ᠣᠳᠣᠬᠠᠨ᠎ᠳᠤ᠂ ᠮᠠᠨ᠎ᠤ ᠤᠯᠤᠰ ᠶᠠᠭ 《ᠲᠤᠯᠤᠭ᠋ᠠᠨ ᠰᠠᠷ᠎ᠠ ᠵᠢᠨ ᠰᠡᠭᠦᠯᠴᠢ ᠨᠠᠢ᠍ᠮᠠᠨ ᠰᠠᠷ᠎ᠠ ᠵᠢᠨ ᠡᠬᠢᠨ》᠎ᠤ ᠦᠶᠡᠷ᠎ᠢ ᠰᠡᠷᠭᠡᠶ᠋ᠢᠯᠡᠬᠦ ᠵᠠᠩᠭᠢᠯᠠᠭ᠎ᠠ ᠵᠢᠨ ᠬᠤᠭᠤᠴᠠᠭ᠋ᠠᠨ᠎ᠳᠤ ᠪᠠᠶ᠋ᠢᠵᠤ᠂ ᠴᠢᠩᠭ᠎ᠠ ᠰᠣᠯᠢᠭ ᠤᠷᠤᠰᠬᠠᠯ᠂ ᠰᠢᠷᠦᠭᠦᠨ ᠪᠣᠷᠣᠭ᠋ᠠᠨ᠂ ᠲᠠᠶ᠋ᠢᠹᠧᠩ ᠰᠠᠯᠬᠢ ᠵᠡᠷᠭᠡ ᠣᠨᠴᠠᠭ᠋ᠠᠶ ᠴᠠᠭ ᠠᠭᠤᠷ ᠣᠯᠠᠨ ᠡᠭᠦᠰᠴᠦ᠂ ᠡᠷᠬᠡᠪᠰᠢ ᠣᠨᠴᠠᠭ᠋ᠠᠶ ᠴᠠᠭ ᠠᠭᠤᠷ᠎ᠤᠨ ᠡᠭᠦᠰᠦᠮᠡᠯ ᠭᠠᠮᠰᠢᠭ᠎ᠢ ᠰᠢᠨᠵᠢᠯᠡᠬᠦ ᠤᠬᠠᠭ᠋ᠠᠨᠴᠢ᠎ᠪᠠᠷ ᠰᠡᠷᠭᠡᠶ᠋ᠢᠯᠡᠬᠦ ᠬᠡᠷᠡᠭᠲᠡᠶ᠃
《ᠲᠠᠶ᠋ᠢᠹᠧᠩ ᠰᠠᠯᠬᠢ᠂ ᠰᠢᠷᠦᠭᠦᠨ ᠪᠣᠷᠣᠭ᠋ᠠᠨ᠎ᠠᠴᠠ ᠪᠣᠯᠤᠭᠰᠠᠨ ᠡᠭᠦᠰᠦᠮᠡᠯ ᠭᠠᠮᠰᠢᠭ᠎ᠲᠤ ᠭᠣᠣᠯᠳᠠᠭᠤ ᠠᠭᠤᠯᠠᠨ ᠦᠶᠡᠷ᠂ ᠠᠭᠤᠯᠠᠨ ᠭᠤᠯᠭᠤᠭ᠎ᠠ ᠪᠡᠯ᠂ ᠰᠢᠪᠠᠷ ᠴᠢᠯᠠᠭᠤᠨ ᠤᠷᠤᠰᠬᠠᠯ ᠵᠡᠷᠭᠡ ᠪᠠᠭᠲᠠᠨ᠎ᠠ》 ᠭᠡᠵᠦ ᠲᠥᠪ᠎ᠤᠨ ᠴᠠᠭ ᠠᠭᠤᠷ᠎ᠤᠨ ᠬᠣᠷᠢᠶᠠᠨ᠎ᠤ ᠳᠡᠭᠡᠳᠦ ᠵᠡᠷᠭᠡ ᠵᠢᠨ ᠢᠨᠵᠧᠨᠧᠷ ᠴᠦᠨ ᠢ ᠵᠢᠨ ᠲᠠᠨᠢᠯᠴᠠᠭᠤᠯᠤᠭᠰᠠᠨ ᠵᠶ᠋ᠠᠷ᠂ ᠭᠠᠵᠠᠷ ᠰᠢᠨᠵᠢᠯᠡᠭᠡᠨ᠎ᠤ ᠪᠠᠶ᠋ᠢᠳᠠᠯ᠎ᠨᠢ ᠨᠡᠯᠢᠶᠡᠳ ᠬᠡᠪᠡᠷᠡᠭ ᠭᠠᠵᠠᠷ ᠣᠷᠣᠨ᠎ᠳᠤ ᠣᠨᠴᠠ ᠶᠡᠬᠡ ᠰᠢᠷᠦᠭᠦᠨ ᠪᠣᠷᠣᠭ᠋ᠠᠨ᠎ᠨᠢ ᠰᠠᠯᠬᠢ ᠰᠥᠷᠬᠦ ᠬᠥᠲᠥᠯ ᠳᠡᠭᠡᠷ᠎ᠡ ᠠᠭᠤᠯᠠ ᠶᠡᠭᠦᠷᠡᠬᠦ ᠵᠢ ᠰᠢᠷᠦᠭᠦᠰᠦᠭᠦᠯᠵᠦ᠂ ᠰᠢᠪᠠᠷ ᠴᠢᠯᠠᠭᠤᠨ ᠤᠷᠤᠰᠬᠠᠯ ᠡᠭᠦᠰᠬᠦ ᠠᠶᠤᠯ ᠲᠦᠭᠰᠢᠭᠦᠷᠢ ᠵᠢ ᠬᠡᠴᠡᠭᠦᠳᠡᠭᠦᠯᠪᠡ᠃ ᠡᠭᠦᠨ᠎ᠠᠴᠠ ᠭᠠᠳᠠᠨ᠎ᠠ᠂ ᠬᠡᠷ ᠪᠠᠶ᠋ᠢᠰᠢᠩ᠂ ᠬᠥᠭᠦᠷᠭᠡ᠂ ᠠᠭᠤᠯᠠ ᠵᠡᠷᠭᠡ ᠦᠶᠡᠷ᠎ᠤᠨ ᠤᠰᠤᠨ᠎ᠳᠤ ᠤᠷᠤᠰᠬᠠᠭᠳᠠᠨ ᠤᠷᠤᠰᠴᠤ᠂ ᠨᠡᠪᠴᠢᠬᠦ᠎ᠳᠤ ᠠᠮᠠᠷᠬᠠᠨ ᠨᠤᠷᠠᠵᠤ᠂ ᠳᠡᠭᠡᠳᠦ ᠬᠡᠮᠵᠢᠶᠡᠨ᠎ᠤ ᠰᠣᠨᠣᠷ ᠰᠡᠷᠡᠮᠵᠢ᠎ᠲᠠᠢ ᠪᠠᠶ᠋ᠢᠬᠤ ᠬᠡᠷᠡᠭᠲᠡᠶ ᠭᠡᠪᠡ᠃
ᠡᠳᠡᠭᠡᠷ ᠡᠭᠦᠰᠦᠮᠡᠯ ᠭᠠᠮᠰᠢᠭ᠎ᠤᠨ ᠡᠮᠦᠨ᠎ᠡ ᠬᠡᠷᠬᠢᠨ ᠰᠡᠷᠭᠡᠶ᠋ᠢᠯᠡᠬᠦ ᠪᠤᠢ?
ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠶᠠᠮᠤᠨ᠎ᠤ ᠤᠯᠤᠰ᠎ᠤᠨ ᠪᠠᠶ᠋ᠢᠭ᠋ᠠᠯᠢ ᠵᠢᠨ ᠭᠠᠮᠰᠢᠭ᠎ᠢ ᠰᠡᠷᠭᠡᠶ᠋ᠢᠯᠡᠨ ᠵᠠᠰᠠᠬᠤ ᠰᠤᠳᠤᠯᠭ᠋ᠠᠨ᠎ᠤ ᠬᠦᠷᠢᠶᠡᠯᠡᠩ᠎ᠤᠨ ᠰᠤᠳᠤᠯᠤᠭᠴᠢ ᠰᠢᠤᠢ ᠴᠥᠩ ᠲᠠᠨᠢᠯᠴᠠᠭᠤᠯᠬᠤ᠎ᠳᠠᠭᠠᠨ᠂ ᠡᠩ ᠲᠡᠷᠢᠭᠦᠨ᠎ᠳᠤ ᠴᠠᠭ ᠠᠭᠤᠷ᠎ᠤᠨ ᠤᠷᠢᠳᠴᠢᠯᠠᠭᠰᠠᠨ ᠮᠡᠳᠡᠭᠡ ᠪᠠ ᠠᠯᠪᠠᠨ᠎ᠤ ᠲᠠᠯ᠎ᠠ ᠵᠢᠨ ᠨᠡᠶ᠋ᠢᠲᠡᠯᠡᠭᠰᠡᠨ ᠲᠠᠢ᠌ᠹᠸᠩ ᠰᠢᠷᠦᠭᠦᠨ ᠪᠣᠷᠣᠭ᠋ᠠᠨ᠎ᠤ ᠰᠡᠷᠡᠮᠵᠢ ᠵᠢᠨ ᠮᠡᠳᠡᠭᠡ ᠵᠠᠩᠭᠢ ᠵᠢ ᠨᠢᠭᠲᠠ ᠠᠩᠬᠠᠷᠴᠤ᠂ ᠠᠶᠤᠯ ᠲᠦᠭᠰᠢᠭᠦᠷᠢ᠎ᠲᠠᠢ ᠣᠷᠣᠨ ᠪᠦᠰᠡ ᠪᠠ ᠠᠶᠤᠯ᠎ᠠᠴᠠ ᠵᠠᠶ᠋ᠢᠯᠠᠬᠤ ᠠᠷᠭ᠎ᠠ ᠬᠡᠮᠵᠢᠶ᠎ᠡ ᠵᠢ ᠣᠶ᠋ᠢᠯᠠᠭ᠋ᠠᠬᠤ ᠬᠡᠷᠡᠭᠲᠡᠶ᠃ ᠲᠠᠶ᠋ᠢᠹᠧᠩ ᠰᠠᠯᠬᠢ ᠪᠠ ᠰᠢᠷᠦᠭᠦᠨ ᠪᠣᠷᠣᠭ᠋ᠠᠨ ᠢᠷᠡᠬᠦ᠎ᠠᠴᠠ ᠡᠮᠦᠨ᠎ᠡ᠂ ᠭᠦᠢ᠍ᠴᠡᠳ ᠪᠡᠯᠡᠳᠬᠡᠯ ᠬᠢᠵᠦ᠂ ᠡᠭᠦᠨ᠎ᠳᠤ ᠢᠳᠡᠭᠡᠨ᠂ ᠤᠰᠤ᠂ ᠭᠠᠷ ᠳ᠋ᠸᠩ᠂ ᠪᠡᠯᠡᠳᠬᠡᠯ ᠳ᠋ᠢᠶᠠᠨ ᡂᠢ᠂ ᠲᠦᠷᠭᠡᠨ ᠠᠪᠤᠷᠠᠯᠲᠠ ᠵᠢᠨ ᠪᠣᠭᠴᠣ᠂ ᠪᠣᠷᠣᠭ᠋ᠠᠨ᠎ᠠᠴᠠ ᠰᠡᠷᠭᠡᠶ᠋ᠢᠯᠡᠬᠦ ᠬᠡᠷᠡᠭᠰᠡᠯ ᠵᠢᠴᠢ ᠴᠢᠬᠤᠯᠠ ᠪᠦᠬᠦᠢ ᠴᠢᠮᠡᠭᠡ ᠬᠤᠯᠪᠣᠭ᠋ᠠᠨ᠎ᠤ ᠲᠥᠬᠦᠭᠡᠷᠦᠮᠵᠢ ᠵᠡᠷᠭᠡ ᠵᠢ ᠪᠠᠭᠲᠠᠭ᠋ᠠᠨ᠎ᠠ᠃
《ᠠᠭᠤᠯᠠ ᠶᠡᠭᠦᠷᠡᠬᠦ᠂ ᠰᠢᠪᠠᠷ ᠴᠢᠯᠠᠭᠤᠨ ᠤᠷᠤᠰᠬᠠᠯ᠂ ᠠᠭᠤᠯᠠᠨ ᠦᠶᠡᠷ᠎ᠤᠨ ᠡᠮᠦᠨ᠎ᠡ ᠠᠳᠠᠯᠢ ᠪᠤᠰᠤ ᠠᠮᠢ ᠵᠢᠭᠤᠲᠠᠬᠤ ᠠᠷᠭ᠎ᠠ ᠪᠣᠳᠣᠯᠭ᠎ᠠ᠎ᠲᠠᠢ᠂ ᠤᠷᠢᠳᠠᠪᠠᠷ ᠪᠠᠶ᠋ᠢᠳᠠᠯ᠎ᠢ ᠠᠵᠢᠭᠯᠠᠵᠤ᠂ ᠠᠮᠢ ᠵᠢᠭᠤᠲᠠᠬᠤ ᠵᠠᠮ ᠱᠤᠭᠤᠮ ᠵᠶ᠋ᠠᠨ ᠲᠣᠳᠣᠷᠬᠠᠶ᠋ᠢᠯᠠᠪᠠᠯ ᠰᠠᠶᠢ ᠠᠮᠤᠷ ᠲᠦᠪᠰᠢᠨ ᠵᠶ᠋ᠠᠷ ᠠᠶᠤᠯ᠎ᠠᠴᠠ ᠵᠠᠶ᠋ᠢᠯᠠᠵᠤ ᠴᠢᠳᠠᠨ᠎ᠠ》 ᠭᠡᠵᠦ ᠰᠢᠦᠢ ᠴᠦᠩ ᠬᠡᠯᠡᠪᠡ᠃
ᠠᠭᠤᠯᠠ ᠶᠡᠭᠦᠷᠡᠬᠦ᠎ᠠᠴᠠ ᠡᠮᠦᠨ᠎ᠡ ᠦᠷᠭᠦᠯᠵᠢ ᠪᠡᠯᠭᠡᠳᠡᠯ᠎ᠤᠨ ᠰᠢᠨᠵᠢ ᠲᠡᠮᠳᠡᠭ᠎ᠲᠠᠢ ᠪᠠᠶ᠋ᠢᠳᠠᠭ᠂ ᠵᠢᠱ᠌ᠢᠶᠡᠯᠡᠪᠡᠯ᠂ ᠤᠷᠤᠰᠬᠠᠯ ᠲᠠᠰᠤᠷᠠᠭᠰᠠᠨ ᠣᠯᠠᠨ ᠵᠢᠯ᠎ᠤᠨ ᠪᠤᠯᠠᠭ᠎ᠤᠨ ᠤᠰᠤ ᠭᠡᠨᠡᠳᠲᠡ ᠳᠠᠬᠢᠨ ᠤᠷᠤᠰᠴᠤ᠂ ᠪᠤᠯᠠᠭ᠎ᠤᠨ ᠤᠰᠤ ᠭᠡᠨᠡᠳᠲᠡ ᠬᠠᠲᠠᠨ ᠰᠢᠷᠭᠢᠬᠦ᠂ ᠴᠢᠯᠠᠭᠤᠯᠢᠭ᠎ᠤᠨ ᠠᠩ ᠭᠠᠷᠬᠤ ᠪᠤᠶᠤ ᠬᠠᠢ᠌ᠴᠢᠯᠠᠭᠳᠠᠨ ᠰᠢᠬᠠᠭᠳᠠᠭᠰᠠᠨ ᠳᠠᠭᠤ᠂ ᠠᠮᠢᠲᠠᠨ ᠤᠷᠭᠤᠮᠠᠯ ᠬᠡᠪ᠎ᠤᠨ ᠪᠤᠰᠤ ᠪᠠᠶ᠋ᠢᠳᠠᠯ ᠭᠠᠷᠬᠤ ᠵᠡᠷᠭᠡ ᠪᠠᠶ᠋ᠢᠳᠠᠭ᠃ ᠠᠭᠤᠯᠠ ᠶᠡᠭᠦᠷᠡᠬᠦ ᠦᠶᠡᠰ᠎ᠲᠤ᠎ᠪᠠᠨ᠂ ᠨᠠᠯᠠᠤ ᠴᠢᠭᠯᠡᠯ᠎ᠤᠨ ᠬᠣᠶᠠᠷ ᠬᠠᠵᠠᠭᠤ᠎ᠠᠴᠠ ᠡᠭᠴᠡ ᠲᠦᠷᠭᠡᠨ ᠳᠤᠲᠠᠭ᠋ᠠᠯᠭ᠋ᠠᠬᠤ ᠶᠣᠰᠣᠲᠠᠢ᠂ ᠤᠷᠤᠭᠤᠳᠠᠬᠤ ᠨᠠᠯᠠᠤ ᠭᠠᠵᠠᠷ ᠵᠶ᠋ᠠᠨ ᠳᠠᠭ᠋ᠠᠵᠤ ᠳᠡᠭᠡᠳᠦ ᠤᠷᠤᠰᠬᠠᠯ ᠪᠤᠶᠤ ᠳᠣᠣᠷᠠᠲᠤ ᠤᠷᠤᠰᠬᠠᠯ ᠵᠶ᠋ᠠᠷ ᠶᠠᠪᠤᠬᠤ ᠵᠢ ᠡᠷᠡᠰ ᠴᠡᠭᠡᠷᠯᠡᠨ᠎ᠡ᠃
ᠬᠡᠷᠪᠡ ᠭᠤᠯᠭᠤᠭᠰᠠᠨ ᠨᠠᠯᠠᠤᠴᠠ ᠵᠢᠨ ᠳᠤᠮᠳᠠ ᠬᠡᠰᠡᠭ᠎ᠠᠴᠠ ᠳᠤᠲᠠᠭ᠋ᠠᠨ ᠶᠠᠪᠤᠬᠤ ᠵᠢᠨ ᠠᠷᠭ᠎ᠠ ᠦᠭᠡᠢ ᠪᠣᠯ᠂ ᠨᠢᠭᠡ ᠨᠠᠯᠠᠤ ᠭᠠᠵᠠᠷ᠎ᠲᠤ ᠵᠣᠭᠰᠣᠬᠤ ᠪᠤᠶᠤ ᠲᠣᠮᠣ ᠮᠣᠳᠣ ᠵᠢ ᠲᠡᠪᠡᠷᠢᠬᠦ ᠵᠡᠷᠭᠡ ᠲᠣᠭᠲᠠᠮᠠᠯ ᠪᠣᠳᠠᠰ᠎ᠢ ᠡᠷᠢᠬᠦ ᠬᠡᠷᠡᠭᠲᠡᠢ》᠂ ᠰᠢᠦᠢ ᠴᠦᠩ ᠰᠠᠨᠠᠭᠤᠯᠤᠭᠰᠠᠨ᠎ᠨᠢ᠂ ᠪᠠᠶ᠋ᠢᠰᠢᠩ᠂ ᠬᠡᠷᠡᠮ᠂ ᠴᠠᠬᠢᠯᠭ᠋ᠠᠨ ᠤᠲᠠᠰᠤᠨ᠎ᠤ ᠪᠠᠭ᠋ᠠᠨ᠎ᠠ ᠵᠡᠷᠭᠡ ᠨᠤᠷᠠᠵᠤ ᠶᠡᠭᠦᠷᠡᠬᠦ ᠪᠤᠶᠤ ᠴᠠᠬᠢᠯᠭ᠋ᠠᠨ᠎ᠲᠠᠢ ᠪᠣᠳᠠᠰ᠎ᠲᠠᠢ ᠭᠠᠵᠠᠷ᠎ᠠᠴᠠ ᠬᠤᠯᠠ ᠪᠠᠢ᠌ᠬᠤ ᠬᠡᠷᠡᠭᠲᠡᠢ᠃ ᠤᠷᠤᠭᠤᠳᠠᠨ ᠵᠣᠭᠰᠣᠭᠰᠠᠨ᠎ᠤ ᠳᠠᠷᠠᠭ᠎ᠠ ᠪᠠᠰᠠ ᠳᠣᠣᠷ᠎ᠠ᠎ᠨᠢ ᠪᠤᠴᠠᠵᠤ ᠪᠣᠯᠬᠤ ᠦᠭᠡᠢ᠂ ᠬᠤᠶᠠᠳᠡᠬᠢ ᠤᠳᠠᠭ᠎ᠠ ᠤᠷᠤᠭᠤᠲᠠᠬᠤᠠᠴᠠ ᠵᠠᠶ᠋ᠢᠯᠠᠰᠬᠢᠬᠦ ᠬᠡᠷᠡᠭᠲᠡᠢ᠃
ᠬᠡᠷᠪᠡ ᠭᠤᠣᠯ (ᠭᠤᠤ)᠎ᠤᠨ ᠣᠷᠣᠨ ᠳᠣᠲᠣᠷ᠎ᠠ ᠬᠡᠪ᠎ᠤᠨ ᠤᠷᠤᠰᠬᠠᠯ ᠤᠰᠤ ᠭᠡᠨᠡᠳᠲᠡ ᠲᠠᠰᠤᠷᠠᠭᠰᠠᠨᠢ ᠠᠵᠢᠭᠯᠠᠪᠠᠯ᠂ ᠦᠶᠡᠷ᠎ᠤᠨ ᠤᠰᠤ ᠭᠡᠨᠡᠳᠲᠡ ᠶᠡᠬᠡᠰᠬᠦ ᠵᠢᠨ ᠬᠠᠮᠲᠤ ᠲᠦᠯᠡᠭᠡ ᠡᠪᠡᠰᠦ ᠮᠣᠳᠣ ᠳᠠᠭ᠋ᠠᠯᠳᠤᠬᠤ ᠦᠶ᠎ᠡ᠎ᠳᠤ᠂ ᠡᠰᠡᠬᠦᠯ᠎ᠡ ᠭᠠᠯᠲᠤ ᠲᠡᠷᠭᠡᠨ᠎ᠤ ᠱᠤᠤᠭᠢᠬᠤ᠂ ᠠᠶᠤᠩᠭ᠎ᠠ ᠵᠢᠨ ᠳᠠᠭᠤᠨ᠎ᠢ ᠣᠯᠵᠤ ᠰᠤᠨᠤᠰᠪᠠᠯ᠂ ᠰᠢᠪᠠᠷ ᠴᠢᠯᠠᠭᠤᠨ᠎ᠤ ᠤᠷᠤᠰᠬᠠᠯ ᠤᠳᠠᠯ ᠦᠭᠡᠢ ᠡᠭᠦᠰᠬᠦ ᠪᠣᠯᠣᠯᠴᠠᠭ᠎ᠠ᠎ᠲᠠᠢ᠃
ᠠᠮᠤᠷ ᠲᠦᠪᠰᠢᠨ ᠵᠶ᠋ᠠᠷ ᠠᠮᠢ ᠵᠢᠭᠤᠲᠠᠬᠤ ᠰᠢᠪᠠᠷ ᠴᠢᠯᠠᠭᠤᠨ ᠤᠷᠤᠰᠬᠠᠯ᠎ᠤᠨ ᠴᠢᠭᠯᠡᠯ᠎ᠤᠨ ᠬᠣᠶᠠᠷ ᠬᠠᠵᠠᠭᠤ ᠵᠢᠨ ᠠᠭᠤᠯᠠᠨ ᠬᠥᠲᠥᠯ ᠵᠦᠭ ᠭᠦᠶᠦᠪᠡᠯ ᠵᠣᠬᠢᠨ᠎ᠠ᠂ ᠰᠢᠪᠠᠷ ᠴᠢᠯᠠᠭᠤᠨ ᠤᠷᠤᠰᠬᠠᠯ᠎ᠲᠠᠢ ᠡᠭᠴᠡ ᠴᠢᠭᠯᠡᠯ᠎ᠤᠨ ᠬᠣᠶᠠᠷ ᠬᠠᠵᠠᠭᠤ ᠵᠢᠨ ᠠᠭᠤᠯᠠᠨ ᠬᠥᠲᠥᠯ ᠤᠷᠤᠭᠤ ᠠᠪᠠᠷᠢᠵᠤ ᠭᠠᠷᠤᠭ᠋ᠠᠳ ᠬᠡᠳᠦᠢ ᠥᠨᠳᠥᠷ ᠪᠣᠯ ᠲᠡᠳᠦᠢ ᠰᠠᠢ᠌ᠨ᠃ ᠡᠭᠦᠨ᠎ᠤ ᠬᠠᠮᠲᠤ ᠭᠤᠣᠯ᠎ᠤᠨ ᠵᠠᠮ᠎ᠤᠨ ᠮᠤᠷᠤᠶ᠋ᠢᠯᠲᠠ ᠵᠢᠨ ᠬᠤᠲᠣᠭᠤᠷ᠎ᠠᠴᠠ ᠵᠠᠶ᠋ᠢᠯᠠᠬᠤ ᠵᠢ ᠠᠩᠬᠠᠷᠴᠤ᠂ ᠭᠠᠵᠠᠷ᠎ᠤᠨ ᠪᠠᠶ᠋ᠢᠴᠠ ᠠᠭᠤᠢ᠂ ᠤᠢ ᠮᠣᠳᠣ ᠰᠡᠶ᠋ᠢᠷᠡᠭ ᠭᠠᠵᠠᠷ ᠠᠮᠢ ᠵᠢᠭᠤᠲᠠᠬᠤ ᠦᠭᠡᠢ᠂ ᠣᠶ᠋ᠢᠷ᠎ᠠ ᠬᠠᠪᠢ᠎ᠳᠠᠭᠠᠨ ᠤᠢ ᠮᠣᠳᠣ ᠢᠭᠴᠤ ᠰᠠᠬᠤᠯᠢᠭ ᠭᠠᠵᠠᠷ᠎ᠢ ᠰᠣᠩᠭᠤᠨ ᠠᠮᠢ ᠵᠢᠭᠤᠲᠠᠬᠤ ᠬᠡᠷᠡᠭᠲᠡᠢ᠂ ᠭᠡᠪᠡᠴᠦ ᠮᠣᠳᠣᠨ ᠳᠡᠭᠡᠷ᠎ᠡ ᠭᠠᠷᠴᠤ ᠪᠣᠯᠬᠤ ᠦᠭᠡᠢ᠃
《ᠬᠡᠷᠪᠡ ᠮᠠᠰᠢᠨ ᠲᠡᠷᠭᠡ ᠪᠤᠶᠤ ᠭᠠᠯᠲᠤ ᠲᠡᠷᠭᠡᠨ᠎ᠳᠤ ᠰᠢᠪᠠᠷ ᠴᠢᠯᠠᠭᠤᠨ᠎ᠤ ᠤᠷᠤᠰᠬᠠᠯ ᠲᠣᠬᠢᠶᠠᠯᠳᠤᠪᠠᠯ ᠡᠷᠡᠰ ᠰᠢᠭᠤᠷᠬᠠᠢ ᠲᠡᠷᠭᠡ᠎ᠪᠠᠨ ᠬᠠᠶᠠᠵᠤ ᠠᠮᠢ ᠵᠢᠭᠤᠲᠠᠬᠤ ᠬᠡᠷᠡᠭᠲᠡᠢ》 ᠭᠡᠪᠡ᠃ ᠡᠶ᠋ᠢᠮᠦ᠎ᠠᠴᠠ ᠠᠶᠤᠯ᠎ᠳᠤ ᠲᠤᠯᠭ᠋ᠠᠷᠠᠪᠠᠯ ᠳᠠᠷᠤᠶ᠋ᠢᠬᠠᠨ ᠬᠦᠨᠳᠦ ᠨᠦᠰᠡᠷ ᠵᠢᠭᠤᠯᠴᠢᠯᠠᠯ᠎ᠤᠨ ᠲᠣᠨᠣᠭ ᠲᠥᠬᠥᠭᠡᠷᠦᠮᠵᠢ ᠪᠣᠯᠤᠨ ᠠᠴᠢᠶ᠎ᠠ ᠵᠡᠷᠭᠡ᠎ᠪᠠᠨ ᠭᠡᠭᠡᠪᠡᠯ ᠵᠣᠬᠢᠨ᠎ᠡ᠂ ᠭᠡᠪᠡᠴᠦ ᠬᠣᠯᠪᠣᠭ᠋ᠠᠨ᠎ᠤ ᠪᠠᠭ᠋ᠠᠵᠢ ᠬᠡᠷᠡᠭᠰᠡᠯ ᠵᠶ᠋ᠠᠨ ᠠᠪᠴᠤ᠂ ᠭᠠᠳᠠᠭ᠋ᠠᠳᠤ᠎ᠲᠠᠢ ᠬᠠᠷᠢᠯᠴᠠᠵᠤ ᠲᠤᠰᠠᠯᠠᠮᠵᠢ ᠭᠤᠶᠤᠬᠤ ᠴᠢᠬᠤᠯᠠᠲᠠᠢ ᠪᠠᠢ᠌ᠳᠠᠭ᠃
ᠠᠭᠤᠯᠠᠨ ᠦᠶᠡᠷ᠎ᠢ ᠰᠡᠷᠭᠡᠶ᠋ᠢᠯᠡᠬᠦ᠎ᠳᠤ ᠴᠠᠭ ᠠᠭᠤᠷ᠎ᠤᠨ ᠤᠷᠢᠳᠴᠢᠯᠠᠭᠰᠠᠨ ᠮᠡᠳᠡᠭᠡ ᠵᠢ ᠴᠠᠭ ᠢᠮᠠᠭᠲᠠ ᠠᠩᠬᠠᠷᠴᠤ᠂ ᠢᠯᠠᠩᠭᠤᠶ᠎ᠠ ᠦᠶᠡᠷ᠎ᠤᠨ ᠤᠰᠤ ᠵᠢ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠵᠢ ᠤᠷᠢᠳᠴᠢᠯᠠᠨ ᠠᠩᠬᠠᠷᠴᠤ᠂ ᠤᠬᠤᠷᠢᠨ ᠭᠠᠷᠬᠤ ᠪᠡᠯᠡᠳᠬᠡᠯ᠎ᠢ ᠤᠷᠢᠳᠴᠢᠯᠠᠨ ᠰᠠᠶ᠋ᠢᠲᠤᠷ ᠬᠢᠬᠦ ᠬᠡᠷᠡᠭᠲᠡᠶ᠃ ᠠᠮᠢ ᠵᠢᠭᠤᠲᠠᠬᠤ ᠦᠶ᠎ᠡ᠎ᠳᠤ ᠭᠤᠤ ᠵᠢᠨ ᠬᠤᠶᠠᠷ ᠲᠠᠯ᠎ᠠ ᠵᠢᠨ ᠥᠨᠳᠦᠷᠯᠢᠭ ᠭᠠᠵᠠᠷ ᠵᠦᠭ ᠰᠢᠯᠵᠢᠵᠤ᠂ ᠭᠤᠤ ᠵᠠᠮ ᠵᠶ᠋ᠠᠷ ᠠᠮᠢ ᠭᠠᠷᠴᠤ ᠶᠠᠭ᠋ᠠᠬᠢᠭᠰᠠᠨ ᠴᠤ᠌ ᠪᠣᠯᠬᠤ ᠦᠭᠡᠢ᠃ ᠬᠡᠷᠪᠡ ᠨᠢᠭᠡᠨᠲᠡ ᠦᠶᠡᠷ᠎ᠲᠤ ᠬᠦᠷᠢᠶᠡᠯᠡᠭᠳᠡᠪᠡᠯ᠂ ᠭᠠᠯ ᠤᠨᠲᠠᠷᠠᠭ᠋ᠠᠬᠤ᠂ ᠳᠣᠲᠣᠭ᠋ᠠᠳᠤ ᠵᠢ ᠬᠠᠮᠠᠭ᠋ᠠᠯᠠᠬᠤ ᠵᠡᠷᠭᠡ ᠰᠠᠯᠠᠭ᠎ᠠ ᠮᠥᠴᠢᠷ᠎ᠲᠠᠢ ᠲᠦᠷᠭᠡᠬᠡᠨ ᠬᠠᠷᠢᠯᠴᠠᠵᠤ᠂ ᠥᠪᠡᠷ᠎ᠤᠨ ᠴᠢᠭᠯᠡᠯ ᠪᠠ ᠲᠦᠭᠰᠢᠭᠦᠷᠢᠲᠦ ᠪᠠᠶ᠋ᠢᠳᠠᠯ ᠵᠶ᠋ᠠᠨ ᠮᠡᠳᠡᠭᠦᠯᠬᠦ ᠬᠡᠷᠡᠭᠲᠡᠶ; ᠭᠠᠳᠠᠭ᠋ᠠᠳᠤ ᠲᠠᠯ᠎ᠠ ᠵᠢᠨ ᠠᠪᠤᠷᠠᠨ ᠲᠤᠰᠠᠯᠠᠯᠲᠠ ᠵᠢ ᠬᠦᠯᠢᠶᠡᠬᠦ ᠶᠠᠪᠤᠴᠠ᠎ᠳᠤ ᠪᠠᠰᠠ ᠰᠠᠨᠠᠭ᠋ᠠᠴᠢᠯᠠᠭ᠎ᠠ᠎ᠠᠴᠠ᠎ᠪᠠᠨ ᠠᠪᠤᠷᠠᠯᠲᠠ ᠬᠢᠬᠦ ᠳᠣᠬᠢᠶ᠎ᠠ ᠵᠢ ᠢᠳᠡᠪᠬᠢᠲᠡᠢ ᠭᠠᠷᠭ᠋ᠠᠬᠤ ᠬᠡᠷᠡᠭᠲᠡᠢ᠃
《ᠬᠡᠷᠪᠡ ᠦᠶᠡᠷ᠎ᠤᠨ ᠤᠰᠤᠨ᠎ᠳᠤ ᠲᠠᠲᠠᠭᠳᠠᠨ ᠣᠷᠣᠭᠰᠠᠨ ᠪᠠᠢ᠌ᠪᠠᠯ᠂ ᠡᠭᠦᠳᠡᠨ ᠬᠠᠪᠲᠠᠰᠤ᠂ ᠮᠣᠳᠣᠨ ᠣᠷᠣ᠂ ᠲᠣᠮᠣ ᠬᠥᠭᠡᠰᠦ ᠵᠡᠷᠭᠡ ᠵᠢ ᠠᠯᠢ ᠴᠢᠳᠠᠬᠤ᠎ᠪᠠᠷ ᠠᠳᠬᠤᠵᠤ ᠪᠠᠢ᠌ᠭ᠋ᠠᠳ ᠠᠮᠢ ᠵᠢᠭᠤᠲᠠᠬᠤ ᠲᠣᠬᠢᠶᠠᠯ ᠡᠷᠢᠵᠦ ᠠᠮᠢ ᠵᠢᠭᠤᠲᠠᠬᠤ ᠬᠡᠷᠡᠭᠲᠡᠢ》 ᠭᠡᠵᠦ ᠰᠢᠦᠢ ᠴᠥᠩ ᠰᠠᠨᠠᠭᠤᠯᠪᠠ᠃