ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ᠎ᠤ ᠵᠠᠰᠠᠭ᠎ᠤᠨ ᠶᠠᠪᠤᠳᠠᠯ᠎ᠤᠨ ᠮᠡᠳᠡᠭᠡ ᠵᠠᠩᠭᠢ ᠵᠢᠨ ᠠᠵᠢᠯ᠎ᠤᠨ ᠢᠯᠡᠷᠡᠯ ᠲᠣᠪᠤᠶ᠋ᠢᠮ᠎ᠠ ᠨᠢᠭᠡᠴᠢ᠎ᠪᠠᠷ ᠦᠨᠡᠯᠡᠭᠳᠡᠪᠡ
2024-01-12

   ᠣᠶ᠋ᠢᠷ᠎ᠠ᠎ᠳᠤ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ᠎ᠤ ᠠᠯᠪᠠᠨ ᠲᠢᠩᠬᠢᠮ 2023 ᠣᠨ᠎ᠤ ᠵᠠᠰᠠᠭ᠎ᠤᠨ ᠶᠠᠪᠤᠳᠠᠯ᠎ᠤᠨ ᠮᠡᠳᠡᠭᠡ ᠵᠠᠩᠭᠢ ᠵᠢ ᠬᠡᠷᠡᠭᠯᠡᠭᠰᠡᠨ ᠪᠠᠶ᠋ᠢᠳᠠᠯ᠎ᠢ ᠨᠡᠶ᠋ᠢᠲᠡᠯᠡᠬᠦ ᠵᠢᠨ ᠬᠠᠮᠲᠤ ᠮᠡᠳᠡᠭᠡ ᠵᠠᠩᠭᠢ᠂ ᠠᠵᠢᠯ᠎ᠤᠨ ᠢᠯᠡᠷᠡᠯ ᠲᠣᠪᠤᠶ᠋ᠢᠮ᠎ᠠ 12 ᠮᠤᠵᠢ ᠵᠢᠨ ᠱᠠᠲᠤᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ 4 ᠳᠡᠳ᠋ ᠮᠤᠵᠢ ᠵᠢᠨ ᠱᠠᠲᠤᠨ᠎ᠤ ᠬᠤᠲᠠ ᠵᠢᠨ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠢ ᠮᠠᠭᠲᠠᠨ ᠰᠠᠶ᠋ᠢᠰᠢᠶᠠᠪᠠ᠃ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ ᠡᠭᠦᠨ᠎ᠳᠤ ᠵᠠᠰᠠᠭ᠎ᠤᠨ ᠶᠠᠪᠤᠳᠠᠯ᠎ᠤᠨ ᠮᠡᠳᠡᠭᠡ ᠵᠠᠩᠭᠢ ᠵᠢᠨ ᠠᠵᠢᠯ᠎ᠤᠨ ᠢᠯᠡᠷᠡᠯ ᠲᠣᠪᠣᠶ᠋ᠢᠮ᠎ᠠ ᠨᠢᠭᠡᠴᠢ᠎ᠪᠠᠷ ᠦᠨᠡᠯᠡᠭᠳᠡᠪᠡ᠃

   ᠨᠢᠭᠡ ᠵᠢᠯ᠎ᠤᠨ ᠲᠤᠷᠰᠢ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠣᠯᠭ᠎ᠠ ᠪᠣᠯᠭ᠋ᠠᠬᠤ ᠵᠢ ᠢᠮᠠᠭᠲᠠ ᠪᠠᠷᠢᠮᠲᠠᠯᠠᠵᠤ᠂ ᠨᠠᠮ᠎ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠰᠢᠢ᠍ᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢᠨ ᠲᠣᠭᠤᠷᠢᠨ᠎ᠳᠤ᠂ ᠤᠯᠤᠰ᠎ᠤᠨ ᠭᠠᠵᠠᠷ ᠰᠢᠷᠣᠶ ᠵᠢᠨ ᠣᠷᠣᠨ ᠵᠠᠶ ᠵᠢᠨ ᠪᠠᠶ᠋ᠢᠷᠢᠰᠢᠯ᠎ᠢ ᠰᠢᠯᠢᠳᠡᠭᠵᠢᠭᠦᠯᠬᠦ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠲᠠᠷᠢᠶᠠᠨ ᠭᠠᠵᠠᠷ᠎ᠤᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠎ᠢ ᠴᠢᠩᠭ᠎ᠠ ᠰᠠᠬᠢᠵᠤ᠂ ᠭᠠᠵᠠᠷ ᠰᠢᠷᠣᠶ ᠵᠢ ᠶᠡᠷᠦᠩᠬᠡᠶ᠋ᠢᠯᠡᠨ ᠴᠡᠭᠴᠡᠯᠡᠨ ᠵᠠᠰᠠᠬᠤ ᠵᠢ ᠴᠢᠩᠭ᠋ᠠᠳᠬᠠᠨ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠡᠯᠧᠮᠧᠨ᠋ᠲ᠎ᠤᠨ ᠪᠠᠲᠤᠯᠠᠭ᠎ᠠ ᠵᠢ ᠰᠠᠶ᠋ᠢᠲᠤᠷ ᠬᠢᠵᠦ᠂ ᠠᠮᠢ ᠠᠬᠤᠶ ᠵᠢ ᠬᠠᠮᠠᠭ᠋ᠠᠯᠠᠨ ᠰᠡᠷᠭᠦᠭᠡᠬᠦ ᠡᠷᠴᠢᠮ ᠵᠶ᠋ᠠᠨ ᠴᠢᠩᠭ᠋ᠠᠷᠠᠭᠤᠯᠤᠨ᠂ ᠥᠮᠴᠢᠯᠡᠬᠦ ᠡᠷᠬᠡ ᠵᠢᠨ ᠲᠦᠷᠢᠮ᠎ᠤᠨ ᠥᠭᠡᠷᠡᠴᠢᠯᠡᠯᠲᠡ ᠵᠢ ᠠᠬᠢᠭᠤᠯᠵᠤ᠂ ᠪᠠᠶ᠋ᠢᠭ᠋ᠠᠯᠢ ᠵᠢᠨ ᠡᠬᠢ ᠪᠠᠶᠠᠯᠢᠭ᠎ᠢ ᠬᠢᠨᠠᠨ ᠪᠠᠶ᠋ᠢᠴᠠᠭ᠋ᠠᠵᠤ ᠬᠠᠤᠯᠢ ᠬᠡᠷᠡᠭᠵᠢᠭᠦᠯᠬᠦ ᠵᠡᠷᠭᠡ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠬᠦᠷᠢᠶᠡᠨ᠎ᠳᠠᠬᠢ ᠭᠤᠤᠯᠳᠠᠯᠭ᠎ᠠ᠎ᠲᠠᠢ ᠠᠵᠢᠯ᠎ᠢ ᠴᠢᠩᠭ᠋ᠠᠳᠬᠠᠵᠤ᠂ ᠰᠠᠨᠠᠭ᠋ᠠᠴᠢᠯᠠᠭ᠎ᠠ᠎ᠠᠴᠠ᠎ᠪᠠᠨ ᠲᠥᠯᠥᠪᠵᠢᠭᠦᠯᠵᠦ᠂ ᠴᠠᠭ ᠲᠤᠬᠠᠶ᠎ᠳᠤᠨᠢ ᠮᠡᠳᠡᠭᠦᠯᠦᠨ ᠬᠦᠷᠭᠡᠵᠦ᠂ ᠮᠡᠳᠡᠭᠡ ᠵᠠᠩᠭᠢ ᠵᠢᠨ ᠵᠥᠪᠯᠡᠭᠴᠢ ᠬᠠᠪᠰᠤᠷᠤᠭᠴᠢ᠂ ᠰᠢᠨᠵᠢᠯᠡᠬᠦ ᠤᠬᠠᠭ᠋ᠠᠨᠴᠢ᠎ᠪᠠᠷ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ᠎ᠳᠤ ᠦᠢ᠍ᠯᠡᠴᠢᠯᠡᠬᠦ ᠦᠢ᠍ᠯᠡᠳᠦᠯ᠎ᠢ ᠤᠯᠠᠮ ᠨᠢᠭᠡ ᠠᠯᠬᠤᠮ ᠪᠠᠳᠠᠷᠠᠭᠤᠯᠤᠨ᠂ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠰᠢᠰᠲ᠋ᠧᠮ᠎ᠤᠨ ᠢᠳᠡᠪᠬᠢᠲᠡᠶ ᠥᠭᠡᠷᠡᠴᠢᠯᠡᠯᠲᠡ᠂ ᠵᠣᠷᠢᠭᠲᠠᠶ᠎ᠪᠠᠷ ᠰᠢᠨ᠎ᠡ ᠵᠢ ᠡᠭᠦᠳᠬᠦ᠂ ᠵᠠᠮ ᠨᠡᠭᠡᠭᠡᠨ ᠤᠷᠤᠭᠰᠢᠯᠠᠬᠤ ᠳᠦᠷᠢ ᠲᠥᠷᠬᠦ ᠵᠢ ᠪᠥᠬᠦ ᠲᠠᠯ᠎ᠠ᠎ᠪᠠᠷ ᠢᠯᠡᠷᠡᠭᠦᠯᠪᠡ᠃

   ᠳᠠᠷᠠᠭ᠋ᠠᠴᠢ ᠵᠢᠨ ᠠᠯᠬᠤᠮ᠎ᠳᠤ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ ᠦᠷᠭᠦᠯᠵᠢᠯᠡᠨ ᠭᠤᠣᠯᠳᠠᠯᠭ᠎ᠠ ᠵᠢᠨ ᠲᠣᠭᠤᠷᠢᠨ᠎ᠳᠤ ᠶᠡᠭᠡ ᠲᠠᠯ᠎ᠠ᠎ᠳᠤ ᠦᠢ᠍ᠯᠡᠴᠢᠯᠡᠵᠦ᠂ ᠡᠷᠴᠢ ᠵᠣᠷᠢᠭ ᠵᠶ᠋ᠠᠨ ᠬᠥᠪᠴᠢᠯᠡᠵᠦ᠂ ᠰᠢᠨᠲᠠᠷᠠᠰᠢ ᠦᠭᠡᠢ ᠴᠢᠷᠮᠠᠶ᠋ᠢᠨ ᠠᠵᠢᠯᠯᠠᠵᠤ᠂ ᠪᠣᠳᠠᠲᠠᠢ ᠠᠵᠢᠯᠯᠠᠬᠤ᠎ᠪᠠᠷ ᠤᠬ ᠰᠠᠨᠠᠭ᠎ᠠ᠎ᠪᠠᠨ ᠪᠠᠲᠤ ᠰᠠᠬᠢᠵᠤ᠂ ᠦᠷ᠎ᠡ ᠪᠦᠲᠦᠮᠵᠢ᠎ᠪᠠᠷ ᠡᠭᠦᠷᠭᠡ ᠬᠠᠷᠢᠭᠤᠴᠠᠯᠭ᠎ᠠ᠎ᠪᠠᠨ ᠦᠢ᠍ᠯᠡᠳᠦᠯᠭᠡᠵᠢᠭᠦᠯᠵᠦ᠂ ᠵᠠᠰᠠᠭ᠎ᠤᠨ ᠶᠠᠪᠤᠳᠠᠯ᠎ᠢ ᠬᠠᠪᠰᠤᠷᠤᠨ ᠰᠠᠨᠠᠯ ᠵᠥᠪᠯᠡᠯᠭᠡ ᠳᠤᠷᠠᠳᠬᠤ ᠵᠢ ᠨᠡᠩ ᠣᠨᠣᠪᠴᠢᠲᠠᠢ ᠪᠣᠯᠭ᠋ᠠᠵᠤ᠂ ᠠᠰᠠᠭᠤᠳᠠᠯ᠎ᠢ ᠨᠡᠩ ᠪᠦᠬᠦ ᠲᠠᠯ᠎ᠠ᠎ᠪᠠᠷ ᠲᠤᠰᠬᠠᠵᠤ᠂ ᠠᠵᠢᠯ᠎ᠢ ᠨᠡᠩ ᠬᠦᠴᠦᠲᠡᠢ᠂ ᠮᠡᠳᠡᠭᠡ ᠵᠠᠩᠭᠢ ᠵᠢᠨ ᠦᠢ᠍ᠯᠡᠴᠢᠯᠡᠭᠡ ᠵᠢ ᠨᠡᠩ ᠰᠢᠯᠢᠳᠡᠭᠵᠢᠭᠦᠯᠵᠦ᠂ 《ᠬᠤᠶᠠᠷ ᠶᠡᠭᠡ ᠶᠠᠪᠤᠳᠠᠯ》᠎ᠢ ᠪᠦᠬᠦ ᠬᠦᠴᠦᠨ ᠵᠶ᠋ᠠᠷ ᠵᠶ᠋ᠠᠨ ᠰᠠᠶ᠋ᠢᠲᠤᠷ ᠬᠢᠵᠦ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠦᠢ᠍ᠯᠡᠰ᠎ᠤᠨ ᠴᠢᠨᠠᠷ ᠰᠠᠶ᠋ᠢᠲᠠᠢ ᠬᠥᠭᠵᠢᠯᠲᠡ᠎ᠳᠤ ᠬᠦᠴᠦᠨ ᠴᠢᠳᠠᠯ ᠵᠶ᠋ᠠᠨ ᠡᠷᠭᠦᠨ᠎ᠡ ᠭᠡᠵᠡᠢ᠃

 

 

ᠢᠷᠡᠯᠲᠡ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ