ᠬᠠᠲᠤᠨ ᠭᠤᠤᠯ᠎ᠤᠨ ᠭᠤᠤᠯᠳᠠᠯᠭ᠎ᠠ᠎ᠲᠠᠢ ᠠᠮᠢ ᠠᠬᠤᠶ ᠵᠢᠨ ᠣᠷᠣᠨ (ᠣᠷᠳᠣᠰ᠎ᠤᠨ ᠬᠡᠰᠡᠭ)᠎ᠤ ᠲᠡᠤᠬᠡᠨ᠎ᠠᠴᠠ ᠦᠯᠡᠳᠡᠭᠳᠡᠵᠦ ᠢᠷᠡᠭᠰᠡᠨ ᠬᠠᠶᠠᠭᠳᠠᠮᠠᠯ ᠠᠭᠤᠷᠬᠠᠶ ᠵᠢᠨ ᠠᠮᠢ ᠠᠬᠤᠶ ᠵᠢ ᠵᠠᠰᠠᠨ ᠰᠡᠷᠭᠦᠭᠡᠬᠦ ᠵᠢᠱ᠌ᠢᠶ᠎ᠡ ᠦᠵᠡᠭᠦᠯᠬᠦ ᠢᠨᠵᠧᠨᠧᠷᠢᠩ᠎ᠤᠨ ᠲᠥᠷᠥᠯ ᠵᠦᠢ᠍ᠯ ᠠᠵᠢᠯ᠎ᠢ ᠡᠬᠢᠯᠡᠭᠦᠯᠪᠡ
2023-09-08

  9 ᠳ᠋ᠦ᠍ᠭᠡᠷ ᠰᠠᠷ᠎ᠠ ᠵᠢᠨ 8᠎ᠤ ᠡᠳᠤᠷ᠂ ᠬᠠᠳᠤᠨ ᠭᠤᠤᠯ᠎ᠤᠨ ᠭᠤᠤᠯᠳᠠᠯᠭ᠎ᠠ᠎ᠲᠠᠢ ᠠᠮᠢ ᠠᠬᠤᠢ ᠵᠢᠨ ᠤᠷᠤᠨ (ᠤᠷᠳᠤᠰ᠎ᠤᠨ ᠬᠡᠰᠡᠭ)᠎ᠤ ᠲᠡᠤᠬᠡᠨ᠎ᠠᠴᠠ ᠦᠯᠡᠳᠡᠭᠳᠡᠵᠦ ᠢᠷᠡᠭᠰᠡᠨ ᠬᠠᠶᠠᠭᠳᠠᠮᠠᠯ ᠠᠭᠤᠷᠬᠠᠢ ᠵᠢᠨ ᠠᠮᠢ ᠠᠬᠤᠢ ᠵᠢ ᠵᠠᠰᠠᠨ ᠰᠡᠷᠭᠦᠭᠡᠭᠦ ᠵᠢᠱ᠌ᠢᠶ᠎ᠡ ᠦᠵᠡᠭᠦᠯᠭᠦ ᠢᠨᠵᠧᠨᠧᠷᠢᠩ᠎ᠤᠨ ᠲᠦᠷᠦᠯ ᠵᠦᠢ᠍ᠯ᠎ᠤᠨ ᠠᠵᠢᠯ ᠡᠭᠢᠯᠡᠭᠦ ᠶᠤᠰᠤᠯᠠᠯ ᠲᠠᠯᠠᠳ ᠬᠤᠰᠢᠭᠤᠨ᠎ᠤ ᠱᠠᠭᠵᠠᠮᠤᠨᠢ ᠪᠠᠯᠭ᠋ᠠᠰᠤᠨ᠎ᠳᠤ ᠶᠠᠪᠤᠭᠳᠠᠪᠠ᠃ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠭᠡᠰᠢᠭᠦᠨ᠂ ᠲᠢᠩᠬᠢᠮ᠎ᠤᠨ ᠳᠡᠳ᠋ ᠳᠠᠷᠤᠭ᠎ᠠ ᠲᠢᠶᠠᠨ ᠶᠧ ᠠᠵᠢᠯ ᠡᠬᠢᠯᠡᠬᠦ ᠶᠣᠰᠣᠯᠠᠯ᠎ᠳᠤ ᠣᠷᠣᠯᠴᠠᠪᠠ᠃

   ᠲᠣᠰ ᠲᠥᠷᠥᠯ ᠵᠦᠢ᠍ᠯ᠎ᠨᠢ 6 ᠬᠤᠰᠢᠭᠤ ᠲᠣᠭᠤᠷᠢᠭ᠎ᠤᠨ 30 ᠰᠢᠶᠠᠩ ᠪᠠᠯᠭ᠋ᠠᠰᠤ ᠵᠢ ᠬᠠᠮᠤᠷᠴᠤ᠂ ᠵᠠᠰᠠᠭᠰᠠᠨ ᠶᠡᠷᠦᠩᠬᠡᠶ ᠲᠠᠯᠠᠪᠠᠶ᠎ᠨᠢ 32.15 ᠲᠡᠭᠰᠢ ᠳᠥᠷᠪᠡᠯᠵᠢᠨ ᠺᠢᠯᠤᠮᠸᠲᠷ᠂ ᠲᠥᠯᠥᠪᠯᠡᠭᠰᠡᠨ ᠶᠡᠷᠦᠩᠬᠡᠢ ᠪᠡᠯᠡ ᠣᠷᠣᠭᠤᠯᠤᠯᠲᠠ᠎ᠨᠢ ᠪᠠᠷᠤᠭ 5.97 ᠳ᠋ᠦᠩᠰᠢᠭᠤᠷ ᠲᠥᠭᠦᠷᠢᠭ ᠪᠠᠶ᠋ᠢᠵᠤ᠂ ᠡᠭᠦᠨ᠎ᠳᠤ ᠲᠥᠪ᠎ᠤᠨ ᠡᠳ᠋᠎ᠤᠨ ᠵᠠᠰᠠᠭ᠎ᠤᠨ ᠨᠥᠬᠦᠪᠦᠷᠢ ᠵᠢᠨ ᠪᠡᠯᠡ ᠮᠥᠩᠭᠦ᠎ᠨᠢ 3 ᠳ᠋ᠦᠩᠰᠢᠭᠤᠷ ᠲᠥᠭᠦᠷᠢᠭ᠂ ᠣᠷᠳᠣᠰ ᠬᠤᠲᠠ ᠵᠢᠨ ᠡᠳ᠋᠎ᠤᠨ ᠵᠠᠰᠠᠭ᠎ᠤᠨ ᠢᠵᠢ ᠪᠦᠷᠢᠯᠳᠦᠭᠦᠯᠦᠭᠰᠡᠨ ᠪᠡᠯᠡ ᠮᠥᠩᠭᠦ᠎ᠨᠢ 2.67 ᠳ᠋ᠦᠩᠰᠢᠭᠤᠷ ᠲᠥᠭᠦᠷᠢᠭ᠂ 0.3 ᠳ᠋ᠦᠩᠰᠢᠭᠤᠷ ᠲᠥᠭᠦᠷᠢᠭ᠎ᠤᠨ ᠨᠡᠶ᠋ᠢᠭᠡᠮ᠎ᠤᠨ ᠬᠥᠷᠥᠩᠭᠡ ᠵᠢ ᠣᠷᠣᠭᠤᠯᠤᠨ ᠠᠪᠴᠢᠷᠠᠪᠠ᠃ ᠨᠡᠶ᠋ᠢᠲᠡ 14 ᠵᠦᠢ᠍ᠯ᠎ᠤᠨ ᠰᠠᠯᠠᠭ᠎ᠠ ᠲᠥᠷᠥᠯ ᠵᠦᠢ᠍ᠯ᠂ 18 ᠪᠠᠷᠢᠮᠵᠢᠶᠠᠲᠤ ᠬᠡᠰᠡᠭ ᠬᠤᠪᠢᠶᠠᠵᠤ᠂ 461 ᠲᠡᠤᠬᠡᠨ᠎ᠠᠴᠠ ᠦᠯᠡᠳᠡᠭᠳᠡᠵᠦ ᠢᠷᠡᠭᠰᠡᠨ ᠬᠠᠶᠠᠭᠳᠠᠮᠠᠯ ᠠᠭᠤᠷᠬᠠᠶ ᠵᠢᠨ ᠵᠢᠷᠤᠭ ᠲᠣᠯᠪᠤ᠂ 22.43 ᠲᠡᠭᠰᠢ ᠳᠥᠷᠪᠡᠯᠵᠢᠨ ᠺᠢᠯᠤᠮᠸᠲᠷ ᠬᠤᠯᠪᠣᠭᠳᠠᠵᠠᠢ᠃ ᠲᠣᠰ ᠲᠥᠷᠥᠯ ᠵᠦᠢ᠍ᠯ᠎ᠢ ᠬᠡᠷᠡᠭᠵᠢᠭᠦᠯᠪᠡᠯ ᠣᠷᠳᠣᠰ ᠬᠤᠲᠠ ᠵᠢᠨ ᠲᠡᠦᠬᠡᠨ᠎ᠠᠴᠠ ᠦᠯᠡᠳᠡᠭᠳᠡᠵᠦ ᠢᠷᠡᠭᠰᠡᠨ ᠬᠠᠶᠠᠭᠳᠠᠮᠠᠯ ᠠᠭᠤᠷᠬᠠᠶ ᠵᠢᠨ ᠠᠮᠢ ᠠᠬᠤᠶ ᠵᠢ ᠰᠡᠷᠭᠦᠭᠡᠨ ᠵᠠᠰᠠᠬᠤ ᠠᠰᠠᠭᠤᠳᠠᠯ᠎ᠢ ᠪᠦᠲᠦᠮᠵᠢᠲᠡᠶ ᠰᠢᠢ᠍ᠳᠪᠦᠷᠢᠯᠡᠵᠦ᠂ 2025 ᠣᠨ᠎ᠠᠴᠠ ᠡᠮᠦᠨ᠎ᠡ ᠲᠡᠦᠬᠡᠨ᠎ᠠᠴᠠ ᠦᠯᠡᠳᠡᠭᠳᠡᠵᠦ ᠢᠷᠡᠭᠰᠡᠨ ᠬᠠᠶᠠᠭᠳᠠᠮᠠᠯ ᠠᠭᠤᠷᠬᠠᠶ ᠵᠢ ᠵᠠᠰᠠᠬᠤ 《ᠴᠡᠪᠡᠷᠯᠡᠨ ᠠᠷᠢᠯᠭ᠋ᠠᠬᠤ》 ᠬᠠᠷᠠᠯᠲᠠ ᠵᠢ ᠪᠥᠬᠦ ᠲᠠᠯ᠎ᠠ᠎ᠪᠠᠷ ᠪᠡᠶᠡᠯᠡᠭᠦᠯᠵᠦ ᠪᠣᠯᠤᠨ᠎ᠠ᠃

   ᠲᠢᠶᠠᠨ ᠶᠧ ᠠᠵᠢᠯ ᠡᠬᠢᠯᠡᠬᠦ ᠶᠣᠰᠣᠯᠠᠯ ᠳᠡᠭᠡᠷ᠎ᠡ᠂ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ 《ᠳᠡᠭᠡᠳᠦ ᠲᠤᠤᠷᠠᠳᠤ ᠱᠠᠳᠤ᠎ᠪᠠᠷ ᠵᠶ᠋ᠠᠨ ᠬᠤᠯᠪᠣᠯᠴᠠᠬᠤ᠂ ᠵᠡᠭᠦᠨ ᠪᠠᠷᠠᠭᠤᠨ ᠲᠠᠯ᠎ᠠ᠎ᠪᠠᠷ ᠵᠶ᠋ᠠᠨ ᠬᠤᠯᠪᠣᠭ᠋ᠠᠯᠠᠨ ᠬᠥᠳᠡᠯᠦᠯᠴᠡᠬᠦ᠂ ᠠᠵᠢᠯ ᠵᠶ᠋ᠠᠨ ᠬᠤᠪᠢᠶᠠᠷᠢᠯᠠᠨ ᠬᠠᠮᠵᠢᠯᠴᠠᠬᠤ᠂ ᠨᠢᠭᠡᠳᠦᠯᠲᠡᠢ ᠲᠥᠯᠥᠪᠵᠢᠭᠦᠯᠦᠨ ᠨᠠᠶ᠋ᠢᠳᠠᠪᠤᠷᠢᠵᠢᠭᠤᠯᠬᠤ》 ᠠᠵᠢᠯ᠎ᠤᠨ ᠪᠠᠶ᠋ᠢᠷᠢᠰᠢᠯ᠎ᠢ     ᠪᠠᠶ᠋ᠢᠭᠤᠯᠵᠤ᠂ ᠲᠦᠷᠦᠯ ᠵᠦᠢ᠍ᠯ᠎ᠤᠨ ᠬᠡᠷᠡᠭᠵᠢᠭᠦᠯᠦᠯᠲᠡ ᠵᠢ ᠪᠦᠬᠦ ᠬᠦᠴᠦᠨ ᠵᠶ᠋ᠠᠷ ᠠᠬᠢᠭᠤᠯᠵᠤ᠂ ᠲᠦᠷᠦᠯ ᠵᠦᠢ᠍ᠯ᠎ᠤᠨ ᠣᠨ᠎ᠤ ᠠᠮᠵᠢᠯᠲᠠ ᠪᠦᠲᠦᠮᠵᠢ ᠵᠢᠨ ᠬᠠᠷᠠᠯᠲᠠ ᠡᠭᠦᠷᠭᠡ ᠪᠣᠯᠤᠨ ᠶᠡᠷᠦᠩᠬᠡᠢ ᠠᠮᠵᠢᠯᠲᠠ ᠪᠦᠲᠦᠮᠵᠢ ᠵᠢᠨ ᠬᠠᠷᠠᠯᠲᠠ ᠡᠭᠦᠷᠭᠡ ᠵᠢ ᠴᠢᠨᠠᠷ ᠰᠠᠶ᠋ᠢᠲᠠᠢ ᠥᠨᠳᠥᠷ ᠪᠦᠲᠦᠮᠵᠢᠲᠡᠢ ᠪᠡᠶᠡᠯᠡᠭᠦᠯᠬᠦ ᠵᠢ ᠪᠠᠲᠤᠯᠠᠬᠤ ᠬᠡᠷᠡᠭᠲᠡᠢ᠃ ᠬᠡᠷᠡᠭᠵᠢᠭᠦᠯᠬᠦ ᠭᠤᠭᠴᠤᠭ᠎ᠠ᠎ᠳᠤ᠂ ᠲᠥᠷᠥᠯ ᠵᠦᠢ᠍ᠯ᠎ᠢ ᠮᠡᠷᠭᠡᠵᠢᠯ᠎ᠤᠨ ᠵᠢᠱ᠌ᠢᠶ᠎ᠡ ᠦᠵᠡᠭᠦᠯᠬᠦ ᠢᠨᠵᠧᠨᠧᠷᠢᠩ ᠪᠣᠯᠭ᠋ᠠᠵᠤ᠂ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠵᠢᠨ ᠠᠬᠢᠴᠠ ᠵᠢᠨ ᠪᠣᠭᠤᠮᠲᠠ ᠪᠣᠯᠤᠨ ᠶᠠᠰᠤ ᠴᠢᠨᠠᠷ᠎ᠤᠨ ᠪᠣᠭᠤᠮᠲᠠ ᠵᠢ ᠴᠢᠩᠭ᠎ᠠ ᠠᠳᠬᠤᠬᠤ ᠬᠡᠷᠡᠭᠲᠡᠶ; ᠬᠠᠮᠢᠶᠠᠷᠤᠯᠲᠠ ᠵᠢᠨ ᠵᠢᠱ᠌ᠢᠶ᠎ᠡ ᠦᠵᠡᠭᠦᠯᠬᠦ ᠢᠨᠵᠧᠨᠧᠷᠢᠩ ᠪᠣᠯᠭ᠋ᠠᠵᠤ᠂ ᠬᠠᠮᠢᠶᠠᠷᠤᠯᠲᠠ ᠵᠢᠨ ᠶᠠᠪᠤᠴᠠ ᠪᠣᠯᠤᠨ ᠮᠡᠷᠭᠡᠵᠢᠯ᠎ᠤᠨ ᠱᠠᠭ᠋ᠠᠷᠳᠠᠯᠭ᠎ᠠ ᠵᠢ ᠨᠠᠷᠢᠯᠢᠬ᠍ᠵᠢᠭᠤᠯᠵᠤ᠂ ᠲᠥᠷᠥᠯ ᠵᠦᠢ᠍ᠯ᠎ᠢ ᠥᠨᠳᠥᠷ ᠪᠦᠲᠦᠮᠵᠢᠲᠡᠢ ᠬᠡᠷᠡᠭᠵᠢᠭᠦᠯᠬᠦ ᠵᠢ ᠤᠷᠳᠤ ᠬᠤᠭᠤᠴᠠᠭ᠎ᠠ᠎ᠪᠠᠷ ᠠᠬᠢᠭᠤᠯᠬᠤ ᠬᠡᠷᠡᠭᠲᠡᠢ; ᠠᠷᠠᠳ᠎ᠤᠨ ᠰᠡᠳᠬᠢᠯ᠎ᠤᠨ ᠵᠢᠱ᠌ᠢᠶ᠎ᠡ ᠦᠵᠡᠭᠦᠯᠬᠦ ᠢᠨᠵᠧᠨᠧᠷᠢᠩ ᠪᠣᠯᠭ᠋ᠠᠵᠤ᠂ ᠠᠵᠤ ᠠᠬᠤᠢ ᠵᠢᠨ ᠦᠷ᠎ᠡ ᠠᠰᠢᠭ᠂ ᠠᠮᠢ ᠠᠬᠤᠢ ᠵᠢᠨ ᠦᠷ᠎ᠡ ᠠᠰᠢᠭ ᠪᠣᠯᠤᠨ ᠨᠡᠶ᠋ᠢᠭᠡᠮ᠎ᠤᠨ ᠦᠷ᠎ᠡ ᠠᠰᠢᠭ᠎ᠢ ᠦᠨᠡᠨ ᠬᠦ᠌ ᠢᠯᠡᠷᠡᠭᠦᠯᠬᠦ ᠬᠡᠷᠡᠭᠲᠡᠢ; ᠠᠮᠤᠷ ᠲᠦᠪᠰᠢᠨ᠎ᠤ ᠵᠢᠱ᠌ᠢᠶ᠎ᠡ ᠦᠵᠡᠭᠦᠯᠬᠦ ᠢᠨᠵᠧᠨᠧᠷᠢᠩ ᠪᠣᠯᠭ᠋ᠠᠨ ᠪᠠᠶ᠋ᠢᠭᠤᠯᠵᠤ᠂ ᠲᠥᠷᠥᠯ ᠵᠦᠢ᠍ᠯ᠎ᠤᠨ ᠤᠷᠤᠭᠰᠢᠲᠠᠶ ᠬᠡᠷᠡᠭᠵᠢᠭᠦᠯᠦᠭᠳᠡᠬᠦ ᠵᠢ ᠪᠠᠲᠤᠯᠠᠬᠤ ᠬᠡᠷᠡᠭᠲᠡᠶ ᠭᠡᠵᠦ ᠬᠡᠯᠡᠪᠡ᠃

   ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠤᠨ ᠬᠣᠯᠪᠣᠭᠳᠠᠯ ᠪᠥᠬᠦᠶ ᠭᠠᠵᠠᠷ ᠠᠯᠪᠠᠨ ᠬᠡᠷ᠂ ᠥᠪᠡᠷᠲᠡᠭᠡᠨ ᠵᠠᠰᠠᠬᠤ ᠣᠷᠣᠨ᠎ᠤ ᠭᠠᠵᠠᠷ ᠰᠢᠨᠵᠢᠯᠡᠭᠡᠨ᠎ᠤ ᠪᠠᠶ᠋ᠢᠴᠠᠭ᠋ᠠᠯᠲᠠ ᠵᠢᠨ ᠰᠤᠳᠤᠯᠭ᠋ᠠᠨ᠎ᠤ ᠬᠦᠷᠢᠶᠡᠯᠡᠩ᠂ ᠣᠷᠳᠣᠰ ᠬᠤᠲᠠ ᠵᠢᠨ ᠵᠠᠰᠠᠭ᠎ᠤᠨ ᠣᠷᠳᠣᠨ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ᠂ ᠳᠠᠯᠠᠳ ᠬᠤᠰᠢᠭᠤ᠂ ᠳ᠋ᠦᠩᠱ᠌ᠧᠩ ᠲᠣᠭᠤᠷᠢᠭ ᠵᠡᠷᠭᠡ 6 ᠬᠣᠯᠪᠣᠭᠳᠠᠯ ᠪᠥᠬᠦᠶ ᠬᠤᠰᠢᠭᠤ ᠲᠣᠭᠤᠷᠢᠭ᠎ᠤᠨ ᠵᠠᠰᠠᠭ᠎ᠤᠨ ᠣᠷᠳᠣᠨ ᠵᠢᠴᠢ ᠰᠠᠯᠠᠭ᠎ᠠ ᠮᠥᠴᠢᠷ᠎ᠤᠨ ᠲᠥᠯᠥᠭᠡᠯᠡᠭᠴᠢ ᠪᠠᠷᠢᠯᠭ᠎ᠠ ᠡᠬᠢᠯᠡᠬᠦ ᠶᠣᠰᠣᠯᠠᠯ᠎ᠳᠤ ᠣᠷᠣᠯᠴᠠᠪᠠ᠃

 

ᠢᠷᠡᠯᠲᠡ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ