ᠡᠨᠡ ᠵᠢᠯ᠎ᠤᠨ 6 ᠳ᠋ᠤᠭ᠋ᠠᠷ ᠰᠠᠷ᠎ᠠ ᠵᠢᠨ 25᠎ᠤ ᠡᠳᠦᠷ ᠪᠣᠯ 34 ᠳ᠋ᠦ᠍ᠭᠡᠷ ᠪᠥᠬᠦ ᠤᠯᠤᠰ᠎ᠤᠨ ᠭᠠᠵᠠᠷ ᠰᠢᠷᠣᠶ ᠵᠢᠨ ᠡᠳᠦᠷ ᠪᠠᠶ᠋ᠢᠵᠤ᠂ 《ᠭᠠᠵᠠᠷ ᠰᠢᠷᠣᠶ ᠵᠢ ᠠᠷᠪᠢᠲᠠᠶ ᠡᠷᠴᠢᠮᠯᠢᠭ ᠬᠡᠷᠡᠭᠯᠡᠵᠦ ᠲᠠᠷᠢᠶᠠᠨ ᠭᠠᠵᠠᠷ᠎ᠤᠨ ᠤᠯᠠᠭ᠋ᠠᠨ ᠱᠤᠭᠤᠮ᠎ᠢ ᠴᠢᠩᠭ᠎ᠠ ᠰᠠᠬᠢᠬᠤ》᠎ᠪᠠᠷ ᠭᠤᠤᠯ ᠰᠡᠳᠦᠪ ᠪᠤᠯᠭ᠋ᠠᠪᠠ᠃ ᠠᠮᠤ ᠪᠤᠳᠠᠭ᠋ᠠᠨ᠎ᠤ ᠠᠮᠤᠷ ᠲᠦᠪᠰᠢᠨ ᠪᠣᠯ 《ᠤᠯᠤᠰ᠎ᠤᠨ ᠶᠡᠭᠡ ᠶᠠᠪᠤᠳᠠᠯ》 ᠮᠥᠨ᠂ ᠲᠠᠷᠢᠶᠠᠨ ᠭᠠᠵᠠᠷ ᠪᠣᠯ ᠠᠮᠤ ᠪᠤᠳᠠᠭ᠋ᠠᠨ᠎ᠤ ᠦᠢ᠍ᠯᠡᠳᠪᠦᠷᠢᠯᠡᠯ᠎ᠤᠨ ᠠᠮᠢᠨ ᠰᠤᠳᠠᠰᠤ ᠮᠥᠨ᠃ ᠤᠯᠤᠰ᠎ᠤᠨ ᠠᠮᠤ ᠪᠤᠳᠠᠭ᠋ᠠᠨ᠎ᠤ ᠠᠮᠤᠷ ᠲᠦᠪᠰᠢᠨ᠎ᠢ ᠪᠠᠲᠤᠯᠠᠬᠤ ᠳᠠᠷᠤᠯᠲᠠ ᠨᠠᠩ ᠶᠡᠭᠡ᠂ ᠡᠭᠦᠷᠭᠡ ᠨᠠᠩ ᠬᠦᠨᠳᠦ ᠪᠠᠶ᠋ᠢᠭ᠎ᠠ ᠪᠠᠶ᠋ᠢᠳᠠᠯ᠎ᠤᠨ ᠡᠮᠦᠨ᠎ᠡ᠂ ᠡᠷᠬᠡᠪᠰᠢ ᠲᠠᠷᠢᠶᠠᠨ ᠭᠠᠵᠠᠷ᠎ᠤᠨ ᠬᠠᠮᠠᠭ᠋ᠠᠯᠠᠯᠲᠠ ᠵᠢ ᠦᠨᠡᠨ ᠬᠦ᠌ ᠴᠢᠩᠭ᠋ᠠᠳᠬᠠᠵᠤ᠂ ᠲᠠᠷᠢᠶᠠᠨ ᠭᠠᠵᠠᠷ᠎ᠤᠨ ᠶᠠᠰᠤ ᠴᠢᠨᠠᠷ᠎ᠢ ᠪᠥᠬᠦ ᠲᠠᠯ᠎ᠠ᠎ᠪᠠᠷ ᠳᠡᠭᠡᠭᠰᠢᠯᠡᠭᠦᠯᠦᠨ᠂ ᠪᠥᠬᠦ ᠨᠡᠶ᠋ᠢᠭᠡᠮ ᠵᠶ᠋ᠠᠷ ᠵᠶ᠋ᠠᠨ ᠭᠠᠵᠠᠷ ᠰᠢᠷᠣᠶ ᠵᠢ ᠨᠠᠨᠳᠢᠩᠨᠠᠬᠤ᠂ ᠵᠦᠶ ᠵᠣᠬᠢᠰᠲᠠᠶ ᠠᠰᠢᠭᠯᠠᠬᠤ ᠬᠠᠮᠲᠤ ᠵᠢᠨ ᠲᠠᠨᠢᠯᠲᠠ ᠪᠠ ᠠᠵᠢᠯᠯᠠᠭ᠋ᠠᠨ᠎ᠤ ᠤᠬᠠᠮᠰᠠᠷ᠎ᠲᠠᠢ ᠪᠣᠯᠬᠤ ᠵᠢ ᠠᠬᠢᠭᠤᠯᠬᠤ ᠬᠡᠷᠡᠭᠲᠡᠶ᠃
ᠨᠠᠮ᠎ᠤᠨ ᠠᠷᠪᠠᠨ ᠨᠠᠢ᠍ᠮᠠᠳᠤᠭ᠋ᠠᠷ ᠶᠡᠭᠡ ᠬᠤᠷᠠᠯ᠎ᠠᠴᠠ ᠨᠠᠭ᠋ᠠᠰᠢ᠂ ᠨᠠᠮ᠎ᠤᠨ ᠲᠥᠪ ᠬᠤᠷᠢᠶ᠎ᠠ ᠤᠷᠢᠳ ᠬᠤᠵᠢᠳ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠳᠦᠭᠡᠨ ᠪᠠᠶ᠋ᠢᠭᠤᠯᠤᠯᠲᠠ ᠵᠢᠨ ᠢᠨᠵᠧᠨᠧᠷᠢᠩ᠂ ᠬᠠᠷ᠎ᠠ ᠬᠥᠷᠥᠰᠥᠲᠦ ᠭᠠᠵᠠᠷ᠎ᠢ ᠬᠠᠮᠠᠭ᠋ᠠᠯᠠᠬᠤ ᠢᠨᠵᠧᠨᠧᠷᠢᠩ᠂ ᠲᠠᠷᠢᠶᠠᠨ ᠭᠠᠵᠠᠷ᠎ᠤᠨ ᠤᠰᠤ ᠬᠦᠷᠦᠰᠦ ᠵᠢᠨ ᠪᠣᠬᠢᠷᠲᠤᠯ᠎ᠢ ᠵᠠᠰᠠᠬᠤ ᠪᠠ ᠵᠠᠰᠠᠨ ᠰᠡᠷᠭᠦᠭᠡᠬᠦ ᠢᠨᠵᠧᠨᠧᠷᠢᠩ ᠵᠡᠷᠭᠡ ᠵᠢ ᠬᠡᠷᠡᠭᠵᠢᠭᠦᠯᠵᠦ᠂ ᠲᠠᠷᠢᠶᠠᠨ ᠭᠠᠵᠠᠷ ᠪᠠ ᠡᠭᠦᠷᠢᠳᠡ ᠵᠢᠨ ᠦᠨᠳᠦᠰᠦᠨ ᠲᠠᠷᠢᠶᠠᠨ ᠭᠠᠵᠠᠷ᠎ᠤᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠎ᠢ ᠵᠠᠭ᠋ᠠᠭᠯᠠᠨ ᠲᠣᠭᠲᠠᠭ᠋ᠠᠵᠤ᠂ ᠮᠤᠵᠢ ᠵᠢᠨ ᠱᠠᠲᠤᠨ᠎ᠤ ᠨᠠᠮ᠎ᠤᠨ ᠬᠤᠷᠢᠶ᠎ᠠ ᠪᠠ ᠵᠠᠰᠠᠭ᠎ᠤᠨ ᠣᠷᠳᠣᠨ᠎ᠤ ᠲᠠᠷᠢᠶᠠᠨ ᠭᠠᠵᠠᠷ᠎ᠢ ᠬᠠᠮᠠᠭ᠋ᠠᠯᠠᠬᠤ ᠬᠠᠷᠢᠭᠤᠴᠠᠯᠭ᠎ᠠ ᠵᠢᠨ ᠲᠦᠷᠢᠮ᠎ᠢ ᠨᠠᠶ᠋ᠢᠳᠠᠪᠤᠷᠢᠵᠢᠭᠤᠯᠪᠠ᠃ ᠡᠳᠡᠭᠡᠷ ᠬᠠᠲᠠᠭᠤ ᠠᠷᠭ᠎ᠠ ᠬᠡᠮᠵᠢᠶ᠎ᠡ᠎ᠨᠢ ᠲᠠᠷᠢᠶᠠᠨ ᠭᠠᠵᠠᠷ᠎ᠤᠨ ᠤᠯᠠᠭ᠋ᠠᠨ ᠱᠤᠭᠤᠮ᠎ᠢ ᠰᠠᠬᠢᠵᠤ᠂ ᠲᠠᠷᠢᠶᠠᠨ ᠭᠠᠵᠠᠷ᠎ᠤᠨ ᠶᠡᠷᠦᠩᠬᠡᠢ ᠬᠡᠮᠵᠢᠶ᠎ᠡ ᠵᠢᠨ ᠦᠷᠭᠦᠯᠵᠢᠯᠡᠨ ᠪᠠᠭᠤᠷᠠᠬᠤ ᠬᠠᠨᠳᠤᠰᠢ ᠵᠢ ᠠᠩᠬ᠎ᠠ ᠠᠯᠬᠤᠮ ᠬᠢᠵᠠᠭ᠋ᠠᠷᠯᠠᠵᠠᠢ᠃ ᠪᠥᠬᠦ ᠤᠯᠤᠰ᠎ᠤᠨ ᠤᠯᠤᠰ᠎ᠤᠨ ᠭᠠᠵᠠᠷ ᠰᠢᠷᠣᠶ ᠵᠢᠨ ᠬᠤᠪᠢᠷᠠᠯᠲᠠ ᠵᠢᠨ ᠪᠠᠶ᠋ᠢᠴᠠᠭ᠋ᠠᠯᠲᠠ ᠵᠢᠨ ᠠᠩᠬ᠎ᠠ ᠠᠯᠬᠤᠮ᠎ᠤᠨ ᠲᠤᠭ᠎ᠠ ᠪᠠᠷᠢᠮᠲᠠ᠎ᠠᠴᠠ ᠦᠵᠡᠪᠡᠯ᠂ 2022 ᠣᠨ᠎ᠳᠤ ᠪᠥᠬᠦ ᠤᠯᠤᠰ᠎ᠤᠨ ᠲᠠᠷᠢᠶᠠᠨ ᠭᠠᠵᠠᠷ 130 ᠲᠦᠮᠡᠨ ᠮᠥ᠍ ᠴᠡᠪᠡᠷ ᠨᠡᠮᠡᠭᠳᠡᠵᠦ᠂ 2021 ᠣᠨ᠎ᠤ ᠪᠥᠬᠦ ᠤᠯᠤᠰ᠎ᠤᠨ ᠲᠠᠷᠢᠶᠠᠨ ᠭᠠᠵᠠᠷ᠎ᠤᠨ ᠶᠡᠷᠦᠩᠬᠡᠶ ᠬᠡᠮᠵᠢᠶ᠎ᠡ ᠴᠡᠪᠡᠷ ᠨᠡᠮᠡᠭᠳᠡᠯ᠎ᠤᠨ ᠳᠠᠷᠠᠭ᠋ᠠᠬᠢ ᠬᠤᠶᠠᠳᠤᠭ᠋ᠠᠷ ᠵᠢᠯ᠎ᠳᠤ ᠴᠡᠪᠡᠷ ᠨᠡᠮᠡᠭᠳᠡᠯ᠎ᠢ ᠪᠡᠶᠡᠯᠡᠭᠦᠯᠦᠭᠰᠡᠨ ᠶᠠᠪᠤᠳᠠᠯ ᠪᠣᠯᠤᠨ᠎ᠠ᠃ ᠮᠠᠨ᠎ᠤ ᠤᠯᠤᠰ᠎ᠤᠨ ᠠᠮᠤ ᠪᠤᠳᠠᠭ᠋ᠠᠨ᠎ᠤ ᠦᠢ᠍ᠯᠡᠳᠪᠦᠷᠢᠯᠡᠯ ᠨᠢᠭᠡᠨᠲᠡ 《ᠬᠣᠷᠢᠨ ᠵᠢᠯ ᠳᠠᠷᠠᠭ᠋ᠠᠯᠠᠨ ᠡᠯᠪᠡᠭ ᠬᠤᠷᠢᠶᠠᠯᠲᠠ ᠣᠯᠵᠤ᠂ ᠠᠮᠤ ᠪᠤᠳᠠᠭ᠋ᠠᠨ᠎ᠤ ᠤᠨᠠᠯᠲᠠ ᠣᠯᠠᠨ ᠵᠢᠯ ᠳᠠᠷᠠᠭ᠋ᠠᠯᠠᠨ 1.3 ᠲᠦᠮᠡᠨ ᠳ᠋ᠦᠩᠰᠢᠭᠤᠷ ᠵᠢᠩ᠎ᠠᠴᠠ ᠳᠡᠭᠡᠭᠰᠢ ᠪᠠᠶ᠋ᠢᠬᠤ ᠵᠢ ᠪᠠᠲᠤᠯᠠᠪᠠ᠃
ᠭᠠᠳᠠᠭ᠋ᠠᠳᠤ ᠪᠠᠶ᠋ᠢᠳᠠᠯ᠎ᠤᠨ ᠳᠠᠪᠠᠯᠭ᠋ᠠᠨ᠂ ᠣᠯᠠᠨ ᠤᠯᠤᠰ᠎ᠤᠨ ᠲᠠᠷᠢᠶᠠᠯᠠᠩ᠎ᠤᠨ ᠪᠦᠲᠦᠭᠡᠭᠳᠡᠬᠦᠨ᠎ᠤ ᠵᠠᠬ᠎ᠠ ᠳᠡᠯᠭᠡᠭᠦᠷ ᠪᠠᠶ᠋ᠢᠨ ᠳᠠᠬᠢᠨ ᠬᠡᠯᠪᠡᠯᠵᠡᠵᠦ᠂ ᠤᠯᠤᠰ᠎ᠤᠨ ᠳᠣᠲᠣᠭ᠋ᠠᠳᠤ ᠵᠢᠨ ᠠᠮᠤ ᠪᠤᠳᠠᠭ᠋ᠠᠨ᠎ᠤ ᠭᠠᠷᠤᠯᠲᠠ ᠪᠠᠴᠢᠮ ᠲᠡᠩᠴᠡᠭᠦᠷᠢᠲᠡᠶ ᠪᠠᠶ᠋ᠢᠬᠤ ᠪᠠᠶ᠋ᠢᠳᠠᠯ ᠳᠣᠤᠷ᠎ᠠ᠂ ᠡᠷᠬᠡᠪᠰᠢ ᠲᠠᠷᠢᠶᠠᠨ ᠭᠠᠵᠠᠷ᠎ᠤᠨ ᠠᠰᠠᠭᠤᠳᠠᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠬᠤ ᠬᠡᠷᠡᠭᠲᠡᠶ᠃ ᠡᠭᠦᠨ᠎ᠤ ᠬᠠᠮᠲᠤ᠂ ᠮᠠᠨ᠎ᠤ ᠤᠯᠤᠰ᠎ᠤᠨ ᠬᠥᠮᠦᠨ ᠣᠯᠠᠨ ᠭᠠᠵᠠᠷ ᠪᠠᠭ᠎ᠠ ᠪᠠᠶ᠋ᠢᠭ᠎ᠠ ᠤᠯᠤᠰ᠎ᠤᠨ ᠪᠠᠶ᠋ᠢᠳᠠᠯ ᠬᠤᠪᠢᠷᠠᠭᠰᠠᠨ ᠥᠬᠡᠶ᠂ ᠲᠠᠷᠢᠶᠠᠨ ᠭᠠᠵᠠᠷ᠎ᠢ 《ᠠᠮᠤ ᠪᠤᠳᠠᠭ᠋ᠠᠨ᠎ᠤ ᠪᠤᠰᠤ ᠪᠣᠯᠭ᠋ᠠᠬᠤ》᠂ 《ᠲᠠᠷᠢᠶᠠᠯᠠᠩ᠎ᠤᠨ ᠪᠤᠰᠤ ᠪᠣᠯᠭ᠋ᠠᠬᠤ》 ᠠᠰᠠᠭᠤᠳᠠᠯ ᠮᠥᠨ ᠬᠦ᠌ ᠲᠣᠪᠤᠶ᠋ᠢᠮ᠎ᠠ ᠪᠠᠶ᠋ᠢᠵᠤ᠂ ᠲᠠᠷᠢᠶᠠᠨ ᠭᠠᠵᠠᠷ᠎ᠤᠨ ᠤᠯᠠᠭ᠋ᠠᠨ ᠱᠤᠭᠤᠮ᠎ᠢ ᠪᠠᠲᠤ ᠰᠠᠬᠢᠬᠤ ᠰᠠᠭᠤᠷᠢ ᠬᠠᠷᠠᠬᠠᠨ ᠲᠣᠭᠲᠠᠭᠤᠨ ᠪᠤᠰᠤ ᠪᠠᠶ᠋ᠢᠵᠤ᠂ ᠲᠠᠷᠢᠶᠠᠨ ᠭᠠᠵᠠᠷ᠎ᠤᠨ ᠤᠰᠤᠨ ᠠᠰᠢᠭᠯᠠᠯᠲᠠ ᠵᠢᠨ ᠲᠠᠯ᠎ᠠ᠎ᠪᠠᠷ ᠪᠠᠰᠠ ᠮᠠᠰᠢ ᠣᠯᠠᠨ ᠥᠷᠢᠲᠦᠵᠦ᠂ ᠵᠠᠷᠢᠮ ᠭᠠᠵᠠᠷ ᠣᠷᠣᠨ᠎ᠤ ᠤᠰᠤ ᠬᠦᠷᠦᠰᠦ ᠵᠢᠨ ᠢᠳᠡᠭᠳᠡᠯ᠂ ᠭᠠᠵᠠᠷ ᠳᠣᠤᠷᠠᠬᠢ ᠤᠰᠤ ᠵᠢ ᠬᠡᠲᠦᠷᠡᠲᠡᠯ᠎ᠡ ᠲᠠᠲᠠᠬᠤ᠂ ᠤᠰᠤ ᠬᠦᠷᠦᠰᠦ ᠮᠠᠭᠤᠳᠠᠬᠤ᠂ ᠲᠠᠷᠢᠶᠠᠯᠠᠩ᠎ᠤᠨ ᠣᠯᠠᠨ ᠡᠬᠢᠲᠦ ᠪᠣᠬᠢᠷᠲᠤᠯ ᠬᠦᠨᠳᠦᠷᠡᠵᠦ᠂ ᠲᠠᠷᠢᠶᠠᠨ ᠭᠠᠵᠠᠷ᠎ᠢ ᠬᠠᠮᠠᠭ᠋ᠠᠯᠠᠬᠤ ᠡᠭᠦᠷᠭᠡ ᠮᠥᠨ ᠬᠦ᠌ ᠪᠡᠷᠬᠡ ᠬᠠᠲᠠᠭᠤᠵᠢᠯᠲᠠᠶ ᠪᠠᠶ᠋ᠢᠨ᠎ᠠ᠃
ᠲᠠᠷᠢᠶᠠᠨ ᠭᠠᠵᠠᠷ᠎ᠢ ᠬᠠᠮᠠᠭ᠋ᠠᠯᠠᠬᠤ ᠪᠣᠯ ᠨᠢᠭᠡᠨ ᠰᠢᠰᠲ᠋ᠧᠮᠲᠦ ᠢᠨᠵᠧᠨᠧᠷᠢᠩ ᠮᠥᠨ᠂ ᠲᠤᠭ᠎ᠠ ᠬᠡᠮᠵᠢᠶ᠎ᠡ ᠶᠠᠰᠤ ᠴᠢᠨᠠᠷ᠎ᠢ ᠵᠡᠷᠭᠡ᠎ᠪᠠᠷ ᠴᠢᠬᠤᠯᠠᠴᠢᠯᠠᠬᠤ᠂ ᠬᠠᠤᠯᠢ ᠵᠢ ᠴᠢᠩᠭ᠎ᠠ ᠬᠡᠷᠡᠭᠵᠢᠭᠦᠯᠬᠦ ᠵᠡᠷᠭᠡ ᠴᠢᠬᠤᠯᠠ ᠶᠡᠭᠡ ᠱᠠᠭ᠋ᠠᠷᠳᠠᠯᠭ᠎ᠠ ᠵᠢ ᠲᠣᠪᠤᠶ᠋ᠢᠮ᠎ᠠ ᠰᠠᠶ᠋ᠢᠲᠤᠷ ᠡᠵᠡᠮᠳᠡᠵᠦ᠂ ᠬᠠᠲᠠᠭᠤ ᠠᠷᠭ᠎ᠠ ᠪᠣᠳᠠᠲᠠᠶ ᠠᠷᠭ᠎ᠠ ᠵᠢ ᠤᠯᠠᠮ ᠨᠢᠭᠡ ᠠᠯᠬᠤᠮ ᠠᠪᠬᠤ ᠬᠡᠷᠡᠭᠲᠡᠶ᠃ 《ᠪᠥᠬᠦ ᠤᠯᠤᠰ᠎ᠤᠨ ᠤᠯᠤᠰ᠎ᠤᠨ ᠭᠠᠵᠠᠷ ᠰᠢᠷᠣᠶ ᠵᠢᠨ ᠣᠷᠣᠨ ᠵᠠᠶ ᠵᠢᠨ ᠲᠥᠯᠥᠪᠵᠢᠭᠦᠯᠭᠡ ᠵᠢᠨ ᠬᠥᠲᠥᠯᠪᠦᠷᠢ (2021 — 2035 ᠣᠨ)》᠎ᠳᠤ 2035 ᠣᠨ᠎ᠠᠴᠠ ᠡᠮᠦᠨ᠎ᠡ ᠪᠥᠬᠦ ᠤᠯᠤᠰ᠎ᠤᠨ 18.65 ᠳ᠋ᠦᠩᠰᠢᠭᠤᠷ ᠮᠥ᠍ ᠲᠠᠷᠢᠶᠠᠨ ᠭᠠᠵᠠᠷ ᠪᠠ 15.46 ᠳ᠋ᠦᠩᠰᠢᠭᠤᠷ ᠮᠥ᠍ ᠡᠭᠦᠷᠢᠳᠡ ᠵᠢᠨ ᠦᠨᠳᠦᠰᠦᠨ ᠲᠠᠷᠢᠶᠠᠨ ᠭᠠᠵᠠᠷ᠎ᠢ ᠬᠠᠮᠠᠭ᠋ᠠᠯᠠᠬᠤ ᠬᠠᠷᠠᠯᠲᠠ ᠵᠢ ᠲᠣᠳᠣᠷᠬᠠᠶ ᠳᠤᠷᠠᠳᠪᠠ᠃ ᠡᠳᠡᠭᠡᠷ ᠬᠠᠷᠠᠯᠲᠠ ᠵᠢ ᠪᠡᠶᠡᠯᠡᠭᠦᠯᠬᠦ ᠵᠢᠨ ᠲᠥᠯᠥᠭᠡ᠂ ᠮᠠᠨ᠎ᠤ ᠤᠯᠤᠰ ᠨᠢᠭᠡᠨᠲᠡ ᠲᠠᠷᠢᠶᠠᠨ ᠭᠠᠵᠠᠷ᠎ᠢ ᠬᠠᠮᠠᠭ᠋ᠠᠯᠠᠬᠤ ᠠᠵᠢᠯ᠎ᠳᠤ ᠨᠠᠮ ᠵᠠᠰᠠᠭ ᠠᠳᠠᠯᠢ ᠬᠠᠷᠢᠭᠤᠴᠠᠯᠭ᠎ᠠ ᠵᠢ ᠪᠦᠬᠦ ᠲᠠᠯ᠎ᠠ᠎ᠪᠠᠷ ᠨᠠᠶ᠋ᠢᠳᠠᠪᠤᠷᠢᠵᠢᠭᠤᠯᠪᠠ᠃ ᠲᠠᠷᠠᠭ᠋ᠠᠴᠢ ᠵᠢᠨ ᠠᠯᠬᠤᠮ᠎ᠳᠤ᠂ ᠦᠷᠭᠦᠯᠵᠢᠯᠡᠨ 《ᠰᠢᠳᠦ ᠤᠷᠭᠤᠭᠤᠯᠬᠤ》 ᠬᠠᠲᠠᠭᠤ ᠠᠷᠭ᠎ᠠ ᠬᠡᠮᠵᠢᠶ᠎ᠡ ᠠᠪᠴᠤ᠂ ᠡᠯ᠎ᠡ ᠱᠠᠲᠤᠨ᠎ᠤ ᠣᠷᠣᠨ ᠨᠤᠲᠤᠭ᠎ᠤᠨ ᠨᠠᠮ᠎ᠤᠨ ᠬᠤᠷᠢᠶ᠎ᠠ ᠪᠠ ᠵᠠᠰᠠᠭ᠎ᠤᠨ ᠣᠷᠳᠣᠨ᠎ᠤ ᠲᠠᠷᠢᠶᠠᠨ ᠭᠠᠵᠠᠷ᠎ᠢ ᠬᠠᠮᠠᠭ᠋ᠠᠯᠠᠬᠤ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠵᠤ᠂ 18 ᠳ᠋ᠦᠩᠰᠢᠭᠤᠷ ᠮᠥ᠍ ᠲᠠᠷᠢᠶᠠᠨ ᠭᠠᠵᠠᠷ᠎ᠢ ᠨᠡᠷ᠎ᠡ ᠨᠢᠳᠡᠷ᠎ᠲᠡᠭᠡᠨ ᠨᠡᠶ᠋ᠢᠴᠡᠭᠰᠡᠨ ᠪᠠᠶ᠋ᠢᠬᠤ ᠵᠢ ᠦᠨᠡᠨ ᠬᠦ᠌ ᠪᠠᠲᠤᠯᠠᠬᠤ ᠬᠡᠷᠡᠭᠲᠡᠶ᠃
ᠲᠠᠷᠢᠶᠠᠨ ᠭᠠᠵᠠᠷ᠎ᠢ ᠬᠠᠮᠠᠭ᠋ᠠᠯᠠᠬᠤ᠎ᠳᠤ ᠲᠣᠭ᠎ᠠ ᠬᠡᠮᠵᠢᠶ᠎ᠡ ᠵᠢ ᠪᠠᠲᠤᠯᠠᠬᠤ ᠮᠥᠷᠲᠡᠭᠡᠨ ᠶᠠᠰᠤ ᠴᠢᠨᠠᠷ᠎ᠢ ᠴᠤ᠌ ᠳᠡᠭᠡᠭᠰᠢᠯᠡᠭᠦᠯᠵᠦ᠂ 15.46 ᠳ᠋ᠦᠩᠰᠢᠭᠤᠷ ᠮᠦ᠍ ᠡᠭᠦᠷᠢᠳᠡ ᠵᠢᠨ ᠦᠨᠳᠦᠰᠦᠨ ᠲᠠᠷᠢᠶᠠᠨ ᠭᠠᠵᠠᠷ᠎ᠢ ᠦᠨᠡᠨ ᠬᠦ᠌ ᠲᠠᠷᠢᠶᠠᠯᠠᠬᠤ᠎ᠳᠤ ᠲᠤᠬᠢᠷᠠᠮᠵᠢᠳᠠᠢ᠂ ᠭᠠᠩ ᠤᠰᠤᠲᠤᠯ᠎ᠠᠴᠠ ᠤᠨᠠᠯᠳᠠ ᠵᠢ ᠪᠠᠲᠤᠯᠠᠬᠤ᠂ ᠥᠨᠳᠥᠷ ᠤᠨᠠᠯᠳᠠ᠎ᠲᠠᠢ ᠣᠳᠣᠬᠢᠴᠢᠯᠠᠭᠰᠠᠨ ᠰᠠᠶ᠋ᠢᠨ ᠲᠠᠷᠢᠶ᠎ᠠ ᠪᠣᠯᠭ᠋ᠠᠨ ᠪᠦᠳᠦᠭᠡᠨ ᠪᠠᠶ᠋ᠢᠭᠤᠯᠬᠤ ᠬᠡᠷᠡᠭᠲᠡᠢ᠃ ᠲᠠᠷᠢᠶᠠᠨ ᠭᠠᠵᠠᠷ᠎ᠢ ᠡᠵᠡᠯᠡᠬᠦ ᠪᠠ ᠨᠥᠬᠦᠪᠥᠷᠢᠯᠡᠬᠦ ᠵᠢ ᠲᠡᠩᠴᠡᠭᠦᠷᠢᠲᠡᠶ ᠪᠠᠶ᠋ᠢᠯᠭ᠋ᠠᠵᠤ᠂ ᠲᠥᠬᠦᠮ ᠲᠤᠭ᠎ᠠ ᠬᠡᠮᠵᠢᠶ᠎ᠡ ᠵᠢᠨ ᠲᠡᠩᠴᠡᠭᠦᠷᠢ ᠪᠣᠯᠵᠣ ᠪᠣᠯᠬᠤ ᠥᠬᠡᠶ᠂ ᠡᠷᠬᠡᠪᠰᠢ ᠶᠠᠰᠤ ᠴᠢᠨᠠᠷ᠎ᠢ ᠲᠡᠩᠴᠡᠭᠦᠷᠢᠰᠢᠭᠦᠯᠬᠦ᠂ ᠦᠢ᠍ᠯᠡᠳᠪᠦᠷᠢᠯᠡᠬᠦ ᠴᠢᠳᠠᠪᠤᠷᠢ ᠵᠢ ᠲᠡᠩᠴᠡᠭᠦᠷᠢᠲᠡᠶ ᠪᠠᠶ᠋ᠢᠯᠭ᠋ᠠᠬᠤ ᠵᠢ ᠪᠡᠶᠡᠯᠡᠭᠦᠯᠬᠦ ᠬᠡᠷᠡᠭᠲᠡᠶ᠃ ᠲᠠᠷᠢᠶᠠᠨ ᠭᠠᠵᠠᠷ᠎ᠢ ᠡᠵᠡᠯᠡᠬᠦ ᠪᠠ ᠨᠥᠬᠦᠪᠥᠷᠢᠯᠡᠬᠦ ᠵᠢ ᠲᠡᠩᠴᠡᠭᠦᠷᠢᠲᠡᠶ ᠪᠠᠶ᠋ᠢᠯᠭ᠋ᠠᠬᠤ ᠲᠦᠷᠢᠮ᠎ᠢ ᠦᠷᠭᠦᠯᠵᠢᠯᠡᠨ ᠥᠭᠡᠷᠡᠴᠢᠯᠡᠨ ᠲᠡᠭᠦᠯᠳᠡᠷᠵᠢᠭᠦᠯᠵᠦ᠂ ᠲᠠᠷᠢᠶᠠᠯᠠᠩ᠎ᠤᠨ ᠪᠤᠰᠤ ᠪᠥᠲᠥᠭᠡᠨ ᠪᠠᠶ᠋ᠢᠭᠤᠯᠤᠯᠲᠠ᠂ ᠲᠠᠷᠢᠶᠠᠯᠠᠩ᠎ᠤᠨ ᠪᠦᠲᠦᠴᠡ ᠵᠢᠨ ᠲᠣᠬᠢᠷᠠᠭᠤᠯᠤᠯᠲᠠ᠂ ᠣᠶ᠋ᠢᠵᠢᠭᠤᠯᠵᠤ ᠮᠣᠳᠣ ᠳᠠᠷᠢᠬᠤ ᠵᠡᠷᠭᠡ ᠡᠯ᠎ᠡ ᠲᠥᠷᠥᠯ᠎ᠤᠨ ᠲᠠᠷᠢᠶᠠᠨ ᠭᠠᠵᠠᠷ᠎ᠢ ᠡᠵᠡᠯᠡᠨ ᠬᠡᠷᠡᠭᠯᠡᠬᠦ ᠦᠢ᠍ᠯᠡ ᠠᠵᠢᠯᠯᠠᠭ᠎ᠠ ᠵᠢ ᠡᠵᠡᠯᠡᠬᠦ ᠪᠠ ᠨᠥᠬᠦᠪᠥᠷᠢᠯᠡᠬᠦ ᠵᠢ ᠲᠡᠩᠴᠡᠭᠦᠷᠢᠲᠡᠶ ᠬᠠᠮᠢᠶᠠᠷᠤᠯᠲᠠ᠎ᠳᠤ ᠨᠢᠭᠡᠳᠦᠯᠲᠡᠶ ᠣᠷᠣᠭᠤᠯᠵᠤ᠂ ᠲᠠᠷᠢᠶᠠᠨ ᠭᠠᠵᠠᠷ᠎ᠢ ᠨᠥᠬᠦᠪᠥᠷᠢᠯᠡᠬᠦ ᠶᠠᠰᠤ ᠴᠢᠨᠠᠷ᠎ᠢ ᠰᠢᠯᠭ᠋ᠠᠨ ᠠᠪᠬᠤ ᠲᠦᠷᠢᠮ᠎ᠢ ᠪᠦᠷᠢᠨᠰᠢᠬᠦᠯᠤᠨ᠂ ᠬᠠᠲᠠᠭᠤ ᠬᠢᠵᠠᠭ᠋ᠠᠷᠯᠠᠯ᠎ᠢ ᠴᠢᠩᠭ᠋ᠠᠳᠬᠠᠬᠤ ᠬᠡᠷᠡᠭᠲᠡᠶ᠃
ᠲᠠᠷᠢᠶᠠᠨ ᠭᠠᠵᠠᠷ᠎ᠢ 《ᠲᠠᠷᠢᠶᠠᠯᠠᠩ᠎ᠤᠨ ᠪᠤᠰᠤ ᠪᠣᠯᠭ᠋ᠠᠬᠤ》᠂ 《ᠠᠮᠤ ᠪᠤᠳᠠᠭ᠋ᠠᠨ᠎ᠤ ᠪᠤᠰᠤ ᠪᠣᠯᠭ᠋ᠠᠬᠤ》 ᠵᠢᠨ ᠨᠢᠭᠡᠨ ᠴᠢᠬᠤᠯᠠ ᠰᠢᠯᠲᠠᠭ᠋ᠠᠨ ᠪᠣᠯ ᠲᠠᠷᠢᠶᠠᠯᠠᠩ ᠢᠯᠠᠩᠭᠤᠶ᠎ᠠ ᠠᠮᠤ ᠪᠤᠳᠠᠭ᠋ᠠᠨ᠎ᠤ ᠲᠠᠷᠢᠮᠠᠯ᠎ᠤᠨ ᠠᠰᠢᠭ ᠣᠷᠣᠯᠭ᠎ᠠ ᠨᠡᠯᠢᠶᠡᠳ ᠳᠣᠤᠷ᠎ᠠ ᠪᠠᠶ᠋ᠢᠬᠤ᠎ᠠᠴᠠ ᠪᠣᠯᠤᠭᠰᠠᠨ ᠶᠤᠮ᠃ ᠠᠮᠤ ᠪᠤᠳᠠᠭ᠎ᠠ ᠲᠠᠷᠢᠬᠤ ᠲᠠᠷᠢᠶᠠᠴᠢᠳ᠎ᠤᠨ ᠠᠰᠢᠭ ᠣᠷᠣᠯᠭ᠎ᠠ ᠵᠢ ᠪᠠᠲᠤᠯᠠᠬᠤ ᠲᠣᠭᠲᠠᠴᠠ ᠵᠢ ᠲᠡᠭᠦᠯᠳᠡᠷᠵᠢᠭᠦᠯᠬᠦ ᠬᠡᠷᠡᠭᠲᠡᠢ᠃ ᠣᠳᠣᠬᠢᠴᠢᠯᠠᠭᠰᠠᠨ ᠡᠷᠴᠢᠮᠵᠢᠭᠦᠯᠦᠭᠰᠡᠨ ᠲᠠᠷᠢᠶᠠᠯᠠᠩ᠎ᠤᠨ ᠬᠥᠭᠵᠢᠯᠲᠡ ᠵᠢ ᠠᠬᠢᠭᠤᠯᠵᠤ᠂ ᠤᠯᠠᠨ ᠵᠦᠢ᠍ᠯ᠎ᠤᠨ ᠬᠡᠯᠪᠡᠷᠢ ᠵᠢᠨ ᠲᠠᠷᠢᠶᠠᠯᠠᠩ᠎ᠤᠨ ᠵᠣᠬᠢᠰᠲᠠᠢ ᠬᠡᠪᠴᠢᠶᠡᠲᠦ ᠡᠵᠡᠩᠨᠡᠯᠲᠡ ᠵᠢ ᠬᠥᠭᠵᠢᠭᠦᠯᠵᠦ᠂ ᠦᠢ᠍ᠯᠡᠳᠪᠦᠷᠢᠯᠡᠯ᠎ᠤᠨ ᠦᠷ᠎ᠡ ᠪᠦᠲᠦᠮᠵᠢ ᠵᠢ ᠳᠡᠭᠡᠭᠰᠢᠯᠡᠭᠦᠯᠵᠦ᠂ ᠠᠮᠤ ᠪᠤᠳᠠᠭ᠎ᠠ ᠲᠠᠷᠢᠬᠤ ᠨᠡᠯᠢᠶᠡᠳ ᠠᠰᠢᠭ ᠣᠷᠣᠯᠭ᠎ᠠ ᠵᠢ ᠨᠡᠮᠡᠭᠳᠡᠭᠦᠯᠵᠦ᠂ ᠲᠠᠷᠢᠶᠠᠴᠢᠳ᠎ᠤᠨ ᠲᠠᠷᠢᠶᠠᠨ ᠭᠠᠵᠠᠷ᠎ᠢ ᠬᠠᠮᠠᠭ᠋ᠠᠯᠠᠬᠤ ᠪᠠ ᠠᠮᠤ ᠪᠤᠳᠠᠭ᠎ᠠ ᠲᠠᠷᠢᠬᠤ ᠢᠳᠡᠪᠬᠢᠵᠢᠯ᠎ᠢ ᠳᠠᠶ᠋ᠢᠴᠢᠯᠠᠬᠤ ᠬᠡᠷᠡᠭᠲᠡᠢ᠃ ᠠᠮᠤ ᠪᠤᠳᠠᠭ᠋ᠠᠨ᠎ᠤ ᠭᠣᠤᠯ ᠭᠠᠷᠤᠯᠲᠠ ᠵᠢᠨ ᠣᠷᠣᠨ᠎ᠤ ᠠᠰᠢᠭ ᠲᠤᠰᠠ᠎ᠳᠤ ᠨᠥᠬᠥᠪᠥᠷᠢ ᠥᠭᠬᠦ ᠲᠣᠭᠲᠠᠴᠠ ᠵᠢ ᠲᠡᠭᠦᠯᠳᠡᠷᠵᠢᠭᠦᠯᠵᠦ᠂ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠲᠠᠷᠢᠶᠠᠨ ᠭᠠᠵᠠᠷ᠎ᠢ ᠬᠠᠮᠠᠭ᠋ᠠᠯᠠᠬᠤ᠂ ᠠᠮᠤ ᠪᠤᠳᠠᠭ᠋ᠠᠨ᠎ᠤ ᠦᠢ᠍ᠯᠡᠳᠪᠦᠷᠢᠯᠡᠯ᠎ᠢ ᠠᠳᠬᠤᠬᠤ ᠢᠳᠡᠪᠬᠢᠵᠢᠯ᠎ᠢ ᠳᠠᠶ᠋ᠢᠴᠢᠯᠠᠵᠤ᠂ ᠠᠮᠤ ᠪᠤᠳᠠᠭ᠋ᠠᠨ᠎ᠤ ᠭᠣᠤᠯ ᠭᠠᠷᠤᠯᠲᠠ ᠵᠢᠨ ᠣᠷᠣᠨ᠂ ᠭᠣᠤᠯ ᠪᠣᠷᠣᠯᠠᠭᠤᠯᠭ᠎ᠠ ᠵᠢᠨ ᠣᠷᠣᠨ᠂ ᠦᠢ᠍ᠯᠡᠳᠪᠦᠷᠢᠯᠡᠯ ᠪᠣᠷᠣᠯᠠᠭᠤᠯᠭ᠎ᠠ ᠲᠡᠩᠴᠡᠭᠦᠷᠢᠲᠡᠶ ᠣᠷᠣᠨ᠎ᠤ ᠲᠠᠷᠢᠶᠠᠨ ᠭᠠᠵᠠᠷ᠎ᠢ ᠬᠠᠮᠠᠭ᠋ᠠᠯᠠᠬᠤ ᠨᠡᠶ᠋ᠢᠯᠡᠮᠡᠯ ᠬᠦᠴᠦᠨ᠎ᠢ ᠪᠣᠶ ᠪᠣᠯᠭ᠋ᠠᠬᠤ ᠬᠡᠷᠡᠭᠲᠡᠶ᠃