ᠥᠪᠥᠷ ᠮᠣᠩᠭᠤᠯ᠎ᠤᠨ 《ᠭᠠᠵᠠᠷ ᠰᠢᠷᠣᠶ ᠵᠢᠨ ᠬᠡᠲᠦ ᠳᠡᠯᠭᠡᠭᠦᠷ》᠎ᠤᠨ ᠨᠡᠶ᠋ᠢᠲᠡ ᠵᠢᠨ ᠬᠡᠪᠯᠡᠯ᠎ᠢ ᠵᠢᠩᠬᠢᠨᠢ᠎ᠪᠠᠷ ᠰᠦᠯᠵᠢᠶᠡᠨ᠎ᠳᠤ ᠭᠠᠷᠭ᠋ᠠᠵᠤ ᠠᠵᠢᠯᠯᠠᠭᠤᠯᠪᠠ
2023-08-25

   ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ᠎ᠤ 《ᠭᠠᠵᠠᠷ ᠰᠢᠷᠣᠶ ᠵᠢ ᠶᠡᠷᠦᠩᠬᠡᠶ᠋ᠢᠯᠡᠨ ᠴᠡᠭᠴᠡᠯᠡᠨ ᠵᠠᠰᠠᠬᠤ ᠵᠢ ᠭᠦᠨᠵᠡᠭᠡᠶ᠋ᠢᠷᠡᠭᠦᠯᠵᠦ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠲᠤᠬᠠᠶ ᠵᠢᠯᠣᠭᠤᠳᠬᠤ ᠰᠠᠨᠠᠯ》᠎ᠤᠨ ᠬᠤᠯᠪᠣᠭᠳᠠᠯ ᠪᠥᠬᠦᠶ ᠱᠠᠭ᠋ᠠᠷᠳᠠᠯᠭ᠎ᠠ ᠵᠢ ᠲᠤᠭᠤᠰᠢᠯᠠᠭᠤᠯᠵᠤ᠂ ᠭᠠᠵᠠᠷ ᠰᠢᠷᠣᠶ ᠵᠢᠨ ᠡᠯᠧᠮᠧᠨ᠋ᠲ᠎ᠢ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠵᠢ ᠤᠯᠠᠮ ᠨᠢᠭᠡ ᠠᠯᠬᠤᠮ ᠳᠥᠯᠭᠢᠨ ᠠᠬᠢᠭᠤᠯᠵᠤ᠂ ᠲᠥᠷᠥᠯ ᠵᠦᠢ᠍ᠯ᠎ᠢ ᠨᠠᠶ᠋ᠢᠳᠠᠪᠤᠷᠢᠵᠢᠭᠤᠯᠬᠤ ᠦᠷ᠎ᠡ ᠪᠦᠲᠦᠮᠵᠢ ᠵᠢ ᠪᠦᠲᠦᠮᠵᠢᠲᠡᠶ ᠳᠡᠭᠡᠭᠰᠢᠯᠡᠭᠦᠯᠦᠨ᠂ ᠭᠠᠵᠠᠷ ᠰᠢᠷᠣᠶ ᠵᠢᠨ ᠡᠬᠢ ᠪᠠᠶᠠᠯᠢᠭ᠎ᠢ ᠠᠰᠢᠭᠯᠠᠬᠤ ᠬᠢᠷᠢ ᠲᠦᠪᠰᠢᠨ᠎ᠢ ᠳᠡᠭᠡᠭᠰᠢᠯᠡᠭᠦᠯᠬᠦ ᠵᠢᠨ ᠲᠥᠯᠥᠭᠡ᠂ 8  ᠳ᠋ᠤᠭ᠋ᠠᠷ ᠰᠠᠷ᠎ᠠ ᠵᠢᠨ 3᠎ᠤ ᠡᠳᠦᠷ᠂ ᠥᠪᠥᠷ ᠮᠣᠩᠭᠤᠯ᠎ᠤᠨ 《ᠭᠠᠵᠠᠷ ᠰᠢᠷᠣᠶ ᠵᠢᠨ ᠬᠡᠲᠦ ᠳᠡᠯᠭᠡᠭᠦᠷ》᠎ᠢ ᠵᠢᠩᠬᠢᠨᠢ᠎ᠪᠠᠷ ᠰᠦᠯᠵᠢᠶᠡᠨ᠎ᠳᠤ ᠭᠠᠷᠭ᠋ᠠᠨ  ᠲᠤᠷᠰᠢᠨ ᠠᠵᠢᠯᠯᠠᠭᠤᠯᠵᠤ᠂ ᠠᠵᠤ ᠠᠬᠤᠶ᠋ᠢᠯᠠᠯ ᠪᠠ ᠨᠡᠶ᠋ᠢᠭᠡᠮ ᠨᠡᠶ᠋ᠢᠲᠡ ᠵᠢᠨ 《ᠰᠦᠯᠵᠢᠶᠡᠨ ᠳᠡᠭᠡᠷ᠎ᠡ᠎ᠠᠴᠠ ᠭᠠᠵᠠᠷ ᠰᠢᠷᠣᠶ   ᠦᠵᠡᠵᠦ᠂ ᠰᠦᠯᠵᠢᠶᠡᠨ  ᠳᠡᠭᠡᠷ᠎ᠡ᠎ᠠᠴᠠ ᠭᠠᠵᠠᠷ ᠰᠣᠩᠭᠤᠬᠤ》 ᠵᠢ ᠪᠡᠶᠡᠯᠡᠭᠦᠯᠪᠡ᠃

  8 ᠳ᠋ᠤᠭ᠋ᠠᠷ ᠰᠠᠷ᠎ᠠ ᠵᠢᠨ 24᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ ᠥᠪᠡᠷᠲᠡᠭᠡᠨ ᠵᠠᠰᠠᠬᠤ ᠣᠷᠣᠨ᠎ᠤ ᠲᠣᠮᠣ ᠳ᠋ᠠᠶ᠋ᠢᠲ᠋ᠠ ᠵᠢᠨ ᠲᠥᠪ ᠪᠠ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠪᠴᠢᠶ᠎ᠠ᠎ᠲᠠᠢ ᠭᠦᠢ᠍ᠴᠡᠳ ᠵᠣᠯᠭ᠋ᠠᠭᠤᠯᠬᠤ᠎ᠪᠠᠷ ᠳᠠᠮᠵᠢᠭᠤᠯᠤᠨ᠂ ᠥᠪᠥᠷ ᠮᠣᠩᠭᠤᠯ᠎ᠤᠨ 《ᠭᠠᠵᠠᠷ ᠰᠢᠷᠣᠶ ᠵᠢᠨ ᠬᠡᠲᠦ ᠳᠡᠯᠭᠡᠭᠦᠷ》᠎ᠤᠨ  ᠨᠡᠶ᠋ᠢᠲᠡ ᠵᠢᠨ ᠬᠡᠪᠯᠡᠯ (https://zrzy.nmg.gov.cn/tdcsopen/)᠎ᠢ ᠵᠢᠩᠬᠢᠨᠢ᠎ᠪᠠᠷ ᠠᠵᠢᠯᠯᠠᠭᠤᠯᠪᠠ᠃ ᠣᠯᠠᠨ ᠨᠡᠶ᠋ᠢᠲᠡ᠎ᠪᠠᠷ ᠵᠶ᠋ᠠᠨ ᠢᠨᠲ᠋ᠧᠷ ᠰᠦᠯᠵᠢᠶᠡᠨ ᠳᠡᠭᠡᠷ᠎ᠡ 《ᠭᠠᠵᠠᠷ ᠰᠢᠷᠣᠶ ᠵᠢᠨ ᠬᠡᠲᠦ ᠳᠡᠯᠭᠡᠭᠦᠷ》᠎ᠤᠨ ᠬᠠᠶᠢᠭ᠎ᠢ ᠣᠷᠣᠭᠤᠯᠵᠤ  ᠰᠢᠭᠤᠳ ᠡᠷᠢᠵᠦ ᠪᠣᠯᠣᠨ᠎ᠠ᠂ ᠪᠠᠰᠠ  ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠤᠨ ᠫᠣᠷᠲᠸᠯ  ᠰᠦᠯᠵᠢᠶᠡᠨ᠎ᠤ ᠠᠷᠠᠳ᠎ᠲᠤ ᠲᠥᠬᠦᠮ ᠦᠵᠡᠭᠦᠯᠬᠦ ᠬᠡᠷᠡᠭᠯᠡᠭᠡᠨ᠎ᠤ ᠬᠡᠰᠡᠭ᠎ᠢ ᠭᠦᠶᠦᠯᠭᠡᠨ ᠦᠵᠡᠵᠦ᠂ ᠬᠠᠮᠢᠶ᠎ᠠ ᠪᠥᠬᠦᠶ ᠮᠡᠳᠡᠭᠡ ᠵᠠᠩᠭᠢ ᠵᠢ ᠣᠶ᠋ᠢᠯᠠᠭ᠋ᠠᠵᠤ ᠪᠣᠯᠤᠨ᠎ᠠ᠃

   ᠣᠶ᠋ᠢᠷ᠎ᠠ ᠵᠢᠨ ᠬᠤᠭᠤᠴᠠᠭ᠋ᠠᠨ᠎ᠳᠤ᠂ 《ᠭᠠᠵᠠᠷ ᠰᠢᠷᠣᠶ ᠵᠢᠨ ᠬᠡᠲᠦ ᠳᠡᠯᠭᠡᠭᠦᠷ》᠎ᠤᠨ ᠨᠢᠭᠡᠳᠦᠭᠡᠷ ᠳᠡᠰ᠎ᠤᠨ ᠵᠠᠬ᠎ᠠ ᠳᠡᠯᠭᠡᠭᠦᠷ᠎ᠲᠤ᠂ ᠬᠢᠩᠭ᠋ᠠᠨ ᠠᠶ᠋ᠢᠮᠠᠭ᠎ᠤᠨ 1 ᠠᠵᠤ ᠦᠢ᠍ᠯᠡᠳᠪᠦᠷᠢ ᠵᠢᠨ 《ᠪᠠᠷᠢᠮᠵᠢᠶᠠᠲᠤ ᠭᠠᠵᠠᠷ》 (16.2 ᠮᠥ᠍)᠎ᠢ ᠠᠮᠵᠢᠯᠲᠠ᠎ᠲᠠᠢ ᠠᠷᠠᠯᠵᠢᠶᠠᠯᠠᠭᠰᠠᠨ᠎ᠤ  ᠬᠠᠮᠲᠤ ᠤᠯᠤᠰ᠎ᠤᠨ ᠥᠮᠴᠢᠯᠡᠯ᠎ᠤᠨ ᠪᠥᠲᠥᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠤᠨ ᠬᠡᠷᠡᠭᠯᠡᠬᠦ ᠡᠷᠬᠡ ᠵᠢ ᠰᠢᠯᠵᠢᠭᠦᠯᠦᠨ ᠥᠭᠬᠦ ᠭᠡᠷ᠎ᠡ᠎ᠳᠤ ᠭᠠᠷ᠎ᠤᠨ ᠥᠰᠥᠭ ᠵᠢᠷᠤᠪᠠ᠃ 4 ᠬᠡᠰᠡᠭ ᠬᠤᠲᠠ ᠪᠠᠯᠭ᠋ᠠᠰᠤᠨ᠎ᠤ ᠬᠡᠷᠡᠭᠯᠡᠬᠦ ᠭᠠᠵᠠᠷ (132.97 ᠮᠥ᠍)᠎ᠲᠤ ᠭᠠᠵᠠᠷ ᠬᠡᠷᠡᠭᠯᠡᠬᠦ ᠰᠠᠨᠠᠭ᠎ᠠ᠎ᠲᠠᠢ ᠬᠥᠮᠦᠰ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶᠠᠨ᠎ᠤ ᠲᠥᠪ᠎ᠤᠨ ᠲᠠᠪᠴᠠᠩ᠎ᠳᠤ ᠫᠠᠶ᠋ᠢᠰᠠ ᠡᠯᠭᠦᠵᠦ  ᠪᠠᠶ᠋ᠢᠨ᠎ᠠ᠃ 3 ᠠᠵᠤ ᠦᠢ᠍ᠯᠡᠳᠪᠦᠷᠢ ᠵᠢᠨ ᠬᠡᠷᠡᠭᠯᠡᠬᠦ ᠭᠠᠵᠠᠷ (472.77 ᠮᠥ᠍)᠎ᠲᠤ ᠭᠠᠵᠠᠷ ᠬᠠᠩᠭ᠋ᠠᠬᠤ ᠰᠠᠨᠠᠮᠵᠢ᠎ᠲᠠᠢ ᠬᠥᠮᠦᠰ ᠣᠯᠠᠨ ᠪᠠᠶ᠋ᠢᠵᠤ᠂ ᠭᠠᠵᠠᠷ ᠬᠠᠩᠭ᠋ᠠᠬᠤ ᠭᠠᠷᠳᠠᠮ᠎ᠢ ᠲᠦᠷ ᠭᠦᠢ᠍ᠴᠡᠳᠭᠡᠭᠰᠡᠨ  ᠥᠬᠡᠶ᠃

   ᠲᠠᠷᠠᠭ᠋ᠠᠴᠢ ᠵᠢᠨ ᠠᠯᠬᠤᠮ᠎ᠳᠤ᠂ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠠᠴᠠ ᠥᠪᠥᠷ ᠮᠣᠩᠭᠤᠯ᠎ᠤᠨ 《ᠭᠠᠵᠠᠷ ᠰᠢᠷᠣᠶ ᠵᠢᠨ ᠬᠡᠲᠦ ᠳᠡᠯᠭᠡᠭᠦᠷ》᠎ᠢ ᠪᠥᠬᠦ ᠣᠷᠣᠨ᠎ᠳᠤ ᠳᠡᠯᠭᠡᠷᠡᠭᠦᠯᠦᠨ ᠬᠡᠷᠡᠭᠯᠡᠬᠦ ᠵᠢ ᠠᠬᠢᠭᠤᠯᠵᠤ᠂ ᠭᠠᠵᠠᠷ ᠰᠢᠷᠣᠶ ᠵᠢᠨ ᠬᠡᠲᠦ ᠳᠡᠯᠭᠡᠭᠦᠷ᠎ᠤᠨ ᠪᠠᠷᠠᠭ᠋ᠠᠨ᠎ᠤ ᠢᠷᠡᠯᠲᠡ ᠵᠢ ᠲᠠᠰᠤᠷᠠᠯᠲᠠ ᠥᠬᠡᠶ ᠪᠠᠶᠠᠯᠢᠭᠵᠢᠭᠤᠯᠤᠨ᠂ ᠬᠠᠮᠢᠶ᠎ᠠ ᠪᠥᠬᠦᠶ ᠰᠠᠯᠠᠭ᠎ᠠ ᠮᠥᠴᠢᠷ᠎ᠲᠠᠢ ᠦᠷᠭᠦᠯᠵᠢᠯᠡᠨ ᠵᠣᠯᠭ᠋ᠠᠭᠤᠯᠵᠤ᠂ ᠬᠤᠯᠪᠣᠭᠳᠠᠬᠤ ᠰᠢᠰᠲ᠋ᠧᠮ᠎ᠤᠨ ᠬᠤᠯᠪᠣᠯᠳᠤᠨ ᠨᠡᠪᠲᠡᠷᠡᠯᠴᠡᠬᠦ ᠵᠢ ᠪᠡᠶᠡᠯᠡᠭᠦᠯᠦᠨ᠂ ᠭᠠᠵᠠᠷ ᠰᠢᠷᠣᠶ ᠵᠢᠨ ᠵᠠᠬ᠎ᠠ ᠳᠡᠯᠭᠡᠭᠦᠷ᠎ᠤᠨ ᠵᠣᠬᠢᠴᠠᠯᠳᠤᠨ ᠬᠤᠯᠪᠣᠭ᠋ᠠᠯᠠᠨ ᠬᠥᠳᠡᠯᠦᠯᠴᠡᠵᠦ ᠬᠥᠭᠵᠢᠬᠦ ᠵᠢ ᠴᠢᠩᠭ᠋ᠠᠳᠬᠠᠵᠤ᠂ ᠥᠪᠡᠷᠲᠡᠭᠡᠨ ᠵᠠᠰᠠᠬᠤ ᠣᠷᠣᠨ᠎ᠤ ᠪᠥᠬᠦ ᠬᠡᠪᠴᠢᠶᠡᠨ᠎ᠳᠤ ᠳᠥᠭᠦᠮ ᠳᠥᠲᠡ ᠲᠦᠷᠭᠡᠨ ᠵᠶ᠋ᠡᠷ ᠭᠠᠵᠠᠷ ᠬᠡᠷᠡᠭᠯᠡᠬᠦ ᠰᠣᠩᠭᠤᠯᠲᠠ ᠵᠢ ᠬᠠᠩᠭ᠋ᠠᠵᠤ᠂ ᠦᠯᠡᠳᠡᠭᠡᠯ ᠭᠠᠵᠠᠷ ᠰᠢᠷᠣᠶ ᠵᠢ ᠤᠯᠠᠮ ᠨᠢᠭᠡ ᠠᠯᠬᠤᠮ ᠠᠮᠢᠳᠤᠯᠢᠭ ᠪᠣᠯᠭ᠋ᠠᠨ᠂ ᠭᠠᠵᠠᠷ ᠰᠢᠷᠣᠶ ᠵᠢᠨ ᠠᠰᠢᠭᠯᠠᠯᠲᠠ ᠵᠢᠨ ᠦᠷ᠎ᠡ ᠪᠦᠲᠦᠮᠵᠢ ᠵᠢ ᠳᠡᠭᠡᠭᠰᠢᠯᠡᠭᠦᠯᠵᠦ᠂ ᠬᠠᠩᠭ᠋ᠠᠯᠭ᠎ᠠ ᠬᠡᠷᠡᠭᠴᠡᠭᠡ ᠵᠢᠨ ᠵᠥᠷᠢᠴᠡᠯ᠎ᠢ ᠲᠡᠩᠴᠡᠭᠦᠷᠢᠰᠢᠭᠦᠯᠦᠨ᠂ ᠭᠠᠵᠠᠷ ᠰᠢᠷᠣᠶ ᠵᠢᠨ ᠡᠬᠢ ᠪᠠᠶᠠᠯᠢᠭ ᠡᠳ᠋ ᠬᠥᠷᠥᠩᠭᠡ ᠵᠢᠨ ᠥᠷᠲᠡᠭ᠎ᠢ ᠬᠥᠭᠵᠢᠭᠡᠵᠦ᠂ ᠬᠤᠳᠠᠯᠳᠤᠭ᠋ᠠᠴᠢᠨ ᠤᠷᠢᠵᠤ ᠪᠠᠯᠠ ᠣᠷᠣᠭᠤᠯᠬᠤ ᠪᠣᠳᠠᠲᠤ ᠦᠷ᠎ᠡ ᠪᠦᠲᠦᠮᠵᠢ ᠵᠢ ᠨᠡᠮᠡᠭᠳᠡᠭᠦᠯᠦᠨ᠂ ᠮᠠᠨ᠎ᠤ ᠣᠷᠣᠨ᠎ᠤ ᠭᠠᠵᠠᠷ ᠰᠢᠷᠣᠶ ᠵᠢᠨ ᠡᠬᠢ ᠪᠠᠶᠠᠯᠢᠭ᠎ᠢ ᠠᠰᠢᠭᠯᠠᠬᠤ᠎ᠳᠤ ᠵᠠᠰᠠᠭ ᠠᠵᠤ ᠠᠬᠤᠶ᠋ᠢᠯᠠᠯ ᠬᠠᠮᠲᠤ᠎ᠪᠠᠷ ᠠᠰᠢᠭ ᠭᠥᠷᠳᠡᠬᠦ ᠰᠢᠨ᠎ᠡ ᠪᠠᠶ᠋ᠢᠳᠠᠯ᠎ᠢ ᠪᠥᠬᠦ ᠬᠦᠴᠦᠨ ᠵᠶ᠋ᠠᠷ ᠵᠶ᠋ᠠᠨ ᠪᠣᠶ ᠪᠣᠯᠭ᠋ᠠᠨ᠎ᠠ᠃

 

ᠢᠷᠡᠯᠲᠡ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ