ᠰᠢᠨᠬᠤᠸᠠ ᠬᠣᠷᠢᠶ᠎ᠠ ᠵᠢᠨ ᠪᠠᠭᠡᠵᠢᠩ᠎ᠤᠨ 9 ᠳ᠋ᠦ᠍ᠭᠡᠷ ᠰᠠᠷ᠎ᠠ ᠵᠢᠨ 10᠎ᠤ ᠡᠳᠦᠷ᠎ᠤᠨ ᠴᠠᠭᠢᠯᠭ᠋ᠠᠨ ᠮᠡᠳᠡᠭᠡ (ᠰᠣᠷᠪᠤᠯᠵᠢᠯᠠᠬ᠍ᠴᠢ ᠡᠢ᠍ᠣᠢ ᠴᠢᠶᠣᠢ᠍ᠩ ᠶᠤᠸᠠᠨ) ᠪᠤᠢ᠍ᠭᠦ ᠤᠯᠤᠰ᠎ᠤᠨ ᠠᠷᠠᠣᠠ᠎ᠤᠨ ᠲᠦᠯᠦᠭᠡᠯᠡᠭᠴᠢᠳ᠎ᠤᠨ ᠶᠠᠭᠡ ᠬᠣᠷᠠᠯ᠎ᠤᠨ ᠪᠠᠢ᠌ᠩᠭᠤ ᠵᠢᠨ ᠬᠣᠷᠢᠶᠠᠨ᠎ᠤ ᠬᠠᠣᠯᠢ ᠬᠡᠷᠡᠭᠵᠢᠭᠦᠯᠦᠯᠲᠡ ᠵᠢ ᠪᠠᠢ᠍ᠢ᠍ᠴᠠᠭ᠋ᠠᠬᠤ ᠳᠣᠭᠣᠢ᠍ᠢ᠍ᠯᠠᠩᠤᠨ ᠲᠠᠷᠢᠶᠠᠯᠠᠩ᠎ᠤᠨ ᠬᠠᠣᠯᠢ ᠵᠢ ᠬᠡᠷᠡᠭᠵᠢᠭᠦᠯᠵᠦ ᠪᠠᠢ᠍ᠢ᠍ᠭ᠎ᠠ ᠪᠠᠢ᠍ᠢ᠍ᠲᠠᠯ᠎ᠢ ᠪᠠᠢ᠍ᠢ᠍ᠴᠠᠭ᠋ᠠᠬᠤ ᠳᠣᠬᠠᠢ ᠮᠠᠲᠠᠭᠦᠯᠣᠯᠲᠠ 10᠎ᠤ ᠡᠳᠦᠷ ᠪᠤᠢ᠍ᠭᠦ ᠤᠯᠤᠰ᠎ᠤᠨ ᠠᠷᠠᠣᠠ᠎ᠤᠨ ᠲᠦᠯᠦᠭᠡᠯᠡᠭᠴᠢᠳ᠎ᠤᠨ ᠶᠠᠭᠡ ᠬᠣᠷᠠᠯ᠎ᠤᠨ ᠪᠠᠢ᠌ᠩᠭᠤ ᠵᠢᠨ ᠬᠣᠷᠢᠶᠠᠨ᠎ᠤ ᠬᠣᠷᠠᠯ᠎ᠳᠤ ᠲᠠᠪᠰᠢᠭᠦᠯᠵᠤ ᠬᠢᠨᠠᠨ ᠵᠣᠢ᠍ᠪᠯᠠᠭᠦᠯᠪᠠ᠃ ᠮᠡᠳᠡᠭᠦᠯᠦᠯᠲᠡ᠎ᠳᠤ ᠢᠯᠡᠷᠡᠭᠦᠯᠦᠭᠰᠡᠨ ᠵᠶ᠋ᠠᠷ᠂ 2023 ᠣᠨ᠎ᠤ ᠡᠴᠦᠰ ᠪᠣᠯᠲᠠᠯ᠎ᠠ᠂ ᠪᠥᠬᠦ ᠤᠯᠤᠰ᠎ᠲᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠨᠡᠶ᠋ᠢᠲᠡ 10 ᠳ᠋ᠦᠩᠰᠢᠭᠤᠷ ᠮᠥ᠍ ᠵᠢ ᠳᠠᠪᠠᠪᠠ᠂ ᠡᠭᠦᠨ᠎ᠳᠤ ᠠᠮᠤ ᠪᠤᠳᠠᠭ᠋ᠠᠨ᠎ᠤ ᠭᠤᠤᠯ ᠭᠠᠷᠤᠯᠲᠠ ᠵᠢᠨ 13 ᠮᠤᠵᠢ (ᠣᠷᠣᠨ) ᠵᠢᠨ ᠪᠠᠶ᠋ᠢᠭᠤᠯᠤᠭᠰᠠᠨ ᠨᠡᠶ᠋ᠢᠲᠡ ᠲᠠᠯᠠᠪᠠᠶ᠎ᠨᠢ ᠪᠠᠷᠤᠭ ᠪᠥᠬᠦ ᠤᠯᠤᠰ᠎ᠤᠨ ᠲᠤᠯᠤᠭ᠋ᠠᠨ ᠬᠤᠪᠢ ᠵᠢ ᠡᠵᠡᠯᠡᠵᠦ ᠪᠣᠶ᠃
ᠮᠡᠳᠡᠭᠦᠯᠦᠯᠳᠡ ᠵᠢᠨ ᠲᠠᠨᠢᠯᠴᠠᠭᠤᠯᠤᠭᠰᠠᠨ ᠵᠶ᠋ᠠᠷ᠂ ᠲᠣᠮᠣ ᠳᠤᠮᠳᠠ ᠬᠡᠯᠪᠡᠷᠢ ᠵᠢᠨ ᠤᠰᠤᠯᠠᠯᠲᠠ ᠵᠢᠨ ᠣᠷᠣᠨ᠎ᠤ ᠪᠦᠲᠦᠭᠡᠨ ᠪᠠᠶ᠋ᠢᠭᠤᠯᠤᠯᠲᠠ ᠪᠠ ᠥᠭᠡᠷᠡᠴᠢᠯᠡᠯᠲᠡ ᠵᠢ ᠦᠷᠭᠦᠯᠵᠢᠯᠡᠨ ᠠᠬᠢᠭᠤᠯᠵᠤ᠂ ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠵᠢ ᠬᠢᠵᠠᠭ᠋ᠠᠷᠯᠠᠬᠤ ᠪᠠ ᠨᠣᠷᠮ᠎ᠠ ᠲᠣᠭᠲᠠᠭ᠋ᠠᠨ ᠬᠠᠮᠢᠶᠠᠷᠬᠤ ᠵᠢ ᠴᠢᠩᠳᠠᠯᠠᠵᠤ᠂ ᠠᠮᠤ ᠪᠤᠳᠠᠭ᠋ᠠᠨ᠎ᠤ ᠠᠮᠤᠷ ᠲᠦᠪᠰᠢᠨ᠎ᠤ ᠤᠰᠤᠨ ᠠᠰᠢᠭᠯᠠᠯᠲᠠ ᠵᠢᠨ ᠰᠠᠭᠤᠷᠢ ᠵᠢ ᠲᠠᠰᠤᠷᠠᠯᠲᠠ ᠦᠭᠡᠢ ᠪᠠᠬᠢᠵᠢᠭᠦᠯᠦᠨ᠎ᠡ᠃ ᠪᠦᠬᠦ ᠤᠯᠤᠰ᠎ᠤᠨ ᠲᠠᠷᠢᠶᠠᠨ ᠭᠠᠵᠠᠷ᠎ᠤᠨ ᠤᠰᠤᠯᠠᠯᠲᠠ ᠵᠢᠨ ᠲᠠᠯᠠᠪᠠᠢ 10 ᠵᠢᠯ᠎ᠤᠨ ᠡᠮᠦᠨᠡᠬᠢ᠎ᠲᠠᠢ ᠬᠠᠷᠢᠴᠠᠭᠤᠯᠪᠠᠯ 1.23 ᠳ᠋ᠦᠩᠰᠢᠭᠤᠷ ᠮᠦ᠍ ᠨᠡᠮᠡᠭᠳᠡᠵᠦ᠂ ᠶᠡᠷᠦᠩᠬᠡᠢ ᠤᠰᠤᠯᠠᠯᠲᠠ ᠵᠢᠨ ᠲᠠᠯᠠᠪᠠᠢ 10.75 ᠳ᠋ᠦᠩᠰᠢᠭᠤᠷ ᠮᠦ᠍᠎ᠳᠤ ᠬᠦᠷᠴᠦ᠂ ᠤᠰᠤᠯᠠᠯᠲᠠ ᠵᠢᠨ ᠲᠠᠷᠢᠶᠠᠨ ᠭᠠᠵᠠᠷ᠎ᠨᠢ ᠮᠠᠨ᠎ᠤ ᠤᠯᠤᠰ᠎ᠤᠨ 77% ᠠᠮᠤ ᠪᠤᠳᠠᠭ᠎ᠠ ᠪᠣᠯᠣᠨ 90%᠎ᠠᠴᠠ ᠳᠡᠭᠡᠭᠰᠢᠬᠢ ᠠᠵᠤ ᠠᠬᠤᠢ ᠵᠢᠨ ᠲᠠᠷᠢᠮᠠᠯ᠎ᠢ ᠦᠢ᠍ᠯᠡᠳᠪᠦᠷᠢᠯᠡᠵᠦ᠂ ᠲᠠᠷᠢᠶᠠᠨ ᠭᠠᠵᠠᠷ᠎ᠤᠨ ᠤᠰᠤᠯᠠᠯᠲᠠ ᠵᠢᠨ ᠤᠰᠤᠨ᠎ᠤ ᠪᠦᠲᠦᠮᠵᠢᠲᠡᠢ ᠠᠰᠢᠭᠯᠠᠯᠲᠠ ᠵᠢᠨ ᠢᠯᠡᠳᠬᠡᠮᠵᠢ ᠲᠤᠭ᠎ᠠ᠎ᠨᠢ 2014 ᠣᠨ᠎ᠳᠤ 0.530 ᠪᠠᠶ᠋ᠢᠭᠰᠠᠨ᠎ᠠᠴᠠ ᠳᠡᠭᠡᠭᠰᠢᠯᠡᠭᠡᠳ 2023 ᠣᠨ᠎ᠳᠤ 0.576᠎ᠳᠤ ᠬᠦᠷᠴᠦ᠂ ᠪᠦᠬᠦ ᠤᠯᠤᠰ᠎ᠤᠨ ᠲᠠᠷᠢᠶᠠᠨ ᠭᠠᠵᠠᠷ᠎ᠤᠨ ᠪᠣᠳᠠᠲᠠᠢ ᠤᠰᠤᠯᠠᠯᠲᠠ ᠵᠢᠨ ᠮᠦ᠍ ᠪᠦᠷᠢ ᠵᠢᠨ ᠳᠤᠮᠳᠠᠴᠢ ᠤᠰᠤ ᠬᠡᠷᠡᠭᠯᠡᠬᠦ ᠬᠡᠮᠵᠢᠶ᠎ᠡ 402 ᠪᠣᠰᠤᠭ᠎ᠠ ᠳᠥᠷᠪᠡᠯᠵᠢᠨ ᠮᠸᠲᠷ ᠪᠠᠶ᠋ᠢᠭᠰᠠᠨ᠎ᠠᠴᠠ᠎ᠪᠠᠨ ᠪᠠᠭᠤᠷᠠᠭ᠋ᠠᠳ 347 ᠪᠣᠰᠤᠭ᠎ᠠ ᠳᠥᠷᠪᠡᠯᠵᠢᠨ ᠮᠸᠲᠷ ᠪᠣᠯᠵᠤ᠂ ᠭᠠᠭᠴᠠ ᠲᠠᠯ᠎ᠠ᠎ᠠᠴᠠ ᠤᠰᠤ ᠤᠰᠤᠯᠠᠬᠤ ᠠᠮᠤ ᠪᠤᠳᠠᠭ᠋ᠠᠨ᠎ᠤ ᠦᠢ᠍ᠯᠡᠳᠪᠦᠷᠢᠯᠡᠯ᠎ᠤᠨ ᠬᠦᠴᠦᠨ 1.58 ᠺᠢᠯᠦᠭᠷᠡᠮ᠎ᠠᠴᠠ ᠨᠡᠮᠡᠭᠳᠡᠭᠡᠳ 1.80 ᠺᠢᠯᠦᠭᠷᠡᠮ᠎ᠠᠴᠠ ᠳᠡᠭᠡᠭᠰᠢ ᠪᠣᠯᠵᠠᠢ᠃
ᠮᠡᠳᠡᠭᠦᠯᠦᠯᠲᠡ᠎ᠳᠤ᠂ ᠣᠳᠣᠬᠠᠨ᠎ᠳᠤ ᠲᠥᠪ᠎ᠤᠨ ᠡᠳ᠋᠎ᠤᠨ ᠵᠠᠰᠠᠭ᠎ᠤᠨ ᠮᠦ᠍ ᠪᠥᠷᠢ ᠵᠢᠨ ᠨᠥᠬᠥᠪᠥᠷᠢ ᠵᠢᠨ ᠪᠠᠷᠢᠮᠵᠢᠶ᠎ᠠ ᠵᠢ 2000 ᠲᠥᠭᠥᠷᠢᠭ᠎ᠠᠴᠠ ᠳᠡᠭᠡᠭᠰᠢ ᠬᠦᠷᠲᠡᠯ᠎ᠡ ᠳᠡᠭᠡᠭᠰᠢᠯᠡᠭᠦᠯᠵᠡᠶ᠃