ᠣᠶ᠋ᠢᠷ᠎ᠠ᠎ᠳᠤ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠶᠠᠮᠤᠨ ᠬᠠᠮᠲᠤᠷᠠᠨ 2023 ᠣᠨ᠎ᠤ ᠤᠯᠤᠰ᠎ᠤᠨ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠰᠠᠭᠤᠷᠢᠨ ᠭᠠᠵᠠᠷ᠎ᠤᠨ ᠨᠡᠷᠡᠰ᠎ᠢ ᠨᠡᠶ᠋ᠢᠲᠡᠯᠡᠵᠦ᠂ ᠥᠪᠥᠷ ᠮᠣᠩᠭᠣᠯ᠎ᠤᠨ ᠪᠠᠶ᠋ᠢᠭ᠋ᠠᠯᠢ ᠵᠢᠨ ᠮᠦᠽᠧᠶ ᠠᠮᠵᠢᠯᠲᠠ᠎ᠲᠠᠢ᠎ᠪᠠᠷ ᠵᠢᠭᠰᠠᠭ᠋ᠠᠯᠲᠠ᠎ᠳᠤ ᠣᠷᠣᠪᠠ᠃
ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠤᠨ ᠵᠢᠯᠣᠭᠣᠳᠣᠯᠭ᠎ᠠ ᠳᠤᠤᠷ᠎ᠠ᠂ ᠥᠪᠥᠷ ᠮᠣᠩᠭᠣᠯ᠎ᠤᠨ ᠪᠠᠶ᠋ᠢᠭ᠋ᠠᠯᠢ ᠵᠢᠨ ᠮᠦᠽᠧᠶ᠎ᠨᠢ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠰᠢᠨᠵᠢᠯᠡᠬᠦ ᠤᠬᠠᠭ᠋ᠠᠨ᠎ᠤ ᠲᠦᠭᠡᠮᠡᠯᠵᠢᠭᠦᠯᠦᠯᠲᠡ ᠵᠢᠨ ᠬᠦᠷᠢᠶᠡᠨ᠎ᠳᠤ ᠰᠠᠭᠤᠷᠢᠯᠠᠨ᠂ ᠰᠢᠨᠵᠢᠯᠡᠬᠦ ᠤᠬᠠᠭ᠋ᠠᠨ᠎ᠤ ᠲᠦᠭᠡᠮᠡᠯᠵᠢᠭᠦᠯᠦᠯᠲᠡ ᠵᠢᠨ ᠰᠠᠭᠤᠷᠢᠨ ᠭᠠᠵᠠᠷ᠎ᠤᠨ ᠴᠢᠳᠠᠮᠵᠢ ᠵᠢ ᠭᠦᠢ᠍ᠴᠡᠳ ᠪᠠᠳᠠᠷᠠᠭᠤᠯᠵᠤ᠂ ᠰᠢᠷᠢᠰ ᠭᠤᠤᠯ ᠰᠡᠳᠦᠪᠲᠦ ᠰᠢᠨᠵᠢᠯᠡᠬᠦ ᠤᠬᠠᠭ᠋ᠠᠨ᠎ᠤ ᠲᠦᠭᠡᠮᠡᠯᠵᠢᠭᠦᠯᠦᠯᠲᠡ ᠵᠢᠨ ᠠᠵᠢᠯᠯᠠᠭ᠎ᠠ ᠥᠷᠨᠢᠭᠦᠯᠬᠦ᠂ ᠰᠢᠨᠵᠢᠯᠡᠬᠦ ᠤᠬᠠᠭ᠋ᠠᠨ᠎ᠤ ᠲᠦᠭᠡᠮᠡᠯᠵᠢᠭᠦᠯᠦᠯᠲᠡ ᠵᠢᠨ ᠲᠠᠶ᠋ᠢᠯᠤᠮᠵᠢ ᠵᠢᠨ ᠤᠷᠤᠯᠳᠤᠭ᠋ᠠᠨ ᠡᠷᠭᠢᠯᠡᠬᠦ᠂ ᠰᠦᠯᠵᠢᠶᠡᠨ ᠳᠡᠭᠡᠷᠡᠬᠢ ᠤᠬᠠᠭᠤᠯᠭ᠎ᠠ ᠵᠢᠨ ᠲᠤᠰᠬᠠᠶ ᠪᠤᠯᠤᠩ ᠨᠡᠭᠡᠭᠡᠵᠦ᠂ ᠰᠢᠨᠵᠢᠯᠡᠬᠦ ᠤᠬᠠᠭ᠋ᠠᠨ᠎ᠤ ᠲᠦᠭᠡᠮᠡᠯᠵᠢᠭᠦᠯᠦᠯᠲᠡ ᠵᠢ ᠲᠠᠯᠠᠪᠠᠶ ᠣᠷᠳᠣᠨ᠎ᠳᠤ ᠣᠷᠣᠭᠤᠯᠬᠤ᠂ ᠨᠡᠶ᠋ᠢᠭᠡᠮ ᠲᠣᠭᠣᠷᠢᠭ᠎ᠲᠤ ᠣᠷᠣᠭᠤᠯᠬᠤ᠂ ᠰᠤᠷᠭ᠋ᠠᠭᠤᠯᠢ ᠵᠢᠨ ᠬᠦᠷᠢᠶᠡᠨ᠎ᠳᠤ ᠣᠷᠣᠭᠤᠯᠬᠤ᠂ ᠬᠥᠳᠡᠭᠡ ᠲᠣᠰᠬᠣᠨ᠎ᠳᠤ ᠪᠠᠭᠤᠯᠭ᠋ᠠᠬᠤ ᠵᠡᠷᠭᠡ ᠣᠨᠴᠠᠯᠢᠭᠲᠤ ᠠᠵᠢᠯᠯᠠᠭ᠎ᠠ ᠵᠢ ᠪᠠᠶ᠋ᠢᠩᠭᠤᠵᠢᠭᠤᠯᠤᠨ ᠠᠬᠢᠭᠤᠯᠵᠤ᠂ ᠰᠢᠨᠵᠢᠯᠡᠬᠦ ᠤᠬᠠᠭ᠋ᠠᠨ᠎ᠤ ᠲᠦᠭᠡᠮᠡᠯᠵᠢᠭᠦᠯᠦᠯᠲᠡ ᠵᠢᠨ ᠤᠬᠠᠭᠤᠯᠭ᠎ᠠ ᠵᠢᠨ ᠴᠢᠨᠠᠷ ᠴᠢᠨᠰᠠᠭ᠎ᠠ ᠵᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠰᠢᠨᠵᠢᠯᠡᠬᠦ ᠤᠬᠠᠭ᠋ᠠᠨ᠎ᠤ ᠲᠦᠭᠡᠮᠡᠯᠵᠢᠭᠦᠯᠦᠯᠲᠡ ᠵᠢᠨ ᠦᠢ᠍ᠯᠡᠴᠢᠯᠡᠭᠡᠨ᠎ᠤ ᠬᠡᠪᠴᠢᠶ᠎ᠡ ᠵᠢ ᠥᠷᠭᠡᠳᠬᠡᠵᠦ᠂ ᠰᠢᠨᠵᠢᠯᠡᠬᠦ ᠤᠬᠠᠭ᠋ᠠᠨ᠎ᠤ ᠲᠦᠭᠡᠮᠡᠯᠵᠢᠭᠦᠯᠦᠯᠲᠡ ᠵᠢᠨ ᠰᠤᠷᠭ᠋ᠠᠨ ᠬᠥᠮᠦᠵᠢᠯ ᠵᠶ᠋ᠠᠷ ᠨᠠᠩ ᠣᠯᠠᠨ ᠲᠦᠮᠡᠨ᠎ᠳᠤ ᠠᠰᠢᠭ ᠬᠦᠷᠲᠡᠭᠡᠵᠦ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠬᠥᠮᠦᠵᠢᠯ᠎ᠤᠨ ᠰᠠᠭᠤᠷᠢᠨ ᠭᠠᠵᠠᠷ᠎ᠤᠨ ᠨᠥᠯᠥᠭᠡᠯᠡᠬᠦ ᠬᠦᠴᠦᠨ᠎ᠢ ᠲᠠᠰᠤᠷᠠᠯᠲᠠ ᠥᠬᠡᠶ ᠨᠡᠮᠡᠭᠳᠡᠭᠦᠯᠦᠨ᠎ᠡ᠃
ᠲᠠᠷᠠᠭ᠋ᠠᠴᠢ ᠵᠢᠨ ᠠᠯᠬᠤᠮ᠎ᠳᠤ᠂ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠰᠠᠭᠤᠷᠢᠨ᠎ᠤ ᠪᠥᠲᠥᠭᠡᠨ ᠪᠠᠶ᠋ᠢᠭᠤᠯᠤᠯᠲᠠ ᠵᠢ ᠲᠠᠰᠤᠷᠠᠯᠲᠠ ᠥᠬᠡᠶ ᠴᠢᠩᠭ᠋ᠠᠳᠬᠠᠵᠤ᠂ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠠᠷᠭ᠎ᠠ ᠬᠡᠯᠪᠡᠷᠢ ᠵᠢᠨ ᠰᠢᠨ᠎ᠡ ᠵᠢ ᠡᠭᠦᠳᠴᠦ᠂ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠦᠢ᠍ᠯᠡᠴᠢᠯᠡᠭᠡᠨ᠎ᠤ ᠴᠢᠳᠠᠪᠤᠷᠢ ᠵᠢ ᠳᠡᠭᠡᠭᠰᠢᠯᠡᠭᠦᠯᠵᠦ᠂ ᠵᠢᠱ᠌ᠢᠶ᠎ᠡ ᠦᠵᠡᠭᠦᠯᠦᠨ ᠬᠥᠲᠥᠯᠥᠨ ᠳᠠᠭ᠋ᠠᠭᠤᠯᠬᠤ ᠦᠢ᠍ᠯᠡᠳᠦᠯ᠎ᠢ ᠪᠠᠳᠠᠷᠠᠭᠤᠯᠵᠤ᠂ ᠠᠷᠠᠳ ᠢᠷᠭᠡᠳ᠎ᠤᠨ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠰᠢᠨᠵᠢᠯᠡᠬᠦ ᠤᠬᠠᠭ᠋ᠠᠨ᠎ᠤ ᠬᠡᠪ ᠪᠣᠯᠪᠠᠰᠤᠷᠠᠯ᠎ᠢ ᠳᠡᠭᠡᠭᠰᠢᠯᠡᠭᠦᠯᠬᠦ᠂ ᠠᠮᠢ ᠠᠬᠤᠶ ᠵᠢᠨ ᠪᠣᠯᠪᠠᠰᠤᠨ᠎ᠤ ᠤᠬᠠᠮᠰᠠᠷ᠎ᠢ ᠳᠡᠭᠡᠭᠰᠢᠯᠡᠭᠦᠯᠬᠦ᠎ᠳᠤ ᠨᠠᠩ ᠶᠡᠬᠡ ᠰᠢᠨ᠎ᠡ ᠬᠤᠪᠢ ᠨᠡᠮᠡᠷᠢ ᠦᠵᠡᠭᠦᠯᠦᠨ᠎ᠡ ᠭᠡᠪᠡ᠃