ᠰᠢᠨᠬᠤᠸᠠ ᠬᠣᠷᠢᠶᠠᠨ᠎ᠤ ᠪᠡᠭᠡᠵᠢᠩ᠎ᠤᠨ 11 ᠳ᠋ᠦ᠍ᠭᠡᠷ ᠰᠠᠷ᠎ᠠ ᠵᠢᠨ 5᠎ᠤ ᠡᠳᠦᠷ᠎ᠤᠨ ᠴᠠᠬᠢᠯᠭ᠋ᠠᠨ ᠮᠡᠳᠡᠭᠡ (ᠰᠤᠷᠪᠤᠯᠵᠢᠯᠠᠭᠴᠢ ᠬᠣ᠌ ᠯᠦ᠍᠂ ᠸᠧᠢ ᠬᠣᠩ ᠢ) ᠲᠥᠷᠥ ᠵᠢᠨ ᠶᠠᠪᠤᠳᠠᠯ᠎ᠤᠨ ᠬᠣᠷᠢᠶᠠᠨ᠎ᠤ ᠡᠯᠡᠰᠦ ᠵᠢ ᠰᠡᠷᠭᠡᠢ᠌ᠯᠡᠵᠦ ᠡᠯᠡᠰᠦ ᠵᠢ ᠵᠠᠰᠠᠬᠤ ᠠᠵᠢᠯ᠎ᠤᠨ ᠪᠠᠢ᠌ᠳᠠᠯ᠎ᠤᠨ ᠲᠤᠬᠠᠢ ᠮᠡᠳᠡᠭᠦᠯᠦᠯᠲᠡ ᠵᠢ 5᠎ᠤ ᠡᠳᠦᠷ ᠪᠥᠬᠥ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶᠠᠨ᠎ᠤ ᠮᠡᠳᠡᠭᠦᠯᠦᠯᠲᠡ᠎ᠳᠤ ᠢᠯᠡᠷᠡᠭᠦᠯᠦᠭᠰᠡᠨ ᠵᠶ᠋ᠡᠷ᠂ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ᠂ ᠮᠠᠨ᠎ᠤ ᠤᠯᠤᠰ᠎ᠤᠨ ᠵᠠᠰᠠᠵᠤ ᠪᠣᠯᠬᠤ 53% ᠵᠢᠨ ᠡᠯᠡᠰᠦᠷᠬᠡᠭᠵᠢᠭᠰᠡᠨ ᠭᠠᠵᠠᠷ ᠰᠢᠷᠣᠢ ᠵᠢ ᠪᠦᠲᠦᠮᠵᠢᠲᠡᠶ ᠵᠠᠰᠠᠵᠤ᠂ ᠡᠯᠡᠰᠦᠷᠬᠡᠭᠵᠢᠭᠰᠡᠨ ᠭᠠᠵᠠᠷ᠎ᠤᠨ ᠲᠠᠯᠠᠪᠠᠢ 6500 ᠲᠦᠮᠡᠨ ᠮᠦ᠍ ᠪᠠᠭ᠋ᠠᠰᠴᠤ᠂ 《ᠪᠦᠬᠦᠯᠢ ᠴᠣᠭᠴᠠ᠎ᠪᠠᠷ ᠵᠶ᠋ᠠᠨ ᠰᠠᠢ᠌ᠵᠢᠷᠠᠵᠤ᠂ ᠰᠠᠢ᠌ᠵᠢᠷᠠᠯᠲᠠ ᠲᠦᠷᠭᠡᠰᠬᠦ》 ᠰᠠᠢ᠌ᠨ ᠪᠠᠢ᠌ᠳᠠᠯ ᠢᠯᠡᠷᠡᠭᠰᠡᠨ ᠪᠠᠢ᠌ᠨ᠎ᠠ᠃
ᠮᠡᠳᠡᠭᠦᠯᠦᠯᠲᠡ᠎ᠳᠤ ᠲᠠᠨᠢᠯᠴᠠᠭᠤᠯᠤᠭᠰᠠᠨ ᠵᠶ᠋ᠠᠷ᠂ 《ᠣᠮᠠᠷᠠᠲᠦ ᠵᠢᠨ ᠭᠤᠷᠪᠠᠨ ᠤᠷᠤᠨ》᠎ᠤ ᠬᠠᠯᠬᠠᠪᠴᠢ ᠣᠢ ᠵᠢᠨ ᠰᠢᠰᠲ᠋ᠧᠮᠵᠢ ᠵᠢᠨ ᠪᠦᠲᠦᠭᠡᠨ ᠪᠠᠶ᠋ᠢᠭᠤᠯᠤᠯᠲᠠ᠂ ᠲᠠᠷᠢᠶᠠᠯᠠᠬᠤ ᠵᠢ ᠵᠣᠭᠰᠣᠭ᠋ᠠᠵᠤ ᠣᠶ ᠰᠢᠭᠤᠶ ᠡᠪᠡᠰᠦ ᠪᠡᠯᠴᠢᠭᠡᠷ᠎ᠢ ᠰᠡᠷᠭᠦᠭᠡᠬᠦ᠂ ᠪᠡᠭᠡᠵᠢᠩ ᠲᠢᠶᠠᠨᠵᠢᠨ᠎ᠤ ᠰᠠᠯᠬᠢ ᠡᠯᠡᠰᠦᠨ᠎ᠤ ᠡᠬᠢ ᠵᠢ ᠵᠠᠰᠠᠬᠤ᠂ ᠡᠯᠡᠰᠦᠷᠬᠡᠭᠵᠢᠭᠰᠡᠨ ᠭᠠᠵᠠᠷ ᠰᠢᠷᠣᠢ ᠵᠢ ᠪᠢᠲᠡᠭᠦᠮᠵᠢᠯᠡᠨ ᠬᠠᠮᠠᠭ᠋ᠠᠯᠠᠵᠤ ᠰᠡᠷᠭᠦᠭᠡᠬᠦ ᠵᠡᠷᠭᠡ ᠨᠢᠭᠡ ᠪᠦᠯᠦᠭ ᠭᠤᠣᠯᠳᠠᠯᠭ᠎ᠠ᠎ᠲᠠᠢ ᠢᠨᠵᠧᠨᠧᠷᠢᠩ᠎ᠢ ᠦᠷᠭᠦᠯᠵᠢᠯᠡᠨ ᠵᠣᠬᠢᠶᠠᠨ ᠪᠠᠶ᠋ᠢᠭᠤᠯᠤᠨ ᠬᠡᠷᠡᠭᠵᠢᠭᠦᠯᠵᠦ᠂ ᠡᠯᠡᠰᠦᠷᠬᠡᠭᠵᠢᠭᠰᠡᠨ ᠭᠠᠵᠠᠷ ᠰᠢᠷᠣᠢ ᠵᠢ 5.38 ᠳ᠋ᠦᠩᠰᠢᠭᠤᠷ ᠮᠦ᠍ ᠰᠢᠨᠵᠢᠯᠡᠬᠦ ᠤᠬᠠᠭ᠋ᠠᠨᠴᠢ᠎ᠪᠠᠷ ᠬᠠᠮᠠᠭ᠋ᠠᠯᠠᠵᠤ᠂ 1.18 ᠳ᠋ᠦᠩᠰᠢᠭᠤᠷ ᠮᠦ᠍ ᠡᠯᠡᠰᠦᠷᠬᠡᠭᠵᠢᠭᠰᠡᠨ ᠭᠠᠵᠠᠷ ᠰᠢᠷᠣᠢ ᠵᠢ ᠪᠦᠲᠦᠮᠵᠢᠲᠡᠢ ᠵᠠᠰᠠᠵᠤ᠂ 《ᠣᠮᠠᠷᠠᠲᠦ ᠵᠢᠨ ᠭᠤᠷᠪᠠᠨ ᠤᠷᠤᠨ》᠎ᠤ ᠢᠨᠵᠧᠨᠧᠷᠢᠩ᠎ᠤᠨ ᠣᠷᠣᠨ᠎ᠤ ᠤᠢ ᠰᠢᠭᠤᠢ ᠵᠢᠨ ᠪᠦᠷᠬᠦᠴᠡ ᠵᠢᠨ ᠨᠤᠷᠮ᠎ᠠ ᠵᠢ 12.41% ᠪᠠᠶ᠋ᠢᠭᠰᠠᠨ᠎ᠠᠴᠠ 13.84% ᠪᠣᠯᠭ᠋ᠠᠨ ᠳᠡᠭᠡᠭᠰᠢᠯᠡᠭᠦᠯᠵᠦ᠂ ᠤᠰᠤ ᠬᠦᠷᠦᠰᠦ ᠵᠢᠨ ᠢᠳᠡᠭᠳᠡᠯ᠎ᠤᠨ 61% ᠵᠢ ᠪᠦᠲᠦᠮᠵᠢᠲᠡᠶ ᠬᠢᠵᠠᠭ᠋ᠠᠷᠯᠠᠵᠤ᠂ ᠬᠠᠲᠤᠨ ᠭᠤᠣᠯ᠎ᠤᠨ ᠰᠠᠪᠠ ᠭᠠᠵᠠᠷ᠎ᠤᠨ ᠤᠷᠭᠤᠮᠠᠯ᠎ᠤᠨ ᠬᠤᠴᠢᠯᠭ᠎ᠠ ᠵᠢ ᠪᠠᠷᠠᠭᠤᠨᠰᠢ 300 ᠺᠢᠯᠤᠮᠸᠲᠷ ᠰᠢᠯᠵᠢᠭᠦᠯᠪᠡ᠃ ᠤᠢ᠌ᠷ᠎ᠠ ᠵᠢᠨ 10 ᠵᠢᠯ᠎ᠳᠤ ᠤᠮᠠᠷᠠᠲᠤ ᠣᠷᠣᠨ᠎ᠤ ᠬᠠᠪᠤᠷ᠎ᠤᠨ ᠤᠯᠠᠷᠢᠯ᠎ᠤᠨ ᠬᠦᠨᠳᠦ ᠨᠣᠴᠢᠲᠠᠢ ᠡᠯᠡᠰᠦᠨ ᠰᠢᠭᠤᠷᠭ᠎ᠠ ᠠᠭᠤᠷ ᠠᠮᠢᠰᠬᠤᠯ ᠢᠯᠡᠷᠬᠡᠢ ᠪᠠᠭ᠋ᠠᠰᠴᠠᠢ᠃
ᠮᠠᠨ᠎ᠤ ᠤᠯᠤᠰ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠵᠢ ᠴᠢᠩᠭ᠋ᠠᠳᠬᠠᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠡᠯᠡᠰᠦ ᠵᠢ ᠵᠠᠰᠠᠬᠤ ᠬᠢᠷᠢ ᠲᠦᠪᠰᠢᠨ ᠲᠠᠰᠤᠷᠠᠯᠲᠠ ᠦᠭᠡᠢ ᠳᠡᠭᠡᠭᠰᠢᠯᠡᠪᠡ᠃ ᠤᠰᠤ᠎ᠪᠠᠷ ᠨᠣᠭᠤᠭ᠋ᠠᠷᠠᠭᠤᠯᠤᠯᠲᠠ ᠵᠢ ᠲᠣᠭᠲᠠᠭ᠋ᠠᠬᠤ ᠵᠢ ᠪᠠᠷᠢᠮᠲᠠᠯᠠᠵᠤ᠂ ᠰᠢᠨᠵᠢᠶᠠᠩ᠂ ᠭᠠᠨᠰᠦ᠂ ᠥᠪᠥᠷ ᠮᠣᠩᠭᠤᠯ ᠵᠡᠷᠭᠡ ᠭᠠᠩ ᠬᠠᠭᠤᠷᠠᠶ ᠣᠷᠣᠨ᠎ᠳᠤ ᠳᠤᠰᠤᠯᠭ᠋ᠠᠨ ᠤᠰᠤᠯᠠᠬᠤ ᠤᠰᠤ ᠠᠷᠪᠢᠯᠠᠵᠤ ᠣᠶ᠋ᠢᠵᠢᠭᠤᠯᠬᠤ ᠮᠡᠷᠭᠡᠵᠢᠯ᠎ᠢ ᠥᠷᠭᠡᠨ ᠵᠶ᠋ᠠᠷ ᠳᠡᠯᠭᠡᠷᠡᠭᠦᠯᠦᠨ ᠬᠡᠷᠡᠭᠯᠡᠵᠦ᠂ ᠨᠡᠯᠢᠶᠡᠳ ᠤᠯᠠᠮᠵᠢᠯᠠᠯᠲᠤ ᠤᠰᠤᠯᠠᠯᠲᠠ᠎ᠳᠤ ᠬᠡᠷᠡᠭᠯᠡᠬᠦ ᠤᠰᠤ 70% ᠰᠢᠬᠠᠮ ᠪᠣᠯᠪᠠ᠃ ᠭᠠᠩ ᠬᠠᠭᠰᠠᠷᠠᠭ᠋ᠠᠨ᠎ᠳᠤ ᠳᠠᠭ᠋ᠠᠮᠠᠭ᠋ᠠᠢ᠂ ᠲᠠᠴᠢᠷ ᠨᠢᠮᠭᠡᠨ ᠮᠥᠷᠲᠡᠭᠡᠨ ᠰᠠᠯᠬᠢ ᠡᠯᠡᠰᠦ ᠵᠢ ᠳᠠᠭ᠋ᠠᠭ᠋ᠠᠬᠤ ᠮᠣᠳᠣᠨ᠎ᠤ ᠲᠥᠷᠥᠯ ᠡᠪᠡᠰᠦ ᠵᠢ ᠰᠣᠩᠭᠤᠨ ᠬᠡᠷᠡᠭᠯᠡᠵᠦ᠂ ᠣᠶ ᠰᠢᠭᠤᠶ ᠡᠪᠡᠰᠦ ᠪᠡᠯᠴᠢᠭᠡᠷ᠎ᠤᠨ ᠤᠷᠭᠤᠮᠠᠯ᠎ᠤᠨ ᠬᠤᠴᠢᠯᠭ᠎ᠠ ᠵᠢ ᠰᠢᠨᠵᠢᠯᠡᠬᠦ ᠤᠬᠠᠭ᠋ᠠᠨᠴᠢ᠎ᠪᠠᠷ ᠲᠣᠬᠢᠷᠠᠭᠤᠯᠤᠨ᠎ᠠ᠃ ᠨᠢᠩᠰᠢᠶᠠ ᠵᠢᠨ ᠵᠦᠩ ᠸᠧᠢ ᠱᠠ ᠫᠦᠸᠧ ᠲᠸᠤ᠂ ᠭᠠᠨᠰᠦ ᠵᠢᠨ ᠮᠢᠨ ᠴᠢᠨ᠂ ᠥᠪᠥᠷ ᠮᠣᠩᠭᠤᠯ᠎ᠤᠨ ᠳ᠋ᠧᠩᠺᠸᠤ᠂ ᠰᠢᠨᠵᠢᠶᠠᠩ᠎ᠤᠨ ᠺᠸ ᠺᠸ ᠶᠠ᠂ ᠾᠧᠪᠸᠢ ᠵᠢᠨ ᠰᠠᠢ ᠬᠠᠨ ᠪᠠ ᠵᠡᠷᠭᠡ ᠵᠠᠰᠠᠯᠲᠠ ᠵᠢᠨ ᠵᠠᠭᠪᠤᠷ᠎ᠢ ᠰᠢᠨᠵᠢᠯᠡᠬᠦ ᠤᠬᠠᠭ᠋ᠠᠨᠴᠢ᠎ᠪᠠᠷ ᠳᠡᠯᠭᠡᠷᠡᠭᠦᠯᠦᠨ᠎ᠡ᠃ ᠡᠯᠡᠰᠦ ᠵᠢ ᠰᠡᠷᠭᠡᠶ᠋ᠢᠯᠡᠵᠦ ᠡᠯᠡᠰᠦ ᠵᠢ ᠵᠠᠰᠠᠬᠤ ᠵᠢᠨ ᠮᠠᠰᠢᠨᠴᠢᠯᠠᠯᠲᠠ᠂ ᠤᠶᠤᠨᠴᠢᠯᠠᠭᠰᠠᠨ ᠬᠥᠭᠵᠢᠯᠲᠡ ᠵᠢ ᠲᠦᠷᠭᠡᠳᠬᠡᠵᠦ᠂ ᠡᠯᠡᠰᠦ ᠵᠢ ᠳᠠᠷᠤᠵᠤ ᠡᠯᠡᠰᠦ ᠵᠢ ᠲᠣᠭᠲᠠᠪᠤᠷᠢᠵᠢᠭᠤᠯᠬᠤ ᠮᠠᠰᠢᠨ᠂ ᠪᠤᠲᠠᠯᠢᠭ ᠮᠣᠳᠣᠨ᠎ᠤ ᠭᠤᠤᠷᠰᠤ ᠵᠢ ᠲᠡᠭᠰᠢᠯᠡᠬᠦ ᠮᠠᠰᠢᠨ᠂ ᠵᠢᠯᠣᠭᠤᠴᠢ ᠥᠬᠡᠶ ᠨᠢᠰᠬᠡᠯ᠎ᠤᠨ ᠨᠢᠰᠬᠡᠯ ᠵᠶ᠋ᠠᠷ ᠨᠡᠪᠲᠡᠷᠡᠭᠦᠯᠬᠦ ᠵᠡᠷᠭᠡ ᠵᠢ ᠥᠷᠭᠡᠨ ᠵᠶ᠋ᠠᠷ ᠬᠡᠷᠡᠭᠯᠡᠨ᠎ᠡ᠃
ᠮᠡᠳᠡᠭᠦᠯᠦᠯᠲᠡ᠎ᠳᠤ ᠢᠯᠡᠷᠡᠭᠦᠯᠦᠭᠰᠡᠨ ᠵᠶ᠋ᠠᠷ᠂ ᠡᠯᠡᠰᠦ ᠵᠢ ᠵᠠᠰᠠᠬᠤ ᠪᠠ ᠪᠠᠶᠠᠵᠢᠭᠤᠯᠬᠤ ᠵᠢ ᠤᠶᠠᠯᠳᠤᠭᠤᠯᠬᠤ ᠵᠢ ᠪᠠᠷᠢᠮᠲᠠᠯᠠᠵᠤ᠂ ᠡᠯᠡᠰᠦᠷᠬᠡᠭ ᠣᠷᠣᠨ᠎ᠤ ᠠᠵᠤ ᠠᠬᠤᠶ ᠨᠡᠶ᠋ᠢᠭᠡᠮ᠎ᠤᠨ ᠬᠥᠭᠵᠢᠯᠲᠡ᠎ᠳᠤ ᠰᠢᠨ᠎ᠡ ᠦᠷ᠎ᠡ ᠪᠦᠲᠦᠮᠵᠢ ᠣᠯᠵᠠᠶ᠃ ᠡᠯ᠎ᠡ ᠭᠠᠵᠠᠷ᠎ᠤᠨ᠎ᠬᠢᠨ ᠠᠮᠢ ᠠᠬᠤᠶ ᠵᠢᠨ ᠪᠥᠲᠥᠭᠡᠨ ᠪᠠᠶ᠋ᠢᠭᠤᠯᠤᠯᠲᠠ ᠵᠢ ᠠᠵᠤ ᠦᠢ᠍ᠯᠡᠰᠵᠢᠭᠦᠯᠬᠦ᠂ ᠠᠵᠤ ᠦᠢ᠍ᠯᠡᠰ᠎ᠤᠨ ᠬᠥᠭᠵᠢᠯᠲᠡ ᠵᠢ ᠠᠮᠢ ᠠᠬᠤᠶ᠋ᠢᠵᠢᠭᠤᠯᠬᠤ ᠵᠢ ᠪᠠᠷᠢᠮᠲᠠᠯᠠᠵᠤ᠂ ᠡᠯᠡᠰᠦᠷᠬᠡᠭ ᠣᠷᠣᠨ᠎ᠤ ᠥᠪᠡᠷᠮᠢᠴᠡ ᠡᠬᠢ ᠪᠠᠶᠠᠯᠢᠭ᠎ᠢ ᠠᠰᠢᠭᠯᠠᠨ᠂ ᠡᠮ᠎ᠤᠨ ᠮᠠᠲ᠋ᠧᠷᠢᠶᠠᠯ᠂ ᠴᠢᠨᠠᠷ ᠰᠠᠶ᠋ᠢᠲᠠᠶ ᠲᠡᠵᠢᠭᠡᠯ ᠡᠪᠡᠰᠦ᠂ ᠠᠵᠤ ᠠᠬᠤᠶ ᠵᠢᠨ ᠣᠶ ᠵᠢᠮᠢᠰ᠂ ᠡᠯᠡᠰᠦᠨ ᠴᠦᠯ᠎ᠤᠨ ᠵᠢᠭᠤᠯᠴᠢᠯᠠᠯ ᠵᠡᠷᠭᠡ ᠠᠵᠤ ᠦᠢ᠍ᠯᠡᠰ᠎ᠢ ᠵᠣᠬᠢᠰᠲᠠᠶ ᠬᠥᠭᠵᠢᠭᠦᠯᠵᠦ᠂ ᠠᠮᠢ ᠠᠬᠤᠶ ᠵᠢᠨ ᠰᠠᠶ᠋ᠢᠵᠢᠷᠠᠯᠲᠠ ᠪᠠ ᠠᠵᠤ ᠠᠬᠤᠶ ᠵᠢᠨ ᠬᠥᠭᠵᠢᠯᠲᠡ ᠵᠢ ᠬᠠᠷᠢᠯᠴᠠᠨ ᠳᠣᠪᠤᠶ᠋ᠢᠯᠭ᠋ᠠᠬᠤ ᠵᠢ ᠪᠡᠶᠡᠯᠡᠭᠦᠯᠦᠨ᠎ᠡ᠃ ᠰᠢᠷ᠎ᠠ ᠬᠥᠷᠥᠰᠥᠲᠦ ᠥᠨᠳᠦᠷᠯᠢᠭ᠂ ᠶᠠᠨᠱ᠌ᠠᠨ ᠠᠭᠤᠯᠠᠷᠬᠠᠭ ᠭᠠᠵᠠᠷ᠂ ᠰᠢᠨᠵᠢᠶᠠᠩ᠎ᠤᠨ ᠨᠣᠭᠤᠭ᠋ᠠᠨ ᠪᠦᠷᠢᠳᠦ ᠵᠡᠷᠭᠡ ᠭᠠᠵᠠᠷ᠎ᠲᠤ ᠨᠢᠭᠡ ᠪᠦᠯᠦᠭ ᠤᠢ ᠵᠢᠮᠢᠰ᠂ ᠭᠤᠸ᠎ᠠ ᠵᠢᠮᠢᠰ᠂ ᠮᠣᠳᠣᠯᠢᠭ ᠲᠣᠰᠣᠯᠢᠭ ᠲᠠᠷᠢᠮᠠᠯ ᠵᠡᠷᠭᠡ ᠦᠢ᠍ᠯᠡᠳᠪᠦᠷᠢᠯᠡᠯ᠎ᠤᠨ ᠰᠠᠭᠤᠷᠢᠨ ᠭᠠᠵᠠᠷ ᠪᠦᠷᠢᠯᠳᠦᠵᠦ᠂ ᠵᠢᠯ᠎ᠳᠤ 4800 ᠲᠦᠮᠡᠨ ᠲᠣᠨ ᠬᠠᠲᠠᠭ᠋ᠠᠭᠰᠠᠨ ᠰᠢᠨ᠎ᠡ ᠰᠣᠷᠭᠤᠭ ᠵᠢᠮᠢᠰ ᠦᠢ᠍ᠯᠡᠳᠪᠦᠷᠢᠯᠡᠵᠦ᠂ ᠪᠦᠬᠦ ᠤᠯᠤᠰ᠎ᠤᠨ ᠶᠡᠷᠦᠩᠬᠡᠢ ᠭᠠᠷᠤᠯᠲᠠ ᠵᠢᠨ 25% ᠵᠢ ᠡᠵᠡᠯᠡᠵᠦ᠂ ᠭᠤᠣᠯᠳᠠᠯᠭ᠎ᠠ᠎ᠲᠠᠢ ᠭᠠᠵᠠᠷ ᠣᠷᠣᠨ᠎ᠤ ᠤᠢ ᠵᠢᠮᠢᠰ᠎ᠤᠨ ᠣᠷᠣᠯᠭ᠎ᠠ᠎ᠨᠢ ᠲᠠᠷᠢᠶᠠᠴᠢᠳ᠎ᠤᠨ ᠴᠡᠪᠡᠷ ᠣᠷᠣᠯᠭ᠎ᠠ ᠵᠢᠨ ᠬᠠᠭ᠋ᠠᠰ᠎ᠠᠴᠠ ᠳᠡᠭᠡᠭᠰᠢᠬᠢ ᠵᠢ ᠡᠵᠡᠯᠡᠵᠦ ᠪᠠᠶ᠋ᠢᠨ᠎ᠠ᠃ ᠡᠯᠡᠰᠦᠷᠬᠡᠭ ᠣᠷᠣᠨ᠎ᠤ ᠠᠮᠢ ᠠᠬᠤᠶ ᠣᠷᠴᠢᠨ ᠲᠣᠭᠤᠷᠢᠨ ᠲᠠᠰᠤᠷᠠᠯᠲᠠ ᠤᠢ᠍ᠭᠡᠢ ᠰᠠᠶ᠋ᠢᠵᠢᠷᠠᠵᠤ᠂ ᠲᠠᠷᠢᠶᠠᠨ ᠭᠠᠵᠠᠷ᠎ᠢ ᠪᠦᠲᠦᠮᠵᠢᠲᠡᠶ ᠬᠠᠮᠠᠭ᠋ᠠᠯᠠᠵᠤ᠂ ᠠᠮᠤ ᠪᠤᠳᠠᠭ᠋ᠠᠨ᠎ᠤ ᠠᠮᠤᠷ ᠲᠦᠪᠰᠢᠨ᠎ᠢ ᠪᠠᠲᠤᠯᠠᠬᠤ ᠴᠢᠳᠠᠪᠤᠷᠢ ᠵᠢ ᠳᠡᠭᠡᠭᠰᠢᠯᠡᠭᠦᠯᠪᠡ᠃ ᠤᠮᠠᠷᠠᠲᠤ ᠣᠷᠣᠨ ᠵᠡᠭᠦᠨ ᠬᠣᠶ᠋ᠢᠲᠤ ᠣᠷᠣᠨ ᠵᠡᠷᠭᠡ ᠠᠮᠤ ᠪᠤᠳᠠᠭ᠋ᠠᠨ᠎ᠤ ᠭᠣᠣᠯ ᠭᠠᠷᠤᠯᠲᠠ ᠵᠢᠨ ᠣᠷᠣᠨ᠎ᠳᠤ ᠲᠠᠷᠢᠶᠠᠨ ᠭᠠᠵᠠᠷ᠎ᠤᠨ ᠣᠢ ᠵᠢᠨ ᠲᠣᠣᠷ᠎ᠢ ᠦᠨᠳᠦᠰᠦᠨ᠎ᠳᠡᠭᠡᠨ ᠪᠠᠶ᠋ᠢᠭᠤᠯᠵᠤ᠂ 4.5 ᠳ᠋ᠦᠩᠰᠢᠭᠤᠷ ᠮᠦ᠍ ᠲᠠᠷᠢᠶᠠᠨ ᠭᠠᠵᠠᠷ᠎ᠢ ᠬᠠᠮᠠᠭ᠋ᠠᠯᠠᠭᠰᠠᠨ ᠪᠠᠶ᠋ᠢᠨ᠎ᠠ᠃