ᠰᠢᠨ᠎ᠡ ᠨᠢᠭᠡᠨ ᠡᠭᠡᠯᠵᠢ ᠵᠢᠨ ᠠᠭᠤᠷᠬᠠᠢ ᠡᠷᠢᠬᠦ ᠰᠢᠪᠲᠤᠯᠤᠯᠲᠠ ᠵᠢᠨ ᠪᠠᠶ᠋ᠢᠯᠳᠤᠬᠤ ᠪᠣᠳᠣᠯᠭ᠎ᠠ ᠵᠢᠨ ᠠᠵᠢᠯᠯᠠᠭ᠎ᠠ ᠵᠢ ᠦᠨᠳᠦᠷ ᠪᠦᠲᠦᠮᠵᠢᠲᠡᠢ ᠠᠬᠢᠭᠤᠯᠪᠠ
2024-10-28

   ᠡᠠᠷᠠᠣᠠ᠎ᠤᠨ ᠡᠳᠦᠷ᠎ᠤᠨ ᠰᠣᠨᠢᠠ᠎ᠤ ᠪᠡᠬᠡᠵᠢᠩ᠎ᠤᠨ 10 ᠳ᠋ᠤᠭ᠋ᠠᠷ ᠰᠠᠷ᠎ᠠ ᠵᠢᠨ 26᠎ᠤ ᠡᠳᠦᠷ᠎ᠤᠨ ᠴᠠᠬᠢᠯᠭ᠋ᠠᠨ ᠮᠠᠲᠠᠭᠡ  (ᠰᠤᠷᠪᠤᠯᠵᠢᠯᠠᠭᠴᠢ ᠴᠠᠩ  ᠴᠢᠨ) ᠰᠤᠷᠪᠤᠯᠵᠢᠯᠠᠭᠴᠢ ᠪᠠᠶ᠋ᠢᠭ᠋ᠠᠯᠢ ᠵᠢᠨ ᠡᠭᠢ ᠪᠠᠶᠠᠯᠢᠭ᠎ᠤᠨ ᠶᠠᠮᠤᠨ᠎ᠠᠴᠠ ᠤᠶ᠋ᠢᠯᠠᠭ᠋ᠠᠵᠤ ᠮᠡᠲᠡᠭᠰᠡᠨ᠎ᠨᠢ᠄ ᠡᠨᠡ ᠵᠢᠯ᠎ᠠᠴᠠ ᠨᠠᠭ᠋ᠠᠰᠢ᠂ ᠪᠠᠶ᠋ᠢᠭ᠋ᠠᠯᠢ ᠵᠢᠨ ᠡᠭᠢ ᠪᠠᠶᠠᠯᠢᠭ᠎ᠤᠨ ᠶᠠᠮᠤᠨ ᠰᠢᠨ᠎ᠡ ᠨᠢᠬᠡᠨ ᠡᠬᠡᠯᠵᠢ ᠵᠢᠨ ᠠᠭᠤᠷᠬᠠᠢ ᠬᠠᠢ᠌ᠬᠤ ᠰᠢᠨᠵᠢᠯᠡᠭᠦ ᠪᠠᠶ᠋ᠢᠯᠲᠤᠬᠤ ᠪᠤᠲᠤᠯᠭ᠎ᠠ ᠵᠢᠨ ᠠᠵᠢᠯᠯᠠᠭ᠋ᠠᠨ᠎ᠤ ᠠᠷᠪᠡᠨ ᠳᠦᠷᠪᠡᠲᠦᠭᠡᠷ ᠬᠤᠭᠤᠴᠠᠭ᠋ᠠᠨ᠎ᠤ ᠬᠡᠷᠡᠭᠵᠢᠭᠦᠯᠭᠦ ᠳᠦᠰᠦᠯ᠎ᠲᠠᠢ ᠤᠶᠠᠯᠲᠤᠭᠤᠯᠤᠨ᠂ ᠳᠦᠷᠦ ᠵᠢᠨ ᠪᠤᠲᠤᠯᠭ᠎ᠠ ᠵᠢᠨ ᠴᠢᠨᠠᠷᠲᠠᠢ ᠬᠠᠩᠭ᠋ᠠᠯᠭ᠎ᠠ ᠵᠢ ᠨᠡᠮᠡᠭᠲᠡᠭᠦᠯᠵᠦ᠂ ᠪᠠᠯᠠ ᠮᠦᠩᠭᠦᠨ᠎ᠤ ᠤᠷᠤᠭᠤᠯᠤᠯᠲᠠ ᠵᠢ ᠨᠡᠮᠡᠭᠲᠡᠭᠦᠯᠦᠨ᠂ ᠰᠢᠨᠵᠢᠯᠡᠭᠦ ᠤᠬᠠᠭ᠋ᠠᠨ ᠮᠡᠷᠬᠡᠵᠢᠯ᠎ᠤᠨ ᠲᠤᠯᠭ᠋ᠠᠭᠤᠷᠢᠯᠠᠯ᠎ᠢ ᠴᠢᠩᠭ᠋ᠠᠳᠬᠠᠵᠤ᠂ ᠳᠦᠷᠦᠯ ᠵᠦᠢ᠍ᠯ᠎ᠤᠨ ᠪᠠᠶ᠋ᠢᠷᠢᠯᠠᠭᠤᠯᠤᠯᠲᠠ ᠵᠢ ᠰᠢᠯᠢᠲᠡᠭᠵᠢᠭᠦᠯᠵᠦ᠂ ᠤᠷᠤᠨ ᠨᠢᠭᠡᠴᠢ ᠵᠢᠨ ᠢᠷᠡᠯᠲᠡ ᠵᠢ ᠢᠲᠡᠪᠭᠢᠲᠠᠢ᠎ᠪᠠᠷ ᠦᠷᠬᠡᠳᠬᠡᠭᠦ᠎ᠪᠠᠨ ᠴᠢᠩᠭ᠋ᠠᠳᠬᠠᠵᠤ᠂ 1 — 9 ᠳ᠋ᠦ᠍ᠭᠡᠷ ᠰᠠᠷ᠎ᠠ᠎ᠳᠤ᠂ ᠪᠦᠭᠦ ᠤᠯᠤᠰ᠎ᠲᠤ ᠠᠭᠤᠷᠬᠠᠢ ᠬᠠᠶ᠋ᠢᠬᠤ ᠡᠷᠭᠡ ᠵᠢ ᠨᠡᠶ᠋ᠢᠲᠡ 984 ᠰᠢᠯᠵᠢᠭᠦᠯᠵᠦ᠂ ᠡᠭᠦᠨ᠎ᠳᠤ ᠪᠠᠶ᠋ᠢᠯᠲᠤᠬᠤ ᠪᠤᠲᠤᠯᠭ᠎ᠠ ᠵᠢᠨ ᠴᠢᠨᠠᠷᠲᠠᠢ ᠠᠭᠤᠷᠬᠠᠢ ᠬᠠᠶ᠋ᠢᠬᠤ ᠡᠷᠭᠡ ᠵᠢ 570 ᠰᠢᠯᠵᠢᠭᠦᠯᠵᠦ᠂ ᠠᠲᠠᠯᠢ ᠬᠤᠭᠤᠴᠠᠭ᠋ᠠᠨ᠎ᠠᠴᠠ 218.4᠎ᠪᠠᠷ ᠨᠡᠮᠡᠭᠳᠡᠪᠡ᠃

   ᠰᠢᠨ᠎ᠡ ᠨᠢᠭᠡᠨ ᠡᠭᠡᠯᠵᠢ ᠵᠢᠨ ᠠᠭᠤᠷᠬᠠᠶ ᠬᠠᠢ᠌ᠬᠤ ᠰᠢᠪᠲᠤᠯᠤᠯᠲᠠ ᠵᠢᠨ ᠪᠠᠶ᠋ᠢᠯᠳᠤᠬᠤ ᠪᠣᠳᠣᠯᠭ᠎ᠠ ᠵᠢᠨ ᠠᠵᠢᠯᠯᠠᠭ᠎ᠠ ᠵᠢ ᠥᠨᠳᠥᠷ ᠪᠦᠲᠦᠮᠵᠢᠲᠡᠶ᠎ᠪᠠᠷ ᠠᠬᠢᠭᠤᠯᠵᠤ᠂ ᠢᠳᠡᠪᠬᠢᠲᠡᠶ ᠠᠬᠢᠴᠠ᠎ᠲᠠᠢ ᠪᠣᠯᠪᠠ᠃ ᠬᠠᠲᠠᠭᠤ ᠪᠡᠶᠡᠲᠦ ᠠᠭᠤᠷᠬᠠᠢ ᠵᠢᠨ ᠭᠠᠷᠤᠯᠲᠠ ᠵᠢᠨ ᠲᠠᠯ᠎ᠠ᠎ᠪᠠᠷ᠂ 1 — 6 ᠳ᠋ᠤᠭ᠋ᠠᠷ ᠰᠠᠷ᠎ᠠ᠎ᠳᠤ ᠠᠭᠤᠷᠬᠠᠢ ᠬᠠᠢ᠌ᠬᠤ ᠠᠯᠤᠰ ᠬᠡᠲᠦ ᠵᠢᠨ ᠦᠵᠡᠮᠵᠢ ᠵᠢᠨ ᠣᠷᠣᠨ 138 ᠭᠠᠵᠠᠷ᠎ᠢ ᠬᠠᠶ᠋ᠢᠨ ᠰᠦᠪᠡᠭᠴᠢᠯᠡᠵᠦ᠂ ᠠᠭᠤᠷᠬᠠᠢ ᠬᠠᠢ᠌ᠬᠤ 50 ᠭᠠᠵᠠᠷ᠎ᠢ ᠰᠢᠨ᠎ᠡ᠎ᠪᠠᠷ ᠢᠯᠡᠷᠡᠭᠦᠯᠵᠦ᠂ ᠱᠠᠨᠳᠦ᠋ᠩ ᠮᠤᠵᠢ ᠵᠢᠨ ᠭᠤᠤ ᠲᠠᠩ ᠰᠢᠶᠠᠨ᠎ᠤ ᠭᠦᠸᠧ ᠳ᠋ᠢᠶᠠᠨ ᠭᠠᠵᠠᠷ ᠣᠷᠣᠨ᠎ᠤ ᠪᠠᠷᠠᠭᠤᠨ ᠢᠦᠢ ᠺᠧ ᠲᠣᠰᠬᠤᠨ᠎ᠤ ᠲᠡᠮᠦᠷ᠎ᠤᠨ ᠠᠭᠤᠷᠬᠠᠢ᠂ ᠱᠠᠨ ᠰᠢ ᠮᠤᠵᠢ ᠵᠢᠨ ᠵᠢᠶᠣᠤ ᠺᠸᠦ ᠰᠢᠶᠠᠨ᠎ᠤ ᠯᠢ ᠵᠢᠶᠠ ᠱᠠᠨ᠎ᠤ ᠬᠥᠩᠭᠡᠨ ᠴᠠᠭ᠋ᠠᠨ᠎ᠤ ᠰᠢᠷᠣᠢ ᠵᠢᠨ ᠠᠭᠤᠷᠬᠠᠢ᠂ ᠴᠦᠩᠴᠢᠩ ᠬᠤᠳᠠ ᠵᠢᠨ ᠴᠢᠶᠠᠨ ᠵᠢᠶᠠᠩ ᠲᠣᠭᠤᠷᠢᠭ᠎ᠤᠨ ᠤᠰᠤᠨ ᠲᠠᠷᠢᠶᠠᠨ᠎ᠤ ᠬᠠᠰᠢᠯᠭ᠎ᠠ ᠵᠢᠨ ᠬᠦᠩᠭᠡᠨ ᠴᠠᠭ᠋ᠠᠨ᠎ᠤ ᠰᠢᠷᠣᠢ ᠵᠢᠨ ᠠᠭᠤᠷᠬᠠᠢ᠂ ᠰᠢᠨᠵᠢᠶᠠᠩ᠎ᠤᠨ ᠲᠦᠷᠫᠠᠨ ᠬᠤᠲᠠ ᠵᠢᠨ ᠴᠢᠶᠠ ᠲᠸ ᠺᠠᠠ ᠡᠯ — ᠴᠢᠤᠸᠢ ᠯᠧ ᠲᠠ ᠭ᠋ᠸ ᠵᠡᠰ᠎ᠤᠨ ᠨᠢᠺᠧᠯ ᠬᠦᠳᠡᠷ᠂ ᠭᠠᠨᠰᠦ ᠮᠤᠵᠢ ᠵᠢᠨ ᠳ᠋ᠦᠨᠬᠤᠸᠠᠩ ᠬᠤᠲᠠ ᠵᠢᠨ ᠬᠤᠩ ᠯᠢᠦ ᠭᠧᠦ ᠵᠢᠨ ᠤᠮᠠᠷᠠᠲᠤ ᠵᠢᠨ ᠬᠤᠪᠣᠷ ᠰᠢᠷᠣᠢ ᠵᠢᠨ ᠠᠭᠤᠷᠬᠠᠢ ᠵᠡᠷᠭᠡ ᠭᠠᠵᠠᠷ᠎ᠲᠤ ᠴᠥᠮ ᠨᠢᠭᠡ ᠪᠦᠯᠦᠭ ᠡᠬᠢ ᠪᠠᠶᠠᠯᠢᠭ᠎ᠤᠨ ᠬᠡᠮᠵᠢᠶ᠎ᠡ ᠵᠢ ᠰᠢᠨ᠎ᠡ᠎ᠪᠠᠷ ᠨᠡᠮᠡᠭᠳᠡᠭᠦᠯᠦᠨ᠎ᠡ; ᠴᠢᠯᠠᠭᠤᠨ ᠲᠤᠰᠤ ᠪᠠᠶ᠋ᠢᠭ᠋ᠠᠯᠢ ᠵᠢᠨ ᠭᠠᠷᠤᠯᠲᠠ ᠵᠢᠨ ᠲᠠᠯ᠎ᠠ᠎ᠪᠠᠷ᠂ ᠮᠢᠩᠭ᠋ᠠᠨ ᠳ᠋ᠦᠩᠰᠢᠭᠤᠷ ᠪᠣᠰᠤᠭ᠎ᠠ ᠲᠦᠷᠪᠡᠯᠵᠢᠨ᠎ᠤ ᠳᠡᠰ᠎ᠤᠨ ᠬᠠᠳᠠᠭ᠋ᠠᠯᠠᠭᠳᠠᠴᠠ ᠵᠢᠨ ᠬᠡᠪᠴᠢᠶ᠎ᠡ ᠭᠦᠨ ᠳᠠᠪᠬᠤᠷᠭ᠎ᠠ ᠵᠢᠨ ᠬᠤᠶᠠᠷ ᠨᠡᠭᠦᠷᠡᠰᠦᠨ ᠳᠠᠪᠬᠤᠷᠭ᠎ᠠ ᠵᠢᠨ ᠬᠡᠢ ᠵᠢ ᠢᠯᠡᠷᠡᠭᠦᠯᠪᠡ᠃

   ᠡᠨᠡ ᠵᠢᠯ᠎ᠤᠨ ᠲᠦᠷᠦᠭᠦᠤ ᠭᠤᠷᠪᠠᠨ ᠤᠯᠠᠷᠢᠯ᠎ᠳᠤ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ ᠠᠭᠤᠷᠬᠠᠶ ᠵᠢᠨ ᠦᠢ᠍ᠯᠡᠰ᠎ᠤᠨ ᠪᠠᠯᠠ ᠣᠷᠣᠭᠤᠯᠤᠯᠲᠠ ᠵᠢ ᠵᠣᠷᠢᠭᠵᠢᠭᠤᠯᠬᠤ᠂ ᠠᠭᠤᠷᠬᠠᠶ ᠵᠢᠨ ᠦᠢ᠍ᠯᠡᠰ᠎ᠤᠨ ᠵᠠᠬ᠎ᠠ ᠳᠡᠯᠭᠡᠭᠦᠷ᠎ᠢ ᠴᠡᠴᠡᠭᠯᠡᠭᠦᠯᠬᠦ ᠲᠥᠷᠥ ᠵᠢᠨ ᠪᠣᠳᠣᠯᠭ᠎ᠠ ᠵᠢᠨ ᠬᠠᠩᠭ᠋ᠠᠯᠭ᠎ᠠ ᠵᠢ ᠬᠦᠴᠦᠯᠡᠨ ᠨᠡᠮᠡᠭᠳᠡᠭᠦᠯᠵᠦ᠂ ᠭᠠᠵᠠᠷ ᠰᠢᠨᠵᠢᠯᠡᠭᠡᠨ᠎ᠤ ᠬᠠᠶ᠋ᠢᠨ ᠰᠢᠨᠵᠢᠬᠦ ᠨᠢᠭᠡᠴᠢ ᠪᠠ ᠠᠭᠤᠷᠬᠠᠶ ᠵᠢᠨ ᠠᠵᠤ ᠠᠬᠤᠶ᠋ᠢᠯᠠᠯ᠎ᠤᠨ ᠠᠭᠤᠷᠬᠠᠶ ᠡᠷᠢᠬᠦ ᠢᠳᠡᠪᠬᠢᠵᠢᠯ᠎ᠢ ᠭᠦᠢ᠍ᠴᠡᠳ ᠳᠠᠶ᠋ᠢᠴᠢᠯᠠᠨ᠂ ᠠᠮᠢ ᠠᠬᠤᠶ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠎ᠤᠨ ᠳᠣᠲᠣᠷ᠎ᠠ ᠪᠣᠬᠢᠷᠲᠤᠯ ᠥᠬᠡᠶ᠎ᠪᠠᠷ ᠬᠠᠶ᠋ᠢᠨ ᠪᠠᠶ᠋ᠢᠴᠠᠭ᠋ᠠᠬᠤ ᠠᠵᠢᠯ᠎ᠢ ᠥᠷᠨᠢᠭᠦᠯᠬᠦ ᠪᠣᠳᠠᠲᠠᠶ ᠱᠠᠭ᠋ᠠᠷᠳᠠᠯᠭ᠎ᠠ ᠵᠢ ᠲᠣᠳᠣᠷᠬᠠᠶ ᠲᠣᠭᠲᠠᠭ᠋ᠠᠵᠤ᠂ ᠠᠮᠢ ᠠᠬᠤᠶ ᠵᠢᠨ ᠣᠷᠴᠢᠨ ᠲᠣᠭᠤᠷᠢᠨ᠎ᠢ ᠬᠠᠮᠠᠭ᠋ᠠᠯᠠᠬᠤ ᠪᠠ ᠠᠭᠤᠷᠬᠠᠶ ᠡᠷᠢᠵᠦ ᠰᠢᠪᠲᠤᠯᠬᠤ ᠵᠢ ᠨᠢᠭᠡᠳᠦᠯᠲᠡᠶ ᠲᠥᠯᠥᠪᠵᠢᠭᠦᠯᠬᠦ ᠣᠳᠣᠬᠢᠴᠢᠯᠠᠭᠰᠠᠨ ᠲᠣᠨᠤᠭ ᠲᠥᠬᠦᠭᠡᠷᠦᠮᠵᠢ ᠵᠢᠨ ᠰᠢᠰᠲ᠋ᠧᠮ᠎ᠢ ᠲᠦᠷᠭᠡᠳᠬᠡᠨ ᠪᠠᠶ᠋ᠢᠭᠤᠯᠵᠤ᠂ ᠠᠭᠤᠷᠬᠠᠶ ᠵᠢᠨ ᠦᠢ᠍ᠯᠡᠰ᠎ᠤᠨ ᠡᠷᠬᠡᠲᠦ ᠬᠥᠮᠦᠨ᠎ᠤ ᠬᠠᠶ᠋ᠢᠨ ᠪᠠᠶ᠋ᠢᠴᠠᠭ᠋ᠠᠵᠤ ᠨᠡᠭᠡᠭᠡᠨ ᠮᠠᠯᠲᠠᠬᠤ ᠮᠡᠳᠡᠭᠡ ᠵᠠᠩᠭᠢ ᠵᠢᠨ ᠬᠠᠮᠢᠶᠠᠷᠤᠯᠲᠠ ᠵᠢ ᠪᠠᠶ᠋ᠢᠩᠭᠤᠵᠢᠭᠤᠯᠬᠤ ᠠᠵᠢᠯ᠎ᠢ ᠯᠠᠪᠳᠠᠭᠤᠨ ᠪᠠᠲᠤᠲᠠᠶ ᠰᠠᠶ᠋ᠢᠲᠤᠷ ᠬᠢᠵᠦ᠂ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠢ ᠪᠥᠬᠦ ᠲᠠᠯ᠎ᠠ᠎ᠪᠠᠷ ᠠᠷᠪᠢᠯᠠᠬᠤ ᠪᠠ ᠥᠨᠳᠥᠷ ᠪᠦᠲᠦᠮᠵᠢᠲᠡᠶ᠎ᠪᠠᠷ ᠠᠰᠢᠭᠯᠠᠬᠤ ᠵᠢ ᠠᠬᠢᠭᠤᠯᠤᠨ᠂ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠢ ᠨᠡᠭᠡᠭᠡᠨ ᠠᠰᠢᠭᠯᠠᠬᠤ ᠪᠠᠶ᠋ᠢᠩᠭᠤ ᠵᠢᠨ ᠬᠢᠷᠢ ᠬᠡᠮᠵᠢᠶ᠎ᠡ ᠵᠢ ᠪᠠᠶ᠋ᠢᠴᠠᠭ᠋ᠠᠨ ᠦᠨᠡᠯᠡᠬᠦ ᠪᠠᠶ᠋ᠢᠩᠭᠤ ᠵᠢᠨ ᠲᠦᠷᠢᠮ᠎ᠢ ᠪᠠᠢ᠌ᠭᠤᠯᠪᠠ᠃

 

ᠢᠷᠡᠯᠲᠡ᠄ ᠠᠷᠠᠳ᠎ᠤᠨ ᠡᠳᠦᠷ᠎ᠤᠨ ᠰᠣᠨᠢᠨ