ᠥᠪᠡᠷᠲᠡᠭᠡᠨ ᠵᠠᠰᠠᠬᠤ ᠣᠷᠣᠨ᠎ᠤ 2021 ᠣᠨ᠎ᠤ ᠤᠯᠤᠰ᠎ᠤᠨ ᠭᠠᠵᠠᠷ ᠰᠢᠷᠣᠶ ᠵᠢᠨ ᠬᠤᠪᠢᠷᠠᠯᠲᠠ ᠵᠢᠨ ᠪᠠᠶ᠋ᠢᠴᠠᠭ᠋ᠠᠯᠲᠠ᠂ ᠭᠠᠵᠠᠷ ᠰᠢᠷᠣᠶ ᠵᠢᠨ ᠠᠰᠢᠭᠯᠠᠯᠲᠠ ᠵᠢᠨ ᠣᠳᠣᠬᠢ ᠪᠠᠶ᠋ᠢᠳᠠᠯ᠎ᠤᠨ ᠲᠤᠭ᠎ᠠ ᠪᠠᠷᠢᠮᠲᠠ ᠵᠢ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠤᠨ ᠰᠦᠯᠵᠢᠶᠡᠨ᠎ᠳᠤ ᠵᠢᠩᠬᠢᠨᠢ᠎ᠪᠠᠷ ᠨᠡᠶ᠋ᠢᠲᠡᠯᠡᠪᠡ
2023-08-31

   ᠪᠥᠬᠦ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠬᠠᠮᠢᠶᠠᠷᠤᠯᠲᠠ ᠪᠠ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠭᠠᠵᠠᠷ ᠰᠢᠷᠣᠶ ᠵᠢᠨ ᠠᠰᠢᠭᠯᠠᠯᠲᠠ ᠵᠢᠨ ᠣᠳᠣᠬᠢ ᠪᠠᠶ᠋ᠢᠳᠠᠯ᠎ᠤᠨ ᠲᠤᠭ᠎ᠠ ᠪᠠᠷᠢᠮᠲᠠ ᠵᠢᠨ ᠬᠡᠷᠡᠭᠴᠡᠭᠡ ᠵᠢ ᠬᠠᠩᠭ᠋ᠠᠬᠤ ᠵᠢᠨ ᠲᠤᠰᠠᠳᠠ᠂ 8 ᠳ᠋ᠤᠭ᠋ᠠᠷ ᠰᠠᠷ᠎ᠠ ᠵᠢᠨ 31᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ ᠲᠢᠩᠬᠢᠮ᠎ᠤᠨ ᠰᠦᠯᠵᠢᠶᠡᠨ᠎ᠳᠤ ᠥᠪᠡᠷᠲᠡᠭᠡᠨ ᠵᠠᠰᠠᠬᠤ ᠣᠷᠣᠨ᠎ᠤ 2021 ᠣᠨ᠎ᠤ ᠤᠯᠤᠰ᠎ᠤᠨ ᠭᠠᠵᠠᠷ ᠰᠢᠷᠣᠶ ᠵᠢᠨ ᠬᠤᠪᠢᠷᠠᠯᠲᠠ ᠵᠢᠨ ᠪᠠᠶ᠋ᠢᠴᠠᠭ᠋ᠠᠯᠲᠠ᠂ ᠭᠠᠵᠠᠷ ᠰᠢᠷᠣᠶ ᠵᠢᠨ ᠠᠰᠢᠭᠯᠠᠯᠲᠠ ᠵᠢᠨ ᠣᠳᠣᠬᠢ ᠪᠠᠶ᠋ᠢᠳᠠᠯ᠎ᠤᠨ ᠲᠤᠭ᠎ᠠ ᠪᠠᠷᠢᠮᠲᠠ ᠵᠢ ᠨᠡᠶ᠋ᠢᠲᠡᠯᠡᠪᠡ᠃

   ᠲᠤᠭ᠎ᠠ ᠪᠠᠷᠢᠮᠲᠠ᠎ᠳᠤ ᠭᠤᠤᠯᠳᠠᠭᠤ ᠥᠪᠡᠷᠲᠡᠭᠡᠨ ᠵᠠᠰᠠᠬᠤ ᠣᠷᠣᠨ᠎ᠤ 2021 ᠣᠨ᠎ᠤ ᠭᠠᠵᠠᠷ ᠰᠢᠷᠣᠶ ᠵᠢᠨ ᠠᠰᠢᠭᠯᠠᠯᠲᠠ ᠵᠢᠨ ᠡᠯ᠎ᠡ ᠭᠠᠵᠠᠷ᠎ᠤᠨ ᠲᠠᠯᠠᠪᠠᠶ᠂ ᠭᠠᠵᠠᠷ ᠰᠢᠷᠣᠶ ᠵᠢᠨ ᠲᠠᠷᠬᠠᠯᠲᠠ ᠵᠢᠨ ᠪᠠᠶ᠋ᠢᠳᠠᠯ᠂ ᠪᠥᠬᠦ ᠣᠷᠣᠨ ᠵᠢᠴᠢ ᠡᠯ᠎ᠡ ᠠᠶ᠋ᠢᠮᠠᠭ ᠬᠤᠲᠠ ᠵᠢᠨ ᠭᠠᠵᠠᠷ ᠰᠢᠷᠣᠶ ᠵᠢᠨ ᠠᠰᠢᠭᠯᠠᠯᠲᠠ ᠵᠢᠨ ᠬᠤᠪᠢᠷᠠᠯᠲᠠ ᠵᠢᠨ ᠪᠠᠶ᠋ᠢᠳᠠᠯ᠎ᠢ ᠲᠤᠰᠬᠠᠪᠠ᠃  ᠭᠠᠵᠠᠷ ᠰᠢᠷᠣᠶ ᠵᠢᠨ ᠠᠰᠢᠭᠯᠠᠯᠲᠠ ᠵᠢᠨ ᠣᠳᠣᠬᠢ ᠪᠠᠶ᠋ᠢᠳᠠᠯ ᠪᠠ ᠬᠤᠪᠢᠷᠠᠯᠲᠠ ᠵᠢᠨ ᠪᠠᠶ᠋ᠢᠳᠠᠯ᠎ᠤᠨ  ᠵᠠᠳᠠᠯᠤᠯᠲᠠ ᠵᠢ ᠪᠠᠭᠲᠠᠭ᠋ᠠᠪᠠ᠃  ᠠᠶ᠋ᠢᠮᠠᠭ ᠬᠤᠲᠠ ᠵᠢᠨ ᠭᠠᠵᠠᠷ ᠰᠢᠷᠣᠶ ᠵᠢᠨ ᠠᠰᠢᠭᠯᠠᠯᠲᠠ᠂ ᠪᠥᠲᠥᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ ᠪᠠ ᠬᠤᠲᠠ ᠪᠠᠯᠭ᠋ᠠᠰᠤ ᠲᠣᠰᠬᠤᠨ᠎ᠤ ᠳᠣᠲᠣᠭ᠋ᠠᠳᠤ ᠵᠢᠨ ᠣᠳᠣᠬᠢ ᠪᠠᠶ᠋ᠢᠳᠠᠯ᠎ᠤᠨ ᠬᠦᠰᠦᠨᠦᠭ᠂ ᠲᠠᠷᠢᠶᠠᠨ ᠭᠠᠵᠠᠷ᠎ᠤᠨ ᠨᠠᠯᠠᠤᠴᠠ ᠵᠢᠨ ᠬᠡᠮᠵᠢᠶ᠎ᠡ᠂ ᠲᠠᠷᠢᠮᠠᠯ᠎ᠤᠨ ᠲᠥᠷᠥᠯ ᠬᠡᠯᠪᠡᠷᠢ᠂ ᠲᠠᠷᠢᠶᠠᠨ ᠭᠠᠵᠠᠷ᠎ᠤᠨ ᠨᠠᠷᠢᠯᠢᠭ ᠬᠦᠰᠦᠨᠦᠭ᠎ᠢ  ᠰᠠᠯᠭ᠋ᠠᠨ ᠵᠢᠭᠰᠠᠭ᠋ᠠᠵᠤ᠂ ᠭᠠᠵᠠᠷ ᠰᠢᠷᠣᠶ ᠵᠢᠨ ᠠᠰᠢᠭᠯᠠᠯᠲᠠ ᠵᠢᠨ ᠣᠳᠣᠬᠢ ᠪᠠᠶ᠋ᠢᠳᠠᠯ᠎ᠤᠨ ᠨᠢᠭᠡᠳᠦᠭᠡᠷ ᠳᠡᠰ᠂ ᠬᠤᠶᠠᠳᠤᠭ᠋ᠠᠷ ᠳᠡᠰ᠎ᠤᠨ ᠡᠷᠬᠡ ᠵᠢᠨ ᠬᠠᠷᠢᠶ᠎ᠠ ᠵᠢᠨ ᠴᠢᠨᠠᠷᠲᠠᠶ ᠪᠦᠷᠢᠳᠬᠡᠯ᠎ᠤᠨ ᠬᠦᠰᠦᠨᠦᠭ᠎ᠢ  ᠨᠡᠮᠡᠵᠦ᠂ ᠬᠡᠰᠡᠭ ᠪᠦᠯᠦᠭ᠎ᠢ ᠨᠠᠷᠢᠯᠢᠭᠵᠢᠭᠤᠯᠤᠭᠰᠠᠨ᠂ ᠬᠠᠶᠠᠭᠳᠠᠮᠠᠯ ᠪᠠ ᠬᠤᠭ ᠨᠣᠪᠰᠢ ᠵᠢ ᠪᠤᠯᠠᠬᠤ᠂ ᠠᠵᠤ ᠦᠢ᠍ᠯᠡᠳᠪᠦᠷᠢ᠎ᠳᠤ ᠬᠡᠷᠡᠭᠯᠡᠬᠦ ᠭᠠᠵᠠᠷ᠂ ᠰᠥᠭᠡᠭ ᠡᠪᠡᠰᠦᠲᠦ ᠭᠠᠵᠠᠷ᠂ ᠭᠠᠵᠠᠷ᠎ᠤᠨ ᠲᠥᠷᠥᠯ ᠵᠢᠴᠢ ᠰᠢᠭᠤᠶ᠋ᠢᠲᠤ ᠣᠷᠣᠨ᠎ᠤ ᠬᠡᠪᠴᠢᠶᠡᠨ ᠳᠣᠲᠣᠷᠠᠬᠢ ᠲᠠᠷᠢᠮᠠᠯ᠎ᠤᠨ ᠬᠦᠷᠢᠶᠡᠯᠡᠩ᠎ᠤᠨ ᠬᠤᠷᠢᠶᠠᠩᠭᠤᠶ᠋ᠢᠯᠠᠨ ᠪᠦᠷᠢᠳᠬᠡᠬᠦ ᠬᠦᠰᠦᠨᠦᠭ᠂ ᠬᠥᠮᠦᠨ ᠳᠤᠮᠳᠠᠴᠢ ᠵᠢᠨ ᠭᠠᠵᠠᠷ ᠰᠢᠷᠣᠶ ᠵᠢᠨ ᠬᠤᠷᠢᠶᠠᠩᠭᠤᠶ ᠬᠦᠰᠦᠨᠦᠭ᠎ᠢ  ᠲᠣᠬᠢᠷᠠᠭᠤᠯᠵᠤ ᠪᠣᠯᠤᠨ᠎ᠠ᠃

   ᠰᠦᠯᠵᠢᠶᠡᠨ ᠬᠣᠯᠪᠤᠭ᠋ᠠᠰᠤ᠄

  https://zrzy.nmg.gov.cn/zfxxgkzl/fdzdgknr/sjfb/202308/t20230831_2370487.html

 

ᠢᠷᠡᠯᠲᠡ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ