9 ᠳ᠋ᠦ᠍ᠭᠡᠷ ᠰᠠᠷ᠎ᠠ ᠵᠢᠨ 6᠎ᠤ ᠡᠳᠦᠷ᠎ᠤᠨ ᠦᠳᠡ ᠵᠢᠨ ᠬᠤᠶ᠋ᠢᠨ᠎ᠠ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ ᠪᠠ ᠭᠠᠨᠰᠦ ᠮᠤᠵᠢ ᠵᠢᠨ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠤᠨ ᠪᠠᠶ᠋ᠢᠯᠳᠤᠬᠤ ᠪᠣᠳᠣᠯᠭ᠎ᠠ ᠵᠢᠨ ᠬᠠᠮᠲᠤᠷᠠᠯᠴᠠᠭ᠋ᠠᠨ᠎ᠤ ᠪᠦᠳᠦᠭᠦᠪᠴᠢ ᠵᠥᠪᠯᠡᠯᠴᠡᠭᠡᠷ᠎ᠲᠤ ᠭᠠᠷᠤᠨ ᠥᠰᠥᠭ ᠵᠢᠷᠤᠬᠤ ᠶᠣᠰᠣᠯᠠᠯ ᠬᠥᠬᠡᠬᠤᠲᠠ᠎ᠳᠤ ᠶᠠᠪᠤᠭᠳᠠᠪᠠ᠃ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠴᠢ᠊ ᠪᠠᠲᠤ᠂ ᠭᠠᠨᠰᠦ ᠮᠤᠵᠢ ᠵᠢᠨ ᠮᠤᠵᠢ ᠵᠢᠨ ᠳᠡᠳ᠋ ᠳᠠᠷᠤᠭ᠎ᠠ ᠯᠸᠢ ᠰᠾᠢ ᠸᠸᠢ ᠭᠡᠷ᠎ᠡ ᠲᠣᠭᠲᠠᠬᠤ ᠵᠢ ᠭᠡᠷᠡᠴᠢᠯᠡᠵᠦ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠵᠣᠣ ᠳ᠋ᠠ ᠶᠦᠩ ᠭᠠᠨᠰᠦ ᠮᠤᠵᠢ ᠵᠢᠨ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠳ᠋ᠢᠩ ᠵᠢᠤᠢ ᠱᠧᠩ ᠬᠤᠶᠠᠷ ᠲᠠᠯ᠎ᠠ ᠵᠢ ᠲᠥᠯᠥᠭᠡᠯᠡᠨ ᠵᠥᠪᠯᠡᠯᠴᠡᠭᠡᠷ᠎ᠲᠤ ᠭᠠᠷᠤᠨ ᠥᠰᠥᠭ ᠵᠢᠷᠤᠪᠠ᠃

ᠵᠥᠪᠯᠡᠯᠴᠡᠭᠡᠷ᠎ᠢ ᠦᠨᠳᠦᠰᠦᠯᠡᠨ᠂ ᠬᠤᠶᠠᠷ ᠲᠠᠯ᠎ᠠ᠎ᠪᠠᠷ ᠵᠶ᠋ᠠᠨ 《ᠨᠢᠭᠡᠳᠦᠯᠲᠡᠢ ᠲᠥᠯᠥᠪᠵᠢᠭᠦᠯᠦᠨ ᠪᠠᠶ᠋ᠢᠷᠢᠯᠠᠭᠤᠯᠬᠤ᠂ ᠬᠠᠷᠢᠯᠴᠠᠨ ᠠᠰᠢᠭᠲᠠᠢ ᠬᠠᠮᠲᠤ᠎ᠪᠠᠷ ᠠᠰᠢᠭ ᠬᠦᠷᠲᠡᠬᠦ᠂ ᠦᠷ᠎ᠡ ᠪᠦᠲᠦᠭᠡᠯ᠎ᠢ ᠬᠠᠮᠲᠤ᠎ᠪᠠᠷ ᠡᠳ᠋ᠯᠡᠬᠦ》 ᠬᠠᠮᠲᠤᠷᠠᠯᠴᠠᠭ᠋ᠠᠨ᠎ᠤ ᠵᠠᠷᠴᠢᠮ ᠶᠣᠰᠣᠭ᠋ᠠᠷ᠂ ᠲᠤᠰ ᠲᠤᠰ᠎ᠤᠨ ᠲᠦᠷᠦ ᠵᠢᠨ ᠪᠤᠳᠤᠯᠭ᠎ᠠ᠂ ᠪᠡᠯᠡ ᠮᠥᠩᠭᠦ᠂ ᠮᠡᠷᠭᠡᠵᠢᠯ᠂ ᠵᠠᠬ᠎ᠠ ᠳᠡᠯᠭᠡᠭᠦᠷ ᠵᠡᠷᠭᠡ ᠲᠠᠯ᠎ᠠ ᠵᠢᠨ ᠳᠠᠪᠠᠭᠤᠯᠢᠭ ᠵᠶ᠋ᠠᠨ ᠭᠦᠢ᠍ᠴᠡᠳ ᠪᠠᠳᠠᠷᠠᠭᠤᠯᠵᠤ᠂ ᠠᠭᠤᠷᠬᠠᠢ ᠵᠢᠨ ᠭᠠᠷᠤᠯᠲᠠ ᠵᠢᠨ ᠡᠬᠢ ᠪᠠᠶᠠᠯᠢᠭ᠎ᠢ ᠬᠠᠶ᠋ᠢᠨ ᠪᠠᠶ᠋ᠢᠴᠠᠭ᠋ᠠᠵᠤ ᠨᠡᠭᠡᠭᠡᠨ ᠬᠥᠭᠵᠢᠭᠦᠯᠬᠦ᠂ ᠪᠣᠬᠢᠷᠲᠤᠯ ᠦᠭᠡᠢ ᠠᠭᠤᠷᠬᠠᠢ ᠵᠢᠨ ᠪᠦᠳᠦᠭᠡᠨ ᠪᠠᠶ᠋ᠢᠭᠤᠯᠤᠯᠲᠠ ᠪᠣᠯᠤᠨ ᠠᠮᠢ ᠠᠬᠤᠢ ᠵᠢ ᠰᠡᠷᠭᠦᠭᠡᠬᠦ ᠵᠡᠷᠭᠡ ᠬᠦᠷᠢᠶᠡᠨ᠎ᠳᠤ ᠭᠦᠨᠵᠡᠭᠡᠢ ᠬᠠᠮᠲᠤᠷᠠᠯᠴᠠᠵᠤ᠂ ᠪᠠᠶ᠋ᠢᠯᠳᠤᠬᠤ ᠪᠤᠳᠤᠯᠭ᠎ᠠ ᠵᠢᠨ ᠴᠢᠨᠠᠷᠲᠠᠢ᠂ ᠤᠷᠳᠤ ᠬᠤᠭᠤᠴᠠᠭ᠋ᠠᠲᠤ ᠴᠢᠨᠠᠷᠲᠠᠢ᠂ ᠨᠢᠭᠲᠠ ᠬᠡᠯᠪᠡᠷᠢ ᠵᠢᠨ᠂ ᠨᠥᠬᠦᠷᠰᠡᠭ ᠬᠡᠯᠪᠡᠷᠢ ᠵᠢᠨ ᠰᠣᠯᠢᠯᠴᠠᠭ᠋ᠠᠨ᠎ᠤ ᠲᠠᠪᠴᠠᠩ᠎ᠢ ᠢᠳᠡᠪᠬᠢᠲᠡᠢ ᠪᠠᠶ᠋ᠢᠭᠤᠯᠵᠤ᠂ ᠬᠠᠮᠲᠤᠷᠠᠯᠴᠠᠭ᠋ᠠᠨ᠎ᠤ ᠶᠠᠪᠤᠴᠠ᠎ᠳᠠᠬᠢ ᠬᠦᠴᠢᠷᠳᠡᠯ ᠪᠣᠯᠤᠨ ᠠᠰᠠᠭᠤᠳᠠᠯ᠎ᠢ ᠬᠠᠮᠲᠤ᠎ᠪᠠᠷ ᠵᠥᠪᠳᠡᠯᠴᠡᠨ ᠰᠢᠢ᠍ᠳᠪᠦᠷᠢᠯᠡᠵᠦ᠂ ᠬᠤᠶᠠᠷ ᠲᠠᠯ᠎ᠠ ᠵᠢᠨ ᠶᠡᠷᠦᠩᠬᠡᠶ᠋ᠢᠯᠡᠭᠰᠡᠨ ᠦᠢ᠍ᠯᠡᠴᠢᠯᠡᠭᠡᠨ᠎ᠤ ᠲᠦᠪᠰᠢᠨ᠎ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠭᠤᠷᠬᠠᠢ ᠵᠢᠨ ᠭᠠᠷᠤᠯᠲᠠ ᠵᠢᠨ ᠡᠬᠢ ᠪᠠᠶᠠᠯᠢᠭ᠎ᠢ ᠬᠠᠶ᠋ᠢᠨ ᠪᠠᠶ᠋ᠢᠴᠠᠭ᠋ᠠᠵᠤ ᠨᠡᠭᠡᠭᠡᠨ ᠬᠥᠭᠵᠢᠭᠦᠯᠬᠦ ᠪᠠ ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯᠲᠠ ᠵᠢᠨ ᠴᠢᠨᠠᠷ ᠰᠠᠶ᠋ᠢᠲᠠᠢ ᠬᠥᠭᠵᠢᠯᠲᠡ ᠵᠢ ᠪᠡᠶᠡᠯᠡᠭᠦᠯᠬᠦ᠎ᠳᠤ ᠬᠦᠴᠦᠨ ᠴᠢᠳᠠᠯ ᠵᠶ᠋ᠠᠨ ᠡᠷᠭᠦᠨ᠎ᠡ ᠭᠡᠵᠡᠢ᠃