ᠬᠠᠮᠲᠤ ᠵᠢᠨ ᠬᠦᠰᠡᠯᠡᠩ᠎ᠢ ᠪᠠᠲᠤ ᠰᠠᠬᠢᠵᠤ ᠰᠣᠶᠣᠯ᠎ᠤᠨ ᠢᠵᠢᠯᠰᠢᠯ ᠵᠶ᠋ᠠᠨ ᠴᠢᠩᠭ᠋ᠠᠳᠬᠠᠵᠤ ᠨᠢᠭᠡ ᠰᠡᠳᠬᠢᠯ ᠨᠢᠭᠡ ᠵᠣᠷᠢᠭ ᠵᠶ᠋ᠠᠷ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠶ᠎ᠠ
2025-01-08

   ᠶᠡᠷᠦᠩᠬᠡᠢ ᠱᠦᠵᠢ ᠰᠢ ᠵᠢᠨ ᠫᠢᠩ ᠪᠦᠬᠦ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠬᠥᠬᠢᠭᠦᠯᠦᠨ ᠰᠠᠶ᠋ᠢᠰᠢᠶᠠᠬᠤ ᠶᠡᠭᠡ ᠬᠤᠷᠠᠯ ᠳᠡᠭᠡᠷ᠎ᠡ ᠵᠢᠭ᠋ᠠᠵᠦ ᠭᠠᠷᠭ᠋ᠠᠬᠤ᠎ᠳᠤ᠎ᠪᠠᠨ᠄ 《ᠡᠨᠡ ᠬᠦ᠌ ᠥᠷᠭᠡᠨ ᠠᠭᠤᠳᠠᠮ᠂ ᠦᠵᠡᠰᠬᠦᠯᠡᠩᠲᠦ ᠰᠠᠶ᠋ᠢᠬᠠᠨ᠂ ᠪᠠᠶᠠᠨ ᠴᠢᠨᠡᠭᠡᠯᠢᠭ ᠨᠤᠲᠤᠭ ᠳᠡᠪᠢᠰᠬᠡᠷ ᠳᠡᠭᠡᠷ᠎ᠡ᠂ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠳᠤ ᠴᠥᠮ ᠨᠢᠭᠡᠨ ᠬᠠᠮᠲᠤ ᠵᠢᠨ ᠭᠡᠷ ᠣᠷᠣᠨ᠎ᠲᠠᠢ᠂ ᠳᠠᠷᠤᠢ ᠳᠤᠮᠳᠠᠳᠤ ᠤᠯᠤᠰ ᠪᠣᠯᠣᠨ᠎ᠠ; ᠴᠥᠮ ᠨᠢᠭᠡᠨ ᠬᠠᠮᠲᠤ ᠵᠢᠨ ᠬᠢᠷᠢ ᠬᠡᠮ᠎ᠲᠠᠢ᠂ ᠲᠤᠬᠠᠢ᠌ᠯᠠᠪᠠᠯ ᠳᠤᠮᠳᠠᠳᠤ ᠵᠢᠨ ᠦᠨᠳᠦᠰᠦᠲᠡᠨ ᠪᠣᠯᠣᠨ᠎ᠠ; ᠪᠦᠷ ᠨᠢᠭᠡᠨ ᠬᠠᠮᠲᠤ ᠵᠢᠨ ᠨᠡᠷ᠎ᠡ᠎ᠲᠠᠢ᠂ ᠳᠠᠷᠤᠢ ᠳᠤᠮᠳᠠᠳᠤ ᠤᠯᠤᠰ᠎ᠤᠨ ᠬᠥᠮᠥᠨ ᠪᠣᠯᠣᠨ᠎ᠠ; ᠴᠥᠮ ᠬᠠᠮᠲᠤ ᠵᠢᠨ ᠬᠦᠰᠡᠯ ᠡᠷᠡᠮᠡᠯᠵᠡᠯ᠎ᠲᠠᠢ ᠪᠣᠯ ᠳᠠᠷᠤᠶ ᠳᠤᠮᠳᠠᠳᠤ ᠵᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ ᠵᠢ ᠪᠡᠶᠡᠯᠡᠭᠦᠯᠬᠦ ᠶᠠᠪᠤᠳᠠᠯ ᠪᠣᠯᠤᠨ᠎ᠠ!》 1951 ᠣᠨ᠎ᠤ ᠰᠢᠨ᠎ᠡ ᠵᠢᠯ ᠎ᠳᠤ᠂ ᠫᠦ᠋ ᠡᠯ ᠲᠤᠰᠬᠠᠶ ᠣᠷᠣᠨ᠎ᠤ ᠦᠨᠳᠦᠰᠦᠲᠡᠨ᠎ᠨᠦᠭᠦᠳ᠎ᠤᠨ ᠣᠯᠠᠨ ᠲᠦᠮᠡᠨ ᠲᠠᠩᠭ᠋ᠠᠷᠢᠭᠯᠠᠬᠤ ᠶᠡᠭᠡ ᠬᠤᠷᠠᠯ ᠬᠤᠷᠠᠯᠳᠤᠭᠤᠯᠵᠤ᠂ ᠴᠥᠭᠡᠨ ᠲᠣᠭ᠋ᠠᠲᠤ ᠦᠨᠳᠦᠰᠦᠲᠡᠨ᠎ᠤ ᠵᠠᠩ ᠳᠠᠳᠬᠠᠯ ᠵᠶ᠋ᠠᠷ ᠲᠠᠩᠭ᠋ᠠᠷᠢᠭ ᠬᠢᠵᠦ᠂ ᠲᠥᠪ ᠴᠢᠩᠭ᠎ᠠ᠎ᠪᠠᠷ ᠨᠢᠭᠡ ᠰᠡᠳᠬᠢᠯ ᠨᠢᠭᠡ ᠵᠣᠷᠢᠭ ᠵᠶ᠋ᠠᠷ ᠨᠠᠮ ᠵᠶ᠋ᠠᠨ ᠳᠠᠭ᠋ᠠᠬᠤ ᠲᠠᠩᠭ᠋ᠠᠷᠢᠭ ᠬᠢᠪᠡ᠃  ᠦᠨᠳᠦᠰᠦᠲᠡᠨ᠎ᠤ ᠪᠦᠯᠬᠦᠮᠳᠡᠯ᠎ᠤᠨ ᠲᠠᠩᠭ᠋ᠠᠷᠢᠭ᠎ᠲᠤ ᠥᠭᠬᠦ ᠲᠠᠩᠭ᠋ᠠᠷᠢᠭ᠎ᠤᠨ ᠦᠭᠡᠰ᠎ᠨᠢ ᠬᠤᠶ᠋ᠢᠴᠢ ᠦᠶ᠎ᠡ ᠵᠢᠨ᠎ᠬᠢᠨ᠎ᠢ ᠲᠥᠯᠥᠭᠡᠯᠡᠵᠦ ᠪᠠᠶ᠋ᠢᠭ᠎ᠠ ᠬᠠᠷᠢᠭᠤ ᠵᠠᠬᠢᠳᠠᠯ᠎ᠳᠠᠭᠠᠨ᠂ ᠶᠡᠷᠦᠩᠬᠡᠶ ᠱᠦᠵᠢ ᠰᠢ ᠵᠢᠨ ᠫᠢᠩ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠰᠡᠳᠬᠢᠯ᠎ᠳᠡᠭᠡᠨ ᠪᠠᠲᠤ ᠴᠡᠭᠡᠵᠢᠯᠡᠵᠦ᠂ ᠴᠢᠰᠤᠨ᠎ᠳᠠᠭᠠᠨ  ᠠᠭᠤᠰᠤᠯᠴᠠᠭᠤᠯᠤᠨ᠂ ᠡᠬᠡ ᠤᠯᠤᠰ᠎ᠤᠨ ᠬᠢᠯᠢ ᠬᠢᠵᠠᠭ᠋ᠠᠷ᠎ᠢ ᠬᠠᠮᠲᠤ᠎ᠪᠠᠷ ᠰᠠᠬᠢᠵᠤ᠂ ᠰᠠᠶ᠋ᠢᠨ ᠰᠠᠶ᠋ᠢᠬᠠᠨ ᠭᠡᠷ ᠣᠷᠣᠨ ᠵᠶ᠋ᠠᠨ ᠬᠠᠮᠲᠤ᠎ᠪᠠᠷ ᠪᠦᠳᠦᠭᠡᠨ ᠪᠠᠶ᠋ᠢᠭᠤᠯᠵᠤ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠴᠡᠴᠡᠭ᠎ᠢ ᠤᠯᠠᠮ᠎ᠠᠴᠠ ᠤᠯᠠᠮ ᠲᠠᠩᠰᠤᠭ ᠰᠠᠶ᠋ᠢᠬᠠᠨ ᠪᠣᠯᠭ᠋ᠠᠬᠤ ᠬᠡᠷᠡᠭᠲᠡᠶ ᠭᠡᠵᠦ ᠵᠣᠷᠢᠭᠵᠢᠭᠤᠯᠪᠠ᠃ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ᠎ᠳᠤ ᠦᠨᠳᠦᠰᠦᠲᠡᠨ᠎ᠨᠦᠭᠦᠳ᠎ᠤᠨ ᠨᠠᠮ᠎ᠤᠨ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠠᠬᠢ ᠪᠤᠢ ᠪᠣᠯᠭ᠋ᠠᠬᠤ ᠬᠡᠷᠡᠭᠲᠡᠶ᠃ ᠡᠨᠡ᠎ᠨᠢ ᠡᠷᠬᠡᠪᠰᠢ ᠬᠠᠮᠲᠤ ᠵᠢᠨ ᠬᠦᠰᠡᠯᠡᠩ ᠢᠲᠡᠭᠡᠯ ᠪᠢᠰᠢᠷᠡᠯ᠎ᠢ ᠪᠠᠲᠤ ᠰᠠᠬᠢᠵᠤ᠂ ᠰᠣᠶᠣᠯ᠎ᠤᠨ ᠮᠡᠳᠡᠷᠡᠮᠵᠢ ᠵᠢ ᠲᠠᠰᠤᠷᠠᠯᠲᠠ ᠦᠭᠡᠢ ᠴᠢᠩᠭ᠋ᠠᠳᠬᠠᠵᠤ᠂ ᠪᠦᠬᠦ ᠳᠤᠮᠳᠠᠳᠤ ᠵᠢᠨ ᠬᠥᠪᠡᠭᠦᠳ ᠥᠬᠢᠳ᠎ᠤᠨ ᠨᠢᠭᠡ ᠰᠡᠳᠬᠢᠯ ᠨᠢᠭᠡ ᠵᠣᠷᠢᠭ ᠵᠶ᠋ᠠᠷ ᠪᠦᠯᠬᠦᠮᠳᠡᠨ ᠲᠡᠮᠡᠴᠡᠬᠦ ᠵᠢ ᠪᠡᠶᠡᠯᠡᠭᠦᠯᠬᠦ ᠬᠡᠷᠡᠭᠲᠡᠢ᠃

   ᠨᠢᠭᠡ ᠰᠡᠳᠬᠢᠯ ᠨᠢᠭᠡ ᠵᠣᠷᠢᠭ ᠪᠣᠯ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠠᠬᠢ ᠪᠤᠢ ᠪᠣᠯᠭ᠋ᠠᠬᠤ ᠵᠢᠨ ᠳᠣᠲᠣᠭ᠋ᠠᠳᠤ ᠱᠠᠭ᠋ᠠᠷᠳᠠᠯᠭ᠎ᠠ ᠮᠥᠨ᠃ ᠶᠡᠷᠦᠩᠬᠡᠶ ᠱᠦᠵᠢ ᠰᠢ ᠵᠢᠨ ᠫᠢᠩ᠄ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠠᠬᠢ ᠪᠣᠶ ᠪᠣᠯᠭ᠋ᠠᠬᠤ ᠪᠣᠯ ᠳᠠᠷᠤᠶ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠬᠥᠲᠥᠯᠥᠨ ᠵᠢᠯᠣᠭᠤᠳᠴᠤ ᠪᠠᠶ᠋ᠢᠭ᠋ᠠᠳ ᠵᠢᠷᠭ᠋ᠠᠯ ᠵᠣᠪᠠᠯᠠᠩ ᠵᠶ᠋ᠠᠨ ᠬᠠᠮᠲᠤᠳᠬᠠᠬᠤ᠂ ᠠᠯᠳᠠᠷ ᠭᠤᠲᠤᠮᠰᠢᠭ ᠵᠶ᠋ᠠᠨ ᠬᠠᠮᠲᠤᠳᠬᠠᠬᠤ᠂ ᠦᠬᠦᠵᠦ ᠰᠡᠬᠡᠬᠦ᠎ᠪᠠᠨ ᠬᠠᠮᠲᠤᠳᠬᠠᠬᠤ᠂ ᠬᠤᠪᠢ ᠵᠠᠶᠠᠭ᠎ᠠ᠎ᠪᠠᠨ ᠬᠠᠮᠲᠤᠳᠬᠠᠬᠤ ᠬᠠᠮᠲᠤ ᠵᠢᠨ ᠴᠣᠭᠴᠠ ᠵᠢᠨ ᠣᠶ᠋ᠢᠯᠠᠭ᠋ᠠᠭᠳᠠᠬᠤᠨ᠎ᠢ ᠪᠠᠲᠤ ᠪᠠᠬᠢ ᠪᠣᠶ ᠪᠣᠯᠭ᠋ᠠᠬᠤ ᠶᠠᠪᠤᠳᠠᠯ ᠮᠥᠨ》 ᠭᠡᠵᠦ ᠵᠢᠭ᠋ᠠᠵᠤ ᠭᠠᠷᠭ᠋ᠠᠵᠠᠢ᠃ ᠨᠡᠢ᠌ᠭᠡᠮ᠎ᠤᠨ ᠠᠬᠤᠢ᠎ᠨᠢ ᠨᠡᠢ᠌ᠭᠡᠮ᠎ᠤᠨ ᠦᠵᠡᠯ ᠤᠬᠠᠮᠰᠠᠷ᠎ᠢ ᠲᠣᠭᠲᠠᠭ᠋ᠠᠵᠤ᠂ ᠨᠡᠢ᠌ᠭᠡᠮ᠎ᠤᠨ ᠦᠵᠡᠯ ᠤᠬᠠᠮᠰᠠᠷ᠎ᠨᠢ ᠨᠡᠢ᠌ᠭᠡᠮ᠎ᠤᠨ ᠠᠬᠤᠢ᠎ᠳᠤ ᠭᠡᠳᠡᠷᠭᠦ ᠦᠢ᠍ᠯᠡᠳᠦᠯ ᠦᠵᠡᠭᠦᠯᠳᠡᠭ᠃  ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠨᠢ ᠨᠢᠭᠡ ᠵᠦᠢ᠍ᠯ᠎ᠤᠨ ᠨᠡᠶ᠋ᠢᠭᠡᠮ᠎ᠤᠨ ᠤᠬᠠᠮᠰᠠᠷ ᠪᠣᠯᠤᠭᠰᠠᠨ᠎ᠤ ᠬᠤᠪᠢ᠎ᠳᠤ᠂ ᠤᠷᠳᠤ ᠬᠤᠭᠤᠴᠠᠭ᠋ᠠᠨ᠎ᠤ ᠲᠡᠦᠬᠡ ᠵᠢᠨ ᠬᠥᠭᠵᠢᠯᠲᠡ ᠵᠢᠨ ᠶᠠᠪᠤᠴᠠ᠎ᠳᠠᠬᠢ ᠦᠨᠳᠦᠰᠦᠲᠡᠨ᠎ᠨᠦᠭᠦᠳ᠎ᠤᠨ ᠰᠣᠯᠪᠢᠴᠠᠨ ᠣᠷᠣᠰᠢᠬᠤ᠂ ᠰᠣᠶᠣᠯ᠎ᠤᠨ ᠲᠠᠯ᠎ᠠ᠎ᠪᠠᠷ ᠪᠦᠬᠦᠨ᠎ᠢ ᠬᠠᠮᠤᠷᠤᠨ ᠣᠷᠣᠰᠢᠬᠤ᠂ ᠠᠵᠤ ᠠᠬᠤᠢ ᠵᠢᠨ ᠲᠠᠯ᠎ᠠ᠎ᠪᠠᠷ ᠬᠠᠷᠢᠯᠴᠠᠨ ᠲᠦᠰᠢᠭᠯᠡᠬᠦ᠂ ᠬᠠᠶ᠋ᠢᠷ᠎ᠠ ᠰᠡᠳᠬᠢᠯᠭᠡ ᠵᠢᠨ ᠲᠠᠯ᠎ᠠ᠎ᠪᠠᠷ ᠬᠠᠷᠢᠯᠴᠠᠨ ᠣᠶ᠋ᠢᠷᠠᠯᠴᠠᠭ᠎ᠠ ᠪᠠᠶ᠋ᠢᠬᠤ ᠡᠨᠡ ᠬᠦ᠌ ᠪᠤᠰᠤᠳᠴᠢ ᠪᠣᠳᠠᠲᠤ ᠪᠠᠶ᠋ᠢᠳᠠᠯ᠎ᠤᠨ ᠲᠤᠰᠬᠠᠯ  ᠪᠣᠯᠤᠨ᠎ᠠ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠠᠬᠢ ᠪᠤᠢ ᠪᠣᠯᠭ᠋ᠠᠵᠤ᠂ ᠦᠨᠳᠦᠰᠦᠲᠡᠨ᠎ᠨᠦᠭᠦᠳ᠎ᠤᠨ ᠨᠢᠭᠡ ᠰᠡᠳᠬᠢᠯ ᠨᠢᠭᠡ ᠵᠣᠷᠢᠭ ᠵᠶ᠋ᠠᠷ ᠤᠶᠤᠨ ᠰᠠᠨᠠᠭ᠋ᠠᠨ᠎ᠤ ᠬᠦᠴᠦᠨ᠎ᠢ ᠨᠢᠭᠲᠠᠷᠠᠭᠤᠯᠬᠤ ᠵᠢ ᠪᠠᠷᠢᠮᠲᠠᠯᠠᠵᠤ᠂ ᠬᠠᠮᠲᠤ ᠵᠢᠨ ᠦᠷᠳᠡᠭ᠎ᠤᠨ ᠣᠶ᠋ᠢᠯᠠᠭ᠋ᠠᠭᠳᠠᠬᠤᠨ ᠵᠶ᠋ᠠᠷ ᠰᠣᠶᠣᠯ᠎ᠤᠨ ᠮᠡᠳᠡᠷᠡᠮᠵᠢ ᠵᠢ ᠴᠢᠩᠭ᠋ᠠᠳᠬᠠᠵᠤ᠂ ᠳᠤᠮᠳᠠᠳᠤ ᠵᠢᠨ ᠦᠨᠳᠦᠰᠦᠲᠡᠨ᠎ᠤ ᠶᠡᠭᠡ ᠪᠦᠯᠬᠦᠮᠳᠡᠯ ᠵᠶ᠋ᠠᠷ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ ᠬᠡᠷᠡᠭᠲᠡᠢ ᠭᠡᠵᠦ ᠳᠣᠲᠣᠭ᠋ᠠᠳᠤ ᠱᠠᠭ᠋ᠠᠷᠳᠠᠯᠭ᠎ᠠ ᠲᠠᠯᠪᠢᠪᠠ᠃ ᠦᠨᠳᠦᠰᠦᠲᠡᠨ᠎ᠤ ᠭᠠᠵᠠᠷ ᠣᠷᠣᠨ᠎ᠤ ᠣᠳᠣᠬᠢᠴᠢᠯᠠᠯᠲᠠ ᠵᠢᠨ ᠪᠦᠲᠦᠭᠡᠨ ᠪᠠᠶ᠋ᠢᠭᠤᠯᠤᠯᠲᠠ ᠵᠢ ᠯᠠᠪᠳᠠᠭᠤᠨ ᠪᠠᠲᠤᠲᠠᠢ ᠠᠬᠢᠭᠤᠯᠵᠤ᠂ ᠪᠤᠢ ᠪᠦᠬᠦᠢ ᠥᠭᠡᠷᠡᠴᠢᠯᠡᠯᠲᠡ ᠬᠥᠭᠵᠢᠯᠲᠡ᠎ᠳᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠢᠯᠡᠷᠡᠭᠦᠯᠬᠦ ᠠᠴᠢ ᠬᠤᠯᠪᠣᠭᠳᠠᠯ᠎ᠢ ᠣᠯᠭᠤᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠠᠶ᠋ᠢᠭᠤᠯᠤᠯᠲᠠ ᠵᠢ ᠭᠦᠨᠵᠡᠭᠡᠶ᠋ᠢᠷᠡᠭᠦᠯᠦᠨ ᠪᠣᠳᠠᠲᠠᠶ᠋ᠢᠵᠢᠭᠤᠯᠬᠤ ᠵᠢ ᠲᠠᠰᠤᠷᠠᠯᠲᠠ ᠦᠭᠡᠢ ᠠᠬᠢᠭᠤᠯᠬᠤ ᠬᠡᠷᠡᠭᠲᠡᠢ᠃

   ᠰᠡᠳᠬᠢᠯ ᠨᠢᠭᠡᠳᠦᠨ ᠬᠠᠮᠲᠤ ᠵᠢᠨ ᠬᠦᠰᠡᠯᠡᠩ ᠢᠲᠡᠭᠡᠯ ᠪᠢᠰᠢᠷᠡᠯ᠎ᠢ ᠪᠠᠲᠤ ᠪᠤᠢ ᠪᠣᠯᠭ᠋ᠠᠬᠤ ᠬᠡᠷᠡᠭᠲᠡᠢ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠤᠭᠴᠠᠯᠠᠬᠤ᠎ᠳᠤ᠂ ᠨᠠᠮ᠎ᠤᠨ ᠰᠢᠨ᠎ᠡ ᠵᠢ ᠡᠭᠦᠳᠬᠦ ᠤᠨᠤᠯ ᠵᠶ᠋ᠠᠷ ᠦᠨᠳᠦᠰᠦ ᠵᠢ ᠪᠠᠬᠢᠵᠢᠭᠦᠯᠬᠦ᠂ ᠰᠡᠳᠬᠢᠯ᠎ᠢ ᠨᠢᠭᠲᠠᠷᠠᠭᠤᠯᠤᠨ ᠰᠦᠭ ᠰᠦᠨᠡᠰᠦ ᠵᠢ ᠴᠣᠭᠴᠠᠯᠠᠬᠤ ᠵᠢ ᠪᠠᠷᠢᠮᠲᠠᠯᠠᠬᠤ ᠬᠡᠷᠡᠭᠲᠡᠢ᠃ ᠡᠷᠬᠡᠪᠰᠢ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠢᠯᠠᠩᠭᠤᠶ᠎ᠠ ᠶᠡᠷᠦᠩᠬᠡᠢ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠶ᠋ᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠵᠢ ᠭᠦᠨᠵᠡᠭᠡᠢ ᠤᠬᠠᠭᠤᠯᠤᠨ ᠲᠠᠶ᠋ᠢᠯᠪᠤᠷᠢᠯᠠᠵᠤ᠂ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠳᠤ ᠨᠠᠮ᠎ᠤᠨ ᠤᠨᠤᠯ ᠪᠣᠯᠤᠨ ᠱᠤᠭᠤᠮ ᠴᠢᠭᠯᠡᠯᠲᠡ ᠲᠦᠷᠦ ᠵᠢᠨ ᠪᠤᠳᠤᠯᠭ᠎ᠠ ᠵᠢᠨ ᠬᠥᠮᠦᠵᠢᠯ᠎ᠢ ᠴᠢᠩᠭ᠋ᠠᠳᠬᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠤᠬᠠᠭᠤᠯᠭ᠎ᠠ ᠬᠥᠮᠦᠵᠢᠯ᠎ᠤᠨ ᠪᠠᠶ᠋ᠢᠩᠭᠤᠵᠢᠭᠰᠠᠨ ᠲᠣᠭᠲᠠᠴᠠ ᠵᠢ ᠪᠠᠶ᠋ᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠪᠦᠷᠢᠯᠳᠦᠵᠦ ᠬᠥᠭᠵᠢᠭᠰᠡᠨ ᠶᠣᠰᠣ ᠣᠴᠢᠷ᠂ ᠶᠣᠰᠣ ᠵᠦᠢ᠂ ᠭᠦᠨ ᠤᠬᠠᠭ᠋ᠠᠨ᠎ᠤ ᠰᠢᠨᠵᠢᠯᠡᠬᠦ ᠤᠬᠠᠭ᠋ᠠᠨᠴᠢ᠎ᠪᠠᠷ ᠢᠯᠡᠷᠡᠭᠦᠯᠬᠦ ᠵᠢ ᠬᠦᠳᠦᠯᠦᠨ ᠵᠢᠯᠣᠭᠤᠳᠴᠤ᠂ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠬᠦᠳᠦᠯᠦᠨ ᠵᠢᠯᠣᠭᠤᠳᠴᠤ ᠪᠠᠶ᠋ᠢᠭ᠋ᠠᠳ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠦᠷᠢᠯᠳᠦᠯ ᠪᠠ ᠬᠥᠭᠵᠢᠯᠲᠡ ᠪᠣᠯ ᠬᠥᠮᠦᠨ᠎ᠤ ᠰᠡᠳᠬᠢᠯ᠎ᠤᠨ ᠬᠠᠨᠳᠤᠰᠢ᠂ ᠶᠡᠭᠡ ᠪᠠᠶ᠋ᠢᠳᠠᠯ᠎ᠤᠨ ᠬᠠᠨᠳᠤᠰᠢ᠂ ᠲᠡᠦᠬᠡ ᠵᠢᠨ ᠵᠠᠶ᠋ᠢᠯᠠᠰᠢ ᠦᠭᠡᠢ ᠵᠦᠢ᠍ᠯ ᠪᠣᠯᠬᠤ ᠵᠢ ᠭᠦᠨᠵᠡᠭᠡᠢ ᠲᠠᠨᠢᠭᠤᠯᠵᠤ᠂ ᠦᠨᠳᠦᠰᠦᠲᠡᠨ᠎ᠨᠦᠭᠦᠳ᠎ᠢ ᠡᠭᠦᠷᠢᠳᠡ ᠠᠨᠠᠷ᠎ᠤᠨ ᠦᠷ᠎ᠡ ᠰᠢᠭ ᠨᠢᠭᠲᠠᠷᠠᠨ ᠪᠦᠯᠬᠦᠮᠳᠡᠭᠦᠯᠵᠦ᠂ ᠠᠬ᠎ᠠ ᠳᠡᠭᠦᠦ ᠨᠠᠷ ᠵᠶ᠋ᠠᠷ ᠬᠠᠷᠢᠯᠴᠠᠨ ᠳᠣᠲᠣᠨᠣᠴᠢᠯᠠᠭᠤᠯᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠭᠤᠯᠬᠤ ᠬᠡᠷᠡᠭᠲᠡᠢ᠃  ᠳᠤᠮᠳᠠᠳᠤ ᠵᠢᠨ ᠦᠨᠳᠦᠰᠦᠲᠡᠨ ᠨᠢᠭᠡ ᠭᠡᠷ᠎ᠤᠨ ᠬᠥᠮᠦᠨ ᠮᠡᠲᠦ ᠳᠣᠲᠣᠨᠣ ᠪᠠᠶ᠋ᠢᠬᠤ ᠵᠢ ᠪᠠᠷᠢᠮᠲᠠᠯᠠᠵᠤ᠂ ᠰᠡᠳᠬᠢᠯ ᠨᠢᠭᠡᠳᠦᠨ ᠳᠤᠮᠳᠠᠳᠤ ᠵᠢᠨ ᠵᠡᠭᠦᠳᠦ ᠵᠢ ᠬᠠᠮᠲᠤᠪᠠᠷ ᠲᠡᠷᠭᠡᠯᠰᠢᠭᠦᠯᠦᠨ᠎ᠡ᠃ ᠨᠠᠮ ᠪᠥᠬᠥ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠪᠥᠯᠬᠥᠮᠳᠡᠭᠦᠯᠦᠨ ᠳᠠᠭ᠋ᠠᠭᠤᠯᠵᠤ᠂ ᠦᠨᠳᠦᠰᠦᠲᠡᠨ᠎ᠤ ᠲᠤᠰᠠᠭ᠋ᠠᠷ ᠲᠣᠭᠲᠠᠨᠢᠯ ᠪᠣᠯᠣᠨ ᠠᠷᠠᠳ ᠲᠦᠮᠡᠨ᠎ᠤ ᠴᠢᠯᠥᠭᠡᠯᠡᠯᠲᠡ ᠵᠢ ᠪᠡᠶᠡᠯᠡᠭᠦᠯᠵᠦ᠂ ᠦᠨᠳᠦᠰᠦᠲᠡᠨ᠎ᠨᠦᠭᠦᠳ᠎ᠤᠨ ᠡᠷᠬᠡ ᠲᠡᠭᠰᠢ ᠪᠥᠯᠬᠥᠮᠳᠡᠯ᠎ᠲᠠᠢ ᠬᠠᠷᠢᠯᠴᠠᠨ ᠬᠠᠪᠰᠤᠷᠤᠯᠴᠠᠭᠰᠠᠨ ᠡᠶ᠎ᠡ ᠵᠣᠬᠢᠴᠠᠯ᠎ᠲᠠᠢ ᠬᠠᠷᠢᠴᠠᠭ᠎ᠠ ᠵᠢ ᠬᠥᠭᠵᠢᠭᠦᠯᠬᠦ ᠰᠢᠨ᠎ᠡ ᠪᠠᠢ᠌ᠳᠠᠯ᠎ᠢ ᠪᠤᠢ ᠪᠣᠯᠭ᠋ᠠᠵᠤ᠂ ᠦᠨᠳᠦᠰᠦᠲᠡᠨ᠎ᠤ ᠭᠠᠵᠠᠷ ᠣᠷᠣᠨ᠎ᠤ ᠠᠵᠤ ᠠᠬᠤᠢ ᠨᠡᠢ᠌ᠭᠡᠮ᠎ᠤᠨ ᠬᠥᠭᠵᠢᠯᠲᠡ ᠪᠣᠯᠣᠨ ᠴᠥᠭᠡᠨ ᠲᠣᠭ᠋ᠠᠲᠤ ᠦᠨᠳᠦᠰᠦᠲᠡᠨ᠎ᠤ ᠣᠯᠠᠨ ᠲᠦᠮᠡᠨ᠎ᠤ ᠠᠮᠢᠳᠤᠷᠠᠯ ᠤᠷᠢᠳ ᠡᠮᠦᠨ᠎ᠡ ᠭᠠᠷᠤᠭ᠎ᠠ ᠦᠭᠡᠢ ᠳᠠᠪᠰᠢᠯᠲᠠ᠎ᠲᠠᠢ ᠪᠣᠯᠪᠠ᠃ ᠰᠢᠨ᠎ᠡ ᠠᠶᠠᠨ ᠵᠠᠮ᠎ᠳᠤ᠂ ᠡᠷᠬᠡᠪᠰᠢ ᠳᠤᠮᠳᠠᠳᠤ ᠵᠢᠨ ᠦᠨᠳᠦᠰᠦᠲᠡᠨ᠎ᠤ ᠶᠡᠭᠡ ᠪᠦᠯᠬᠦᠮᠳᠡᠯ᠎ᠤᠨ ᠲᠤᠭ᠎ᠢ ᠥᠨᠳᠥᠷ ᠮᠠᠨᠳᠤᠭᠤᠯᠵᠤ᠂ ᠦᠨᠳᠦᠰᠦᠲᠡᠨ᠎ᠨᠦᠭᠦᠳ᠎ᠤᠨ ᠨᠡᠶ᠋ᠢᠭᠡᠮ ᠵᠢᠷᠤᠮ᠎ᠤᠨ ᠣᠳᠣᠬᠢᠴᠢᠯᠠᠭᠰᠠᠨ ᠤᠯᠤᠰ᠎ᠢ ᠪᠥᠬᠦ ᠲᠠᠯ᠎ᠠ᠎ᠪᠠᠷ ᠪᠥᠲᠥᠭᠡᠨ ᠪᠠᠶ᠋ᠢᠭᠤᠯᠬᠤ ᠵᠢᠨ ᠲᠥᠯᠥᠭᠡ ᠬᠠᠮᠲᠤ᠎ᠪᠠᠷ ᠲᠡᠮᠡᠴᠡᠬᠦ ᠵᠢ ᠠᠬᠢᠭᠤᠯᠵᠤ᠂ ᠦᠨᠳᠦᠰᠦᠲᠡᠨ᠎ᠨᠦᠭᠦᠳ᠎ᠢ ᠬᠠᠮᠲᠤ ᠵᠢᠨ ᠲᠡᠮᠡᠴᠡᠬᠦ ᠬᠠᠷᠠᠯᠲᠠ ᠵᠢᠨ ᠳᠣᠤᠷ᠎ᠠ ᠨᠢᠭᠲᠠᠷᠠᠨ ᠪᠦᠯᠬᠦᠮᠳᠡᠭᠦᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠠᠬᠢ ᠪᠣᠶ ᠪᠣᠯᠭ᠋ᠠᠬᠤ ᠦᠵᠡᠯ ᠰᠠᠨᠠᠭ᠎ᠠ ᠤᠯᠤᠰ ᠲᠥᠷᠥ ᠵᠢᠨ ᠰᠠᠭᠤᠷᠢ ᠵᠢ ᠪᠠᠬᠢᠵᠢᠭᠦᠯᠬᠦ ᠬᠡᠷᠡᠭᠲᠡᠶ᠃

   ᠨᠢᠭᠡ ᠵᠤᠷᠢᠭ ᠵᠶ᠋ᠠᠷ ᠬᠦᠴᠦᠷᠬᠡᠭ ᠶᠡᠬᠡ ᠰᠣᠶᠣᠯ᠎ᠤᠨ ᠮᠡᠳᠡᠷᠡᠮᠵᠢ ᠵᠢ ᠦᠷᠭᠦᠯᠵᠢᠯᠡᠨ ᠪᠤᠢ ᠪᠤᠯᠭ᠍ᠠᠬᠤ ᠬᠡᠷᠡᠭᠲᠡᠶ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠤᠢ ᠪᠣᠯᠭ᠋ᠠᠬᠤ᠎ᠳᠤ ᠡᠷᠬᠡᠪᠰᠢ ᠦᠷᠳᠡᠭ᠎ᠤᠨ ᠦᠵᠡᠯᠲᠡ ᠵᠢ ᠪᠠᠭᠲᠠᠭ᠋ᠠᠭᠰᠠᠨ ᠰᠣᠶᠣᠯ᠎ᠤᠨ ᠮᠡᠳᠡᠷᠡᠮᠵᠢ ᠵᠢ ᠴᠢᠩᠭ᠋ᠠᠳᠬᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠤᠶᠤᠨ ᠰᠠᠨᠠᠭ᠋ᠠᠨ᠎ᠤ ᠭᠡᠷ ᠣᠷᠣᠨ᠎ᠢ ᠪᠠᠶ᠋ᠢᠭᠤᠯᠬᠤ ᠬᠡᠷᠡᠭᠲᠡᠢ᠃ ᠲᠡᠦᠬᠡ ᠭᠡᠷᠡᠴᠢᠯᠡᠭᠰᠡᠨ᠎ᠨᠢ᠂ ᠰᠣᠶᠣᠯ᠎ᠤᠨ ᠮᠡᠳᠡᠷᠡᠮᠵᠢ ᠪᠣᠯ ᠬᠠᠮᠤᠭ᠎ᠤᠨ ᠭᠦᠨ ᠳᠠᠪᠬᠤᠷᠭ᠎ᠠ ᠵᠢᠨ ᠮᠡᠳᠡᠷᠡᠮᠵᠢ ᠪᠣᠯᠤᠨ᠎ᠠ᠃ ᠰᠣᠶᠣᠯ᠎ᠤᠨ ᠬᠠᠮᠲᠤ ᠵᠢᠨ ᠲᠠᠨᠢᠯᠲᠠ᠎ᠪᠠᠨ ᠠᠯᠳᠠᠪᠠᠯ᠂ ᠦᠨᠳᠦᠰᠦᠲᠡᠨ᠎ᠤ ᠪᠦᠯᠬᠦᠮᠳᠡᠯ ᠳᠠᠷᠤᠢ ᠦᠵᠡᠯ ᠰᠠᠨᠠᠭ᠋ᠠᠨ᠎ᠤ ᠲᠠᠯ᠎ᠠ᠎ᠪᠠᠷ ᠭᠤᠢ᠌ᠪᠢᠯᠵᠠᠬᠤ ᠪᠣᠯᠣᠨ᠎ᠠ᠃ ᠵᠥᠪᠯᠡᠯᠲᠦ ᠬᠤᠯᠪᠤᠭ᠍ᠠᠲᠤ ᠤᠯᠤᠰ ᠵᠤᠬᠢᠬᠤ ᠬᠡᠮᠵᠢᠶᠡᠨ ᠳᠡᠭᠡᠷ᠎ᠡ ᠬᠢᠯᠢ ᠵᠢᠨ ᠳᠤᠲᠤᠷᠠᠬᠢ ᠡᠯ᠎ᠡ ᠦᠨᠳᠦᠰᠦᠲᠡᠨ᠎ᠤ ᠰᠣᠶᠣᠯ᠎ᠤᠨ ᠲᠠᠨ᠋ᠢᠯᠲᠠ᠎ᠲᠠᠢ ᠨᠢᠭᠲᠠ ᠬᠤᠯᠪᠤᠭ᠎ᠠ᠎ᠲᠠᠢ᠃ ᠦᠢ᠍ᠯᠡᠳᠦᠯᠭᠡ᠎ᠨᠢ ᠪᠢᠳᠡᠨ᠎ᠳᠤ ᠬᠦᠴᠦᠷᠬᠡᠭ ᠶᠡᠭᠡ ᠨᠢᠭᠲᠠᠷᠠᠯ᠎ᠤᠨ ᠬᠦᠴᠦᠨ ᠪᠠ ᠲᠠᠲᠠᠬᠤ ᠬᠦᠴᠦᠨ᠎ᠲᠠᠢ ᠳᠤᠮᠳᠠᠳᠤ ᠵᠢᠨ ᠰᠣᠶᠣᠯ᠎ᠢ ᠪᠦᠷᠢᠯᠳᠦᠭᠦᠯᠦᠨ᠂ ᠦᠨᠳᠦᠰᠦᠲᠡᠨ᠎ᠨᠦᠭᠦᠳ᠎ᠤᠨ ᠭᠠᠵᠠᠷ ᠣᠷᠣᠨ᠎ᠤ ᠨᠤᠲᠤᠭ ᠤᠰᠤ᠂ ᠴᠢᠰᠤᠨ ᠲᠥᠷᠥᠯ᠎ᠤᠨ ᠤᠳᠤᠮᠰᠢᠯ᠂ ᠱᠠᠰᠢᠨ ᠰᠢᠲᠦᠯᠭᠡ ᠵᠡᠷᠭᠡ ᠲᠠᠯ᠎ᠠ ᠵᠢᠨ ᠵᠥᠷᠢᠶ᠎ᠡ ᠵᠢ ᠪᠠᠭᠲᠠᠭ᠋ᠠᠵᠤ᠂ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠬᠠᠮᠤᠭ᠎ᠤᠨ ᠭᠦᠨ ᠵᠤᠵᠠᠭ᠋ᠠᠨ ᠬᠤᠷᠭᠤᠳᠠᠯ᠎ᠢ ᠬᠥᠭᠵᠢᠭᠡᠵᠦ ᠴᠢᠳᠠᠨ᠎ᠠ᠃ ᠦᠨᠳᠦᠰᠦᠲᠡᠨ᠎ᠨᠦᠭᠦᠳ᠎ᠤᠨ ᠪᠦᠬᠦ ᠲᠠᠯ᠎ᠠ᠎ᠪᠠᠷ ᠰᠢᠭᠢᠳᠬᠦ ᠵᠢ ᠠᠬᠢᠭᠤᠯᠵᠤ᠂ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠢᠳᠡᠪᠬᠢᠲᠡᠢ ᠠᠬᠢᠭᠤᠯᠵᠤ᠂ ᠦᠨᠳᠦᠰᠦᠲᠡᠨ᠎ᠨᠦᠭᠦᠳ᠎ᠤᠨ ᠰᠣᠶᠣᠯ᠎ᠤᠨ ᠬᠠᠷᠢᠯᠴᠠᠨ ᠲᠣᠯᠢᠯᠠᠬᠤ ᠵᠢ ᠨᠡᠮᠡᠭᠳᠡᠭᠦᠯᠬᠦ᠎ᠳᠤ ᠬᠦᠴᠦᠨ ᠨᠡᠮᠡᠷᠢᠯᠡᠬᠦ ᠬᠡᠷᠡᠭᠲᠡᠢ᠃  ᠳᠤᠮᠳᠠᠳᠤ ᠵᠢᠨ ᠤᠯᠠᠮᠵᠢᠯᠠᠯᠲᠤ ᠰᠣᠶᠣᠯ᠎ᠤᠨ ᠰᠢᠯᠢᠳᠡᠭ ᠭᠧᠨ ᠪᠠ ᠴᠠᠭ ᠦᠶ᠎ᠡ ᠵᠢᠨ ᠦᠨ᠎ᠡ ᠦᠷᠳᠡᠭ᠎ᠢ ᠰᠤᠳᠤᠯᠤᠨ ᠠᠭᠤᠳᠠᠯᠵᠤ᠂ ᠦᠨᠳᠦᠰᠦᠲᠡᠨ᠎ᠨᠦᠭᠦᠳ᠎ᠤᠨ ᠬᠠᠮᠲᠤ᠎ᠪᠠᠷ ᠡᠳ᠋ᠯᠡᠬᠦ ᠳᠤᠮᠳᠠᠳᠤ ᠵᠢᠨ ᠰᠣᠶᠣᠯ᠎ᠤᠨ ᠲᠡᠮᠳᠡᠭ ᠪᠠ ᠳᠤᠮᠳᠠᠳᠤ ᠵᠢᠨ ᠦᠨᠳᠦᠰᠦᠲᠡᠨ᠎ᠤ ᠲᠦᠷᠢ ᠲᠥᠷᠬᠦ ᠵᠢ ᠪᠤᠢ ᠪᠣᠯᠭ᠋ᠠᠬᠤ ᠪᠠ ᠲᠤᠪᠤᠶ᠋ᠢᠯᠭ᠋ᠠᠵᠤ᠂ ᠦᠨᠳᠦᠰᠦᠲᠡᠨ᠎ᠨᠦᠭᠦᠳ᠎ᠤᠨ ᠬᠥᠮᠦᠨ᠎ᠤ ᠰᠡᠳᠬᠢᠯ ᠨᠢᠭᠡᠳᠴᠦ᠂ ᠤᠶᠤᠨ ᠰᠠᠨᠠᠭ᠎ᠠ ᠬᠠᠷᠢᠯᠴᠠᠨ ᠲᠦᠰᠢᠭᠯᠡᠬᠦ ᠵᠢ ᠠᠬᠢᠭᠤᠯᠬᠤ ᠬᠡᠷᠡᠭᠲᠡᠢ᠃ ᠨᠡᠶ᠋ᠢᠭᠡᠮ ᠵᠢᠷᠤᠮ᠎ᠤᠨ ᠭᠤᠣᠯᠯᠠᠭᠴᠢ ᠦᠷᠳᠡᠭ᠎ᠤᠨ ᠦᠵᠡᠯᠲᠡ ᠵᠢ ᠭᠦᠨᠵᠡᠭᠡᠢ ᠪᠤᠶ᠋ᠢᠵᠢᠭᠤᠯᠤᠨ ᠦᠢ᠍ᠯᠡᠳᠦᠯᠭᠡᠵᠢᠭᠦᠯᠵᠦ᠂ ᠤᠯᠤᠰ ᠵᠶ᠋ᠠᠨ ᠬᠠᠶ᠋ᠢᠷᠠᠯᠠᠬᠤ ᠦᠵᠡᠯ᠂ ᠨᠡᠶ᠋ᠢᠲᠡᠴᠢ ᠦᠵᠡᠯ᠂ ᠨᠡᠶ᠋ᠢᠭᠡᠮ ᠵᠢᠷᠤᠮ᠎ᠤᠨ ᠬᠥᠮᠦᠵᠢᠯ᠎ᠢ ᠭᠦᠨᠵᠡᠭᠡᠶ᠋ᠢᠷᠡᠭᠦᠯᠵᠦ᠂ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠬᠦᠳᠦᠯᠦᠨ ᠵᠢᠯᠣᠭᠤᠳᠴᠤ ᠪᠠᠶ᠋ᠢᠭ᠋ᠠᠳ ᠵᠥᠪ ᠤᠯᠤᠰ᠎ᠤᠨ ᠦᠵᠡᠯᠲᠡ᠂ ᠲᠡᠦᠬᠡ ᠵᠢᠨ ᠦᠵᠡᠯᠲᠡ᠂ ᠦᠨᠳᠦᠰᠦᠲᠡᠨ᠎ᠤ ᠦᠵᠡᠯᠲᠡ᠂ ᠰᠣᠶᠣᠯ᠎ᠤᠨ ᠦᠵᠡᠯᠲᠡ᠂ ᠱᠠᠰᠢᠨ ᠰᠤᠷᠲᠠᠬᠤᠨ᠎ᠤ ᠦᠵᠡᠯᠲᠡ ᠵᠢ ᠪᠠᠲᠤ ᠪᠤᠢ ᠪᠣᠯᠭ᠋ᠠᠵᠤ᠂ ᠳᠤᠮᠳᠠᠳᠤ ᠵᠢᠨ ᠰᠣᠶᠣᠯ᠎ᠤᠨ ᠲᠤᠬᠠᠢ ᠬᠠᠮᠲᠤ ᠵᠢᠨ ᠲᠠᠨᠢᠯᠲᠠ ᠵᠢ ᠲᠠᠰᠤᠷᠠᠯᠲᠠ ᠦᠭᠡᠢ ᠴᠢᠩᠭ᠋ᠠᠳᠬᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠠᠬᠢ ᠪᠤᠢ ᠪᠣᠯᠭ᠋ᠠᠬᠤ ᠤᠶᠤᠨ ᠰᠠᠨᠠᠭ᠎ᠠ ᠰᠣᠶᠣᠯ᠎ᠤᠨ ᠰᠠᠭᠤᠷᠢ ᠵᠢ ᠪᠠᠬᠢᠵᠢᠭᠦᠯᠬᠦ ᠬᠡᠷᠡᠭᠲᠡᠢ᠃

   ᠮᠡᠳᠡᠭᠡ ᠵᠠᠩᠭᠢ ᠵᠢᠨ ᠢᠷᠡᠯᠲᠡ᠄ ᠠᠷᠠᠳ᠎ᠤᠨ ᠡᠳᠦᠷ᠎ᠤᠨ ᠰᠣᠨᠢᠨ

 

ᠢᠷᠡᠯᠲᠡ᠄ ᠦᠪᠤᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ