ᠳᠤᠮᠳᠠᠳᠤ ᠵᠢᠨ ᠦᠨᠳᠦᠰᠦᠲᠡᠨ᠎ᠤ ᠨᠢᠭᠲᠠᠷᠠᠯ᠎ᠤᠨ ᠬᠦᠴᠦᠨ᠎ᠢ ᠲᠠᠰᠤᠷᠠᠯᠲᠠ ᠦᠭᠡᠢ ᠴᠢᠩᠭ᠋ᠠᠷᠠᠭᠤᠯᠤᠨ᠎ᠠ
2025-04-16

   ᠳᠤᠮᠳᠠᠳᠤ ᠵᠢᠨ ᠦᠨᠳᠦᠰᠦᠲᠡᠨ ᠥᠨᠢ ᠤᠳᠠᠭ᠋ᠠᠨ ᠲᠡᠦᠬᠡ ᠪᠣᠯᠤᠨ ᠭᠡᠷᠡᠯ ᠰᠠᠴᠤᠷᠠᠩᠭᠤᠢ ᠰᠣᠶᠣᠯ᠎ᠲᠠᠢ ᠪᠠᠶ᠋ᠢᠵᠤ᠂ ᠤᠷᠳᠤ ᠤᠳᠠᠭ᠋ᠠᠨ ᠲᠡᠦᠬᠡ ᠵᠢᠨ ᠣᠨ ᠰᠠᠷ᠎ᠠ᠎ᠳᠤ ᠲᠠᠰᠤᠷᠠᠯᠲᠠ ᠦᠭᠡᠢ ᠠᠮᠢᠵᠢᠷᠠᠯ᠎ᠤᠨ ᠬᠦᠴᠦᠨ᠎ᠲᠠᠢ ᠪᠣᠯᠵᠠᠢ᠃ ᠣᠳᠣᠬᠠᠨ᠎ᠳᠤ᠂ ᠳᠡᠯᠡᠬᠡᠢ ᠳ᠋ᠠᠬᠢᠨ᠎ᠤ ᠵᠠᠭᠤᠨ ᠵᠢᠯ᠎ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠲᠦᠷᠭᠡᠰᠦᠨ ᠬᠥᠭᠵᠢᠵᠦ᠂ ᠳᠡᠯᠡᠬᠡᠢ ᠳ᠋ᠠᠬᠢᠨ᠎ᠤ ᠬᠤᠪᠢᠷᠠᠯᠲᠠ᠂ ᠴᠠᠭ ᠦᠶ᠎ᠡ ᠵᠢᠨ ᠬᠤᠪᠢᠷᠠᠯᠲᠠ᠂ ᠲᠡᠦᠬᠡ ᠵᠢᠨ ᠬᠤᠪᠢᠷᠠᠯᠲᠠ ᠵᠢ ᠶᠠᠭ ᠤᠷᠢᠳ ᠡᠮᠦᠨ᠎ᠡ ᠪᠠᠶ᠋ᠢᠭ᠎ᠠ ᠦᠭᠡᠢ ᠠᠷᠭ᠎ᠠ ᠬᠡᠯᠪᠡᠷᠢ᠎ᠪᠠᠷ ᠨᠡᠭᠡᠭᠡᠵᠦ ᠪᠠᠶ᠋ᠢᠨ᠎ᠠ᠂ ᠪᠢᠳᠡ ᠲᠡᠦᠬᠡᠨ ᠳᠡᠭᠡᠷᠡᠬᠢ ᠶᠠᠮᠠᠷᠪᠠ ᠴᠠᠭ ᠦᠶ᠎ᠡ᠎ᠠᠴᠠ ᠴᠥᠮ ᠳᠤᠮᠳᠠᠳᠤ ᠵᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ ᠵᠢᠨ ᠬᠠᠷᠠᠯᠲᠠ ᠵᠢ ᠪᠡᠶᠡᠯᠡᠭᠦᠯᠬᠦ᠎ᠳᠤ ᠨᠡᠩ ᠤᠢ᠍ᠢ᠍ᠷᠠᠳᠴᠤ᠂ ᠨᠡᠩ ᠢᠲᠡᠭᠡᠯ ᠪᠠ ᠴᠢᠳᠠᠪᠤᠷᠢ᠎ᠲᠠᠢ ᠪᠣᠯᠬᠤ ᠬᠡᠷᠡᠭᠲᠡᠢ᠂ ᠡᠨᠡ᠎ᠨᠢ ᠳᠠᠷᠤᠢ ᠪᠦᠬᠦ ᠨᠠᠮ ᠪᠦᠬᠦ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠨᠠᠮ᠎ᠤᠨ ᠲᠤᠭ᠎ᠤᠨ ᠳᠣᠣᠷ᠎ᠠ 《ᠨᠢᠭᠡ ᠪᠠᠲᠤ ᠴᠢᠩᠭ᠎ᠠ ᠪᠤᠯᠤᠳ ᠲᠡᠮᠤᠷ》 ᠪᠣᠯᠵᠤ ᠪᠦᠯᠬᠦᠮᠳᠡᠨ᠂ ᠪᠦᠬᠦ ᠳᠤᠮᠳᠠᠳᠤ ᠵᠢᠨ ᠬᠥᠪᠡᠭᠦᠳ ᠥᠬᠢᠳ᠎ᠤᠨ ᠤᠶᠤᠨ ᠤᠬᠠᠭ᠋ᠠᠨ ᠪᠠ ᠬᠦᠴᠦᠨ ᠴᠢᠳᠠᠯ᠎ᠢ ᠨᠡᠩ ᠶᠡᠭᠡ ᠬᠡᠮᠵᠢᠶ᠎ᠡ᠎ᠪᠠᠷ ᠨᠢᠭᠲᠠᠷᠠᠭᠤᠯᠵᠤ᠂ ᠤᠷᠤᠭᠰᠢᠯᠠᠯᠲᠠ ᠵᠢᠨ ᠵᠠᠮ ᠳᠡᠭᠡᠷᠡᠬᠢ ᠬᠦᠨᠳᠦ ᠶᠡᠭᠡ ᠠᠶᠤᠯ ᠲᠦᠭᠰᠢᠭᠦᠷᠢ ᠥᠷᠢᠰᠥᠯᠳᠦᠭᠡᠨ᠎ᠢ ᠪᠦᠲᠦᠮᠵᠢᠲᠡᠢ ᠰᠡᠷᠭᠡᠶ᠋ᠢᠯᠡᠨ ᠠᠷᠢᠯᠭ᠋ᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠳᠦᠭᠡᠨ ᠪᠠᠶ᠋ᠢᠭᠤᠯᠤᠯᠲᠠ᠂ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠠᠭᠤᠤ ᠦᠢ᠍ᠯᠡᠰ᠎ᠢ ᠪᠦᠬᠦ ᠲᠠᠯ᠎ᠠ᠎ᠪᠠᠷ ᠠᠬᠢᠭᠤᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃

   ᠨᠠᠮ᠎ᠤᠨ ᠪᠦᠬᠦ ᠲᠠᠯ᠎ᠠ ᠵᠢᠨ ᠤᠳᠤᠷᠢᠳᠤᠯᠭ᠎ᠠ ᠵᠢ ᠪᠠᠷᠢᠮᠳᠠᠯᠠᠨ᠎ᠠ᠃ ᠠᠭᠤᠤ ᠶᠡᠭᠡ ᠦᠢ᠍ᠯᠡᠰ᠎ᠲᠤ ᠪᠠᠲᠤ ᠴᠢᠩᠭ᠎ᠠ ᠤᠳᠤᠷᠢᠳᠬᠤ ᠭᠤᠣᠯᠯᠠᠭᠴᠢ ᠬᠦᠴᠦᠨ ᠱᠠᠭ᠋ᠠᠷᠳᠠᠭᠳᠠᠨ᠎ᠠ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠪᠣᠯ ᠲᠡᠦᠬᠡ ᠵᠢᠨ ᠰᠣᠩᠭᠤᠯᠲᠠ᠂ ᠠᠷᠠᠳ ᠲᠦᠮᠡᠨ᠎ᠤ ᠰᠣᠩᠭᠤᠯᠲᠠ ᠮᠥᠨ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠬᠠᠮᠤᠭ᠎ᠤᠨ ᠮᠥᠨ ᠴᠢᠨᠠᠷ᠎ᠤᠨ ᠣᠨᠴᠠᠯᠢᠭ ᠮᠥᠨ᠃ ᠨᠠᠮ᠎ᠤᠨ ᠠᠷᠪᠠᠨ ᠨᠠᠢ᠍ᠮᠠᠳᠤᠭ᠋ᠠᠷ ᠶᠡᠭᠡ ᠬᠤᠷᠠᠯ᠎ᠠᠴᠠ ᠨᠠᠭ᠋ᠠᠰᠢ᠂ ᠰᠢ ᠵᠢᠨ ᠫᠢᠩ ᠨᠥᠬᠦᠷ ᠵᠶ᠋ᠠᠷ ᠭᠤᠣᠯ ᠪᠣᠯᠭ᠋ᠠᠭᠰᠠᠨ ᠨᠠᠮ᠎ᠤᠨ ᠲᠥᠪ ᠬᠤᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠦᠨᠳᠦᠰᠦᠲᠡᠨ᠎ᠨᠦᠭᠦᠳ᠎ᠤᠨ ᠤᠯᠠᠨ ᠲᠦᠮᠡᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠭᠤᠣᠯ ᠰᠢᠵᠢᠮ ᠪᠣᠯᠭ᠋ᠠᠵᠤ᠂ ᠪᠦᠯᠬᠦᠮᠳᠡᠨ ᠨᠢᠭᠡᠳᠴᠦ᠂ ᠭᠠᠷ ᠬᠤᠯᠪᠣᠨ ᠵᠡᠷᠭᠡ᠎ᠪᠠᠷ ᠤᠷᠤᠭᠰᠢᠯᠠᠵᠤ᠂ ᠤᠯᠤᠰ ᠲᠦᠷᠦ ᠵᠢᠨ ᠲᠠᠯ᠎ᠠ᠎ᠪᠠᠷ ᠨᠡᠩ ᠪᠦᠯᠬᠦᠮᠳᠡᠨ ᠨᠢᠭᠡᠳᠴᠦ᠂ ᠠᠵᠤ ᠠᠬᠤᠢ ᠵᠢᠨ ᠲᠠᠯ᠎ᠠ᠎ᠪᠠᠷ ᠨᠡᠩ ᠢᠯᠡᠭᠦᠦ ᠪᠦᠯᠬᠦᠮᠳᠡᠨ ᠨᠢᠭᠡᠳᠴᠦ᠂ ᠰᠣᠶᠣᠯ᠎ᠤᠨ ᠲᠠᠯ᠎ᠠ᠎ᠪᠠᠷ ᠨᠡᠩ ᠢᠯᠡᠭᠦᠦ ᠰᠢᠨ᠎ᠡ ᠵᠢ ᠡᠭᠦᠳᠦᠨ ᠠᠭᠤᠰᠤᠯᠴᠠᠵᠤ᠂ ᠨᠡᠶ᠋ᠢᠭᠡᠮ ᠳᠡᠭᠡᠷ᠎ᠡ ᠨᠡᠩ ᠢᠯᠡᠭᠦᠦ ᠬᠠᠷᠢᠯᠴᠠᠨ ᠠᠭᠤᠰᠤᠯᠴᠠᠵᠤ᠂ ᠠᠮᠢ ᠠᠬᠤᠢ ᠵᠢᠨ ᠪᠣᠯᠪᠠᠰᠤᠨ᠎ᠤ ᠲᠠᠯ᠎ᠠ᠎ᠪᠠᠷ ᠨᠡᠩ ᠦᠷᠭᠦᠯᠵᠢᠯᠡᠨ ᠬᠥᠭᠵᠢᠵᠦ᠂ 《ᠳᠤᠮᠳᠠᠳᠤ ᠵᠢᠨ ᠦᠨᠳᠦᠰᠦᠲᠡᠨ ᠨᠢᠭᠡ ᠭᠡᠷ᠎ᠤᠨ ᠬᠥᠮᠦᠨ ᠮᠡᠲᠦ ᠳᠣᠲᠣᠨᠣ ᠪᠠᠶ᠋ᠢᠵᠤ᠂ ᠰᠡᠳᠬᠢᠯ ᠨᠢᠭᠡᠳᠦᠨ ᠳᠤᠮᠳᠠᠳᠤ ᠵᠢᠨ ᠵᠡᠭᠦᠳᠦ ᠵᠢ ᠬᠠᠮᠲᠤ᠎ᠪᠠᠷ ᠲᠡᠷᠭᠡᠯᠰᠢᠭᠦᠯᠬᠦ》᠎ᠨᠢ ᠰᠢᠨ᠎ᠡ ᠴᠠᠭ ᠦᠶ᠎ᠡ ᠵᠢᠨ ᠮᠠᠨ᠎ᠤ ᠤᠯᠤᠰ᠎ᠤᠨ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠦᠢ᠍ᠯᠡᠰ᠎ᠤᠨ ᠠᠮᠢᠳᠤᠯᠢᠭ ᠵᠢᠷᠤᠭᠯᠠᠯ ᠪᠣᠯᠵᠠᠢ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠪᠣᠯ ᠦᠨᠳᠦᠰᠦᠲᠡᠨ᠎ᠤ ᠠᠵᠢᠯ᠎ᠤᠨ ᠠᠮᠵᠢᠯᠲᠠ ᠤᠯᠬᠤ ᠵᠢᠨ ᠦᠨᠳᠦᠰᠦᠨ ᠪᠠᠲᠤᠯᠠᠭ᠎ᠠ ᠮᠥᠨ᠂ ᠪᠠᠰᠠ ᠴᠤ᠌ ᠦᠨᠳᠦᠰᠦᠲᠡᠨ᠎ᠨᠦᠭᠦᠳ᠎ᠤᠨ ᠶᠡᠭᠡ ᠪᠦᠯᠬᠦᠮᠳᠡᠯ᠎ᠤᠨ ᠦᠨᠳᠦᠰᠦᠨ ᠪᠠᠲᠤᠯᠠᠭ᠎ᠠ ᠮᠥᠨ ᠭᠡᠳᠡᠭ᠎ᠢ ᠦᠢ᠍ᠯᠡᠳᠦᠯᠭᠡ ᠭᠦᠢ᠍ᠴᠡᠳ ᠭᠡᠷᠡᠴᠢᠯᠡᠪᠡ᠃ ᠭᠠᠭᠴᠠ ᠬᠦ᠌ ᠳᠤᠮᠳᠠᠳᠤ ᠤᠯᠤᠰ᠎ᠤᠨ ᠡᠪ ᠬᠠᠮᠲᠤ ᠨᠠᠮ ᠰᠠᠶᠢ ᠳᠤᠮᠳᠠᠳᠤ ᠵᠢᠨ ᠦᠨᠳᠦᠰᠦᠲᠡᠨ᠎ᠤ ᠶᠡᠭᠡ ᠪᠦᠯᠬᠦᠮᠳᠡᠯ᠎ᠢ ᠪᠡᠶᠡᠯᠡᠭᠦᠯᠵᠦ ᠴᠢᠳᠠᠨ᠎ᠠ᠂ ᠭᠠᠭᠴᠠ ᠬᠦ᠌ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ ᠰᠠᠶᠢ ᠦᠨᠳᠦᠰᠦᠲᠡᠨ᠎ᠨᠦᠭᠦᠳ᠎ᠢ ᠨᠢᠭᠲᠠᠷᠠᠭᠤᠯᠵᠤ᠂ ᠦᠨᠳᠦᠰᠦᠲᠡᠨ᠎ᠨᠦᠭᠦᠳ᠎ᠢ ᠬᠥᠭᠵᠢᠭᠦᠯᠵᠦ᠂ ᠦᠨᠳᠦᠰᠦᠲᠡᠨ᠎ᠨᠦᠭᠦᠳ᠎ᠢ ᠴᠡᠴᠡᠭᠯᠡᠭᠦᠯᠵᠦ ᠴᠢᠳᠠᠨ᠎ᠠ᠃ ᠲᠡᠦᠬᠡ ᠵᠢᠨ ᠬᠥᠭᠵᠢᠯᠲᠡ ᠵᠢᠨ ᠵᠠᠩᠭᠢᠯᠠᠭ᠎ᠠ ᠵᠢᠨ ᠴᠠᠭ ᠦᠶ᠎ᠡ ᠪᠣᠯᠬᠤ ᠲᠤᠳᠤᠮ᠂ ᠨᠠᠷᠢᠨ ᠪᠤᠳᠤᠯᠢᠶᠠᠨᠲᠠᠢ ᠪᠠᠶ᠋ᠢᠳᠠᠯ᠎ᠤᠨ ᠳᠣᠣᠷ᠎ᠠ᠂ ᠨᠠᠮ᠎ᠤᠨ ᠤᠳᠤᠷᠢᠳᠤᠯᠭ᠎ᠠ ᠵᠢ ᠤᠯᠠᠮ ᠴᠢᠩᠭ᠋ᠠᠳᠬᠠᠨ ᠰᠠᠶ᠋ᠢᠵᠢᠷᠠᠭᠤᠯᠵᠤ᠂ ᠨᠠᠮ᠎ᠤᠨ ᠪᠦᠬᠦ ᠲᠠᠯ᠎ᠠ ᠵᠢ ᠶᠡᠷᠦᠩᠬᠡᠶ᠋ᠢᠯᠡᠨ ᠡᠵᠡᠮᠳᠡᠬᠦ᠂ ᠡᠯ᠎ᠡ ᠲᠠᠯ᠎ᠠ ᠵᠢ ᠵᠣᠬᠢᠴᠠᠭᠤᠯᠬᠤ ᠤᠳᠤᠷᠢᠳᠬᠤ ᠭᠤᠣᠯᠯᠠᠭᠴᠢ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠬᠤ ᠬᠡᠷᠡᠭᠲᠡᠢ᠃ ᠰᠢᠨ᠎ᠡ ᠠᠶᠠᠨ ᠵᠠᠮ᠎ᠳᠤ᠂ ᠨᠠᠮ᠎ᠤᠨ ᠪᠦᠬᠦ ᠲᠠᠯ᠎ᠠ ᠵᠢᠨ ᠤᠳᠤᠷᠢᠳᠤᠯᠭ᠎ᠠ ᠵᠢ ᠪᠠᠷᠢᠮᠲᠠᠯᠠᠨ ᠴᠢᠩᠭ᠋ᠠᠳᠬᠠᠬᠤ ᠵᠢ ᠡᠯ᠎ᠡ ᠲᠠᠯ᠎ᠠ ᠵᠢᠨ ᠡᠯ᠎ᠡ ᠬᠦᠷᠢᠶᠡᠨ᠎ᠤ ᠪᠦᠬᠦ ᠶᠠᠪᠤᠴᠠ᠎ᠳᠤ ᠲᠤᠭᠤᠰᠢᠯᠠᠭᠤᠯᠵᠤ᠂ ᠨᠠᠮ᠎ᠤᠨ ᠵᠣᠷᠢᠯᠲᠠ ᠵᠢ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠦᠵᠡᠯ ᠰᠠᠨᠠᠭ᠋ᠠᠨ᠎ᠤ ᠤᠬᠠᠮᠰᠠᠷ ᠪᠠ ᠦᠢ᠍ᠯᠡ ᠠᠵᠢᠯᠯᠠᠭ᠎ᠠ ᠵᠢᠨ ᠤᠬᠠᠮᠰᠠᠷ ᠪᠣᠯᠭ᠋ᠠᠨ ᠬᠤᠪᠢᠷᠠᠭᠤᠯᠵᠤ᠂ ᠬᠦᠴᠦᠷᠬᠡᠭ ᠶᠡᠭᠡ ᠨᠢᠭᠲᠠᠷᠠᠯ᠎ᠤᠨ ᠬᠦᠴᠦᠨ᠎ᠢ ᠪᠦᠷᠢᠯᠳᠦᠭᠦᠯᠵᠦ᠂ ᠬᠥᠭᠵᠢᠯᠲᠡ ᠵᠢᠨ ᠠᠰᠠᠭᠤᠳᠠᠯ᠎ᠢ ᠰᠠᠶ᠋ᠢᠲᠤᠷ ᠰᠢᠢ᠍ᠳᠪᠦᠷᠢᠯᠡᠵᠦ᠂ ᠨᠠᠮ ᠪᠠ ᠤᠯᠤᠰ᠎ᠤᠨ ᠠᠵᠢᠯ ᠦᠢ᠍ᠯᠡᠰ᠎ᠤᠨ ᠬᠥᠭᠵᠢᠯᠲᠡ ᠵᠢᠨ ᠵᠥᠪ ᠴᠢᠭᠯᠡᠯ᠎ᠢ ᠢᠮᠠᠭᠲᠠ ᠪᠠᠲᠤᠯᠠᠬᠤ ᠬᠡᠷᠡᠭᠲᠡᠢ᠃

   ᠰᠣᠶᠣᠯ᠎ᠤᠨ ᠬᠠᠮᠲᠤ ᠵᠢᠨ ᠲᠠᠨᠢᠯᠲᠠ ᠵᠢ ᠦᠷᠭᠦᠯᠵᠢᠯᠡᠨ ᠬᠠᠳᠠᠭ᠋ᠠᠯᠠᠨ᠎ᠠ᠃ 14 ᠳ᠋ᠦᠩᠰᠢᠭᠤᠷ ᠳᠤᠮᠳᠠᠳᠤ ᠤᠯᠤᠰ᠎ᠤᠨ ᠠᠷᠠᠳ ᠲᠦᠮᠡᠨ᠎ᠤ ᠨᠢᠭᠲᠠᠷᠠᠯ᠎ᠤᠨ ᠬᠦᠴᠦᠨ ᠡᠶ᠋ᠢᠮᠦ ᠴᠢᠩᠭ᠎ᠠ ᠪᠠᠶ᠋ᠢᠬᠤ᠎ᠨᠢ ᠳᠠᠷᠤᠶ ᠪᠢᠳᠡᠨ᠎ᠳᠤ ᠥᠷᠭᠡᠨ ᠳᠡᠯᠭᠡᠷ ᠭᠦᠨ ᠭᠦᠨᠵᠡᠭᠡᠶ ᠳᠤᠮᠳᠠᠳᠤ ᠵᠢᠨ ᠰᠣᠶᠣᠯ᠂ ᠳᠤᠮᠳᠠᠳᠤ ᠵᠢᠨ ᠵᠣᠷᠢᠭ ᠰᠠᠨᠠᠭ᠎ᠠ᠎ᠲᠠᠢ ᠪᠠᠶ᠋ᠢᠳᠠᠭ᠎ᠠᠴᠠ ᠪᠣᠯᠤᠭᠰᠠᠨ ᠶᠤᠮ᠂ ᠡᠨᠡ ᠪᠣᠯ ᠮᠠᠨ᠎ᠤ ᠰᠣᠶᠣᠯ᠎ᠤᠨ ᠢᠲᠡᠭᠡᠯ᠎ᠤᠨ ᠡᠬᠢ ᠪᠤᠯᠠᠭ ᠮᠥᠨ᠃ ᠳᠤᠮᠳᠠᠳᠤ ᠵᠢᠨ ᠰᠣᠶᠣᠯ ᠪᠣᠯ ᠦᠨᠳᠦᠰᠦᠲᠡᠨ᠎ᠨᠦᠭᠦᠳ ᠬᠠᠮᠲᠤ᠎ᠪᠠᠷ ᠡᠭᠦᠳᠦᠨ ᠪᠦᠲᠦᠭᠡᠵᠦ᠂ ᠬᠠᠮᠲᠤ᠎ᠪᠠᠷ ᠡᠳ᠋ᠯᠡᠭᠰᠡᠨ ᠰᠣᠶᠣᠯ᠎ᠤᠨ ᠦᠨᠡᠲᠦ ᠡᠷᠳᠡᠨᠢ ᠮᠥᠨ᠂ ᠦᠨᠳᠦᠰᠦᠲᠡᠨ᠎ᠨᠦᠭᠦᠳ ᠰᠣᠶᠣᠯ᠎ᠤᠨ ᠲᠠᠯ᠎ᠠ᠎ᠪᠠᠷ ᠬᠠᠷᠢᠯᠴᠠᠨ ᠬᠦᠨᠳᠦᠳᠬᠡᠵᠦ᠂ ᠬᠠᠷᠢᠯᠴᠠᠨ ᠪᠠᠭ᠍ᠠᠷᠬᠠᠵᠤ᠂ ᠬᠠᠷᠢᠯᠴᠠᠨ ᠰᠤᠷᠤᠯᠴᠠᠵᠤ᠂ ᠬᠠᠷᠢᠯᠴᠠᠨ ᠲᠣᠯᠢ ᠪᠣᠯᠭ᠋ᠠᠵᠤ᠂ ᠭᠤᠶ᠋ᠢᠳᠠ ᠰᠠᠶ᠋ᠢᠬᠠᠨ᠂ ᠥᠷᠭᠡᠨ ᠳᠡᠯᠭᠡᠷ ᠭᠦᠨ ᠭᠦᠨᠵᠡᠭᠡᠶ ᠳᠤᠮᠳᠠᠳᠤ ᠵᠢᠨ ᠰᠣᠶᠣᠯ᠎ᠢ ᠪᠣᠶ ᠪᠣᠯᠭ᠋ᠠᠪᠠ᠃ ᠳᠤᠮᠳᠠᠳᠤ ᠵᠢᠨ ᠦᠨᠳᠦᠰᠦᠲᠡᠨ ᠪᠣᠯ ᠬᠦᠴᠦᠷᠬᠡᠭ ᠶᠡᠭᠡ ᠢᠵᠢᠯᠢᠰᠢᠯ᠎ᠤᠨ ᠬᠡᠮᠵᠢᠶ᠎ᠡ ᠪᠠ ᠨᠢᠭᠲᠠᠷᠠᠯ᠎ᠤᠨ ᠬᠦᠴᠦᠨ᠎ᠲᠠᠢ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠮᠥᠨ᠂ ᠰᠣᠶᠣᠯ᠎ᠤᠨ ᠮᠡᠳᠡᠷᠡᠮᠵᠢ ᠪᠣᠯ ᠬᠠᠮᠤᠭ᠎ᠤᠨ ᠭᠦᠨ ᠳᠠᠪᠬᠤᠷᠭ᠎ᠠ ᠵᠢᠨ ᠮᠡᠳᠡᠷᠡᠮᠵᠢ ᠮᠥᠨ᠃ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠤᠨ ᠪᠠᠶᠠᠯᠢᠭ ᠠᠭᠤᠯᠤᠭᠳᠠᠬᠤᠨ ᠪᠠ ᠴᠠᠭ ᠦᠶ᠎ᠡ ᠵᠢᠨ ᠦᠨ᠎ᠡ ᠦᠷᠳᠡᠭ᠎ᠢ ᠭᠦᠨᠵᠡᠭᠡᠢ ᠠᠭᠤᠳᠠᠯᠵᠤ᠂ ᠰᠤᠳᠤᠯᠭ᠋ᠠᠨ ᠪᠠ ᠲᠠᠶ᠋ᠢᠯᠪᠤᠷᠢᠯᠠᠯᠲᠠ᠎ᠪᠠᠨ ᠴᠢᠩᠭ᠋ᠠᠳᠬᠠᠵᠤ᠂ ᠦᠨᠳᠦᠰᠦᠲᠡᠨ᠎ᠨᠦᠭᠦᠳ᠎ᠤᠨ ᠬᠠᠮᠲᠤ᠎ᠪᠠᠷ ᠡᠳ᠋ᠯᠡᠬᠦ ᠳᠤᠮᠳᠠᠳᠤ ᠵᠢᠨ ᠰᠣᠶᠣᠯ᠎ᠤᠨ ᠲᠡᠮᠳᠡᠭ ᠪᠠ ᠲᠦᠷᠢ ᠲᠥᠷᠬᠦ ᠵᠢ ᠨᠠᠷᠢᠨ ᠨᠢᠮᠪᠠᠢ ᠪᠣᠯᠪᠠᠰᠤᠷᠠᠭᠤᠯᠵᠤ᠂ ᠲᠡᠭᠦᠨ᠎ᠳᠤ ᠠᠭᠤᠯᠤᠭᠳᠠᠵᠤ ᠪᠠᠶ᠋ᠢᠭ᠎ᠠ ᠦᠵᠡᠯ ᠰᠠᠨᠠᠭ᠎ᠠ ᠣᠶ᠋ᠢᠯᠠᠭ᠋ᠠᠭᠳᠠᠬᠤᠨ᠂ ᠦᠷᠳᠡᠭ᠎ᠤᠨ ᠬᠠᠨᠳᠤᠰᠢ᠂ ᠤᠶᠤᠨ ᠰᠠᠨᠠᠭ᠋ᠠᠨ᠎ᠤ ᠳᠣᠲᠣᠭ᠋ᠠᠳᠤ ᠴᠢᠨᠠᠷ ᠵᠡᠷᠭᠡ ᠵᠢ ᠤᠳᠤ ᠦᠶ᠎ᠡ ᠵᠢᠨ ᠠᠮᠢᠳᠤᠷᠠᠯ᠎ᠤᠨ ᠠᠷᠭ᠎ᠠ ᠬᠡᠯᠪᠡᠷᠢ᠂ ᠭᠤᠸ᠎ᠠ ᠰᠠᠶ᠋ᠢᠬᠠᠨ᠎ᠤ ᠬᠥᠭᠡᠭᠡᠴᠡᠯᠳᠦᠯ ᠵᠢᠴᠢ ᠴᠠᠭ ᠦᠶ᠎ᠡ ᠵᠢᠨ ᠬᠡᠷᠡᠭᠴᠡᠭᠡ᠎ᠲᠠᠢ ᠣᠷᠭ᠋ᠠᠨᠢᠭ ᠵᠶ᠋ᠠᠷ ᠤᠶᠠᠯᠳᠤᠭᠤᠯᠵᠤ᠂ ᠳᠤᠮᠳᠠᠳᠤ ᠵᠢᠨ ᠰᠣᠶᠣᠯ᠎ᠤᠨ ᠣᠨᠴᠠᠯᠢᠭ᠂ ᠳᠤᠮᠳᠠᠳᠤ ᠵᠢᠨ ᠦᠨᠳᠦᠰᠦᠲᠡᠨ᠎ᠤ ᠵᠣᠷᠢᠭ ᠰᠠᠨᠠᠭ᠎ᠠ᠂ ᠳᠤᠮᠳᠠᠳᠤ ᠤᠯᠤᠰ᠎ᠤᠨ ᠤᠯᠤᠰ᠎ᠤᠨ ᠲᠦᠷᠢ ᠲᠥᠷᠬᠦ ᠵᠢᠨ ᠢᠯᠡᠳᠬᠡᠬᠦ ᠰᠢᠰᠲ᠋ᠧᠮ᠎ᠢ ᠪᠠᠶ᠋ᠢᠭᠤᠯᠤᠨ ᠬᠡᠷᠡᠭᠯᠡᠬᠦ ᠬᠡᠷᠡᠭᠲᠡᠢ᠃ ᠰᠢᠨ᠎ᠡ ᠵᠠᠭᠤᠴᠢᠯᠠᠭᠤᠷ᠂ ᠰᠢᠨ᠎ᠡ ᠮᠡᠷᠭᠡᠵᠢᠯ ᠵᠡᠷᠭᠡ ᠤᠯᠠᠮᠵᠢᠯᠠᠬᠤ ᠠᠷᠭ᠎ᠠ ᠪᠠᠷᠢᠯ᠎ᠢ ᠭᠦᠢ᠍ᠴᠡᠳ ᠬᠡᠷᠡᠭᠯᠡᠨ᠂ ᠳᠤᠮᠳᠠᠳᠤ ᠵᠢᠨ ᠰᠣᠶᠣᠯ᠎ᠢ ᠤᠯᠠᠮᠵᠢᠯᠠᠨ ᠵᠠᠯᠭ᠋ᠠᠮᠵᠢᠯᠠᠵᠤ ᠰᠢᠨ᠎ᠡ ᠵᠢ ᠡᠭᠦᠳᠬᠦ᠂ ᠳᠡᠯᠭᠡᠷᠡᠭᠦᠯᠦᠨ ᠤᠯᠠᠮᠵᠢᠯᠠᠬᠤ᠎ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠬᠦ᠂ ᠰᠢᠨ᠎ᠡ ᠬᠥᠳᠡᠯᠭᠡᠬᠦ ᠡᠨᠧᠷᠭᠢ ᠬᠠᠩᠭ᠋ᠠᠬᠤ᠂ ᠰᠢᠨ᠎ᠡ ᠠᠷᠭ᠎ᠠ ᠵᠠᠮ᠎ᠢ ᠨᠡᠭᠡᠭᠡᠬᠦ᠎ᠳᠤ ᠰᠣᠶᠣᠯ᠎ᠤᠨ ᠤᠯᠠᠮᠵᠢᠯᠠᠯ᠎ᠢ ᠣᠯᠠᠨ ᠲᠦᠮᠡᠨ᠎ᠲᠠᠢ ᠨᠡᠩ ᠣᠶ᠋ᠢᠷᠠᠲᠤᠭᠤᠯᠵᠤ᠂ ᠰᠣᠶᠣᠯ᠎ᠤᠨ ᠤᠯᠠᠮᠵᠢᠯᠠᠯ᠎ᠢ ᠨᠡᠩ ᠣᠯᠠᠨ ᠲᠦᠮᠡᠨ᠎ᠤ ᠳᠤᠮᠳᠠᠳᠤ ᠵᠢᠨ ᠰᠣᠶᠣᠯ᠎ᠤᠨ ᠲᠤᠬᠠᠶ ᠮᠡᠳᠡᠷᠡᠮᠵᠢ ᠵᠢ ᠲᠠᠰᠤᠷᠠᠯᠲᠠ ᠦᠭᠡᠢ ᠨᠡᠮᠡᠭᠳᠡᠭᠦᠯᠵᠦ᠂ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠰᠡᠳᠬᠢᠯ᠎ᠢ ᠨᠢᠭᠲᠠᠷᠠᠭᠤᠯᠤᠨ᠂ ᠵᠣᠷᠢᠭ ᠰᠠᠨᠠᠭ᠎ᠠ ᠵᠢ ᠬᠠᠷᠢᠯᠴᠠᠨ ᠲᠦᠰᠢᠭᠯᠡᠬᠦ ᠪᠣᠯᠭ᠋ᠠᠨ᠎ᠠ᠃

   ᠦᠨᠳᠦᠰᠦᠲᠡᠨ᠎ᠤ ᠵᠣᠷᠢᠭ ᠰᠠᠨᠠᠭ᠎ᠠ ᠵᠢ ᠶᠡᠬᠡ᠎ᠪᠠᠷ ᠪᠠᠳᠠᠷᠠᠭᠤᠯᠤᠨ᠎ᠠ᠃ ᠦᠨᠳᠦᠰᠦᠲᠡᠨ᠎ᠤ ᠵᠣᠷᠢᠭ ᠰᠠᠨᠠᠭ᠎ᠠ ᠪᠣᠯ ᠨᠢᠭᠡ ᠦᠨᠳᠦᠰᠦᠲᠡᠨ᠎ᠤ ᠣᠷᠣᠰᠢᠨ ᠲᠣᠭᠲᠠᠨᠢᠬᠤ ᠪᠠ ᠬᠥᠭᠵᠢᠬᠦ ᠵᠢᠨ ᠣᠶᠤᠨ ᠰᠠᠨᠠᠭ᠋ᠠᠨ᠎ᠤ ᠲᠦᠰᠢᠭ ᠲᠤᠯᠭ᠋ᠠᠭᠤᠷᠢ ᠪᠣᠯᠬᠤ ᠪᠥᠭᠡᠳ ᠨᠢᠭᠡ ᠦᠨᠳᠦᠰᠦᠲᠡᠨ᠎ᠤ ᠠᠮᠢᠵᠢᠷᠠᠯ᠎ᠤᠨ ᠬᠦᠴᠦᠨ ᠪᠣᠯᠤᠨ ᠨᠢᠭᠲᠠᠷᠠᠯ᠎ᠤᠨ ᠬᠦᠴᠦᠨ᠎ᠤ ᠴᠢᠬᠤᠯᠠ ᠢᠯᠡᠷᠡᠯ ᠪᠣᠯᠤᠨ᠎ᠠ᠃ ᠬᠡᠳᠦᠨ ᠮᠢᠩᠭ᠋ᠠᠨ ᠵᠢᠯ᠎ᠤᠨ ᠤᠯᠠᠷᠢᠯ ᠬᠤᠪᠢᠰᠤᠯ᠎ᠢ ᠥᠩᠭᠡᠷᠡᠭᠡᠵᠦ᠂ ᠮᠠᠨ᠎ᠤ ᠤᠯᠤᠰ᠎ᠤᠨ 56 ᠦᠨᠳᠦᠰᠦᠲᠡᠨ᠂ 14 ᠳ᠋ᠦᠩᠰᠢᠭᠤᠷ ᠭᠠᠷᠤᠢ ᠬᠥᠮᠦᠨ᠎ᠢ ᠨᠢᠭᠲᠠᠷᠠᠨ ᠪᠦᠯᠬᠦᠮᠳᠡᠵᠦ᠂ ᠪᠢᠳᠡᠨ᠎ᠤ ᠬᠠᠮᠲᠤ᠎ᠪᠠᠷ ᠥᠩᠭᠡᠷᠡᠭᠦᠯᠦᠭᠰᠡᠨ ᠶᠡᠷᠦ ᠪᠤᠰᠤ ᠵᠢᠨ ᠲᠡᠮᠡᠴᠡᠯ ᠮᠥᠨ᠂ ᠪᠢᠳᠡᠨ᠎ᠤ ᠬᠠᠮᠲᠤ᠎ᠪᠠᠷ ᠡᠭᠦᠳᠦᠨ ᠪᠦᠲᠦᠭᠡᠭᠰᠡᠨ ᠰᠠᠶ᠋ᠢᠨ ᠰᠠᠶ᠋ᠢᠬᠠᠨ ᠭᠡᠷ ᠣᠷᠣᠨ ᠮᠥᠨ᠂ ᠪᠢᠳᠡᠨ᠎ᠤ ᠬᠠᠮᠲᠤ᠎ᠪᠠᠷ ᠪᠤᠶ᠋ᠢᠵᠢᠭᠤᠯᠤᠭᠰᠠᠨ ᠦᠨᠳᠦᠰᠦᠲᠡᠨ᠎ᠤ ᠵᠣᠷᠢᠭ ᠰᠠᠨᠠᠭ᠎ᠠ ᠮᠥᠨ᠃ ᠳᠤᠮᠳᠠᠳᠤ ᠵᠢᠨ ᠦᠨᠳᠦᠰᠦᠲᠡᠨ᠎ᠤ ᠵᠣᠷᠢᠭ ᠰᠠᠨᠠᠭ᠋ᠠᠨ᠎ᠤ ᠭᠤᠣᠯᠳᠠᠯᠭ᠎ᠠ ᠪᠣᠯ ᠤᠯᠤᠰ ᠵᠶ᠋ᠠᠨ ᠬᠠᠶ᠋ᠢᠷᠠᠯᠠᠬᠤ ᠦᠵᠡᠯ ᠮᠥᠨ᠂ ᠠᠭᠤᠤ ᠶᠡᠭᠡ ᠡᠭᠦᠳᠦᠨ ᠪᠦᠲᠦᠭᠡᠬᠦ ᠵᠣᠷᠢᠭ ᠰᠠᠨᠠᠭ᠎ᠠ᠂ ᠠᠭᠤᠤ ᠶᠡᠭᠡ ᠲᠡᠮᠡᠴᠡᠯ᠎ᠤᠨ ᠵᠣᠷᠢᠭ ᠰᠠᠨᠠᠭ᠎ᠠ᠂ ᠠᠭᠤᠤ ᠶᠡᠭᠡ ᠪᠦᠯᠬᠦᠮᠳᠡᠯ᠎ᠤᠨ ᠵᠣᠷᠢᠭ ᠰᠠᠨᠠᠭ᠎ᠠ᠂ ᠠᠭᠤᠤ ᠶᠡᠭᠡ ᠬᠦᠰᠡᠯ ᠵᠡᠭᠦᠳᠦ ᠵᠢᠨ ᠵᠣᠷᠢᠭ ᠰᠠᠨᠠᠭ᠎ᠠ ᠵᠢ ᠪᠦᠷᠢᠯᠳᠦᠭᠦᠯᠦᠭᠰᠡᠨ ᠶᠤᠮ᠃ ᠳᠤᠮᠳᠠᠳᠤ ᠵᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ ᠵᠢ ᠪᠡᠶᠡᠯᠡᠭᠦᠯᠬᠦ᠎ᠳᠤ ᠬᠦᠴᠦᠷᠬᠡᠭ ᠶᠡᠭᠡ ᠤᠶᠤᠨ ᠰᠠᠨᠠᠭ᠋ᠠᠨ᠎ᠤ ᠬᠦᠴᠦᠨ᠎ᠠᠴᠠ ᠰᠠᠯᠵᠤ ᠴᠢᠳᠠᠬᠤ ᠦᠭᠡᠢ ᠶᠤᠮ᠂ ᠡᠷᠬᠡᠪᠰᠢ ᠤᠯᠤᠰ ᠵᠶ᠋ᠠᠨ ᠬᠠᠶ᠋ᠢᠷᠠᠯᠠᠬᠤ ᠦᠵᠡᠯ ᠵᠶ᠋ᠠᠷ ᠭᠤᠣᠯ ᠪᠣᠯᠭ᠋ᠠᠭᠰᠠᠨ ᠦᠨᠳᠦᠰᠦᠲᠡᠨ᠎ᠤ ᠵᠣᠷᠢᠭ ᠰᠠᠨᠠᠭ᠎ᠠ ᠪᠣᠯᠤᠨ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ᠎ᠪᠠᠷ ᠭᠤᠣᠯ ᠪᠣᠯᠭ᠋ᠠᠭᠰᠠᠨ ᠴᠠᠭ ᠦᠶ᠎ᠡ ᠵᠢᠨ ᠵᠣᠷᠢᠭ ᠰᠠᠨᠠᠭ᠎ᠠ ᠵᠢ ᠪᠠᠳᠠᠷᠠᠭᠤᠯᠵᠤ᠂ ᠬᠦᠰᠡᠯᠡᠩ ᠢᠲᠡᠭᠡᠯ ᠪᠢᠰᠢᠷᠡᠯ᠎ᠤᠨ ᠭᠡᠭᠡᠨ ᠳ᠋ᠧᠩ᠎ᠢ ᠥᠨᠢ ᠡᠭᠦᠷᠢᠳᠡ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠰᠡᠳᠬᠢᠯ᠎ᠳᠤ ᠰᠠᠴᠤᠷᠠᠭᠤᠯᠬᠤ ᠬᠡᠷᠡᠭᠲᠡᠢ᠃ ᠨᠡᠶ᠋ᠢᠭᠡᠮ ᠵᠢᠷᠤᠮ᠎ᠤᠨ ᠭᠤᠣᠯᠯᠠᠭᠴᠢ ᠦᠷᠳᠡᠭ᠎ᠤᠨ ᠦᠵᠡᠯᠲᠡ ᠵᠢ ᠥᠷᠭᠡᠨ ᠵᠶ᠋ᠠᠷ ᠦᠢ᠍ᠯᠡᠳᠦᠯᠭᠡᠵᠢᠭᠦᠯᠵᠦ᠂ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠦᠵᠡᠵᠦ ᠰᠣᠨᠣᠰᠬᠤ ᠳᠤᠷᠠᠲᠠᠢ ᠬᠡᠯᠪᠡᠷᠢ᠎ᠪᠠᠷ ᠲᠡᠭᠦᠨ᠎ᠢ ᠡᠳᠦᠷ ᠲᠤᠳᠤᠮ᠎ᠤᠨ ᠦᠢ᠍ᠯᠡᠳᠪᠦᠷᠢᠯᠡᠯ ᠠᠮᠢᠳᠤᠷᠠᠯ᠎ᠳᠤ ᠠᠭᠤᠰᠤᠯᠴᠠᠭᠤᠯᠬᠤ ᠬᠡᠷᠡᠭᠲᠡᠢ᠃ ᠰᠤᠷᠭ᠋ᠠᠨ ᠬᠥᠮᠦᠵᠢᠭᠦᠯᠵᠦ ᠬᠥᠲᠥᠯᠥᠨ ᠵᠢᠯᠣᠭᠤᠳᠬᠤ᠂ ᠶᠠᠷᠢᠶ᠎ᠠ ᠬᠡᠯᠡᠯᠴᠡᠭᠡ ᠰᠤᠷᠲᠠᠯ ᠤᠬᠠᠭᠤᠯᠭ᠎ᠠ᠂ ᠰᠣᠶᠣᠯ᠎ᠤᠨ ᠨᠥᠯᠥᠭᠡ ᠲᠤᠰᠬᠠᠯ᠂ ᠦᠢ᠍ᠯᠡᠳᠦᠯᠭᠡ ᠵᠢᠨ ᠳᠠᠰᠬᠠᠯᠵᠢᠭᠤᠯᠤᠯᠲᠠ᠂ ᠳᠦᠷᠢᠮ᠎ᠤᠨ ᠪᠠᠲᠤᠯᠠᠭ᠎ᠠ ᠵᠡᠷᠭᠡ ᠵᠢ ᠴᠢᠩᠭ᠋ᠠᠳᠬᠠᠵᠤ᠂ ᠨᠡᠶ᠋ᠢᠭᠡᠮ ᠵᠢᠷᠤᠮ᠎ᠤᠨ ᠭᠤᠣᠯᠯᠠᠭᠴᠢ ᠥᠷᠲᠡᠭ᠎ᠤᠨ ᠦᠵᠡᠯᠲᠡ ᠵᠢ ᠬᠥᠮᠦᠰ᠎ᠤᠨ ᠣᠶᠤᠨ ᠰᠠᠨᠠᠭ᠋ᠠᠨ᠎ᠤ ᠬᠥᠭᠡᠭᠡᠴᠡᠯᠳᠦᠯ ᠪᠣᠯᠭ᠋ᠠᠵᠤ᠂ ᠭᠠᠳᠠᠨ᠎ᠠ᠎ᠠᠴᠠ ᠬᠥᠮᠦᠰ᠎ᠤᠨ ᠤᠬᠠᠮᠰᠠᠷᠲᠤ ᠠᠵᠢᠯᠯᠠᠭ᠎ᠠ ᠪᠣᠯᠭ᠋ᠠᠬᠤ ᠬᠡᠷᠡᠭᠲᠡᠶ᠃ ᠦᠨᠳᠦᠰᠦᠲᠡᠨ᠎ᠤ ᠵᠣᠷᠢᠭ ᠰᠠᠨᠠᠭ᠋ᠠᠨ᠎ᠤ ᠤᠬᠠᠭᠤᠯᠭ᠎ᠠ ᠬᠥᠮᠦᠵᠢᠯ᠎ᠢ ᠴᠢᠩᠭ᠋ᠠᠳᠬᠠᠵᠤ᠂ ᠤᠯᠤᠰ ᠠᠷᠠᠳ᠎ᠤᠨ ᠬᠥᠮᠦᠵᠢᠯ᠎ᠢ ᠰᠠᠶ᠋ᠢᠲᠤᠷ ᠬᠢᠵᠦ᠂ ᠳᠤᠮᠳᠠᠳᠤ ᠵᠢᠨ ᠦᠨᠳᠦᠰᠦᠲᠡᠨ᠎ᠤ ᠵᠣᠷᠢᠭ ᠰᠠᠨᠠᠭ᠎ᠠ ᠵᠢ ᠵᠢᠭ᠋ᠠᠬᠤ ᠮᠠᠲ᠋ᠧᠷᠢᠶᠠᠯ᠎ᠳᠤ ᠣᠷᠣᠭᠤᠯᠬᠤ᠂ ᠬᠢᠴᠢᠶᠡᠯ᠎ᠤᠨ ᠲᠠᠩᠬᠢᠮ᠎ᠳᠤ ᠣᠷᠣᠭᠤᠯᠬᠤ᠂ ᠰᠤᠷᠤᠭᠴᠢᠳ᠎ᠤᠨ ᠲᠠᠷᠢᠬᠢ ᠲᠣᠯᠣᠭ᠋ᠠᠶ᠎ᠳᠤ ᠣᠷᠣᠭᠤᠯᠬᠤ ᠵᠢ ᠠᠬᠢᠭᠤᠯᠬᠤ ᠬᠡᠷᠡᠭᠲᠡᠶ; ᠨᠠᠮ᠎ᠤᠨ ᠭᠡᠰᠢᠭᠦᠨ ᠺᠠᠳ᠋ᠷ᠎ᠤᠨ ᠬᠥᠮᠦᠵᠢᠯ᠎ᠢ ᠴᠢᠩᠭ᠋ᠠᠳᠬᠠᠵᠤ᠂ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠤᠨᠤᠯ ᠰᠤᠷᠤᠯᠴᠠᠬᠤ ᠭᠤᠣᠯ ᠳᠤᠭᠤᠶ᠋ᠢᠯᠠᠩ᠎ᠤᠨ ᠴᠢᠬᠤᠯᠠ ᠰᠤᠷᠤᠯᠴᠠᠬᠤ ᠠᠭᠤᠯᠭ᠎ᠠ ᠪᠣᠯᠭ᠋ᠠᠵᠤ᠂ ᠡᠯ᠎ᠡ ᠱᠠᠲᠤᠨ᠎ᠤ ᠨᠠᠮ᠎ᠤᠨ ᠰᠤᠷᠭ᠋ᠠᠭᠤᠯᠢ᠂ ᠨᠡᠶ᠋ᠢᠭᠡᠮ ᠵᠢᠷᠤᠮ᠎ᠤᠨ ᠳᠡᠭᠡᠳᠦ ᠰᠤᠷᠭ᠋ᠠᠭᠤᠯᠢ ᠵᠡᠷᠭᠡ ᠺᠠᠳ᠋ᠷ᠎ᠤᠨ ᠬᠥᠮᠦᠵᠢᠯ ᠪᠣᠯᠪᠠᠰᠤᠷᠠᠯ᠎ᠤᠨ ᠪᠠᠶ᠋ᠢᠭᠤᠯᠤᠮᠵᠢ ᠵᠢᠨ ᠭᠤᠣᠯ ᠬᠢᠴᠢᠶᠡᠯ᠎ᠳᠤ ᠣᠷᠣᠭᠤᠯᠬᠤ ᠬᠡᠷᠡᠭᠲᠡᠢ; ᠨᠡᠶ᠋ᠢᠭᠡᠮ᠎ᠤᠨ ᠬᠥᠮᠦᠵᠢᠯ᠎ᠳᠤ ᠠᠭᠤᠰᠤᠯᠴᠠᠵᠤ᠂ ᠡᠯ᠎ᠡ ᠵᠦᠢ᠍ᠯ᠎ᠤᠨ ᠤᠬᠠᠭᠤᠯᠭ᠎ᠠ ᠬᠥᠮᠦᠵᠢᠯ᠎ᠤᠨ ᠠᠵᠢᠯᠯᠠᠭ᠎ᠠ ᠪᠣᠯᠤᠨ ᠨᠡᠶ᠋ᠢᠭᠡᠮ᠎ᠤᠨ ᠦᠢ᠍ᠯᠡᠳᠦᠯᠭᠡ ᠵᠢ ᠥᠷᠭᠡᠨ ᠵᠶ᠋ᠠᠷ ᠥᠷᠨᠢᠭᠦᠯᠵᠦ᠂ ᠪᠦᠬᠦ ᠨᠡᠶ᠋ᠢᠭᠡᠮ᠎ᠢ ᠬᠦᠳᠦᠯᠦᠨ ᠵᠢᠯᠣᠭᠤᠳᠴᠤ ᠪᠠᠶ᠋ᠢᠭ᠋ᠠᠳ ᠪᠠᠭ᠋ᠠᠲᠤᠷᠴᠤᠳ᠎ᠢ ᠡᠷᠬᠢᠮᠯᠡᠬᠦ᠂ ᠪᠠᠭ᠋ᠠᠲᠤᠷᠴᠤᠳ᠎ᠢ ᠬᠠᠮᠠᠭ᠋ᠠᠯᠠᠬᠤ᠂ ᠪᠠᠭ᠋ᠠᠲᠤᠷᠴᠤᠳ᠎ᠢ ᠬᠠᠶ᠋ᠢᠷᠠᠯᠠᠬᠤ᠂ ᠤᠯᠤᠰ ᠵᠶ᠋ᠠᠨ ᠬᠠᠶ᠋ᠢᠷᠠᠯᠠᠬᠤ ᠪᠠᠶ᠋ᠢᠳᠠᠯ᠂ ᠤᠯᠤᠰ᠎ᠲᠠᠭᠠᠨ ᠵᠢᠳᠬᠦᠬᠦ ᠵᠣᠷᠢᠭ᠎ᠢ ᠵᠣᠷᠢᠭᠵᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ ᠵᠢ ᠪᠡᠶᠡᠯᠡᠭᠦᠯᠬᠦ ᠤᠶᠤᠨ ᠰᠠᠨᠠᠭ᠋ᠠᠨ᠎ᠤ ᠬᠦᠴᠦᠨ᠎ᠢ ᠴᠢᠩᠭ᠋ᠠᠳᠬᠠᠬᠤ ᠬᠡᠷᠡᠭᠲᠡᠢ᠃

   ᠬᠠᠮᠲᠤ᠎ᠪᠠᠷ ᠪᠠᠶᠠᠵᠢᠬᠤ ᠵᠢ ᠯᠠᠪᠳᠠᠭᠤᠨ ᠵᠶ᠋ᠠᠷ ᠠᠬᠢᠭᠤᠯᠤᠨ᠎ᠠ᠃ ᠬᠠᠮᠲᠤ᠎ᠪᠠᠷ ᠪᠠᠶᠠᠵᠢᠬᠤ ᠪᠣᠯ ᠨᠡᠶ᠋ᠢᠭᠡᠮ ᠵᠢᠷᠤᠮ᠎ᠤᠨ ᠮᠥᠨ ᠴᠢᠨᠠᠷ᠎ᠤᠨ ᠱᠠᠭ᠋ᠠᠷᠳᠠᠯᠭ᠎ᠠ ᠮᠥᠨ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠴᠢᠬᠤᠯᠠ ᠣᠨᠴᠠᠯᠢᠭ ᠮᠥᠨ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠬᠠᠮᠲᠤ ᠵᠢᠨ ᠬᠦᠰᠡᠯ ᠡᠷᠡᠮᠡᠯᠵᠡᠯ ᠮᠥᠨ᠃ ᠨᠡᠶ᠋ᠢᠭᠡᠮ ᠵᠢᠷᠤᠮ᠎ᠤᠨ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠳᠦᠭᠡᠨ ᠪᠠᠶ᠋ᠢᠭᠤᠯᠬᠤ ᠰᠢᠨ᠎ᠡ ᠠᠶᠠᠨ ᠵᠠᠮ᠎ᠳᠤ᠂ ᠡᠷᠬᠡᠪᠰᠢ ᠪᠦᠬᠦ ᠠᠷᠠᠳ ᠲᠦᠮᠡᠨ᠎ᠤ ᠬᠠᠮᠲᠤ᠎ᠪᠠᠷ ᠪᠠᠶᠠᠵᠢᠬᠤ ᠵᠢ ᠠᠬᠢᠭᠤᠯᠬᠤ ᠵᠢ ᠨᠡᠩ ᠴᠢᠬᠤᠯᠠ ᠪᠠᠶ᠋ᠢᠷᠢᠨ᠎ᠳᠤ ᠲᠠᠯᠪᠢᠵᠤ᠂ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠬᠠᠮᠲᠤ᠎ᠪᠠᠷ ᠪᠠᠶ᠋ᠢᠭᠤᠯᠤᠨ ᠬᠠᠮᠲᠤ᠎ᠪᠠᠷ ᠡᠳ᠋ᠯᠡᠬᠦ ᠵᠢ ᠠᠬᠢᠭᠤᠯᠵᠤ᠂ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠳᠤ ᠬᠠᠮᠲᠤ᠎ᠪᠠᠷ ᠴᠢᠨᠡᠭᠡᠯᠢᠭᠵᠢᠬᠦ ᠵᠢ ᠠᠬᠢᠭᠤᠯᠬᠤ ᠠᠵᠢᠯᠯᠠᠭ᠎ᠠ ᠵᠢ ᠦᠨᠡᠨ ᠬᠦ᠌ ᠮᠡᠳᠡᠷᠡᠭᠦᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢ ᠡᠪᠳᠡᠷᠡᠰᠢ ᠦᠭᠡᠢ ᠪᠠᠲᠤ ᠪᠠᠬᠢ ᠪᠣᠯᠭ᠋ᠠᠬᠤ ᠬᠡᠷᠡᠭᠲᠡᠢ᠃ ᠠᠷᠠᠳ ᠲᠦᠮᠡᠨ ᠵᠶ᠋ᠠᠷ ᠭᠤᠣᠯ ᠪᠣᠯᠭ᠋ᠠᠬᠤ ᠬᠥᠭᠵᠢᠯᠲᠡ ᠵᠢᠨ ᠦᠵᠡᠯ ᠰᠠᠨᠠᠭ᠎ᠠ ᠵᠢ ᠪᠠᠷᠢᠮᠲᠠᠯᠠᠵᠤ᠂ ᠬᠠᠮᠤᠭ᠎ᠤᠨ ᠥᠷᠭᠡᠨ ᠤᠯᠠᠨ ᠠᠷᠠᠳ ᠲᠦᠮᠡᠨ᠎ᠤ ᠦᠨᠳᠦᠰᠦᠨ ᠠᠰᠢᠭ ᠲᠤᠰᠠ ᠵᠢ ᠰᠠᠶ᠋ᠢᠲᠤᠷ ᠪᠡᠶᠡᠯᠡᠭᠦᠯᠬᠦ᠂ ᠰᠠᠶ᠋ᠢᠲᠤᠷ ᠬᠠᠮᠠᠭ᠋ᠠᠯᠠᠬᠤ᠂ ᠰᠠᠶ᠋ᠢᠲᠤᠷ ᠬᠥᠭᠵᠢᠭᠦᠯᠬᠦ ᠵᠢ ᠠᠯᠢᠪᠠ ᠠᠵᠢᠯ᠎ᠤᠨ ᠵᠶ᠋ᠠᠨ ᠵᠣᠷᠢᠯᠲᠠ ᠪᠠ ᠲᠤᠰᠤᠯᠲᠠ ᠪᠣᠯᠭ᠋ᠠᠵᠤ᠂ ᠥᠭᠡᠷᠡᠴᠢᠯᠡᠯᠲᠡ ᠬᠥᠭᠵᠢᠯᠲᠡ ᠵᠢᠨ ᠦᠷ᠎ᠡ ᠪᠦᠲᠦᠭᠡᠯ᠎ᠢ ᠪᠦᠬᠦ ᠠᠷᠠᠳ ᠲᠦᠮᠡᠨ᠎ᠳᠤ ᠨᠡᠩ ᠤᠬᠠᠮᠰᠠᠷ᠎ᠠᠴᠠ᠎ᠪᠠᠨ ᠨᠡᠩ ᠤᠯᠠᠨ ᠨᠡᠩ ᠭᠤᠣᠯᠴᠢ᠎ᠪᠠᠷ ᠬᠦᠷᠲᠡᠭᠡᠵᠦ᠂ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠰᠠᠶ᠋ᠢᠨ ᠰᠠᠶ᠋ᠢᠬᠠᠨ ᠠᠮᠢᠳᠤᠷᠠᠯ᠎ᠤᠨ ᠲᠤᠬᠠᠢ ᠬᠦᠰᠡᠯ ᠡᠷᠡᠮᠡᠯᠵᠡᠯ᠎ᠢ ᠲᠠᠰᠤᠷᠠᠯᠳᠠ ᠦᠭᠡᠢ ᠪᠡᠶᠡᠯᠡᠭᠦᠯᠬᠦ ᠬᠡᠷᠡᠭᠲᠡᠢ᠃ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠪᠠᠴᠢᠮᠳᠠᠵᠤ ᠲᠦᠪᠡᠭᠳᠡᠵᠦ ᠵᠤᠪᠠᠨᠢᠵᠤ ᠬᠦᠰᠡᠵᠦ ᠪᠠᠶ᠋ᠢᠭ᠎ᠠ ᠠᠰᠠᠭᠤᠳᠠᠯ᠎ᠢ ᠰᠡᠳᠬᠢᠯ ᠲᠠᠯᠪᠢᠨ ᠰᠠᠶ᠋ᠢᠲᠤᠷ ᠰᠢᠢ᠍ᠳᠪᠦᠷᠢᠯᠡᠵᠦ᠂ ᠨᠡᠩ ᠤᠯᠠᠨ ᠠᠷᠠᠳ᠎ᠤᠨ ᠠᠮᠢᠳᠤᠷᠠᠯ᠎ᠳᠤ ᠠᠰᠢᠭ ᠬᠦᠷᠲᠡᠭᠡᠬᠦ᠂ ᠠᠷᠠᠳ᠎ᠤᠨ ᠰᠡᠳᠬᠢᠯ᠎ᠢ ᠳᠤᠯᠠᠭ᠋ᠠᠴᠠᠭᠤᠯᠬᠤ᠂ ᠠᠷᠠᠳ᠎ᠤᠨ ᠰᠠᠨᠠᠭ᠋ᠠᠨ᠎ᠳᠤ ᠨᠡᠶ᠋ᠢᠴᠡᠭᠦᠯᠬᠦ ᠠᠷᠭ᠎ᠠ ᠬᠡᠮᠵᠢᠶ᠎ᠡ ᠵᠢ ᠠᠪᠴᠤ᠂ ᠨᠡᠶ᠋ᠢᠭᠡᠮ᠎ᠤᠨ ᠪᠠᠲᠤᠯᠠᠭ᠎ᠠ ᠵᠢᠨ ᠰᠢᠰᠲ᠋ᠧᠮ ᠪᠣᠯᠤᠨ ᠦᠨᠳᠦᠰᠦᠨ ᠤᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠰᠢᠰᠲ᠋ᠧᠮ᠎ᠢ ᠤᠯᠠᠮ ᠴᠢᠨᠠᠭᠰᠢᠳᠠ ᠲᠡᠭᠦᠯᠳᠡᠷᠵᠢᠭᠦᠯᠵᠦ᠂ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠠᠮᠢᠳᠤᠷᠠᠯ᠎ᠤᠨ ᠴᠢᠨᠠᠷ ᠴᠢᠨᠰᠠᠭ᠎ᠠ ᠵᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠬᠦᠷᠲᠡᠮᠵᠢ ᠵᠢᠨ ᠲᠦᠷᠦᠭᠳᠡᠯ᠂ ᠵᠣᠯ ᠵᠢᠷᠭ᠋ᠠᠯᠲᠤ ᠲᠦᠷᠦᠭᠳᠡᠯ᠂ ᠠᠮᠤᠷ ᠲᠦᠪᠰᠢᠨ᠎ᠤ ᠲᠦᠷᠦᠭᠳᠡᠯ᠎ᠢ ᠨᠡᠩ ᠲᠡᠭᠦᠯᠳᠡᠷ᠂ ᠨᠡᠩ ᠪᠠᠲᠤᠯᠠᠭ᠎ᠠ᠎ᠲᠠᠢ᠂ ᠨᠡᠩ ᠦᠷᠭᠦᠯᠵᠢᠯᠡᠭᠦᠯᠦᠨ᠎ᠡ᠃ ᠵᠡᠭᠦᠨ ᠪᠠᠷᠠᠭᠤᠨ ᠣᠷᠣᠨ᠎ᠤ ᠬᠠᠮᠵᠢᠯᠴᠠᠬᠤ ᠲᠣᠭᠲᠠᠴᠠ ᠵᠢ ᠲᠡᠭᠦᠯᠳᠡᠷᠵᠢᠭᠦᠯᠵᠦ᠂ ᠠᠵᠢᠯ ᠲᠥᠷᠥᠯ ᠵᠶ᠋ᠠᠷ ᠵᠶ᠋ᠠᠨ ᠲᠤᠰᠠᠯᠠᠬᠤ᠂ ᠴᠡᠭ ᠲᠣᠭᠲᠠᠭ᠋ᠠᠨ ᠬᠠᠪᠰᠤᠷᠤᠨ ᠲᠡᠳᠬᠦᠬᠦ ᠵᠢ ᠭᠦᠨᠵᠡᠭᠡᠶ᠋ᠢᠷᠡᠭᠦᠯᠵᠦ᠂ ᠦᠨᠳᠦᠰᠦᠲᠡᠨ᠎ᠤ ᠭᠠᠵᠠᠷ ᠣᠷᠣᠨ᠎ᠤ ᠰᠠᠭᠤᠷᠢ ᠲᠥᠬᠦᠭᠡᠷᠦᠮᠵᠢ ᠵᠢᠨ ᠪᠥᠲᠥᠭᠡᠨ ᠪᠠᠶ᠋ᠢᠭᠤᠯᠤᠯᠲᠠ᠂ ᠠᠵᠤ ᠦᠢ᠍ᠯᠡᠰ᠎ᠤᠨ ᠪᠦᠲᠦᠴᠡ ᠵᠢᠨ ᠲᠣᠬᠢᠷᠠᠭᠤᠯᠤᠯᠲᠠ ᠵᠡᠷᠭᠡ ᠵᠢ ᠲᠦᠷᠭᠡᠳᠬᠡᠨ ᠠᠬᠢᠭᠤᠯᠵᠤ᠂ ᠡᠬᠢ ᠪᠠᠶᠠᠯᠢᠭ᠎ᠢ ᠵᠦᠶ ᠵᠣᠬᠢᠰᠲᠠᠶ ᠨᠡᠭᠡᠭᠡᠨ ᠠᠰᠢᠭᠯᠠᠵᠤ᠂ ᠭᠠᠵᠠᠷ ᠣᠷᠣᠨ᠎ᠤ ᠪᠠᠶ᠋ᠢᠳᠠᠯ᠎ᠳᠠᠭᠠᠨ ᠲᠣᠬᠢᠷᠠᠭᠤᠯᠤᠨ ᠰᠢᠨ᠎ᠡ ᠶᠠᠰᠤ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠢ ᠬᠥᠭᠵᠢᠭᠦᠯᠵᠦ᠂ ᠳᠠᠪᠠᠭᠤᠯᠢᠭ ᠠᠵᠤ ᠦᠢ᠍ᠯᠡᠰ᠎ᠢ ᠪᠤᠶ᠋ᠢᠵᠢᠭᠤᠯᠤᠨ ᠪᠤᠵᠠᠭ᠋ᠠᠶ᠋ᠢᠷᠠᠭᠤᠯᠵᠤ᠂ ᠥᠨᠳᠥᠷ ᠬᠡᠪ ᠪᠣᠯᠪᠠᠰᠤᠷᠠᠯ᠎ᠲᠠᠢ ᠴᠢᠳᠠᠪᠤᠷᠢᠲᠠᠨ᠎ᠤ ᠡᠩᠨᠡᠭᠡ ᠵᠢ ᠪᠠᠶ᠋ᠢᠭᠤᠯᠵᠤ᠂ ᠦᠨᠳᠦᠰᠦᠲᠡᠨ᠎ᠤ ᠭᠠᠵᠠᠷ ᠣᠷᠣᠨ᠎ᠤ 《ᠴᠢᠰᠤ ᠵᠤᠬᠢᠶᠠᠬᠤ》 ᠴᠢᠳᠠᠮᠵᠢ ᠵᠢ ᠪᠥᠬᠦ ᠲᠠᠯ᠎ᠠ᠎ᠪᠠᠷ ᠳᠡᠭᠡᠭᠰᠢᠯᠡᠭᠦᠯᠵᠦ᠂ ᠦᠨᠳᠦᠰᠦᠲᠡᠨ᠎ᠤ ᠭᠠᠵᠠᠷ ᠣᠷᠣᠨ᠎ᠤ ᠴᠢᠨᠠᠷ ᠰᠠᠶ᠋ᠢᠲᠠᠶ ᠬᠥᠭᠵᠢᠯᠲᠡ ᠪᠠ ᠣᠳᠣᠬᠢᠴᠢᠯᠠᠯᠲᠠ ᠵᠢᠨ ᠪᠥᠲᠥᠭᠡᠨ ᠪᠠᠶ᠋ᠢᠭᠤᠯᠤᠯᠲᠠ ᠵᠢᠨ ᠠᠯᠬᠤᠴᠠ ᠵᠢ ᠲᠦᠷᠭᠡᠳᠬᠡᠵᠦ᠂ ᠡᠯ᠎ᠡ ᠭᠠᠵᠠᠷ ᠣᠷᠣᠨ᠎ᠤ ᠠᠵᠤ ᠠᠬᠤᠶ ᠵᠢᠨ ᠲᠠᠯ᠎ᠠ᠎ᠪᠠᠷ ᠨᠢᠭᠡ ᠴᠣᠭᠴᠠᠵᠢᠬᠤ᠂ ᠨᠢᠭᠡ ᠴᠣᠭᠴᠠᠵᠢᠬᠤ ᠵᠢ ᠠᠬᠢᠭᠤᠯᠵᠤ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠰᠡᠳᠬᠢᠯ ᠨᠠᠩ ᠣᠶ᠋ᠢᠷᠠᠲᠤᠵᠤ᠂ ᠨᠠᠩ ᠨᠢᠭᠲᠠ ᠣᠶ᠋ᠢᠷᠠᠲᠤᠬᠤ ᠵᠢ ᠠᠬᠢᠭᠤᠯᠤᠨ᠎ᠠ᠃

   ᠲᠠᠪᠢᠨ ᠵᠢᠷᠭᠤᠭ᠋ᠠᠨ ᠦᠨᠳᠦᠰᠦᠲᠡᠨ ᠬᠠᠮᠲᠤ ᠪᠠᠶ᠋ᠢᠬᠤ ᠪᠣᠯ ᠳᠠᠷᠤᠶ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠮᠥᠨ᠂ ᠳᠤᠮᠳᠠᠳᠤ ᠵᠢᠨ ᠦᠨᠳᠦᠰᠦᠲᠡᠨ ᠪᠣᠯ ᠨᠢᠭᠡᠨ ᠶᠡᠭᠡ ᠭᠡᠷ ᠪᠦᠯᠢ ᠮᠥᠨ᠃ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠠᠩᠭᠢᠯᠠᠭ᠎ᠠ ᠵᠢᠨ ᠵᠠᠮ᠎ᠳᠤ ᠣᠷᠣᠭᠰᠠᠨ᠎ᠠᠴᠠ ᠡᠷᠬᠡᠪᠰᠢ ᠪᠦᠬᠦ ᠠᠷᠠᠳ ᠲᠦᠮᠡᠨ᠎ᠤ ᠢᠳᠡᠪᠬᠢᠵᠢᠯ᠂ ᠰᠠᠨᠠᠭ᠋ᠠᠴᠢᠯᠠᠭ᠋ᠠᠲᠤ ᠴᠢᠨᠠᠷ ᠪᠣᠯᠣᠨ ᠪᠦᠲᠦᠭᠡᠯᠴᠢ ᠴᠢᠨᠠᠷ᠎ᠢ ᠭᠦᠢ᠍ᠴᠡᠳ ᠲᠠᠢ᠍ᠢ᠍ᠴᠢᠯᠠᠵᠦ᠂ ᠳᠤᠮᠳᠠᠳᠤ ᠵᠢᠨ ᠦᠨᠳᠦᠰᠦᠲᠡᠨ᠎ᠢ ᠨᠡᠩ ᠥᠨᠳᠥᠷ ᠮᠡᠳᠡᠷᠡᠮᠵᠢ᠎ᠲᠠᠢ᠂ ᠨᠡᠩ ᠴᠢᠩᠭ᠎ᠠ ᠨᠢᠭᠲᠠᠷᠠᠯ᠎ᠤᠨ ᠬᠦᠴᠦᠨ᠎ᠲᠠᠢ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠪᠣᠯᠭ᠋ᠠᠬᠤ ᠵᠢ ᠠᠬᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠨᠡᠷᠡᠮᠵᠢᠲᠦ ᠲᠣᠮᠣ ᠬᠥᠯᠭᠡ ᠣᠩᠭᠣᠴᠠ ᠰᠠᠯᠬᠢᠨ ᠳᠠᠪᠠᠯᠭ᠋ᠠᠨ᠎ᠢ ᠵᠦᠰᠦᠨ ᠳᠠᠷᠪᠠᠭᠤᠯ ᠬᠡᠢ᠌ᠰᠬᠡᠨ ᠬᠤᠯᠠ ᠠᠶᠠᠯᠠᠬᠤ ᠵᠢ ᠠᠬᠢᠭᠤᠯᠬᠤ ᠬᠡᠷᠡᠭᠲᠡᠢ᠃

   ᠮᠡᠳᠡᠭᠡ ᠵᠠᠩᠭᠢ ᠵᠢᠨ ᠢᠷᠡᠯᠲᠡ᠄ ᠳᠤᠮᠳᠠᠳᠤ ᠤᠯᠤᠰ᠎ᠤᠨ ᠦᠨᠳᠦᠰᠦᠲᠡᠨ᠎ᠤ ᠰᠣᠨᠢᠨ

 

ᠢᠷᠡᠯᠲᠡ᠄ ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠬᠢᠳᠠᠳ ᠬᠡᠯᠡᠨ᠎ᠤ ᠰᠦᠯᠵᠢᠶᠡᠨ ᠦᠷᠳᠡᠭᠡ