠᠷ ᠬᠣᠯᠪᠣᠭᠳᠠᠯ ᠪᠦᠬᠦᠢ ᠰᠠᠯᠠᠭ᠎ᠠ ᠮᠥᠴᠢᠷ ᠵᠶ᠋ᠠᠷ ᠵᠥᠪᠰᠢᠶᠡᠷᠡᠭᠦᠯᠬᠦ ᠪᠤᠶᠤ ᠬᠢᠨᠠᠨ ᠵᠥᠪᠰᠢᠶᠡᠷᠡᠭᠦᠯᠬᠦ ᠴᠢᠬᠤᠯᠠᠲᠠᠢ ᠪᠦᠳᠦᠭᠡᠨ ᠪᠠᠶ᠋ᠢᠭᠤᠯᠤᠯᠲᠠ ᠵᠢᠨ ᠵᠦᠢ᠍ᠯᠡᠰ᠎ᠲᠤ᠂ ᠰᠢᠯᠵᠢᠭᠦᠯᠦᠨ ᠥᠭᠬᠦ ᠠᠷᠭ᠎ᠠ ᠮᠠᠶᠢᠭ ᠵᠶ᠋ᠠᠷ ᠤᠯᠤᠰ᠎ᠤᠨ ᠥᠮᠴᠢᠯᠡᠯ᠎ᠤᠨ ᠭᠠᠵᠠᠷ ᠰᠢᠷᠣᠢ ᠵᠢᠨ ᠬᠡᠷᠡᠭᠯᠡᠬᠦ ᠡᠷᠬᠡ ᠵᠢ ᠬᠠᠩᠭ᠋ᠠᠭᠰᠠᠨ ᠪᠠᠶ᠋ᠢᠪᠠᠯ᠂ ᠪᠦᠳᠦᠭᠡᠨ ᠪᠠᠶ᠋ᠢᠭᠤᠯᠬᠤ ᠨᠢᠭᠡᠴᠢ᠎ᠨᠢ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠤ ᠮᠡᠳᠡᠭᠦᠯᠦᠨ ᠬᠦᠷᠭᠡᠵᠦ ᠵᠥᠪᠰᠢᠶᠡᠷᠡᠭᠦᠯᠬᠦ ᠪᠤᠶᠤ ᠬᠢᠨᠠᠨ ᠵᠥᠪᠰᠢᠶᠡᠷᠡᠭᠦᠯᠬᠦ᠎ᠠᠴᠠ ᠡᠮᠦᠨ᠎ᠡ᠂ ᠭᠠᠵᠠᠷ ᠰᠣᠩᠭᠣᠬᠤ ᠰᠠᠨᠠᠯ᠎ᠤᠨ ᠪᠢᠴᠢᠭ᠎ᠢ ᠬᠢᠨᠠᠨ ᠣᠯᠭᠣᠬᠤ᠎ᠪᠠᠷ ᠬᠤᠳᠠ ᠬᠥᠳᠡᠭᠡ ᠵᠢᠨ ᠲᠥᠯᠥᠪᠵᠢᠭᠦᠯᠭᠡ ᠵᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠲᠤ ᠭᠤᠶᠤᠴᠢᠯᠠᠬᠤ ᠬᠡᠷᠡᠭᠲᠡᠢ᠃ ᠡᠮᠦᠨᠡᠬᠢ ᠪᠠᠳᠠᠭ᠎ᠲᠤ ᠲᠣᠭᠲᠠᠭ᠋ᠠᠭᠰᠠᠨ᠎ᠠᠴᠠ ᠭᠠᠳᠠᠨᠠᠬᠢ ᠪᠦᠲᠦᠭᠡᠨ ᠪᠠᠶ᠋ᠢᠭᠤᠯᠤᠯᠲᠠ ᠵᠢᠨ ᠵᠦᠢ᠍ᠯᠡᠰ᠎ᠲᠤ ᠭᠠᠵᠠᠷ ᠰᠣᠩᠭᠣᠬᠤ ᠰᠠᠨᠠᠯ᠎ᠤᠨ ᠪᠢᠴᠢᠭ ᠭᠤᠶᠤᠴᠢᠯᠠᠬᠤ ᠴᠢᠬᠤᠯᠠ ᠦᠭᠡᠢ᠃
ᠶᠠᠮᠤᠨ ᠬᠣᠷᠢᠶ᠎ᠠ ᠵᠢᠨ ᠲᠦᠷᠢᠮ ᠲᠣᠭᠲᠠᠭ᠋ᠠᠯ 《ᠪᠥᠲᠥᠭᠡᠨ ᠪᠠᠶ᠋ᠢᠭᠤᠯᠤᠯᠲᠠ ᠵᠢᠨ ᠲᠦᠰᠦᠯ᠎ᠳᠤ ᠬᠡᠷᠡᠭᠯᠡᠬᠦ ᠭᠠᠵᠠᠷ᠎ᠢ ᠤᠷᠢᠳᠴᠢᠯᠠᠨ ᠬᠢᠨᠠᠬᠤ ᠬᠠᠮᠢᠶᠠᠷᠤᠯᠲᠠ ᠵᠢᠨ ᠠᠷᠭ᠎ᠠ》 (2016 ᠣᠨ᠎ᠤ 11 ᠳ᠋ᠦᠭᠡᠷ ᠰᠠᠷ᠎ᠠ ᠵᠢᠨ 29᠎ᠤ ᠡᠳᠦᠷ ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠤᠯᠤᠰ᠎ᠤᠨ ᠭᠠᠵᠠᠷ ᠰᠢᠷᠣᠶ ᠡᠬᠢ ᠪᠠᠶᠠᠯᠢᠭ᠎ᠤᠨ ᠶᠠᠮᠤᠨ᠎ᠤ ᠵᠠᠷᠯᠢᠭ 68 ᠳ᠋ᠤᠭ᠋ᠠᠷ ᠲᠣᠭ᠋ᠠᠲᠤ᠎ᠪᠠᠷ ᠨᠡᠶ᠋ᠢᠲᠡᠯᠡᠪᠡ 2017 ᠣᠨ᠎ᠤ 1 ᠳ᠋ᠦᠭᠡᠷ ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ) ᠵᠢᠨ ᠬᠣᠶᠠᠳᠤᠭ᠋ᠠᠷ ᠵᠦᠶᠯ ᠲᠣᠰ ᠠᠷᠭ᠎ᠠ᠎ᠳᠤ ᠬᠡᠯᠡᠵᠦ ᠪᠠᠶ᠋ᠢᠭ᠎ᠠ ᠪᠥᠲᠥᠭᠡᠨ ᠪᠠᠶ᠋ᠢᠭᠤᠯᠤᠯᠲᠠ ᠵᠢᠨ ᠲᠦᠰᠦᠯ᠎ᠳᠤ ᠬᠡᠷᠡᠭᠯᠡᠬᠦ ᠭᠠᠵᠠᠷ᠎ᠢ ᠤᠷᠢᠳᠴᠢᠯᠠᠨ ᠬᠢᠨᠠᠬᠤ ᠭᠡᠳᠡᠭ᠎ᠨᠢ ᠤᠯᠤᠰ᠎ᠤᠨ ᠭᠠᠵᠠᠷ ᠰᠢᠷᠣᠶ ᠡᠬᠢ ᠪᠠᠶᠠᠯᠢᠭ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠪᠥᠲᠥᠭᠡᠨ ᠪᠠᠶ᠋ᠢᠭᠤᠯᠤᠯᠲᠠ ᠵᠢᠨ ᠲᠦᠰᠦᠯ᠎ᠢ ᠬᠢᠨᠠᠨ ᠵᠥᠪᠰᠢᠶᠡᠷᠡᠬᠦ᠂ ᠬᠠᠷᠭᠤᠭᠤᠯᠤᠨ ᠵᠥᠪᠰᠢᠶᠡᠷᠡᠬᠦ᠂ ᠳᠠᠩᠰᠠᠯᠠᠬᠤ ᠱᠠᠲᠤ ᠦᠶ᠎ᠡ᠎ᠳᠤ᠂ ᠪᠥᠲᠥᠭᠡᠨ ᠪᠠᠶ᠋ᠢᠭᠤᠯᠤᠯᠲᠠ ᠵᠢᠨ ᠲᠦᠰᠦᠯ᠎ᠳᠤ ᠬᠣᠯᠪᠣᠭᠳᠠᠭᠰᠠᠨ ᠭᠠᠵᠠᠷ ᠰᠢᠷᠣᠶ ᠠᠰᠢᠭᠯᠠᠬᠤ ᠵᠦᠶᠯᠡᠰ᠎ᠢ ᠬᠠᠤᠯᠢ ᠶᠣᠰᠣᠭ᠋ᠠᠷ ᠬᠢᠨᠠᠨ ᠪᠠᠶ᠋ᠢᠴᠠᠭ᠋ᠠᠬᠤ ᠵᠢ ᠵᠢᠭ᠋ᠠᠵᠤ ᠪᠣᠶ᠃ ᠳᠥᠷᠪᠡᠳᠦᠭᠡᠷ ᠵᠦᠢ᠍ᠯ ᠪᠦᠲᠦᠭᠡᠨ ᠪᠠᠶ᠋ᠢᠭᠤᠯᠤᠯᠲᠠ ᠵᠢᠨ ᠲᠦᠰᠦᠯ᠎ᠳᠤ ᠬᠡᠷᠡᠭᠯᠡᠬᠦ ᠭᠠᠵᠠᠷ᠎ᠢ ᠱᠠᠲᠤ ᠬᠤᠪᠢᠶᠠᠨ ᠤᠷᠢᠳᠴᠢᠯᠠᠨ ᠬᠢᠨᠠᠬᠤ ᠵᠢ ᠬᠡᠷᠡᠭᠵᠢᠭᠦᠯᠦᠨ᠎ᠡ᠃ ᠠᠷᠠᠳ᠎ᠤᠨ ᠵᠠᠰᠠᠭ᠎ᠤᠨ ᠣᠷᠳᠣᠨ ᠪᠤᠶᠤ ᠵᠥᠪᠰᠢᠶᠡᠷᠡᠬᠦ ᠡᠷᠬᠡ᠎ᠲᠠᠢ ᠠᠷᠠᠳ᠎ᠤᠨ ᠵᠠᠰᠠᠭ᠎ᠤᠨ ᠣᠷᠳᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠡᠷᠭᠡ ᠰᠠᠯᠠᠭ᠎ᠠ ᠮᠥᠴᠢᠷ ᠵᠶ᠋ᠠᠷ ᠬᠢᠨᠠᠨ ᠵᠥᠪᠰᠢᠶᠡᠷᠡᠭᠦᠯᠬᠦ ᠴᠢᠬᠤᠯᠠᠲᠠᠢ ᠪᠦᠲᠦᠭᠡᠨ ᠪᠠᠶ᠋ᠢᠭᠤᠯᠤᠯᠲᠠ ᠵᠢᠨ ᠲᠦᠰᠦᠯ᠎ᠢ ᠪᠣᠯ ᠲᠤᠰ ᠠᠷᠠᠳ᠎ᠤᠨ ᠵᠠᠰᠠᠭ᠎ᠤᠨ ᠣᠷᠳᠣᠨ᠎ᠤ ᠤᠯᠤᠰ᠎ᠤᠨ ᠭᠠᠵᠠᠷ ᠰᠢᠷᠣᠶ ᠡᠬᠢ ᠪᠠᠶᠠᠯᠢᠭ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠤᠷᠢᠳᠴᠢᠯᠠᠨ ᠬᠢᠨᠠᠨ᠎ᠠ᠃ ᠬᠢᠨᠠᠨ ᠵᠥᠪᠰᠢᠶᠡᠷᠡᠬᠦ ᠪᠠ ᠳᠠᠩᠰᠠᠯᠠᠭᠤᠯᠬᠤ ᠴᠢᠬᠤᠯᠠᠲᠠᠢ ᠪᠦᠲᠦᠭᠡᠨ ᠪᠠᠶ᠋ᠢᠭᠤᠯᠤᠯᠲᠠ ᠵᠢᠨ ᠲᠦᠰᠦᠯ᠎ᠢ ᠬᠢᠨᠠᠨ ᠵᠥᠪᠰᠢᠶᠡᠷᠡᠬᠦ᠂ ᠳᠠᠩᠰᠠᠯᠠᠭᠤᠯᠬᠤ ᠪᠠᠶ᠋ᠢᠭᠤᠯᠤᠯᠭ᠎ᠠ᠎ᠲᠠᠢ ᠠᠳᠠᠯᠢ ᠱᠠᠲᠤᠨ᠎ᠤ ᠤᠯᠤᠰ᠎ᠤᠨ ᠭᠠᠵᠠᠷ ᠰᠢᠷᠣᠶ ᠡᠬᠢ ᠪᠠᠶᠠᠯᠢᠭ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠤᠷᠢᠳᠴᠢᠯᠠᠨ ᠬᠢᠨᠠᠨ᠎ᠠ᠃ ᠵᠢᠷᠭᠤᠳᠤᠭ᠋ᠠᠷ ᠵᠦᠢ᠍ᠯ ᠲᠤᠰ ᠠᠷᠭ᠎ᠠ ᠵᠢᠨ ᠳᠥᠷᠪᠡᠳᠦᠭᠡᠷ ᠵᠦᠢ᠍ᠯ᠎ᠤᠨ ᠲᠣᠭᠲᠠᠭ᠋ᠠᠯ ᠶᠣᠰᠣᠭ᠋ᠠᠷ ᠤᠯᠤᠰ᠎ᠤᠨ ᠭᠠᠵᠠᠷ ᠰᠢᠷᠣᠶ ᠡᠬᠢ ᠪᠠᠶᠠᠯᠢᠭ᠎ᠤᠨ ᠶᠠᠮᠤᠨ᠎ᠠᠴᠠ ᠤᠷᠢᠳᠴᠢᠯᠠᠨ ᠬᠢᠨᠠᠬᠤ ᠬᠡᠷᠡᠭᠲᠡᠶ ᠪᠦᠲᠦᠭᠡᠨ ᠪᠠᠶ᠋ᠢᠭᠤᠯᠤᠯᠲᠠ ᠵᠢᠨ ᠲᠦᠰᠦᠯ᠎ᠢ ᠤᠯᠤᠰ᠎ᠤᠨ ᠭᠠᠵᠠᠷ ᠰᠢᠷᠣᠶ ᠡᠬᠢ ᠪᠠᠶᠠᠯᠢᠭ᠎ᠤᠨ ᠶᠠᠮᠤᠨ᠎ᠠᠴᠠ ᠲᠦᠰᠦᠯ᠎ᠤᠨ ᠪᠠᠶ᠋ᠢᠭ᠎ᠠ ᠭᠠᠵᠠᠷ᠎ᠤᠨ ᠮᠤᠵᠢ ᠵᠢᠨ ᠱᠠᠲᠤᠨ᠎ᠤ ᠤᠯᠤᠰ᠎ᠤᠨ ᠭᠠᠵᠠᠷ ᠰᠢᠷᠣᠶ ᠡᠬᠢ ᠪᠠᠶᠠᠯᠢᠭ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠨᠠᠶ᠋ᠢᠳᠠᠵᠤ ᠬᠦᠯᠢᠶᠡᠨ ᠠᠪᠤᠭᠤᠯᠤᠨ᠎ᠠ᠂ ᠭᠡᠬᠦ᠎ᠳᠡᠭᠡᠨ ᠪᠦᠲᠦᠭᠡᠨ ᠪᠠᠶ᠋ᠢᠭᠤᠯᠤᠯᠲᠠ ᠵᠢᠨ ᠲᠦᠰᠦᠯ᠎ᠢ ᠡᠵᠡᠯᠡᠨ ᠬᠡᠷᠡᠭᠯᠡᠬᠦ ᠲᠥᠯᠥᠪᠵᠢᠭᠦᠯᠭᠡ᠎ᠳᠤ ᠲᠣᠭᠲᠠᠭ᠋ᠠᠭᠰᠠᠨ ᠬᠣᠲᠠ ᠵᠢᠨ ᠪᠦᠲᠦᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠤᠨ ᠬᠡᠪᠴᠢᠶᠡᠨ ᠳᠣᠲᠣᠷᠠᠬᠢ ᠭᠠᠵᠠᠷ ᠰᠢᠷᠣᠶ ᠵᠢ ᠪᠣᠯ ᠬᠣᠲᠠ ᠵᠢᠨ ᠱᠠᠲᠤᠨ᠎ᠤ ᠤᠯᠤᠰ᠎ᠤᠨ ᠭᠠᠵᠠᠷ ᠰᠢᠷᠣᠶ ᠡᠬᠢ ᠪᠠᠶᠠᠯᠢᠭ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠨᠠᠶ᠋ᠢᠳᠠᠵᠤ ᠬᠦᠯᠢᠶᠡᠨ ᠠᠪᠤᠭᠤᠯᠤᠨ᠎ᠠ᠃ ᠬᠦᠯᠢᠶᠡᠨ ᠠᠪᠤᠭᠰᠠᠨ᠎ᠤ ᠳᠠᠷᠠᠭ᠎ᠠ᠂ ᠠᠩᠬᠠᠨ᠎ᠤ ᠬᠢᠨᠠᠯᠲᠠ ᠵᠢᠨ ᠰᠠᠨᠠᠯ ᠳᠤᠷᠠᠳᠴᠤ᠂ ᠤᠯᠤᠰ᠎ᠤᠨ ᠭᠠᠵᠠᠷ ᠰᠢᠷᠣᠶ ᠡᠬᠢ ᠪᠠᠶᠠᠯᠢᠭ᠎ᠤᠨ ᠶᠠᠮᠤᠨ᠎ᠳᠤ ᠳᠠᠮᠵᠢᠭᠤᠯᠤᠨ ᠮᠡᠳᠡᠭᠦᠯᠦᠨ᠎ᠡ᠃ ᠨᠢᠭᠤᠴᠠ᠎ᠳᠤ ᠬᠣᠯᠪᠣᠭᠳᠠᠬᠤ ᠴᠡᠷᠢᠭ᠎ᠤᠨ ᠶᠠᠪᠤᠳᠠᠯ᠎ᠤᠨ ᠵᠦᠢ᠍ᠯᠡᠰ ᠪᠠ ᠲᠦᠷᠦ ᠵᠢᠨ ᠶᠠᠪᠤᠳᠠᠯ᠎ᠤᠨ ᠬᠣᠷᠢᠶ᠎ᠠ᠎ᠠᠴᠠ ᠵᠥᠪᠰᠢᠶᠡᠷᠡᠭᠰᠡᠨ ᠣᠨᠴᠠᠭ᠋ᠠᠢ ᠪᠦᠲᠦᠭᠡᠨ ᠪᠠᠶ᠋ᠢᠭᠤᠯᠤᠯᠲᠠ ᠵᠢᠨ ᠵᠦᠢ᠍ᠯᠡᠰ᠎ᠲᠤ ᠬᠡᠷᠡᠭᠯᠡᠬᠦ ᠭᠠᠵᠠᠷ᠎ᠢ ᠪᠦᠲᠦᠭᠡᠨ ᠪᠠᠶ᠋ᠢᠭᠤᠯᠤᠯᠲᠠ᠎ᠳᠤ ᠬᠡᠷᠡᠭᠯᠡᠬᠦ ᠨᠢᠭᠡᠴᠢ᠎ᠨᠢ ᠰᠢᠭᠤᠳ ᠤᠯᠤᠰ᠎ᠤᠨ ᠨᠤᠲᠤᠭ ᠳᠡᠪᠢᠰᠬᠡᠷ ᠡᠬᠢ ᠪᠠᠶᠠᠯᠢᠭ᠎ᠤᠨ ᠶᠠᠮᠤᠨ᠎ᠳᠤ ᠤᠷᠢᠳᠴᠢᠯᠠᠨ ᠬᠢᠨᠠᠭᠤᠯᠬᠤ ᠭᠤᠶᠤᠴᠢᠯᠠᠯ ᠭᠠᠷᠭ᠋ᠠᠵᠤ ᠪᠣᠯᠤᠨ᠎ᠠ᠃ ᠤᠯᠤᠰ᠎ᠤᠨ ᠭᠠᠵᠠᠷ ᠰᠢᠷᠣᠶ ᠡᠬᠢ ᠪᠠᠶᠠᠯᠢᠭ᠎ᠤᠨ ᠶᠠᠮᠤᠨ᠎ᠠᠴᠠ ᠬᠠᠷᠢᠭᠤᠴᠠᠨ ᠤᠷᠢᠳᠴᠢᠯᠠᠨ ᠬᠢᠨᠠᠬᠤ ᠴᠠᠬᠢᠯᠭ᠋ᠠᠨ ᠬᠦᠷᠭᠡᠬᠦ ᠱᠤᠭᠤᠮ᠎ᠤᠨ ᠰᠠᠭᠤᠷᠢ᠂ ᠥᠷᠥᠮᠳᠡᠨ ᠬᠠᠶ᠋ᠢᠬᠤ ᠬᠤᠳᠳᠤᠭ᠎ᠤᠨ ᠪᠠᠶ᠋ᠢᠷᠢ᠂ ᠴᠢᠮᠡᠭᠡ ᠬᠣᠯᠪᠣᠭ᠋ᠠᠨ᠎ᠤ ᠰᠠᠭᠤᠷᠢ ᠥᠷᠲᠡᠭᠡ ᠵᠡᠷᠭᠡ ᠪᠠᠭ᠎ᠠ ᠬᠡᠪᠴᠢᠶᠡᠨ᠎ᠤ ᠲᠠᠷᠠᠬᠠᠶ ᠪᠤᠲᠠᠷᠬᠠᠶ ᠪᠦᠲᠦᠭᠡᠨ ᠪᠠᠶ᠋ᠢᠭᠤᠯᠤᠯᠲᠠ ᠵᠢᠨ ᠲᠦᠰᠦᠯ᠎ᠤᠨ ᠬᠡᠷᠡᠭᠯᠡᠬᠦ ᠭᠠᠵᠠᠷ᠎ᠢ ᠮᠤᠵᠢ ᠵᠢᠨ ᠱᠠᠲᠤᠨ᠎ᠤ ᠤᠯᠤᠰ᠎ᠤᠨ ᠭᠠᠵᠠᠷ ᠰᠢᠷᠣᠶ ᠡᠬᠢ ᠪᠠᠶᠠᠯᠢᠭ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠤᠷᠢᠳᠴᠢᠯᠠᠨ ᠬᠢᠨᠠᠬᠤ ᠵᠢᠨ ᠬᠠᠮᠲᠤ ᠤᠯᠤᠰ᠎ᠤᠨ ᠭᠠᠵᠠᠷ ᠰᠢᠷᠣᠶ ᠡᠬᠢ ᠪᠠᠶᠠᠯᠢᠭ᠎ᠤᠨ ᠶᠠᠮᠤᠨ᠎ᠳᠤ ᠮᠡᠳᠡᠭᠦᠯᠦᠨ ᠳᠠᠩᠰᠠᠯᠠᠭᠤᠯᠬᠤ ᠬᠡᠷᠡᠭᠲᠡᠶ᠃
ᠣᠷᠣᠨ ᠨᠤᠲᠤᠭ᠎ᠤᠨ ᠴᠢᠨᠠᠷᠲᠠᠶ ᠬᠠᠤᠯᠢ ᠲᠣᠭᠲᠠᠭ᠋ᠠᠯ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠲᠠ ᠬᠥᠳᠡᠭᠡ ᠵᠢᠨ ᠲᠥᠯᠥᠪᠵᠢᠭᠦᠯᠭᠡ ᠵᠢᠨ ᠳᠦᠷᠢᠮ》 (2013 ᠣᠨ᠎ᠤ 7 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠂ ᠭᠤᠴᠢᠨ ᠨᠢᠭᠡᠳᠦᠭᠡᠷ ᠵᠦᠢ᠍ᠯ ᠤᠯᠤᠰ᠎ᠤᠨ ᠲᠣᠭᠲᠠᠭ᠋ᠠᠯ᠎ᠢ ᠦᠨᠳᠦᠰᠦᠯᠡᠨ ᠵᠥᠪᠰᠢᠶᠡᠷᠡᠬᠦ ᠪᠤᠶᠤ ᠬᠢᠨᠠᠨ ᠵᠥᠪᠰᠢᠶᠡᠷᠡᠬᠦ ᠴᠢᠬᠤᠯᠠᠲᠠᠢ ᠪᠦᠳᠦᠭᠡᠨ ᠪᠠᠶ᠋ᠢᠭᠤᠯᠤᠯᠲᠠ ᠵᠢᠨ ᠲᠦᠰᠦᠯ᠂ ᠬᠤᠪᠢᠶᠠᠷᠢᠯᠠᠨ ᠥᠭᠬᠦ ᠬᠡᠯᠪᠡᠷᠢ᠎ᠪᠠᠷ ᠤᠯᠤᠰ᠎ᠤᠨ ᠥᠮᠴᠢᠯᠡᠯ᠎ᠤᠨ ᠭᠠᠵᠠᠷ ᠰᠢᠷᠣᠢ ᠵᠢᠨ ᠬᠡᠷᠡᠭᠯᠡᠬᠦ ᠡᠷᠬᠡ ᠵᠢ ᠣᠯᠭᠣᠭᠰᠠᠨ᠂ ᠪᠦᠳᠦᠭᠡᠠ ᠪᠠᠶ᠋ᠢᠭᠤᠯᠬᠤ ᠨᠢᠭᠡᠴᠢ᠎ᠨᠢ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠤ ᠮᠡᠳᠡᠭᠦᠯᠦᠨ ᠬᠦᠷᠭᠡᠵᠦ ᠵᠥᠪᠰᠢᠶᠡᠷᠡᠭᠦᠯᠬᠦ ᠪᠤᠶᠤ ᠬᠢᠨᠠᠨ ᠵᠥᠪᠰᠢᠶᠡᠷᠡᠭᠦᠯᠬᠦ᠎ᠠᠴᠠ ᠡᠮᠦᠨ᠎ᠡ᠂ ᠳᠣᠣᠷ᠎ᠠ ᠵᠢᠭᠰᠠᠭ᠋ᠠᠭᠰᠠᠨ ᠲᠣᠭᠲᠠᠭ᠋ᠠᠯ ᠶᠣᠰᠣᠭ᠋ᠠᠷ ᠬᠣᠯᠪᠣᠭᠳᠠᠯ ᠪᠥᠬᠥᠢ ᠬᠣᠳᠠ ᠬᠥᠳᠡᠭᠡ ᠵᠢᠨ ᠲᠥᠯᠥᠪᠵᠢᠭᠦᠯᠭᠡ ᠵᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠲᠤ ᠭᠠᠵᠠᠷ ᠰᠣᠩᠭᠣᠬᠤ ᠰᠠᠨᠠᠯ᠎ᠤᠨ ᠪᠢᠴᠢᠭ᠎ᠢ ᠬᠢᠨᠠᠨ ᠣᠯᠭᠣᠬᠤ ᠵᠢ ᠭᠤᠶᠤᠴᠢᠯᠠᠨ᠎ᠠ᠄ (ᠨᠢᠭᠡ) ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠥᠬᠥᠢ ᠰᠠᠯᠠᠭ᠎ᠠ ᠮᠥᠴᠢᠷ᠎ᠠᠴᠠ ᠵᠥᠪᠰᠢᠶᠡᠷᠡᠭᠰᠡᠨ ᠪᠤᠶᠤ ᠬᠢᠨᠠᠨ ᠵᠥᠪᠰᠢᠶᠡᠷᠡᠭᠰᠡᠨ ᠪᠥᠳᠥᠭᠡᠨ ᠪᠠᠶ᠋ᠢᠭᠤᠯᠤᠯᠲᠠ ᠵᠢᠨ ᠵᠦᠢ᠍ᠯᠡᠰ᠂ ᠪᠦᠲᠦᠭᠡᠨ ᠪᠠᠶ᠋ᠢᠭᠤᠯᠤᠯᠲᠠ ᠵᠢᠨ ᠲᠦᠰᠦᠯ᠎ᠤᠨ ᠪᠠᠶ᠋ᠢᠭ᠎ᠠ ᠭᠠᠵᠠᠷ᠎ᠤᠨ ᠠᠶ᠋ᠢᠮᠠᠭ ᠬᠣᠲᠠ᠂ ᠬᠣᠰᠢᠭᠤ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠣᠲᠠ ᠬᠥᠳᠡᠭᠡ ᠵᠢᠨ ᠲᠥᠯᠥᠪᠵᠢᠭᠦᠯᠭᠡ ᠵᠢ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠂ ᠠᠩᠬᠠᠨ᠎ᠤ ᠬᠢᠨᠠᠯᠲᠠ ᠵᠢᠨ ᠰᠠᠨᠠᠯ ᠳᠤᠷᠠᠳᠬᠤ᠂ ᠪᠠᠰᠠ ᠱᠠᠲᠤ ᠳᠠᠷᠠᠭ᠋ᠠᠯᠠᠨ ᠳᠡᠭᠡᠭᠰᠢ ᠮᠡᠳᠡᠭᠦᠯᠦᠨ᠎ᠡ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠣᠲᠠ ᠬᠥᠳᠡᠭᠡ ᠵᠢᠨ ᠲᠥᠯᠥᠪᠵᠢᠭᠦᠯᠭᠡ ᠵᠢ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠭᠠᠵᠠᠷ ᠰᠣᠩᠭᠣᠬᠤ ᠰᠠᠨᠠᠯ᠎ᠤᠨ ᠪᠢᠴᠢᠭ ᠬᠢᠨᠠᠨ ᠲᠠᠷᠬᠠᠭ᠋ᠠᠨ᠎ᠠ; (ᠬᠣᠶᠠᠷ) ᠬᠣᠲᠠ᠂ ᠬᠣᠰᠢᠭᠤ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠵᠥᠪᠰᠢᠶᠡᠷᠡᠭᠰᠡᠨ ᠪᠤᠶᠤ ᠬᠢᠨᠠᠨ ᠵᠥᠪᠰᠢᠶᠡᠷᠡᠭᠰᠡᠨ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠎ᠳᠤ ᠠᠳᠠᠯᠢ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠣᠲᠠ ᠬᠥᠳᠡᠭᠡ ᠵᠢᠨ ᠲᠥᠯᠥᠪᠵᠢᠭᠦᠯᠭᠡ ᠵᠢ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠭᠠᠵᠠᠷ ᠰᠣᠩᠭᠣᠬᠤ ᠰᠠᠨᠠᠯ᠎ᠤᠨ ᠪᠢᠴᠢᠭ ᠬᠢᠨᠠᠨ ᠲᠠᠷᠬᠠᠭ᠋ᠠᠨ᠎ᠠ᠃
ᠵᠠᠰᠠᠭ᠎ᠤᠨ ᠣᠷᠳᠣᠨ᠎ᠤ ᠳᠦᠷᠢᠮ ᠲᠣᠭᠲᠠᠭ᠋ᠠᠯ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠦᠲᠦᠭᠡᠨ ᠪᠠᠶ᠋ᠢᠭᠤᠯᠤᠯᠲᠠ ᠵᠢᠨ ᠲᠦᠰᠦᠯ᠎ᠤᠨ ᠭᠠᠵᠠᠷ ᠰᠣᠩᠭᠣᠬᠤ ᠲᠥᠯᠥᠪᠵᠢᠭᠦᠯᠭᠡ ᠵᠢᠨ ᠬᠠᠮᠢᠶᠠᠷᠤᠯᠲᠠ ᠵᠢᠨ ᠠᠷᠭ᠎ᠠ》 (ᠥᠪᠥᠷ ᠪᠠᠶ᠋ᠢᠭᠤᠯᠤᠯᠲᠠ ᠲᠥᠯᠥᠪᠵᠢᠭᠦᠯᠭᠡ [ 2009 ] 338 ᠳ᠋ᠤᠭ᠋ᠠᠷ ᠲᠣᠭ᠋ᠠᠲᠤ) ᠵᠢᠨ ᠬᠣᠶᠠᠳᠤᠭ᠋ᠠᠷ ᠵᠦᠢ᠍ᠯ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠣᠷᠣᠨ ᠪᠦᠰᠡ᠂ ᠪᠦᠲᠦᠭᠡᠨ ᠪᠠᠶ᠋ᠢᠭᠤᠯᠬᠤ ᠨᠢᠭᠡᠴᠡ ᠪᠤᠶᠤ ᠬᠤᠪᠢ ᠬᠥᠮᠦᠨ (ᠳᠣᠷᠣᠭᠰᠢ ᠭᠤᠶᠤᠴᠢᠯᠠᠭᠴᠢ ᠭᠡᠵᠦ ᠲᠣᠪᠴᠢᠯᠠᠨ᠎ᠠ)᠎ᠳᠤ ᠰᠢᠨ᠎ᠡ᠎ᠪᠠᠷ ᠪᠠᠶ᠋ᠢᠭᠤᠯᠬᠤ᠂ ᠥᠷᠭᠡᠳᠬᠡᠨ ᠪᠠᠶ᠋ᠢᠭᠤᠯᠬᠤ ᠪᠠ ᠥᠭᠡᠷᠡᠴᠢᠯᠡᠨ ᠪᠠᠶ᠋ᠢᠭᠤᠯᠬᠤ ᠡᠯ᠎ᠡ ᠲᠥᠷᠥᠯ᠎ᠤᠨ ᠪᠦᠲᠦᠭᠡᠨ ᠪᠠᠶ᠋ᠢᠭᠤᠯᠤᠯᠲᠠ ᠵᠢᠨ ᠲᠦᠰᠦᠯ (ᠳᠣᠷᠣᠭᠰᠢ ᠪᠦᠲᠦᠭᠡᠨ ᠪᠠᠶ᠋ᠢᠭᠤᠯᠤᠯᠲᠠ ᠵᠢᠨ ᠲᠦᠰᠦᠯ ᠭᠡᠵᠦ ᠲᠣᠪᠴᠢᠯᠠᠨ᠎ᠠ)᠂ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠬᠣᠲᠠ ᠬᠥᠳᠡᠭᠡ ᠵᠢᠨ ᠲᠥᠯᠥᠪᠵᠢᠭᠦᠯᠭᠡ ᠵᠢᠨ ᠬᠠᠤᠯᠢ》 ᠵᠢᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠭᠠᠵᠠᠷ ᠰᠣᠩᠭᠣᠬᠤ᠎ᠪᠠᠷ ᠭᠤᠶᠤᠴᠢᠯᠠᠬᠤ ᠴᠢᠬᠤᠯᠠᠲᠠᠢ ᠪᠣᠯ ᠲᠤᠰ ᠠᠷᠭ᠎ᠠ ᠵᠢ ᠵᠢᠷᠤᠮᠯᠠᠬᠤ ᠬᠡᠷᠡᠭᠲᠡᠶ᠃ ᠬᠠᠤᠯᠢ ᠴᠠᠭ᠋ᠠᠵᠠ᠂ ᠬᠠᠤᠯᠢ ᠲᠣᠭᠲᠠᠭ᠋ᠠᠯ ᠪᠣᠯᠤᠨ ᠤᠯᠤᠰ᠎ᠠᠴᠠ ᠠᠰᠲᠠᠭᠠᠨ ᠲᠣᠭᠲᠠᠭ᠋ᠠᠯ᠎ᠲᠠᠢ ᠪᠣᠯ ᠲᠡᠷᠡ ᠲᠣᠭᠲᠠᠭ᠋ᠠᠯ᠎ᠢ᠎ᠨᠢ ᠳᠠᠭ᠋ᠠᠬᠤ ᠬᠡᠷᠡᠭᠲᠡᠶ᠃ ᠳᠥᠷᠪᠡᠳᠦᠭᠡᠷ ᠵᠦᠢ᠍ᠯ ᠬᠣᠯᠪᠣᠭᠳᠠᠯ ᠪᠦᠬᠦᠢ ᠰᠠᠯᠠᠭ᠎ᠠ ᠮᠥᠴᠢᠷ ᠪᠦᠲᠦᠭᠡᠨ ᠪᠠᠶ᠋ᠢᠭᠤᠯᠬᠤ ᠲᠦᠰᠦᠯ᠎ᠢ ᠵᠥᠪᠰᠢᠶᠡᠷᠡᠬᠦ ᠪᠤᠶᠤ ᠬᠢᠨᠠᠨ ᠵᠥᠪᠰᠢᠶᠡᠷᠡᠬᠦ᠎ᠠᠴᠠ ᠡᠮᠦᠨ᠎ᠡ᠂ ᠭᠤᠶᠤᠴᠢᠯᠠᠭᠴᠢ᠎ᠨᠢ ᠬᠣᠲᠠ ᠬᠥᠳᠡᠭᠡ ᠵᠢᠨ ᠲᠥᠯᠥᠪᠵᠢᠭᠦᠯᠭᠡ ᠵᠢᠨ ᠵᠠᠰᠠᠭ ᠵᠠᠬᠢᠷᠭ᠋ᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠪᠦᠲᠦᠭᠡᠨ ᠪᠠᠶ᠋ᠢᠭᠤᠯᠬᠤ ᠲᠦᠰᠦᠯ᠎ᠤᠨ ᠭᠠᠵᠠᠷ ᠰᠣᠩᠭᠣᠬᠤ ᠭᠤᠶᠤᠴᠢᠯᠠᠯ ᠵᠶ᠋ᠠᠨ ᠳᠤᠷᠠᠳᠬᠤ ᠬᠡᠷᠡᠭᠲᠡᠢ᠃ ᠳᠠᠩᠰᠠᠯᠠᠭᠤᠯᠬᠤ᠎ᠳᠤ ᠬᠠᠷᠢᠶᠠᠯᠠᠭᠳᠠᠬᠤ ᠪᠦᠲᠦᠭᠡᠨ ᠪᠠᠶ᠋ᠢᠭᠤᠯᠤᠯᠲᠠ ᠵᠢᠨ ᠲᠦᠰᠦᠯ᠎ᠢ ᠪᠣᠯ ᠪᠦᠲᠦᠭᠡᠨ ᠪᠠᠶ᠋ᠢᠭᠤᠯᠤᠯᠲᠠ ᠵᠢᠨ ᠲᠦᠰᠦᠯ᠎ᠢ ᠳᠠᠩᠰᠠᠯᠠᠭᠤᠯᠤᠭᠰᠠᠨ᠎ᠤ ᠳᠠᠷᠠᠭ᠎ᠠ᠂ ᠭᠤᠶᠤᠴᠢᠯᠠᠭᠴᠢ ᠪᠠᠰᠠ ᠬᠣᠲᠠ ᠬᠥᠳᠡᠭᠡ ᠵᠢᠨ ᠲᠥᠯᠥᠪᠵᠢᠭᠦᠯᠭᠡ ᠵᠢᠨ ᠵᠠᠰᠠᠭ ᠵᠠᠬᠢᠷᠭ᠋ᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠪᠦᠲᠦᠭᠡᠨ ᠪᠠᠶ᠋ᠢᠭᠤᠯᠤᠯᠲᠠ ᠵᠢᠨ ᠲᠦᠰᠦᠯ᠎ᠤᠨ ᠭᠠᠵᠠᠷ ᠰᠣᠩᠭᠣᠬᠤ ᠭᠤᠶᠤᠴᠢᠯᠠᠯ ᠵᠶ᠋ᠠᠨ ᠳᠤᠷᠠᠳᠬᠤ ᠬᠡᠷᠡᠭᠲᠡᠶ᠃
ᠲᠦᠷᠢᠮ ᠲᠣᠭᠲᠠᠭ᠋ᠠᠯ᠎ᠤᠨ ᠪᠢᠴᠢᠭ ᠮᠠᠲ᠋ᠧᠷᠢᠶᠠᠯ 《ᠣᠯᠠᠨ ᠲᠥᠯᠥᠪᠵᠢᠭᠦᠯᠭᠡ ᠵᠢ ᠨᠡᠶ᠋ᠢᠯᠡᠭᠦᠯᠦᠨ ᠨᠢᠭᠡ ᠪᠣᠯᠭ᠋ᠠᠬᠤ》᠎ᠪᠠᠷ ᠰᠠᠭᠤᠷᠢ ᠪᠣᠯᠭ᠋ᠠᠨ ᠲᠥᠯᠥᠪᠵᠢᠭᠦᠯᠭᠡ᠎ᠳᠤ ᠬᠡᠷᠡᠭᠯᠡᠬᠦ ᠭᠠᠵᠠᠷ᠎ᠤᠨ 《ᠣᠯᠠᠨ ᠬᠢᠨᠠᠯᠲᠠ ᠵᠢ ᠨᠡᠶ᠋ᠢᠯᠡᠭᠦᠯᠦᠨ ᠨᠢᠭᠡ ᠪᠣᠯᠭ᠋ᠠᠵᠤ᠂ ᠣᠯᠠᠨ ᠦᠨᠡᠮᠯᠡᠯ᠎ᠢ ᠨᠡᠶ᠋ᠢᠯᠡᠭᠦᠯᠦᠨ ᠨᠢᠭᠡ ᠪᠣᠯᠭ᠋ᠠᠬᠤ》 ᠥᠭᠡᠷᠡᠴᠢᠯᠡᠯᠲᠡ ᠵᠢ ᠠᠬᠢᠭᠤᠯᠬᠤ ᠲᠤᠬᠠᠶ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ᠎ᠤ ᠮᠡᠳᠡᠭᠳᠡᠯ》 (ᠪᠠᠶ᠋ᠢᠭ᠋ᠠᠯᠢ ᠡᠬᠢ ᠲᠣᠭᠲᠠᠭ᠋ᠠᠯ [ 2019 ] 2 ᠳ᠋ᠤᠭ᠋ᠠᠷ ᠲᠣᠭ᠋ᠠᠲᠤ) 《ᠨᠢᠭᠡ᠂ ᠨᠡᠶ᠋ᠢᠯᠡᠭᠦᠯᠦᠨ ᠲᠥᠯᠥᠪᠵᠢᠭᠦᠯᠦᠨ ᠭᠠᠵᠠᠷ ᠰᠣᠩᠭᠣᠬᠤ ᠪᠠ ᠬᠡᠷᠡᠭᠯᠡᠬᠦ ᠭᠠᠵᠠᠷ᠎ᠢ ᠤᠷᠢᠳᠴᠢᠯᠠᠨ ᠬᠢᠨᠠᠬᠤ ᠪᠥᠲᠥᠭᠡᠨ ᠪᠠᠶ᠋ᠢᠭᠤᠯᠤᠯᠲᠠ ᠵᠢᠨ ᠲᠦᠰᠦᠯ᠎ᠤᠨ ᠭᠠᠵᠠᠷ ᠰᠣᠩᠭᠣᠬᠤ ᠰᠠᠨᠠᠯ᠎ᠤᠨ ᠪᠢᠴᠢᠭ᠂ ᠪᠥᠲᠥᠭᠡᠨ ᠪᠠᠶ᠋ᠢᠭᠤᠯᠤᠯᠲᠠ ᠵᠢᠨ ᠲᠦᠰᠦᠯ᠎ᠳᠤ ᠬᠡᠷᠡᠭᠯᠡᠬᠦ ᠭᠠᠵᠠᠷ᠎ᠢ ᠤᠷᠢᠳᠴᠢᠯᠠᠨ ᠬᠢᠨᠠᠬᠤ ᠰᠠᠨᠠᠯ᠎ᠢ ᠨᠡᠶ᠋ᠢᠯᠡᠭᠦᠯᠵᠦ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠪᠥᠲᠥᠭᠡᠨ ᠪᠠᠶ᠋ᠢᠭᠤᠯᠤᠯᠲᠠ ᠵᠢᠨ ᠲᠦᠰᠦᠯ᠎ᠳᠤ ᠬᠡᠷᠡᠭᠯᠡᠬᠦ ᠭᠠᠵᠠᠷ᠎ᠢ ᠤᠷᠢᠳᠴᠢᠯᠠᠨ ᠬᠢᠨᠠᠬᠤ ᠪᠠ ᠭᠠᠵᠠᠷ ᠰᠣᠩᠭᠣᠬᠤ ᠰᠠᠨᠠᠯ᠎ᠤᠨ ᠪᠢᠴᠢᠭ᠎ᠢ ᠨᠢᠭᠡᠳᠦᠯᠲᠡᠶ ᠬᠢᠨᠠᠨ ᠲᠠᠷᠬᠠᠭ᠋ᠠᠵᠤ᠂ ᠪᠥᠲᠥᠭᠡᠨ ᠪᠠᠶ᠋ᠢᠭᠤᠯᠤᠯᠲᠠ ᠵᠢᠨ ᠲᠦᠰᠦᠯ᠎ᠳᠤ ᠭᠠᠵᠠᠷ ᠰᠣᠩᠭᠣᠬᠤ ᠰᠠᠨᠠᠯ᠎ᠤᠨ ᠪᠢᠴᠢᠭ᠂ ᠪᠥᠲᠥᠭᠡᠨ ᠪᠠᠶ᠋ᠢᠭᠤᠯᠤᠯᠲᠠ ᠵᠢᠨ ᠲᠦᠰᠦᠯ᠎ᠳᠤ ᠬᠡᠷᠡᠭᠯᠡᠬᠦ ᠭᠠᠵᠠᠷ᠎ᠢ ᠤᠷᠢᠳᠴᠢᠯᠠᠨ ᠬᠢᠨᠠᠬᠤ ᠰᠠᠨᠠᠯ᠎ᠢ ᠠᠰᠲᠤᠨᠢ ᠬᠠᠷᠭᠤᠭᠤᠯᠤᠨ ᠲᠠᠷᠬᠠᠭ᠋ᠠᠬᠤ ᠥᠬᠡᠶ᠃》᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠤᠨ 《〈ᠣᠯᠠᠨ ᠲᠥᠯᠥᠪᠵᠢᠭᠦᠯᠭᠡ ᠵᠢ ᠨᠡᠶ᠋ᠢᠯᠡᠭᠦᠯᠦᠨ ᠨᠢᠭᠡ ᠪᠣᠯᠭ᠋ᠠᠬᠤ〉 ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ᠎ᠪᠠᠷ ᠰᠠᠭᠤᠷᠢ ᠪᠣᠯᠭ᠋ᠠᠨ ᠲᠥᠯᠥᠪᠵᠢᠭᠦᠯᠭᠡ᠎ᠳᠤ ᠬᠡᠷᠡᠭᠯᠡᠬᠦ ᠭᠠᠵᠠᠷ᠎ᠤᠨ 〈ᠣᠯᠠᠨ ᠬᠢᠨᠠᠯᠲᠠ ᠵᠢ ᠨᠡᠶ᠋ᠢᠯᠡᠭᠦᠯᠦᠨ ᠨᠢᠭᠡ ᠪᠣᠯᠭ᠋ᠠᠵᠤ᠂ ᠦᠨᠡᠮᠯᠡᠯ〉᠎ᠤᠨ ᠥᠭᠡᠷᠡᠴᠢᠯᠡᠯᠲᠡ ᠵᠢᠨ ᠠᠵᠢᠯ᠎ᠢ ᠠᠬᠢᠭᠤᠯᠬᠤ ᠲᠤᠬᠠᠶ ᠮᠡᠳᠡᠭᠳᠡᠯ》 (ᠥᠪᠥᠷ ᠪᠠᠶ᠋ᠢᠭ᠋ᠠᠯᠢ ᠡᠬᠢ ᠥᠰᠥᠭ [ 2019 ] 562 ᠳ᠋ᠤᠭ᠋ᠠᠷ ᠲᠣᠭ᠋ᠠᠲᠤ)᠎ᠤᠨ 《ᠨᠢᠭᠡ᠂ ᠨᠡᠶ᠋ᠢᠯᠡᠭᠦᠯᠦᠨ ᠲᠥᠯᠥᠪᠵᠢᠭᠦᠯᠬᠦ ᠭᠠᠵᠠᠷ ᠰᠣᠩᠭᠣᠬᠤ ᠪᠠ ᠬᠡᠷᠡᠭᠯᠡᠬᠦ ᠭᠠᠵᠠᠷ᠎ᠢ ᠤᠷᠢᠳᠴᠢᠯᠠᠨ ᠬᠢᠨᠠᠬᠤ᠎ᠳᠤ ᠬᠡᠷᠡᠭᠯᠡᠬᠦ ᠭᠠᠵᠠᠷ᠎ᠢ ᠤᠷᠢᠳᠴᠢᠯᠠᠨ ᠬᠢᠨᠠᠬᠤ ᠪᠠ ᠲᠥᠯᠥᠪᠵᠢᠭᠦᠯᠬᠦ ᠭᠠᠵᠠᠷ ᠰᠣᠩᠭᠣᠬᠤ ᠵᠢ ᠨᠡᠶ᠋ᠢᠯᠡᠭᠦᠯᠵᠦ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠰᠠᠯᠠᠭ᠎ᠠ ᠮᠥᠴᠢᠷ᠎ᠠᠴᠠ ᠪᠥᠲᠥᠭᠡᠨ ᠪᠠᠶ᠋ᠢᠭᠤᠯᠤᠯᠲᠠ ᠵᠢᠨ ᠲᠦᠰᠦᠯ᠎ᠳᠤ ᠬᠡᠷᠡᠭᠯᠡᠬᠦ ᠭᠠᠵᠠᠷ᠎ᠢ ᠤᠷᠢᠳᠴᠢᠯᠠᠨ ᠬᠢᠨᠠᠬᠤ ᠪᠠ ᠭᠠᠵᠠᠷ ᠰᠣᠩᠭᠣᠬᠤ ᠰᠠᠨᠠᠯ᠎ᠤᠨ ᠪᠢᠴᠢᠭ᠎ᠢ ᠨᠢᠭᠡᠳᠦᠯᠲᠡᠶ ᠬᠢᠨᠠᠨ ᠣᠯᠭᠣᠵᠤ᠂ ᠬᠡᠷᠡᠭᠯᠡᠬᠦ ᠭᠠᠵᠠᠷ᠎ᠢ ᠤᠷᠢᠳᠴᠢᠯᠠᠨ ᠬᠢᠨᠠᠬᠤ ᠰᠠᠨᠠᠯ ᠪᠠ ᠲᠥᠯᠥᠪᠵᠢᠭᠦᠯᠭᠡ ᠭᠠᠵᠠᠷ ᠰᠣᠩᠭᠣᠬᠤ ᠰᠠᠨᠠᠯ᠎ᠤᠨ ᠪᠢᠴᠢᠭ᠎ᠢ ᠠᠰᠲᠤᠨᠢ ᠬᠢᠨᠠᠨ ᠣᠯᠭᠣᠬᠤ ᠥᠬᠡᠶ᠃
ᠰᠦᠢ᠍ᠳᠬᠡᠯ ᠬᠤᠷᠢᠶᠠᠬᠤ ᠪᠠᠷᠢᠮᠵᠢᠶ᠎ᠠ ᠪᠣᠯᠤᠨ ᠦᠨᠳᠦᠰᠦᠯᠡᠯ
ᠰᠦᠢ᠍ᠳᠬᠡᠯ ᠬᠤᠷᠢᠶᠠᠬᠤ ᠪᠠᠷᠢᠮᠵᠢᠶ᠎ᠠ ᠪᠠ ᠦᠨᠳᠦᠰᠦᠯᠡᠯ ᠲᠦᠷ ᠪᠠᠶ᠋ᠢᠬᠤ ᠦᠭᠡᠢ
ᠰᠢᠢ᠍ᠳᠪᠦᠷᠢᠯᠡᠬᠦ ᠶᠠᠪᠤᠴᠠ : ᠲᠢᠩᠬᠢᠮ᠎ᠳᠤ ᠪᠢᠴᠢᠭ᠎ᠢ ᠭᠥᠯᠢᠶᠡᠨ ᠠᠪᠬᠤ — ᠬᠠᠮᠲᠤᠷᠠᠨ ᠭᠠᠷᠤᠨ ᠥᠰᠥᠭ ᠵᠢᠷᠤᠬᠤ — ᠳᠠᠭ᠋ᠠᠭ᠋ᠠᠨ ᠬᠢᠭᠴᠢ ᠠᠩᠬ᠎ᠠ ᠬᠢᠨᠠᠬᠤ — ᠭᠠᠵᠠᠷ᠎ᠤᠨ ᠳᠠᠷᠤᠭ᠎ᠠ ᠬᠢᠨᠠᠬᠤ — ᠭᠤᠤᠯᠴᠢᠯᠠᠨ ᠬᠠᠮᠢᠶᠠᠷᠬᠤ ᠲᠢᠩᠬᠢᠮ᠎ᠤᠨ ᠳᠠᠷᠤᠭ᠎ᠠ ᠭᠠᠷᠤᠨ ᠥᠰᠥᠭ ᠵᠢᠷᠤᠵᠤ ᠶᠠᠪᠤᠭᠤᠯᠤᠨ᠎ᠠ᠃
ᠲᠢᠩᠬᠢᠮ᠎ᠳᠤ ᠪᠢᠴᠢᠭ᠎ᠢ ᠭᠥᠯᠢᠶᠡᠨ ᠠᠪᠬᠤ᠃ ᠵᠤᠤ ᠸᠸᠢ ᠺᠧ᠂ ᠵᠣᠣ ᠺᠠᠶ᠂ ᠹᠦ᠋ ᠴᠢᠤᠸᠠᠨ ᠶᠢᠤ᠂ ᠮᠠ ᠯᠢᠩ᠂ 1 ᠠᠵᠢᠯ᠎ᠤᠨ ᠡᠳᠦᠷ᠃ 1. ᠭᠤᠶᠤᠴᠢᠯᠠᠯ᠎ᠤᠨ ᠮᠠᠲ᠋ᠧᠷᠢᠶᠠᠯ᠎ᠨᠢ ᠪᠦᠷᠢᠨ ᠭᠦᠢ᠍ᠴᠡᠳ ᠡᠰᠡᠬᠦ᠂ ᠬᠠᠤᠯᠢ᠎ᠪᠠᠷ ᠲᠣᠭᠲᠠᠭ᠋ᠠᠭᠰᠠᠨ ᠬᠡᠯᠪᠡᠷᠢ᠎ᠳᠤ ᠨᠡᠶ᠋ᠢᠴᠡᠬᠦ ᠡᠰᠡᠬᠦ᠃ 1. ᠭᠤᠶᠤᠴᠢᠯᠠᠭᠴᠢ ᠵᠢᠨ ᠭᠤᠶᠤᠴᠢᠯᠠᠯ᠎ᠨᠢ ᠬᠠᠤᠯᠢ᠎ᠪᠠᠷ ᠲᠣᠭᠲᠠᠭ᠋ᠠᠭᠰᠠᠨ ᠨᠥᠬᠥᠴᠡᠯ᠂ ᠪᠠᠷᠢᠮᠵᠢᠶ᠎ᠠ᠎ᠳᠤ ᠨᠡᠶ᠋ᠢᠴᠡᠵᠦ ᠪᠠᠶ᠋ᠢᠪᠠᠯ ᠪᠠᠲᠤᠯᠠᠨ᠎ᠠ; 2. ᠭᠤᠶᠤᠴᠢᠯᠠᠭᠴᠢ ᠵᠢᠨ ᠭᠤᠶᠤᠴᠢᠯᠠᠯ᠎ᠨᠢ ᠬᠠᠤᠯᠢ᠎ᠪᠠᠷ ᠲᠣᠭᠲᠠᠭ᠋ᠠᠭᠰᠠᠨ ᠨᠥᠬᠥᠴᠡᠯ᠂ ᠪᠠᠷᠢᠮᠵᠢᠶ᠎ᠠ᠎ᠳᠤ ᠨᠡᠶ᠋ᠢᠴᠡᠬᠦ ᠦᠭᠡᠢ ᠪᠠᠶ᠋ᠢᠪᠠᠯ ᠪᠠᠲᠤᠯᠠᠬᠤ ᠦᠭᠡᠢ᠃ ᠣᠨᠴᠠᠭ᠋ᠠᠢ ᠭᠠᠷᠳᠠᠮ᠎ᠤᠨ ᠭᠣᠭᠴᠤᠭ᠎ᠠ ᠣᠷᠤᠰᠢᠬᠤ ᠦᠭᠡᠢ᠃
ᠬᠠᠮᠲᠤᠷᠠᠨ ᠭᠠᠷᠤᠨ ᠥᠰᠥᠭ ᠵᠢᠷᠤᠬᠤ᠃ ᠵᠠᠩ ᠮᠢᠨ᠂ ᠸᠧᠨ ᠲᠤᠤ᠂ ᠵᠠᠩ ᠳ᠋ᠦᠩ ᠮᠢᠨ᠂ ᠼᠦᠢ ᠵᠧᠨ ᠵᠢᠶᠦ᠋ᠨ᠂ ᠱᠸᠨ ᠬᠣᠩ ᠮᠧᠢ᠂ ᠯᠢ ᡁᠢ ᠴᠢᠶᠠᠩ᠂ ᠯᠢᠦ ᠶᠢᠤ ᠴᠢᠶᠠᠨ᠂ ᠵᠤᠤ ᠯᠢ ᠬᠤᠢ᠂ ᠯᠢᠦ ᠪᠢᠨ᠃ 3 ᠠᠵᠢᠯ᠎ᠤᠨ ᠡᠳᠦᠷ᠃ 1. ᠭᠤᠶᠤᠴᠢᠯᠠᠯ᠎ᠤᠨ ᠮᠠᠲ᠋ᠧᠷᠢᠶᠠᠯ᠎ᠨᠢ ᠪᠦᠷᠢᠨ ᠭᠦᠢ᠍ᠴᠡᠳ ᠡᠰᠡᠬᠦ᠂ ᠬᠠᠤᠯᠢ᠎ᠪᠠᠷ ᠲᠣᠭᠲᠠᠭ᠋ᠠᠭᠰᠠᠨ ᠬᠡᠯᠪᠡᠷᠢ᠎ᠳᠤ ᠨᠡᠶ᠋ᠢᠴᠡᠬᠦ ᠡᠰᠡᠬᠦ᠃ 1. ᠭᠤᠶᠤᠴᠢᠯᠠᠭᠴᠢ ᠵᠢᠨ ᠭᠤᠶᠤᠴᠢᠯᠠᠯ᠎ᠨᠢ ᠬᠠᠤᠯᠢ᠎ᠪᠠᠷ ᠲᠣᠭᠲᠠᠭ᠋ᠠᠭᠰᠠᠨ ᠨᠥᠬᠥᠴᠡᠯ᠂ ᠪᠠᠷᠢᠮᠵᠢᠶ᠎ᠠ᠎ᠳᠤ ᠨᠡᠶ᠋ᠢᠴᠡᠵᠦ ᠪᠠᠶ᠋ᠢᠪᠠᠯ ᠪᠠᠲᠤᠯᠠᠨ᠎ᠠ; 2. ᠭᠤᠶᠤᠴᠢᠯᠠᠭᠴᠢ ᠵᠢᠨ ᠭᠤᠶᠤᠴᠢᠯᠠᠯ᠎ᠨᠢ ᠬᠠᠤᠯᠢ᠎ᠪᠠᠷ ᠲᠣᠭᠲᠠᠭ᠋ᠠᠭᠰᠠᠨ ᠨᠥᠬᠥᠴᠡᠯ᠂ ᠪᠠᠷᠢᠮᠵᠢᠶ᠎ᠠ᠎ᠳᠤ ᠨᠡᠶ᠋ᠢᠴᠡᠬᠦ ᠦᠭᠡᠢ ᠪᠠᠶ᠋ᠢᠪᠠᠯ ᠪᠠᠲᠤᠯᠠᠬᠤ ᠦᠭᠡᠢ᠃ ᠣᠨᠴᠠᠭ᠋ᠠᠢ ᠭᠠᠷᠳᠠᠮ᠎ᠤᠨ ᠭᠣᠭᠴᠤᠭ᠎ᠠ ᠣᠷᠤᠰᠢᠬᠤ ᠦᠭᠡᠢ᠃
ᠳᠠᠭ᠋ᠠᠭ᠋ᠠᠨ ᠬᠢᠭᠴᠢ ᠠᠩᠬ᠎ᠠ ᠬᠢᠨᠠᠬᠤ᠃ ᠵᠣᠣ ᠯᠢ ᠬᠣᠶ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠤᠨ ᠥᠥ ᠫᠧᠩ᠃ 3 ᠠᠵᠢᠯ᠎ᠤᠨ ᠡᠳᠦᠷ᠃ 1. ᠭᠤᠶᠤᠴᠢᠯᠠᠯ᠎ᠤᠨ ᠮᠠᠲ᠋ᠧᠷᠢᠶᠠᠯ᠎ᠨᠢ ᠪᠦᠷᠢᠨ ᠭᠦᠢ᠍ᠴᠡᠳ ᠡᠰᠡᠬᠦ᠂ ᠬᠠᠤᠯᠢ᠎ᠪᠠᠷ ᠲᠣᠭᠲᠠᠭ᠋ᠠᠭᠰᠠᠨ ᠬᠡᠯᠪᠡᠷᠢ᠎ᠳᠤ ᠨᠡᠶ᠋ᠢᠴᠡᠬᠦ ᠡᠰᠡᠬᠦ᠃ 1. ᠭᠤᠶᠤᠴᠢᠯᠠᠭᠴᠢ ᠵᠢᠨ ᠭᠤᠶᠤᠴᠢᠯᠠᠯ᠎ᠨᠢ ᠬᠠᠤᠯᠢ᠎ᠪᠠᠷ ᠲᠣᠭᠲᠠᠭ᠋ᠠᠭᠰᠠᠨ ᠨᠥᠬᠥᠴᠡᠯ᠂ ᠪᠠᠷᠢᠮᠵᠢᠶ᠎ᠠ᠎ᠳᠤ ᠨᠡᠶ᠋ᠢᠴᠡᠵᠦ ᠪᠠᠶ᠋ᠢᠪᠠᠯ ᠪᠠᠲᠤᠯᠠᠨ᠎ᠠ; 2. ᠭᠤᠶᠤᠴᠢᠯᠠᠭᠴᠢ ᠵᠢᠨ ᠭᠤᠶᠤᠴᠢᠯᠠᠯ᠎ᠨᠢ ᠬᠠᠤᠯᠢ᠎ᠪᠠᠷ ᠲᠣᠭᠲᠠᠭ᠋ᠠᠭᠰᠠᠨ ᠨᠥᠬᠥᠴᠡᠯ᠂ ᠪᠠᠷᠢᠮᠵᠢᠶ᠎ᠠ᠎ᠳᠤ ᠨᠡᠶ᠋ᠢᠴᠡᠬᠦ ᠦᠭᠡᠢ ᠪᠠᠶ᠋ᠢᠪᠠᠯ ᠪᠠᠲᠤᠯᠠᠬᠤ ᠦᠭᠡᠢ᠃ ᠣᠨᠴᠠᠭ᠋ᠠᠢ ᠭᠠᠷᠳᠠᠮ᠎ᠤᠨ ᠭᠣᠭᠴᠤᠭ᠎ᠠ ᠣᠷᠤᠰᠢᠬᠤ ᠦᠭᠡᠢ᠃
ᠭᠠᠵᠠᠷ᠎ᠤᠨ ᠳᠠᠷᠤᠭ᠎ᠠ ᠬᠢᠨᠠᠬᠤ᠃ ᠲᠢᠶᠠᠨ ᠶᠸ᠃ 1 ᠠᠵᠢᠯ᠎ᠤᠨ ᠡᠳᠦᠷ᠃ 1. ᠭᠤᠶᠤᠴᠢᠯᠠᠯ᠎ᠤᠨ ᠮᠠᠲ᠋ᠧᠷᠢᠶᠠᠯ᠎ᠨᠢ ᠪᠦᠷᠢᠨ ᠭᠦᠢ᠍ᠴᠡᠳ ᠡᠰᠡᠬᠦ᠂ ᠬᠠᠤᠯᠢ᠎ᠪᠠᠷ ᠲᠣᠭᠲᠠᠭ᠋ᠠᠭᠰᠠᠨ ᠬᠡᠯᠪᠡᠷᠢ᠎ᠳᠤ ᠨᠡᠶ᠋ᠢᠴᠡᠬᠦ ᠡᠰᠡᠬᠦ᠃ 1. ᠭᠤᠶᠤᠴᠢᠯᠠᠭᠴᠢ ᠵᠢᠨ ᠭᠤᠶᠤᠴᠢᠯᠠᠯ᠎ᠨᠢ ᠬᠠᠤᠯᠢ᠎ᠪᠠᠷ ᠲᠣᠭᠲᠠᠭ᠋ᠠᠭᠰᠠᠨ ᠨᠥᠬᠥᠴᠡᠯ᠂ ᠪᠠᠷᠢᠮᠵᠢᠶ᠎ᠠ᠎ᠳᠤ ᠨᠡᠶ᠋ᠢᠴᠡᠵᠦ ᠪᠠᠶ᠋ᠢᠪᠠᠯ ᠪᠠᠲᠤᠯᠠᠨ᠎ᠠ; 2. ᠭᠤᠶᠤᠴᠢᠯᠠᠭᠴᠢ ᠵᠢᠨ ᠭᠤᠶᠤᠴᠢᠯᠠᠯ᠎ᠨᠢ ᠬᠠᠤᠯᠢ᠎ᠪᠠᠷ ᠲᠣᠭᠲᠠᠭ᠋ᠠᠭᠰᠠᠨ ᠨᠥᠬᠥᠴᠡᠯ᠂ ᠪᠠᠷᠢᠮᠵᠢᠶ᠎ᠠ᠎ᠳᠤ ᠨᠡᠶ᠋ᠢᠴᠡᠬᠦ ᠦᠭᠡᠢ ᠪᠠᠶ᠋ᠢᠪᠠᠯ ᠪᠠᠲᠤᠯᠠᠬᠤ ᠦᠭᠡᠢ᠃ ᠣᠨᠴᠠᠭ᠋ᠠᠢ ᠭᠠᠷᠳᠠᠮ᠎ᠤᠨ ᠭᠣᠭᠴᠤᠭ᠎ᠠ ᠣᠷᠤᠰᠢᠬᠤ ᠦᠭᠡᠢ᠃
ᠭᠤᠤᠯᠯᠠᠨ ᠬᠠᠮᠢᠶᠠᠷᠬᠤ ᠲᠢᠩᠬᠢᠮ᠎ᠤᠨ ᠳᠠᠷᠤᠭ᠎ᠠ ᠭᠠᠷᠤᠨ ᠦᠰᠦᠭ ᠵᠢᠷᠤᠵᠤ ᠶᠠᠪᠤᠭᠤᠯᠤᠨ᠎ᠠ᠃ ᠵᠣᠣ ᠳ᠋ᠠ ᠶᠦᠩ ᠃ 2 ᠠᠵᠢᠯ᠎ᠤᠨ ᠡᠳᠦᠷ᠃ 1. ᠭᠤᠶᠤᠴᠢᠯᠠᠯ᠎ᠤᠨ ᠮᠠᠲ᠋ᠧᠷᠢᠶᠠᠯ᠎ᠨᠢ ᠪᠦᠷᠢᠨ ᠭᠦᠢ᠍ᠴᠡᠳ ᠡᠰᠡᠬᠦ᠂ ᠬᠠᠤᠯᠢ᠎ᠪᠠᠷ ᠲᠣᠭᠲᠠᠭ᠋ᠠᠭᠰᠠᠨ ᠬᠡᠯᠪᠡᠷᠢ᠎ᠳᠤ ᠨᠡᠶ᠋ᠢᠴᠡᠬᠦ ᠡᠰᠡᠬᠦ᠃ 1. ᠭᠤᠶᠤᠴᠢᠯᠠᠭᠴᠢ ᠵᠢᠨ ᠭᠤᠶᠤᠴᠢᠯᠠᠯ᠎ᠨᠢ ᠬᠠᠤᠯᠢ᠎ᠪᠠᠷ ᠲᠣᠭᠲᠠᠭ᠋ᠠᠭᠰᠠᠨ ᠨᠥᠬᠥᠴᠡᠯ᠂ ᠪᠠᠷᠢᠮᠵᠢᠶ᠎ᠠ᠎ᠳᠤ ᠨᠡᠶ᠋ᠢᠴᠡᠵᠦ ᠪᠠᠶ᠋ᠢᠪᠠᠯ ᠪᠠᠲᠤᠯᠠᠨ᠎ᠠ; 2. ᠭᠤᠶᠤᠴᠢᠯᠠᠭᠴᠢ ᠵᠢᠨ ᠭᠤᠶᠤᠴᠢᠯᠠᠯ᠎ᠨᠢ ᠬᠠᠤᠯᠢ᠎ᠪᠠᠷ ᠲᠣᠭᠲᠠᠭ᠋ᠠᠭᠰᠠᠨ ᠨᠥᠬᠥᠴᠡᠯ᠂ ᠪᠠᠷᠢᠮᠵᠢᠶ᠎ᠠ᠎ᠳᠤ ᠨᠡᠶ᠋ᠢᠴᠡᠬᠦ ᠦᠭᠡᠢ ᠪᠠᠶ᠋ᠢᠪᠠᠯ ᠪᠠᠲᠤᠯᠠᠬᠤ ᠦᠭᠡᠢ᠃ ᠣᠨᠴᠠᠭ᠋ᠠᠢ ᠭᠠᠷᠳᠠᠮ᠎ᠤᠨ ᠭᠣᠭᠴᠤᠭ᠎ᠠ ᠣᠷᠤᠰᠢᠬᠤ ᠦᠭᠡᠢ᠃
ᠬᠡᠷᠡᠭ ᠡᠷᠬᠢᠯᠡᠬᠦ ᠪᠠᠶ᠋ᠢᠳᠠᠯ ᠬᠢᠭᠡᠳ ᠮᠠᠲ᠋ᠧᠷᠢᠶᠠᠯ : ᠭᠠᠵᠠᠷ ᠬᠡᠷᠡᠭᠯᠡᠬᠦ ᠨᠢᠭᠡᠴᠢ ᠵᠢᠨ ᠭᠤᠶᠤᠴᠢᠯᠠᠯ᠎ᠤᠨ ᠬᠦᠰᠦᠨᠦᠭᠲᠦ᠂ ᠪᠦᠲᠦᠭᠡᠨ ᠪᠠᠶ᠋ᠢᠭᠤᠯᠤᠯᠲᠠ ᠵᠢᠨ ᠳᠥᠰᠦᠯ᠎ᠳᠤ ᠬᠡᠷᠡᠭᠯᠡᠬᠦ ᠭᠠᠵᠠᠷ᠎ᠢ ᠤᠷᠢᠳᠴᠢᠯᠠᠨ ᠬᠢᠨᠠᠬᠤ ᠪᠠ ᠭᠠᠵᠠᠷ ᠰᠣᠩᠭᠣᠬᠤ ᠰᠠᠨᠠᠯ᠎ᠤᠨ ᠪᠢᠴᠢᠭ᠎ᠤᠨ ᠭᠤᠶᠤᠴᠢᠯᠠᠯ᠎ᠤᠨ ᠮᠡᠳᠡᠭᠦᠯᠦᠯᠲᠡ᠂ ᠠᠶ᠋ᠢᠮᠠᠭ ᠬᠣᠲᠠ ᠪᠤᠶᠤ ᠡᠷᠬᠡ ᠵᠢ ᠥᠷᠭᠡᠳᠬᠡᠨ ᠰᠢᠶᠠᠨ᠎ᠢ ᠬᠦᠴᠦᠷᠬᠡᠭᠵᠢᠭᠦᠯᠬᠦ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠣᠪᠴᠢᠶ᠎ᠠ ᠵᠢᠨ ᠠᠩᠬ᠎ᠠ ᠬᠢᠨᠠᠭᠰᠠᠨ ᠰᠠᠨᠠᠯ᠂ ᠳᠥᠰᠦᠯ᠎ᠤᠨ ᠪᠦᠲᠦᠭᠡᠨ ᠪᠠᠶ᠋ᠢᠭᠤᠯᠤᠯᠲᠠ ᠵᠢᠨ ᠦᠨᠳᠦᠰᠦᠯᠡᠯ᠂ ᠲᠥᠰᠦᠯ᠎ᠤᠨ ᠬᠡᠷᠡᠭᠯᠡᠬᠦ ᠭᠠᠵᠠᠷ᠎ᠤᠨ ᠬᠢᠵᠠᠭ᠋ᠠᠷ᠎ᠤᠨ ᠮᠤᠷᠤᠶ᠋ᠢᠯᠲᠠ ᠵᠢᠨ ᠴᠡᠭ᠎ᠤᠨ ᠪᠠᠶ᠋ᠢᠷᠢᠰᠢᠯ᠎ᠤᠨ ᠬᠦᠰᠦᠨᠦᠭᠲᠦ (2000 ᠤᠯᠤᠰ᠎ᠠᠴᠠ ᠡᠬᠡ ᠭᠠᠵᠠᠷ᠎ᠤᠨ ᠪᠠᠶ᠋ᠢᠷᠢᠰᠢᠯ᠎ᠤᠨ ᠰᠢᠰᠲ᠋ᠧᠮ)᠂ ᠠᠮᠢ ᠠᠬᠤᠶ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠎ᠤᠨ ᠪᠢᠴᠢᠭ ᠮᠠᠲ᠋ᠧᠷᠢᠶᠠᠯ᠎ᠢ ᠡᠵᠡᠯᠡᠨ ᠬᠡᠷᠡᠭᠯᠡᠬᠦ ᠡᠰᠡᠬᠦ᠂ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠪᠢᠴᠢᠭ ᠮᠠᠲ᠋ᠧᠷᠢᠶᠠᠯ᠎ᠢ ᠡᠵᠡᠯᠡᠨ ᠬᠡᠷᠡᠭᠯᠡᠬᠦ ᠡᠰᠡᠬᠦ᠂ ᠬᠠᠮᠢᠶ᠎ᠠ ᠪᠦᠬᠦᠢ ᠲᠥᠯᠥᠪᠵᠢᠭᠦᠯᠭᠡ ᠵᠢᠨ ᠵᠢᠷᠤᠭ᠂ ᠬᠠᠶ᠋ᠢᠨ ᠰᠢᠨᠵᠢᠵᠦ ᠨᠤᠲᠠᠯᠠᠭᠰᠠᠨ ᠰᠠᠨᠠᠯ᠂ ᠭᠠᠵᠠᠷ ᠰᠢᠷᠣᠶ ᠵᠢᠨ ᠬᠡᠷᠡᠭᠴᠡᠭᠡ ᠵᠢ ᠲᠣᠬᠢᠷᠠᠭᠤᠯᠬᠤ ᠲᠥᠰᠦᠯ ᠵᠢᠴᠢ ᠡᠭᠦᠷᠢᠳᠡ ᠵᠢᠨ ᠦᠨᠳᠦᠰᠦᠨ ᠲᠠᠷᠢᠶᠠᠨ ᠭᠠᠵᠠᠷ᠎ᠢ ᠨᠥᠬᠥᠪᠥᠷᠢᠯᠡᠨ ᠬᠤᠪᠢᠶᠠᠷᠢᠯᠠᠬᠤ ᠲᠥᠰᠦᠯ᠂ ᠭᠠᠵᠠᠷ ᠰᠣᠩᠭᠣᠬᠤ ᠰᠤᠳᠤᠯᠭ᠋ᠠᠨ᠎ᠤ ᠮᠡᠳᠡᠭᠦᠯᠦᠯᠲᠡ᠂ ᠭᠠᠵᠠᠷ ᠠᠷᠪᠢᠯᠠᠬᠤ ᠦᠨᠡᠯᠡᠯᠲᠡ ᠵᠢᠨ ᠮᠡᠳᠡᠭᠦᠯᠦᠯᠲᠡ᠂ ᠤᠰᠤᠨ ᠰᠤᠷᠪᠤᠯᠵᠢ ᠵᠢᠨ ᠬᠠᠮᠠᠭ᠋ᠠᠯᠠᠯᠲᠠ ᠵᠢᠨ ᠣᠷᠣᠨ᠎ᠳᠤ ᠬᠣᠯᠪᠣᠭᠳᠠᠬᠤ ᠡᠰᠡᠬᠦ᠂ ᠲᠡᠦᠬᠡ ᠵᠢᠨ ᠳᠤᠷᠠᠰᠬᠠᠯᠲᠤ ᠵᠦᠢ᠍ᠯᠡᠰ᠎ᠢ ᠬᠠᠮᠠᠭ᠋ᠠᠯᠠᠬᠤ ᠣᠷᠣᠨ᠎ᠳᠤ ᠬᠣᠯᠪᠣᠭᠳᠠᠬᠤ ᠡᠰᠡᠬᠦ᠂ ᠦᠢ᠍ᠯᠡᠳᠪᠦᠷᠢᠯᠡᠯ᠎ᠤᠨ ᠤᠷᠠᠨ ᠮᠡᠷᠭᠡᠰᠢᠯ᠂ ᠲᠥᠬᠥᠭᠡᠷᠦᠮᠵᠢ ᠵᠢᠨ ᠬᠢᠷᠢ ᠬᠡᠮᠵᠢᠶ᠎ᠡ᠂ ᠠᠷᠢᠭᠤᠨ ᠴᠡᠪᠡᠷ ᠦᠢ᠍ᠯᠡᠳᠪᠦᠷᠢᠯᠡᠯ᠎ᠤᠨ ᠬᠢᠷᠢ ᠬᠡᠮᠵᠢᠶ᠎ᠡ᠂ ᠭᠤᠷᠪᠠᠨ ᠲᠡᠷᠢᠭᠦᠨ᠎ᠤ ᠮᠠᠲ᠋ᠧᠷᠢᠶᠠᠯ᠃
ᠡᠮᠦᠨᠡᠭᠢ ᠮᠠᠲᠸᠷᠢᠶᠠᠯ ᠴᠥᠮ ᠡᠯᠺᠲᠸᠷᠤᠨ ᠮᠠᠲᠸᠷᠢᠶᠠᠯ ᠬᠡᠷᠡᠭᠰᠡᠨ᠎ᠡ᠃
ᠭᠦᠢ᠍ᠴᠡᠳᠬᠡᠬᠦ ᠭᠠᠵᠠᠷ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠣᠲᠠ ᠵᠢᠨ ᠰᠠᠶ᠋ᠢᠬᠠᠨ ᠲᠣᠭᠣᠷᠢᠭ᠎ᠤᠨ ᠴᠡᠯᠡᠭᠡᠷ ᠲᠠᠯ᠎ᠠ ᠶᠡᠬᠡ ᠵᠡᠭᠡᠯᠢ ᠵᠢᠨ 6 ᠳ᠋ᠤᠭ᠋ᠠᠷ ᠨᠣᠮᠧᠷ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠢᠩᠬᠢᠮ᠎ᠤᠨ 12 ᠳ᠋ᠤᠭ᠋ᠠᠷ ᠳᠠᠪᠬᠤᠷᠭ᠎ᠠ ᠵᠢᠨ 3 ᠳ᠋ᠤᠭ᠋ᠠᠷ᠂ 5 ᠳ᠋ᠤᠭ᠋ᠠᠷ ᠴᠣᠩᠬᠣ᠃
ᠭᠦᠢ᠍ᠴᠡᠳᠬᠡᠬᠦ ᠴᠠᠭ᠄ ᠭᠠᠷᠠᠭ᠎ᠤᠨ ᠨᠢᠭᠡᠨ᠎ᠠᠴᠠ ᠭᠠᠷᠠᠭ᠎ᠤᠨ ᠲᠠᠪᠤᠨ᠎ᠤ ᠦᠳᠡ ᠵᠢᠨ ᠡᠮᠦᠨ᠎ᠡ 9᠄ 00 - 12᠄ 00᠂ ᠦᠳᠡ ᠵᠢᠨ ᠬᠣᠶ᠋ᠢᠨ᠎ᠠ 14᠄ 30 - 17᠄ 30 (ᠬᠠᠤᠯᠢ᠎ᠪᠠᠷ ᠲᠣᠭᠲᠠᠭ᠋ᠠᠭᠰᠠᠨ ᠪᠠᠶᠠᠷ ᠳᠤᠷᠠᠰᠬᠠᠯ ᠠᠮᠠᠷᠠᠯᠲᠠ ᠵᠢᠨ ᠡᠳᠦᠷ᠎ᠠᠴᠠ ᠭᠠᠳᠠᠨ᠎ᠠ)᠃
ᠨᠡᠶ᠋ᠢᠲᠡ ᠵᠢᠨ ᠮᠠᠰᠢᠨ ᠲᠡᠷᠭᠡᠨ᠎ᠤ ᠵᠠᠮ ᠱᠤᠭᠤᠮ᠄ 3 ᠳ᠋ᠤᠭ᠋ᠠᠷ ᠵᠠᠮ᠎ᠤᠨ ᠨᠡᠶ᠋ᠢᠲᠡ ᠵᠢᠨ ᠮᠠᠰᠢᠨ ᠲᠡᠷᠭᠡᠨ᠎ᠳᠤ ᠰᠠᠭᠤᠵᠤ ᠴᠡᠯᠡᠭᠡᠷ ᠲᠠᠯ᠎ᠠ ᠶᠡᠬᠡ ᠬᠥᠭᠥᠷᠭᠡ ᠥᠷᠲᠡᠭᠡᠨ᠎ᠳᠤ ᠲᠡᠷᠭᠡᠨ᠎ᠠᠴᠠ ᠪᠠᠭᠤᠵᠤ ᠡᠮᠦᠨᠡᠰᠢ 246 ᠮᠧᠲᠷ ᠶᠠᠪᠤᠪᠠᠯ ᠳᠠᠷᠤᠶ 75 ᠳ᠋ᠤᠭ᠋ᠠᠷ ᠵᠠᠮ᠎ᠤᠨ ᠲᠡᠷᠭᠡᠨ᠎ᠳᠤ ᠬᠦᠷᠬᠦ ᠪᠤᠶᠤ ᠰᠠᠭᠤᠵᠤ᠂ 102 ᠳ᠋ᠤᠭ᠋ᠠᠷ ᠵᠠᠮ᠎ᠤᠨ ᠨᠡᠶ᠋ᠢᠲᠡ ᠵᠢᠨ ᠮᠠᠰᠢᠨ ᠲᠡᠷᠭᠡ ᠬᠥᠬᠡᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠥᠷᠲᠡᠭᠡᠨ᠎ᠳᠤ ᠲᠡᠷᠭᠡᠨ᠎ᠠᠴᠠ ᠪᠠᠭᠤᠵᠤ ᠵᠡᠭᠦᠨᠰᠢ ᠶᠠᠪᠤᠬᠤ ᠪᠤᠶᠤ 1.5 ᠺᠢᠯᠣᠮᠧᠲᠷ ᠶᠠᠪᠤᠪᠠᠯ ᠳᠠᠷᠤᠶ ᠬᠦᠷᠦᠨ᠎ᠡ᠃
EMS᠎ᠤᠨ ᠰᠦᠢ᠍ᠳᠬᠡᠯ᠎ᠤᠨ ᠬᠦᠰᠦᠨᠦᠭᠲᠦ ᠄
