ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ ᠣᠶ᠋ᠢᠷ᠎ᠠ᠎ᠳᠤ ᠲᠠᠷᠢᠶᠠᠨ ᠭᠠᠵᠠᠷ᠎ᠢ ᠬᠠᠮᠠᠭ᠋ᠠᠯᠠᠬᠤ ᠪᠠ ᠠᠮᠤ ᠪᠤᠳᠠᠭ᠋ᠠᠨ᠎ᠤ ᠠᠮᠤᠷ ᠲᠦᠪᠰᠢᠨ᠎ᠤ ᠬᠠᠷᠢᠭᠤᠴᠠᠯᠭ᠎ᠠ ᠵᠢᠨ ᠲᠦᠷᠢᠮ᠎ᠤᠨ 《ᠠᠩᠬᠠᠨ᠎ᠤ ᠰᠢᠯᠭ᠋ᠠᠯᠲᠠ》 ᠵᠢ ᠯᠠᠪᠳᠠᠭᠤᠨ ᠪᠠᠲᠤᠲᠠᠶ ᠥᠷᠨᠢᠭᠦᠯᠵᠦ᠂ ᠲᠠᠷᠢᠶᠠᠨ ᠭᠠᠵᠠᠷ᠎ᠢ ᠡᠵᠡᠯᠡᠬᠦ ᠪᠠ ᠨᠥᠬᠦᠪᠥᠷᠢᠯᠡᠬᠦ ᠵᠢ ᠲᠡᠩᠴᠡᠭᠦᠷᠢᠲᠡᠶ ᠪᠠᠶ᠋ᠢᠯᠭ᠋ᠠᠬᠤ ᠲᠦᠷᠢᠮ᠎ᠢ ᠥᠭᠡᠷᠡᠴᠢᠯᠡᠨ ᠲᠡᠭᠦᠯᠳᠡᠷᠵᠢᠭᠦᠯᠵᠦ᠂ 《ᠰᠢᠳᠦ ᠤᠷᠭᠤᠭᠤᠯᠬᠤ》 ᠬᠠᠲᠠᠭᠤ ᠠᠷᠭ᠎ᠠ ᠬᠡᠮᠵᠢᠶ᠎ᠡ ᠵᠢ ᠪᠠᠶ᠋ᠢᠭᠤᠯᠤᠨ ᠲᠡᠭᠦᠯᠳᠡᠷᠵᠢᠭᠦᠯᠵᠦ᠂ ᠲᠠᠷᠢᠶᠠᠨ ᠭᠠᠵᠠᠷ᠎ᠢ ᠶᠡᠭᠡ᠎ᠪᠠᠷ ᠨᠡᠮᠡᠭᠳᠡᠭᠦᠯᠬᠦ ᠵᠢ ᠰᠤᠳᠤᠯᠤᠨ ᠠᠬᠢᠭᠤᠯᠬᠤ ᠬᠡᠷᠡᠭᠲᠡᠶ ᠭᠡᠵᠦ ᠢᠯᠡᠳᠬᠡᠪᠡ᠃
1 ᠳ᠋ᠦ᠍ᠭᠡᠷ ᠰᠠᠷ᠎ᠠ ᠵᠢᠨ 15᠎ᠤ ᠡᠳᠦᠷ᠎ᠠᠴᠠ 16᠎ᠤ ᠡᠳᠦᠷ ᠪᠣᠯᠲᠠᠯ᠎ᠠ᠂ 2024 ᠣᠨ᠎ᠤ ᠪᠥᠬᠦ ᠤᠯᠤᠰ᠎ᠤᠨ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠠᠵᠢᠯ᠎ᠤᠨ ᠬᠤᠷᠠᠯ ᠪᠡᠭᠡᠵᠢᠩ᠎ᠳᠤ ᠬᠤᠷᠠᠯᠳᠤᠵᠤ᠂ 2024 ᠣᠨ᠎ᠤ ᠭᠤᠤᠯᠳᠠᠯᠭ᠎ᠠ᠎ᠲᠠᠢ ᠠᠵᠢᠯ᠎ᠳᠤ ᠪᠠᠶ᠋ᠢᠷᠢᠯᠠᠭᠤᠯᠤᠯᠲᠠ ᠬᠢᠪᠠ᠃ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ᠎ᠠᠴᠠ᠂ ᠲᠤᠭ᠎ᠠ ᠬᠡᠮᠵᠢᠶ᠎ᠡ ᠶᠠᠰᠤ ᠴᠢᠨᠠᠷ᠎ᠢ ᠵᠡᠷᠭᠡ᠎ᠪᠠᠷ ᠴᠢᠬᠤᠯᠠᠴᠢᠯᠠᠬᠤ᠂ ᠬᠠᠤᠯᠢ ᠵᠢ ᠴᠢᠩᠭ᠎ᠠ ᠬᠡᠷᠡᠭᠵᠢᠭᠦᠯᠬᠦ᠂ ᠰᠢᠰᠲ᠋ᠧᠮ᠎ᠲᠠᠢ ᠠᠬᠢᠭᠤᠯᠬᠤ᠂ ᠡᠭᠦᠷᠢᠳᠡ ᠦᠷᠭᠦᠯᠵᠢᠯᠡᠨ ᠠᠰᠢᠭᠯᠠᠬᠤ ᠵᠢ ᠪᠠᠷᠢᠮᠲᠠᠯᠠᠵᠤ᠂ ᠲᠠᠷᠢᠶᠠᠨ ᠭᠠᠵᠠᠷ᠎ᠤᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠎ᠢ ᠦᠨᠡᠨ ᠬᠦ᠌ ᠪᠠᠲᠤ ᠰᠠᠬᠢᠬᠤ ᠬᠡᠷᠡᠭᠲᠡᠢ᠃ ᠲᠠᠷᠢᠶᠠᠨ ᠭᠠᠵᠠᠷ᠎ᠢ ᠬᠠᠮᠠᠭ᠋ᠠᠯᠠᠬᠤ ᠪᠠ ᠠᠮᠤ ᠪᠤᠳᠠᠭ᠋ᠠᠨ᠎ᠤ ᠠᠮᠤᠷ ᠲᠦᠪᠰᠢᠨ᠎ᠤ ᠬᠠᠷᠢᠭᠤᠴᠠᠯᠭ᠎ᠠ ᠵᠢᠨ ᠲᠦᠷᠢᠮ᠎ᠤᠨ 《ᠠᠩᠬ᠎ᠠ ᠰᠢᠯᠭ᠋ᠠᠬᠤ》 ᠵᠢ ᠯᠠᠪᠳᠠᠭᠤᠨ ᠪᠠᠲᠤᠲᠠᠶ ᠥᠷᠨᠢᠭᠦᠯᠵᠦ᠂ ᠲᠠᠷᠢᠶᠠᠨ ᠭᠠᠵᠠᠷ᠎ᠢ ᠡᠵᠡᠯᠡᠬᠦ ᠪᠠ ᠨᠥᠬᠦᠪᠥᠷᠢᠯᠡᠬᠦ ᠵᠢ ᠲᠡᠩᠴᠡᠭᠦᠷᠢᠲᠡᠶ ᠪᠠᠶ᠋ᠢᠯᠭ᠋ᠠᠬᠤ ᠲᠦᠷᠢᠮ᠎ᠢ ᠥᠭᠡᠷᠡᠴᠢᠯᠡᠨ ᠲᠡᠭᠦᠯᠳᠡᠷᠵᠢᠭᠦᠯᠵᠦ᠂ 《ᠰᠢᠳᠦ ᠤᠷᠭᠤᠭᠤᠯᠬᠤ》 ᠬᠠᠲᠠᠭᠤ ᠠᠷᠭ᠎ᠠ ᠬᠡᠮᠵᠢᠶ᠎ᠡ ᠵᠢ ᠪᠠᠶ᠋ᠢᠭᠤᠯᠤᠨ ᠲᠡᠭᠦᠯᠳᠡᠷᠵᠢᠭᠦᠯᠵᠦ᠂ ᠲᠠᠷᠢᠶᠠᠨ ᠭᠠᠵᠠᠷ᠎ᠢ ᠪᠥᠭᠡᠮ ᠵᠶ᠋ᠠᠷ ᠨᠡᠮᠡᠭᠳᠡᠭᠦᠯᠬᠦ ᠵᠢ ᠰᠤᠳᠤᠯᠤᠨ ᠠᠬᠢᠭᠤᠯᠤᠨ᠎ᠠ᠃
ᠬᠠᠶ᠋ᠢᠨ ᠰᠢᠨᠵᠢᠯᠡᠵᠦ ᠨᠡᠭᠡᠭᠡᠨ ᠠᠰᠢᠭᠯᠠᠬᠤ ᠪᠠ ᠬᠤᠷᠢᠶᠠᠯᠲᠠ ᠨᠡᠮᠡᠭᠳᠡᠭᠦᠯᠬᠦ ᠳᠡᠭᠡᠷ᠎ᠡ ᠭᠠᠷᠤᠯᠲᠠ ᠨᠡᠮᠡᠭᠳᠡᠭᠦᠯᠬᠦ ᠡᠷᠴᠢᠮ ᠵᠶ᠋ᠠᠨ ᠨᠡᠮᠡᠭᠳᠡᠭᠦᠯᠵᠦ᠂ ᠪᠠᠶ᠋ᠢᠯᠳᠤᠬᠤ ᠪᠣᠳᠣᠯᠭ᠎ᠠ ᠵᠢᠨ ᠴᠢᠨᠠᠷᠲᠠᠶ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠢ ᠪᠠᠲᠤᠯᠠᠬᠤ ᠴᠢᠳᠠᠪᠤᠷᠢ᠎ᠪᠠᠨ ᠳᠡᠭᠡᠭᠰᠢᠯᠡᠭᠦᠯᠬᠦ ᠬᠡᠷᠡᠭᠲᠡᠶ᠃ ᠰᠢᠨ᠎ᠡ ᠨᠢᠭᠡᠨ ᠡᠭᠡᠯᠵᠢ ᠵᠢᠨ ᠠᠭᠤᠷᠬᠠᠶ ᠡᠷᠢᠬᠦ ᠪᠠᠶ᠋ᠢᠯᠳᠤᠬᠤ ᠪᠣᠳᠣᠯᠭ᠎ᠠ ᠵᠢᠨ ᠠᠵᠢᠯᠯᠠᠭ᠎ᠠ ᠵᠢ ᠦᠷᠭᠦᠯᠵᠢᠯᠡᠨ ᠭᠦᠨᠵᠡᠭᠡᠶ ᠥᠷᠨᠢᠭᠦᠯᠵᠦ᠂ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠤᠨ ᠬᠠᠮᠢᠶᠠᠷᠤᠯᠲᠠ ᠵᠢᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠦᠨ᠂ ᠪᠣᠬᠢᠷᠲᠤᠯ ᠦᠭᠡᠶ ᠬᠠᠶ᠋ᠢᠨ ᠪᠠᠶ᠋ᠢᠴᠠᠭ᠋ᠠᠵᠤ ᠨᠡᠭᠡᠭᠡᠨ ᠬᠥᠭᠵᠢᠭᠦᠯᠬᠦ ᠵᠢ ᠴᠢᠩᠭ᠋ᠠᠳᠬᠠᠵᠤ᠂ ᠭᠠᠳᠠᠭ᠋ᠠᠳᠤ ᠵᠢᠨ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠢ ᠬᠠᠶ᠋ᠢᠨ ᠪᠠᠶ᠋ᠢᠴᠠᠭ᠋ᠠᠵᠤ ᠨᠡᠭᠡᠭᠡᠨ ᠠᠰᠢᠭᠯᠠᠬᠤ ᠬᠣᠷᠰᠢᠯᠴᠠᠭ᠎ᠠ ᠵᠢ ᠰᠢᠯᠢᠳᠡᠭᠵᠢᠭᠦᠯᠦᠨ᠎ᠡ ᠃
ᠳᠠᠯᠠᠢ ᠲᠠᠩᠭᠢᠰ᠎ᠤᠨ ᠬᠦᠴᠦᠷᠬᠡᠭ ᠤᠯᠤᠰ᠎ᠤᠨ ᠪᠦᠲᠦᠭᠡᠨ ᠪᠠᠢ᠌ᠭᠤᠯᠤᠯᠲᠠ ᠵᠢ ᠲᠦᠷᠭᠡᠳᠭᠡᠵᠦ᠂ ᠳᠠᠯᠠᠢ ᠲᠠᠩᠭᠢᠰ᠎ᠤᠨ ᠠᠮᠤᠷ ᠲᠦᠪᠰᠢᠨ᠎ᠢ ᠪᠠᠲᠤᠯᠠᠬᠤ ᠴᠢᠳᠠᠪᠤᠷᠢ ᠵᠢ ᠬᠦᠴᠦᠯᠡᠨ ᠳᠡᠭᠡᠭᠰᠢᠯᠡᠭᠦᠯᠦᠨ᠎ᠡ᠃ ᠳᠠᠯᠠᠢ ᠲᠠᠩᠭᠢᠰ᠎ᠤᠨ ᠠᠵᠤ ᠠᠬᠤᠢ ᠵᠢᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠵᠤ᠂ ᠲᠦᠢ᠍ᠯ᠎ᠤᠨ ᠶᠡᠭᠡ ᠰᠠᠭᠤᠷᠢ ᠲᠥᠬᠦᠭᠡᠷᠦᠮᠵᠢ ᠪᠠ ᠴᠢᠳᠠᠪᠤᠷᠢ ᠵᠢᠨ ᠪᠠᠶ᠋ᠢᠭᠤᠯᠤᠯᠲᠠ ᠵᠢ ᠪᠣᠳᠠᠲᠠᠢ ᠵᠢ ᠡᠷᠬᠢᠮᠯᠡᠨ ᠠᠬᠢᠭᠤᠯᠵᠤ᠂ ᠭᠦᠨ ᠠᠯᠤᠰ ᠳᠠᠯᠠᠢ ᠵᠢᠨ ᠨᠡᠭᠡᠭᠡᠨ ᠬᠥᠭᠵᠢᠭᠦᠯᠦᠯᠲᠡ ᠵᠢᠨ ᠪᠠᠲᠤᠯᠠᠭ᠎ᠠ ᠵᠢᠨ ᠴᠢᠳᠠᠪᠤᠷᠢ ᠵᠢ ᠳᠡᠭᠡᠭᠰᠢᠯᠡᠭᠦᠯᠵᠦ᠂ ᠳᠠᠯᠠᠢ ᠲᠠᠩᠭᠢᠰ᠎ᠤᠨ ᠡᠷᠬᠡ ᠠᠰᠢᠭ᠎ᠢ ᠬᠠᠮᠠᠭ᠋ᠠᠯᠠᠨ᠎ᠠ᠃
《ᠤᠯᠠᠨ ᠲᠥᠯᠥᠪᠵᠢᠭᠦᠯᠭᠡ ᠵᠢ ᠨᠢᠭᠡᠳᠬᠡᠬᠦ》 ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠤᠯᠤᠰ᠎ᠤᠨ ᠭᠠᠵᠠᠷ ᠰᠢᠷᠤᠢ ᠵᠢᠨ ᠣᠷᠣᠨ ᠵᠠᠶ ᠵᠢ ᠨᠡᠭᠡᠭᠡᠨ ᠬᠥᠭᠵᠢᠭᠦᠯᠵᠦ ᠬᠠᠮᠠᠭ᠋ᠠᠯᠠᠬᠤ ᠪᠠᠶ᠋ᠢᠷᠢᠰᠢᠯ᠎ᠢ ᠰᠢᠯᠢᠳᠡᠭᠵᠢᠭᠦᠯᠬᠦ ᠵᠢ ᠠᠬᠢᠭᠤᠯᠤᠨ᠎ᠠ᠃ ᠭᠤᠤᠯ ᠴᠣᠭᠴᠠ ᠵᠢᠨ ᠴᠢᠳᠠᠮᠵᠢᠲᠤ ᠣᠷᠣᠨ᠎ᠤ ᠲᠦᠷᠢᠮ ᠪᠠ 《ᠭᠤᠷᠪᠠᠨ ᠣᠷᠣᠨ ᠭᠤᠷᠪᠠᠨ ᠱᠤᠭᠤᠮ》᠎ᠤᠨ ᠲᠥᠷᠥ ᠵᠢᠨ ᠪᠣᠳᠣᠯᠭ᠎ᠠ ᠵᠢ ᠲᠡᠭᠦᠯᠳᠡᠷᠵᠢᠭᠦᠯᠵᠦ᠂ ᠤᠯᠤᠰ᠎ᠤᠨ ᠭᠠᠵᠠᠷ ᠰᠢᠷᠣᠶ ᠵᠢᠨ ᠣᠷᠣᠨ ᠵᠠᠶ ᠵᠢᠨ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠬᠤ ᠪᠠ ᠬᠢᠨᠠᠯᠲᠠ ᠲᠠᠯᠪᠢᠵᠤ ᠬᠡᠷᠡᠭᠵᠢᠭᠦᠯᠬᠦ ᠵᠢ ᠲᠦᠷᠭᠡᠳᠬᠡᠨ᠂ ᠪᠥᠬᠦ ᠣᠷᠣᠨ ᠪᠦᠰᠡ ᠵᠢᠨ ᠭᠠᠵᠠᠷ ᠰᠢᠷᠣᠶ ᠵᠢ ᠶᠡᠷᠦᠩᠬᠡᠶ᠋ᠢᠯᠡᠨ ᠴᠡᠭᠴᠡᠯᠡᠨ ᠵᠠᠰᠠᠬᠤ ᠵᠢ ᠭᠦᠨᠵᠡᠭᠡᠶ ᠠᠬᠢᠭᠤᠯᠤᠨ᠎ᠠ ᠃
ᠪᠠᠶ᠋ᠢᠭ᠋ᠠᠯᠢ ᠵᠢᠨ ᠡᠬᠢ ᠪᠠᠶᠠᠯᠢᠭ᠎ᠤᠨ ᠡᠯᠧᠮᠧᠨ᠋ᠲ᠎ᠤᠨ ᠬᠠᠩᠭ᠋ᠠᠯᠭ᠎ᠠ ᠵᠢ ᠰᠢᠯᠢᠳᠡᠭᠵᠢᠭᠦᠯᠵᠦ᠂ ᠠᠵᠤ ᠠᠬᠤᠢ ᠵᠢᠨ ᠲᠠᠪᠰᠢᠯᠳᠠ᠎ᠪᠠᠷ ᠲᠣᠭᠲᠠᠭᠤᠨ᠎ᠢ ᠠᠬᠢᠭᠤᠯᠬᠤ ᠵᠢ ᠬᠦᠴᠦᠯᠡᠨ ᠲᠡᠮᠵᠢᠨ᠎ᠠ᠃ ᠵᠥᠷᠢᠶᠡᠴᠢᠯᠡᠭᠰᠡᠨ ᠡᠯᠧᠮᠧᠨ᠋ᠲ᠎ᠤᠨ ᠪᠠᠲᠤᠯᠠᠭ᠎ᠠ ᠵᠢᠨ ᠲᠥᠷᠥ ᠵᠢᠨ ᠪᠣᠳᠣᠯᠭ᠎ᠠ ᠵᠢ ᠴᠢᠩᠭ᠋ᠠᠳᠬᠠᠵᠤ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠡᠯᠧᠮᠧᠨ᠋ᠲ᠎ᠢ ᠳᠣᠭᠢᠷᠠᠭᠤᠯᠬᠤ ᠦᠷ᠎ᠡ ᠪᠦᠲᠦᠮᠵᠢ ᠵᠢ ᠳᠡᠭᠡᠭᠰᠢᠯᠡᠭᠦᠯᠦᠨ᠂ ᠬᠡᠷ ᠪᠠᠶ᠋ᠢᠰᠢᠩ ᠭᠠᠵᠠᠷ ᠬᠥᠷᠥᠩᠭᠡ ᠵᠢᠨ ᠬᠦᠷᠢᠶᠡᠨ᠎ᠳᠠᠬᠢ 《ᠭᠤᠷᠪᠠᠨ ᠶᠡᠭᠡ ᠢᠨᠵᠧᠨᠧᠷᠢᠩ》᠎ᠤᠨ ᠢᠵᠢ ᠪᠥᠷᠢᠳᠦᠭᠦᠯᠬᠦ ᠲᠥᠷᠥ ᠵᠢᠨ ᠪᠣᠳᠣᠯᠭ᠎ᠠ ᠵᠢ ᠨᠠᠶ᠋ᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠵᠢ ᠠᠬᠢᠭᠤᠯᠤᠨ᠎ᠠ᠃
ᠠᠮᠢ ᠠᠬᠤᠶ ᠵᠢᠨ ᠬᠠᠮᠠᠭ᠋ᠠᠯᠠᠯᠲᠠ ᠪᠠ ᠰᠡᠷᠭᠦᠭᠡᠯᠲᠡ ᠵᠢ ᠴᠢᠩᠭ᠋ᠠᠳᠬᠠᠵᠤ᠂ ᠦᠵᠡᠰᠬᠦᠯᠡᠩᠲᠦ ᠰᠠᠶ᠋ᠢᠬᠠᠨ ᠳᠤᠮᠳᠠᠳᠤ ᠤᠯᠤᠰ᠎ᠤᠨ ᠠᠮᠢ ᠠᠬᠤᠶ ᠵᠢᠨ ᠰᠠᠭᠤᠷᠢ ᠵᠢ ᠪᠠᠬᠢᠵᠢᠭᠦᠯᠦᠨ᠎ᠡ᠃ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠵᠢ ᠨᠢᠭᠡ ᠴᠤᠭᠴᠠᠵᠢᠭᠤᠯᠤᠨ ᠬᠠᠮᠠᠭ᠋ᠠᠯᠠᠬᠤ ᠪᠠ ᠰᠢᠰᠲ᠋ᠧᠮ᠎ᠲᠠᠢ ᠵᠠᠰᠠᠬᠤ ᠵᠢ ᠬᠡᠷᠡᠭᠵᠢᠭᠦᠯᠵᠦ᠂ ᠪᠠᠶ᠋ᠢᠭ᠋ᠠᠯᠢ ᠵᠢᠨ ᠠᠮᠢ ᠠᠬᠤᠢ ᠵᠢᠨ ᠡᠬᠢ ᠪᠠᠶᠠᠯᠢᠭ᠎ᠢ ᠬᠢᠨᠠᠨ ᠬᠡᠮᠵᠢᠵᠦ ᠦᠨᠡᠯᠡᠵᠦ ᠤᠷᠢᠳᠴᠢᠯᠠᠨ ᠰᠡᠷᠡᠮᠵᠢᠯᠡᠭᠦᠯᠬᠦ ᠢᠨᠵᠧᠨᠧᠷᠢᠩ᠎ᠢ ᠡᠬᠢᠯᠡᠭᠦᠯᠦᠨ ᠬᠡᠷᠡᠭᠵᠢᠭᠦᠯᠵᠦ᠂ ᠪᠠᠶ᠋ᠢᠭ᠋ᠠᠯᠢ ᠵᠢᠨ ᠭᠠᠮᠰᠢᠭ᠎ᠢ ᠰᠡᠷᠭᠡᠶ᠋ᠢᠯᠡᠨ ᠵᠠᠰᠠᠬᠤ ᠵᠢ ᠴᠢᠩᠭ᠋ᠠᠳᠬᠠᠵᠤ᠂ ᠪᠦᠬᠦ ᠪᠥᠮᠪᠥᠷᠴᠡᠭ᠎ᠤᠨ ᠠᠮᠢ ᠠᠬᠤᠢ ᠵᠢᠨ ᠵᠠᠰᠠᠯᠲᠠ᠎ᠳᠤ ᠭᠦᠨᠵᠡᠭᠡᠢ ᠣᠷᠣᠯᠴᠠᠨ᠎ᠠ᠃
ᠭᠠᠵᠠᠷ ᠵᠦᠶ ᠵᠢᠨ ᠮᠡᠳᠡᠭᠡ ᠵᠠᠩᠭᠢ ᠵᠢ ᠬᠡᠮᠵᠢᠨ ᠵᠢᠷᠤᠬᠤ ᠠᠵᠢᠯ᠎ᠤᠨ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠰᠢᠬᠦ ᠵᠢ ᠠᠬᠢᠭᠤᠯᠵᠤ᠂ ᠲᠣᠭ᠋ᠠᠴᠢᠯᠠᠭᠰᠠᠨ ᠳᠤᠮᠳᠠᠳᠤ ᠤᠯᠤᠰ᠎ᠤᠨ ᠪᠥᠲᠥᠭᠡᠨ ᠪᠠᠶ᠋ᠢᠭᠤᠯᠤᠯᠲᠠ ᠪᠠ ᠲᠣᠭ᠋ᠠᠴᠢᠯᠠᠭᠰᠠᠨ ᠠᠵᠤ ᠠᠬᠤᠶ ᠵᠢᠨ ᠬᠥᠭᠵᠢᠯᠲᠡ᠎ᠳᠤ ᠦᠢ᠍ᠯᠡᠴᠢᠯᠡᠬᠦ ᠬᠡᠷᠡᠭᠳᠡᠢ᠃ ᠴᠠᠭ ᠪᠠ ᠣᠷᠣᠨ ᠵᠠᠶ ᠵᠢᠨ ᠮᠡᠳᠡᠭᠡ ᠵᠠᠩᠭᠢ ᠵᠢᠨ ᠰᠢᠨ᠎ᠡ ᠬᠡᠯᠪᠡᠷᠢ ᠵᠢᠨ ᠰᠠᠭᠤᠷᠢ ᠪᠡᠯᠡᠳᠬᠡᠮᠵᠢ ᠵᠢ ᠲᠦᠷᠭᠡᠳᠬᠡᠨ ᠲᠡᠭᠦᠯᠳᠡᠷᠵᠢᠭᠦᠯᠵᠦ᠂ ᠭᠠᠵᠠᠷ ᠵᠦᠶ ᠵᠢᠨ ᠮᠡᠳᠡᠭᠡ ᠵᠠᠩᠭᠢ ᠵᠢ ᠬᠡᠮᠵᠢᠨ ᠵᠢᠷᠤᠬᠤ ᠲᠤᠭ᠎ᠠ ᠪᠠᠷᠢᠮᠲᠠ ᠵᠢᠨ ᠦᠨ᠎ᠡ ᠥᠷᠲᠡᠭ᠎ᠢ ᠭᠦᠨᠵᠡᠭᠡᠶ ᠠᠭᠤᠳᠠᠯᠵᠤ᠂ ᠰᠠᠭᠤᠷᠢ ᠲᠤᠭ᠎ᠠ ᠪᠠᠷᠢᠮᠲᠠ ᠵᠢᠨ ᠬᠠᠮᠢᠶᠠᠷᠤᠯᠲᠠ ᠵᠢᠨ ᠲᠦᠷᠢᠮ ᠲᠥᠷᠥ ᠵᠢᠨ ᠪᠣᠳᠣᠯᠭ᠎ᠠ ᠵᠢᠨ ᠬᠠᠩᠭ᠋ᠠᠯᠭ᠎ᠠ ᠵᠢᠨ ᠳᠤᠲᠠᠭᠤᠳᠠᠯ᠎ᠢ ᠨᠥᠬᠦᠪᠥᠷᠢᠯᠡᠵᠦ᠂ ᠭᠠᠵᠠᠷ ᠵᠦᠶ ᠵᠢᠨ ᠮᠡᠳᠡᠭᠡ ᠵᠠᠩᠭᠢ ᠵᠢᠨ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠨ᠎ᠠ᠃
ᠰᠠᠭᠤᠷᠢ ᠲᠤᠯᠭ᠋ᠠᠭᠤᠷᠢᠯᠠᠯ᠎ᠤᠨ ᠠᠵᠢᠯ᠎ᠢ ᠪᠠᠬᠢᠵᠢᠭᠦᠯᠵᠦ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠵᠠᠰᠠᠯᠲᠠ ᠵᠢᠨ ᠦᠷ᠎ᠡ ᠪᠦᠲᠦᠮᠵᠢ ᠵᠢ ᠤᠯᠠᠮ ᠴᠢᠨᠠᠭᠰᠢᠳᠠ ᠳᠡᠭᠡᠭᠰᠢᠯᠡᠭᠦᠯᠦᠨ᠎ᠡ᠃ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠵᠢᠨ ᠬᠦᠲᠦᠯᠦᠨ ᠳᠠᠭ᠋ᠠᠭᠤᠯᠬᠤ ᠪᠠ ᠲᠤᠯᠭ᠋ᠠᠭᠤᠷᠢᠯᠠᠯ᠎ᠢ ᠴᠢᠩᠭ᠋ᠠᠳᠬᠠᠵᠤ᠂ ᠬᠠᠤᠯᠢ᠎ᠪᠠᠷ ᠵᠠᠰᠠᠬᠤ ᠪᠠᠶ᠋ᠢᠭ᠋ᠠᠯᠢ ᠵᠢᠨ ᠪᠠᠶ᠋ᠢᠭᠤᠯᠤᠯᠲᠠ ᠵᠢ ᠪᠦᠬᠦ ᠲᠠᠯ᠎ᠠ᠎ᠪᠠᠷ ᠠᠬᠢᠭᠤᠯᠵᠤ᠂ ᠪᠠᠶ᠋ᠢᠭ᠋ᠠᠯᠢ ᠵᠢᠨ ᠡᠬᠢ ᠪᠠᠶᠠᠯᠢᠭ᠎ᠢ ᠨᠢᠭᠡᠳᠦᠯᠲᠡᠢ ᠪᠠᠶ᠋ᠢᠴᠠᠭ᠋ᠠᠬᠤ ᠪᠠ ᠡᠷᠬᠡ ᠵᠢ ᠨᠤᠲᠠᠯᠠᠨ ᠳᠠᠩᠰᠠᠯᠠᠬᠤ ᠠᠵᠢᠯ᠎ᠢ ᠰᠠᠶ᠋ᠢᠲᠤᠷ ᠬᠢᠵᠦ᠂ ᠬᠢᠨᠠᠨ ᠪᠠᠶ᠋ᠢᠴᠠᠭ᠋ᠠᠵᠤ ᠬᠠᠤᠯᠢ ᠬᠡᠷᠡᠭᠵᠢᠭᠦᠯᠬᠦ ᠡᠷᠴᠢᠮ ᠵᠶ᠋ᠠᠨ ᠴᠢᠩᠭ᠋ᠠᠷᠠᠭᠤᠯᠵᠤ᠂ ᠴᠢᠬᠤᠯᠠ ᠶᠡᠭᠡ ᠥᠭᠡᠷᠡᠴᠢᠯᠡᠯᠲᠡ ᠵᠢ ᠭᠦᠨᠵᠡᠭᠡᠢ ᠠᠬᠢᠭᠤᠯᠤᠨ᠎ᠠ᠃