ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ 2024 ᠳᠤᠮᠳᠠᠳᠤ ᠤᠯᠤᠰ᠎ᠤᠨ ᠣᠯᠠᠨ ᠤᠯᠤᠰ᠎ᠤᠨ ᠠᠭᠤᠷᠬᠠᠶ ᠵᠢᠨ ᠦᠢ᠍ᠯᠡᠰ᠎ᠤᠨ ᠶᠡᠭᠡ ᠬᠤᠷᠠᠯ᠎ᠳᠤ ᠣᠷᠣᠯᠴᠠᠪᠠ
2024-10-18

  10 ᠳ᠋ᠤᠭ᠋ᠠᠷ ᠰᠠᠷ᠎ᠠ ᠵᠢᠨ 15᠎ᠤ ᠡᠳᠦᠷ᠎ᠠᠴᠠ 18᠎ᠤ ᠡᠳᠦᠷ ᠪᠣᠯᠲᠠᠯ᠎ᠠ᠂ 2024 (ᠬᠤᠷᠢᠨ ᠵᠢᠷᠭᠤᠳᠤᠭ᠋ᠠᠷ ᠬᠤᠭᠤᠴᠠᠭ᠋ᠠᠨ᠎ᠤ) ᠳᠤᠮᠳᠠᠳᠤ ᠤᠯᠤᠰ᠎ᠤᠨ ᠣᠯᠠᠨ ᠤᠯᠤᠰ᠎ᠤᠨ ᠠᠭᠤᠷᠬᠠᠶ ᠵᠢᠨ ᠦᠢ᠍ᠯᠡᠰ᠎ᠤᠨ ᠶᠡᠭᠡ ᠬᠤᠷᠠᠯ ᠲᠢᠶᠠᠨᠵᠢᠨ᠎ᠳᠤ ᠬᠤᠷᠠᠯᠳᠤᠪᠠ᠃ ᠲᠣᠰ ᠬᠤᠭᠤᠴᠠᠭ᠋ᠠᠨ᠎ᠤ ᠶᠡᠭᠡ ᠬᠤᠷᠠᠯ᠎ᠨᠢ 《ᠠᠭᠤᠷᠬᠠᠶ ᠵᠢᠨ ᠦᠢ᠍ᠯᠡᠰ᠎ᠤᠨ ᠬᠠᠮᠲᠤᠷᠠᠯᠴᠠᠭ᠎ᠠ ᠵᠢ ᠬᠠᠮᠲᠤ᠎ᠪᠠᠷ ᠠᠬᠢᠭᠤᠯᠵᠤ ᠰᠠᠶ᠋ᠢᠨ ᠰᠠᠶ᠋ᠢᠬᠠᠨ ᠢᠷᠡᠭᠡᠳᠦᠶ ᠵᠢ ᠬᠠᠮᠲᠤ᠎ᠪᠠᠷ ᠴᠣᠭᠴᠠᠯᠠᠶ᠎ᠠ》 ᠭᠡᠬᠦ᠎ᠪᠠᠷ ᠭᠤᠤᠯ ᠰᠡᠳᠦᠪ ᠪᠣᠯᠭ᠋ᠠᠵᠤ᠂ ᠪᠥᠬᠦ ᠪᠥᠮᠪᠥᠷᠴᠡᠭ᠎ᠤᠨ ᠠᠭᠤᠷᠬᠠᠶ ᠵᠢᠨ ᠦᠢ᠍ᠯᠡᠰ᠎ᠤᠨ ᠬᠠᠮᠲᠤᠷᠠᠯᠴᠠᠭ᠋ᠠᠨ᠎ᠤ ᠬᠠᠮᠲᠤ ᠵᠢᠨ ᠲᠠᠨᠢᠯᠲᠠ ᠵᠢ ᠨᠢᠭᠲᠠᠷᠠᠭᠤᠯᠤᠨ᠂ ᠳᠡᠯᠡᠬᠡᠶ ᠵᠢᠨ ᠠᠭᠤᠷᠬᠠᠶ ᠵᠢᠨ ᠦᠢ᠍ᠯᠡᠰ᠎ᠤᠨ ᠴᠡᠴᠡᠭᠯᠡᠨ ᠬᠥᠭᠵᠢᠬᠦ ᠵᠢ ᠬᠠᠮᠲᠤ᠎ᠪᠠᠷ ᠠᠬᠢᠭᠤᠯᠪᠠ᠃ 40 ᠭᠠᠷᠤᠢ ᠤᠯᠤᠰ᠂ ᠭᠠᠵᠠᠷ ᠣᠷᠣᠨ ᠪᠣᠯᠤᠨ ᠤᠯᠠᠨ ᠤᠯᠤᠰ᠎ᠤᠨ ᠵᠣᠬᠢᠶᠠᠨ ᠪᠠᠶ᠋ᠢᠭᠤᠯᠤᠯᠲᠠ᠎ᠠᠴᠠ ᠢᠷᠡᠭᠰᠡᠨ ᠲᠦᠮᠡ ᠰᠢᠬᠠᠮ ᠬᠥᠮᠦᠨ ᠬᠤᠷᠠᠯ᠎ᠳᠤ ᠣᠷᠣᠯᠴᠠᠵᠤ᠂ 400 ᠭᠠᠷᠤᠢ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠪᠠᠶ᠋ᠢᠭᠤᠯᠤᠮᠵᠢ ᠪᠣᠯᠤᠨ ᠠᠵᠤ ᠠᠬᠤᠶ᠋ᠢᠯᠠᠯ ᠦᠵᠡᠰᠬᠦᠯᠡᠩ᠎ᠳᠤ ᠣᠷᠣᠯᠴᠠᠵᠠᠢ᠃ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠵᠣᠣ ᠳ᠋ᠠ ᠶᠦᠩ ᠪᠦᠯᠬᠦᠮ ᠳᠠᠭ᠋ᠠᠭᠤᠯᠤᠨ ᠶᠡᠭᠡ ᠬᠤᠷᠠᠯ᠎ᠤᠨ ᠡᠬᠢᠯᠡᠯᠲᠡ ᠵᠢᠨ ᠶᠣᠰᠣᠯᠠᠯ ᠵᠢᠴᠢ ᠬᠠᠮᠢᠶ᠎ᠠ ᠪᠥᠬᠦᠶ ᠠᠵᠢᠯᠯᠠᠭ᠎ᠠ᠎ᠳᠤ ᠣᠷᠣᠯᠴᠠᠪᠠ᠃


10.18-1.jpg


   ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ ᠣᠯᠠᠨ ᠤᠯᠤᠰ᠎ᠤᠨ ᠠᠭᠤᠷᠬᠠᠶ ᠵᠢᠨ ᠦᠢ᠍ᠯᠡᠰ᠎ᠤᠨ ᠦᠵᠡᠰᠭᠦᠯᠡᠩ — ᠥᠪᠥᠷ ᠮᠣᠩᠭᠤᠯ᠎ᠤᠨ ᠦᠵᠡᠭᠦᠯᠭᠡ ᠵᠢᠨ ᠲᠢᠩᠬᠢᠮ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠢᠳᠡᠪᠬᠢᠲᠡᠶ ᠣᠷᠣᠯᠴᠠᠨ᠂ ᠨᠠᠷᠢᠨ ᠨᠢᠮᠪᠠᠶ ᠪᠠᠶ᠋ᠢᠷᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠵᠢ ᠰᠡᠷᠭᠦᠭᠡᠬᠦ᠂ ᠪᠣᠬᠢᠷᠲᠤᠯ ᠥᠬᠡᠶ ᠬᠠᠶ᠋ᠢᠨ ᠪᠠᠶ᠋ᠢᠴᠠᠭ᠋ᠠᠬᠤ ᠵᠡᠷᠭᠡ ᠠᠵᠢᠯ᠎ᠤᠨ ᠦᠷ᠎ᠡ ᠪᠦᠲᠦᠭᠡᠯ᠎ᠢ ᠪᠥᠬᠦ ᠬᠦᠴᠦᠨ ᠵᠶ᠋ᠠᠷ ᠵᠶ᠋ᠠᠨ ᠤᠬᠠᠭᠤᠯᠵᠤ᠂ ᠥᠪᠥᠷ ᠮᠣᠩᠭᠤᠯ᠎ᠤᠨ ᠴᠢᠨᠠᠷ ᠰᠠᠶ᠋ᠢᠲᠠᠶ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠢ ᠶᠡᠬᠡᠪᠡᠷ ᠲᠠᠨᠢᠯᠴᠠᠭᠤᠯᠪᠠ᠃  ᠦᠵᠡᠭᠦᠯᠭᠡ ᠵᠢᠨ ᠲᠢᠩᠬᠢᠮ᠎ᠨᠢ ᠰᠢ ᠵᠢᠨ ᠫᠢᠩ᠎ᠤᠨ ᠠᠮᠢ ᠠᠬᠤᠶ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ᠎ᠪᠠᠷ ᠭᠤᠤᠯ ᠰᠢᠵᠢᠮ ᠪᠣᠯᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠬᠤᠶᠠᠷ ᠶᠡᠭᠡ ᠶᠠᠪᠤᠳᠠᠯ᠎ᠤᠨ   ᠲᠣᠭᠤᠷᠢᠨ᠎ᠳᠤ᠂ ᠲᠤᠬᠠᠶ ᠵᠢᠨ ᠲᠠᠯᠠᠪᠠᠶ᠎ᠳᠤ ᠤᠬᠠᠭᠤᠯᠭ᠎ᠠ ᠵᠢᠨ ᠸᠢᠳᠢᠣ᠋ ᠵᠢ ᠨᠡᠪᠲᠡᠷᠡᠭᠦᠯᠬᠦ᠂ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠮᠡᠳᠡᠯᠭᠡ ᠵᠢᠨ ᠦᠵᠡᠭᠦᠯᠭᠡ ᠵᠢᠨ ᠰᠠᠮᠪᠠᠷ᠎ᠠ ᠪᠠ ᠴᠢᠯᠠᠭᠤᠨ᠎ᠤ ᠥᠯᠢᠭᠡᠷ ᠡᠳ᠋᠎ᠢ ᠳᠡᠯᠭᠡᠨ ᠲᠠᠯᠪᠢᠬᠤ᠂ ᠡᠯ᠎ᠡ ᠲᠥᠷᠥᠯ᠎ᠤᠨ ᠤᠬᠠᠭᠤᠯᠭ᠎ᠠ ᠵᠢᠨ ᠮᠠᠲ᠋ᠧᠷᠢᠶᠠᠯ᠎ᠢ ᠲᠤᠬᠠᠶ ᠵᠢᠨ ᠲᠠᠯᠠᠪᠠᠶ᠎ᠳᠤ ᠲᠠᠷᠬᠠᠭ᠋ᠠᠬᠤ ᠵᠡᠷᠭᠡ ᠠᠷᠭ᠎ᠠ ᠬᠡᠯᠪᠡᠷᠢ᠎ᠪᠠᠷ ᠳᠠᠮᠵᠢᠭᠤᠯᠤᠨ᠂ ᠬᠠᠮᠢᠶ᠎ᠠ ᠪᠥᠬᠦᠶ ᠠᠵᠢᠯ᠎ᠤᠨ ᠦᠷ᠎ᠡ ᠪᠦᠲᠦᠭᠡᠯ᠎ᠢ ᠭᠤᠤᠯᠳᠠᠯᠭ᠎ᠠ᠎ᠲᠠᠢ ᠲᠠᠨᠢᠯᠴᠠᠭᠤᠯᠬᠤ ᠪᠠ ᠰᠢᠨᠵᠢᠯᠡᠬᠦ ᠤᠬᠠᠭ᠋ᠠᠨᠴᠢ᠎ᠪᠠᠷ ᠲᠦᠭᠡᠮᠡᠯᠵᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠭᠠᠵᠠᠷ ᠵᠦᠶ ᠵᠢᠨ ᠪᠠᠶ᠋ᠢᠴᠠᠭ᠋ᠠᠯᠲᠠ᠂ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠢ ᠬᠠᠶ᠋ᠢᠨ ᠪᠠᠶ᠋ᠢᠴᠠᠭ᠋ᠠᠬᠤ᠂ ᠡᠬᠢ ᠪᠠᠶᠠᠯᠢᠭ᠎ᠤᠨ ᠰᠠᠭᠤᠷᠢᠨ ᠭᠠᠵᠠᠷ᠎ᠤᠨ ᠪᠥᠲᠥᠭᠡᠨ ᠪᠠᠶ᠋ᠢᠭᠤᠯᠤᠯᠲᠠ᠂ ᠠᠮᠢ ᠠᠬᠤᠶ ᠵᠢᠨ ᠰᠡᠷᠭᠦᠭᠡᠯᠲᠡ ᠵᠢᠨ ᠦᠷ᠎ᠡ ᠪᠦᠲᠦᠭᠡᠯ᠂ ᠰᠠᠭᠤᠷᠢ ᠪᠠᠶ᠋ᠢᠴᠠᠭ᠋ᠠᠨ ᠰᠤᠳᠤᠯᠤᠯᠲᠠ᠂ ᠭᠠᠵᠠᠷ ᠰᠢᠨᠵᠢᠯᠡᠭᠡᠨ᠎ᠤ ᠰᠣᠶᠣᠯ᠎ᠤᠨ ᠪᠠᠯᠭ᠋ᠠᠰᠤᠨ᠎ᠤ ᠪᠥᠲᠥᠭᠡᠨ ᠪᠠᠶ᠋ᠢᠭᠤᠯᠤᠯᠲᠠ᠂ ᠥᠪᠡᠷᠲᠡᠭᠡᠨ ᠵᠠᠰᠠᠬᠤ ᠣᠷᠣᠨ᠎ᠤ ᠳᠠᠪᠠᠭᠤᠯᠢᠭ ᠠᠭᠤᠷᠬᠠᠶ ᠵᠢᠨ ᠲᠥᠷᠥᠯ᠎ᠤᠨ ᠬᠦᠳᠡᠷ ᠵᠡᠷᠭᠡ ᠦᠷ᠎ᠡ ᠪᠦᠲᠦᠭᠡᠯ᠎ᠢ ᠭᠤᠤᠯᠳᠠᠯᠭ᠎ᠠ᠎ᠲᠠᠢ ᠳᠡᠯᠭᠡᠨ ᠦᠵᠡᠭᠦᠯᠵᠦ᠂ ᠥᠪᠥᠷ ᠮᠣᠩᠭᠤᠯ᠎ᠤᠨ ᠥᠪᠡᠷᠮᠢᠴᠡ ᠣᠨᠴᠠᠯᠢᠭ᠎ᠲᠠᠢ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠤᠨ ᠳᠠᠪᠠᠭᠤᠯᠢᠭ ᠪᠠ ᠠᠭᠤᠷᠬᠠᠶ ᠡᠷᠢᠬᠦ ᠬᠡᠲᠦ ᠵᠢᠨ ᠲᠥᠯᠥᠪ᠎ᠢ ᠭᠦᠢ᠍ᠴᠡᠳ ᠢᠯᠡᠷᠡᠭᠦᠯᠵᠦ᠂ ᠰᠠᠶ᠋ᠢᠨ ᠰᠠᠶ᠋ᠢᠬᠠᠨ ᠤᠬᠠᠭᠤᠯᠭ᠎ᠠ ᠵᠢᠨ ᠦᠷ᠎ᠡ ᠪᠦᠲᠦᠮᠵᠢ ᠤᠯᠪᠠ᠃

   ᠪᠣᠬᠢᠷᠲᠤᠯ ᠦᠭᠡᠢ᠎ᠪᠠᠷ ᠭᠤᠣᠯᠳᠠᠭᠤᠯᠵᠤ᠂ ᠰᠢᠨ᠎ᠡ ᠵᠢ ᠡᠭᠦᠳᠦᠨ ᠬᠥᠭᠵᠢᠭᠦᠯᠦᠨ᠎ᠡ᠃ ᠪᠦᠬᠦ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠰᠢᠰᠲ᠋ᠧᠮ ᠦᠷᠭᠦᠯᠵᠢᠯᠡᠨ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭ᠋ᠠᠵᠤ᠂ ᠨᠠᠮ᠎ᠤᠨ ᠬᠤᠷᠢᠳᠤᠭ᠋ᠠᠷ ᠶᠡᠭᠡ ᠬᠤᠷᠠᠯ ᠪᠣᠯᠤᠨ ᠬᠤᠷᠢᠳᠤᠭ᠋ᠠᠷ ᠬᠤᠭᠤᠴᠠᠭ᠋ᠠᠨ᠎ᠤ ᠤᠳᠠᠭ᠎ᠠ ᠪᠦᠷᠢ ᠵᠢᠨ ᠪᠦᠬᠦᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠵᠤ᠂ 《ᠭᠤᠷᠪᠠ ᠵᠢ ᠣᠶ᠋ᠢᠯᠠᠭ᠋ᠠᠬᠤ》 ᠵᠢ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠬᠦ᠎ᠪᠠᠷ ᠦᠨᠳᠦᠰᠦᠨ ᠵᠢᠷᠤᠮᠯᠠᠯ ᠪᠣᠯᠭ᠋ᠠᠵᠤ᠂    ᠥᠪᠡᠷᠲᠡᠭᠡᠨ ᠵᠠᠰᠠᠬᠤ ᠣᠷᠣᠨ᠎ᠤ 《ᠰᠢᠨ᠎ᠡ ᠵᠠᠮ ᠨᠡᠭᠡᠭᠡᠵᠦ᠂ ᠳᠤᠮᠳᠠ ᠲᠦᠪᠰᠢᠨ᠎ᠳᠤ ᠳᠠᠪᠰᠢᠬᠤ》 ᠬᠠᠷᠠᠯᠲᠠ ᠵᠢ ᠲᠤᠭᠲᠠᠭ᠋ᠠᠵᠤ᠂ ᠠᠭᠤᠷᠬᠠᠢ ᠵᠢᠨ ᠦᠢ᠍ᠯᠡᠰ᠎ᠤᠨ ᠬᠦᠷᠢᠶᠡᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠵᠢ ᠲᠠᠰᠤᠷᠠᠯᠲᠠ ᠦᠭᠡᠢ ᠴᠢᠩᠭ᠋ᠠᠳᠬᠠᠵᠤ᠂ ᠪᠣᠬᠢᠷᠲᠤᠯ ᠦᠭᠡᠢ᠎ᠪᠠᠷ ᠬᠡᠯᠪᠡᠷᠢ᠎ᠪᠠᠨ ᠬᠤᠪᠢᠷᠠᠭᠤᠯᠬᠤ ᠵᠢ ᠢᠳᠡᠪᠬᠢᠲᠡᠢ ᠠᠬᠢᠭᠤᠯᠵᠤ᠂ ᠠᠭᠤᠷᠬᠠᠢ ᠵᠢᠨ ᠭᠠᠷᠤᠯᠲᠠ ᠵᠢ ᠨᠡᠭᠡᠭᠡᠨ ᠠᠰᠢᠭᠯᠠᠬᠤ ᠲᠦᠪᠰᠢᠨ᠎ᠢ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠬᠤᠶᠠᠷ ᠶᠡᠭᠡ ᠶᠠᠪᠤᠳᠠᠯ᠎ᠢ ᠴᠢᠨᠠᠷ ᠰᠠᠶ᠋ᠢᠲᠠᠢ ᠪᠡᠶᠡᠯᠡᠭᠦᠯᠬᠦ ᠲᠠᠯ᠎ᠠ᠎ᠪᠠᠷ ᠦᠷᠭᠦᠯᠵᠢᠯᠡᠨ ᠰᠡᠳᠦᠪ ᠭᠠᠷᠭ᠋ᠠᠵᠤ ᠰᠡᠳᠦᠪ ᠬᠠᠷᠢᠭᠤᠯᠵᠤ᠂ ᠪᠣᠳᠠᠲᠠᠢ ᠦᠷ᠎ᠡ ᠪᠦᠲᠦᠮᠵᠢ ᠣᠯᠵᠤ᠂ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠶ᠋ᠢᠲᠠᠢ ᠬᠥᠭᠵᠢᠯᠲᠡ᠎ᠳᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠬᠦᠴᠦᠨ ᠴᠢᠳᠠᠯ ᠵᠶ᠋ᠠᠨ ᠡᠷᠭᠦᠨ᠎ᠡ᠃

 

ᠢᠷᠡᠯᠲᠡ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ