《ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠤᠨ ᠬᠠᠮᠢᠶᠠᠷᠤᠯᠲᠠ ᠵᠢᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠵᠦᠢ᠍ᠯᠡᠰ᠎ᠤᠨ ᠲᠤᠬᠠᠶ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ᠎ᠤ ᠰᠠᠨᠠᠯ》᠎ᠢ ᠤᠯᠠᠮ ᠨᠢᠭᠡ ᠠᠯᠬᠤᠮ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠪᠥᠬᠦ ᠣᠷᠣᠨ᠎ᠤ ᠪᠠᠷᠢᠯᠭ᠎ᠠ᠎ᠳᠤ ᠬᠡᠷᠡᠭᠯᠡᠬᠦ ᠬᠠᠶ᠋ᠢᠷ ᠴᠢᠯᠠᠭᠤᠨ᠎ᠤ ᠠᠭᠤᠷᠬᠠᠶ ᠵᠢᠨ 《ᠴᠡᠪᠡᠷ ᠠᠭᠤᠷᠬᠠᠶ》 ᠵᠢ ᠰᠢᠯᠵᠢᠭᠦᠯᠦᠨ ᠬᠤᠳᠠᠯᠳᠤᠬᠤ ᠵᠢ ᠲᠦᠷᠭᠡᠳᠬᠡᠨ ᠠᠬᠢᠭᠤᠯᠬᠤ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ 《ᠲᠤᠷᠰᠢᠯᠲᠠ ᠵᠢᠨ ᠴᠡᠭ᠎ᠲᠤ ᠤᠷᠢᠳ ᠵᠶ᠋ᠠᠷ ᠬᠡᠷᠡᠭᠵᠢᠭᠦᠯᠵᠦ᠂ ᠪᠥᠬᠦ ᠲᠠᠯ᠎ᠠ᠎ᠪᠠᠷ ᠳᠡᠯᠭᠡᠷᠡᠭᠦᠯᠬᠦ》 ᠵᠠᠷᠴᠢᠮ ᠶᠣᠰᠣᠭ᠋ᠠᠷ᠂ ᠰᠢᠯᠢ ᠵᠢᠨ ᠭᠤᠤᠯ ᠠᠶ᠋ᠢᠮᠠᠭ᠎ᠠᠴᠠ ᠰᠥᠨᠢᠳ ᠪᠠᠷᠠᠭᠤᠨ ᠬᠤᠰᠢᠭᠤ᠂ ᠰᠢᠯᠤᠭᠤᠨ ᠬᠥᠬᠡ ᠬᠤᠰᠢᠭᠤ᠂ ᠳᠣᠯᠣᠨᠨᠠᠭᠤᠷ ᠰᠢᠶᠠᠨ ᠵᠡᠷᠭᠡ ᠭᠠᠵᠠᠷ ᠣᠷᠣᠨ᠎ᠢ ᠰᠣᠩᠭᠤᠨ ᠠᠪᠴᠤ᠂ 《ᠴᠡᠪᠡᠷ ᠠᠭᠤᠷᠬᠠᠶ》 ᠵᠢ ᠰᠢᠯᠵᠢᠭᠦᠯᠦᠨ ᠥᠭᠬᠦ ᠲᠤᠷᠰᠢᠯᠲᠠ ᠵᠢᠨ ᠠᠵᠢᠯ᠎ᠢ ᠤᠷᠢᠳ ᠵᠶ᠋ᠠᠷ ᠥᠷᠨᠢᠭᠦᠯᠬᠦ᠎ᠪᠠᠷ ᠲᠣᠭᠲᠠᠭ᠋ᠠᠪᠠ᠃ ᠰᠢᠯᠢ ᠵᠢᠨ ᠭᠤᠤᠯ ᠠᠶ᠋ᠢᠮᠠᠭ᠎ᠤᠨ ᠨᠠᠮ᠎ᠤᠨ ᠬᠤᠷᠢᠶ᠎ᠠ᠂ ᠠᠶ᠋ᠢᠮᠠᠭ᠎ᠤᠨ ᠵᠠᠬᠢᠷᠭ᠎ᠠ ᠲᠣᠰ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠣᠳᠣᠬᠠᠨ᠎ᠳᠤ ᠰᠢᠯᠢ ᠵᠢᠨ ᠭᠤᠤᠯ ᠠᠶ᠋ᠢᠮᠠᠭ᠎ᠤᠨ ᠾᠧᠢ ᠴᠸᠩ ᠽᠢ ᠵᠢᠨ ᠪᠠᠶ ᠱ᠌ᠢ ᠲᠸᠦ ᠭ᠋ᠸᠦ ᠪᠠᠷᠢᠯᠭ᠎ᠠ᠎ᠳᠤ ᠬᠡᠷᠡᠭᠯᠡᠬᠦ ᠴᠢᠯᠠᠭᠤᠨ ᠮᠠᠲ᠋ᠧᠷᠢᠶᠠᠯ᠎ᠤᠨ ᠠᠭᠤᠷᠬᠠᠶ ᠮᠠᠯᠲᠠᠬᠤ ᠡᠷᠬᠡ ᠵᠢ ᠠᠭᠤᠷᠬᠠᠶ ᠵᠢᠨ ᠣᠷᠣᠨ᠎ᠤ ᠬᠡᠪᠴᠢᠶᠡᠨ᠎ᠳᠤ ᠲᠤᠬᠠᠶ ᠵᠢᠨ ᠭᠠᠵᠠᠷ᠎ᠲᠤᠨᠢ ᠬᠠᠶ᠋ᠢᠨ ᠰᠢᠨᠵᠢᠯᠡᠯᠲᠡ ᠬᠢᠵᠦ᠂ ᠠᠭᠤᠷᠬᠠᠶ ᠮᠠᠯᠲᠠᠬᠤ ᠡᠷᠬᠡ ᠵᠢ ᠰᠢᠯᠵᠢᠭᠦᠯᠦᠨ ᠬᠤᠳᠠᠯᠳᠤᠬᠤ ᠲᠥᠯᠥᠪᠯᠡᠭᠡ ᠵᠢ ᠨᠠᠶ᠋ᠢᠷᠠᠭᠤᠯᠤᠨ ᠵᠣᠬᠢᠶᠠᠵᠤ ᠳᠠᠭᠤᠰᠬᠠᠨ᠂ ᠤᠯᠤᠰ᠎ᠤᠨ ᠥᠮᠴᠢᠯᠡᠯᠲᠦ ᠡᠳ᠋ ᠬᠥᠷᠥᠩᠭᠡ ᠵᠢᠨ ᠺᠣᠮᠫᠠᠨᠢ ᠶᠠᠭ ᠭᠤᠷᠪᠠᠳᠠᠬᠢ ᠡᠲᠡᠭᠡᠳ᠎ᠲᠤ ᠨᠠᠶ᠋ᠢᠳᠠᠵᠤ ᠭᠠᠵᠠᠷ ᠰᠢᠨᠵᠢᠯᠡᠭᠡᠨ᠎ᠤ ᠬᠠᠶ᠋ᠢᠨ ᠪᠠᠶ᠋ᠢᠴᠠᠭ᠋ᠠᠯᠲᠠ᠂ ᠨᠡᠭᠡᠭᠡᠨ ᠠᠰᠢᠭᠯᠠᠬᠤ ᠲᠥᠰᠦᠯ᠎ᠢ ᠨᠠᠶ᠋ᠢᠷᠠᠭᠤᠯᠤᠨ ᠵᠣᠬᠢᠶᠠᠬᠤ ᠵᠡᠷᠭᠡ ᠡᠮᠦᠨᠡᠬᠢ ᠬᠤᠭᠤᠴᠠᠭ᠋ᠠᠨ᠎ᠤ ᠬᠠᠮᠢᠶ᠎ᠠ ᠪᠦᠬᠦᠢ ᠠᠵᠢᠯ᠎ᠢ ᠥᠷᠨᠢᠭᠦᠯᠵᠦ᠂ ᠵᠢᠱ᠌ᠢᠯᠲᠡ᠎ᠪᠠᠷ 9 ᠳ᠋ᠦ᠍ᠭᠡᠷ ᠰᠠᠷ᠎ᠠ ᠵᠢᠨ ᠰᠡᠭᠦᠯᠴᠢ᠎ᠠᠴᠠ ᠡᠮᠦᠨ᠎ᠡ ᠪᠥᠬᠦ ᠣᠷᠣᠨ᠎ᠤ ᠠᠩᠬᠠᠳᠠᠭᠴᠢ ᠪᠠᠷᠢᠯᠭ᠎ᠠ᠎ᠳᠤ ᠬᠡᠷᠡᠭᠯᠡᠬᠦ ᠬᠠᠶ᠋ᠢᠷ ᠴᠢᠯᠠᠭᠤᠨ᠎ᠤ ᠠᠭᠤᠷᠬᠠᠶ ᠵᠢᠨ ᠦᠢ᠍ᠯᠡᠰ᠎ᠤᠨ ᠡᠷᠬᠡ ᠵᠢᠨ 《ᠴᠡᠪᠡᠷ ᠠᠭᠤᠷᠬᠠᠶ》 ᠵᠢ ᠰᠢᠯᠵᠢᠭᠦᠯᠦᠨ ᠬᠤᠳᠠᠯᠳᠤᠬᠤ ᠵᠢ ᠪᠡᠶᠡᠯᠡᠭᠦᠯᠦᠨ᠎ᠡ᠃ ᠲᠣᠰ ᠠᠭᠤᠷᠬᠠᠶ ᠵᠢᠨ ᠦᠢ᠍ᠯᠡᠰ᠎ᠤᠨ ᠡᠷᠬᠡ ᠵᠢᠨ 《ᠴᠡᠪᠡᠷ ᠠᠭᠤᠷᠬᠠᠶ》 ᠵᠢ ᠰᠢᠯᠵᠢᠭᠦᠯᠦᠨ ᠬᠤᠳᠠᠯᠳᠤᠬᠤ᠎ᠳᠤ᠂ ᠤᠯᠤᠰ᠎ᠤᠨ ᠭᠤᠤᠯᠳᠠᠯᠭ᠎ᠠ᠎ᠲᠠᠢ ᠲᠥᠷᠥᠯ ᠵᠦᠢ᠍ᠯ ᠪᠣᠯᠬᠤ᠎ᠲᠠᠢ ᠽᠢ ᠴᠸᠩ ᠥᠷᠲᠡᠭᠡ- ᠰᠢᠯᠢᠩᠬᠤᠲᠠ ᠥᠷᠳᠡᠭᠡ ᠬᠦᠷᠬᠦ ᠲᠡᠮᠦᠷ ᠵᠠᠮ᠎ᠤᠨ ᠱᠤᠭᠤᠮ᠎ᠤᠨ ᠪᠥᠲᠥᠭᠡᠨ ᠪᠠᠶ᠋ᠢᠭᠤᠯᠤᠯᠲᠠ ᠵᠢᠨ ᠬᠠᠶ᠋ᠢᠷ ᠴᠢᠯᠠᠭᠤ ᠵᠢᠨ ᠬᠡᠷᠡᠭᠴᠡᠭᠡ ᠱᠠᠭ᠋ᠠᠷᠳᠠᠯᠭ᠎ᠠ ᠵᠢ ᠲᠦᠢ᠍ᠯ᠎ᠤᠨ ᠶᠡᠭᠡ᠎ᠪᠠᠷ ᠪᠠᠲᠤᠯᠠᠬᠤ ᠪᠣᠯᠤᠨ᠎ᠠ᠃
ᠰᠢᠯᠢ ᠵᠢᠨ ᠭᠤᠤᠯ ᠠᠶ᠋ᠢᠮᠠᠭ᠎ᠤᠨ ᠪᠠᠷᠢᠯᠭ᠎ᠠ᠎ᠳᠤ ᠬᠡᠷᠡᠭᠯᠡᠬᠦ ᠬᠠᠶ᠋ᠢᠷ ᠴᠢᠯᠠᠭᠤᠨ᠎ᠤ ᠠᠭᠤᠷᠬᠠᠶ ᠵᠢᠨ ᠦᠢ᠍ᠯᠡᠰ᠎ᠤᠨ ᠡᠷᠬᠡ ᠵᠢᠨ 《ᠴᠡᠪᠡᠷ ᠠᠭᠤᠷᠬᠠᠶ》 ᠵᠢ ᠰᠢᠯᠵᠢᠭᠦᠯᠦᠨ ᠬᠤᠳᠠᠯᠳᠤᠬᠤ ᠲᠤᠷᠰᠢᠯᠲᠠ ᠵᠢᠨ ᠴᠡᠭ᠎ᠤᠨ ᠠᠵᠢᠯ᠎ᠨᠢ ᠨᠢᠭᠡᠨᠲᠡ ᠮᠠᠨ᠎ᠤ ᠣᠷᠣᠨ᠎ᠤ ᠠᠷᠠᠳ ᠨᠡᠶ᠋ᠢᠲᠡ ᠵᠢᠨ ᠥᠮᠴᠢᠯᠡᠯᠲᠦ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠡᠳ᠋ ᠬᠥᠷᠥᠩᠭᠡ ᠵᠢᠨ ᠥᠮᠴᠢᠯᠡᠯ᠎ᠤᠨ ᠡᠷᠬᠡ ᠵᠢᠨ ᠨᠠᠶ᠋ᠢᠳᠠᠵᠤ ᠣᠷᠣᠯᠠᠬᠤ ᠵᠣᠬᠢᠴᠠᠮᠵᠢ ᠵᠢᠨ ᠲᠤᠷᠰᠢᠯᠲᠠ ᠵᠢᠨ ᠴᠡᠭ᠎ᠤᠨ ᠨᠡᠶ᠋ᠢᠲᠡᠯᠢᠭ ᠬᠡᠷᠡᠭ᠎ᠤᠨ ᠵᠢᠱ᠌ᠢᠶ᠎ᠡ᠎ᠪᠠᠷ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ᠎ᠳᠤ ᠮᠡᠳᠡᠭᠦᠯᠪᠡ᠃
《ᠴᠡᠪᠡᠷ ᠠᠭᠤᠷᠬᠠᠶ》 ᠵᠢ ᠰᠢᠯᠵᠢᠭᠦᠯᠦᠨ ᠬᠤᠳᠠᠯᠳᠤᠬᠤ ᠠᠵᠢᠯ᠎ᠢ ᠯᠠᠪᠳᠠᠭᠤᠨ ᠪᠠᠲᠤᠲᠠᠶ ᠠᠬᠢᠭᠤᠯᠬᠤ ᠵᠢ ᠪᠠᠲᠤᠯᠠᠬᠤ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠤᠨ ᠵᠢᠯᠣᠭᠤᠳᠬᠤ ᠳᠤᠭᠤᠶ᠋ᠢᠯᠠᠩ ᠰᠢᠯᠢ ᠵᠢᠨ ᠭᠤᠤᠯ ᠠᠶ᠋ᠢᠮᠠᠭ᠎ᠲᠤ ᠬᠦᠷᠴᠦ ᠠᠭᠤᠷᠬᠠᠶ ᠵᠢᠨ ᠦᠢ᠍ᠯᠡᠰ᠎ᠤᠨ ᠡᠷᠬᠡ ᠵᠢ ᠬᠢᠨᠠᠨ ᠵᠥᠪᠰᠢᠶᠡᠷᠡᠬᠦ᠂ 《ᠴᠡᠪᠡᠷ ᠠᠭᠤᠷᠬᠠᠶ》 ᠵᠢ ᠰᠢᠯᠵᠢᠭᠦᠯᠦᠨ ᠬᠤᠳᠠᠯᠳᠤᠬᠤ ᠵᠡᠷᠭᠡ ᠬᠠᠮᠢᠶ᠎ᠠ ᠪᠥᠬᠦᠶ ᠠᠵᠢᠯ᠎ᠤᠨ ᠲᠤᠬᠠᠶ ᠲᠤᠬᠠᠶ ᠵᠢᠨ ᠲᠠᠯᠠᠪᠠᠶ᠎ᠳᠤ᠎ᠨᠢ ᠵᠢᠯᠣᠭᠤᠳᠣᠯᠭ᠎ᠠ ᠥᠷᠨᠢᠭᠦᠯᠪᠡ᠃ ᠪᠠᠷᠢᠯᠭ᠎ᠠ᠎ᠳᠤ ᠬᠡᠷᠡᠭᠯᠡᠬᠦ ᠬᠠᠶ᠋ᠢᠷ ᠴᠢᠯᠠᠭᠤᠨ᠎ᠤ ᠠᠭᠤᠷᠬᠠᠶ ᠵᠢᠨ 《ᠴᠡᠪᠡᠷ ᠠᠭᠤᠷᠬᠠᠶ》 ᠵᠢ ᠰᠢᠯᠵᠢᠭᠦᠯᠦᠨ ᠬᠤᠳᠠᠯᠳᠤᠬᠤ ᠠᠵᠢᠯ᠎ᠢ ᠳᠥᠯᠭᠢᠨ ᠠᠬᠢᠭᠤᠯᠬᠤ ᠪᠣᠯ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ᠎ᠤ 《ᠬᠤᠶᠠᠷ ᠰᠢᠯᠢᠳᠡᠭ》 ᠲᠤᠰᠬᠠᠶ ᠠᠵᠢᠯᠯᠠᠭ᠎ᠠ ᠵᠢ ᠪᠥᠬᠦ ᠲᠠᠯ᠎ᠠ᠎ᠪᠠᠷ ᠨᠠᠶ᠋ᠢᠳᠠᠪᠤᠷᠢᠵᠢᠭᠤᠯᠬᠤ᠂ ᠠᠭᠤᠷᠬᠠᠶ ᠵᠢᠨ ᠦᠢ᠍ᠯᠡᠰ᠎ᠤᠨ ᠡᠷᠬᠡ ᠵᠢ ᠰᠢᠯᠵᠢᠭᠦᠯᠦᠨ ᠬᠤᠳᠠᠯᠳᠤᠬᠤ ᠲᠠᠰ ᠳᠠᠷᠠᠭ᠋ᠠᠯᠠᠯ᠎ᠢ ᠰᠢᠯᠢᠳᠡᠭᠵᠢᠭᠦᠯᠬᠦ᠂ ᠦᠢ᠍ᠯᠡᠴᠢᠯᠡᠭᠡᠨ᠎ᠤ ᠦᠷ᠎ᠡ ᠪᠦᠲᠦᠮᠵᠢ ᠵᠢ ᠳᠡᠭᠡᠭᠰᠢᠯᠡᠭᠦᠯᠬᠦ ᠵᠢᠨ ᠪᠣᠳᠠᠲᠠᠶ ᠢᠯᠡᠷᠡᠯ ᠮᠥᠨ᠂ 《ᠴᠡᠪᠡᠷ ᠠᠭᠤᠷᠬᠠᠶ》 ᠵᠢ ᠰᠢᠯᠵᠢᠭᠦᠯᠦᠨ ᠬᠤᠳᠠᠯᠳᠤᠬᠤ᠎ᠪᠠᠷ ᠳᠠᠮᠵᠢᠭᠤᠯᠤᠨ᠂ ᠠᠵᠤ ᠠᠬᠤᠶ᠋ᠢᠯᠠᠯ᠎ᠤᠨ ᠦᠨᠡᠮᠯᠡᠯ ᠠᠪᠤᠮᠠᠭᠴᠠ ᠳᠠᠷᠤᠶᠳᠤᠨᠢ ᠠᠵᠢᠯ ᠡᠬᠢᠯᠡᠭᠦᠯᠬᠦ ᠵᠢ ᠪᠡᠶᠡᠯᠡᠭᠦᠯᠵᠦ ᠪᠣᠯᠤᠨ᠎ᠠ᠃