ᠠᠮᠤ ᠪᠤᠳᠠᠭ᠎ᠠ ᠵᠢ ᠠᠷᠪᠢᠯᠠᠵᠤ᠂ ᠲᠤᠮᠳᠠᠳᠤ ᠤᠯᠤᠰ᠎ᠤᠨ ᠬᠤᠭᠤᠯᠠ ᠬᠦᠨᠡᠰᠦ ᠵᠢ ᠲᠤᠭᠳᠠᠪᠤᠷᠢᠳᠠᠢ ᠪᠣᠯᠭ᠋ᠠᠶ᠎ᠠ
2024-12-31

   ᠣᠷᠳᠣ ᠬᠤᠭᠤᠴᠠᠭ᠋ᠠᠨ᠎ᠤ ᠪᠦᠲᠦᠮᠵᠢᠲᠡᠶ ᠲᠣᠭᠲᠠᠴᠠ ᠵᠢ ᠪᠦᠷᠢᠨᠰᠢᠬᠦᠯᠵᠦ᠂ ᠪᠥᠬᠦ ᠠᠵᠤ ᠦᠢ᠍ᠯᠡᠰ᠎ᠤᠨ ᠬᠡᠯᠬᠢᠶ᠎ᠡ ᠵᠢᠨ ᠡᠯ᠎ᠡ ᠭᠤᠭᠴᠤᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠦᠨ᠎ᠡ –

   ᠠᠮᠤ ᠪᠤᠳᠠᠭ᠎ᠠ ᠵᠢ ᠠᠷᠪᠢᠯᠠᠵᠤ᠂ ᠲᠤᠮᠳᠠᠳᠤ ᠤᠯᠤᠰ᠎ᠤᠨ ᠬᠤᠭᠤᠯᠠ ᠬᠦᠨᠡᠰᠦ ᠵᠢ ᠲᠤᠭᠳᠠᠪᠤᠷᠢᠳᠠᠢ ᠪᠣᠯᠭ᠋ᠠᠶ᠎ᠠ

   ᠶᠡᠷᠦᠩᠬᠡᠶ ᠱᠦᠵᠢ ᠰᠢ ᠵᠢᠨ ᠫᠢᠩ ᠵᠢᠭ᠋ᠠᠵᠤ ᠭᠠᠷᠭ᠋ᠠᠬᠤ᠎ᠳᠤ᠎ᠪᠠᠨ᠄ 《ᠠᠷᠪᠢᠯᠠᠨ ᠭᠠᠮᠨᠠᠵᠤ ᠬᠤᠬᠢᠷᠠᠯ᠎ᠢ ᠪᠠᠭ᠋ᠠᠰᠬᠠᠬᠤ ᠪᠣᠯ ᠳᠠᠷᠤᠶ ᠭᠠᠷᠤᠯᠲᠠ᠎ᠪᠠᠨ ᠨᠡᠮᠡᠭᠳᠡᠭᠦᠯᠬᠦ ᠣᠶ᠋ᠢᠯᠠᠭ᠋ᠠᠭᠳᠠᠬᠤᠨ᠎ᠢ ᠪᠣᠶ ᠪᠣᠯᠭ᠋ᠠᠵᠤ᠂ ᠪᠥᠬᠦ ᠬᠡᠯᠬᠢᠶ᠎ᠡ᠎ᠪᠠᠷ ᠠᠷᠪᠢᠯᠠᠨ ᠭᠠᠮᠨᠠᠵᠤ ᠬᠤᠬᠢᠷᠠᠯ᠎ᠢ ᠪᠠᠭ᠋ᠠᠰᠬᠠᠬᠤ ᠵᠢ ᠠᠬᠢᠭᠤᠯᠵᠤ᠂ ᠪᠠᠶ᠋ᠢᠩᠭᠤᠵᠢᠭᠰᠠᠨ᠂ ᠣᠷᠳᠣ ᠬᠤᠭᠤᠴᠠᠭ᠋ᠠᠨ᠎ᠤ ᠪᠦᠲᠦᠮᠵᠢᠲᠡᠶ ᠠᠵᠢᠯ᠎ᠤᠨ ᠲᠣᠭᠲᠠᠴᠠ ᠵᠢ ᠪᠦᠷᠢᠨᠰᠢᠬᠦᠯᠵᠦ᠂ ᠭᠤᠭᠴᠤᠭ᠎ᠠ ᠨᠢᠭᠡᠪᠦᠷᠢ᠎ᠳᠤ ᠴᠥᠮ ᠪᠣᠳᠠᠲᠠᠶ ᠭᠠᠷᠳᠠᠴᠠ ᠪᠠᠶ᠋ᠢᠵᠤ᠂ ᠬᠦᠨᠳᠦ ᠨᠣᠴᠢᠲᠠᠢ ᠪᠦᠷᠢᠯᠭᠡᠨ ᠰᠦᠢ᠍ᠳᠬᠡᠬᠦ ᠵᠠᠩᠭᠢᠯᠠᠭ᠎ᠠ ᠵᠢ ᠬᠡᠳᠦᠢ ᠴᠢᠩᠭ᠎ᠠ ᠠᠳᠬᠤᠬᠤ ᠬᠡᠷᠡᠭᠲᠡᠢ》 ᠭᠡᠵᠡᠶ᠃

   ᠠᠮᠤ ᠪᠤᠳᠠᠭ᠎ᠠ ᠵᠢ ᠠᠷᠪᠢᠯᠠᠨ ᠭᠠᠮᠨᠠᠵᠤ ᠬᠣᠬᠢᠷᠠᠯ᠎ᠢ ᠪᠠᠭ᠋ᠠᠰᠬᠠᠬᠤ ᠡᠨᠡ ᠬᠦ᠌ 《ᠢᠯᠡ ᠪᠤᠰᠤ ᠰᠠᠢ᠌ᠨ ᠲᠠᠷᠢᠶ᠎ᠠ》 ᠵᠢ ᠰᠠᠢ᠌ᠲᠤᠷ ᠲᠠᠷᠢᠬᠤ᠎ᠨᠢ ᠳᠤᠮᠳᠠᠳᠤ ᠤᠯᠤᠰ᠎ᠤᠨ ᠪᠤᠳᠠᠭ᠋ᠠᠨ ᠠᠶᠠᠭ᠎ᠠ᠎ᠲᠠᠢ ᠬᠣᠯᠪᠣᠭᠳᠠᠨ᠎ᠠ᠃ ᠨᠠᠮ᠎ᠤᠨ ᠠᠷᠪᠠᠨ ᠨᠠᠢ᠍ᠮᠠᠳᠤᠭ᠋ᠠᠷ ᠶᠡᠭᠡ ᠬᠤᠷᠠᠯ᠎ᠠᠴᠠ ᠨᠠᠭ᠋ᠠᠰᠢ᠂ ᠨᠠᠮ᠎ᠤᠨ ᠲᠥᠪ ᠬᠤᠷᠢᠶ᠎ᠠ ᠠᠮᠤ ᠪᠤᠳᠠᠭ᠎ᠠ ᠵᠢ ᠠᠷᠪᠢᠯᠠᠵᠤ ᠬᠤᠬᠢᠷᠠᠯ᠎ᠢ ᠪᠠᠭ᠋ᠠᠰᠬᠠᠬᠤ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ᠎ᠬᠢᠨ ᠰᠠᠶ᠋ᠢᠲᠤᠷ ᠠᠷᠪᠢᠯᠠᠨ ᠭᠠᠮᠨᠠᠬᠤ ᠠᠵᠢᠯ᠎ᠤᠨ ᠡᠷᠴᠢᠮ ᠵᠶ᠋ᠠᠨ ᠴᠢᠩᠭ᠋ᠠᠷᠠᠭᠤᠯᠵᠤ᠂ ᠠᠮᠤ ᠪᠤᠳᠠᠭ᠎ᠠ ᠵᠢ ᠠᠷᠪᠢᠯᠠᠵᠤ ᠬᠤᠬᠢᠷᠠᠯ᠎ᠢ ᠪᠠᠭ᠋ᠠᠰᠬᠠᠬᠤ ᠲᠠᠯ᠎ᠠ᠎ᠪᠠᠷ ᠢᠳᠡᠪᠬᠢᠲᠡᠢ ᠦᠷ᠎ᠡ ᠪᠦᠲᠦᠮᠵᠢ ᠤᠯᠪᠠ᠃

   ᠡᠨᠡ ᠵᠢᠯ᠎ᠤᠨ 11 ᠳ᠋ᠦ᠍ᠭᠡᠷ ᠰᠠᠷ᠎ᠠ᠎ᠳᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶᠠᠨ᠎ᠤ ᠠᠯᠪᠠᠨ ᠲᠢᠩᠬᠢᠮ᠂ ᠲᠥᠷᠥ ᠵᠢᠨ ᠶᠠᠪᠤᠳᠠᠯ᠎ᠤᠨ ᠬᠤᠷᠢᠶᠠᠨ᠎ᠤ ᠠᠯᠪᠠᠨ ᠲᠢᠩᠬᠢᠮ᠎ᠤᠨ ᠳᠠᠷᠤᠮᠠᠯᠯᠠᠨ ᠲᠠᠷᠬᠠᠭ᠋ᠠᠭᠰᠠᠨ 《ᠠᠮᠤ ᠪᠤᠳᠠᠭ᠎ᠠ ᠵᠢ ᠠᠷᠪᠢᠯᠠᠬᠤ ᠪᠠ ᠢᠳᠡᠭᠡᠨ᠎ᠤ ᠪᠦᠷᠢᠯᠭᠡᠬᠦ ᠵᠢ ᠡᠰᠡᠷᠭᠦᠴᠡᠬᠦ ᠠᠵᠢᠯᠯᠠᠭ᠎ᠠ ᠵᠢᠨ ᠲᠥᠰᠥᠯ》 (ᠳᠣᠷᠣᠭᠰᠢ 《ᠲᠥᠰᠥᠯ》 ᠭᠡᠵᠦ ᠲᠣᠪᠴᠢᠯᠠᠨ᠎ᠠ)᠎ᠢ ᠨᠡᠶ᠋ᠢᠲᠡᠯᠡᠵᠦ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ᠎ᠬᠢᠨ᠎ᠢ ᠪᠣᠳᠠᠲᠠᠢ᠎ᠲᠠᠢ᠎ᠪᠠᠨ ᠤᠶᠠᠯᠳᠤᠭᠤᠯᠤᠨ ᠬᠢᠨᠠᠮᠠᠭ᠋ᠠᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠬᠡᠷᠡᠭᠲᠡᠢ ᠭᠡᠵᠦ ᠱᠠᠭ᠋ᠠᠷᠳᠠᠪᠠ᠃ ᠦᠢ᠍ᠯᠡᠳᠪᠦᠷᠢᠯᠡᠬᠦ᠂ ᠬᠠᠳᠠᠭ᠋ᠠᠯᠠᠬᠤ᠂ ᠲᠡᠭᠡᠭᠡᠪᠦᠷᠢᠯᠡᠬᠦ᠂ ᠡᠳ᠋ᠰᠢᠭᠦᠯᠬᠦ᠎ᠳᠤ᠂ ᠪᠦᠬᠦ ᠬᠡᠯᠬᠢᠶᠡᠰᠦ ᠵᠢᠨ ᠠᠮᠤ ᠪᠤᠳᠠᠭ᠎ᠠ ᠵᠢ ᠠᠷᠪᠢᠯᠠᠵᠤ ᠬᠤᠬᠢᠷᠠᠯ᠎ᠢ ᠪᠠᠭ᠋ᠠᠰᠬᠠᠬᠤ ᠲᠠᠯ᠎ᠠ᠎ᠪᠠᠷ ᠬᠠᠮᠲᠤ ᠵᠢᠨ ᠲᠠᠨᠢᠯᠲᠠ᠎ᠲᠠᠢ ᠪᠣᠯᠵᠤ᠂ ᠨᠢᠭᠡ ᠵᠦᠢ᠍ᠯ᠎ᠤᠨ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠡᠷᠡᠰ ᠪᠠᠲᠤ ᠠᠵᠢᠯᠯᠠᠭ᠎ᠠ ᠪᠣᠯᠭ᠋ᠠᠨ ᠬᠤᠪᠢᠷᠠᠭᠤᠯᠪᠠ᠃

  《ᠢᠯᠡ ᠪᠤᠰᠤ ᠰᠠᠶ᠋ᠢᠨ ᠲᠠᠷᠢᠶ᠎ᠠ》 ᠵᠢ ᠲᠠᠷᠢᠵᠦ᠂ ᠪᠦᠬᠦ ᠬᠡᠯᠬᠢᠶ᠎ᠡ᠎ᠪᠠᠷ ᠠᠮᠤ ᠪᠤᠳᠠᠭ᠋ᠠᠨ᠎ᠤ ᠬᠤᠬᠢᠷᠠᠯ᠎ᠢ ᠪᠠᠭ᠋ᠠᠰᠬᠠᠨ᠎ᠠ

   ᠭᠠᠷᠤᠯᠲᠠ᠎ᠪᠠᠨ ᠨᠡᠮᠡᠭᠳᠡᠭᠦᠯᠬᠦ᠎ᠳᠤ ᠡᠷᠬᠡᠪᠰᠢ ᠭᠠᠮᠨᠠᠨ ᠠᠷᠪᠢᠯᠠᠬᠤ᠂ ᠠᠷᠪᠢᠯᠠᠨ ᠭᠠᠮᠨᠠᠬᠤ ᠪᠣᠯ ᠳᠠᠷᠤᠢ ᠭᠠᠷᠤᠯᠲᠠ᠎ᠪᠠᠨ ᠨᠡᠮᠡᠭᠳᠡᠭᠦᠯᠬᠦ ᠶᠠᠪᠤᠳᠠᠯ ᠮᠥᠨ᠃ 《ᠲᠥᠰᠦᠯ》᠎ᠳᠤ ᠳᠤᠷᠠᠳᠤᠭᠰᠠᠨ᠎ᠨᠢ᠂ 2027 ᠣᠨ᠎ᠤ ᠡᠴᠦᠰ ᠪᠣᠯᠬᠤ᠎ᠳᠤ᠂ ᠠᠮᠤ ᠪᠤᠳᠠᠭ᠎ᠠ ᠦᠢ᠍ᠯᠡᠳᠪᠦᠷᠢᠯᠡᠬᠦ᠂ ᠬᠠᠳᠠᠭ᠋ᠠᠯᠠᠬᠤ᠂ ᠲᠡᠭᠡᠭᠡᠪᠦᠷᠢᠯᠡᠬᠦ᠂ ᠡᠳ᠋ᠰᠢᠭᠦᠯᠬᠦ ᠵᠢᠨ ᠬᠤᠬᠢᠷᠠᠯ᠎ᠤᠨ ᠨᠣᠷᠮ᠎ᠠ ᠵᠢ ᠣᠯᠠᠨ ᠤᠯᠤᠰ᠎ᠤᠨ ᠳᠤᠮᠳᠠᠴᠢ ᠬᠢᠷᠢ ᠲᠦᠪᠰᠢᠨ᠎ᠠᠴᠠ ᠳᠣᠷᠣᠭᠰᠢ ᠬᠢᠵᠠᠭ᠋ᠠᠷᠯᠠᠨ᠎ᠠ᠃ ᠮᠠᠨ᠎ᠤ ᠤᠯᠤᠰ ᠪᠣᠯ ᠳᠡᠯᠡᠬᠡᠶ ᠳᠡᠭᠡᠷᠡᠬᠢ ᠬᠠᠮᠤᠭ᠎ᠤᠨ ᠲᠣᠮᠣ ᠠᠮᠤ ᠪᠤᠳᠠᠭ᠋ᠠᠨ᠎ᠤ ᠦᠢ᠍ᠯᠡᠳᠪᠦᠷᠢᠯᠡᠬᠦ ᠤᠯᠤᠰ ᠪᠠ ᠬᠡᠷᠡᠭᠯᠡᠭᠡ ᠵᠢᠨ ᠤᠯᠤᠰ ᠮᠥᠨ᠂ ᠠᠮᠤ ᠪᠤᠳᠠᠭ᠎ᠠ ᠵᠢ ᠠᠷᠪᠢᠯᠠᠵᠤ ᠬᠤᠬᠢᠷᠠᠯ᠎ᠢ ᠪᠠᠭ᠋ᠠᠰᠬᠠᠬᠤ ᠪᠥᠬᠦ ᠬᠡᠯᠬᠢᠶ᠎ᠡ ᠡᠭᠦᠷᠭᠡ ᠬᠦᠨᠳᠦ ᠵᠠᠮ ᠬᠤᠯᠠ ᠪᠠᠶ᠋ᠢᠨ᠎ᠠ᠃

   ᠪᠤᠭᠤᠳᠠᠢ ᠵᠢᠨ ᠴᠢᠬᠢ ᠬᠥᠷᠥᠰᠥ ᠵᠢ ᠬᠠᠭ᠋ᠠᠯᠵᠤ ᠲᠠᠷᠢᠶ᠎ᠠ ᠵᠢ ᠨᠤᠭᠤᠭ᠋ᠠᠷᠠᠭᠤᠯᠤᠨ᠎ᠠ᠃ ᠶᠠᠭ᠋ᠠᠷᠠᠯᠲᠠᠶ ᠡᠪᠦᠯ᠎ᠤᠨ ᠲᠠᠷᠢᠶᠠᠯᠠᠭ᠎ᠠ᠎ᠳᠤ᠂ ᠱᠠᠨᠳᠦ᠋ᠩ᠎ᠤᠨ ᠫᠢᠩ ᠳ᠋ᠦ᠋ ᠬᠤᠲᠠ ᠵᠢᠨ ᠮᠢᠩ ᠼᠦᠨ ᠲᠣᠰᠬᠤᠨ᠎ᠤ ᠠᠮᠤ ᠪᠤᠳᠠᠭ᠎ᠠ ᠳᠠᠷᠢᠬᠤ ᠲᠣᠮᠣ ᠡᠷᠦᠬᠡ ᠮᠦ᠍ ᠯᠦ᠍ ᠯᠦ᠍ ᠪᠠᠶ᠋ᠢᠨ ᠪᠠᠶ᠋ᠢᠨ ᠴᠢᠬᠢ ᠵᠢᠨ ᠪᠠᠶ᠋ᠢᠳᠠᠯ᠎ᠢ ᠪᠠᠶ᠋ᠢᠴᠠᠭ᠋ᠠᠨ  ᠦᠵᠡᠵᠦ᠂ 《ᠮᠣᠷᠢᠨ ᠬᠦᠴᠦᠨ᠎ᠤ ᠲᠣᠮᠣ ᠲᠷᠠᠺᠲ᠋ᠣᠷ᠎ᠲᠤ ᠨᠠᠷᠢᠯᠢᠭ ᠬᠡᠮᠵᠢᠶᠡᠨ᠎ᠤ ᠦᠷ᠎ᠡ ᠰᠠᠴᠤᠬᠤ ᠮᠠᠰᠢᠨ ᠡᠯᠭᠦᠭᠡᠳ᠂ ᠳᠣᠬᠢᠭᠤᠷ ᠳᠣᠯᠣᠭ᠋ᠠᠨ ᠤᠳᠤ ᠰᠢᠰᠲ᠋ᠧᠮ᠎ᠤᠨ᠎ᠬᠢᠨ 〈ᠵᠠᠮ ᠵᠢᠭ᠋ᠠᠵᠤ〉᠂ ᠳᠠᠷᠢᠬᠤ ᠲᠣᠭ᠎ᠠ ᠬᠡᠮᠵᠢᠶ᠎ᠡ᠂ ᠭᠦᠨᠴᠡ᠂ ᠶᠠᠪᠤᠬᠤ ᠵᠠᠢ ᠵᠢ ᠨᠠᠷᠢᠯᠢᠭ ᠣᠨᠣᠴᠠᠲᠠᠢ᠎ᠪᠠᠷ ᠡᠵᠡᠮᠳᠡᠵᠦ᠂ ᠪᠤᠭᠤᠳᠠᠢ ᠵᠢᠨ ᠦᠷ᠎ᠡ ᠵᠢ 20%᠎ᠪᠠᠷ ᠠᠷᠪᠢᠯᠠᠵᠤ ᠴᠢᠳᠠᠨ᠎ᠠ》 ᠭᠡᠪᠡ᠃

   ᠲᠠᠷᠢᠶᠠᠯᠠᠩ᠎ᠤᠨ ᠮᠠᠰᠢᠨ᠎ᠤ ᠪᠤᠤᠬᠢᠶ᠎ᠠ ᠳᠠᠮᠵᠢᠭᠤᠯᠭ᠎ᠠ᠂ ᠲᠠᠷᠢᠶᠠᠯᠠᠭ᠎ᠠ ᠵᠢᠨ ᠪᠦᠬᠦ ᠶᠠᠪᠤᠴᠠ᠎ᠳᠤ ᠠᠮᠤ ᠪᠤᠳᠠᠭ᠎ᠠ ᠵᠢ ᠠᠷᠪᠢᠯᠠᠨ᠎ᠠ᠃ 《ᠬᠠᠳᠤᠵᠤ ᠬᠤᠷᠢᠶᠠᠬᠤ ᠲᠣᠮᠣ ᠬᠡᠯᠪᠡᠷᠢ ᠵᠢᠨ ᠬᠠᠮ ᠮᠠᠰᠢᠨ ᠵᠶ᠋ᠠᠷ ᠬᠤᠷᠢᠶᠠᠵᠤ᠂ ᠠᠮᠤ ᠪᠤᠳᠠᠭ᠎ᠠ ᠭᠦᠶᠦᠬᠦ᠂ ᠦᠷ᠎ᠡ ᠭᠣᠭᠣᠵᠢᠬᠤ᠎ᠨᠢ ᠴᠥᠭᠡᠨ ᠪᠠᠶ᠋ᠢᠳᠠᠭ; ᠲᠠᠲᠠᠭ᠋ᠠᠯ ᠵᠶ᠋ᠠᠷ ᠲᠠᠷᠢᠵᠤ ᠪᠠᠶ᠋ᠢᠭ᠋ᠠᠳ ᠤᠰᠤ ᠪᠤᠷᠳᠤᠭᠤᠷ᠎ᠢ ᠨᠢᠭᠡ ᠴᠣᠭᠴᠠᠵᠢᠭᠤᠯᠵᠤ᠂ ᠳᠠᠯᠠᠩ᠎ᠢ ᠪᠠᠭ᠋ᠠᠰᠬᠠᠨ ᠭᠠᠵᠠᠷ ᠨᠡᠮᠡᠭᠳᠡᠭᠦᠯᠵᠦ᠂ ᠪᠤᠷᠳᠤᠭᠤᠷ᠎ᠢ ᠠᠷᠪᠢᠯᠠᠵᠤ ᠤᠰᠤ ᠠᠷᠪᠢᠯᠠᠨ᠎ᠠ》᠃ ᠮᠦ᠍ ᠯᠦ᠍ ᠯᠦ᠍ ᠨᠢᠭᠡ ᠨᠢᠭᠡ᠎ᠪᠠᠷ ᠨᠠᠷᠢᠨ ᠲᠤᠭ᠎ᠠ ᠭᠠᠷᠭ᠋ᠠᠵᠤ᠂ 《ᠡᠨᠡ ᠵᠢᠯ᠎ᠤᠨ ᠵᠤᠨ᠎ᠤ ᠬᠤᠷᠢᠶᠠᠯᠲᠠ᠎ᠳᠤ ᠨᠠᠮᠤᠷ᠎ᠤᠨ ᠬᠤᠷᠢᠶᠠᠯᠲᠠ ᠨᠡᠮᠡᠵᠦ᠂ ᠮᠦ᠍ ᠪᠦᠷᠢ᠎ᠠᠴᠠ ᠨᠢᠭᠡ ᠲᠣᠨ ᠬᠠᠭ᠋ᠠᠰ ᠠᠮᠤ ᠪᠤᠳᠠᠭ᠎ᠠ ᠬᠤᠷᠢᠶᠠᠵᠤ᠂ ᠥᠪᠡᠷ᠎ᠤᠨ ᠦᠷᠳᠡᠭ᠎ᠢ 15%᠎ᠪᠠᠷ ᠠᠷᠪᠢᠯᠠᠪᠠ》 ᠭᠡᠵᠦ ᠬᠡᠯᠡᠪᠡ᠃

   ᠲᠠᠷᠢᠶᠠᠨ ᠭᠠᠵᠠᠷ ᠪᠣᠯ ᠠᠮᠤ ᠪᠤᠳᠠᠭ᠎ᠠ ᠵᠢ ᠠᠷᠪᠢᠯᠠᠨ ᠬᠣᠬᠢᠷᠠᠭᠤᠯᠬᠤ ᠵᠢ ᠪᠠᠭ᠋ᠠᠰᠬᠠᠬᠤ ᠨᠢᠭᠡᠳᠦᠭᠡᠷ ᠪᠣᠭᠣᠮᠲᠠ ᠪᠣᠯᠤᠨ᠎ᠠ᠃ 《ᠪᠢᠳᠡ ᠪᠥᠬᠦ ᠶᠠᠪᠤᠴᠠ ᠵᠢ ᠮᠧᠬᠠᠨᠢᠭᠵᠢᠭᠤᠯᠤᠨ ᠠᠵᠢᠯᠯᠠᠭᠤᠯᠬᠤ ᠵᠢ ᠳᠡᠯᠭᠡᠷᠡᠭᠦᠯᠵᠦ᠂ ᠲᠠᠷᠢᠶᠠᠯᠠᠩ᠎ᠤᠨ ᠮᠠᠰᠢᠨ᠎ᠤ ᠠᠵᠢᠯᠯᠠᠬᠤ ᠤᠷ᠎ᠠ ᠴᠢᠳᠠᠪᠤᠷᠢ ᠵᠢᠨ ᠪᠣᠯᠪᠠᠰᠤᠷᠠᠯ᠎ᠢ ᠵᠣᠬᠢᠶᠠᠨ  ᠪᠠᠶ᠋ᠢᠭᠤᠯᠵᠤ᠂ ᠬᠤᠬᠢᠷᠠᠯ᠎ᠢ ᠪᠥᠬᠦ ᠬᠦᠴᠦᠨ ᠵᠶ᠋ᠠᠷ ᠵᠶ᠋ᠠᠨ ᠪᠠᠭ᠋ᠠᠰᠬᠠᠪᠠ》᠃ ᠫᠢᠩ ᠳ᠋ᠦ᠋ ᠬᠤᠲᠠ ᠵᠢᠨ ᠲᠠᠷᠢᠶᠠᠯᠠᠩ ᠬᠥᠳᠡᠭᠡ ᠲᠣᠰᠬᠤᠨ᠎ᠤ ᠲᠣᠪᠴᠢᠶ᠎ᠠ ᠵᠢᠨ ᠲᠠᠷᠢᠶᠠᠯᠠᠩ᠎ᠤᠨ ᠮᠠᠰᠢᠨ ᠲᠣᠨᠣᠭᠯᠠᠯ᠎ᠤᠨ ᠰᠠᠯᠠᠭ᠋ᠠᠨ᠎ᠤ ᠬᠠᠷᠢᠭᠤᠴᠠᠯᠭ᠋ᠠᠲᠠᠨ ᠯᠢ ᠵᠠᠨ ᠯᠢᠶᠠᠩ ᠲᠠᠨᠢᠯᠴᠠᠭᠤᠯᠬᠤ᠎ᠳᠠᠭᠠᠨ᠂ 《ᠵᠠᠯᠭ᠋ᠠᠭ᠋ᠠᠳ ᠪᠠᠰᠠ ᠨᠠᠷᠢᠯᠢᠭ ᠳᠠᠷᠢᠬᠤ ᠮᠠᠰᠢᠨ ᠮᠧᠬᠠᠨᠢᠭ ᠪᠠ ᠵᠠᠩᠭᠢᠯᠠᠭ᠎ᠠ ᠵᠢᠨ ᠮᠡᠷᠭᠡᠵᠢᠯ᠎ᠤᠨ ᠬᠡᠷᠡᠭᠯᠡᠯᠲᠡ ᠵᠢ ᠤᠯᠠᠮ ᠨᠢᠭᠡ ᠠᠯᠬᠤᠮ ᠴᠢᠩᠭ᠋ᠠᠳᠬᠠᠵᠤ᠂ ᠠᠮᠤ ᠪᠤᠳᠠᠭ᠋ᠠᠨ᠎ᠤ ᠨᠠᠷᠢᠯᠢᠭ ᠬᠤᠷᠢᠶᠠᠯᠲᠠ ᠵᠢ ᠳᠥᠯᠭᠢᠨ ᠠᠬᠢᠭᠤᠯᠤᠨ᠎ᠠ》 ᠭᠡᠵᠡᠶ᠃

   ᠳᠠᠷᠢᠬᠤ᠎ᠠᠴᠠ ᠬᠤᠷᠢᠶᠠᠬᠤ ᠬᠦᠷᠲᠡᠯ᠎ᠡ᠂ ᠡᠬᠢ ᠡᠭᠦᠰᠦᠯ᠎ᠠᠴᠠ᠎ᠨᠢ ᠠᠮᠤ ᠪᠤᠳᠠᠭ᠎ᠠ ᠠᠷᠪᠢᠯᠠᠬᠤ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠳ ᠲᠠᠷᠢᠶᠠᠯᠠᠩ᠎ᠤᠨ ᠮᠠᠰᠢᠨ᠂ ᠲᠠᠷᠢᠶᠠᠯᠠᠩ᠎ᠤᠨ ᠮᠡᠷᠭᠡᠵᠢᠯ᠂ ᠲᠥᠷᠥᠯ ᠵᠦᠢ᠍ᠯ᠎ᠢ ᠲᠥᠪᠯᠡᠷᠡᠭᠦᠯᠦᠨ ᠢᠵᠢ ᠪᠦᠷᠢᠳᠦᠭᠦᠯᠬᠦ ᠵᠢ ᠴᠢᠩᠭ᠋ᠠᠷᠠᠭᠤᠯᠵᠤ᠂ ᠠᠮᠤ ᠪᠤᠳᠠᠭ᠋ᠠᠨ᠎ᠤ ᠮᠠᠰᠢᠨ᠎ᠤ ᠬᠤᠷᠢᠶᠠᠯᠲᠠ ᠬᠠᠰᠤᠭᠳᠠᠯ᠎ᠢ ᠴᠢᠩᠭ᠋ᠠᠳᠬᠠᠨ᠎ᠠ᠃ ᠣᠳᠣᠬᠠᠨ᠎ᠳᠤ᠂ ᠪᠥᠬᠦ ᠤᠯᠤᠰ᠎ᠤᠨ ᠲᠠᠷᠢᠮᠠᠯ᠎ᠤᠨ ᠳᠠᠷᠢᠵᠤ ᠬᠤᠷᠢᠶᠠᠬᠤ ᠶᠡᠷᠦᠩᠬᠡᠶ᠋ᠢᠯᠡᠭᠰᠡᠨ ᠮᠠᠰᠢᠨᠴᠢᠯᠠᠯᠲᠠ ᠵᠢᠨ ᠨᠣᠷᠮ᠎ᠠ 74.3%᠎ᠳᠤ ᠬᠥᠷᠪᠡ; 2023 ᠣᠨ᠎ᠳᠤ ᠪᠥᠬᠦ ᠤᠯᠤᠰ᠎ᠤᠨ ᠪᠤᠭᠤᠳᠠᠢ᠂ ᠤᠰᠤᠨ ᠲᠤᠲᠤᠷᠭ᠎ᠠ᠂ ᠡᠷᠳᠡᠨᠢ ᠰᠢᠰᠢ ᠵᠢᠨ ᠳᠤᠮᠳᠠᠴᠢ ᠮᠠᠰᠢᠨ ᠵᠶ᠋ᠠᠷ ᠬᠤᠷᠢᠶᠠᠬᠤ ᠬᠤᠬᠢᠷᠠᠯ᠎ᠤᠨ ᠨᠣᠷᠮ᠎ᠠ ᠲᠣᠰ ᠲᠣᠰ 1%᠂ 2%᠂ 2.2% ᠪᠣᠯᠪᠠ᠃

   ᠲᠠᠷᠢᠶᠠᠨ ᠭᠠᠵᠠᠷ᠎ᠠᠴᠠ ᠬᠥᠮᠥᠷᠭᠡ ᠬᠦᠷᠲᠡᠯ᠎ᠡ᠂ ᠰᠢᠨᠵᠢᠯᠡᠬᠦ ᠤᠬᠠᠭ᠋ᠠᠨᠴᠢ᠎ᠪᠠᠷ ᠠᠮᠤ ᠪᠤᠳᠠᠭ᠎ᠠ ᠵᠢ ᠬᠠᠮᠢᠶᠠᠷᠤᠨ᠎ᠠ᠃ 《ᠰᠢᠨ᠎ᠡ ᠠᠮᠤ ᠪᠤᠳᠠᠭ᠎ᠠ ᠵᠢ ᠲᠠᠷᠢᠶᠠᠨ ᠭᠠᠵᠠᠷ᠎ᠠᠴᠠ ᠰᠢᠭᠤᠳ ᠬᠠᠳᠠᠭ᠋ᠠᠬᠤ ᠰᠤᠪᠤᠷᠭ᠎ᠠ ᠬᠦᠷᠲᠡᠯ᠎ᠡ᠂  ᠢᠯᠵᠢᠷᠡᠬᠦ ᠵᠢ ᠰᠡᠷᠭᠡᠶ᠋ᠢᠯᠡᠵᠦ᠂ ᠰᠦᠢ᠍ᠳᠦᠯ᠎ᠨᠢ ᠪᠠᠭ᠎ᠠ᠂ ᠶᠠᠰᠤ ᠴᠢᠨᠠᠷ᠎ᠨᠢ ᠴᠤ᠌ ᠳᠠᠭ᠋ᠠᠯᠳᠤᠨ ᠳᠡᠭᠡᠭᠰᠢᠯᠡᠵᠦ》 ᠪᠠᠶ᠋ᠢᠪᠠ᠃ ᠴᠦᠩᠴᠢᠩ᠎ᠤᠨ ᠳ᠋ᠢᠶᠸ ᠵᠢᠶᠠᠩ ᠰᠢᠶᠠᠨ᠎ᠤ ᠫᠦ᠋ ᠱᠦᠨ ᠪᠠᠯᠭ᠋ᠠᠰᠤᠨ᠎ᠤ ᠬᠤᠩ ᠶᠠᠨ ᠲᠤᠰᠬᠤᠨ᠎ᠤ ᠠᠮᠤ ᠪᠤᠳᠠᠭ᠎ᠠ ᠲᠠᠷᠢᠬᠤ ᠲᠣᠮᠣ ᠡᠷᠦᠬᠡ ᠯᠸᠢ ᠵᠦᠩ ᠹᠠᠩ ᠬᠡᠯᠡᠬᠦ᠎ᠳᠤ᠎ᠪᠠᠨ 《ᠬᠠᠲᠠᠭ᠋ᠠᠭᠰᠠᠨ᠎ᠤ ᠳᠠᠷᠠᠭ᠋ᠠᠬᠢ ᠠᠮᠤ ᠪᠤᠳᠠᠭ᠎ᠠ ᠵᠢ ᠵᠢᠩ᠎ᠳᠡᠭᠡᠨ 10 ᠮᠥᠩᠭᠥ᠎ᠪᠠᠷ ᠢᠯᠡᠭᠦᠦ ᠬᠤᠳᠠᠯᠳᠤᠨ᠎ᠠ》᠃ ᠬᠠᠳᠠᠭ᠋ᠠᠬᠤ ᠴᠠᠮᠬᠠᠭ᠂ ᠲᠤᠭᠲᠠᠮᠠᠯ ᠲᠤᠯᠠᠭ᠋ᠠᠨ᠎ᠤ ᠭᠡᠷ᠂ ᠠᠮᠤ ᠪᠤᠳᠠᠭ᠎ᠠ ᠵᠦᠬᠡᠬᠡᠪᠦᠷᠢᠯᠡᠬᠦ ᠲᠤᠰᠬᠠᠢ ᠱᠤᠭᠤᠮ᠂ ᠲᠤᠰᠬᠠᠢ ᠬᠡᠷᠡᠭᠯᠡᠭᠡᠨ᠎ᠤ ᠭᠠᠷᠠᠮ ᠵᠡᠷᠭᠡ ᠲᠦᠬᠦᠭᠡᠷᠦᠮᠵᠢ ᠠᠯᠬᠤᠮ ᠠᠯᠬᠤᠮ ᠵᠶ᠋ᠠᠷ ᠳᠡᠭᠦᠯᠳᠡᠷᠵᠢᠪᠡ᠃ ᠣᠳᠣᠬᠠᠨ᠎ᠳᠤ ᠪᠦᠬᠦ ᠤᠯᠤᠰ᠎ᠲᠤ ᠨᠢᠭᠡᠨᠲᠡ 5500 ᠭᠠᠷᠤᠶ ᠲᠤᠰᠬᠠᠶ᠋ᠢᠵᠢᠭᠰᠠᠨ ᠠᠮᠤ ᠪᠤᠳᠠᠭ᠋ᠠᠨ᠎ᠤ ᠬᠤᠷᠢᠶᠠᠯᠲᠠ ᠵᠢᠨ ᠳᠠᠷᠠᠭ᠋ᠠᠬᠢ ᠦᠢ᠍ᠯᠡᠴᠢᠯᠡᠭᠡᠨ᠎ᠤ ᠲᠥᠪ᠎ᠢ ᠪᠠᠶ᠋ᠢᠭᠤᠯᠵᠤ᠂ ᠲᠠᠷᠢᠶᠠᠴᠢᠨ ᠡᠷᠦᠬᠡ᠎ᠳᠤ ᠬᠠᠲᠠᠭ᠋ᠠᠬᠤ᠂ ᠴᠡᠪᠡᠷᠯᠡᠬᠦ ᠦᠢ᠍ᠯᠡᠴᠢᠯᠡᠭᠡ ᠬᠠᠩᠭ᠋ᠠᠪᠠ; ᠮᠠᠨ᠎ᠤ ᠤᠯᠤᠰ᠎ᠤᠨ ᠠᠮᠤ ᠪᠤᠳᠠᠭ᠋ᠠᠨ᠎ᠤ ᠬᠥᠮᠥᠷᠭᠡ ᠵᠢᠨ ᠠᠮᠤ ᠪᠤᠳᠠᠭ᠋ᠠᠨ᠎ᠤ ᠬᠤᠬᠢᠷᠠᠯ᠎ᠢ ᠦᠨᠳᠦᠰᠦᠨ᠎ᠳᠡᠭᠡᠨ ᠠᠷᠢᠯᠭ᠋ᠠᠵᠤ᠂ ᠠᠮᠤ ᠪᠤᠳᠠᠭ᠎ᠠ ᠬᠠᠳᠠᠭ᠋ᠠᠯᠠᠬᠤ ᠦᠶᠡᠯᠡᠯ᠎ᠤᠨ ᠬᠤᠭᠤᠴᠠᠭ᠋ᠠᠨ᠎ᠤ ᠳᠣᠲᠣᠷᠠᠬᠢ ᠶᠡᠷᠦᠩᠬᠡᠶ᠋ᠢᠯᠡᠭᠰᠡᠨ ᠬᠤᠷᠣᠭᠳᠠᠯ᠎ᠤᠨ ᠨᠤᠷᠮ᠎ᠠ ᠵᠢ 1% ᠵᠢᠨ ᠳᠣᠲᠣᠷ᠎ᠠ ᠬᠢᠵᠠᠭ᠋ᠠᠷᠯᠠᠪᠠ᠃

   ᠦᠢ᠍ᠯᠡᠳᠪᠦᠷᠢ ᠵᠢᠨ ᠲᠠᠰᠤᠭ᠎ᠠᠴᠠ ᠬᠣᠭᠣᠯᠠᠨ ᠰᠢᠷᠡᠭᠡ ᠬᠦᠷᠲᠡᠯ᠎ᠡ᠂ ᠥᠨᠳᠥᠷ ᠦᠷ᠎ᠡ ᠠᠰᠢᠭ᠎ᠲᠠᠢ ᠠᠮᠤ ᠪᠤᠳᠠᠭ᠎ᠠ ᠵᠢ ᠬᠡᠷᠡᠭᠯᠡᠨ᠎ᠡ᠃ ᠳᠣᠣᠷ᠎ᠠ ᠬᠤᠷᠳᠤᠴᠠ᠎ᠪᠠᠷ ᠲᠡᠭᠡᠷᠮ᠎ᠡ᠂ ᠳᠣᠣᠷ᠎ᠠ ᠳᠤᠯᠠᠭ᠋ᠠᠨ ᠵᠶ᠋ᠠᠷ ᠡᠳ᠋ᠰᠢᠭᠦᠯᠵᠦ᠂ ᠦᠢ᠍ᠯᠡᠳᠪᠦᠷᠢᠯᠡᠯ᠎ᠤᠨ ᠱᠤᠭᠤᠮ ᠳᠡᠭᠡᠷ᠎ᠡ ᠨᠢᠭᠡ ᠮᠥᠬᠦᠯᠢᠭᠲᠦ ᠪᠤᠭᠤᠳᠠᠢ ᠭᠤᠯᠢᠷ ᠵᠡᠷᠭᠡ ᠦᠢ᠍ᠯᠡᠳᠬᠦᠨ ᠪᠣᠯᠪᠠ᠃ 《ᠪᠣᠯᠪᠠᠰᠤᠷᠠᠭᠤᠯᠬᠤ ᠰᠢᠨ᠎ᠡ ᠵᠢ ᠡᠭᠦᠳᠴᠦ᠂ ᠪᠣᠭᠤᠳᠠᠶ ᠵᠢᠨ ᠨᠤᠨᠲᠠᠭ᠎ᠤᠨ ᠨᠣᠷᠮ᠎ᠠ ᠵᠢ 90% ᠪᠣᠯᠲᠠᠯ᠎ᠠ ᠳᠡᠭᠡᠭᠰᠢᠯᠡᠭᠦᠯᠵᠦ᠂ ᠨᠠᠩ ᠣᠯᠠᠨ ᠰᠢᠮ᠎ᠡ ᠲᠡᠵᠢᠭᠡᠯ᠎ᠤᠨ ᠪᠣᠳᠠᠰ᠎ᠢ ᠦᠯᠡᠳᠡᠭᠡᠨ᠎ᠡ》᠃ ᠬᠤᠪᠧᠢ ᠵᠢᠨ ᠰᠢᠶᠠᠩ ᠶᠠᠩ ᠭᠦᠸᠧ ᠣᠪᠣᠭᠲᠤ ᠵᠢᠨ ᠹᠦ᠋ ᠹᠧᠩ ᠠᠮᠤ ᠲᠣᠰᠣᠨ᠎ᠤ ᠰᠢᠨᠵᠢᠯᠡᠭᠡ ᠮᠡᠷᠭᠡᠵᠢᠯ᠎ᠤᠨ ᠬᠢᠵᠠᠭ᠋ᠠᠷᠲᠤ ᠺᠣᠮᠫᠠᠨᠢ ᠵᠢᠨ ᠶᠡᠷᠦᠩᠬᠡᠢ ᠳᠠᠭ᠋ᠠᠭ᠋ᠠᠮᠠᠯ ᠰᠦᠨ ᠢ ᠲᠠᠨᠢᠯᠴᠠᠭᠤᠯᠵᠠᠢ᠃ ᠣᠳᠣᠬᠠᠨ᠎ᠤ ᠬᠡᠰᠡᠭ ᠠᠮᠤ ᠪᠤᠳᠠᠭ᠋ᠠᠨ᠎ᠤ ᠪᠦᠲᠦᠭᠡᠭᠳᠡᠬᠦᠨ᠎ᠢ ᠬᠡᠲᠦ ᠡᠳ᠋ᠰᠢᠭᠦᠯᠬᠦ᠂ ᠦᠢ᠍ᠯᠡᠳᠭᠦᠨ᠎ᠤ ᠭᠠᠷᠭ᠋ᠠᠬᠤ ᠨᠣᠷᠮ᠎ᠠ ᠨᠡᠯᠢᠶᠡᠳ ᠳᠣᠤᠷ᠎ᠠ ᠪᠠᠶ᠋ᠢᠬᠤ ᠵᠡᠷᠭᠡ ᠠᠰᠠᠭᠤᠳᠠᠯ᠎ᠳᠤ ᠴᠢᠭᠯᠡᠭᠦᠯᠦᠨ᠂ ᠬᠠᠮᠢᠶ᠎ᠠ ᠪᠥᠬᠦᠶ ᠰᠠᠯᠠᠭ᠎ᠠ ᠮᠥᠴᠢᠷ᠎ᠤᠳ ᠠᠮᠤ ᠲᠣᠰᠣ ᠵᠢ ᠵᠣᠬᠢᠰᠲᠠᠶ ᠪᠣᠯᠪᠠᠰᠤᠷᠠᠭᠤᠯᠬᠤ ᠰᠢᠨ᠎ᠡ ᠤᠷ᠎ᠠ ᠮᠡᠷᠭᠡᠰᠢᠯ᠂ ᠰᠢᠨ᠎ᠡ ᠲᠥᠬᠦᠭᠡᠷᠦᠮᠵᠢ ᠵᠢ ᠳᠡᠯᠭᠡᠷᠡᠭᠦᠯᠦᠨ ᠬᠡᠷᠡᠭᠯᠡᠬᠦ᠎ᠪᠠᠨ ᠴᠢᠩᠭ᠋ᠠᠳᠬᠠᠵᠤ᠂ ᠠᠮᠤ ᠲᠣᠰᠣ ᠪᠣᠯᠪᠠᠰᠤᠷᠠᠭᠤᠯᠬᠤ ᠳᠠᠭ᠋ᠠᠯᠲᠠ ᠦᠢ᠍ᠯᠡᠳᠭᠦᠨ᠎ᠢ ᠡᠬᠢ ᠪᠠᠶᠠᠯᠢᠭᠵᠢᠭᠤᠯᠤᠨ ᠠᠰᠢᠭᠯᠠᠬᠤ ᠵᠢ ᠴᠢᠩᠭ᠋ᠠᠳᠬᠠᠵᠤ᠂ ᠠᠮᠤ ᠪᠤᠳᠠᠭ᠎ᠠ ᠪᠣᠯᠪᠠᠰᠤᠷᠠᠭᠤᠯᠬᠤ ᠬᠤᠬᠢᠷᠠᠯ᠎ᠢ ᠪᠠᠭ᠋ᠠᠰᠬᠠᠨ᠂ ᠠᠮᠤ ᠪᠤᠳᠠᠭ᠋ᠠᠨ᠎ᠤ ᠡᠬᠢ ᠪᠠᠶᠠᠯᠢᠭ᠎ᠢ ᠥᠨᠳᠥᠷ ᠪᠦᠲᠦᠮᠵᠢᠲᠡᠶ᠎ᠪᠠᠷ ᠠᠰᠢᠭᠯᠠᠬᠤ ᠵᠢ ᠠᠬᠢᠭᠤᠯᠤᠨ᠎ᠠ᠃

   ᠬᠦᠴᠦᠨ ᠵᠦᠢ᠍ᠯ᠎ᠤᠨ ᠣᠷᠣᠭᠤᠯᠤᠯᠲᠠ ᠵᠢ ᠰᠢᠯᠢᠳᠡᠭᠵᠢᠭᠦᠯᠵᠦ᠂ ᠠᠮᠤ ᠪᠤᠳᠠᠭ᠎ᠠ ᠵᠢ ᠠᠷᠪᠢᠯᠠᠬᠤ ᠤᠷᠲᠤ ᠬᠤᠭᠤᠴᠠᠭ᠋ᠠᠨ᠎ᠤ ᠪᠦᠲᠦᠮᠵᠢᠲᠡᠢ ᠲᠣᠭᠲᠠᠴᠠ ᠵᠢ ᠪᠦᠷᠢᠨᠰᠢᠭᠦᠯᠦᠨ᠎ᠡ

   ᠠᠮᠤ ᠪᠤᠳᠠᠭ᠎ᠠ ᠵᠢ ᠠᠷᠪᠢᠯᠠᠬᠤ᠎ᠳᠤ᠂ ᠡᠯᠧᠮᠧᠨ᠋ᠲ᠎ᠤᠨ ᠪᠠᠲᠤᠯᠠᠭ᠎ᠠ᠎ᠠᠴᠠ ᠰᠠᠯᠵᠤ ᠴᠢᠳᠠᠬᠤ ᠦᠭᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ᠎ᠬᠢᠨ ᠠᠮᠤ ᠪᠤᠳᠠᠭ᠎ᠠ ᠵᠢ ᠭᠠᠵᠠᠷ ᠰᠢᠷᠣᠢ᠎ᠳᠤ ᠬᠠᠳᠠᠭ᠋ᠠᠯᠠᠬᠤ᠂ ᠠᠮᠤ ᠪᠤᠳᠠᠭ᠎ᠠ ᠵᠢ ᠮᠡᠷᠭᠡᠵᠢᠯ᠎ᠳᠤ ᠬᠠᠳᠠᠭ᠋ᠠᠯᠠᠬᠤ ᠵᠢ ᠪᠠᠷᠢᠮᠲᠠᠯᠠᠵᠤ᠂ ᠠᠮᠤ ᠪᠤᠳᠠᠭ᠎ᠠ ᠵᠢ ᠠᠷᠪᠢᠯᠠᠬᠤ ᠤᠷᠳᠤ ᠬᠤᠭᠤᠴᠠᠭ᠋ᠠᠨ᠎ᠤ ᠪᠦᠲᠦᠮᠵᠢᠲᠡᠢ ᠲᠣᠭᠲᠠᠴᠠ ᠵᠢ ᠲᠠᠰᠤᠷᠠᠯᠳᠠ ᠦᠭᠡᠢ ᠲᠡᠭᠦᠯᠳᠡᠷᠵᠢᠭᠦᠯᠬᠦ ᠬᠡᠷᠡᠭᠲᠡᠢ᠃

   ᠲᠠᠷᠢᠶᠠᠨ᠎ᠤ ᠬᠣᠭᠣᠷᠣᠨᠳᠣᠬᠢ ᠵᠠᠮ ᠰᠦᠯᠵᠢᠯᠳᠦᠵᠦ ᠂ ᠡᠪᠦᠯ᠎ᠤᠨ ᠪᠤᠭᠤᠳᠠᠢ ᠵᠢᠨ ᠴᠢᠬᠢ ᠵᠢ ᠲᠡᠭᠰᠢᠬᠡᠨ ᠭᠠᠷᠭ᠋ᠠᠨ᠎ᠠ᠃ 《ᠲᠠᠷᠢᠶᠠᠨ ᠭᠠᠵᠠᠷ ᠥᠷᠭᠡᠨ ᠪᠣᠯᠵᠠᠢ᠂ ᠲᠠᠷᠢᠶᠠᠨ ᠭᠠᠵᠠᠷ᠎ᠢ ᠲᠡᠭᠰᠢᠯᠡᠵᠦ᠂ ᠲᠣᠮᠣ ᠲᠠᠷᠢᠶᠠᠯᠠᠩ᠎ᠤᠨ ᠮᠠᠰᠢᠨ᠎ᠢ ᠣᠷᠣᠭᠤᠯᠪᠠ᠂ ᠲᠠᠷᠢᠵᠤ ᠬᠠᠳᠤᠵᠤ ᠬᠤᠷᠢᠶᠠᠬᠤ ᠦᠷ᠎ᠡ ᠪᠦᠲᠦᠮᠵᠢ ᠥᠨᠳᠥᠷ᠂ ᠬᠤᠬᠢᠷᠠᠯ ᠪᠠᠭ᠎ᠠ》 ᠭᠡᠵᠦ ᠡᠾᠸᠪᠸᠢ ᠮᠤᠵᠢ ᠵᠢᠨ ᠴᠸᠩ ᠰᠢᠶᠠᠨ᠎ᠤ ᠵᠦᠩ ᠠᠢ ᠱᠤ᠌ ᠲᠤᠰᠬᠤᠨ᠎ᠤ ᠵᠤᠤ ᠱ᠌ᠢ ᠯᠸᠢ ᠬᠡᠯᠡᠪᠡ᠃

   ᠨᠢᠭᠡ ᠵᠤᠷᠪᠤᠰ 《ᠳᠥᠷᠪᠡᠨ ᠰᠠᠢ᠌ᠨ ᠬᠥᠳᠡᠭᠡ ᠲᠣᠰᠬᠤᠨ᠎ᠤ ᠵᠠᠰᠠᠮᠠᠯ ᠵᠠᠮ》᠎ᠢ ᠠᠭᠤᠵᠢᠭᠤ ᠲᠠᠯᠪᠢᠵᠤ᠂ ᠠᠮᠤ ᠪᠤᠳᠠᠭ᠎ᠠ ᠵᠥᠭᠡᠭᠡᠪᠦᠷᠢᠯᠡᠬᠦ᠎ᠳᠤ ᠨᠠᠩ ᠳᠥᠭᠦᠮ ᠳᠥᠲᠡ ᠪᠣᠯᠭ᠋ᠠᠪᠠ᠃ ᠵᠦᠩ ᠠᠢ ᠱᠤ᠌ ᠲᠣᠰᠬᠤᠨ᠎ᠤ ᠨᠠᠮ᠎ᠤᠨ ᠡᠭᠦᠷ᠎ᠤᠨ ᠱᠦᠵᠢ ᠴᠧᠨ ᠹᠧᠩ ᠯᠸᠢ᠄ 《ᠥᠩᠭᠡᠷᠡᠭᠰᠡᠨ᠎ᠳᠤ ᠵᠥᠷᠢᠭ ᠵᠠᠮ᠎ᠨᠢ ᠡᠩᠬᠦᠯ ᠳᠤᠩᠬᠤᠯ ᠪᠠᠢ᠌ᠵᠤ᠂ ᠵᠢᠵᠢᠭ ᠬᠡᠯᠪᠡᠷᠢ ᠵᠢᠨ ᠲᠠᠷᠢᠶᠠᠯᠠᠩ᠎ᠤᠨ ᠮᠠᠰᠢᠨ ᠲᠡᠷᠭᠡ᠎ᠪᠠᠷ ᠨᠢᠭᠡ ᠤᠳᠠᠭ᠎ᠠ᠎ᠪᠠᠷ ᠵᠥᠭᠡᠭᠡᠪᠦᠷᠢᠯᠡᠵᠦ᠂ ᠵᠠᠮ ᠲᠤᠵᠢ ᠳᠣᠩᠰᠣᠯᠵᠤ᠂ ᠠᠮᠤ ᠪᠤᠳᠠᠭ᠎ᠠ᠎ᠪᠠᠨ ᠭᠣᠭᠣᠵᠢᠭᠤᠯᠵᠤ᠂ ᠠᠮᠤ ᠪᠤᠳᠠᠭ᠎ᠠ᠎ᠪᠠᠨ ᠠᠰᠬᠠᠵᠤ ᠪᠠᠢ᠌ᠪᠠ᠃ ᠣᠳᠣ 〈ᠳᠥᠷᠪᠡᠨ ᠰᠠᠢ᠌ᠨ ᠬᠥᠳᠡᠭᠡ ᠲᠣᠰᠬᠤᠨ᠎ᠤ ᠵᠠᠰᠠᠮᠠᠯ ᠵᠠᠮ〉 ᠵᠶ᠋ᠠᠨ ᠲᠠᠷᠢᠶᠠᠨ ᠳᠤᠮᠳᠠ ᠨᠡᠪᠲᠡᠷᠡᠭᠦᠯᠵᠦ᠂ ᠲᠣᠮᠣ ᠠᠴᠢᠶᠠᠨ᠎ᠤ ᠮᠠᠰᠢᠨ ᠲᠡᠷᠭᠡ ᠠᠮᠤ ᠪᠤᠳᠠᠭ᠎ᠠ ᠵᠢ ᠰᠢᠭᠤᠳ ᠬᠥᠮᠥᠷᠭᠡ᠎ᠳᠤ ᠣᠷᠣᠭᠤᠯᠬᠤ ᠪᠣᠯᠪᠠ᠃

   ᠬᠥᠳᠡᠭᠡ ᠲᠣᠰᠬᠤᠨ᠎ᠤ ᠰᠠᠭᠤᠷᠢ ᠲᠥᠬᠦᠭᠡᠷᠦᠮᠵᠢ ᠵᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠠᠮᠤ ᠪᠤᠳᠠᠭ᠎ᠠ ᠵᠢ ᠠᠷᠪᠢᠯᠠᠬᠤ ᠪᠠᠲᠤ ᠪᠡᠬᠢ ᠬᠠᠰᠢᠯᠭ᠎ᠠ ᠵᠢ ᠪᠡᠬᠢᠵᠢᠭᠦᠯᠦᠨ᠎ᠡ᠃ 2014 ᠣᠨ᠎ᠠᠴᠠ 2023 ᠣᠨ ᠪᠣᠯᠲᠠᠯ᠎ᠠ᠂ ᠮᠠᠨ᠎ᠤ ᠤᠯᠤᠰ᠎ᠤᠨ ᠰᠢᠨ᠎ᠡ᠎ᠪᠠᠷ ᠪᠠᠶ᠋ᠢᠭᠤᠯᠤᠭᠰᠠᠨ ᠬᠥᠳᠡᠭᠡ ᠲᠣᠰᠬᠤᠨ᠎ᠤ ᠵᠠᠰᠠᠮᠠᠯ ᠵᠠᠮ 250 ᠲᠦᠮᠡᠨ ᠺᠢᠯᠤᠮᠸᠲᠷ᠎ᠢ ᠳᠠᠪᠠᠵᠤ᠂ ᠠᠮᠤ ᠪᠤᠳᠠᠭ᠋ᠠᠨ᠎ᠤ ᠲᠡᠭᠡᠭᠡᠪᠦᠷᠢ ᠵᠢᠨ ᠦᠢ᠍ᠯᠡᠴᠢᠯᠡᠭᠡᠨ᠎ᠤ ᠬᠢᠷᠢ ᠲᠦᠪᠰᠢᠨ ᠳᠡᠭᠡᠭᠰᠢᠯᠡᠪᠡ᠃ ᠵᠠᠯᠭ᠋ᠠᠭ᠋ᠠᠳ᠂ ᠬᠤᠯᠪᠣᠭᠳᠠᠯ ᠪᠦᠬᠦᠢ ᠰᠠᠯᠠᠭ᠎ᠠ ᠮᠥᠴᠢᠷ᠎ᠤᠳ ᠬᠥᠳᠡᠭᠡ ᠲᠣᠰᠬᠤᠨ᠎ᠤ ᠵᠠᠮ ᠲᠡᠭᠡᠭᠡᠪᠦᠷᠢ ᠵᠢᠨ ᠲᠣᠤᠷ ᠰᠦᠯᠵᠢᠶ᠎ᠡ ᠵᠢ ᠤᠯᠠᠮ ᠨᠢᠭᠡ ᠠᠯᠬᠤᠮ ᠪᠦᠷᠢᠨᠰᠢᠭᠦᠯᠵᠦ᠂ ᠲᠡᠮᠦᠷ ᠵᠠᠮ᠎ᠤᠨ ᠲᠤᠰᠬᠠᠶ ᠱᠤᠭᠤᠮ᠂ ᠲᠤᠰᠬᠠᠶ ᠬᠡᠷᠡᠭᠯᠡᠭᠡᠨ᠎ᠤ ᠭᠠᠷᠠᠮ᠂ ᠲᠠᠷᠠᠬᠠᠶ ᠠᠮᠤ ᠪᠤᠳᠠᠭ᠎ᠠ ᠳᠠᠮᠵᠢᠭᠤᠯᠬᠤ ᠵᠢᠴᠢ ᠢᠵᠢ ᠪᠦᠷᠢᠳᠦᠭᠦᠯᠬᠦ ᠪᠡᠯᠡᠳᠬᠡᠮᠵᠢ ᠵᠢᠨ ᠪᠦᠲᠦᠭᠡᠨ ᠪᠠᠶ᠋ᠢᠭᠤᠯᠤᠯᠲᠠ ᠵᠢ ᠭᠦᠨᠵᠡᠭᠡᠶ ᠲᠦᠯᠬᠢᠨ ᠠᠬᠢᠭᠤᠯᠵᠤ᠂ ᠠᠮᠤ ᠪᠤᠳᠠᠭ᠎ᠠ ᠲᠡᠭᠡᠭᠡᠪᠦᠷᠢᠯᠡᠬᠦ ᠰᠠᠭᠤᠷᠢ ᠪᠡᠯᠡᠳᠬᠡᠮᠵᠢ ᠵᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠎ᠡ᠃

   ᠲᠠᠷᠢᠶᠠᠯᠠᠩ᠎ᠤᠨ ᠦᠢ᠍ᠯᠡᠳᠪᠦᠷᠢᠯᠡᠯ᠎ᠤᠨ ᠭᠣᠭᠴᠣᠭ᠋ᠠᠨ᠎ᠤ ᠬᠣᠷᠣᠭᠳᠠᠯ᠎ᠢ ᠪᠠᠭ᠋ᠠᠰᠬᠠᠬᠤ ᠪᠣᠯ ᠲᠠᠷᠢᠶᠠᠯᠠᠩ᠎ᠤᠨ ᠦᠢ᠍ᠯᠡᠳᠪᠦᠷᠢᠯᠡᠯ᠎ᠤᠨ ᠵᠠᠩᠭᠢᠯᠠᠭ᠎ᠠ ᠵᠢᠨ ᠬᠣᠷᠣᠭᠳᠠᠯ᠎ᠢ ᠪᠠᠭ᠋ᠠᠰᠬᠠᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠡᠨᠡ ᠵᠢᠯ᠎ᠤᠨ ᠵᠤᠨ᠎ᠤ ᠬᠤᠷᠢᠶᠠᠯᠲᠠ᠎ᠳᠤ᠂ ᠱᠠᠨᠳᠦ᠋ᠩ᠎ᠤᠨ ᠵᠦ᠍ ᠴᠧᠩ ᠬᠤᠲᠠ ᠵᠢᠨ ᠰᠢᠩ ᠶᠤᠸᠠᠨ ᠲᠠᠷᠢᠶᠠᠯᠠᠩ᠎ᠤᠨ ᠲᠤᠰᠬᠠᠶ ᠬᠤᠷᠰᠢᠶ᠎ᠠ ᠵᠢᠨ ᠬᠠᠷᠢᠭᠤᠴᠠᠯᠭ᠋ᠠᠲᠠᠨ ᠸᠠᠩ ᠫᠢᠩ ᠫᠢᠩ ᠶᠡᠬᠡ ᠪᠠᠶᠠᠷᠯᠠᠭᠤᠰᠢᠲᠠᠶ᠄ 《ᠳᠠᠪᠬᠤᠷ ᠮᠠᠶᠢᠭ᠎ᠤᠨ ᠰᠢᠰᠲ᠋ᠧᠮ ᠵᠶ᠋ᠠᠷ ᠰᠢᠷᠣᠶ ᠬᠥᠷᠪᠡᠭᠦᠯᠵᠦ᠂ ᠪᠣᠳᠠᠲᠠᠶ᠋ᠢᠵᠢᠭᠤᠯᠤᠨ ᠨᠠᠶ᠋ᠢᠳᠠᠪᠤᠷᠢᠵᠢᠭᠤᠯᠬᠤ ᠵᠢ ᠵᠡᠷᠭᠡ᠎ᠪᠠᠷ ᠠᠬᠢᠭᠤᠯᠵᠤ᠂ ᠪᠣᠭᠤᠳᠠᠶ ᠵᠢᠨ ᠰᠣᠶᠣᠭ᠋ᠠᠯᠠᠯᠲᠠ ᠵᠢᠨ ᠨᠣᠷᠮ᠎ᠠ ᠵᠢ 90% ᠪᠣᠯᠲᠠᠯ᠎ᠠ ᠳᠡᠭᠡᠭᠰᠢᠯᠡᠭᠦᠯᠵᠦ᠂ ᠡᠩ᠎ᠤᠨ ᠳᠠᠷᠢᠬᠤ ᠮᠠᠰᠢᠨ᠎ᠲᠠᠢ ᠬᠠᠷᠢᠴᠠᠭᠤᠯᠪᠠᠯ ᠮᠥ᠍ ᠪᠦᠷᠢ᠎ᠳᠤ 100 ᠭᠠᠷᠤᠶ ᠵᠢᠩ ᠨᠡᠮᠡᠭᠳᠡᠪᠡ》 ᠬᠡᠵᠡᠢ᠃

  《ᠪᠢᠳᠡ ᠵᠠᠩᠭᠢᠯᠠᠭ᠎ᠠ ᠵᠢᠨ ᠮᠡᠷᠭᠡᠵᠢᠯ᠎ᠢ ᠰᠤᠳᠤᠯᠤᠨ ᠨᠡᠭᠡᠭᠡᠬᠦ᠎ᠪᠠᠨ ᠦᠷᠭᠦᠯᠵᠢᠯᠡᠨ ᠴᠢᠩᠭ᠋ᠠᠳᠬᠠᠵᠤ᠂ ᠲᠠᠷᠢᠶᠠᠯᠠᠩ᠎ᠤᠨ ᠮᠠᠰᠢᠨ᠎ᠤ ᠴᠢᠳᠠᠪᠬᠢ ᠵᠢ ᠨᠡᠩ ᠰᠢᠯᠢᠳᠡᠭᠵᠢᠭᠦᠯᠵᠦ᠂ ᠡᠯᠪᠡᠭ ᠬᠤᠷᠢᠶᠠᠯᠲᠠ ᠵᠢ ᠬᠠᠮᠠᠭ᠋ᠠᠯᠠᠨ᠎ᠠ》 ᠭᠡᠵᠦ ᠬᠡᠯᠡᠪᠡ᠃ ᠸᠧᠢ ᠴᠠᠢ ᠯᠧᠢ ᠸᠸ ᠬᠤᠷᠢᠶᠠᠬᠤ ᠮᠠᠰᠢᠨ᠎ᠤ ᠲᠡᠷᠢᠭᠦᠨ ᠢᠨᠵᠧᠨᠧᠷ ᠵᠤ᠌ ᠰᠢᠶᠠᠨ ᠰᠢᠤᠸᠢ ᠲᠠᠨᠢᠯᠴᠠᠭᠤᠯᠤᠭᠰᠠᠨ ᠵᠶ᠋ᠠᠷ᠂ ᠵᠢᠱ᠌ᠢᠶᠡᠯᠡᠪᠡᠯ ᠳᠠᠪᠬᠤᠷᠳᠠᠮᠠᠯ ᠮᠠᠶᠢᠭ᠎ᠤᠨ ᠲᠠᠷᠢᠬᠤ ᠮᠠᠰᠢᠨ᠎ᠨᠢ ᠦᠷ᠎ᠡ ᠵᠢᠨ ᠭᠡᠮᠲᠦᠯ᠎ᠢ ᠪᠠᠭ᠋ᠠᠰᠬᠠᠨ᠎ᠠ; ᠰᠢᠨ᠎ᠡ ᠵᠢ ᠡᠭᠦᠳᠴᠦ ᠰᠤᠳᠤᠯᠤᠨ ᠨᠡᠭᠡᠭᠡᠭᠰᠡᠨ ᠭᠤᠷᠪᠠᠯᠠᠬᠤ ᠬᠡᠯᠪᠡᠷᠢ ᠵᠢᠨ ᠲᠠᠩ ᠭᠤᠯᠳᠤ ᠲᠡᠩᠭᠡᠯᠢᠭ᠎ᠤᠨ ᠥᠩᠬᠥᠷᠢᠭᠦᠯ ᠲᠦᠩᠰᠡ᠎ᠨᠢ ᠪᠤᠭᠤᠳᠠᠢ ᠵᠢᠨ ᠲᠦᠷᠦᠭᠦᠦ ᠵᠢ ᠨᠡᠩ ᠰᠢᠯᠤᠭᠤᠬᠠᠨ ᠢᠳᠡᠭᠦᠯᠵᠦ᠂ ᠠᠮᠤ ᠪᠤᠳᠠᠭ᠎ᠠ ᠵᠢ 《ᠳᠤᠰᠤᠯᠠᠵᠤ ᠭᠣᠭᠣᠵᠢᠬᠤ》 ᠵᠢ᠎ᠨᠢ ᠨᠡᠩ ᠪᠠᠭ᠎ᠠ ᠪᠣᠯᠭ᠋ᠠᠪᠠ᠃ ᠲᠠᠷᠢᠶᠠᠯᠠᠩ ᠬᠥᠳᠡᠭᠡ ᠲᠣᠰᠬᠤᠨ᠎ᠤ ᠶᠠᠮᠤᠨ᠎ᠠᠴᠠ ᠮᠠᠰᠢᠨ ᠪᠠᠭ᠋ᠠᠵᠢ ᠵᠢ ᠰᠢᠯᠢᠳᠡᠭᠵᠢᠭᠦᠯᠦᠨ ᠳᠡᠰ ᠳᠡᠪᠰᠢᠭᠦᠯᠬᠦ ᠵᠢ ᠦᠷᠭᠦᠯᠵᠢᠯᠡᠨ ᠠᠬᠢᠭᠤᠯᠵᠤ᠂ ᠲᠠᠷᠢᠶᠠᠯᠠᠩ᠎ᠤᠨ ᠮᠠᠰᠢᠨ ᠬᠤᠳᠠᠯᠳᠤᠨ ᠠᠪᠬᠤ᠎ᠳᠤ ᠨᠥᠬᠦᠪᠥᠷᠢ ᠥᠭᠬᠦ ᠲᠥᠷᠥ ᠵᠢᠨ ᠪᠣᠳᠣᠯᠭ᠎ᠠ ᠵᠢᠨ ᠤᠳᠤᠷᠢᠳᠤᠮᠵᠢ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠲᠠᠷᠢᠶᠠᠴᠢᠳ᠎ᠤᠨ ᠲᠡᠷᠢᠭᠦᠨ᠎ᠤ ᠪᠥᠭᠡᠳ ᠲᠣᠬᠢᠷᠠᠮᠵᠢᠲᠠᠶ᠂ ᠠᠮᠤᠷ ᠲᠦᠪᠰᠢᠨ ᠪᠥᠭᠡᠳ ᠨᠠᠶ᠋ᠢᠳᠠᠪᠤᠷᠢᠲᠠᠶ᠂ ᠡᠨᠧᠷᠭᠢ ᠠᠷᠪᠢᠯᠠᠵᠤ ᠣᠷᠴᠢᠨ ᠠᠬᠤᠶ ᠵᠢ ᠬᠠᠮᠠᠭ᠋ᠠᠯᠠᠬᠤ ᠬᠤᠷᠢᠶᠠᠬᠤ ᠮᠠᠰᠢᠨ ᠬᠤᠳᠠᠯᠳᠤᠨ ᠠᠪᠬᠤ ᠵᠢ ᠵᠣᠷᠢᠭᠵᠢᠭᠤᠯᠵᠤ᠂ ᠲᠠᠷᠢᠶᠠᠯᠠᠩ᠎ᠤᠨ ᠮᠠᠰᠢᠨ᠎ᠢ ᠬᠡᠷᠡᠭᠯᠡᠭᠡᠨ᠎ᠠᠴᠠ ᠭᠠᠷᠭ᠋ᠠᠵᠤ ᠰᠢᠨᠡᠴᠢᠯᠡᠬᠦ ᠵᠢ ᠪᠥᠬᠦ ᠲᠠᠯ᠎ᠠ᠎ᠪᠠᠷ ᠠᠬᠢᠭᠤᠯᠵᠤ᠂ ᠮᠠᠰᠢᠨ ᠵᠶ᠋ᠠᠷ ᠬᠤᠷᠢᠶᠠᠬᠤ ᠬᠤᠬᠢᠷᠠᠯ᠎ᠢ ᠪᠠᠭ᠋ᠠᠰᠬᠠᠬᠤ ᠴᠢᠳᠠᠮᠵᠢ ᠵᠢ ᠦᠨᠡᠨ ᠬᠦ᠌ ᠳᠡᠭᠡᠭᠰᠢᠯᠡᠭᠦᠯᠦᠨ᠎ᠡ᠃

  《ᠲᠤᠩᠭ᠋ᠠᠯᠠᠭ ᠡᠳᠦᠷ᠎ᠢ ᠪᠤᠯᠢᠶᠠᠯᠳᠤᠵᠤ᠂ ᠪᠣᠷᠣᠭ᠋ᠠᠨ᠎ᠤ ᠵᠠᠪᠰᠠᠷ᠎ᠢ ᠵᠠᠪᠳᠤᠨ᠂ ᠪᠣᠯᠪᠠᠰᠤᠷᠠᠪᠠᠯ ᠨᠢᠭᠡ ᠬᠡᠰᠡᠭ ᠵᠶ᠋ᠡᠨ ᠬᠤᠷᠢᠶᠠᠵᠤ᠂ ᠡᠳᠦᠷ᠎ᠲᠤ ᠬᠠᠲᠠᠭ᠋ᠠᠬᠤ ᠴᠢᠳᠠᠪᠤᠷᠢ 360 ᠭᠠᠷᠤᠶ ᠲᠣᠨ ᠬᠦᠷᠪᠡᠢ》 ᠭᠡᠵᠡᠢ᠃ ᠵᠢᠶᠠᠩᠰᠦ ᠵᠢᠨ ᠱᠦ᠍ ᠶᠠᠩ ᠰᠢᠶᠠᠨ᠎ᠤ ᠾᠦᠢ ᠹᠧᠩ ᠭᠡᠷ ᠪᠦᠯᠢ ᠵᠢᠨ ᠲᠠᠷᠢᠶᠠᠯᠠᠩ᠎ᠤᠨ ᠲᠠᠯᠠᠪᠠᠢ ᠵᠢᠨ ᠬᠠᠷᠢᠭᠤᠴᠠᠯᠭ᠋ᠠᠲᠠᠨ ᠰᠢᠤᠢ ᠹᠦ᠋ ᠱᠧᠩ ᠲᠠᠨᠢᠯᠴᠠᠭᠤᠯᠬᠤ᠎ᠳᠠᠭᠠᠨ᠂ 《ᠪᠢᠳᠡ ᠬᠠᠳᠤᠵᠤ ᠬᠤᠷᠢᠶᠠᠬᠤ᠂ ᠬᠠᠲᠠᠭ᠋ᠠᠬᠤ᠂ ᠬᠥᠮᠥᠷᠭᠡᠯᠡᠨ ᠬᠠᠳᠠᠭ᠋ᠠᠯᠠᠬᠤ᠂ ᠬᠤᠳᠠᠯᠳᠤᠨ ᠠᠪᠬᠤ ᠵᠡᠷᠭᠡ ᠡᠯ᠎ᠡ ᠵᠠᠩᠭᠢᠯᠠᠭ᠎ᠠ ᠵᠢᠨ ᠦᠢ᠍ᠯᠡᠴᠢᠯᠡᠭᠡ ᠬᠠᠩᠭ᠋ᠠᠵᠤ᠂ ᠵᠢᠵᠢᠭ ᠲᠠᠷᠢᠶᠠᠴᠢᠨ ᠡᠷᠦᠬᠡ ᠵᠢᠨ ᠠᠮᠤ ᠪᠤᠳᠠᠭ᠎ᠠ ᠠᠷᠪᠢᠯᠠᠬᠤ ᠲᠦᠪᠰᠢᠨ᠎ᠢ ᠳᠡᠭᠡᠭᠰᠢᠯᠡᠭᠦᠯᠵᠦ᠂ ᠵᠢᠵᠢᠭ ᠲᠠᠷᠢᠶᠠᠴᠢᠨ ᠡᠷᠦᠬᠡ ᠵᠢ ᠳᠠᠶ᠋ᠢᠴᠢᠯᠠᠨ 30 ᠲᠦᠮᠡᠨ ᠲᠥᠭᠦᠷᠢᠭ᠎ᠤᠨ ᠣᠷᠣᠯᠭ᠎ᠠ ᠨᠡᠮᠡᠭᠳᠡᠭᠦᠯᠪᠡ》 ᠭᠡᠵᠡᠶ᠃

  《ᠲᠠᠷᠢᠶᠠᠨ᠎ᠤ ᠠᠰᠠᠷᠠᠭᠴᠢ》᠎ᠠᠴᠠ 《ᠣᠷᠣᠯᠠᠨ ᠴᠡᠪᠡᠷᠯᠡᠬᠦ᠂ ᠣᠷᠣᠯᠠᠨ ᠬᠠᠳᠠᠭ᠋ᠠᠬᠤ᠂ ᠣᠷᠣᠯᠠᠨ ᠬᠠᠳᠠᠭ᠋ᠠᠯᠠᠬᠤ᠂ ᠣᠷᠣᠯᠠᠨ ᠪᠣᠯᠪᠠᠰᠤᠷᠠᠭᠤᠯᠬᠤ᠂ ᠣᠷᠣᠯᠠᠨ ᠪᠣᠷᠣᠯᠠᠭᠤᠯᠬᠤ》 ᠵᠡᠷᠭᠡ ᠦᠢ᠍ᠯᠡᠴᠢᠯᠡᠭᠡ ᠬᠠᠩᠭ᠋ᠠᠵᠤ᠂ ᠵᠢᠵᠢᠭ ᠲᠠᠷᠢᠶᠠᠴᠢᠨ ᠡᠷᠤᠭᠡ ᠵᠢ ᠬᠠᠪᠰᠤᠷᠴᠤ  ᠨᠢᠭᠡ ᠡᠷᠤᠭᠡ ᠵᠢᠨ ᠬᠢᠵᠦ ᠳᠡᠶ᠋ᠢᠯᠬᠦ ᠦᠭᠡᠢ᠂ ᠰᠠᠢ᠌ᠨ ᠬᠢᠵᠦ ᠳᠡᠶ᠋ᠢᠯᠬᠦ ᠦᠭᠡᠢ᠂ ᠬᠢᠬᠦ᠎ᠳᠤ ᠠᠰᠢᠭ ᠦᠭᠡᠢ ᠶᠠᠪᠤᠳᠠᠯ᠎ᠢ ᠰᠢᠢ᠍ᠳᠪᠦᠷᠢᠯᠡᠵᠦ ᠥᠭᠬᠦ ᠬᠡᠷᠡᠭᠲᠡᠢ᠃ 2017 ᠣᠨ᠎ᠠᠴᠠ 2023 ᠣᠨ ᠪᠣᠯᠲᠠᠯ᠎ᠠ᠂ ᠮᠠᠨ᠎ᠤ ᠤᠯᠤᠰ᠎ᠤᠨ ᠲᠠᠷᠢᠶᠠᠯᠠᠩ᠎ᠤᠨ ᠦᠢ᠍ᠯᠡᠴᠢᠯᠡᠭᠡᠨ᠎ᠤ ᠭᠤᠣᠯ ᠴᠣᠭᠴᠠ 22.7 ᠲᠦᠮᠡ ᠪᠠᠶ᠋ᠢᠭᠰᠠᠨ᠎ᠠᠴᠠ᠎ᠪᠠᠨ 109.4 ᠲᠦᠮᠡ ᠪᠣᠯᠣᠨ ᠨᠡᠮᠡᠭᠳᠡᠵᠦ᠂ ᠵᠢᠵᠢᠭ ᠲᠠᠷᠢᠶᠠᠴᠢᠨ ᠡᠷᠦᠬᠡ᠎ᠳᠤ ᠦᠢ᠍ᠯᠡᠴᠢᠯᠡᠬᠦ ᠲᠤᠭ᠎ᠠ 3655.8 ᠲᠦᠮᠡ ᠪᠠᠶ᠋ᠢᠭᠰᠠᠨ᠎ᠠᠴᠠ᠎ᠪᠠᠨ 9400 ᠭᠠᠷᠤᠢ ᠲᠦᠮᠡ ᠪᠣᠯᠣᠨ ᠨᠡᠮᠡᠭᠳᠡᠵᠡᠢ᠃

   ᠪᠣᠰᠣᠭ᠎ᠠ ᠣᠷᠴᠢᠯ ᠵᠶ᠋ᠠᠷ ᠠᠷᠪᠢᠯᠠᠨ ᠭᠠᠮᠨᠠᠬᠤ ᠵᠢ ᠠᠬᠢᠭᠤᠯᠵᠤ᠂ ᠠᠮᠤ ᠪᠤᠳᠠᠭ᠋ᠠᠨ᠎ᠤ ᠠᠵᠤ ᠦᠢ᠍ᠯᠡᠰ᠎ᠤᠨ ᠳᠡᠰ ᠳᠡᠪᠰᠢᠭᠦᠯᠦᠶ᠎ᠡ

   ᠠᠮᠤ ᠪᠤᠳᠠᠭ᠎ᠠ ᠵᠢ ᠠᠷᠪᠢᠯᠠᠵᠤ ᠬᠤᠬᠢᠷᠠᠯ ᠪᠠᠭ᠋ᠠᠰᠬᠠᠬᠤ᠎ᠨᠢ ᠬᠥᠭᠵᠢᠯᠲᠡ ᠵᠢᠨ ᠠᠷᠭ᠎ᠠ ᠮᠠᠶᠢᠭ᠎ᠲᠠᠢ ᠵᠠᠯᠭ᠍ᠠᠭ᠎ᠠ᠎ᠪᠠᠷ ᠪᠠᠶ᠋ᠢᠨ᠎ᠠ᠃ ᠦᠢ᠍ᠯᠡᠳᠪᠦᠷᠢᠯᠡᠯ᠎ᠤᠨ ᠠᠷᠭ᠎ᠠ ᠮᠠᠶᠢᠭ᠎ᠢ ᠪᠥᠬᠦ ᠲᠠᠯ᠎ᠠ᠎ᠪᠠᠷ ᠪᠣᠬᠢᠷᠲᠤᠯ ᠥᠬᠡᠶ᠎ᠪᠠᠷ ᠬᠡᠯᠪᠡᠷᠢ᠎ᠪᠠᠨ ᠬᠤᠪᠢᠷᠠᠭᠤᠯᠵᠤ᠂ ᠡᠬᠢ ᠪᠠᠶᠠᠯᠢᠭ᠎ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠴᠢᠳᠠᠪᠤᠷᠢ ᠵᠢ ᠳᠡᠭᠡᠭᠰᠢᠯᠡᠭᠦᠯᠦᠨ᠂ ᠠᠮᠤ ᠪᠤᠳᠠᠭ᠋ᠠᠨ᠎ᠤ ᠦᠢ᠍ᠯᠡᠳᠪᠦᠷᠢᠯᠡᠯ᠎ᠤᠨ ᠶᠠᠰᠤ ᠴᠢᠨᠠᠷ᠂ ᠦᠷ᠎ᠡ ᠠᠰᠢᠭ ᠪᠠ ᠥᠷᠢᠰᠥᠯᠳᠦᠬᠦ ᠬᠦᠴᠦᠨ᠎ᠢ ᠲᠠᠰᠤᠷᠠᠯᠲᠠ ᠥᠬᠡᠶ ᠳᠡᠭᠡᠭᠰᠢᠯᠡᠭᠦᠯᠬᠦ ᠵᠢ ᠠᠬᠢᠭᠤᠯᠤᠨ᠎ᠠ᠃

   ᠪᠠᠭ᠋ᠠᠰᠤᠨ ᠪᠣᠬᠢᠷᠲᠤᠯ᠎ᠢ ᠣᠷᠭ᠋ᠠᠨᠢᠭ ᠪᠣᠷᠳᠣᠭᠤᠷ ᠪᠣᠯᠭ᠋ᠠᠨ ᠬᠤᠪᠢᠷᠠᠭᠤᠯᠵᠤ᠂ ᠣᠷᠭ᠋ᠠᠨᠢᠭ ᠪᠤᠷᠳᠤᠭᠤᠷ᠎ᠢ ᠲᠠᠷᠢᠶᠠᠨ᠎ᠳᠤ ᠪᠤᠴᠠᠭ᠋ᠠᠨ ᠡᠪᠡᠰᠦ ᠲᠠᠷᠢᠵᠤ᠂ ᠡᠪᠡᠰᠦ᠎ᠪᠠᠷ ᠠᠮᠤ ᠪᠤᠳᠠᠭ᠎ᠠ ᠵᠢ ᠣᠷᠣᠯᠠᠭᠤᠯᠵᠤ᠂ ᠬᠤᠯᠢᠮᠠᠭ ᠰᠢᠭ᠋ᠠᠷᠤ᠎ᠪᠠᠷ ᠪᠤᠷᠴᠠᠭ᠎ᠤᠨ ᠰᠢᠭ᠋ᠠᠷᠤ ᠵᠢ ᠣᠷᠣᠯᠠᠭᠤᠯᠵᠤ᠂ ᠰᠠᠭ᠋ᠠᠯᠢ ᠵᠢᠨ ᠦᠨᠢᠶ᠎ᠡ ᠵᠢᠨ 《ᠬᠦᠨᠡᠰᠦᠨ ᠠᠮᠤ》 ᠵᠢ ᠰᠠᠶ᠋ᠢᠵᠢᠷᠠᠭᠤᠯᠵᠤ᠂ ᠱᠠᠨᠳᠦ᠋ᠩ᠎ᠤᠨ ᠸᠠᠨ ᠰᠢᠶᠠᠩ ᠮᠠᠯ ᠠᠵᠤ ᠠᠬᠤᠢ ᠵᠢᠨ ᠬᠢᠵᠠᠭ᠋ᠠᠷᠲᠤ ᠺᠣᠮᠫᠠᠨᠢ ᠨᠢᠭᠡ ᠣᠷᠴᠢᠯ ᠲᠡᠵᠢᠭᠡᠨ ᠦᠷᠡᠵᠢᠭᠦᠯᠬᠦ ᠬᠡᠯᠬᠢᠶ᠎ᠡ ᠵᠢ ᠪᠦᠷᠢᠯᠳᠦᠭᠦᠯᠪᠡ᠃ 《ᠥᠩᠭᠡᠷᠡᠭᠰᠡᠨ᠎ᠳᠤ ᠰᠠᠭ᠋ᠠᠯᠢ ᠵᠢᠨ ᠦᠨᠢᠶ᠎ᠡ ᠵᠢᠨ ᠪᠣᠷᠳᠤᠭ᠎ᠠ᠎ᠨᠢ ᠭᠤᠣᠯᠳᠠᠭᠤ ᠪᠤᠷᠴᠠᠭ᠎ᠤᠨ ᠰᠢᠭ᠋ᠠᠷᠤ᠎ᠪᠠᠷ ᠭᠤᠣᠯᠯᠠᠵᠤ᠂ ᠥᠪᠡᠷ᠎ᠤᠨ ᠦᠷᠳᠡᠭ᠎ᠨᠢ ᠨᠡᠯᠢᠶᠡᠳ ᠥᠨᠳᠥᠷ᠂ 1000 ᠭᠠᠷᠤᠢ ᠰᠠᠭ᠋ᠠᠯᠢ ᠵᠢᠨ ᠦᠨᠢᠶ᠎ᠡ ᠵᠢᠨ ᠪᠣᠷᠳᠤᠭ᠎ᠠ ᠵᠢ ᠠᠷᠤᠭ ᠰᠢᠭ᠋ᠠᠷᠤᠭ ᠪᠣᠯᠭ᠋ᠠᠨ ᠰᠣᠯᠢᠵᠤ᠂ ᠪᠤᠷᠴᠠᠭ᠎ᠤᠨ ᠰᠢᠭ᠋ᠠᠷᠤᠭ ᠬᠡᠷᠡᠭᠯᠡᠭᠰᠡᠨ ᠬᠡᠮᠵᠢᠶ᠎ᠡ ᠵᠢ ᠪᠠᠭ᠋ᠠᠰᠬᠠᠭᠰᠠᠨ ᠵᠶ᠋ᠠᠷ ᠪᠠᠷᠠᠬᠤ ᠦᠭᠡᠢ᠂ ᠦᠬᠡᠷ ᠪᠦᠷᠢ᠎ᠳᠤ ᠰᠠᠷ᠎ᠠ ᠪᠦᠷᠢ 150 ᠲᠥᠭᠦᠷᠢᠭ᠎ᠤᠨ ᠥᠪᠡᠷ᠎ᠤᠨ ᠦᠷᠳᠡᠭ ᠪᠠᠭᠤᠷᠠᠭᠤᠯᠪᠠ》 ᠭᠡᠵᠡᠢ᠃ ᠠᠵᠤ ᠠᠬᠤᠶ᠋ᠢᠯᠠᠯ᠎ᠤᠨ ᠬᠠᠷᠢᠭᠤᠴᠠᠯᠭ᠋ᠠᠲᠠᠨ ᠵᠦ᠍ ᠵᠢᠶᠦ᠋ᠨ ᠯᠢ ᠳᠠᠩᠰᠠ ᠪᠣᠳᠤᠪᠠ᠃

   ᠲᠡᠵᠢᠭᠡᠯ ᠪᠣᠷᠳᠣᠭ᠋ᠠᠨ᠎ᠤ ᠠᠮᠤ ᠪᠤᠳᠠᠭ᠋ᠠᠨ᠎ᠤ ᠬᠤᠷᠣᠭᠳᠠᠯ᠎ᠢ ᠪᠠᠭ᠋ᠠᠰᠬᠠᠬᠤ ᠵᠢ ᠪᠥᠬᠦ ᠬᠦᠴᠦᠨ ᠵᠶ᠋ᠠᠷ ᠵᠶ᠋ᠠᠨ ᠠᠬᠢᠭᠤᠯᠤᠨ᠎ᠠ᠃ ᠪᠤᠷᠴᠠᠭ᠎ᠤᠨ ᠰᠢᠭ᠋ᠠᠷᠤ ᠵᠢᠨ ᠬᠡᠮᠵᠢᠶ᠎ᠡ ᠵᠢ ᠪᠠᠭ᠋ᠠᠰᠬᠠᠨ ᠣᠷᠣᠯᠠᠭᠤᠯᠬᠤ ᠠᠵᠢᠯᠯᠠᠭ᠎ᠠ ᠵᠢ ᠬᠡᠷᠡᠭᠵᠢᠭᠦᠯᠵᠦ᠂ ᠤᠭᠤᠷᠠᠭ ᠪᠠᠭ᠋ᠠᠲᠠᠶ ᠡᠳᠦᠷ᠎ᠤᠨ ᠠᠮᠤ ᠪᠤᠳᠠᠭ᠋ᠠᠨ᠎ᠤ ᠮᠡᠷᠭᠡᠵᠢᠯ᠎ᠢ ᠳᠡᠯᠭᠡᠷᠡᠭᠦᠯᠦᠨ᠂ ᠡᠯᠳᠡᠪ ᠠᠮᠤ᠂ ᠡᠯᠳᠡᠪ ᠰᠢᠭ᠋ᠠᠷᠤ ᠵᠢ ᠭᠦᠢ᠍ᠴᠡᠳ ᠠᠰᠢᠭᠯᠠᠨ ᠡᠬᠢ ᠪᠠᠶᠠᠯᠢᠭ᠎ᠢ ᠣᠷᠣᠯᠠᠭᠤᠯᠵᠤ᠂ ᠠᠮᠤ ᠪᠤᠳᠠᠭ᠎ᠠ ᠵᠢ ᠠᠷᠪᠢᠯᠠᠬᠤ᠎ᠳᠤ ᠰᠢᠨ᠎ᠡ ᠣᠷᠣᠨ ᠵᠠᠶ ᠨᠡᠭᠡᠭᠡᠵᠦ ᠥᠭᠭᠦᠨ᠎ᠡ᠃

   ᠠᠮᠤ ᠲᠣᠰᠣ ᠪᠣᠯᠪᠠᠰᠤᠷᠠᠭᠤᠯᠬᠤ ᠳᠠᠭ᠋ᠠᠯᠲᠠ ᠪᠦᠲᠦᠭᠡᠭᠳᠡᠬᠦᠨ ᠬᠠᠶᠠᠭᠳᠠᠮᠠᠯ ᠪᠤᠳᠠᠰ᠎ᠢ ᠡᠷᠳᠡᠨᠢ ᠪᠣᠯᠭ᠋ᠠᠨ ᠬᠤᠪᠢᠷᠠᠭᠤᠯᠤᠨ᠎ᠠ᠃ ᠬᠠᠷᠠᠮᠦ᠋ᠷᠡᠨ᠎ᠤ ᠹᠠᠩ ᠵᠧᠩ ᠰᠢᠶᠠᠨ᠎ᠤ ᠲᠤᠲᠤᠷᠭ᠎ᠠ ᠵᠢ ᠵᠣᠬᠢᠬᠤ ᠬᠡᠮᠵᠢᠶ᠎ᠡ᠎ᠪᠠᠷ ᠡᠳ᠋ᠰᠢᠭᠦᠯᠬᠦ ᠵᠢᠱ᠌ᠢᠶ᠎ᠡ ᠦᠵᠡᠭᠦᠯᠬᠦ ᠬᠦᠷᠢᠶᠡᠯᠡᠩ ᠲᠣᠭᠣᠷᠢᠭ᠎ᠤᠨ ᠨᠢᠭᠡ ᠤᠭᠤᠲᠠ ᠬᠦᠪᠦᠷᠡᠯ᠎ᠤᠨ ᠨᠠᠬᠢᠶ᠎ᠠ ᠵᠢ ᠦᠢ᠍ᠯᠡᠳᠪᠦᠷᠢᠯᠡᠯ᠎ᠤᠨ ᠱᠤᠭᠤᠮ ᠵᠶ᠋ᠠᠷ ᠪᠠᠭᠤᠯᠭ᠋ᠠᠵᠠᠢ᠃ ᠬᠤᠨᠠᠨ᠎ᠤ ᠶᠦᠸᠸ ᠶᠠᠩ ᠬᠤᠲᠠ ᠵᠢᠨ ᠳ᠋ᠦᠩ ᠰᠢᠶᠠᠩ ᠲᠣᠰᠣᠨ᠎ᠤ ᠺᠣᠮᠫᠠᠨᠢ᠎ᠳᠤ ᠬᠦᠷᠴᠦ᠂ ᠠᠭ᠎ᠠ ᠰᠡᠭᠦᠯ᠎ᠢ᠎ᠨᠢ ᠠᠭ᠎ᠠ ᠱᠠᠷᠤᠭ᠂ ᠠᠭ᠎ᠠ ᠲᠣᠰᠤ᠂ ᠠᠭ᠎ᠠ ᠯᠠ ᠵᠡᠷᠭᠡ 7 ᠵᠦᠢ᠍ᠯ᠎ᠤᠨ ᠦᠢ᠍ᠯᠡᠳᠬᠦᠨ ᠪᠣᠯᠵᠤ᠂ ᠵᠢᠯ᠎ᠤᠨ ᠦᠢ᠍ᠯᠡᠳᠬᠦᠨ᠎ᠤ ᠥᠷᠲᠡᠭ᠎ᠨᠢ 30 ᠳ᠋ᠦᠩᠰᠢᠭᠤᠷ ᠲᠥᠭᠦᠷᠢᠭ ᠣᠷᠴᠢᠮ ᠬᠦᠷᠴᠦ ᠪᠠᠶ᠋ᠢᠪᠠ᠃ ᠨᠢᠭᠡ ᠮᠥᠬᠥᠯᠢᠭ ᠠᠮᠤ ᠪᠤᠳᠠᠭ᠎ᠠ᠎ᠪᠠᠨ 《ᠬᠣᠭᠣᠰᠤᠷᠠᠲᠠᠯ᠎ᠠ ᠢᠳᠡᠵᠦ ᠬᠣᠭᠣᠰᠤᠷᠠᠲᠠᠯ᠎ᠠ ᠰᠢᠬᠠᠬᠤ》 ᠠᠮᠤ ᠪᠤᠳᠠᠭ᠋ᠠᠨ᠎ᠤ ᠪᠦᠲᠦᠭᠡᠭᠳᠡᠬᠦᠨ᠎ᠤ ᠬᠠᠩᠭ᠋ᠠᠯᠭ᠎ᠠ ᠨᠡᠩ ᠣᠯᠠᠨ ᠡᠰᠢᠵᠤ ᠪᠠᠢ᠌ᠨ᠎ᠠ᠃

   ᠾᠧᠪᠧᠶ ᠵᠢᠨ ᠯᠦᠩ ᠶᠣᠣ ᠰᠢᠶᠠᠨ᠎ᠤ ᠵᠢᠨ ᠮᠠᠢ ᠯᠠᠩ ᠢᠳᠡᠭᠡᠨ᠎ᠤ ᠬᠤᠪᠢ ᠣᠷᠣᠭᠤᠯᠤᠭᠰᠠᠨ ᠬᠢᠵᠠᠭ᠋ᠠᠷᠲᠤ ᠺᠣᠮᠫᠠᠨᠢ ᠵᠢᠨ ᠦᠢ᠍ᠯᠡᠳᠪᠦᠷᠢᠯᠡᠯ᠎ᠤᠨ ᠲᠠᠰᠤᠭ᠎ᠲᠤ᠂ ᠠᠦ᠋ᠲ᠋ᠣᠴᠢᠯᠠᠭᠰᠠᠨ ᠦᠢ᠍ᠯᠡᠳᠪᠦᠷᠢᠯᠡᠯ᠎ᠤᠨ ᠱᠤᠭᠤᠮ ᠡᠮᠬᠢ ᠵᠢᠷᠤᠮ᠎ᠲᠠᠢ ᠠᠵᠢᠯᠯᠠᠵᠤ ᠪᠠᠶ᠋ᠢᠨ᠎ᠠ᠃ 《ᠲᠣᠮᠣ ᠳ᠋ᠠᠶ᠋ᠢᠲ᠋ᠠ ᠵᠢ ᠨᠠᠷᠢᠯᠢᠭᠵᠢᠭᠤᠯᠤᠨ ᠬᠠᠮᠢᠶᠠᠷᠴᠤ᠂ ᠲᠥᠬᠦᠮ ᠭᠠᠳᠠᠷᠭᠤ ᠵᠢᠨ ᠤᠰᠤ ᠵᠠᠯᠠᠬᠤ ᠱᠤᠭᠤᠮ᠎ᠤᠨ ᠦᠢ᠍ᠯᠡᠳᠪᠦᠷᠢᠯᠡᠯ᠎ᠤᠨ ᠦᠷ᠎ᠡ ᠪᠦᠲᠦᠮᠵᠢ ᠵᠢ ᠮᠢᠨᠦ᠋ᠲ ᠪᠦᠷᠢ 160 ᠪᠣᠭᠤᠯᠲᠠ ᠪᠠᠶ᠋ᠢᠭᠰᠠᠨ᠎ᠠᠴᠠ ᠮᠢᠨᠦ᠋ᠲ ᠪᠦᠷᠢ 330 ᠪᠣᠭᠤᠯᠲᠠ ᠪᠣᠯᠭ᠋ᠠᠨ ᠳᠡᠭᠡᠭᠰᠢᠯᠡᠭᠦᠯᠵᠦ᠂ ᠲᠦᠭᠦᠬᠡᠶ ᠮᠠᠲ᠋ᠧᠷᠢᠶᠠᠯ᠎ᠢ ᠠᠰᠢᠭᠯᠠᠬᠤ ᠨᠣᠷᠮ᠎ᠠ ᠵᠢ ᠳᠡᠭᠡᠭᠰᠢᠯᠡᠭᠦᠯᠪᠡ》᠃ ᠺᠣᠮᠫᠠᠨᠢ ᠵᠢᠨ ᠲᠣᠭ᠎ᠠ ᠪᠠᠷᠢᠮᠲᠠ ᠵᠢᠨ ᠬᠠᠮᠢᠶᠠᠷᠤᠯᠲᠠ ᠵᠢᠨ ᠶᠡᠷᠦᠩᠬᠡᠢ ᠬᠢᠨᠠᠭᠴᠢ ᠸᠠᠩ ᠴᠢ ᠲᠠᠨᠢᠯᠴᠠᠭᠤᠯᠵᠠᠢ᠃

   ᠭᠤᠯᠢᠷ ᠪᠣᠯᠪᠠᠰᠤᠷᠠᠭᠤᠯᠬᠤ ᠲᠥᠬᠦᠭᠡᠷᠦᠮᠵᠢ ᠵᠢ ᠥᠭᠡᠷᠡᠴᠢᠯᠡᠨ ᠲᠡᠰ ᠳᠡᠪᠰᠢᠭᠦᠯᠬᠦ ᠵᠢ ᠲᠦᠷᠭᠡᠳᠬᠡᠵᠦ᠂ ᠵᠥᠭᠡᠯᠡᠨ ᠲᠤᠲᠤᠷᠭ᠎ᠠ ᠡᠳ᠋ᠰᠢᠭᠦᠯᠬᠦ ᠲᠥᠬᠦᠭᠡᠷᠦᠮᠵᠢ ᠵᠢ ᠬᠡᠷᠡᠭᠯᠡᠬᠦ ᠵᠢ ᠵᠣᠷᠢᠭᠵᠢᠭᠤᠯᠵᠤ᠂ ᠠᠮᠤ ᠪᠤᠳᠠᠭ᠎ᠠ ᠪᠣᠯᠪᠠᠰᠤᠷᠠᠭᠤᠯᠬᠤ ᠠᠵᠢᠯ ᠲᠦᠷᠦᠯ᠎ᠤᠨ ᠲᠣᠭ᠋ᠠᠴᠢᠯᠠᠭᠰᠠᠨ ᠬᠠᠮᠢᠶᠠᠷᠤᠯᠲᠠ ᠵᠢᠨ ᠲᠦᠪᠰᠢᠨ᠎ᠢ ᠳᠡᠭᠡᠭᠰᠢᠯᠡᠭᠦᠯᠬᠦ ᠁ ᠠᠯᠢ ᠤᠯᠠᠨ ᠠᠷᠭ᠎ᠠ ᠬᠡᠮᠵᠢᠶ᠎ᠡ ᠠᠪᠴᠤ ᠪᠠᠶ᠋ᠢᠭ᠋ᠠᠳ ᠠᠮᠤ ᠪᠤᠳᠠᠭ᠎ᠠ ᠡᠳ᠋ᠰᠢᠭᠦᠯᠦᠨ ᠪᠣᠯᠪᠠᠰᠤᠷᠠᠭᠤᠯᠬᠤ ᠳᠡᠭᠡᠳᠦ  ᠲᠡᠰᠵᠢᠯᠲᠡ᠂ ᠤᠶᠤᠨᠴᠢᠯᠠᠯᠲᠠ᠂ ᠪᠣᠬᠢᠷᠲᠤᠯ ᠦᠭᠡᠢ ᠬᠥᠭᠵᠢᠯᠲᠡ ᠵᠢ  ᠠᠬᠢᠭᠤᠯᠵᠤ᠂ ᠠᠮᠤ ᠪᠤᠳᠠᠭ᠎ᠠ ᠵᠢ ᠬᠤᠪᠢᠷᠠᠭᠤᠯᠬᠤ ᠦᠷ᠎ᠡ ᠪᠦᠲᠦᠮᠵᠢ ᠵᠢ  ᠳᠡᠭᠡᠭᠰᠢᠯᠡᠭᠦᠯᠵᠦ᠂ ᠠᠮᠤ ᠪᠤᠳᠠᠭ᠋ᠠᠨ᠎ᠤ ᠠᠵᠤ ᠦᠢ᠍ᠯᠡᠰ᠎ᠤᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠪᠡ᠃

   ᠲᠠᠷᠢᠶᠠᠯᠠᠩ ᠬᠥᠳᠡᠭᠡ ᠲᠣᠰᠬᠤᠨ᠎ᠤ ᠶᠠᠮᠤᠨ᠎ᠤ ᠬᠤᠯᠪᠣᠭᠳᠠᠯ ᠪᠦᠬᠦᠢ ᠬᠠᠷᠢᠭᠤᠴᠠᠯᠭ᠋ᠠᠲᠠᠨ ᠢᠯᠡᠷᠬᠡᠶ᠋ᠢᠯᠡᠬᠦ᠎ᠳᠡᠭᠡᠨ᠂ ᠠᠮᠤ ᠪᠤᠳᠠᠭ᠋ᠠᠨ᠎ᠤ ᠪᠦᠬᠦ ᠠᠵᠤ ᠦᠢ᠍ᠯᠡᠰ᠎ᠤᠨ ᠬᠡᠯᠬᠢᠶ᠎ᠡ ᠵᠢᠨ ᠡᠯ᠎ᠡ ᠭᠤᠭᠴᠤᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠨᠠᠩ ᠪᠣᠳᠠᠲᠠᠶ᠋ᠢᠵᠢᠭᠤᠯᠤᠨ ᠨᠠᠷᠢᠯᠢᠬ᠍ᠵᠢᠭᠤᠯᠬᠤ ᠠᠷᠭ᠎ᠠ ᠬᠡᠮᠵᠢᠶ᠎ᠡ   ᠠᠪᠴᠤ᠂ ᠬᠢᠨᠠᠯᠲᠠ ᠬᠠᠮᠢᠶᠠᠷᠤᠯᠲᠠ᠎ᠪᠠᠨ ᠴᠢᠩᠭ᠋ᠠᠳᠬᠠᠨ᠂ ᠠᠮᠤ ᠪᠤᠳᠠᠭ᠋ᠠᠨ᠎ᠤ ᠬᠤᠷᠣᠭᠳᠠᠯ᠎ᠢ ᠪᠠᠭ᠋ᠠᠰᠬᠠᠵᠤ ᠬᠤᠬᠢᠷᠠᠯ᠎ᠢ ᠪᠠᠭ᠋ᠠᠰᠬᠠᠬᠤ ᠵᠢ ᠪᠣᠳᠠᠲᠠᠢ᠎ᠳᠤ ᠨᠠᠶ᠋ᠢᠳᠠᠪᠤᠷᠢᠵᠢᠭᠤᠯᠤᠨ᠂ ᠦᠷ᠎ᠡ ᠪᠦᠲᠦᠮᠵᠢ ᠣᠯᠬᠤ ᠵᠢ ᠦᠨᠡᠨ ᠬᠦ᠌ ᠪᠠᠲᠤᠯᠠᠵᠤ᠂ ᠠᠮᠤ ᠪᠤᠳᠠᠭ᠋ᠠᠨ᠎ᠤ ᠠᠮᠤᠷ ᠲᠦᠪᠰᠢᠨ᠎ᠤ ᠰᠠᠭᠤᠷᠢ ᠵᠢ ᠤᠯᠠᠮ ᠨᠢᠭᠡ ᠠᠯᠬᠤᠮ ᠪᠠᠬᠢᠵᠢᠭᠦᠯᠦᠨ᠎ᠡ ᠭᠡᠵᠡᠶ᠃ (ᠰᠤᠷᠪᠤᠯᠵᠢᠯᠠᠭᠴᠢ   ᠸᠠᠩ ᠬᠤᠤ   ᠯᠢ ᠰᠢᠶᠤᠤ ᠴᠢᠩ)

 

ᠢᠷᠡᠯᠲᠡ᠄ ᠰᠢᠨᠬᠤᠸᠠ ᠬᠣᠷᠢᠶ᠎ᠠ