ᠰᠢ ᠵᠢᠨ ᠫᠢᠩ ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠪᠠ ᠰᠢ ᠵᠢᠨ ᠫᠢᠩ ᠶᠡᠷᠦᠩᠬᠡᠢ ᠱᠦᠵᠢ ᠵᠢᠨ ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠬᠠᠮᠠᠭ᠋ᠠᠯᠠᠯᠲᠠ ᠪᠠ ᠴᠢᠨᠠᠷ ᠰᠠᠢ᠌ᠲᠠᠢ ᠬᠥᠭᠵᠢᠯᠲᠡ ᠵᠢᠨ ᠲᠤᠬᠠᠢ ᠰᠢᠷᠢᠰ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠵᠢᠨ ᠲᠥᠯᠥᠭᠡ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠯᠠᠪᠳᠠᠭᠤᠨ ᠪᠠᠲᠤᠲᠠᠢ᠎ᠪᠠᠷ ᠪᠡᠬᠢᠵᠢᠭᠦᠯᠵᠦ᠂ ᠥᠪᠡᠷᠲᠡᠭᠡᠨ ᠵᠠᠰᠠᠬᠤ ᠣᠷᠣᠨ᠎ᠠᠴᠠ 《ᠤᠮᠠᠷᠠᠲᠤ ᠵᠢᠨ ᠡᠯᠡᠰᠦ ᠵᠢ ᠰᠡᠷᠭᠡᠢ᠌ᠯᠡᠬᠦ ᠪᠦᠰᠡ — ᠬᠠᠲᠤᠨ ᠭᠣᠣᠯ᠎ᠤᠨ ᠭᠣᠣᠯᠳᠠᠯᠭ᠎ᠠ᠎ᠲᠠᠢ ᠠᠮᠢ ᠠᠬᠤᠢ ᠵᠢᠨ ᠣᠷᠣᠨ (ᠬᠥᠬᠡᠬᠣᠲᠠ)᠎ᠤ ᠲᠡᠦᠬᠡᠨ᠎ᠠᠴᠠ ᠦᠯᠡᠳᠡᠭᠳᠡᠵᠦ ᠢᠷᠡᠭᠰᠡᠨ ᠬᠠᠶᠠᠭᠳᠠᠮᠠᠯ ᠠᠭᠤᠷᠬᠠᠢ ᠵᠢᠨ ᠠᠮᠢ ᠠᠬᠤᠢ ᠵᠢ ᠰᠡᠷᠭᠦᠭᠡᠬᠦ ᠵᠢᠱ᠌ᠢᠶ᠎ᠡ ᠦᠵᠡᠭᠦᠯᠬᠦ ᠢᠨᠵᠧᠨᠧᠷᠢᠩ》᠎ᠢ ᠵᠣᠬᠢᠶᠠᠨ ᠪᠠᠢ᠌ᠭᠤᠯᠤᠨ ᠥᠷᠨᠢᠬᠦᠯᠵᠡᠢ᠃ 9 ᠳ᠋ᠦ᠍ᠭᠡᠷ ᠰᠠᠷ᠎ᠠ ᠵᠢᠨ 15᠎ᠤ ᠡᠳᠦᠷ᠎ᠤᠨ ᠦᠳᠡ ᠵᠢᠨ ᠡᠮᠦᠨ᠎ᠡ᠂ ᠲᠣᠰ ᠵᠢᠱ᠌ᠢᠶ᠎ᠡ ᠦᠵᠡᠭᠦᠯᠬᠦ ᠢᠨᠵᠧᠨᠧᠷᠢᠩ᠎ᠤᠨ ᠲᠥᠷᠥᠯ ᠵᠦᠢ᠍ᠯ᠎ᠤᠨ ᠠᠵᠢᠯ ᠡᠬᠢᠯᠡᠬᠦᠯᠬᠦ ᠶᠣᠰᠣᠯᠠᠯ᠎ᠢ ᠬᠥᠬᠡᠬᠣᠲᠠ ᠵᠢᠨ ᠲᠣᠭᠲᠠᠬᠤ ᠰᠢᠶᠠᠨ᠎ᠤ ᠵᠠᠩ ᠭᠠᠢ ᠶᠢᠩ ᠲᠣᠰᠬᠣᠨ᠎ᠤ ᠲᠡᠦᠬᠡᠨ᠎ᠠᠴᠠ ᠦᠯᠡᠳᠡᠭᠳᠡᠵᠦ ᠢᠷᠡᠭᠰᠡᠨ ᠬᠠᠶᠠᠭᠳᠠᠮᠠᠯ ᠠᠭᠤᠷᠬᠠᠢ ᠵᠢᠨ ᠠᠮᠢ ᠠᠬᠤᠢ ᠵᠢ ᠵᠠᠰᠠᠨ ᠰᠡᠷᠭᠦᠭᠡᠬᠦ ᠲᠤᠬᠠᠢ ᠵᠢᠨ ᠲᠠᠯᠠᠪᠤᠷ᠎ᠲᠤ ᠶᠠᠪᠤᠭᠳᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠪᠠᠢ᠌ᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠭᠡᠰᠢᠭᠦᠨ᠂ ᠲᠢᠩᠬᠢᠮ᠎ᠤᠨ ᠳᠡᠳ᠋ ᠳᠠᠷᠤᠭ᠎ᠠ ᠲᠢᠶᠠᠨ ᠶᠧ᠂ ᠬᠥᠬᠡᠬᠣᠲᠠ ᠵᠢᠨ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠭᠡᠰᠢᠭᠦᠨ᠂ ᠬᠣᠲᠠ ᠵᠢᠨ ᠪᠠᠢ᠌ᠩᠭᠤ ᠵᠢᠨ ᠳᠡᠳ᠋ ᠳᠠᠷᠤᠭ᠎ᠠ ᠯᠢᠦ ᠵᠢᠢ ᠶᠢᠩ ᠠᠵᠢᠯ ᠡᠬᠢᠯᠡᠬᠦᠯᠬᠦ ᠶᠣᠰᠣᠯᠠᠯ᠎ᠳᠤ ᠣᠷᠣᠯᠴᠠᠪᠠ᠃
ᠤᠮᠠᠷᠠᠲᠤ ᠵᠢᠨ ᠡᠯᠡᠰᠦ ᠵᠢ ᠰᠡᠷᠭᠡᠢ᠌ᠯᠡᠬᠦ ᠪᠦᠰᠡ — ᠬᠠᠲᠤᠨ ᠭᠣᠣᠯ᠎ᠤᠨ ᠭᠣᠣᠯᠳᠠᠯᠭ᠎ᠠ᠎ᠲᠠᠢ ᠠᠮᠢ ᠠᠬᠤᠢ ᠵᠢᠨ ᠣᠷᠣᠨ (ᠬᠥᠬᠡᠬᠣᠲᠠ)᠎ᠤ ᠲᠡᠦᠬᠡᠨ᠎ᠠᠴᠠ ᠦᠯᠡᠳᠡᠭᠳᠡᠵᠦ ᠢᠷᠡᠭᠰᠡᠨ ᠬᠠᠶᠠᠭᠳᠠᠮᠠᠯ ᠠᠭᠤᠷᠬᠠᠢ ᠵᠢᠨ ᠠᠮᠢ ᠠᠬᠤᠢ ᠵᠢ ᠰᠡᠷᠭᠦᠭᠡᠬᠦ ᠵᠢᠱ᠌ᠢᠶ᠎ᠡ ᠦᠵᠡᠭᠦᠯᠬᠦ ᠢᠨᠵᠧᠨᠧᠷᠢᠩ᠎ᠤᠨ ᠲᠦᠷᠦᠯ ᠵᠦᠢ᠍ᠯ ᠬᠥᠬᠡᠬᠣᠲᠠ ᠵᠢᠨ 467 ᠲᠡᠦᠬᠡᠨ᠎ᠠᠴᠠ ᠦᠯᠡᠳᠡᠭᠳᠡᠵᠦ ᠢᠷᠡᠭᠰᠡᠨ ᠬᠠᠶᠠᠭᠳᠠᠮᠠᠯ ᠠᠭᠤᠷᠬᠠᠢ ᠵᠢᠨ ᠵᠢᠷᠤᠭ᠎ᠤᠨ ᠲᠣᠯᠪᠤ ᠵᠢ ᠪᠦᠷᠬᠦᠪᠡ᠃ 3 ᠵᠢᠯ᠎ᠤᠨ ᠬᠤᠭᠤᠴᠠᠭ᠎ᠠ ᠵᠢ ᠬᠡᠷᠡᠭᠯᠡᠵᠦ᠂ ᠵᠢᠷᠤᠭ᠎ᠤᠨ ᠲᠣᠯᠪᠣ ᠵᠢᠨ ᠲᠠᠯᠠᠪᠠᠶ ᠵᠢ 1306.05 ᠾᠧᠺᠲ᠋ᠠᠷ ᠵᠠᠰᠠᠵᠤ᠂ ᠠᠮᠢ ᠠᠬᠤᠢ ᠵᠢᠨ ᠰᠡᠷᠭᠦᠭᠡᠯᠲᠡ ᠵᠢᠨ ᠲᠠᠯᠠᠪᠠᠶ ᠵᠢ 2767.62 ᠾᠧᠺᠲ᠋ᠠᠷ ᠵᠠᠰᠠᠵᠤ᠂ 5.64 ᠳ᠋ᠦᠩᠰᠢᠭᠤᠷ ᠲᠥᠭᠥᠷᠢᠭ᠎ᠤᠨ ᠪᠡᠯᠡ ᠮᠥᠩᠭᠥ ᠣᠷᠣᠭᠤᠯᠬᠤ᠎ᠪᠠᠷ ᠲᠥᠯᠥᠪᠯᠡᠵᠦ ᠪᠣᠶ (ᠡᠭᠦᠨ᠎ᠳᠤ ᠲᠥᠪ᠎ᠤᠨ ᠡᠳ᠋᠎ᠤᠨ ᠵᠠᠰᠠᠭ᠎ᠤᠨ ᠲᠤᠰᠬᠠᠢ ᠪᠡᠯᠡ ᠮᠥᠩᠭᠥ ᠵᠢᠨ ᠨᠥᠬᠥᠪᠦᠷᠢ 3 ᠳ᠋ᠦᠩᠰᠢᠭᠤᠷ ᠲᠥᠭᠥᠷᠢᠭ᠂ ᠣᠷᠣᠨ ᠨᠤᠲᠤᠭ᠎ᠤᠨ ᠡᠳ᠋᠎ᠤᠨ ᠵᠠᠰᠠᠭ᠎ᠤᠨ ᠪᠡᠯᠡ ᠮᠥᠩᠭᠥ 2.64 ᠳ᠋ᠦᠩᠰᠢᠭᠤᠷ ᠲᠥᠭᠥᠷᠢᠭ)᠃ ᠲᠥᠷᠥᠯ ᠵᠦᠢ᠍ᠯ ᠵᠢᠷᠤᠭ᠎ᠤᠨ ᠲᠣᠯᠪᠣ ᠵᠢᠨ ᠲᠠᠷᠬᠠᠯᠲᠠ᠂ ᠠᠰᠠᠭᠤᠳᠠᠯ᠎ᠤᠨ ᠲᠥᠷᠥᠯ ᠬᠡᠯᠪᠡᠷᠢ᠂ ᠡᠷᠬᠢᠨ ᠲᠣᠭᠣᠷᠢᠨ᠎ᠤ ᠪᠠᠢ᠌ᠳᠠᠯ᠎ᠢ ᠦᠨᠳᠦᠰᠦᠯᠡᠨ᠂ 5 ᠠᠮᠢ ᠠᠬᠤᠢ ᠵᠢᠨ ᠰᠡᠷᠭᠦᠭᠡᠯᠲᠡ ᠵᠢᠨ ᠣᠷᠣᠨ᠎ᠤ 15 ᠢᠨᠵᠧᠨᠧᠷᠢᠩ᠎ᠤᠨ ᠬᠤᠪᠢᠶᠠᠷᠢ ᠲᠥᠷᠥᠯ ᠵᠦᠢ᠍ᠯ᠎ᠢ ᠨᠠᠷᠢᠨ ᠬᠤᠪᠢᠶᠠᠵᠤ᠂ ᠰᠢᠨ᠎ᠡ᠎ᠪᠠᠷ ᠨᠡᠮᠡᠭᠳᠡᠭᠰᠡᠨ ᠣᠢ᠌ᠲᠤ ᠭᠠᠵᠠᠷ ᠵᠢᠴᠢ ᠣᠢ᠌ᠲᠤ ᠭᠠᠵᠠᠷ᠎ᠤᠨ ᠶᠠᠰᠤ ᠴᠢᠨᠠᠷ᠎ᠢ ᠳᠡᠭᠡᠭᠰᠢᠯᠡᠭᠦᠯᠦᠨ ᠥᠭᠡᠷᠡᠴᠢᠯᠡᠭᠰᠡᠨ ᠲᠠᠯᠠᠪᠠᠶ ᠨᠡᠶ᠋ᠢᠲᠡ 190.07 ᠾᠧᠺᠲ᠋ᠠᠷ ᠪᠠᠢ᠌ᠵᠤ᠂ ᠰᠢᠨ᠎ᠡ᠎ᠪᠠᠷ ᠨᠡᠮᠡᠭᠳᠡᠭᠰᠡᠨ ᠡᠪᠡᠰᠦᠲᠦ ᠭᠠᠵᠠᠷ ᠵᠢᠴᠢ ᠮᠠᠭᠤᠳᠠᠭᠰᠠᠨ ᠡᠪᠡᠰᠦᠲᠦ ᠭᠠᠵᠠᠷ᠎ᠤᠨ ᠰᠡᠷᠭᠦᠭᠡᠯᠲᠡ ᠵᠢᠨ ᠲᠠᠯᠠᠪᠠᠶ 2223.84 ᠾᠧᠺᠲ᠋ᠠᠷ ᠪᠠᠢ᠌ᠵᠤ᠂ ᠰᠡᠷᠭᠦᠭᠡᠯᠲᠡ ᠵᠢᠨ ᠲᠠᠷᠢᠶᠠᠨ ᠭᠠᠵᠠᠷ᠎ᠤᠨ ᠲᠠᠯᠠᠪᠠᠶ 39.5 ᠾᠧᠺᠲ᠋ᠠᠷ ᠪᠠᠢ᠌ᠨ᠎ᠠ᠃ ᠲᠣᠰ ᠵᠢᠱ᠌ᠢᠶ᠎ᠡ ᠦᠵᠡᠭᠦᠯᠬᠦ ᠢᠨᠵᠧᠨᠧᠷᠢᠩ᠎ᠤᠨ ᠲᠥᠷᠥᠯ ᠵᠦᠢ᠍ᠯ᠎ᠢ ᠬᠡᠷᠡᠭᠵᠢᠭᠦᠯᠦᠭᠰᠡᠨ᠎ᠨᠢ ᠥᠪᠡᠷᠲᠡᠭᠡᠨ ᠵᠠᠰᠠᠬᠤ ᠣᠷᠣᠨ᠎ᠤ 《ᠬᠦᠴᠦᠷᠬᠡᠭ ᠣᠷᠣᠨ᠎ᠤ ᠲᠥᠪ》᠎ᠤᠨ ᠢᠨᠵᠧᠨᠧᠷᠢᠩ᠎ᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠪᠦᠲᠦᠮᠵᠢᠲᠡᠶ ᠠᠷᠭ᠎ᠠ ᠵᠠᠮ ᠪᠠᠢ᠌ᠵᠤ᠂ ᠥᠪᠡᠷᠲᠡᠭᠡᠨ ᠵᠠᠰᠠᠬᠤ ᠣᠷᠣᠨ᠎ᠤ ᠲᠥᠪ᠎ᠤᠨ ᠣᠷᠣᠰᠢᠨ ᠰᠠᠭᠤᠬᠤ᠎ᠳᠤ ᠲᠣᠬᠢᠷᠠᠮᠵᠢᠲᠠᠢ᠂ ᠠᠵᠢᠯᠯᠠᠬᠤ᠎ᠳᠤ ᠲᠣᠬᠢᠷᠠᠮᠵᠢᠲᠠᠢ᠂ ᠰᠤᠷᠤᠯᠴᠠᠬᠤ᠎ᠳᠤ ᠲᠣᠬᠢᠷᠠᠮᠵᠢᠲᠠᠢ᠂ ᠲᠡᠵᠢᠭᠡᠬᠦ᠎ᠳᠤ ᠲᠣᠬᠢᠷᠠᠮᠵᠢᠲᠠᠢ᠂ ᠵᠤᠭ᠋ᠠᠴᠠᠬᠤ᠎ᠳᠤ ᠲᠣᠬᠢᠷᠠᠮᠵᠢᠲᠠᠢ 《ᠲᠠᠪᠤᠨ ᠳᠣᠬᠢᠷᠠᠮᠵᠢᠲᠠᠢ ᠬᠣᠲᠠ》 ᠵᠢᠨ ᠠᠮᠢ ᠠᠬᠤᠢ ᠵᠢᠨ ᠴᠢᠳᠠᠪᠤᠷᠢ ᠵᠢᠨ ᠲᠠᠰ᠎ᠢ ᠪᠥᠬᠥ ᠲᠠᠯ᠎ᠠ᠎ᠪᠠᠷ ᠳᠡᠭᠡᠭᠰᠢᠯᠡᠭᠦᠯᠵᠦ ᠴᠢᠳᠠᠬᠤ ᠶᠤᠮ᠃
ᠲᠢᠶᠠᠨ ᠶᠧ ᠵᠢᠭ᠋ᠠᠵᠤ ᠭᠠᠷᠭ᠋ᠠᠭᠰᠠᠨ᠎ᠨᠢ᠂ ᠬᠥᠬᠡᠬᠣᠲᠠ ᠵᠢᠨ ᠵᠢᠱ᠌ᠢᠶ᠎ᠡ ᠦᠵᠡᠭᠦᠯᠬᠦ ᠢᠨᠵᠧᠨᠧᠷᠢᠩ᠎ᠨᠢ ᠬᠠᠳᠤᠨ ᠭᠣᠣᠯ᠎ᠤᠨ ᠭᠣᠣᠯᠳᠠᠯᠭ᠎ᠠ᠎ᠲᠠᠢ ᠠᠮᠢ ᠠᠬᠤᠢ ᠵᠢᠨ ᠣᠷᠣᠨ᠎ᠳᠤ ᠪᠠᠢ᠌ᠷᠢᠯᠠᠵᠤ᠂ ᠬᠠᠳᠤᠨ ᠭᠣᠣᠯ᠎ᠤᠨ ᠮᠣᠷᠣᠢ᠌ᠯᠭᠠ ᠵᠢᠨ ᠪᠣᠭᠣᠮᠲᠠ ᠰᠢᠪᠲᠤᠯᠬᠤ ᠳᠠᠢ᠌ᠯᠠᠯᠳᠤᠭ᠋ᠠᠨ᠎ᠤ ᠴᠢᠬᠤᠯᠠ ᠲᠦᠷᠦᠯ ᠵᠦᠢ᠍ᠯ ᠪᠣᠯᠣᠨ᠎ᠠ᠃ ᠬᠡᠷᠡᠭᠵᠢᠭᠦᠯᠬᠦ ᠶᠠᠪᠤᠴᠠ᠎ᠳᠤ᠂ ᠠᠮᠵᠢᠯᠲᠠ ᠪᠦᠲᠦᠮᠵᠢ ᠵᠢᠨ ᠬᠠᠷᠠᠯᠲᠠ ᠵᠢᠨ ᠵᠢᠱ᠌ᠢᠶ᠎ᠡ ᠦᠵᠡᠭᠦᠯᠦᠨ ᠬᠥᠲᠥᠯᠥᠨ ᠳᠠᠭ᠋ᠠᠭᠤᠯᠬᠤ ᠠᠵᠢᠯ᠎ᠢ ᠰᠠᠢ᠌ᠲᠤᠷ ᠬᠢᠵᠦ᠂ ᠤᠯᠤᠰ᠎ᠠᠴᠠ ᠪᠠᠭᠤᠯᠭ᠋ᠠᠭᠰᠠᠨ ᠠᠮᠵᠢᠯᠲᠠ ᠪᠦᠲᠦᠮᠵᠢ ᠵᠢᠨ ᠬᠠᠷᠠᠯᠲᠠ ᠵᠢᠨ ᠡᠭᠦᠷᠭᠡ ᠵᠢ ᠴᠠᠭ ᠲᠤᠬᠠᠢᠳᠤᠨᠢ ᠴᠢᠨᠠᠷ᠂ ᠲᠣᠭ᠎ᠠ ᠬᠡᠮᠵᠢᠶ᠎ᠡ ᠵᠢ ᠪᠠᠲᠤᠯᠠᠨ ᠪᠡᠶᠡᠯᠡᠭᠦᠯᠬᠦ ᠬᠡᠷᠡᠭᠲᠡᠢ᠃ ᠬᠠᠮᠢᠶᠠᠷᠤᠯᠲᠠ ᠪᠠ ᠠᠮᠤᠷ ᠲᠦᠪᠰᠢᠨ᠎ᠤ ᠠᠵᠢᠯ᠎ᠤᠨ ᠵᠢᠱ᠌ᠢᠶ᠎ᠡ ᠦᠵᠡᠭᠦᠯᠵᠦ ᠬᠥᠲᠥᠯᠥᠨ ᠳᠠᠭ᠋ᠠᠭᠤᠯᠬᠤ ᠵᠢ ᠰᠠᠢ᠌ᠲᠤᠷ ᠬᠢᠵᠦ᠂ ᠵᠢᠷᠤᠭ ᠲᠥᠯᠥᠪᠯᠡᠭᠡ ᠵᠢ ᠴᠢᠩᠭ᠎ᠠ ᠵᠢᠷᠤᠮᠯᠠᠨ ᠪᠠᠷᠢᠯᠭ᠎ᠠ ᠵᠢᠨ ᠠᠵᠢᠯ ᠬᠢᠵᠦ᠂ ᠳᠦᠷᠦᠯ ᠵᠦᠢ᠍ᠯ᠎ᠤᠨ ᠬᠠᠮᠢᠶᠠᠷᠤᠯᠲᠠ ᠵᠢ ᠴᠢᠩᠭ᠋ᠠᠳᠬᠠᠵᠤ᠂ ᠬᠠᠷᠢᠭᠤᠴᠠᠯᠭ᠎ᠠ ᠡᠭᠦᠷᠭᠡᠯᠡᠬᠦ ᠵᠢ ᠴᠢᠩᠭ᠋ᠠᠳᠬᠠᠵᠤ᠂ ᠠᠮᠤᠷ ᠲᠦᠪᠰᠢᠨ᠎ᠤ ᠬᠣᠷᠢᠭ᠎ᠠ ᠱᠤᠭᠤᠮ᠎ᠢ ᠪᠠᠲᠤ ᠰᠠᠬᠢᠵᠤ᠂ 《ᠳᠡᠭᠡᠳᠦ ᠳᠣᠣᠷᠠᠳᠤ ᠱᠠᠲᠤ ᠬᠣᠯᠪᠤᠭ᠋ᠠᠯᠠᠨ ᠨᠡᠪᠲᠡᠷᠡᠯᠴᠡᠬᠦ᠂ ᠵᠡᠭᠦᠨ ᠪᠠᠷᠠᠭᠤᠨ ᠣᠷᠣᠨ ᠬᠣᠯᠪᠤᠭ᠋ᠠᠯᠠᠨ ᠬᠥᠳᠡᠯᠦᠯᠴᠡᠬᠦ᠂ ᠠᠵᠢᠯ ᠬᠤᠪᠢᠶᠠᠷᠢᠯᠠᠨ ᠬᠠᠮᠵᠢᠯᠴᠠᠬᠤ᠂ ᠨᠢᠭᠡᠳᠦᠯᠲᠡᠢ ᠲᠥᠯᠥᠪᠵᠢᠭᠦᠯᠦᠨ ᠨᠠᠢ᠌ᠳᠠᠪᠤᠷᠢᠵᠢᠭᠤᠯᠬᠤ》 ᠠᠵᠢᠯ᠎ᠤᠨ ᠪᠠᠢ᠌ᠷᠢᠰᠢᠯ᠎ᠢ ᠪᠦᠷᠢᠯᠳᠦᠭᠦᠯᠬᠦ ᠬᠡᠷᠡᠭᠲᠡᠢ᠃ ᠲᠦᠷᠦ ᠵᠢᠨ ᠪᠣᠳᠣᠯᠭ᠎ᠠ ᠳᠦᠷᠢᠮ᠎ᠤᠨ ᠬᠡᠷᠡᠭᠵᠢᠭᠦᠯᠦᠯᠲᠡ ᠵᠢᠨ ᠵᠢᠱ᠌ᠢᠶ᠎ᠡ ᠦᠵᠡᠭᠦᠯᠵᠦ ᠬᠥᠲᠥᠯᠥᠨ ᠳᠠᠭ᠋ᠠᠭᠤᠯᠬᠤ ᠠᠵᠢᠯ᠎ᠢ ᠰᠠᠢ᠌ᠲᠤᠷ ᠬᠢᠵᠦ᠂ ᠲᠦᠷᠦ ᠵᠢᠨ ᠪᠣᠳᠣᠯᠭ᠎ᠠ ᠵᠢᠨ ᠰᠤᠳᠤᠯᠭ᠋ᠠᠨ᠎ᠢ ᠴᠢᠩᠭ᠋ᠠᠳᠬᠠᠵᠤ᠂ ᠲᠦᠷᠦ ᠵᠢᠨ ᠪᠣᠳᠣᠯᠭ᠎ᠠ ᠵᠢᠨ ᠠᠰᠢᠭ᠎ᠢ ᠦᠷᠭᠦᠯᠵᠢᠯᠡᠨ ᠪᠠᠭᠤᠯᠭ᠋ᠠᠨ᠎ᠠ᠃ ᠠᠷᠠᠳ᠎ᠲᠤ ᠠᠰᠢᠭ ᠬᠦᠷᠲᠡᠭᠡᠬᠦ ᠢᠨᠵᠧᠨᠧᠷᠢᠩ᠎ᠤᠨ ᠵᠢᠱ᠌ᠢᠶ᠎ᠡ ᠦᠵᠡᠭᠦᠯᠵᠦ ᠬᠥᠲᠥᠯᠥᠨ ᠳᠠᠭ᠋ᠠᠭᠤᠯᠬᠤ ᠠᠵᠢᠯ᠎ᠢ ᠰᠠᠢ᠌ᠲᠤᠷ ᠬᠢᠵᠦ᠂ ᠢᠨᠵᠧᠨᠧᠷᠢᠩ᠎ᠤᠨ ᠠᠮᠢ ᠠᠬᠤᠢ ᠵᠢᠨ ᠦᠷ᠎ᠡ ᠠᠰᠢᠭ ᠪᠣᠯᠣᠨ ᠨᠡᠢ᠌ᠭᠡᠮ᠎ᠤᠨ ᠦᠷ᠎ᠡ ᠠᠰᠢᠭ᠎ᠢ ᠭᠦᠢ᠍ᠴᠡᠳ ᠪᠠᠳᠠᠷᠠᠭᠤᠯᠬᠤ ᠬᠡᠷᠡᠭᠲᠡᠢ᠃
ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠤᠨ ᠬᠠᠮᠢᠶ᠎ᠠ ᠪᠦᠬᠦᠢ ᠬᠠᠷᠢᠭᠤᠴᠠᠯᠭ᠋ᠠᠲᠠᠨ᠂ ᠬᠥᠬᠡᠬᠣᠲᠠ ᠵᠢᠨ ᠬᠠᠮᠢᠶ᠎ᠠ ᠪᠦᠬᠦᠢ ᠰᠠᠯᠠᠭ᠎ᠠ ᠮᠥᠴᠢᠷ᠂ ᠬᠣᠯᠪᠣᠭᠳᠠᠯ ᠪᠦᠬᠦᠢ ᠬᠣᠰᠢᠭᠤ ᠰᠢᠶᠠᠨ ᠲᠣᠭᠣᠷᠢᠭ᠎ᠤᠨ ᠵᠠᠰᠠᠭ᠎ᠤᠨ ᠣᠷᠳᠣᠨ᠎ᠤ ᠬᠠᠮᠢᠶ᠎ᠠ ᠪᠦᠬᠦᠢ ᠬᠥᠮᠥᠰ ᠠᠵᠢᠯ ᠡᠬᠢᠯᠡᠭᠦᠯᠬᠦ ᠶᠣᠰᠣᠯᠠᠯ᠎ᠳᠤ ᠣᠷᠣᠯᠴᠠᠪᠠ᠃