3 ᠳ᠋ᠤᠭ᠋ᠠᠷ ᠰᠠᠷ᠎ᠠ ᠵᠢᠨ 11᠎ᠤ ᠡᠳᠦᠷ᠂ 《ᠳᠤᠮᠳᠠᠳᠤ ᠤᠯᠤᠰ᠎ᠤᠨ ᠠᠭᠤᠷᠬᠠᠢ ᠵᠢᠨ ᠭᠠᠷᠤᠯᠲᠠ ᠵᠢᠨ ᠭᠠᠵᠠᠷ ᠰᠢᠨᠵᠢᠯᠡᠭᠡᠨ᠎ᠤ ᠣᠶ᠋ᠢᠯᠠᠯᠭ᠎ᠠ · ᠥᠪᠥᠷ ᠮᠣᠩᠭᠤᠯ᠎ᠤᠨ ᠡᠪᠬᠡᠮᠡᠯ》᠎ᠤᠨ ᠦᠷ᠎ᠡ ᠪᠦᠲᠦᠭᠡᠯ᠎ᠤᠨ ᠰᠣᠯᠢᠯᠴᠠᠭ᠋ᠠᠨ᠎ᠤ ᠬᠤᠷᠠᠯ ᠬᠥᠬᠡᠬᠤᠲᠠ᠎ᠳᠤ ᠶᠠᠪᠤᠭᠳᠠᠪᠠ᠃ ᠬᠤᠷᠠᠯ ᠳᠡᠭᠡᠷ᠎ᠡ᠂ 《ᠳᠤᠮᠳᠠᠳᠤ ᠤᠯᠤᠰ᠎ᠤᠨ ᠠᠭᠤᠷᠬᠠᠢ ᠵᠢᠨ ᠭᠠᠷᠤᠯᠲᠠ ᠵᠢᠨ ᠭᠠᠵᠠᠷ ᠰᠢᠨᠵᠢᠯᠡᠭᠡᠨ᠎ᠤ ᠣᠶ᠋ᠢᠯᠠᠯᠭ᠎ᠠ · ᠥᠪᠥᠷ ᠮᠣᠩᠭᠤᠯ᠎ᠤᠨ ᠡᠪᠬᠡᠮᠡᠯ》᠎ᠢ ᠣᠯᠠᠨ ᠨᠡᠶ᠋ᠢᠲᠡ᠎ᠳᠤ ᠠᠯᠪᠠᠨ ᠶᠣᠰᠣᠭ᠋ᠠᠷ ᠨᠡᠶ᠋ᠢᠲᠡᠯᠡᠪᠡ᠃ ᠡᠨᠡ ᠪᠣᠯ ᠥᠪᠥᠷ ᠮᠣᠩᠭᠤᠯ᠎ᠤᠨ ᠠᠩᠬᠠᠳᠠᠭᠴᠢ ᠠᠭᠤᠷᠬᠠᠶ ᠵᠢᠨ ᠭᠠᠷᠤᠯᠲᠠ ᠵᠢᠨ ᠭᠠᠵᠠᠷ ᠰᠢᠨᠵᠢᠯᠡᠭᠡᠨ᠎ᠤ ᠣᠶ᠋ᠢᠯᠠᠯᠭ᠎ᠠ ᠪᠣᠯᠤᠨ᠎ᠠ᠂ ᠰᠢᠨ᠎ᠡ ᠴᠠᠭ ᠦᠶ᠎ᠡ᠎ᠳᠤ ᠥᠪᠥᠷ ᠮᠣᠩᠭᠤᠯ᠎ᠤᠨ ᠰᠢᠨ᠎ᠡ ᠨᠢᠭᠡᠨ ᠡᠭᠡᠯᠵᠢ ᠵᠢᠨ ᠠᠭᠤᠷᠬᠠᠶ ᠵᠢ ᠡᠷᠢᠵᠦ ᠰᠢᠪᠲᠤᠯᠤᠯᠲᠠ ᠬᠢᠬᠦ ᠪᠠᠶ᠋ᠢᠯᠳᠤᠬᠤ ᠪᠣᠳᠣᠯᠭ᠎ᠠ ᠵᠢᠨ ᠠᠵᠢᠯᠯᠠᠭ᠎ᠠ ᠪᠠ ᠠᠭᠤᠷᠬᠠᠶ ᠵᠢᠨ ᠦᠢ᠍ᠯᠡᠰ᠎ᠤᠨ ᠵᠢᠷᠤᠭ ᠲᠥᠯᠥᠪᠯᠡᠭᠡ ᠵᠢᠨ ᠪᠠᠶ᠋ᠢᠷᠢᠰᠢᠭᠤᠯᠤᠯᠲᠠ᠎ᠳᠤ ᠴᠢᠬᠤᠯᠠ ᠲᠤᠯᠭ᠋ᠠᠭᠤᠷᠢᠯᠠᠯ ᠬᠠᠩᠭ᠋ᠠᠬᠤ ᠪᠣᠯᠤᠨ᠎ᠠ᠃
ᠣᠶ᠋ᠢᠯᠠᠭ᠋ᠠᠭᠰᠠᠨ ᠵᠶ᠋ᠠᠷ᠂ 《ᠳᠤᠮᠳᠠᠳᠤ ᠤᠯᠤᠰ᠎ᠤᠨ ᠠᠭᠤᠷᠬᠠᠢ ᠵᠢᠨ ᠭᠠᠷᠤᠯᠲᠠ ᠵᠢᠨ ᠭᠠᠵᠠᠷ ᠰᠢᠨᠵᠢᠯᠡᠭᠡᠨ᠎ᠤ ᠣᠶ᠋ᠢᠯᠠᠯᠭ᠎ᠠ · ᠥᠪᠥᠷ ᠮᠣᠩᠭᠤᠯ᠎ᠤᠨ ᠡᠪᠬᠡᠮᠡᠯ》 ᠪᠣᠯ 《ᠳᠤᠮᠳᠠᠳᠤ ᠤᠯᠤᠰ᠎ᠤᠨ ᠠᠭᠤᠷᠬᠠᠢ ᠵᠢᠨ ᠭᠠᠷᠤᠯᠲᠠ ᠵᠢᠨ ᠭᠠᠵᠠᠷ ᠰᠢᠨᠵᠢᠯᠡᠭᠡᠨ᠎ᠤ ᠣᠶ᠋ᠢᠯᠠᠯᠭ᠎ᠠ》᠎ᠳᠠᠬᠢ 《ᠮᠤᠵᠢ ᠵᠢᠨ ᠱᠠᠲᠤᠨ᠎ᠤ ᠣᠶ᠋ᠢᠯᠠᠯᠭ᠎ᠠ》 ᠵᠢᠨ ᠨᠢᠭᠡ ᠪᠠᠶ᠋ᠢᠵᠤ᠂ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠠᠴᠠ ᠵᠢᠭ᠋ᠠᠨ ᠵᠢᠯᠤᠭᠤᠳᠴᠤ᠂ ᠥᠪᠡᠷᠲᠡᠭᠡᠨ ᠵᠠᠰᠠᠬᠤ ᠣᠷᠣᠨ᠎ᠤ ᠭᠠᠵᠠᠷ ᠰᠢᠨᠵᠢᠯᠡᠭᠡᠨ᠎ᠤ ᠪᠠᠶ᠋ᠢᠴᠠᠭ᠋ᠠᠯᠲᠠ ᠵᠢᠨ ᠰᠤᠳᠤᠯᠭ᠋ᠠᠨ᠎ᠤ ᠬᠦᠷᠢᠶᠡᠯᠡᠩ᠎ᠠᠴᠠ ᠪᠦᠬᠦ ᠣᠷᠣᠨ᠎ᠤ ᠭᠠᠵᠠᠷ ᠰᠢᠨᠵᠢᠯᠡᠭᠡᠨ᠎ᠤ ᠠᠵᠢᠯ ᠲᠥᠷᠥᠯ᠎ᠤᠨ ᠮᠡᠷᠭᠡᠵᠢᠯ᠎ᠤᠨ ᠲᠤᠰᠬᠠᠢ ᠮᠡᠷᠭᠡᠵᠢᠯᠲᠡᠳ᠎ᠢ ᠵᠣᠬᠢᠶᠠᠨ ᠪᠠᠶ᠋ᠢᠭᠤᠯᠤᠨ ᠵᠣᠬᠢᠴᠠᠭᠤᠯᠵᠤ ᠪᠠᠶ᠋ᠢᠭ᠋ᠠᠳ ᠨᠠᠶ᠋ᠢᠷᠠᠭᠤᠯᠤᠨ ᠪᠢᠴᠢᠵᠦ ᠳᠠᠭᠤᠰᠬᠠᠨ᠂ 8 ᠵᠢᠯ᠎ᠤᠨ ᠴᠠᠭ ᠵᠠᠷᠤᠴᠠᠭᠤᠯᠵᠤ᠂ ᠥᠪᠥᠷ ᠮᠣᠩᠭᠤᠯ᠎ᠤᠨ ᠠᠭᠤᠷᠬᠠᠢ ᠵᠢᠨ ᠭᠠᠷᠤᠯᠲᠠ ᠵᠢᠨ ᠡᠬᠢ ᠪᠠᠶᠠᠯᠢᠭ᠎ᠤᠨ ᠬᠦᠷᠢᠶᠡᠨ᠎ᠳᠠᠬᠢ ᠣᠷᠣᠨ ᠨᠤᠲᠤᠭ᠎ᠤᠨ ᠣᠶ᠋ᠢᠯᠠᠯᠭ᠎ᠠ ᠵᠢᠨ ᠬᠤᠭᠤᠰᠤᠨ᠎ᠢ ᠨᠥᠬᠦᠪᠦᠷᠢᠯᠡᠪᠡ᠃
ᠥᠪᠥᠷ ᠮᠣᠩᠭᠣᠯ᠎ᠤᠨ ᠭᠠᠵᠠᠷ ᠨᠤᠲᠤᠭ ᠥᠷᠭᠡᠨ ᠠᠭᠤᠳᠠᠮ᠂ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ ᠡᠯᠪᠡᠭ ᠳᠡᠯᠪᠡᠭ ᠪᠠᠶ᠋ᠢᠵᠤ᠂ ᠠᠭᠤᠷᠬᠠᠶ ᠵᠢᠨ ᠲᠥᠷᠥᠯ ᠵᠶ᠋ᠠᠷ ᠣᠯᠠᠨ᠂ ᠲᠠᠷᠬᠠᠯᠲᠠ ᠵᠢᠨ ᠭᠠᠵᠠᠷ ᠣᠷᠣᠨ ᠵᠶ᠋ᠠᠷ ᠥᠷᠭᠡᠨ᠂ ᠡᠨᠧᠷᠭᠢ ᠵᠢᠴᠢ ᠴᠢᠬᠤᠯᠠ ᠠᠭᠤᠷᠬᠠᠶ ᠵᠢᠨ ᠭᠠᠷᠤᠯᠲᠠ ᠵᠢᠨ ᠳᠠᠪᠠᠭᠤᠯᠢᠭ ᠢᠯᠡᠷᠬᠡᠶ ᠵᠡᠷᠭᠡ ᠣᠨᠴᠠᠯᠢᠭ᠎ᠲᠠᠢ ᠪᠠᠶ᠋ᠢᠵᠤ᠂ ᠮᠠᠨ᠎ᠤ ᠤᠯᠤᠰ᠎ᠤᠨ ᠴᠢᠬᠤᠯᠠ ᠡᠨᠧᠷᠭᠢ᠂ ᠥᠩᠭᠡᠲᠦ ᠲᠡᠮᠦᠷᠯᠢᠭ᠎ᠤᠨ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠤᠨ ᠰᠠᠭᠤᠷᠢᠨ ᠭᠠᠵᠠᠷ ᠵᠢᠴᠢ ᠰᠢᠨ᠎ᠡ᠎ᠪᠠᠷ ᠪᠤᠶ ᠪᠣᠯᠤᠭᠰᠠᠨ ᠪᠠᠶ᠋ᠢᠯᠳᠤᠬᠤ ᠪᠣᠳᠣᠯᠭ᠎ᠠ ᠵᠢᠨ ᠡᠬᠢ ᠪᠠᠶᠠᠯᠢᠭ᠎ᠤᠨ ᠲᠦᠭᠦᠬᠡᠶ ᠮᠠᠲ᠋ᠧᠷᠢᠶᠠᠯ᠎ᠤᠨ ᠰᠠᠭᠤᠷᠢᠨ ᠭᠠᠵᠠᠷ ᠪᠣᠯᠤᠨ᠎ᠠ᠃ ᠬᠤᠪᠣᠷ ᠰᠢᠷᠣᠢ᠂ ᠨᠢᠤᠪᠢ᠂ ᠮᠥᠩᠭᠦ᠂ ᠬᠠᠷ᠎ᠠ ᠲᠤᠭᠤᠯᠭ᠎ᠠ᠂ ᠴᠠᠶ᠋ᠢᠷ᠂ ᠨᠡᠭᠦᠷᠡᠰᠦ᠂ ᠡᠩ᠎ᠤᠨ ᠬᠠᠶ᠋ᠢᠯᠤᠭᠤᠷ ᠵᠣᠩᠰᠢ ᠵᠡᠷᠭᠡ ᠳᠠᠩ ᠠᠭᠤᠷᠬᠠᠢ ᠵᠢᠨ ᠭᠠᠭᠴᠠ ᠲᠦᠷᠦᠯ᠎ᠤᠨ ᠡᠬᠢ ᠪᠠᠶᠠᠯᠢᠭ᠎ᠤᠨ ᠬᠠᠳᠠᠭ᠋ᠠᠯᠠᠭᠳᠠᠴᠠ ᠪᠦᠬᠦᠢ ᠪᠦᠬᠦ ᠤᠯᠤᠰ᠎ᠲᠤ ᠲᠡᠷᠢᠭᠦᠨ ᠪᠠᠶ᠋ᠢᠷᠢᠨ᠎ᠳᠤ ᠵᠢᠭᠰᠠᠭ᠋ᠠᠭᠳᠠᠪᠠ᠃ 《ᠳᠤᠮᠳᠠᠳᠤ ᠤᠯᠤᠰ᠎ᠤᠨ ᠠᠭᠤᠷᠬᠠᠢ ᠵᠢᠨ ᠭᠠᠵᠠᠷ ᠰᠢᠨᠵᠢᠯᠡᠭᠡᠨ᠎ᠤ ᠣᠶ᠋ᠢᠯᠠᠯᠭ᠎ᠠ · ᠥᠪᠥᠷ ᠮᠣᠩᠭᠤᠯ᠎ᠤᠨ ᠡᠪᠬᠡᠮᠡᠯ》᠎ᠨᠢ ᠥᠪᠥᠷ ᠮᠣᠩᠭᠤᠯ᠎ᠤᠨ ᠨᠢᠭᠡᠨᠲᠡ ᠢᠯᠡᠷᠡᠭᠦᠯᠦᠭᠰᠡᠨ 142 ᠵᠦᠢ᠍ᠯ᠎ᠤᠨ ᠬᠦᠳᠡᠷ᠂ 2735 ᠠᠭᠤᠷᠬᠠᠢ ᠵᠢᠨ ᠭᠠᠷᠤᠯᠲᠠ ᠵᠢᠨ ᠭᠠᠵᠠᠷ ᠵᠢᠴᠢ ᠠᠷᠪᠠᠨ ᠵᠢᠷᠭᠤᠭ᠋ᠠᠨ ᠭᠤᠷᠪᠠᠳᠤᠭ᠋ᠠᠷ ᠳᠡᠰ᠎ᠤᠨ ᠡᠷᠦᠳᠡᠰᠦ ᠵᠢᠨ ᠪᠦᠰᠡ ᠵᠢ ᠰᠢᠰᠲ᠋ᠧᠮ᠎ᠲᠠᠢ ᠡᠮᠬᠢᠯᠡᠨ ᠳ᠋ᠦᠩᠨᠡᠵᠦ᠂ ᠬᠦᠳᠡᠷ᠎ᠤᠨ ᠲᠥᠷᠥᠯ᠂ ᠠᠭᠤᠷᠬᠠᠢ ᠵᠢᠨ ᠭᠠᠷᠤᠯᠲᠠ ᠵᠢᠨ ᠭᠠᠵᠠᠷ᠂ ᠡᠷᠦᠳᠡᠰᠦ ᠵᠢᠨ ᠪᠦᠰᠡ ᠭᠤᠷᠪᠠ ᠵᠢ ᠨᠡᠶ᠋ᠢᠳᠡᠮ ᠪᠦᠷᠬᠦᠭᠦᠯᠵᠦ᠂ ᠪᠦᠬᠦ ᠣᠷᠣᠨ᠎ᠤ ᠠᠭᠤᠷᠬᠠᠢ ᠵᠢᠨ ᠭᠠᠷᠤᠯᠲᠠ ᠵᠢᠨ ᠡᠬᠢ ᠪᠠᠶᠠᠯᠢᠭ᠎ᠤᠨ ᠪᠠᠶ᠋ᠢᠳᠠᠯ᠎ᠢ ᠲᠣᠳᠣᠷᠬᠠᠶ ᠣᠶ᠋ᠢᠯᠠᠭ᠋ᠠᠵᠠᠢ᠃ ᠡᠭᠦᠨ᠎ᠤ ᠬᠠᠮᠲᠤ᠂ 《ᠳᠤᠮᠳᠠᠳᠤ ᠤᠯᠤᠰ᠎ᠤᠨ ᠠᠭᠤᠷᠬᠠᠢ ᠵᠢᠨ ᠭᠠᠷᠤᠯᠲᠠ ᠵᠢᠨ ᠭᠠᠵᠠᠷ ᠰᠢᠨᠵᠢᠯᠡᠭᠡᠨ᠎ᠤ ᠣᠶ᠋ᠢᠯᠠᠯᠭ᠎ᠠ · ᠥᠪᠥᠷ ᠮᠣᠩᠭᠤᠯ᠎ᠤᠨ ᠡᠪᠬᠡᠮᠡᠯ》᠎ᠨᠢ ᠠᠩᠬ᠎ᠠ ᠤᠳᠠᠭ᠎ᠠ ᠵᠣᠷᠢᠭ᠂ ᠵᠢᠷᠤᠭ᠂ ᠬᠥᠮᠥᠷᠭᠡ᠂ ᠡᠩ᠎ᠤᠨ ᠬᠡᠯᠪᠡᠷᠢ᠎ᠪᠠᠷ ᠥᠪᠥᠷ ᠮᠣᠩᠭᠤᠯ᠎ᠤᠨ ᠠᠭᠤᠷᠬᠠᠢ ᠵᠢᠨ ᠭᠠᠷᠤᠯᠲᠠ ᠵᠢᠨ ᠭᠠᠵᠠᠷ ᠰᠢᠨᠵᠢᠯᠡᠭᠡᠨ᠎ᠤ ᠰᠤᠳᠤᠯᠭ᠋ᠠᠨ᠎ᠤ ᠦᠷ᠎ᠡ ᠪᠦᠲᠦᠭᠡᠯ᠎ᠢ ᠲᠤᠰᠬᠠᠵᠤ᠂ ᠥᠪᠡᠷᠲᠡᠭᠡᠨ ᠵᠠᠰᠠᠬᠤ ᠣᠷᠣᠨ᠎ᠤ ᠠᠭᠤᠷᠬᠠᠢ ᠵᠢᠨ ᠭᠠᠷᠤᠯᠲᠠ ᠵᠢᠨ ᠭᠠᠵᠠᠷ ᠰᠢᠨᠵᠢᠯᠡᠭᠡ ᠵᠢᠴᠢ ᠡᠷᠦᠳᠡᠰᠦ ᠵᠢᠨ ᠵᠢᠮ᠎ᠡ ᠶᠣᠰᠣᠨ᠎ᠤ ᠰᠤᠳᠤᠯᠭ᠋ᠠᠨ᠎ᠤ ᠲᠠᠯ᠎ᠠ᠎ᠪᠠᠷ ᠬᠠᠮᠤᠭ᠎ᠤᠨ ᠰᠢᠨ᠎ᠡ᠂ ᠬᠠᠮᠤᠭ᠎ᠤᠨ ᠪᠦᠬᠦ ᠲᠠᠯ᠎ᠠ᠂ ᠬᠠᠮᠤᠭ᠎ᠤᠨ ᠰᠢᠰᠲ᠋ᠧᠮ᠎ᠲᠠᠢ ᠪᠦᠲᠦᠭᠡᠯ ᠪᠠᠶ᠋ᠢᠵᠤ᠂ ᠥᠪᠡᠷᠲᠡᠭᠡᠨ ᠵᠠᠰᠠᠬᠤ ᠣᠷᠣᠨ ᠪᠠ ᠪᠦᠬᠦ ᠤᠯᠤᠰ᠎ᠲᠤ ᠪᠦᠬᠦ ᠲᠠᠯ᠎ᠠ ᠵᠢᠨ ᠠᠭᠤᠷᠬᠠᠢ ᠵᠢᠨ ᠭᠠᠷᠤᠯᠲᠠ ᠵᠢᠨ ᠡᠬᠢ ᠪᠠᠶᠠᠯᠢᠭ᠎ᠤᠨ ᠮᠡᠳᠡᠭᠡ ᠵᠠᠩᠭᠢ ᠵᠢᠨ ᠨᠡᠶ᠋ᠢᠲᠡ ᠵᠢᠨ ᠠᠰᠠᠷᠠᠮᠵᠢ ᠵᠢᠨ ᠦᠢ᠍ᠯᠡᠴᠢᠯᠡᠭᠡ ᠬᠠᠩᠭ᠋ᠠᠪᠠ᠃