ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ᠄ ᠠᠵᠤ ᠦᠢ᠍ᠯᠡᠰ᠎ᠲᠤ ᠬᠡᠷᠡᠭᠯᠡᠬᠦ ᠭᠠᠵᠠᠷ᠂ ᠠᠭᠤᠷᠬᠠᠶ ᠵᠢᠨ ᠦᠢ᠍ᠯᠡᠰ᠎ᠤᠨ ᠡᠷᠬᠡ ᠵᠢ ᠬᠠᠩᠭ᠋ᠠᠬᠤ ᠠᠷᠭ᠎ᠠ ᠮᠠᠶᠢᠭ᠎ᠤᠨ ᠥᠭᠡᠷᠡᠴᠢᠯᠡᠯᠲᠡ ᠵᠢ ᠬᠠᠶ᠋ᠢᠨ ᠰᠦᠪᠡᠭᠴᠢᠯᠡᠪᠡ
2024-08-21

   ᠳᠤᠮᠳᠠᠳᠤ ᠤᠯᠤᠰ᠎ᠤᠨ ᠰᠣᠨᠢᠨ ᠮᠡᠳᠡᠭᠡᠨ᠎ᠤ ᠰᠦᠯᠵᠢᠶ᠎ᠡ ᠵᠢᠨ ᠪᠡᠭᠡᠵᠢᠩ᠎ᠤᠨ 8 ᠳ᠋ᠤᠭ᠋ᠠᠷ ᠰᠠᠷ᠎ᠠ ᠵᠢᠨ 20᠎ᠤ ᠡᠳᠦᠷ᠎ᠤᠨ ᠴᠠᠬᠢᠯᠭ᠋ᠠᠨ ᠮᠡᠳᠡᠭᠡ (ᠶᠢᠨ ᠴᠢᠶᠠᠨ ᠶᠦᠨ   ᠫᠠᠩ ᠡᠦ ᠵᠢᠢ) ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ᠎ᠤ ᠨᠡᠭᠡᠭᠡᠨ ᠠᠰᠢᠭᠯᠠᠬᠤ ᠵᠤᠷᠭ᠋ᠠᠨ᠎ᠤ ᠳᠡᠳ᠋ ᠳᠠᠷᠤᠭ᠎ᠠ ᠵᠧᠤ ᠲᠢᠩ 20᠎ᠤ ᠡᠳᠦᠷ ᠢᠯᠡᠷᠬᠡᠶ᠋ᠢᠯᠡᠬᠦ᠎ᠳᠡᠭᠡᠨ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ᠎ᠠᠴᠠ ᠠᠵᠤ ᠦᠢ᠍ᠯᠡᠳᠪᠦᠷᠢ ᠵᠢᠨ 《ᠪᠠᠷᠢᠮᠵᠢᠶᠠᠲᠤ ᠭᠠᠵᠠᠷ》 ᠵᠡᠷᠭᠡ ᠰᠢᠨ᠎ᠡ ᠵᠢ ᠡᠭᠦᠳᠬᠦ ᠦᠢ᠍ᠯᠡᠳᠦᠯᠭᠡ ᠵᠢ ᠳᠥᠯᠭᠢᠨ ᠠᠬᠢᠭᠤᠯᠵᠤ᠂ ᠠᠵᠤ ᠦᠢ᠍ᠯᠡᠰ᠎ᠲᠤ ᠬᠡᠷᠡᠭᠯᠡᠬᠦ ᠭᠠᠵᠠᠷ᠂ ᠠᠭᠤᠷᠬᠠᠶ ᠵᠢᠨ ᠦᠢ᠍ᠯᠡᠰ᠎ᠤᠨ ᠡᠷᠬᠡ ᠵᠢ ᠬᠠᠩᠭ᠋ᠠᠬᠤ ᠠᠷᠭ᠎ᠠ ᠮᠠᠶᠢᠭ᠎ᠤᠨ ᠥᠭᠡᠷᠡᠴᠢᠯᠡᠯᠲᠡ ᠵᠢ ᠰᠦᠪᠡᠭᠴᠢᠯᠡᠬᠦ ᠪᠣᠯᠤᠨ᠎ᠠ ᠭᠡᠵᠡᠶ᠃

   ᠲᠤᠰ ᠡᠳᠦᠷ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ 8 ᠳ᠋ᠤᠭ᠋ᠠᠷ ᠰᠠᠷ᠎ᠠ ᠵᠢᠨ ᠰᠣᠨᠢᠨ ᠮᠡᠳᠡᠭᠡ ᠨᠡᠶ᠋ᠢᠲᠡᠯᠡᠬᠦ ᠵᠤᠷᠰᠢᠯ ᠬᠤᠷᠠᠯ ᠬᠤᠷᠠᠯᠳᠤᠭᠤᠯᠪᠠ᠃ ᠵᠧᠦ ᠲᠢᠩ ᠬᠡᠯᠡᠬᠦ᠎ᠳᠡᠭᠡᠨ᠂ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ᠂ ᠭᠠᠵᠠᠷ ᠰᠢᠷᠤᠢ ᠵᠢᠨ ᠡᠬᠢ ᠪᠠᠶᠠᠯᠢᠭ᠎ᠤᠨ ᠠᠰᠢᠭᠯᠠᠯᠲᠠ ᠵᠢᠨ ᠦᠷ᠎ᠡ ᠪᠦᠲᠦᠮᠵᠢ ᠲᠠᠰᠤᠷᠠᠯᠲᠠ ᠥᠬᠡᠢ ᠳᠡᠭᠡᠭᠰᠢᠯᠡᠵᠦ᠂ ᠪᠦᠬᠦ ᠤᠯᠤᠰ᠎ᠤᠨ ᠨᠢᠭᠡᠴᠢ GDP ᠵᠢᠨ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ᠎ᠤᠨ ᠬᠡᠷᠡᠭᠯᠡᠬᠦ ᠲᠠᠯᠠᠪᠠᠢ 45%᠎ᠳᠤ ᠣᠢ᠌ᠷᠠᠲᠤᠪᠠ᠃ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠢ ᠨᠡᠭᠡᠭᠡᠨ ᠠᠰᠢᠭᠯᠠᠬᠤ ᠴᠢᠳᠠᠪᠤᠷᠢ ᠦᠷᠭᠦᠯᠵᠢᠯᠡᠨ ᠴᠢᠩᠭ᠋ᠠᠷᠠᠵᠤ᠂ ᠤᠯᠤᠰ᠎ᠤᠨ ᠲᠠᠰ᠎ᠤᠨ ᠪᠣᠬᠢᠷᠲᠤᠯ ᠥᠬᠡᠶ ᠠᠭᠤᠷᠬᠠᠶ ᠵᠢ ᠨᠡᠶ᠋ᠢᠲᠡ 1000 ᠭᠠᠷᠤᠶ ᠪᠠᠶ᠋ᠢᠭᠤᠯᠵᠤ᠂ ᠪᠣᠬᠢᠷᠲᠤᠯ ᠥᠬᠡᠶ ᠠᠭᠤᠷᠬᠠᠶ ᠵᠢᠨ ᠦᠢ᠍ᠯᠡᠰ᠎ᠤᠨ ᠬᠥᠭᠵᠢᠯᠲᠡ ᠵᠢᠨ ᠵᠢᠱ᠌ᠢᠶ᠎ᠡ ᠦᠵᠡᠭᠦᠯᠬᠦ ᠣᠷᠣᠨ᠎ᠢ 50 ᠡᠭᠦᠳᠦᠨ ᠪᠠᠶ᠋ᠢᠭᠤᠯᠪᠠ᠃ ᠳᠠᠯᠠᠶ ᠲᠠᠩᠭᠢᠰ᠎ᠤᠨ ᠬᠥᠬᠡ ᠥᠩᠭᠡᠲᠡᠶ ᠭᠡᠷ ᠣᠷᠣᠨ᠎ᠤ ᠪᠦᠲᠦᠭᠡᠨ ᠪᠠᠶ᠋ᠢᠭᠤᠯᠤᠯᠲᠠ ᠵᠢᠨ ᠠᠯᠬᠤᠴᠠ ᠲᠦᠷᠭᠡᠳᠴᠦ᠂ ᠪᠦᠬᠦ ᠤᠯᠤᠰ᠎ᠤᠨ ᠳᠠᠯᠠᠶ ᠵᠢᠨ ᠤᠰᠤ ᠵᠢ ᠴᠡᠩᠭᠡᠭᠵᠢᠭᠦᠯᠬᠦ ᠢᠨᠵᠧᠨᠧᠷᠢᠩ᠎ᠤᠨ ᠠᠵᠢᠯᠯᠠᠭ᠋ᠠᠨ ᠡᠳᠦᠷ ᠪᠦᠷᠢ 236 ᠲᠦᠮᠡᠨ ᠲᠣᠨ ᠪᠣᠯᠪᠠ᠃

   ᠵᠧᠦ ᠲᠢᠩ ᠢᠯᠡᠷᠬᠡᠶ᠋ᠢᠯᠡᠬᠦ᠎ᠳᠡᠭᠡᠨ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ ᠪᠠᠶ᠋ᠢᠭ᠋ᠠᠯᠢ ᠵᠢᠨ ᠡᠬᠢ ᠪᠠᠶᠠᠯᠢᠭ᠎ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠲᠦᠷᠢᠮ᠎ᠢ ᠪᠦᠷᠢᠨᠰᠢᠬᠦᠯᠬᠦ᠂ ᠡᠬᠢ ᠪᠠᠶᠠᠯᠢᠭ᠎ᠤᠨ ᠡᠯᠧᠮᠧᠨ᠋ᠲ᠎ᠢ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠲᠣᠭᠲᠠᠴᠠ ᠵᠢ ᠲᠡᠭᠦᠯᠳᠡᠷᠵᠢᠭᠦᠯᠬᠦ᠎ᠪᠠᠷ ᠭᠤᠤᠯ ᠰᠢᠵᠢᠮ ᠪᠣᠯᠭ᠋ᠠᠵᠤ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠡᠷᠦᠩᠬᠡᠶ ᠬᠡᠮᠵᠢᠶ᠎ᠡ ᠵᠢ ᠬᠠᠮᠢᠶᠠᠷᠬᠤ᠂ ᠰᠢᠨᠵᠢᠯᠡᠬᠦ ᠤᠬᠠᠭ᠋ᠠᠨᠴᠢ᠎ᠪᠠᠷ ᠲᠣᠬᠢᠷᠠᠭᠤᠯᠬᠤ᠂ ᠪᠥᠬᠦ ᠲᠠᠯ᠎ᠠ᠎ᠪᠠᠷ ᠠᠷᠪᠢᠯᠠᠬᠤ᠂ ᠡᠷᠭᠢᠯᠳᠦᠭᠦᠯᠦᠨ ᠠᠰᠢᠭᠯᠠᠬᠤ ᠵᠢ ᠭᠦᠨᠵᠡᠭᠡᠶ ᠠᠬᠢᠭᠤᠯᠤᠨ᠎ᠠ ᠭᠡᠵᠡᠢ᠃

   ᠨᠢᠭᠡ᠎ᠳᠤ᠂ ᠡᠬᠢ ᠡᠭᠦᠰᠦᠯ᠎ᠠᠴᠠ᠎ᠨᠢ ᠴᠢᠩᠭ᠎ᠠ ᠡᠵᠡᠮᠳᠡᠬᠦ᠂ ᠲᠥᠯᠥᠪᠯᠡᠭᠡ᠎ᠲᠠᠢ᠎ᠪᠠᠷ ᠲᠣᠬᠢᠷᠠᠭᠤᠯᠬᠤ ᠵᠢ ᠪᠠᠷᠢᠮᠲᠠᠯᠠᠵᠤ᠂ ᠡᠬᠢ ᠪᠠᠶᠠᠯᠢᠭ᠎ᠤᠨ ᠶᠡᠷᠦᠩᠬᠡᠶ ᠬᠡᠮᠵᠢᠶ᠎ᠡ ᠵᠢᠨ ᠬᠠᠮᠢᠶᠠᠷᠤᠯᠲᠠ ᠵᠢ ᠴᠢᠩᠳᠠᠯᠠᠨ᠎ᠠ᠃ ᠲᠠᠷᠢᠶᠠᠨ ᠭᠠᠵᠠᠷ ᠪᠠ ᠡᠭᠦᠷᠢᠳᠡ ᠵᠢᠨ ᠦᠨᠳᠦᠰᠦᠨ ᠲᠠᠷᠢᠶᠠᠨ ᠭᠠᠵᠠᠷ᠎ᠤᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠂ ᠠᠮᠢ ᠠᠬᠤᠶ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠂ ᠬᠤᠲᠠ ᠪᠠᠯᠭ᠋ᠠᠰᠤᠨ᠎ᠤ ᠨᠡᠭᠡᠭᠡᠨ ᠬᠥᠭᠵᠢᠭᠦᠯᠦᠯᠲᠡ ᠵᠢᠨ ᠵᠠᠭ᠋ᠠᠭ ᠬᠢᠵᠠᠭ᠋ᠠᠷ ᠵᠡᠷᠭᠡ ᠭᠤᠷᠪᠠᠨ ᠬᠢᠵᠠᠭ᠋ᠠᠷᠯᠠᠬᠤ ᠱᠤᠭᠤᠮ᠎ᠢ ᠴᠢᠩᠭ᠎ᠠ ᠰᠠᠬᠢᠵᠤ᠂ ᠲᠠᠷᠢᠶᠠᠯᠠᠩ᠂ ᠠᠮᠢ ᠠᠬᠤᠶ᠂ ᠬᠤᠲᠠ ᠪᠠᠯᠭ᠋ᠠᠰᠤ ᠵᠡᠷᠭᠡ ᠴᠢᠳᠠᠮᠵᠢ ᠵᠢᠨ ᠣᠷᠣᠨ ᠵᠠᠶ ᠵᠢ ᠲᠠᠰᠤᠷᠠᠯᠲᠠ ᠥᠬᠡᠶ ᠰᠢᠯᠢᠳᠡᠭᠵᠢᠭᠦᠯᠦᠨ᠎ᠡ᠃ ᠰᠢᠨ᠎ᠡ᠎ᠪᠠᠷ ᠨᠡᠮᠡᠭᠳᠡᠭᠰᠡᠨ ᠪᠦᠳᠦᠭᠡᠨ ᠪᠠᠶ᠋ᠢᠭᠤᠯᠥᠯᠳᠡ᠎ᠳᠤ ᠭᠡᠷᠡᠭᠯᠡᠬᠦ ᠭᠠᠵᠡᠷ ᠰᠢᠷᠦᠢ ᠵᠢᠨ ᠳᠥᠯᠥᠪᠯᠡᠭᠡ ᠵᠢᠨ ᠬᠦᠢ᠍ᠴᠡᠳᠭᠡᠯ ᠲᠤᠭ᠎ᠠ ᠵᠢᠨ ᠲᠣᠬᠢᠷᠡᠭᠤᠯᠬᠤ ᠠᠷᠭ᠎ᠠ ᠮᠠᠶᠢᠭ᠎ᠢ ᠰᠢᠯᠢᠳᠡᠭᠵᠢᠬᠦᠯᠵᠦ᠂ ᠴᠢᠬᠤᠯᠡ ᠶᠡᠭᠡ ᠳᠥᠷᠦᠯ ᠵᠦᠢ᠍ᠯ᠎ᠤᠨ ᠭᠠᠵᠡᠷ ᠰᠢᠷᠦᠢ ᠭᠡᠷᠡᠭᠯᠡᠬᠦ ᠲᠠᠯᠠᠢ ᠲᠠᠩᠬᠢᠰ᠎ᠢ ᠬᠢᠨᠡᠨ ᠵᠦᠪᠰᠢᠶᠡᠷᠡᠬᠦ ᠴᠣᠪᠤᠷᠡᠯ᠎ᠢ ᠰᠢᠯᠢᠳᠡᠭᠵᠢᠬᠦᠯᠥᠨ᠎ᠠ᠃ ᠳᠠᠯᠠᠶ ᠵᠢᠨ ᠡᠷᠭᠢ ᠵᠢᠨ ᠱᠤᠭᠤᠮ᠎ᠤᠨ ᠡᠵᠡᠯᠡᠬᠦ ᠪᠠ ᠵᠠᠰᠠᠨ ᠰᠡᠷᠭᠦᠭᠡᠬᠦ ᠲᠡᠩᠴᠡᠭᠦᠷᠢ ᠵᠢᠨ ᠳᠦᠷᠢᠮ᠎ᠢ ᠰᠦᠪᠡᠭᠴᠢᠯᠡᠨ ᠪᠠᠶ᠋ᠢᠭᠤᠯᠬᠤ ᠬᠡᠷᠡᠭᠲᠡᠶ᠃

   ᠬᠣᠶᠠᠷ᠎ᠲᠤ᠂ ᠵᠠᠰᠠᠭ᠎ᠤᠨ ᠣᠷᠳᠣᠨ᠂ ᠪᠦᠲᠦᠮᠵᠢᠲᠡᠶ ᠵᠠᠬ᠎ᠠ ᠳᠡᠯᠭᠡᠭᠦᠷ᠎ᠢ ᠪᠠᠷᠢᠮᠲᠠᠯᠠᠵᠤ᠂ ᠡᠯ᠎ᠡ ᠲᠥᠷᠥᠯ᠎ᠤᠨ ᠡᠬᠢ ᠪᠠᠶᠠᠯᠢᠭ᠎ᠢ ᠰᠢᠨᠵᠢᠯᠡᠬᠦ ᠤᠬᠠᠭ᠋ᠠᠨᠴᠢ᠎ᠪᠠᠷ ᠲᠣᠬᠢᠷᠠᠭᠤᠯᠤᠨ᠎ᠠ᠃ ᠠᠳᠠᠯᠢ ᠪᠤᠰᠤ ᠠᠵᠤ ᠦᠢ᠍ᠯᠡᠰ᠎ᠤᠨ ᠬᠢᠵᠠᠭ᠋ᠠᠷᠯᠠᠬᠤ ᠪᠤᠶᠤ ᠡᠯ᠎ᠡ ᠲᠥᠷᠥᠯ᠎ᠤᠨ ᠪᠠᠶ᠋ᠢᠭ᠋ᠠᠯᠢ ᠵᠢᠨ ᠡᠬᠢ ᠪᠠᠶᠠᠯᠢᠭ᠎ᠢ ᠬᠡᠷᠡᠭᠯᠡᠬᠦ ᠵᠢ ᠴᠠᠭ᠋ᠠᠵᠠᠯᠠᠬᠤ ᠵᠥᠪᠰᠢᠶᠡᠷᠡᠨ ᠣᠷᠣᠭᠤᠯᠬᠤ ᠪᠠᠷᠢᠮᠵᠢᠶ᠎ᠠ ᠵᠢ ᠲᠣᠭᠲᠠᠭ᠋ᠠᠵᠤ᠂ ᠠᠵᠤ ᠦᠢ᠍ᠯᠡᠰ᠎ᠤᠨ ᠴᠢᠨᠠᠷ ᠰᠠᠶ᠋ᠢᠲᠠᠶ ᠬᠥᠭᠵᠢᠯᠲᠡ ᠵᠢ   ᠲᠤᠯᠭ᠋ᠠᠭᠤᠷᠢᠯᠠᠨ᠎ᠠ᠃ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠵᠠᠬ᠎ᠠ ᠳᠡᠯᠭᠡᠭᠦᠷ᠎ᠤᠨ ᠦᠨ᠎ᠡ ᠬᠠᠩᠰᠢ ᠵᠢᠨ ᠪᠦᠷᠢᠯᠳᠦᠬᠦ ᠲᠣᠭᠲᠠᠴᠠ ᠵᠢ ᠲᠡᠭᠦᠯᠳᠡᠷᠵᠢᠭᠦᠯᠵᠦ᠂ ᠨᠢᠭᠡᠳᠦᠯᠲᠡᠶ ᠵᠡᠷᠭᠡ ᠲᠠᠰ᠎ᠤᠨ ᠦᠨ᠎ᠡ ᠬᠠᠩᠰᠢ ᠵᠢ ᠦᠨᠡᠯᠡᠨ ᠵᠢᠱ᠌ᠢᠬᠦ ᠲᠦᠷᠢᠮ ᠪᠠ ᠦᠨ᠎ᠡ ᠬᠠᠩᠰᠢ ᠵᠢᠨ ᠬᠥᠳᠡᠯᠦᠩᠭᠦᠶ ᠬᠢᠨᠠᠨ ᠬᠡᠮᠵᠢᠬᠦ ᠰᠢᠰᠲ᠋ᠧᠮ᠎ᠢ ᠪᠠᠢ᠌ᠭᠤᠯᠬᠤ ᠬᠡᠷᠡᠭᠲᠡᠢ᠃

   ᠭᠤᠷᠪᠠ᠎ᠳᠤ᠂ ᠠᠷᠪᠢᠯᠠᠨ ᠭᠠᠮᠨᠠᠬᠤ ᠵᠢ ᠲᠡᠷᠢᠭᠦᠨ᠎ᠳᠤ ᠲᠠᠯᠪᠢᠬᠤ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠵᠢ  ᠪᠠᠷᠢᠮᠲᠠᠯᠠᠵᠤ᠂ ᠡᠬᠢ ᠪᠠᠶᠠᠯᠢᠭ᠎ᠢ ᠨᠡᠭᠡᠭᠡᠨ ᠠᠰᠢᠭᠯᠠᠬᠤ ᠲᠦᠪᠰᠢᠨ᠎ᠢ ᠳᠡᠭᠡᠭᠰᠢᠯᠡᠭᠦᠯᠦᠨ᠎ᠡ᠃ ᠡᠬᠢ ᠪᠠᠶᠠᠯᠢᠭ᠎ᠢ ᠠᠷᠪᠢᠯᠠᠬᠤ ᠲᠥᠷᠥ ᠵᠢᠨ ᠪᠣᠳᠣᠯᠭ᠎ᠠ ᠵᠢᠨ ᠰᠢᠰᠲ᠋ᠧᠮ᠎ᠢ ᠲᠥᠷᠥᠯ ᠬᠤᠪᠢᠶᠠᠨ ᠲᠡᠭᠦᠯᠳᠡᠷᠵᠢᠭᠦᠯᠦᠨ᠎ᠡ᠃ ᠭᠠᠵᠠᠷ ᠰᠢᠷᠣᠶ ᠵᠢᠨ ᠲᠠᠯ᠎ᠠ᠎ᠪᠠᠷ᠂ ᠦᠯᠡᠳᠡᠭᠡᠯ ᠬᠡᠮᠵᠢᠶ᠎ᠡ᠎ᠪᠠᠷ ᠨᠡᠮᠡᠭᠳᠡᠯ᠎ᠢ ᠰᠣᠯᠢᠵᠤ᠂ ᠭᠠᠵᠠᠷ ᠳᠣᠤᠷᠠᠬᠢ᠎ᠢ ᠭᠠᠵᠠᠷ ᠳᠡᠭᠡᠷᠡᠬᠢ᠎ᠪᠠᠷ ᠰᠤᠯᠢᠬᠤ᠂ ᠪᠡᠯᠡ ᠮᠥᠩᠭᠥ ᠬᠡᠷᠡᠭᠯᠡᠬᠦ ᠮᠡᠷᠭᠡᠵᠢᠯ᠎ᠤᠨ ᠲᠣᠭ᠎ᠠ ᠪᠠᠷᠢᠮᠲᠠ᠎ᠪᠠᠷ ᠣᠷᠣᠨ ᠵᠠᠶ ᠵᠢ ᠰᠣᠯᠢᠬᠤ ᠵᠢ ᠬᠡᠷᠡᠭᠵᠢᠭᠦᠯᠦᠨ᠎ᠡ᠃  ᠠᠭᠤᠷᠬᠠᠶ ᠵᠢᠨ ᠭᠠᠷᠤᠯᠲᠠ ᠵᠢᠨ ᠲᠠᠯ᠎ᠠ᠎ᠪᠠᠷ᠂ ᠭᠣᠤᠯᠳᠠᠯᠭ᠎ᠠ᠎ᠲᠠᠢ ᠬᠠᠶ᠋ᠢᠨ ᠪᠠᠶ᠋ᠢᠴᠠᠭ᠋ᠠᠬᠤ ᠣᠷᠣᠨ᠎ᠤ ᠶᠡᠷᠦᠩᠬᠡᠶ᠋ᠢᠯᠡᠨ ᠠᠰᠢᠭᠯᠠᠬᠤ ᠪᠠᠶ᠋ᠢᠴᠠᠭ᠋ᠠᠨ ᠦᠨᠡᠯᠡᠬᠦ ᠵᠢ ᠴᠢᠩᠭ᠋ᠠᠳᠬᠠᠵᠤ᠂ ᠴᠢᠬᠤᠯᠠ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠢ ᠨᠡᠭᠡᠭᠡᠨ ᠮᠠᠯᠲᠠᠵᠤ ᠳᠠᠬᠢᠵᠤ ᠮᠠᠯᠲᠠᠬᠤ ᠨᠣᠷᠮ᠎ᠠ᠂ ᠬᠦᠳᠡᠷ ᠰᠢᠯᠢᠵᠦ ᠡᠭᠡᠭᠦᠯᠦᠨ ᠬᠤᠷᠢᠶᠠᠬᠤ ᠨᠣᠷᠮ᠎ᠠ᠂ ᠶᠡᠷᠦᠩᠬᠡᠶ᠋ᠢᠯᠡᠨ ᠠᠰᠢᠭᠯᠠᠬᠤ ᠨᠣᠷᠮ᠎ᠠ ᠵᠡᠷᠭᠡ ᠪᠠᠷᠢᠮᠵᠢᠶ᠎ᠠ ᠵᠢ ᠲᠡᠭᠦᠯᠳᠡᠷᠵᠢᠭᠦᠯᠬᠦ ᠬᠡᠷᠡᠭᠲᠡᠶ᠃ ᠳᠠᠯᠠᠢ ᠲᠠᠩᠭᠢᠰ᠎ᠤᠨ ᠲᠠᠯ᠎ᠠ᠎ᠪᠠᠷ᠂ ᠳᠠᠯᠠᠢ ᠲᠠᠩᠭᠢᠰ᠎ᠤᠨ ᠲᠡᠦᠬᠡᠨ᠎ᠠᠴᠠ ᠦᠯᠡᠳᠡᠭᠳᠡᠵᠦ ᠢᠷᠡᠭᠰᠡᠨ ᠠᠰᠠᠭᠤᠳᠠᠯ᠎ᠢ ᠰᠢᠢ᠍ᠳᠪᠦᠷᠢᠯᠡᠬᠦ ᠵᠢ ᠲᠦᠷᠭᠡᠳᠬᠡᠵᠦ᠂ ᠳᠠᠯᠠᠢ ᠵᠢᠨ ᠡᠷᠭᠢ ᠵᠢᠨ ᠱᠤᠭᠤᠮ᠎ᠤᠨ ᠠᠰᠢᠭᠯᠠᠯᠲᠠ ᠵᠢᠨ ᠬᠥᠳᠡᠯᠦᠩᠭᠦᠢ ᠬᠢᠨᠠᠨ ᠬᠡᠮᠵᠢᠯᠲᠡ ᠵᠢ ᠴᠢᠩᠭ᠋ᠠᠳᠬᠠᠵᠤ᠂ ᠳᠠᠯᠠᠢ ᠵᠢᠨ ᠤᠰᠤ ᠵᠢ ᠴᠡᠩᠭᠡᠭᠵᠢᠭᠦᠯᠬᠦ᠂ ᠳᠠᠯᠠᠢ ᠲᠠᠩᠭᠢᠰ᠎ᠤᠨ ᠡᠨᠧᠷᠭᠢ ᠵᠢ ᠬᠡᠪᠴᠢᠶᠡᠵᠢᠭᠦᠯᠦᠨ ᠠᠰᠢᠭᠯᠠᠬᠤ ᠵᠢ ᠠᠬᠢᠭᠤᠯᠬᠤ ᠬᠡᠷᠡᠭᠲᠡᠢ᠃

   ᠲᠦᠷᠪᠡ᠎ᠳᠤ᠂ ᠭᠤᠣᠯᠳᠠᠯᠭ᠎ᠠ᠎ᠲᠠᠢ᠎ᠪᠠᠷ ᠰᠢᠪᠲᠤᠯᠤᠯᠲᠠ ᠬᠢᠬᠦ᠂ ᠲᠣᠭᠲᠠᠴᠠ ᠵᠢᠨ ᠰᠢᠨ᠎ᠡ ᠵᠢ ᠡᠭᠦᠳᠬᠦ ᠵᠢ ᠪᠠᠷᠢᠮᠲᠠᠯᠠᠵᠤ᠂ ᠦᠯᠡᠳᠡᠭᠡᠯ ᠡᠬᠢ ᠪᠠᠶᠠᠯᠢᠭ᠎ᠢ ᠠᠮᠢᠳᠤᠯᠢᠭᠵᠢᠭᠤᠯᠤᠨ ᠠᠰᠢᠭᠯᠠᠨ᠎ᠠ᠃ ᠰᠤᠯᠠ ᠪᠠᠶ᠋ᠢᠭ᠎ᠠ ᠭᠠᠵᠠᠷ ᠰᠢᠷᠣᠶ ᠵᠢ ᠰᠢᠢ᠍ᠳᠪᠦᠷᠢᠯᠡᠬᠦ ᠲᠣᠭᠲᠠᠴᠠ ᠵᠢ ᠲᠡᠭᠦᠯᠳᠡᠷᠵᠢᠭᠦᠯᠵᠦ᠂ ᠦᠷ᠎ᠡ ᠠᠰᠢᠭ ᠵᠶ᠋ᠠᠷ ᠳᠣᠤᠷ᠎ᠠ ᠭᠠᠵᠠᠷ ᠰᠢᠷᠣᠶ ᠵᠢ ᠳᠠᠬᠢᠨ ᠨᠡᠭᠡᠭᠡᠨ ᠬᠥᠭᠵᠢᠭᠦᠯᠬᠦ ᠪᠦᠲᠦᠮᠵᠢᠲᠡᠶ ᠠᠷᠭ᠎ᠠ ᠵᠠᠮ᠎ᠢ ᠬᠠᠶ᠋ᠢᠨ ᠰᠦᠪᠡᠭᠴᠢᠯᠡᠵᠦ᠂ ᠦᠯᠡᠳᠡᠭᠡᠯ ᠭᠠᠵᠠᠷ ᠰᠢᠷᠣᠶ ᠵᠢ ᠠᠮᠢᠳᠤᠯᠢᠭᠵᠢᠭᠤᠯᠬᠤ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠲᠣᠭᠲᠠᠭ᠋ᠠᠬᠤ ᠬᠡᠷᠡᠭᠲᠡᠶ᠃ ᠪᠠᠶ᠋ᠢᠯᠳᠤᠬᠤ ᠪᠣᠳᠣᠯᠭ᠎ᠠ ᠵᠢᠨ ᠴᠢᠨᠠᠷᠲᠠᠶ ᠠᠭᠤᠷᠬᠠᠶ ᠵᠢᠨ ᠭᠠᠷᠤᠯᠲᠠ ᠵᠢᠨ ᠦᠯᠡᠳᠡᠭᠳᠡᠯ ᠬᠦᠳᠡᠷ᠎ᠤᠨ ᠠᠰᠢᠭᠯᠠᠵᠤ ᠪᠣᠯᠬᠤ ᠡᠬᠢ ᠪᠠᠶᠠᠯᠢᠭ᠎ᠤᠨ ᠪᠠᠶ᠋ᠢᠴᠠᠭ᠋ᠠᠯᠲᠠ ᠵᠢ ᠥᠷᠨᠢᠭᠦᠯᠵᠦ᠂ ᠨᠢᠭᠡᠨᠲᠡ ᠳᠦᠭᠦᠷᠦᠭᠰᠡᠨ ᠬᠠᠭᠤᠷᠠᠶ ᠣᠷᠣᠨ ᠪᠦᠰᠡ ᠵᠢ ᠠᠮᠢᠳᠤᠯᠢᠭᠵᠢᠭᠤᠯᠤᠨ ᠠᠰᠢᠭᠯᠠᠬᠤ ᠵᠢ ᠳᠥᠯᠭᠢᠨ ᠠᠬᠢᠭᠤᠯᠵᠤ᠂ ᠪᠠᠶ᠋ᠢᠭ᠋ᠠᠯᠢ ᠵᠢᠨ ᠡᠬᠢ ᠪᠠᠶᠠᠯᠢᠭ᠎ᠢ ᠠᠷᠪᠢᠯᠠᠨ ᠡᠷᠴᠢᠮᠵᠢᠭᠦᠯᠦᠭᠰᠡᠨ ᠵᠢᠱ᠌ᠢᠶ᠎ᠡ ᠦᠵᠡᠭᠦᠯᠬᠦ ᠰᠢᠶᠠᠨ (ᠬᠤᠲᠠ)᠎ᠢ ᠡᠭᠦᠳᠦᠨ ᠪᠠᠶ᠋ᠢᠭᠤᠯᠬᠤ ᠵᠢ ᠭᠦᠨᠵᠡᠭᠡᠶ ᠳᠥᠯᠭᠢᠨ ᠠᠬᠢᠭᠤᠯᠤᠨ᠎ᠠ᠃

 

ᠢᠷᠡᠯᠲᠡ᠄ ᠳᠤᠮᠳᠠᠳᠤ ᠤᠯᠤᠰ᠎ᠤᠨ ᠰᠣᠨᠢᠨ ᠮᠡᠳᠡᠭᠡᠨ᠎ᠤ ᠰᠦᠯᠵᠢᠶ᠎ᠡ