4 ᠳ᠋ᠦ᠍ᠭᠡᠷ ᠰᠠᠷ᠎ᠠ ᠵᠢᠨ 22᠎ᠤᠨ ᠡᠳᠦᠷ ᠪᠣᠯ 55 ᠳ᠋ᠤᠭ᠋ᠠᠷ ᠳᠡᠯᠡᠬᠡᠶ ᠵᠢᠨ ᠪᠥᠮᠪᠥᠷᠴᠡᠭ᠎ᠤᠨ ᠡᠳᠦᠷ ᠪᠣᠯᠤᠨ᠎ᠠ᠂ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ 《ᠳᠡᠯᠡᠬᠡᠶ ᠵᠢᠨ ᠪᠥᠮᠪᠥᠷᠴᠡᠭ᠎ᠢ ᠨᠠᠨᠳᠢᠩᠨᠠᠨ᠂ ᠬᠥᠮᠦᠨ ᠬᠢᠭᠡᠳ ᠪᠠᠶ᠋ᠢᠭ᠋ᠠᠯᠢ ᠡᠶ᠎ᠡ ᠵᠣᠬᠢᠴᠠᠯ᠎ᠲᠠᠢ ᠬᠠᠮᠲᠤ ᠣᠷᠣᠰᠢᠬᠤ》 ᠭᠤᠤᠯ ᠰᠡᠳᠦᠪᠲᠦ ᠤᠬᠠᠭᠤᠯᠭ᠎ᠠ ᠵᠢᠨ ᠠᠵᠢᠯᠯᠠᠭ᠎ᠠ ᠵᠢ ᠵᠣᠬᠢᠶᠠᠨ ᠪᠠᠶ᠋ᠢᠭᠤᠯᠤᠨ ᠥᠷᠨᠢᠭᠦᠯᠪᠡ᠃ ᠠᠵᠢᠯᠯᠠᠭ᠎ᠠ ᠵᠢᠨ ᠲᠤᠬᠠᠢ ᠵᠢᠨ ᠲᠠᠯᠠᠪᠠᠢ᠎ᠳᠤ ᠦᠵᠡᠭᠦᠯᠭᠡ ᠵᠢᠨ ᠰᠠᠮᠪᠠᠷ᠎ᠠ ᠲᠠᠯᠪᠢᠬᠤ᠂ ᠤᠬᠠᠭᠤᠯᠭ᠎ᠠ ᠵᠢᠨ ᠳᠡᠪᠲᠡᠷ ᠲᠠᠷᠬᠠᠭ᠋ᠠᠬᠤ᠂ 《ᠳᠡᠯᠡᠬᠡᠢ ᠵᠢᠨ ᠪᠥᠮᠪᠥᠷᠴᠡᠭ᠎ᠤᠨ ᠰᠢᠯᠦᠭ》 ᠤᠩᠰᠢᠬᠤ ᠵᠡᠷᠭᠡ ᠠᠷᠭ᠎ᠠ ᠬᠡᠯᠪᠡᠷᠢ᠎ᠪᠠᠷ ᠪᠦᠬᠦ ᠨᠡᠶ᠋ᠢᠭᠡᠮ᠎ᠢ ᠬᠦᠳᠦᠯᠦᠨ ᠵᠢᠯᠣᠭᠤᠳᠴᠤ ᠡᠬᠢ ᠪᠠᠶᠠᠯᠢᠭ᠎ᠢ ᠠᠷᠪᠢᠯᠠᠨ ᠡᠷᠴᠢᠮᠵᠢᠭᠦᠯᠦᠨ ᠠᠰᠢᠭᠯᠠᠬᠤ᠎ᠳᠤ ᠢᠳᠡᠪᠬᠢᠲᠡᠢ ᠣᠷᠣᠯᠴᠠᠭᠤᠯᠵᠤ᠂ ᠬᠥᠮᠦᠨ ᠪᠠᠶ᠋ᠢᠭ᠋ᠠᠯᠢ ᠡᠶ᠎ᠡ ᠵᠣᠬᠢᠴᠠᠩᠭᠤᠢ᠎ᠪᠠᠷ ᠬᠠᠮᠲᠤ ᠣᠷᠣᠰᠢᠬᠤ ᠳᠡᠯᠡᠬᠡᠢ ᠵᠢᠨ ᠪᠥᠮᠪᠥᠷᠴᠡᠭ᠎ᠤᠨ ᠭᠡᠷ ᠣᠷᠣᠨ᠎ᠢ ᠬᠠᠮᠲᠤ᠎ᠪᠠᠷ ᠪᠠᠶ᠋ᠢᠭᠤᠯᠪᠠ᠃
ᠠᠵᠢᠯᠯᠠᠭ᠎ᠠ᠎ᠨᠢ ᠬᠡᠦᠬᠡᠳ᠎ᠤᠨ ᠨᠠᠶ᠋ᠢᠷᠠᠯ ᠳᠠᠭᠤᠤ 《ᠳᠥᠷᠪᠡᠨ ᠤᠯᠠᠷᠢᠯ᠎ᠤᠨ ᠮᠡᠨᠳᠦᠴᠢᠯᠡᠯ》 ᠳᠤᠮᠳᠠ ᠡᠬᠢᠯᠡᠪᠡ᠃ ᠠᠵᠢᠯᠯᠠᠭ᠎ᠠ ᠵᠢᠨ ᠲᠤᠬᠠᠶ ᠵᠢᠨ ᠲᠠᠯᠠᠪᠠᠶ᠎ᠳᠤ ᠭᠤᠤᠯ ᠰᠡᠳᠦᠪᠲᠦ ᠤᠬᠠᠭᠤᠯᠭ᠎ᠠ ᠵᠢᠨ ᠹᠢᠯᠢᠮ 《24 ᠴᠠᠭ》᠎ᠢ ᠨᠡᠪᠲᠡᠷᠡᠭᠦᠯᠵᠦ᠂ ᠰᠡᠭᠦᠳᠡᠷᠯᠡᠬᠦ ᠦᠵᠡᠭᠳᠡᠯ ᠴᠠᠭ᠎ᠤᠨ ᠬᠤᠪᠢᠷᠠᠯᠲᠠ ᠵᠢ ᠳᠠᠭ᠋ᠠᠵᠤ᠂ ᠮᠠᠨ᠎ᠤ ᠣᠷᠣᠨ᠎ᠤ 12 ᠠᠶ᠋ᠢᠮᠠᠭ ᠬᠤᠲᠠ ᠵᠢᠨ ᠰᠦᠷᠯᠢᠭ ᠰᠠᠶ᠋ᠢᠬᠠᠨ ᠥᠩᠭᠡ ᠦᠵᠡᠮᠵᠢ ᠪᠠ ᠡᠯᠪᠡᠭ ᠪᠠᠶᠠᠯᠢᠭ ᠪᠠᠶ᠋ᠢᠭ᠋ᠠᠯᠢ ᠵᠢᠨ ᠡᠬᠢ ᠪᠠᠶᠠᠯᠢᠭ᠎ᠢ ᠲᠡᠮᠳᠡᠭᠯᠡᠪᠡ᠃ ᠣᠶ᠋ᠢᠯᠠᠭ᠋ᠠᠭᠰᠠᠨ ᠵᠶ᠋ᠠᠷ᠂ ᠣᠶ᠋ᠢᠷ᠎ᠠ ᠵᠢᠨ ᠵᠢᠯ᠎ᠤᠨ ᠲᠤᠷᠰᠢ᠂ ᠪᠥᠬᠦ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠰᠢᠰᠲ᠋ᠧᠮ᠎ᠤᠨ᠎ᠬᠢᠨ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠤᠨ ᠪᠣᠬᠢᠷᠲᠤᠯ ᠥᠬᠡᠶ ᠬᠠᠶ᠋ᠢᠨ ᠪᠠᠶ᠋ᠢᠴᠠᠭ᠋ᠠᠯᠲᠠ ᠵᠢ ᠢᠳᠡᠪᠬᠢᠲᠡᠶ ᠬᠡᠷᠡᠭᠵᠢᠭᠦᠯᠵᠦ᠂ ᠡᠬᠢ ᠪᠠᠶᠠᠯᠢᠭ᠎ᠢ ᠠᠷᠪᠢᠯᠠᠬᠤ ᠪᠠ ᠶᠡᠷᠦᠩᠬᠡᠶ᠋ᠢᠯᠡᠨ ᠠᠰᠢᠭᠯᠠᠬᠤ ᠵᠢ ᠠᠬᠢᠭᠤᠯᠵᠤ᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠵᠢ ᠨᠢᠭᠡ ᠴᠤᠭᠴᠠᠵᠢᠭᠤᠯᠤᠨ ᠬᠠᠮᠠᠭ᠋ᠠᠯᠠᠬᠤ ᠪᠠ ᠰᠡᠷᠭᠦᠭᠡᠬᠦ ᠵᠢ ᠨᠢᠭᠡᠳᠦᠯᠲᠡᠶ ᠲᠥᠯᠥᠪᠵᠢᠭᠦᠯᠵᠦ᠂ ᠠᠭᠤᠷᠬᠠᠶ ᠵᠢᠨ ᠭᠠᠵᠠᠷ ᠰᠢᠨᠵᠢᠯᠡᠭᠡᠨ᠎ᠤ ᠣᠷᠴᠢᠨ ᠲᠣᠭᠤᠷᠢᠨ᠎ᠤ ᠵᠠᠰᠠᠯᠲᠠ ᠪᠠ ᠪᠣᠬᠢᠷᠲᠤᠯ ᠥᠬᠡᠶ ᠠᠭᠤᠷᠬᠠᠶ ᠵᠢᠨ ᠪᠥᠲᠥᠭᠡᠨ ᠪᠠᠶ᠋ᠢᠭᠤᠯᠤᠯᠲᠠ ᠵᠢ ᠯᠠᠪᠳᠠᠭᠤᠨ ᠪᠠᠲᠤᠲᠠᠶ ᠠᠬᠢᠭᠤᠯᠵᠤ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠶ ᠵᠢᠨ ᠠᠮᠤᠷ ᠲᠦᠪᠰᠢᠨ᠎ᠤ ᠬᠠᠯᠬᠠᠪᠴᠢ ᠵᠢ ᠪᠠᠬᠢᠵᠢᠭᠦᠯᠬᠦ᠎ᠳᠤ ᠢᠳᠡᠪᠬᠢᠲᠡᠶ ᠬᠤᠪᠢ ᠨᠡᠮᠡᠷᠢ ᠦᠵᠡᠭᠦᠯᠪᠡ᠃